1 — 4 ᠳ᠋ᠦ᠋ᠭᠡᠷ ᠰᠠᠷ᠎ᠠ ᠳᠤ ᠪᠥᠬᠦ ᠬᠤᠲᠠ ᠶᠢᠨ ᠪᠠᠯ ᠴᠢᠯᠠᠭᠤ ᠵᠢᠴᠢ ᠨᠡᠭᠦᠷᠡᠰᠦᠲᠥ᠋ᠷᠥᠭᠴᠢ ᠡᠯᠧᠮᠧᠨ᠋ᠲ ᠤᠨ ᠪᠦᠲᠦᠭᠡᠭᠳᠡᠬᠦᠨ ᠳᠤ 11 ᠳ᠋ᠦᠩᠰᠢᠭᠤᠷ ᠲᠥᠭᠦᠷᠢᠭ ᠤᠨ ᠠᠵᠤ ᠦᠶᠯᠡᠳᠪᠦᠷᠢ ᠶᠢᠨ ᠦᠶᠯᠡᠳᠬᠦᠨ ᠤ  ᠶᠡᠷᠦᠩᠭᠡᠢ ᠥᠷᠲᠡᠭ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2020/6/2
        ᠪᠦᠬᠦ ᠬᠤᠲᠠ ᠶᠢᠨ ᠪᠠᠯ ᠴᠢᠯᠠᠭᠤ ᠵᠢᠴᠢ ᠨᠡᠭᠦᠷᠡᠰᠦᠲᠥ᠋ᠷᠥᠭᠴᠢ ᠡᠯᠧᠮᠧᠨ᠋ᠲ ᠤᠨ ᠪᠦᠲᠦᠭᠡᠭᠳᠡᠬᠦᠨ  ᠦᠢᠯᠡᠳᠪᠦᠷᠢᠯᠡᠬᠦ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠨᠡᠶᠢᠲᠡ 25 ᠪᠠᠶᠢᠵᠤ᠂ ᠬᠡᠪᠴᠢᠶᠡᠵᠢᠯ ᠠᠴᠠ  ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠲᠣᠭᠠᠨ ᠤ 10% ᠶᠢ ᠡᠵᠡᠯᠡᠪᠡ᠃ 1 — 4  ᠰᠠᠷ᠎ᠠ ᠳᠤ᠂ ᠠᠵᠤ ᠦᠶᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠢ 11 ᠳ᠋ᠦᠩᠰᠢᠭᠤᠷ ᠲᠥᠭᠦᠷᠢᠭ  ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 19.6% ᠪᠠᠷ ᠨᠡᠮᠡᠭᠳᠡᠵᠦ᠂ 14.1 ᠲᠦᠮᠡᠨ ᠲᠣᠨ  ᠭᠠᠷᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 37.2% ᠢᠶᠠᠷ ᠨᠡᠮᠡᠭᠳᠡᠪᠡ᠃ ᠳᠤᠷᠠᠳᠤᠭᠤᠰᠢᠲᠠᠶ   ᠨᠢ ᠮᠠᠨ ᠤ ᠤᠯᠤᠰ ᠤᠨ ᠭᠤᠷᠪᠠᠨ ᠲᠣᠮᠣ ᠪᠠᠯ ᠴᠢᠯᠠᠭᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠨᠢᠭᠡ ᠪᠣᠯᠬᠤ  ᠰᠢᠩ ᠾᠧ ᠰᠢᠶᠠᠨ ᠳᠤ ᠪᠠᠯ ᠴᠢᠯᠠᠭᠤ ᠪᠣᠯᠪᠠᠰᠤᠷᠠᠭᠤᠯᠬᠤ ᠠᠵᠤ ᠠᠬᠤᠶᠢᠯᠠᠯ 6 ᠪᠠᠶᠢᠨ᠎ᠠ᠂ ᠠᠵᠤ ᠦᠶᠯᠡᠳᠪᠦᠷᠢ ᠶᠢᠨ  ᠦᠶᠯᠡᠳᠬᠦᠨ ᠤ ᠶᠡᠷᠦᠩᠭᠡᠢ ᠥᠷᠲᠡᠭ ᠢ 1.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠰᠢᠩ ᠾᠧ ᠰᠢᠶᠠᠨ ᠤ ᠠᠵᠤ  ᠦᠶᠯᠡᠳᠪᠦᠷᠢ ᠶᠢᠨ ᠦᠶᠯᠡᠳᠬᠦᠨ ᠤ ᠶᠡᠷᠦᠩᠭᠡᠢ ᠥᠷᠲᠡᠭ ᠤᠨ 7.7% ᠶᠢ ᠡᠵᠡᠯᠡᠪᠡ᠃ ᠪᠤᠰᠤᠳ 19 ᠠᠵᠤ  ᠠᠬᠤᠶᠢᠯᠠᠯ ᠨᠢ ᠲᠤᠰ ᠲᠤᠰ ᠵᠢᠨᠢᠩ ᠲᠣᠭᠤᠷᠢᠭ ᠲᠤ 3᠂ ᠵᠦᠸᠧᠽᠢ ᠰᠢᠶᠠᠨ ᠳᠤ 1᠂ ᠹᠧᠩᠵᠧᠨ ᠬᠤᠲᠠ ᠳᠤ 4  ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠳᠤ 2᠂ ᠱᠠᠩᠳᠤ ᠰᠢᠶᠠᠨ ᠳᠤ 4᠂ ᠴᠠᠬᠠᠷ ᠪᠠᠷᠠᠭᠤᠨ ᠭᠠᠷᠤᠨ  ᠬᠤᠶᠢᠲᠤ ᠬᠤᠰᠢᠭᠤᠨ ᠳᠤ 5 ᠪᠤᠢ᠃                                                    ᠵᠣᠬᠢᠶᠠᠭᠴᠢ᠄ ᠮᠢᠶᠣᠣ ᠶᠦᠩ ᠹᠠᠩ                                                    ᠤᠷᠴᠢᠭᠤᠯᠤᠭᠴᠢ᠄ ᠢᠷᠭᠤᠢ                                                    ᠬᠢᠨᠠᠭᠴᠢ᠄ ᠬᠡᠷᠡᠯᠳᠦ  
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2