︽ᠪᠣᠯᠪᠠᠰᠤᠨ ᠢᠶᠠᠷ ᠵᠤᠭᠠᠴᠠᠵᠤ᠂ ᠡᠷᠡᠭᠦᠯ ᠢᠶᠠᠷ ᠠᠶᠠᠯᠠᠬᠤ︾ ᠤᠯᠠᠭᠠᠨᠴᠠᠪ ᠤᠨ 2020 ᠣᠨ ᠤ ︽5.19 ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠵᠢᠴᠢ ᠬᠦᠢᠲᠡᠨ ᠰᠢᠯᠢ ᠶᠢᠨ ᠬᠤᠩᠬᠤᠷ ᠤᠨ ᠭᠤᠤ ᠵᠢᠭᠤᠯᠴᠢᠯᠠᠯ ᠤᠨ ᠣᠷᠣᠨ ᠤ ᠲᠠᠯ᠎ᠠ ᠨᠤᠲᠤᠭ ᠲᠤ  ᠬᠤᠪᠢ ᠶᠢᠨ ᠮᠠᠰᠢᠨ ᠢᠶᠠᠷ ᠵᠤᠭᠠᠴᠠᠬᠤ ᠡᠬᠢᠯᠡᠯᠲᠡ ᠶᠢᠨ ᠶᠣᠰᠣᠯᠠᠯ ᠬᠤᠩᠬᠤᠷ ᠤᠨ ᠭᠤᠤ ᠦᠵᠡᠮᠵᠢ ᠶᠢᠨ ᠣᠷᠣᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2020/5/20
     ᠲᠠᠪᠤᠨ ᠰᠠᠷ᠎ᠠ ᠶᠢᠨ ᠤᠯᠠᠭᠠᠨᠴᠠᠪ ᠲᠠᠭᠠᠯᠠᠮᠵᠢᠲᠠᠢ ᠰᠠᠶᠢᠬᠠᠨ᠂ ᠬᠤᠩᠬᠤᠷ ᠤᠨ ᠭᠤᠤ ᠦᠵᠡᠮᠵᠢ ᠶᠢᠨ ᠣᠷᠣᠨ  ᠳᠤ ᠡᠪᠡᠰᠦ ᠴᠡᠴᠡᠭ   ᠤᠨ ᠦᠨᠦᠷ ᠬᠠᠩᠬᠤᠯᠤᠨ᠎ᠠ᠃ ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠪᠠ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠮᠲᠤᠷᠠᠨ ᠡᠷᠬᠢᠯᠡᠭᠰᠡᠨ ︽ᠪᠣᠯᠪᠠᠰᠤᠨ ᠢᠶᠠᠷ ᠵᠤᠭᠠᠴᠠᠵᠤ᠂ ᠡᠷᠡᠭᠦᠯ ᠢᠶᠠᠷ ᠠᠶᠠᠯᠠᠬᠤ︾ ᠤᠯᠠᠭᠠᠨᠴᠠᠪ ᠤᠨ 2020 ᠣᠨ ᠤ ︽5 · 19 ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠵᠢᠴᠢ ᠬᠦᠢᠳᠡᠨ ᠰᠢᠯᠢ ᠶᠢᠨ ᠬᠤᠩᠬᠤᠷ ᠤᠨ ᠭᠤᠤ ᠵᠢᠭᠤᠯᠴᠢᠯᠠᠯ ᠤᠨ ᠣᠷᠣᠨ ᠤ ᠲᠠᠯ᠎ᠠ ᠨᠤᠲᠤᠭ ᠲᠤ ᠬᠤᠪᠢ ᠶᠢᠨ ᠮᠠᠰᠢᠨ ᠢᠶᠠᠷ ᠵᠤᠭᠠᠴᠠᠬᠤ ᠡᠬᠢᠯᠡᠯᠳᠠ ᠶᠢᠨ ᠶᠣᠰᠣᠯᠠᠯ ᠬᠤᠩᠬᠤᠷ ᠤᠨ ᠭᠤᠤ ᠦᠵᠡᠮᠵᠢ ᠶᠢᠨ ᠣᠷᠣᠨ ᠤ ᠥᠭᠡᠳᠠᠢ ᠠᠭᠤᠳᠠᠮ ᠲᠠᠯᠠᠪᠠᠶ ᠳᠤ ᠶᠠᠪᠤᠭᠳᠠᠪᠠ᠃      ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ︽ᠪᠡᠭᠡᠵᠢᠩ ᠠᠴᠠ ᠪᠠᠷᠠᠭᠤᠨᠰᠢ ᠨᠢᠭᠡ ᠠᠯᠬᠤᠪᠠᠯ ᠳᠠᠷᠤᠢ ᠤᠯᠠᠭᠠᠨᠴᠠᠪ ᠲᠤ ᠬᠦᠷᠬᠦ︾ ᠮᠠᠨ ᠤ ᠬᠤᠳᠠ ᠶᠢᠨ ᠣᠷᠣᠨ ᠪᠠᠶᠢᠷᠢ ᠶᠢᠨ ᠳᠠᠪᠠᠭᠤᠯᠢᠭ ᠶᠢ ᠪᠦᠬᠦ ᠲᠠᠯ᠎ᠠ ᠪᠠᠷ ᠳᠣᠪᠤᠶᠢᠯᠭᠠᠵᠤ᠂ ︽ᠠᠮᠢ ᠠᠬᠤᠢ ᠶᠢᠨ ᠲᠠᠯ᠎ᠠ ᠨᠤᠲᠤᠭ᠂ ᠵᠤᠰᠠᠯᠠᠩ ᠤᠨ ᠲᠦᠪ᠂ ᠤᠯᠠᠭᠠᠨᠴᠠᠪ︾ ᠬᠡᠬᠦ ᠵᠤᠭᠠᠴᠠᠯ  ᠤᠨ ᠬᠤᠳᠠ ᠶᠢᠨ ᠨᠡᠷᠡᠳᠦ ᠳᠡᠮᠳᠡᠭᠳᠦ ᠶᠢ ᠤᠬᠠᠭᠤᠯᠤᠨ ᠳᠡᠯᠭᠡᠷᠡᠭᠦᠯᠵᠦ᠂ ᠦᠵᠡᠮᠵᠢ ᠶᠢᠨ ᠤᠷᠤᠨ ᠤ ᠶᠠᠰᠤ ᠴᠢᠨᠠᠷ ᠢ ᠳᠡᠭᠡᠭᠰᠢᠯᠡᠬᠦᠯᠵᠦ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠦᠢᠯᠡᠳᠪᠦᠷᠢᠯᠡᠯ ᠢᠶᠠᠨ ᠰᠡᠷᠭᠦᠭᠡᠵᠦ ᠠᠵᠢᠯ ᠢᠶᠠᠨ ᠰᠡᠷᠭᠦᠭᠡᠬᠦ ᠶᠢ ᠠᠬᠢᠭᠤᠯᠵᠤ᠂ ᠪᠦᠬᠦ ᠬᠤᠲᠠ ᠶᠢᠨ ᠵᠢᠭᠤᠯᠴᠢᠯᠠᠯ ᠪᠠ ᠲᠠᠷᠢᠶᠠᠯᠠᠩ ᠲᠤᠰᠠᠯᠠᠬᠤ ᠠᠵᠤ ᠠᠬᠤᠢ ᠶᠢᠨ ᠣᠨᠴᠠᠯᠢᠭᠲᠤ ᠪᠦᠲᠦᠭᠡᠭᠳᠡᠬᠦᠨ ᠤ ᠤᠶᠠᠯᠳᠤᠯ ᠬᠡᠷᠡᠭᠯᠡᠭᠡ ᠶᠢ ᠳᠠᠶᠢᠴᠢᠯᠠᠨ᠎ᠠ᠃ ᠠᠵᠢᠯᠯᠠᠭ᠎ᠠ ᠳᠤ ᠬᠤᠪᠸᠢ ᠶᠢ ᠲᠤᠰᠠᠯᠠᠭᠰᠠᠨ ᠡᠮᠴᠢ ᠰᠤᠪᠢᠯᠠᠭᠴᠢᠳ ᠤᠨ ᠲᠥᠯᠥᠭᠡᠯᠡᠭᠴᠢ᠂ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠳᠠᠮᠢᠷ ᠤᠨ ᠲᠣᠪᠴᠢᠶ᠎ᠠ ᠶᠢᠨ ᠬᠤᠯᠪᠤᠭᠳᠠᠯ ᠪᠥᠬᠦᠶ ᠰᠠᠯᠠᠭ᠎ᠠ ᠮᠥᠴᠢᠷ᠂ ᠬᠤᠲᠠ ᠶᠢᠨ ᠳᠣᠲᠣᠷ᠎ᠠ ᠭᠠᠳᠠᠨᠠᠬᠢ ᠵᠠᠭᠤᠴᠢᠯᠠᠭᠤᠷ ᠵᠢᠴᠢ ᠬᠥᠬᠡᠬᠤᠲᠠ ᠪᠤᠭᠤᠳᠤ ᠵᠢᠨᠢᠩ ᠤᠨ ᠦᠪᠡᠷᠳᠡᠭᠡᠨ ᠲᠡᠷᠭᠡ ᠵᠢᠯᠣᠭᠤᠳᠴᠤ ᠢᠷᠡᠭᠰᠡᠨ 300 ᠭᠠᠷᠤᠶ ᠬᠦᠮᠦᠰ ᠢ ᠤᠷᠢᠨ ᠣᠷᠣᠯᠴᠠᠭᠤᠯᠵᠠᠢ᠃
      ᠬᠤᠪᠢ ᠶᠢᠨ ᠮᠠᠰᠢᠨ ᠢᠶᠠᠷ ᠵᠤᠭᠠᠴᠠᠵᠤ ᠪᠠᠶᠢᠭ᠎ᠠ ᠬᠦᠮᠦᠰ ᠲᠠᠯ᠎ᠠ ᠨᠤᠲᠤᠭ ᠢᠶᠠᠷ ᠴᠢᠯᠥᠭᠡᠲᠡᠶ ᠵᠤᠭᠠᠴᠠᠨ᠎ᠠ᠃ ᠬᠤ᠋ ᠵᠢᠶᠠ ᠯᠢ / ᠰᠡᠭᠦᠳᠡᠷᠯᠡᠪᠡ      ᠲᠤᠰ ᠤᠳᠠᠭᠠᠨ ᠤ ᠠᠵᠢᠯᠯᠠᠭ᠎ᠠ ᠨᠢ ᠳᠥᠷᠪᠡᠨ ᠤᠯᠠᠷᠢᠯ ᠤᠨ ᠵᠢᠭᠤᠯᠴᠢᠯᠠᠯ ᠤᠨ ᠵᠠᠮ ᠱᠤᠭᠤᠮ ᠢ ᠨᠡᠶᠢᠲᠡᠯᠡᠵᠦ᠂ ᠵᠡᠭᠦᠨ᠂ ᠡᠮᠦᠨ᠎ᠡ᠂ ᠪᠠᠷᠠᠭᠤᠨ᠂ ᠬᠤᠶᠢᠲᠤ᠂ ᠳᠤᠮᠳᠠ ᠬᠡᠬᠦ ᠲᠠᠪᠤᠨ ᠬᠡᠰᠡᠭ ᠬᠤᠪᠢᠶᠠᠵᠤ᠂ ᠤᠯᠠᠭᠠᠨᠴᠠᠪ ᠤᠨ ᠪᠦᠬᠦ ᠭᠠᠵᠠᠷ ᠢ ᠬᠠᠮᠤᠷᠤᠭᠰᠠᠨ ᠪᠥᠭᠡᠳ ᠠᠳᠠᠯᠢ ᠪᠤᠰᠤ ᠵᠢᠭᠤᠯᠴᠢᠯᠠᠯ ᠤᠨ ᠠᠷᠭ᠎ᠠ ᠬᠡᠯᠪᠡᠷᠢ ᠳᠤ ᠴᠢᠭᠯᠡᠬᠦᠯᠦᠨ ᠠᠳᠠᠯᠢ ᠪᠤᠰᠤ ᠵᠢᠭᠤᠯᠴᠢᠯᠠᠯ ᠤᠨ ᠵᠠᠮ ᠱᠤᠭᠤᠮ ᠢ ᠬᠡᠷᠡᠭᠵᠢᠭᠦᠯᠪᠡ᠃ ᠡᠭᠦᠨ ᠤ ᠬᠠᠮᠲᠤ᠂ ᠫᠠᠶᠢᠰᠠ ᠣᠯᠭᠤᠬᠤ ᠶᠣᠰᠣᠯᠠᠯ ᠪᠠ ︽ᠥᠪᠥᠷ ᠮᠣᠩᠭᠤᠯ ᠤᠨ ᠬᠥᠮᠦᠨ ᠥᠪᠥᠷ ᠮᠣᠩᠭᠤᠯ ᠳᠠᠭᠠᠨ ᠵᠤᠭᠠᠴᠠᠬᠤ ᠲᠡᠷᠭᠡᠨ ᠡᠵᠡᠨ ᠤ ᠺᠠᠷᠲ︾ ᠤᠨ ᠣᠶᠤᠨᠴᠢ ᠵᠢᠭᠤᠯᠴᠢᠯᠠᠯ ᠢ ᠰᠦᠯᠵᠢᠶᠡᠨ ᠳᠤ ᠭᠠᠷᠭᠠᠬᠤ ᠶᠣᠰᠣᠯᠠᠯ ᠶᠠᠪᠤᠭᠤᠯᠪᠠ᠃ ᠠᠵᠢᠯᠯᠠᠭ᠎ᠠ ᠳᠤ ᠪᠠᠰᠠ ᠡᠭᠦᠳᠡᠨ ᠪᠢᠯᠧᠲ ᠠᠪᠬᠤ ᠦᠭᠡᠢ᠂ ᠦᠨ᠎ᠡ ᠪᠠᠭᠤᠷᠠᠭᠤᠯᠵᠤ ᠬᠠᠷᠠᠭᠠᠯᠵᠠᠯ ᠦᠵᠡᠭᠦᠯᠬᠦ ᠵᠡᠷᠭᠡ ᠠᠷᠠᠳ ᠲᠤ ᠠᠰᠢᠭᠲᠠᠢ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠠᠪᠤᠭᠳᠠᠭᠤᠯᠵᠤ᠂ ᠤᠯᠠᠨ ᠲᠦᠮᠡᠨ ᠤ ᠵᠢᠭᠤᠯᠴᠢᠯᠠᠯ ᠢ ᠤᠬᠠᠭᠤᠯᠬᠤ᠂ ᠵᠢᠭᠤᠯᠴᠢᠯᠠᠯ ᠢ ᠳᠡᠮᠵᠢᠬᠦ᠂ ᠵᠢᠭᠤᠯᠴᠢᠯᠠᠯ ᠳᠤ ᠤᠷᠤᠯᠴᠠᠬᠤ ᠬᠡᠷᠡᠭᠯᠡᠭᠡᠨ ᠤ ᠬᠠᠯᠠᠭᠤᠨ ᠰᠡᠳᠬᠢᠯᠭᠡ ᠶᠢ ᠨᠢ ᠬᠥᠭᠵᠢᠭᠡᠪᠡ ᠃ ᠠᠵᠢᠯᠯᠠᠭ᠎ᠠ ᠶᠢᠨ ᠠᠬᠤᠢ ᠳᠠᠯᠠᠪᠠᠢ ᠳᠤ ᠰᠠᠶᠢᠨ ᠲᠤᠷᠠᠴᠤᠳ ᠤᠨ ᠲᠥᠯᠥᠭᠡᠯᠡᠭᠴᠢ ᠪᠣᠯᠪᠠᠰᠤᠨ ᠵᠢᠭᠤᠯᠴᠢᠯᠠᠯ ᠤᠨ ᠰᠠᠨᠠᠭᠠᠴᠢᠯᠠᠭ᠎ᠠ ᠲᠤᠷᠠᠳᠴᠤ᠂ ᠥᠷᠭᠡᠨ ᠣᠯᠠᠨ ᠵᠢᠭᠤᠯᠴᠢᠯᠠᠭᠴᠢᠳ ᠢ ᠪᠣᠯᠪᠠᠰᠤᠨ ᠢᠶᠠᠷ ᠵᠤᠭᠠᠴᠠᠬᠤ ᠶᠢ ᠤᠷᠢᠶᠠᠯᠠᠪᠠ᠃        
        ᠴᠠᠬᠢᠮ ᠬᠤᠳᠠᠯᠳᠤᠭᠠᠨ ᠤ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠰᠦᠯᠵᠢᠶᠡᠨ ᠤ ᠭᠠᠳᠠᠨᠠᠬᠢ ᠳᠡᠯᠭᠡᠨ ᠪᠤᠷᠤᠯᠠᠭᠤᠯᠭ᠎ᠠ᠃ ᠬᠤ᠋ ᠵᠢᠶᠠ ᠯᠢ / ᠰᠡᠭᠦᠳᠡᠷᠯᠡᠪᠡ      ᠶᠣᠰᠣᠯᠠᠯ ᠳᠠᠭᠤᠰᠤᠭᠰᠠᠨ ᠤ ᠳᠠᠷᠠᠭ᠎ᠠ᠂ ᠬᠤᠪᠢ ᠶᠢᠨ ᠮᠠᠰᠢᠨ ᠢᠶᠠᠷ ᠲᠠᠯ᠎ᠠ ᠨᠤᠲᠤᠭ ᠢᠶᠠᠷ ᠴᠢᠯᠥᠭᠡᠲᠡᠶ ᠵᠤᠭᠠᠴᠠᠬᠤ ᠠᠵᠢᠯᠯᠠᠭ᠎ᠠ᠂ ᠴᠠᠬᠢᠮ ᠬᠤᠳᠠᠯᠳᠤᠭᠠᠨ ᠤ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠳᠡᠯᠭᠡᠨ ᠪᠣᠷᠣᠯᠠᠭᠤᠯᠭ᠎ᠠ᠂ ᠮᠠᠰᠢᠨ ᠤ ᠠᠷᠤ ᠶᠢᠨ ᠬᠠᠶᠢᠷᠴᠠᠭ ᠤᠨ ᠢᠨᠵᠧᠨᠧᠷᠢᠩ ᠵᠡᠷᠭᠡ ᠣᠯᠠᠨ ᠶᠠᠩᠵᠤ ᠶᠢᠨ ᠵᠢᠭᠤᠯᠴᠢᠯᠠᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠠᠪᠤᠭᠳᠠᠭᠤᠯᠵᠤ᠂ ᠦᠶ ᠣᠯᠠᠨ ᠬᠡᠷᠡᠭᠯᠡᠭᠴᠢᠳ ᠤᠨ ᠰᠡᠳᠬᠢᠯ ᠢ ᠲᠠᠲᠠᠵᠦ᠂ ᠪᠦᠬᠦ ᠠᠷᠠᠳ ᠢᠶᠠᠷ ᠢᠶᠠᠨ ᠵᠢᠭᠤᠯᠴᠢᠯᠠᠯ ᠢ ᠠᠩᠬᠠᠷᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃                                           ᠵᠣᠬᠢᠶᠠᠭᠴᠢ᠄ ᠬᠤ᠋ ᠵᠢᠶᠠ ᠯᠢ                                           ᠤᠷᠴᠢᠭᠤᠯᠤᠭᠴᠢ᠄ ᠢᠷᠭᠤᠢ                                           ᠬᠢᠨᠠᠭᠴᠢ᠄ ᠬᠡᠷᠡᠯᠳᠦ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2