ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠬᠤᠲᠠ ᠶᠢᠨ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠭᠴᠢ᠄ ᠶᠤᠸᠠᠨ ᠰᠢᠶᠣᠣ ᠳ᠋ᠦᠩ
ᠨᠡᠶᠢᠲᠡᠯᠡᠭᠰᠡᠨ ᠴᠠᠭ᠄
2020/5/24
    ᠶᠤᠸᠠᠨ ᠰᠢᠶᠣᠣ ᠳ᠋ᠦᠩ᠂ ᠡᠷᠡᠭᠲᠡᠢ᠂ ᠬᠢᠲᠠᠳ ᠦᠨᠳᠦᠰᠦᠲᠡᠨ᠂ 1971 ᠣᠨ ᠤ 12 ᠰᠠᠷ᠎ᠠ ᠳᠤ ᠲᠦᠷᠦᠵᠠᠢ᠂ ᠠᠵᠢᠯ ᠤᠨ ᠪᠠᠶᠢᠷᠢ ᠳᠡᠭᠡᠷᠡᠬᠢ ᠠᠰᠫᠢᠷᠠᠨᠲ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠣᠲᠣ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠬᠤᠲᠠ ᠶᠢᠨ ᠳᠡᠳ᠋ ᠳᠠᠷᠤᠭ᠎ᠠ ᠪᠠᠷ ᠨᠡᠷ᠎ᠡ ᠳᠤᠷᠠᠳᠤᠭᠳᠠᠭᠰᠠᠨ ᠬᠥᠮᠥᠨ᠂ ᠤᠯᠤᠰ ᠲᠥᠷᠥ ᠶᠢᠨ ᠵᠥᠪᠯᠡᠯᠭᠡᠨ ᠤ ᠲᠠᠪᠤᠳᠤᠭᠠᠷ ᠬᠤᠭᠤᠴᠠᠭᠠᠨ ᠤ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠶᠢᠨ ᠲᠤᠰᠢᠶᠠᠯ ᠲᠠᠢ᠃ᠬᠤᠪᠢᠳᠠᠨ ᠬᠠᠮᠢᠶᠠᠷᠴᠤ ᠪᠠᠶᠢᠭ᠎ᠠ ᠠᠵᠢᠯ᠄     ᠬᠤᠳᠠ ᠶᠢᠨ ᠳᠠᠷᠤᠭ᠎ᠠ ᠶᠢ ᠬᠠᠮᠵᠢᠨ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ ᠪᠠ ᠠᠭᠠᠷ ᠤᠨ ᠠᠵᠤ ᠦᠢᠯᠡᠰ᠂ ᠤᠯᠤᠰ ᠤᠨ ᠥᠮᠴᠢᠯᠡᠯᠳᠦ ᠡᠳ᠋ ᠬᠥᠷᠥᠩᠭᠡ ᠶᠢᠨ ᠬᠠᠮᠢᠶᠠᠷᠤᠯᠲᠠ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃     ᠬᠤᠲᠠ ᠶᠢᠨ ᠭᠠᠳᠠᠭᠠᠳᠤ ᠶᠠᠪᠤᠳᠠᠯ ᠤᠨ ᠠᠯᠪᠠᠨ ᠭᠡᠷ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶᠂ ᠤᠯᠤᠰ ᠤᠨ ᠥᠮᠴᠢᠯᠡᠯᠳᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠤᠯᠠᠭᠠᠨᠴᠠᠪ ᠪᠠ ᠡᠷᠢᠶᠡᠨ ᠬᠤᠲᠠ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠬᠦᠷᠢᠶᠡᠯᠡᠩ ᠲᠣᠭᠤᠷᠢᠭ᠂ ᠬᠤᠲᠠ ᠶᠢᠨ ᠤᠯᠤᠰ ᠤᠨ ᠥᠮᠴᠢᠯᠡᠯᠳᠦ ᠬᠥᠷᠥᠩᠭᠡ ᠶᠢᠨ ᠪᠡᠯᠡ ᠣᠷᠣᠭᠤᠯᠤᠯᠳᠠ ᠶᠢᠨ ᠡᠵᠡᠩᠨᠡᠯᠳᠡ ᠶᠢᠨ ᠺᠣᠮᠫᠠᠨᠢ᠂ ᠭᠠᠳᠠᠭᠠᠳᠤ ᠠᠵᠤ ᠠᠬᠤᠢ ᠠᠷᠠᠯᠵᠢᠶ᠎ᠠ ᠶᠢᠨ ᠬᠤᠷᠰᠢᠯᠴᠠᠨ ᠪᠡᠯᠡ ᠣᠷᠣᠭᠤᠯᠵᠤ ᠬᠥᠭᠵᠢᠭᠦᠯᠬᠦ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠭᠦᠸᠧ ᠶᠤᠸᠠᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠡᠨᠧᠷᠭᠢ ᠶᠢᠨ ᠪᠡᠯᠡ ᠣᠷᠣᠭᠤᠯᠤᠯᠳᠠ ᠶᠢᠨ ᠨᠡᠭᠡᠭᠡᠨ ᠬᠥᠭᠵᠢᠭᠦᠯᠦᠯᠳᠡ ᠶᠢᠨ ᠬᠢᠵᠠᠭᠠᠷᠲᠤ ᠺᠣᠮᠫᠠᠨᠢ᠂ ᠬᠤᠸᠠ ᠴᠤᠸᠠᠩ ᠮᠡᠳᠡᠭᠡ ᠵᠠᠩᠭᠢ ᠶᠢᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠦ᠋ ᠯᠠᠨ ᠮᠧᠶ ᠰᠣᠶᠣᠯ ᠵᠢᠭᠤᠯᠴᠢᠯᠠᠯ ᠤᠨ ᠨᠡᠭᠡᠭᠡᠨ ᠬᠥᠭᠵᠢᠭᠦᠯᠬᠦ ᠪᠦᠯᠦᠭᠯᠡᠯ ᠤᠨ ᠬᠢᠵᠠᠭᠠᠷᠲᠤ ᠺᠣᠮᠫᠠᠨᠢ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠡᠬᠢ ᠪᠠᠶᠠᠯᠢᠭ ᠤᠨ ᠨᠡᠭᠡᠭᠡᠨ ᠬᠥᠭᠵᠢᠭᠦᠯᠬᠦ ᠪᠦᠯᠦᠭᠯᠡᠯ ᠤᠨ ᠬᠢᠵᠠᠭᠠᠷᠲᠤ ᠺᠣᠮᠫᠠᠨᠢ᠂ ᠪᠡᠯᠡ ᠣᠷᠣᠭᠤᠯᠤᠯᠳᠠ ᠶᠢᠨ ᠨᠡᠭᠡᠭᠡᠨ ᠬᠥᠭᠵᠢᠭᠦᠯᠦᠯᠳᠡ ᠶᠢᠨ ᠬᠢᠵᠠᠭᠠᠷᠲᠤ ᠺᠣᠮᠫᠠᠨᠢ ᠵᠡᠷᠭᠡ ᠶᠢ ᠬᠤᠪᠢᠳᠠᠨ ᠬᠠᠮᠢᠶᠠᠷᠴᠤ ᠪᠠᠶᠢᠨ᠎ᠠ᠃     ᠬᠤᠲᠠ ᠶᠢᠨ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠳᠤᠮᠳᠠᠳᠤ ᠤᠯᠤᠰ ᠤᠨ ᠣᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠤᠯᠠᠭᠠᠨᠴᠠᠪ ᠬᠤᠲᠠ ᠶᠢᠨ ᠵᠥᠪᠯᠡᠯ᠂ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠣᠪᠴᠢᠶ᠎ᠠ ︵ᠨᠠᠪᠴᠢᠨ ᠲᠠᠮᠠᠬᠢ ᠶᠢᠨ ᠺᠣᠮᠫᠠᠨᠢ︶᠂ ᠳᠠᠪᠤᠰᠤᠨ ᠤ ᠦᠢᠯᠡᠰ ᠤᠨ ᠺᠣᠮᠫᠠᠨᠢ᠂ ᠵᠢᠨᠢᠩ ᠪᠣᠭᠤᠮᠲᠠ᠂ ᠤᠯᠠᠭᠠᠨᠴᠠᠪ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠬᠢᠵᠠᠭᠠᠷᠲᠤ ᠺᠣᠮᠫᠠᠨᠢ ᠲᠠᠢ ᠬᠠᠷᠢᠯᠴᠠᠨ᠎ᠠ᠃     ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2