1917 ᠤᠨ ᠤ 6 ᠰᠠᠷ᠎ᠠ ᠳᠤ᠂ ᠤᠮᠠᠷᠠᠳᠤ ᠶᠢᠨ ᠵᠠᠰᠠᠭ ᠤᠨ ᠤᠷᠳᠤᠨ ᠠᠴᠠ ᠿᠧ ᠡᠾᠧ᠂ ᠰᠦᠢᠶᠤᠸᠠᠨ᠂ | ᠴᠠᠬᠠᠷ ᠢ ᠭᠤᠷᠪᠠᠨ ᠤᠨᠴᠠᠭᠠᠢ ᠤᠷᠤᠨ ᠪᠤᠯᠭᠠᠵᠤ᠂ ᠢᠷᠭᠡᠨ ᠤᠯᠤᠰ ᠤᠨ ᠠᠷᠪᠠᠨ ᠳᠤᠯᠤᠳᠤᠭᠠᠷ ᠤᠨ ︵1928︶ | ᠤ ᠶᠢᠰᠤᠨ ᠰᠠᠷ᠎ᠠ ᠳᠤ᠂ ᠭᠤᠮᠢᠨᠳᠠᠩ ᠤᠨ ᠵᠠᠰᠠᠭ ᠤᠨ ᠤᠷᠳᠤᠨ ᠠᠴᠠ ᠭᠤᠷᠪᠠᠨ ᠤᠨᠴᠠᠭᠠᠢ ᠤᠷᠤᠨ ᠢ ᠮᠤᠵᠢ | ᠪᠤᠯᠭᠠᠨ ᠦᠭᠡᠷᠡᠴᠢᠯᠡᠵᠤ ᠴᠠᠬᠠᠷ ᠨᠠᠢᠮᠠᠨ ᠬᠤᠰᠢᠭᠤ ᠶᠢ ᠴᠠᠬᠠᠷ ᠮᠤᠵᠢ ᠳᠤ ᠬᠠᠮᠢᠶᠠᠷᠤᠭᠤᠯᠵᠡᠢ᠃ 1935 ᠤᠨ ᠳᠤ | ᠴᠠᠬᠠᠷ ᠪᠠᠷᠠᠭᠤᠨ ᠭᠠᠷᠤᠨ ᠲᠦᠷᠪᠡᠨ ᠬᠤᠰᠢᠭᠤ ᠶᠢ ᠰᠦᠢᠶᠤᠸᠠᠨ ᠮᠤᠵᠢ ᠳᠤ ᠬᠠᠷᠢᠶᠠᠯᠠᠭᠤᠯᠵᠤ᠂ ᠲᠡᠤᠬᠡᠨ ᠳᠤ ︽ | ᠰᠦᠢᠶᠤᠸᠠᠨ ᠤ ᠵᠡᠭᠦᠨ ᠲᠦᠷᠪᠡᠨ ᠬᠤᠰᠢᠭᠤ︾ ᠭᠡᠳᠡᠭ᠃ 1936 ᠤᠨ ᠤ 1 ᠰᠠᠷ᠎ᠠ ᠶᠢᠨ 22 ᠤ ᠡᠳᠤᠷ᠂ ᠴᠠᠬᠠᠷ | ᠠᠶᠢᠮᠠᠭ ᠤᠨ ᠵᠠᠬᠢᠷᠭ᠎ᠠ ᠪᠠᠶᠢᠭᠤᠯᠤᠭᠳᠠᠪᠠ᠃ 1937 ᠤᠨ ᠤ 10 ᠰᠠᠷ᠎ᠠ ᠳᠤ ︽ᠮᠤᠩᠭᠤᠯ ᠤᠨ ᠬᠤᠯᠪᠦᠭᠠᠲᠤ | ᠦᠪᠡᠷᠳᠡᠭᠡᠨ ᠵᠠᠰᠠᠬᠤ ᠵᠠᠰᠠᠭ ᠤᠨ ᠤᠷᠳᠤᠨ︾ ᠪᠠᠶᠢᠭᠤᠯᠤᠭᠳᠠᠭᠰᠠᠨ ᠤ ᠳᠠᠷᠠᠭ᠎ᠠ᠂ ᠴᠠᠬᠠᠷ ᠵᠡᠭᠦᠨ ᠭᠠᠷᠤᠨ ᠲᠦᠷᠪᠡᠨ | ᠬᠤᠰᠢᠭᠤ ᠵᠢᠴᠢ ᠱᠠᠨᠲᠤ ᠬᠤᠰᠢᠭᠤ᠂ ᠮᠢᠩᠭᠠᠨ ᠬᠤᠰᠢᠭᠤ᠂ ᠲᠠᠶᠢᠪᠦᠰᠧ ᠵᠡᠭᠦᠨ ᠭᠠᠷᠤᠨ ᠬᠤᠰᠢᠭᠤ᠂ ᠲᠠᠶᠢᠪᠦᠰᠧ | ᠪᠠᠷᠠᠭᠤᠨ ᠭᠠᠷᠤᠨ ᠬᠤᠰᠢᠭᠤ ᠶᠢ ᠴᠠᠬᠠᠷ ᠠᠶᠢᠮᠠᠭ ᠲᠤ ᠬᠠᠷᠢᠶᠠᠯᠠᠭᠤᠯᠵᠤ᠂ ᠰᠦᠢᠶᠤᠸᠠᠨ ᠤ ᠵᠡᠭᠦᠨ ᠲᠦᠷᠪᠡᠨ | ᠬᠤᠰᠢᠭᠤ ᠶᠢ ᠪᠠᠶᠠᠨᠲᠠᠯ᠎ᠠ ᠠᠶᠢᠮᠠᠭ ᠳᠤ ᠬᠠᠷᠢᠶᠠᠯᠠᠭᠤᠯᠵᠡᠢ᠃ | 1945 ᠤᠨ ᠳᠤ ᠶᠠᠫᠦᠨ ᠪᠠᠭᠤᠵᠤ ᠦᠭᠭᠦᠭᠰᠡᠨ ᠤ ᠳᠠᠷᠠᠭ᠎ᠠ ᠪᠠᠶᠠᠨᠲᠠᠯ᠎ᠠ ᠠᠶᠢᠮᠠᠭ ᠢ ᠦᠭᠡᠢ ᠪᠤᠯᠭᠠᠪᠠ᠃ | 1947 ᠤᠨ ᠤ 5 ᠰᠠᠷ᠎ᠠ ᠶᠢᠨ 1 ᠳᠤ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠵᠤ᠂ | ᠴᠠᠬᠠᠷ ᠪᠠᠷᠠᠭᠤᠨ ᠭᠠᠷᠤᠨ ᠳᠦᠷᠪᠡᠨ ᠬᠤᠰᠢᠭᠤ ᠶᠢ ᠰᠦᠢᠶᠤᠸᠠᠨ ᠮᠤᠵᠢ ᠶᠢᠨ ᠵᠡᠭᠦᠨ ᠳᠦᠷᠪᠡᠨ ᠬᠤᠰᠢᠭᠤᠨ ᠤ ᠬᠡᠷᠡᠭ | ᠡᠷᠬᠢᠯᠡᠬᠦ ᠭᠠᠵᠠᠷ ᠲᠤ ᠬᠠᠮᠢᠶᠠᠷᠠᠭᠤᠯᠪᠠ᠃ 1950 ᠤᠨ ᠤ 1 ᠰᠠᠷ᠎ᠠ ᠶᠢᠨ 20 ᠤ ᠡᠳᠤᠷ ᠰᠦᠢᠶᠤᠸᠠᠨ ᠮᠤᠵᠢ ᠶᠢᠨ | ᠠᠷᠠᠳ ᠤᠨ ᠵᠠᠰᠠᠭ ᠤᠨ ᠤᠷᠳᠤᠨ ᠠᠴᠠ ᠵᠡᠭᠦᠨ ᠳᠦᠷᠪᠡᠨ ᠬᠤᠰᠢᠭᠤᠨ ᠤ ᠬᠡᠷᠡᠭ ᠡᠷᠬᠢᠯᠡᠬᠦ ᠭᠠᠵᠠᠷ ᠢ ᠦᠭᠡᠢ | ᠪᠤᠯᠭᠠᠵᠤ᠂ ᠲᠦᠪ ᠬᠤᠰᠢᠭᠤᠨ ᠤ ᠳᠦᠷᠢᠮ ᠢ ᠬᠡᠷᠡᠭᠵᠢᠭᠦᠯᠦᠨ᠂ ᠭᠦᠯᠦ ᠤᠯᠠᠭᠠᠨ ᠬᠤᠰᠢᠭᠤ ᠪᠠᠷ ᠲᠢᠪ ᠬᠤᠰᠢᠭᠤ | ᠪᠤᠯᠭᠠᠨ᠂ ᠮᠤᠵᠢ ᠶᠢᠨ ᠵᠠᠰᠠᠭ ᠤᠨ ᠤᠷᠳᠤᠨ ᠠᠴᠠ ᠤᠳᠤᠷᠢᠳᠤᠭᠤᠯᠪᠠ᠃ 1952 ᠤᠨ ᠳᠤ ᠴᠠᠬᠠᠷ ᠮᠤᠵᠢ ᠶᠢ | ᠦᠭᠡᠢ ᠪᠤᠯᠭᠠᠪᠠ᠂ 1954 ᠤᠨ ᠤ 3 ᠰᠠᠷ᠎ᠠ ᠶᠢᠨ 19 ᠳᠤ᠂ ᠰᠦᠢᠶᠤᠸᠠᠨ ᠮᠤᠵᠢ ᠪᠠ ᠦᠪᠦᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠢ ᠬᠠᠮᠲᠤᠷᠠᠭᠤᠯᠤᠭᠠᠳ᠂ ᠰᠦᠢᠶᠤᠸᠠᠨ ᠮᠤᠵᠢ ᠶᠢ ᠦᠭᠡᠢ ᠪᠤᠯᠭᠠᠪᠠ᠃ ᠲᠤᠰ | ᠰᠠᠷ᠎ᠠ ᠳᠤ᠂ ᠵᠡᠭᠦᠨ ᠳᠦᠷᠪᠡᠨ ᠬᠤᠰᠢᠭᠤᠨ ᠤ ᠲᠦᠪ ᠬᠤᠰᠢᠭᠤ ᠶᠢ ᠦᠭᠡᠢ ᠪᠤᠯᠭᠠᠵᠤ᠂ ᠴᠠᠬᠠᠷ ᠪᠠᠷᠠᠭᠤᠨ ᠭᠠᠷ | ᠡᠮᠤᠨᠡᠳᠤ ᠬᠤᠰᠢᠭᠤ᠂ ᠴᠠᠬᠠᠷ ᠪᠠᠷᠠᠭᠤᠨ ᠭᠠᠷᠤᠨ ᠳᠤᠮᠳᠠ ᠬᠤᠰᠢᠭᠤ᠂ ᠴᠠᠬᠠᠷ ᠪᠠᠷᠠᠭᠤᠨ ᠬᠤᠶᠢᠲᠤ ᠬᠤᠰᠢᠭᠤ ᠶᠢ | ᠪᠠᠶᠢᠭᠤᠯᠵᠡᠢ᠃ 1958 ᠤᠨ ᠳᠤ ᠴᠠᠬᠠᠷ ᠠᠶᠢᠮᠠᠭ ᠢ ᠰᠢᠯᠢ ᠶᠢᠨ ᠭᠤᠤᠯ ᠠᠶᠢᠮᠠᠭ ᠲᠤ ᠪᠠᠭᠲᠠᠭᠠᠨ᠂ ᠴᠠᠬᠠᠷ | ᠪᠠᠷᠠᠭᠤᠨ ᠭᠠᠷᠤᠨ ᠳᠦᠷᠪᠡᠨ ᠬᠤᠰᠢᠭᠤ ᠶᠢ ᠤᠯᠠᠭᠠᠨᠴᠠᠪ ᠠᠶᠢᠮᠠᠭ ᠲᠤ ᠪᠠᠭᠲᠠᠭᠠᠵᠠᠢ᠃ | |