ᠢᠦᠢ ᠬᠠᠢ ᠴᠧᠩ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠬᠤᠳᠠ ᠶᠢᠨ ᠳᠡᠳ᠋ ᠳᠠᠷᠤᠭ᠎ᠠ
ᠨᠡᠶᠢᠲᠡᠯᠡᠭᠰᠡᠨ ᠴᠠᠭ᠄
2020/5/26
    ᠢᠦᠢ ᠬᠠᠢ ᠴᠧᠩ᠂ ᠡᠷᠡᠭᠲᠡᠢ᠂ ᠮᠣᠩᠭᠤᠯ ᠦᠨᠳᠦᠰᠦᠲᠡᠨ᠂ 1974 ᠣᠨ ᠤ 7 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠵᠢᠩᠬᠢᠨᠢ ᠠᠩᠭᠢ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠣᠲᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠬᠤᠲᠠ ᠶᠢᠨ ᠳᠡᠳ᠋ ᠳᠠᠷᠤᠭ᠎ᠠ᠃     ᠬᠤᠪᠢᠳᠠᠨ ᠬᠠᠮᠢᠶᠠᠷᠬᠤ ᠠᠵᠢᠯ     ᠬᠤᠳᠠ ᠶᠢᠨ ᠳᠠᠷᠤᠭ᠎ᠠ ᠶᠢ ᠬᠠᠮᠵᠢᠨ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠶᠢᠨ ᠣᠷᠴᠢᠨ ᠲᠣᠭᠤᠷᠢᠨ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠴᠡᠴᠡᠷᠯᠢᠭ ᠤᠨ ᠨᠣᠭᠤᠭᠠᠷᠠᠭᠤᠯᠤᠯᠲᠠ᠂ ᠬᠤᠳᠠ ᠶᠢᠨ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃     ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠴᠡᠴᠡᠷᠯᠢᠭ ᠤᠨ ᠦᠢᠯᠡᠴᠢᠯᠡᠭᠡᠨ ᠤ ᠲᠥᠪ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠬᠤᠲᠠ ᠶᠢᠨ ᠪᠡᠯᠡ ᠣᠷᠣᠭᠤᠯᠵᠤ ᠨᠡᠭᠡᠭᠡᠨ ᠬᠥᠭᠵᠢᠭᠦᠯᠬᠦ ᠬᠢᠵᠠᠭᠠᠷᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃     ᠥᠪᠥᠷ ᠮᠣᠩᠭᠤᠯ ᠤᠨ ᠳᠥᠷᠪᠡᠳᠦᠭᠡᠷ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢ ᠬᠠᠶᠢᠨ ᠪᠠᠶᠢᠴᠠᠭᠠᠵᠤ ᠨᠡᠭᠡᠭᠡᠨ ᠬᠥᠭᠵᠢᠭᠦᠯᠬᠦ ᠬᠦᠷᠢᠶᠡᠯᠡᠩ ᠲᠠᠢ ᠬᠠᠷᠢᠯᠴᠡᠨ᠎ᠡ᠃     ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2