︽ᠳᠣᠯᠣᠭᠠᠨ ᠰᠠᠷ᠎ᠠ ᠶᠢᠨ ᠨᠢᠭᠡᠨ︾ ᠤ ᠲᠣᠰᠬᠠᠢ ᠮᠡᠳᠡᠭᠡᠯᠡᠯ ︵ᠨᠢᠭᠡ︶
ᠨᠡᠶᠢᠲᠡᠯᠡᠭᠰᠡᠨ ᠴᠠᠭ᠄
2020/7/6
       ︽ᠳᠣᠯᠣᠭᠠᠨ ᠰᠠᠷ᠎ᠠ ᠶᠢᠨ ᠨᠢᠭᠡᠨ︾ ᠤ ᠨᠠᠮ ᠪᠠᠶᠢᠭᠤᠯᠤᠭᠳᠠᠭᠰᠠᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ ᠮᠠᠨ ᠤ ᠬᠤᠲᠠ ᠶᠢᠨ ᠡᠯ᠎ᠡ ᠭᠠᠵᠠᠷ ᠴᠦᠮ ᠢᠯᠡ ᠲᠣᠳᠣ ᠭᠤᠤᠯ ᠰᠡᠳᠦᠪ ᠲᠠᠢ ᠪᠡᠯᠭᠡᠯᠡᠬᠦ ᠠᠵᠢᠯᠯᠠᠭ᠎ᠠ ᠥᠷᠨᠢᠭᠦᠯᠪᠡ᠃ ᠮᠦᠨᠴᠦ ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 99 ᠵᠢᠯ ᠤᠨ ᠣᠢ ᠪᠣᠯᠣᠨ᠎ᠠ᠂ ᠮᠠᠨ ᠤ ᠬᠤᠲᠠ ᠶᠢᠨ ᠡᠯ᠎ᠡ ᠭᠠᠵᠠᠷ ᠤᠨ ᠬᠢᠨ ᠴᠦᠮ ᠡᠯ᠎ᠡ ᠵᠦᠢᠯ ᠤᠨ ᠳᠤᠷᠠᠰᠬᠠᠨ ᠲᠡᠮᠳᠡᠭᠯᠡᠬᠦ ᠠᠵᠢᠯᠯᠠᠭ᠎ᠠ ᠥᠷᠨᠢᠭᠦᠯᠵᠦ᠂ ᠨᠠᠮ ᠤᠨ ᠭᠡᠷᠡᠯ ᠰᠠᠴᠤᠷᠠᠩᠭᠤᠶ ᠲᠡᠤᠬᠡ ᠶᠢ ᠡᠷᠭᠢᠴᠡᠭᠦᠯᠵᠦ᠂ ᠨᠠᠮ ᠤᠨ ᠠᠭᠤᠤ ᠭᠠᠪᠢᠶ᠎ᠠ ᠠᠤᠭ᠎ᠠ ᠵᠢᠳᠬᠦᠯ ᠢ ᠮᠠᠭᠲᠠᠨ ᠳᠠᠭᠤᠯᠠᠵᠤ᠂ ᠨᠠᠮ ᠤᠨ ᠡᠨᠡᠷᠢᠯ ᠬᠠᠶᠢᠷ᠎ᠠ ᠶᠢ ᠪᠠᠲᠤ ᠴᠡᠭᠡᠵᠢᠯᠡᠵᠦ᠂ ᠨᠠᠮ ᠤᠨ ᠵᠣᠷᠢᠯᠲᠠ ᠶᠢ ᠦᠢᠯᠡᠳᠦᠯᠭᠡᠵᠢᠭᠦᠯᠵᠦ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠢ ᠵᠣᠷᠢᠭᠵᠢᠭᠤᠯᠤᠨ ᠳᠠᠶᠢᠴᠢᠨ ᠪᠠᠬᠢᠯᠡᠯᠲᠡ ᠪᠣᠯᠤᠨ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠶᠢᠨ ᠲᠥᠯᠥᠭᠡ ᠴᠢᠷᠮᠠᠶᠢᠨ ᠲᠡᠮᠡᠴᠡᠭᠦᠯᠬᠦ ᠢᠲᠡᠭᠡᠯ ᠵᠣᠷᠢᠭ ᠢ ᠨᠢ ᠬᠥᠪᠴᠢᠯᠡᠭᠰᠡᠨ ᠪᠠᠶᠢᠨ᠎ᠠ᠃         ᠨᠢᠭᠡ᠂ ᠤᠯᠠᠭᠠᠨᠴᠠᠪ ᠤᠨ ᠡᠳᠦᠷ ᠤᠨ ᠰᠣᠨᠢᠨ ᠨᠢ ︽ᠠᠩᠬᠠᠨ ᠤ ᠵᠣᠷᠢᠯᠲᠠ ᠳᠠᠷᠬᠠᠨ ᠡᠭᠦᠷᠭᠡ ᠢᠲᠡᠭᠡᠯ ᠵᠣᠷᠢᠭ ᠬᠠᠷᠢᠭᠤᠴᠠᠯᠭ᠎ᠠ ᠡᠭᠦᠷᠭᠡᠯᠡᠯ︾ ᠭᠡᠳᠡᠭ ᠲᠤᠰᠬᠠᠢ ᠰᠡᠳᠦᠪᠲᠦ ᠨᠡᠶᠢᠲᠡᠯᠡᠯ ᠨᠡᠶᠢᠲᠡᠯᠡᠵᠦ ᠤᠯᠠᠭᠠᠨᠴᠠᠪ ᠬᠤᠲᠠ ᠶᠢᠨ ᠡᠯ᠎ᠡ ᠠᠵᠢᠯ ᠲᠦᠷᠦᠯ᠂ ᠡᠯ᠎ᠡ ᠬᠦᠷᠢᠶ᠎ᠡ ᠴᠠᠷᠠᠭ᠎ᠠ ᠳᠤ ᠭᠠᠪᠰᠢᠭᠠᠶᠢᠯᠠᠵᠤ ᠪᠠᠶᠢᠭ᠎ᠠ ᠥᠷᠭᠡᠨ ᠣᠯᠠᠨ ᠨᠠᠮ ᠤᠨ ᠭᠡᠰᠢᠭᠦᠨ ᠤ ᠵᠢᠱᠢᠶᠡᠴᠢ ᠦᠢᠯᠡᠳᠦᠯ ᠢᠶᠠᠨ ᠪᠠᠳᠠᠷᠠᠭᠤᠯᠤᠭᠰᠠᠨ ᠦᠢᠯᠡ ᠠᠵᠢᠯᠯᠠᠭ᠎ᠠ ᠶᠢ ᠮᠡᠳᠡᠭᠡᠯᠡᠵᠦ᠂ ᠨᠠᠮ ᠪᠠᠶᠢᠭᠤᠯᠤᠭᠳᠠᠭᠰᠠᠨ 99 ᠵᠢᠯ ᠤᠨ ᠣᠢ ᠶᠢᠨ ᠴᠢᠬᠤᠯᠠ ᠴᠠᠭ ᠮᠥᠴᠡ ᠶᠢ ᠳᠤᠷᠠᠰᠬᠠᠨ  ᠲᠡᠮᠳᠡᠭᠯᠡᠭᠰᠡᠨ ᠪᠠᠶᠢᠨ᠎ᠠ᠃         ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠲᠤ ᠨᠠᠮ ᠤᠨ ᠡᠳᠦᠷ ᠤᠨ ᠭᠤᠣᠯ ᠰᠡᠳᠦᠪᠲᠦ ᠠᠵᠢᠯᠯᠠᠭ᠎ᠠ ᠶᠢ ᠡᠷᠬᠢᠯᠡᠵᠦ᠂ ᠨᠠᠮ ᠳᠤ ᠣᠷᠣᠬᠤ ᠲᠠᠩᠭᠠᠷᠢᠭ ᠤᠨ ᠦᠭᠡᠰ ᠢ ᠳᠠᠬᠢᠨᠳᠠ ᠡᠷᠭᠢᠴᠡᠭᠦᠯᠣᠨ᠂ ᠨᠠᠮ ᠤᠨ ᠲᠡᠦᠬᠡ ᠶᠢᠨ ᠣᠷᠳᠣᠨ ᠳᠤ ᠬᠦᠷᠴᠦ ᠲᠣᠭᠤᠷᠢᠨ ᠰᠤᠷᠤᠯᠴᠠᠵᠥ᠂ ᠤᠳᠤᠷᠢᠳᠬᠤ ᠺᠠᠳ᠋ᠷ ᠲᠦᠷᠦᠭᠦᠯᠡᠨ ᠨᠠᠮ ᠤᠨ ᠬᠢᠴᠢᠶᠡᠯ ᠲᠡᠶᠢᠯᠪᠣᠷᠢᠯᠠᠬᠤ ᠁ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 99 ᠵᠢᠯ ᠤᠨ ᠤᠢ ᠶᠢᠨ ᠲᠠᠰᠢᠷᠠᠮ ᠢᠶᠠᠷ᠂ ᠤᠯᠠᠭᠠᠨᠴᠠᠪ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠪᠠᠶᠠᠯᠢᠭ ᠰᠠᠶᠢᠬᠠᠨ ᠬᠡᠯᠪᠡᠷᠢ ᠮᠠᠶ᠋ᠢᠭ ᠢᠶᠠᠷ ᠡᠨᠡᠬᠦ ᠴᠢᠬᠤᠯᠠ ᠴᠠᠭ ᠮᠥᠴᠡ ᠶᠢ ᠳᠤᠷᠠᠰᠬᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠳᠠᠭᠠᠨ ᠡᠷᠬᠦᠬᠦ ᠬᠢᠵᠠᠭᠠᠯᠠᠰᠢ ᠦᠭᠡᠢ ᠬᠦᠨᠳᠦᠳᠬᠡᠯ ᠪᠠ ᠬᠠᠶᠢᠷ᠎ᠠ ᠪᠠᠨ ᠢᠯᠡᠳᠬᠡᠨ᠎ᠡ᠃
   

          ᠲᠦᠬᠦ᠋ᠢᠮ᠎ᠠ ᠨᠠᠰᠣᠳᠡᠨ ︵ᠲᠣᠮᠳᠡᠬᠢ︶᠂ ᠡᠮᠡᠭᠲᠡᠢ᠂ ᠮᠣᠩᠭᠤᠯ ᠦᠨᠳᠦᠰᠦᠲᠡᠨ᠂ 1973

ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠃ ᠳᠡᠭᠡᠷ᠎ᠡ ᠵᠠᠭᠤᠨ ᠤ ᠲᠠᠪᠢᠭᠠᠳ ᠣᠨ ᠤ

ᠰᠡᠭᠦᠯᠴᠢ ᠵᠢᠷᠠᠭᠠᠳ ᠣᠨ ᠤ ᠡᠬᠢ ᠪᠠᠷ᠂ ᠤᠯᠤᠰ ᠤᠨ ᠬᠦᠰᠡᠯ ᠨᠠᠶᠢᠳᠠᠯᠭ᠎ᠠ ᠶᠢᠨ ᠲᠥᠯᠥᠭᠡ᠂ ᠲᠡᠷᠡ ᠦᠨᠳᠦᠰᠦᠲᠡᠨ

ᠣᠷᠣᠨ ᠨᠣᠳᠤᠭ ᠤᠳᠤᠮ ᠣᠭᠰᠠᠭ᠎ᠠ ᠶᠢ ᠳᠠᠪᠠᠭᠰᠠᠨ ᠡᠬᠡ ᠶᠢᠨ ᠬᠠᠶᠢᠷ᠎ᠠ ᠪᠠᠷ ᠡᠮᠦᠨᠡᠲᠦ ᠣᠷᠣᠨ ᠤ 28 ᠥᠨᠥᠴᠢᠨ

ᠬᠡᠦᠬᠡᠳ ᠢ ᠥᠪᠡᠷ ᠤᠨ ᠭᠡᠷ ᠲᠠᠢ ᠪᠣᠯᠭᠠᠪᠠ᠃ ᠬᠠᠭᠠᠰ ᠵᠠᠭᠤᠨ ᠤ ᠬᠠᠷᠡᠮ ᠦᠬᠡᠢ ᠵᠣᠷᠢᠭᠤᠯᠣᠯᠳᠠ ᠪᠠᠷ ᠶᠡᠭᠡ

ᠬᠠᠶᠢᠷ᠎ᠠ ᠶᠢᠨ ᠠᠭᠤᠣ ᠠᠭᠤᠳᠠᠮ ᠢ ᠦᠨᠠᠨ ᠮᠦᠨ ᠢᠶᠠᠷ ᠲᠠᠶᠢᠯᠪᠤᠷᠢᠯᠠᠪᠠ᠃ 2008 ᠣᠨ ᠳᠤ ᠸᠧᠨᠴᠤᠸᠠᠨ ᠤ

ᠭᠠᠵᠠᠷ ᠬᠥᠳᠡᠯᠦᠯᠲᠡ ᠶᠢᠨ ᠳᠠᠷᠠᠭ᠎ᠠ᠂ ᠲᠡᠷᠡ ᠰᠠᠨᠠᠭᠠᠴᠢᠯᠠᠭ᠎ᠠ ᠠᠴᠠ ᠪᠠᠨ ᠭᠠᠴᠠᠭᠠᠨ ᠤ ᠨᠠᠮ ᠤᠨ ᠡᠭᠦᠷ ᠲᠠᠢ

ᠬᠠᠷᠢᠯᠴᠠᠵᠤ 3000 ᠲᠥᠭᠦᠷᠢᠭ ᠤᠨ ︽ᠣᠨᠴᠠᠭᠠᠢ ᠨᠠᠮ ᠤᠨ ᠰᠦᠢᠳᠬᠡᠯ︾ ᠲᠤᠰᠢᠶᠠᠪᠠ᠃ 2020 ᠣᠨ ᠤ

ᠡᠬᠢ ᠪᠠᠷ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠲᠠᠭᠠᠷᠢᠨ ᠢᠷᠡᠬᠦ ᠪᠠᠷ᠂ ᠲᠦᠬᠦ᠋ᠢᠮ᠎ᠡ ᠨᠠᠰᠤᠲᠠᠨ ᠤᠷᠢᠳ

ᠬᠤᠵᠢᠳ ᠣᠨᠴᠠᠭᠠᠢ ᠨᠠᠮ ᠤᠨ ᠰᠦᠢᠳᠬᠡᠯ ᠪᠠ ᠬᠠᠨᠳᠢᠪᠯᠠᠬᠤ ᠬᠡᠯᠪᠡᠷᠢ ᠪᠠᠷ ᠨᠠᠮ ᠤᠨ ᠵᠣᠬᠢᠶᠠᠨ ᠪᠠᠶᠢᠭᠤᠯᠤᠯᠲᠠ᠂

ᠲᠤᠬᠠᠢ ᠶᠢᠨ ᠭᠠᠵᠠᠷ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠲᠤ 6000 ᠲᠥᠭᠦᠷᠢᠭ ᠬᠦᠷᠭᠡᠪᠡ᠃ 2019

ᠣᠨ ᠤ 9 ᠰᠠᠷ᠎ᠠ ᠶᠢᠨ 17 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ᠂ ᠲᠡᠷᠢᠭᠦᠯᠡᠭᠴᠢ ᠶᠢᠨ

ᠵᠠᠷᠯᠢᠭ ᠲᠤ ᠭᠠᠷ ᠤᠨ ᠦᠰᠦᠭ ᠵᠢᠷᠤᠵᠤ᠂ ᠲᠦᠬᠦ᠋ᠢᠮ᠎ᠡ ᠳᠤ ︽ᠠᠷᠠᠳ ᠤᠨ ᠵᠢᠱᠢᠶᠡᠴᠢ︾ ᠤᠯᠤᠰ ᠤᠨ ᠢᠷᠠᠭᠤ

ᠠᠯᠳᠠᠷ ᠤᠨ ᠴᠣᠯᠠ ᠣᠯᠭᠤᠪᠠ᠃

       ᠥᠷᠭᠡᠨ ᠠᠭᠤᠳᠠᠮ ᠤᠯᠠᠭᠠᠨᠴᠠᠪ ᠤᠨ ᠡᠬᠡ ᠭᠠᠵᠠᠷ ᠲᠤ᠂ ᠡᠯ᠎ᠠ ᠠᠵᠢᠯ ᠲᠦᠷᠣᠯ ᠡᠯ᠎ᠠ ᠬᠦᠷᠢᠶ᠎ᠠ  

ᠴᠠᠷᠠᠭᠠᠨ ᠳᠤ ᠡᠪ ᠬᠠᠮᠳᠣ ᠨᠡᠮ ᠤᠨ ᠬᠡᠰᠢᠬᠦᠨ ᠤ ᠵᠢᠱᠢᠶᠡᠴᠢ ᠶᠢᠨ ᠣᠢᠢᠯᠠᠳᠣᠯ ᠢᠶᠠᠨ ᠪᠠᠳᠠᠷᠠᠭᠤᠯᠣᠭᠰᠠᠨ ᠣᠢᠢᠯᠠ

ᠠᠵᠢᠯᠯᠠᠭ᠎ᠠ ᠭᠠᠵᠡᠷ ᠪᠣᠯᠭᠠᠨ ᠳᠤ ᠬᠠᠷᠠᠭᠳᠠᠨ᠎ᠠ᠃

       ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠡᠶᠢᠯᠠᠯᠳᠣᠭᠠᠨ ᠳᠤ ᠲᠡᠳᠡ ᠪᠣᠯ ᠬᠤᠰᠢᠭᠤᠴᠢ

ᠴᠡᠷᠢᠭ ᠮᠥᠨ︔

       ᠬᠢᠵᠢᠭ ᠤᠨ ᠪᠠᠶᠢᠳᠠᠯ ᠢ ᠡᠰᠡᠷᠭᠦᠴᠡᠬᠦ ᠲᠡᠶᠢᠯᠠᠯᠳᠣᠭᠠᠨ ᠳᠤ ᠲᠡᠳᠡ ᠪᠣᠯ ᠭᠠᠪᠰᠢᠭᠠᠶ ᠬᠤᠰᠢᠭᠤᠴᠢ ᠮᠥᠨ︔

       ᠨᠡᠶᠢᠭᠡᠮ ᠨᠡᠶᠢᠳᠠ ᠳᠤ  ᠦᠢᠯᠡᠴᠢᠯᠡᠬᠦ ᠳᠤ᠂ ᠲᠡᠳᠡ ᠪᠣᠯ ᠱᠤᠷᠠᠭ ᠬᠠᠳᠠᠭᠠᠰᠤ ᠮᠥᠨ︔

       ᠬᠥᠭᠵᠢᠯ ᠴᠡᠴᠡᠭᠯᠡᠯ ᠢ ᠠᠬᠢᠭᠤᠯᠬᠤ ᠳᠤ᠂ ᠲᠡᠳᠡ ᠪᠣᠯ ᠵᠠᠮᠴᠢᠯᠠᠨ ᠲᠠᠭᠠᠭᠤᠯᠣᠭᠴᠢ ᠮᠥᠨ︔

       ᠁

 

         ︽ᠳᠣᠯᠣᠭᠠᠨ ᠰᠠᠷ᠎ᠠ ᠶᠢᠨ ᠨᠢᠭᠡᠨ︾ ᠠᠴᠠ ᠡᠮᠦᠨᠡᠬᠡᠨ᠂ ᠮᠠᠨ ᠤ ᠬᠤᠲᠠ ᠶᠢᠨ ᠡᠯ᠎ᠡ ᠭᠠᠵᠠᠷ ᠤᠳ ᠢᠯᠡ

ᠲᠣᠳᠣ ᠭᠤᠤᠯ ᠰᠡᠳᠦᠪᠳᠣ ᠪᠡᠯᠭᠡᠯᠡᠬᠦ ᠠᠵᠢᠯᠯᠠᠭ᠎ᠠ ᠥᠷᠨᠢᠭᠦᠯᠵᠦ᠂ ᠨᠠᠮ ᠤᠨ ᠭᠡᠷᠡᠯ ᠰᠠᠴᠤᠷᠠᠩᠭᠤᠶ ᠲᠡᠤᠬᠡ ᠶᠢ

ᠡᠷᠭᠢᠴᠡᠭᠦᠯᠣᠨ᠂ ᠨᠠᠮ ᠤᠨ ᠠᠭᠤᠤ ᠭᠠᠪᠢᠶ᠎ᠠ ᠠᠤᠭ᠎ᠠ ᠵᠢᠳᠬᠦᠯ ᠢ ᠮᠠᠭᠲᠠᠨ ᠳᠠᠭᠤᠯᠠᠵᠣ᠂ ᠨᠠᠮ ᠤᠨ ᠡᠨᠡᠷᠢᠯ

ᠬᠠᠶᠢᠷ᠎ᠠ ᠶᠢ ᠪᠠᠲᠤ ᠴᠡᠭᠡᠵᠢᠯᠡᠨ᠂ ᠨᠠᠮ ᠤᠨ ᠵᠣᠷᠢᠯᠲᠠ ᠶᠢ ᠦᠢᠯᠡᠳᠦᠯᠭᠡᠵᠢᠭᠦᠯᠵᠦ᠂ ᠡᠯ᠎ᠡ ᠱᠠᠲᠤᠨ ᠤ ᠨᠠᠮ ᠤᠨ

ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠢ ᠵᠣᠷᠢᠭᠵᠢᠭᠤᠯᠤᠨ ᠳᠠᠶᠢᠴᠢᠨ ᠪᠠᠬᠢᠯᠡᠯᠲᠡ

ᠪᠣᠯᠤᠨ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠴᠢᠨᠡᠭᠡᠯᠢᠭ ᠨᠡᠶᠢᠭᠡᠮ ᠢ ᠪᠦᠬᠦ

ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠵᠣ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ

ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠶᠢᠨ ᠲᠥᠯᠥᠭᠡ ᠴᠢᠷᠮᠠᠶᠢᠨ ᠲᠡᠮᠡᠴᠡᠨ᠎ᠠ᠃

         ᠨᠢᠭᠡᠨ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯ ᠨᠢᠬᠡᠨ ᠲᠤᠬ ᠲᠡᠮᠳᠡᠭ ᠪᠠᠶᠢᠵᠣ᠂ ᠨᠢᠭᠡᠨ ᠰᠢᠯᠢᠳᠡᠭ

ᠨᠠᠮ ᠤᠨ ᠡᠭᠦᠷ ᠪᠣᠯ ᠨᠢᠭᠡᠨ ᠪᠠᠲᠤ ᠴᠢᠩᠭ᠎ᠠ ᠪᠠᠬᠢᠯᠡᠯᠲᠡ ᠪᠠᠶᠢᠭ᠎ᠠ᠃ ᠬᠠᠮᠤᠭ ᠤᠨ ᠠᠶᠤᠯᠲᠠᠶ᠂ ᠬᠠᠮᠤᠭ ᠤᠨ

ᠬᠦᠴᠢᠷᠲᠡᠶ᠂ ᠬᠠᠮᠤᠭ ᠤᠨ ᠬᠠᠲᠠᠭᠤᠵᠢᠯᠲᠠᠶ ᠨᠢᠭᠡᠳᠦᠭᠡᠷ ᠹᠷᠣᠨᠲ ᠲᠤ᠂ ᠠᠷᠠᠳ ᠤᠯᠠᠨ ᠬᠠᠮᠤᠭ ᠤᠨ

ᠱᠠᠭᠠᠷᠳᠠᠯᠭ᠎ᠠ ᠲᠠᠢ ᠦᠶ᠎ᠡ ᠳᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠬᠡᠵᠢᠶᠠᠳᠠ ᠪᠠᠨ

ᠳᠤᠲᠠᠭᠳᠠᠰᠢ ᠦᠬᠡᠢ ᠪᠠᠶᠢᠳᠠᠭ᠃

 

          2016 ᠣᠨ ᠳᠤ᠂ ᠸᠠᠩ ᠾᠧᠩ ᠬᠤᠳᠠ ᠶᠢᠨ ᠨᠠᠮ ᠤᠨ ᠬᠤᠷᠢᠶᠠᠨ ᠤ  ᠪᠠᠶᠢᠭᠤᠯᠭ᠎ᠠ ᠶᠢᠨ

ᠠᠵᠢᠯ ᠤᠨ ᠪᠠᠶᠢᠷᠢ ᠠᠴᠠ ᠲᠦᠷ ᠰᠠᠯᠵᠤ᠂ ᠲᠣᠰᠬᠤᠨ ᠳᠤ ᠰᠠᠭᠤᠬᠤ ᠠᠵᠢᠯᠯᠠᠬᠤ ᠠᠩᠬᠢ ᠳᠤ ᠣᠷᠣᠬᠤ ᠪᠠᠷ

ᠭᠤᠶᠤᠴᠢᠯᠠᠪᠠ᠃

        ᠲᠠᠪᠤᠨ ᠵᠢᠯ ᠤᠨ ᠲᠤᠷᠰᠢ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠬᠡᠪᠦᠷ ᠪᠠᠯᠭᠠᠰᠤᠨ ᠤ

ᠶᠦᠩ ᠾᠧ ᠲᠣᠰᠬᠤᠨ ᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠤᠭᠰᠠᠨ ᠤ ᠬᠤᠪᠢ ᠳᠤ᠂ ᠲᠡᠷᠡ

ᠲᠣᠰᠬᠤᠨ ᠤ ᠠᠷᠠᠳ ᠲᠤ ᠬᠥᠭᠵᠢᠯᠲᠡ ᠶᠢ ᠡᠷᠢᠯᠬᠢᠯᠡᠨ ᠪᠣᠳᠠᠲᠤ ᠶᠠᠪᠤᠳᠠᠯ ᠬᠢᠵᠦ᠂ ᠲᠣᠰᠬᠤᠨ ᠤ ᠠᠷᠠᠳ ᠢ

ᠵᠢᠯᠣᠭᠤᠳᠴᠤ ᠪᠠᠶᠢᠭᠠᠳ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠵᠦ᠂ ᠲᠣᠰᠬᠤᠨ ᠤ ᠬᠠᠮᠲᠤ ᠶᠢᠨ ᠠᠵᠤ

ᠠᠬᠤᠶ ᠶᠢ ᠪᠤᠵᠠᠭᠠᠶᠢᠷᠠᠭᠤᠯᠪᠠ᠃ ᠲᠡᠭᠦᠨ ᠤ ᠳᠠᠭᠠᠭᠤᠯᠭ᠎ᠠ ᠳᠣᠣᠷ᠎ᠠ ᠶᠦᠩ ᠾᠧ ᠲᠣᠰᠬᠤᠨ ︽ᠬᠤᠶᠠᠷ ᠲᠤ ᠵᠣᠪᠠᠭ᠋ᠤ

ᠥᠬᠡᠶ ᠭᠤᠷᠪᠠ ᠶᠢ ᠪᠠᠲᠤᠯᠠᠬᠤ︾ ᠡᠭᠦᠷᠭᠡ ᠪᠠᠨ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ 102 ᠡᠷᠦᠬᠡ ᠶᠢᠨ

186 ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠪᠦᠬᠦ ᠭᠠᠴᠠᠭᠠᠨ ᠤ

ᠪᠠᠶᠢᠩᠭᠤ ᠰᠠᠭᠤᠭ᠎ᠠ ᠬᠥᠮᠦᠨ ᠪᠦᠷᠢ ᠶᠢᠨ ᠳᠤᠮᠳᠠᠴᠢ ᠴᠡᠪᠡᠷ ᠣᠷᠣᠯᠭ᠎ᠠ ᠤᠤᠯ ᠤᠨ 3500 ᠲᠥᠭᠦᠷᠢᠭ

ᠪᠠᠶᠢᠭᠰᠠᠨ ᠠᠴᠠ ᠪᠠᠨ 7000 ᠲᠥᠭᠦᠷᠢᠭ ᠣᠷᠴᠢᠮ ᠪᠤᠯᠵᠤ ᠨᠡᠮᠡᠭᠳᠡᠪᠡ᠃

       1194 ᠰᠡᠷᠬᠡᠶᠢᠯᠡᠨ ᠬᠤᠷᠢᠭᠯᠠᠬᠤ ᠨᠢᠭᠡᠳᠦᠭᠡᠷ ᠹᠷᠣᠨᠲ ᠤᠨ ᠲᠦᠷ ᠴᠠᠭ ᠤᠨ ᠨᠠᠮ ᠤᠨ ᠡᠭᠦᠷ᠂ 6666

ᠨᠠᠮ ᠤᠨ ᠡᠭᠦᠷ ᠤᠨ ᠭᠡᠰᠢᠭᠦᠨ︔ 1251 ᠪᠠᠶᠢᠭᠤᠯᠭ᠎ᠠ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ

37230 ᠨᠠᠮ ᠤᠨ ᠭᠡᠰᠢᠭᠦᠨ ᠠᠵᠢᠯᠲᠠᠨ᠂ ᠪᠦᠬᠦ ᠬᠤᠳᠠ ᠶᠢᠨ 211 ᠨᠡᠶᠢᠬᠡᠮ ᠲᠣᠭᠤᠷᠢᠭ ᠤᠨ 2147

ᠰᠠᠭᠤᠭᠠᠯᠢ ᠲᠣᠭᠤᠷᠢᠭ ᠵᠢᠴᠢ ᠭᠤᠣᠯᠳᠠᠯᠭ᠎ᠠ ᠶᠢᠨ ᠵᠠᠮ ᠬᠠᠷᠢᠯᠴᠠᠭ᠎ᠠ ᠶᠢ ᠰᠡᠬᠢᠨ ᠬᠠᠮᠠᠭᠠᠯᠠᠨ᠎ᠠ᠂ ᠡᠨᠡ ᠪᠣᠯ ᠡᠨᠡ

ᠬᠠᠪᠤᠷ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠴᠠᠭ ᠦᠶ᠎ᠠ ᠳᠤ᠂ ᠤᠯᠠᠭᠠᠨᠴᠠᠪ

ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ

ᠺᠠᠳ᠋ᠷᠴᠤᠳ ᠤᠨ ᠲᠤᠰᠢᠶᠠᠭᠰᠠᠨ ᠰᠢᠯᠭᠠᠯᠲᠠ ᠶᠢᠨ ᠬᠠᠭᠤᠳᠠᠰᠤ ᠪᠣᠯᠤᠨ᠎ᠠ᠃

   

          2020 ᠤᠨ ᠤ ᠵᠢᠯ ᠤᠨ ᠡᠬᠢᠨ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ 

ᠡᠭᠦᠰᠴᠦ᠂ ᠪᠦᠬᠦ ᠤᠯᠤᠰ ᠤᠨ ᠡᠪᠡᠳᠴᠢᠨ ᠤ ᠵᠢᠱᠢᠶ᠎ᠡ ᠦᠳᠲᠡᠷ ᠲᠦᠷᠭᠡᠨ ᠳᠡᠭᠡᠭᠰᠢᠯᠡᠵᠦ᠂ ᠨᠢᠭᠡ ᠦᠶ᠎ᠡ

ᠬᠥᠮᠦᠰ ᠤᠨ ᠰᠡᠳᠬᠢᠯ ᠢ ᠣᠢᠢᠮᠠᠬᠦᠯᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠰᠢᠬᠦ ᠠᠵᠢᠯ ᠢ ᠰᠠᠶᠢᠲᠤᠷ

ᠬᠢᠬᠦ ᠶᠢᠨ ᠲᠥᠯᠥᠭᠡ᠂ ᠵᠢᠨᠢᠩ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠰᠢᠬᠦ ᠵᠢᠯᠣᠭᠤᠳᠬᠤ

ᠭᠠᠵᠠᠷ ᠠᠴᠠ ᠾᠦᠢ ᠹᠧᠩ ᠪᠠᠭᠤᠳᠠᠯ ᠢ ᠭᠠᠳᠠᠨ᠎ᠠ ᠠᠴᠠ ᠢᠷᠡᠭᠰᠡᠨ ᠬᠥᠮᠦᠰ ᠢ ᠲᠤᠰᠠᠭᠠᠷᠯᠠᠬᠤ ᠴᠡᠭ ᠪᠣᠯᠭᠠᠪᠠ᠂

ᠠᠶᠤᠯ ᠲᠦᠭᠰᠢᠭᠦᠷᠢᠲᠡᠶ ᠴᠠᠭ ᠮᠥᠴᠡ ᠳᠤ ᠵᠢᠨᠢᠩ ᠲᠣᠭᠤᠷᠢᠭ ᠤᠨ ᠪᠠᠶᠢᠭᠤᠯᠭ᠎ᠠ ᠶᠢᠨ ᠶᠠᠪᠤᠳᠠᠯ ᠤᠨ

ᠬᠠᠮᠢᠶᠠᠷᠤᠯᠲᠠ ᠶᠢᠨ ᠲᠣᠪᠴᠢᠶ᠎ᠠ ᠶᠢᠨ ᠵᠠᠩ ᠱᠣᠣ ᠵᠢᠶᠦ᠋ᠨ ᠪᠣᠯᠤᠨ ᠯᠢ ᡁᠢ ᠭᠤᠸᠠᠩ ᠠᠷᠦ ᠬᠡᠷ ᠢᠶᠠᠨ ᠣᠷᠬᠢᠵᠣ

ᠣᠯᠠᠨ ᠤ ᠲᠥᠯᠥᠭᠡ ᠰᠠᠨᠠᠭᠠᠴᠢᠯᠠᠭ᠎ᠠ ᠠᠴᠠ ᠪᠠᠨ ᠡᠮᠦᠨ᠎ᠡ ᠹᠷᠣᠨᠲ ᠲᠤ ᠭᠠᠪᠰᠢᠭᠠᠶᠢᠯᠠᠵᠤ᠂ ᠵᠣᠴᠢᠳ ᠤᠨ

ᠪᠠᠭᠤᠳᠠᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠠᠵᠢᠯ ᠢ ᠪᠦᠬᠦ ᠲᠠᠯ᠎ᠠ ᠪᠠᠷ ᠬᠦᠯᠢᠶᠡᠨ ᠠᠪᠤᠪᠠ᠃  ᠲᠡᠳᠡᠨ ᠤ

ᠲᠡᠶᠢᠯᠠᠯᠳᠣᠭᠠᠨ ᠤ ᠡᠮᠦᠨ᠎ᠡ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠨᠢ ᠲᠤᠭ᠎ᠠ ᠲᠣᠮᠰᠢ ᠦᠭᠡᠢ

ᠬᠥᠮᠦᠰ ᠤᠨ ᠰᠡᠳᠬᠢᠯ ᠢ ᠬᠥᠳᠡᠯᠭᠡᠵᠡᠶ᠃ 2 ᠰᠠᠷ᠎ᠠ ᠶᠢᠨ 1 ᠤ ᠡᠳᠦᠷ᠂ ᠨᠠᠮ ᠤᠨ ᠵᠣᠬᠢᠶᠠᠨ ᠪᠠᠶᠢᠭᠤᠯᠤᠯᠲᠠ ᠶᠢᠨ

ᠵᠥᠪᠰᠢᠶᠡᠷᠡᠯ ᠢᠶᠠᠷ᠂ ᠵᠠᠩ ᠱᠤᠤ ᠵᠢᠶᠦ᠋ᠨ᠂ ᠯᠢ ᡁᠢ ᠭᠤᠸᠠᠩ ᠭᠠᠯ ᠹᠷᠣᠨᠲ ᠳᠡᠭᠡᠷ᠎ᠡ ᠨᠠᠮ ᠳᠤ ᠣᠷᠣᠪᠠ᠃  

         ᠥᠷᠭᠡᠨ ᠣᠯᠠᠨ ᠨᠠᠮ ᠤᠨ ᠭᠡᠰᠢᠭᠦᠨ ᠤ ᠭᠤᠶᠠᠴᠢ ᠦᠭᠡᠢ ᠪᠠᠷ ᠬᠦᠨᠳᠦ ᠡᠭᠦᠷᠭᠡ ᠶᠢ ᠵᠣᠷᠢᠭᠲᠠᠶ

ᠡᠭᠦᠷᠭᠡᠯᠡᠬᠦ ᠵᠣᠷᠢᠭ ᠰᠠᠨᠠᠭ᠎ᠠ ᠨᠢ ᠪᠦᠬᠦ ᠲᠡᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ

ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠲᠤ ᠨᠡᠩ

ᠲᠤᠪᠤᠶᠢᠮ᠎ᠠ ᠢᠯᠡᠷᠡᠨ᠎ᠠ᠃ ᠪᠦᠬᠦ ᠬᠤᠳᠠ ᠶᠢᠨ 5500 ᠭᠠᠷᠤᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ

ᠰᠢᠪᠲᠤᠯᠬᠤ ᠲᠣᠰᠬᠤᠨ ᠳᠤ ᠰᠠᠭᠤᠭ᠎ᠠ ᠬᠠᠪᠰᠤᠷᠤᠨ ᠲᠡᠳᠬᠦᠬᠦ ᠺᠠᠳ᠋ᠷ᠂ 1300 ᠭᠠᠷᠤᠢ ᠨᠢᠭᠡᠳᠦᠭᠡᠷ ᠱᠦᠵᠢ

ᠤᠯᠠᠭᠠᠨᠴᠠᠪ ᠤᠨ ᠪᠦᠬᠦᠯᠢ ᠴᠣᠭᠴᠠ ᠪᠠᠷ ᠶᠠᠳᠠᠭᠤ ᠠᠴᠠ ᠠᠩᠭᠢᠵᠢᠷᠠᠭᠤᠯᠬᠤ ᠳᠤ ᠭᠠᠪᠢᠶ᠎ᠠ ᠵᠢᠳᠬᠦᠯ ᠢᠶᠠᠨ ᠦᠵᠡᠭᠦᠯᠪᠡ

          ᠨᠡᠮ ᠳᠤ ᠣᠷᠣᠭᠠᠳ 38 ᠵᠢᠯ ᠪᠣᠯᠵᠣ ᠪᠠᠶᠢᠭ᠎ᠠ ᠵᠤᠤ ᠰᠧ ᠫᠢᠩ ︵ᠳᠤᠮᠳᠠᠬᠢ︶᠂ ᠴᠠᠬᠠᠷ

ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠦ᠋ ᠴᠧᠩ ᠽᠢ ᠰᠢᠶᠠᠩ ᠤᠨ ᠪᠦ᠋ ᠭᠠᠶ ᠲᠣᠰᠬᠤᠨ ᠤ ᠠᠷᠠᠳ ᠤᠨ

ᠵᠥᠪᠯᠡᠯ ᠤᠨ ᠡᠷᠬᠢᠯᠡᠭᠴᠢ ᠪᠠ ᠲᠣᠰᠬᠤᠨ ᠤ ᠨᠠᠮ ᠤᠨ ᠡᠭᠦᠷ ᠤᠨ ᠱᠦᠵᠢ ᠶᠢᠨ ᠲᠤᠰᠢᠶᠠᠯ ᠢ ᠤᠷᠢᠳ ᠬᠤᠵᠢᠳ

ᠡᠭᠦᠷᠭᠡᠯᠡᠵᠦ᠂ ᠬᠡᠳᠦᠨ ᠠᠷᠪᠠᠨ ᠵᠢᠯ ᠤᠨ ᠲᠤᠷᠰᠢ᠂ ᠲᠡᠷᠡ ᠵᠣᠪᠠᠭᠤᠷᠢ ᠵᠦᠳᠡᠭᠦᠷᠢ ᠶᠢ ᠬᠦᠯᠢᠴᠡᠨ ᠲᠡᠰᠪᠦᠷᠢᠯᠡᠵᠦ᠂

ᠲᠣᠰᠬᠤᠨ ᠤ ᠠᠷᠠᠳ ᠤᠨ ᠪᠤᠳᠤᠭᠰᠠᠨ ᠢ ᠪᠤᠳᠤᠵᠤ᠂ ᠲᠣᠰᠬᠤᠨ ᠤ ᠠᠷᠠᠳ ᠤᠨ ᠲᠦᠯᠣᠬᠡ ᠰᠠᠨᠠᠭᠠᠰᠢᠷᠠᠵᠤ

ᠰᠠᠨᠳᠤᠷᠴᠦ ᠪᠠᠶᠢᠳᠠᠭ᠃ ᠲᠥᠷᠥᠯ ᠵᠦᠢᠯ ᠢ ᠡᠷᠢᠯᠬᠢᠯᠡᠨ᠂ ᠪᠡᠯᠡ ᠮᠥᠩᠭᠦ ᠣᠷᠣᠭᠤᠯᠵᠤ ᠠᠪᠴᠢᠷᠠᠬᠤ᠂ ᠲᠣᠰᠬᠤᠨ ᠤ

ᠠᠷᠠᠳ ᠢ ᠳᠠᠭᠠᠭᠤᠯᠤᠨ ᠵᠢᠮᠢᠰ ᠤᠨ ᠬᠦᠷᠢᠶᠡᠯᠡᠩ ᠢ ᠬᠥᠭᠵᠢᠭᠦᠯᠵᠦ ᠲᠠᠭᠲᠠᠭ᠎ᠠ ᠲᠡᠵᠢᠬᠡᠬᠦ ᠲᠠᠯᠠᠪᠠᠶ ᠪᠠᠶᠢᠭᠤᠯᠤᠨ᠂

ᠲᠣᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠵᠠᠶ᠃ ᠲᠣᠰᠬᠤᠨ ᠤ ᠠᠷᠠᠳ ᠢ ᠬᠥᠲᠥᠯᠥᠨ

ᠵᠢᠯᠣᠭᠤᠳᠴᠤ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠣᠭᠰᠠᠨ ᠠᠴᠠ ᠲᠣᠰᠬᠤᠨ ᠤ ᠠᠷᠠᠳ ᠲᠡᠭᠦᠨ ᠢ ︽

ᠰᠠᠶᠢᠨ ᠱᠦᠵᠢ︾ ᠭᠡᠳᠡᠭ᠃ ᠲᠡᠭᠦᠨ ᠤ ᠳᠠᠭᠠᠭᠤᠯᠤᠭᠰᠠᠨ ᠨᠠᠮ ᠤᠨ ᠡᠭᠦᠷ ᠨᠢ ᠤᠯᠠᠨ ᠤᠳᠠᠭ᠎ᠠ ᠬᠤᠳᠠ ᠶᠢᠨ

ᠲᠡᠰ ᠤᠨ ︽ᠲᠡᠷᠢᠭᠦᠨ ᠤ ᠨᠠᠮ ᠤᠨ ᠡᠭᠦᠷ︾ ᠢᠶᠠᠷ ᠦᠨᠡᠯᠡᠭᠳᠡᠵᠦ᠂ ᠲᠡᠷᠡ ᠥᠪᠡᠷ ᠢᠶᠠᠨ ᠴᠦ ᠥᠪᠡᠷᠲᠡᠭᠡᠨ ᠵᠠᠰᠠᠬᠤ

ᠣᠷᠣᠨ᠂ ᠬᠤᠳᠠ ᠶᠢᠨ ︽ᠰᠢᠯᠢᠳᠡᠭ ᠭᠠᠴᠠᠭ᠎ᠠ ᠲᠣᠰᠬᠤᠨ ᠤ ᠲᠡᠷᠢᠭᠦᠨ ᠤ ᠨᠠᠮ ᠤᠨ ᠡᠭᠦᠷ ᠤᠨ ᠱᠦᠵᠢ︾ ᠪᠠᠷ

ᠦᠨᠡᠯᠡᠭᠳᠡᠪᠡ᠃

        ᠣᠨ ᠵᠢᠯ ᠤᠨ ᠤᠯᠠᠷᠢᠯ ᠳᠤ᠂ ᠤᠯᠠᠭᠠᠨᠴᠠᠪ ᠤᠨ ᠦᠷᠨᠢᠨ ᠬᠦᠭᠵᠢᠯᠳᠠ ᠶᠢᠨ ᠠᠶᠡᠨ ᠳᠤ᠂ ᠠᠷᠠᠳ

ᠲᠦᠮᠡᠨ ᠤ ᠬᠡᠪ ᠳᠠᠭᠤᠷᠢᠶᠠᠯ — ᠲᠦᠬᠦ᠋ᠢᠮ᠎ᠡ ᠨᠠᠰᠣᠳᠡᠨ᠂ ᠪᠥᠬᠦ ᠤᠯᠤᠰ ᠤᠨ ᠰᠢᠯᠢᠳᠡᠭ ᠵᠣᠬᠢᠶᠠᠨ ᠪᠠᠶᠢᠭᠤᠯᠬᠤ

ᠠᠵᠢᠯ ᠤᠨ ᠺᠠᠳ᠋ᠷ — ᠯᠦ ᠢᠦᠶ ᠪᠦᠦ᠂ ᠤᠮᠠᠷᠠᠲᠤ ᠬᠢᠯᠢ ᠶᠢᠨ ᠬᠡᠪ ᠳᠠᠭᠤᠷᠢᠶᠠᠯ — ᠲᠣᠰᠬᠤᠨ ᠳᠤ ᠰᠠᠭᠤᠭ᠎ᠠ

ᠨᠢᠭᠡᠳᠦᠭᠡᠷ ᠱᠦᠵᠢ ᠰᠢᠶᠧ ᠯᠢᠶᠠᠩ ᠵᠡᠷᠭᠡ ᠦᠶ᠎ᠡ ᠦᠶ᠎ᠡ ᠶᠢᠨ᠂ ᠪᠦᠯᠦᠭ ᠪᠦᠯᠦᠭ ᠰᠢᠯᠢᠳᠡᠭ ᠳᠤᠮᠳᠠᠳᠤ ᠤᠯᠤᠰ ᠤᠨ

ᠡᠪ ᠬᠠᠮᠲᠤ ᠨᠠᠮ ᠤᠨ ᠭᠡᠰᠢᠭᠦᠨ ᠴᠣᠯᠭᠤᠷᠠᠨ ᠭᠠᠷᠴᠤ᠂ ᠲᠡᠳᠠ ᠣᠯᠠᠨ ᠲᠦᠮᠡᠨ ᠳᠤ ᠪᠤᠶᠠᠨ  ᠦᠢᠯᠡᠳᠴᠦ᠂ ᠴᠠᠭ

ᠢᠮᠠᠭᠲᠠ ᠮᠥᠷᠥᠨ ᠳᠡᠭᠡᠷᠡᠬᠢ ᠬᠦᠨᠳᠦ ᠬᠠᠷᠢᠭᠤᠴᠠᠯᠭ᠎ᠠ ᠪᠠ ᠢᠲᠡᠭᠡᠯ ᠨᠡᠶᠢᠳᠠᠪᠣᠷᠢ ᠪᠠᠨ ᠴᠡᠬᠡᠵᠢᠯᠠᠵᠣ᠂ ᠭᠠᠵᠠᠷ

ᠪᠣᠯᠭᠠᠨ ᠳᠤ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠪᠠᠳᠠᠷᠠᠭᠤᠯᠵᠤ᠂ ᠤᠭ ᠰᠠᠨᠠᠭ᠎ᠠ ᠪᠠ ᠡᠭᠦᠷᠭᠡ

ᠬᠠᠷᠢᠭᠤᠴᠠᠯᠭ᠎ᠠ ᠶᠢᠨ ᠦᠨᠡᠨ ᠤᠳᠬ᠎ᠠ ᠶᠢ ᠦᠪᠡᠷ ᠤᠨ ᠪᠤᠳᠠᠳᠤ ᠠᠵᠢᠯᠯᠠᠭ᠎ᠠ ᠪᠠᠷ ᠢᠶᠠᠨ ᠲᠡᠶᠢᠯᠣᠮᠵᠢ ᠬᠢᠪᠠ᠃

          6 ᠰᠠᠷ᠎ᠠ ᠶᠢᠨ 28 ᠤ ᠡᠳᠦᠷ᠂ ᠴᠠᠬᠠᠷ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ

ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠭᠠᠶᠢᠯᠢ ᠶᠢᠨ ᠶᠠᠪᠤᠳᠠᠯ ᠤᠨ ᠶᠡᠭᠡ ᠲᠢᠩᠬᠢᠮ ᠤᠨ ᠨᠠᠮ ᠤᠨ ᠭᠡᠰᠢᠭᠦᠨ ᠤ

ᠵᠢᠱᠢᠶ᠎ᠡ ᠦᠵᠡᠭᠦᠯᠬᠦ ᠠᠵᠢᠯ ᠤᠨ ᠪᠠᠶᠢᠷᠢ ᠶᠢᠨ ᠠᠵᠢᠯᠲᠠᠨ ᠭᠠᠶᠢᠯᠢ ᠲᠤᠰᠢᠶᠠᠭᠴᠢ ᠳᠤ ᠬᠦᠯᠢᠴᠡᠩᠭᠦᠢ ᠪᠠᠷ ᠨᠠᠷᠢᠨ

ᠨᠢᠮᠪᠠᠢ ᠪᠠᠷ ᠠᠵᠢᠯ ᠶᠠᠪᠣᠳᠠᠯ ᠢ ᠨᠢ ᠬᠦᠢᠴᠡᠳᠬᠡᠵᠣ ᠥᠭᠪᠡ᠃ ᠤᠢᠢᠷ᠎ᠠ ᠶᠢᠨ ᠵᠢᠯ ᠳᠤ᠂ ᠥᠪᠥᠷ ᠮᠣᠩᠭᠤᠯ ᠤᠨ

ᠴᠠᠬᠠᠷ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠢᠮᠠᠭᠲᠠ

ᠨᠠᠮ ᠤᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠬᠤ ᠠᠵᠢᠯ ᠢ ᠪᠠᠷᠢᠮᠲᠠᠯᠠᠵᠤ᠂ ᠨᠠᠮ ᠤᠨ ᠭᠡᠰᠢᠭᠦᠨ ᠤ

ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠪᠠ᠃ ᠭᠠᠶᠢᠯᠢ ᠭᠦᠢᠴᠡᠳᠬᠡᠬᠦ

ᠦᠢᠯᠡᠴᠢᠯᠡᠭᠡᠨ ᠤ ᠲᠢᠩᠬᠢᠮ ᠳᠤ ︽ᠨᠠᠮ ᠤᠨ ᠭᠡᠰᠢᠭᠦᠨ ᠤ ᠵᠢᠱᠢᠶ᠎ᠡ ᠦᠵᠡᠭᠦᠯᠬᠦ ᠠᠵᠢᠯ ᠤᠨ ᠪᠠᠶᠢᠷᠢ︾ ᠭᠠᠷᠭᠠᠵᠤ᠂

ᠨᠠᠮ ᠤᠨ ᠭᠡᠰᠢᠭᠦᠨ ᠤ ᠪᠡᠶ᠎ᠡ ᠶᠢᠨ ᠭᠠᠷᠤᠯ ᠢᠶᠠᠨ ᠢᠯᠡᠷᠡᠭᠦᠯᠵᠦ᠂ ᠬᠠᠪᠰᠤᠷᠬᠤ ᠳᠠᠭᠠᠭᠤᠯᠬᠤ ᠦᠢᠯᠡᠳᠦᠯ ᠢᠶᠠᠨ

ᠪᠠᠳᠠᠷᠠᠭᠤᠯᠵᠣ᠂ ᠭᠠᠶᠢᠯᠢ ᠲᠤᠰᠢᠶᠠᠭᠴᠢ ᠳᠤ ᠲᠤᠰᠬᠠᠶ ᠵᠥᠪᠯᠡᠯᠭᠡ ᠥᠭᠬᠦ᠂ ᠲᠥᠷᠥ ᠶᠢᠨ ᠪᠣᠳᠣᠯᠭ᠎ᠠ ᠶᠢᠨ ᠬᠠᠪᠰᠤᠷᠤᠨ

ᠵᠢᠯᠣᠭᠤᠳᠣᠯᠭ᠎ᠠ ᠬᠢᠬᠦ᠂ ᠮᠠᠲ᠋ᠧᠷᠢᠶᠠᠯ ᠢ ᠤᠷᠢᠳᠴᠢᠯᠠᠨ ᠬᠢᠨᠠᠬᠤ᠂ ᠰᠦᠯᠵᠢᠶᠡᠨ ᠳᠡᠭᠡᠷ᠎ᠡ ᠬᠠᠪᠰᠤᠷᠤᠨ ᠵᠢᠯᠣᠭᠤᠳᠬᠤ

ᠵᠡᠷᠭᠡ ᠦᠢᠯᠡᠴᠢᠯᠡᠭᠡ ᠬᠠᠩᠭᠠᠵᠤ᠂ ᠭᠠᠶᠢᠯᠢ ᠲᠤᠰᠢᠶᠠᠭᠴᠢ ᠶᠢᠨ ᠭᠠᠶᠢᠯᠢ ᠭᠦᠢᠴᠡᠳᠬᠡᠬᠦ ᠶᠢ ᠰᠠᠨᠠᠭᠠᠴᠢᠯᠠᠭ᠎ᠠ ᠠᠴᠠ ᠪᠠᠨ

ᠬᠥᠲᠥᠯᠥᠨ ᠵᠢᠯᠣᠭᠤᠳᠴᠤ᠂ ᠭᠠᠶᠢᠯᠢ ᠲᠤᠰᠢᠶᠠᠬᠤ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃

        ︽ᠲᠩᠷᠢ ᠲᠤᠯᠤᠮ᠎ᠠ ᠮᠣᠳᠣᠨ ᠳᠤ ᠦᠨᠳᠦᠰᠦ ᠪᠠᠶᠢᠬᠤ ᠶᠣᠰᠣᠲᠠᠢ︔ ᠠᠭᠤᠯᠠ ᠶᠢ ᠲᠣᠭᠤᠷᠢᠭᠰᠠᠨ

ᠤᠰᠤᠨ ᠳᠤ ᠡᠬᠢ ᠪᠠᠶᠢᠬᠤ ᠨᠢ ᠵᠦᠢᠳᠡᠢ᠃︾ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠨᠢ ᠮᠠᠨ ᠤ ᠨᠠᠮ ᠤᠨ

ᠬᠦᠰᠡᠯ ᠡᠷᠡᠮᠡᠯᠵᠡᠯ ᠪᠠ ᠢᠲᠡᠭᠡᠯ ᠵᠣᠷᠢᠭ᠂ ᠬᠠᠷᠢᠭᠤᠴᠠᠯᠭ᠎ᠠ ᠪᠠ ᠡᠭᠦᠷᠭᠡᠯᠡᠯ ᠤᠨ ᠠᠴᠢᠶᠠᠯᠠᠪᠣᠷᠢ ᠮᠦᠨ᠃

         ᠳᠤᠮᠳᠠᠳᠤ ᠤᠯᠤᠰ ᠤᠨ ᠡᠪ ᠬᠠᠮᠲᠤ ᠨᠠᠮ ᠤᠨ 99 ᠨᠠᠰᠤᠨ ᠤ ᠲᠥᠷᠥᠭᠰᠡᠨ ᠡᠳᠦᠷ ᠬᠦᠷᠴᠦ ᠢᠷᠡᠬᠦ

ᠲᠠᠰᠢᠷᠠᠮ ᠢᠶᠠᠷ᠂ ᠤᠯᠠᠭᠠᠨᠴᠠᠪ ᠬᠤᠳᠠ ᠶᠢᠨ ᠦᠷᠭᠡᠨ ᠤᠯᠠᠨ ᠨᠠᠮ ᠤᠨ ᠭᠡᠰᠢᠭᠦᠨ ᠪᠦᠬᠦ ᠬᠤᠳᠠ ᠶᠢᠨ ᠦᠷᠬᠡᠨ ᠣᠯᠡᠨ

ᠲᠦᠮᠡᠨ ᠳᠤ᠄ ᠶᠠᠮᠠᠷᠪᠠ ᠠᠶᠤᠯ ᠲᠦᠭᠰᠢᠭᠦᠷᠢ ᠥᠷᠢᠰᠥᠯᠳᠦᠭᠡᠨ ᠳᠤ ᠲᠤᠯᠭᠠᠷᠠᠭᠰᠠᠨ ᠴᠤ᠂ ᠳᠤᠮᠳᠠᠳᠤ ᠤᠯᠤᠰ ᠤᠨ

ᠡᠪ ᠬᠠᠮᠲᠤᠴᠤᠳ ᠤᠨ ᠤᠬ ᠰᠠᠨᠠᠭ᠎ᠠ ᠡᠭᠦᠷᠢᠳᠡ ᠬᠤᠪᠢᠷᠠᠰᠢ ᠦᠭᠡᠢ᠂ ᠬᠦᠰᠡᠯ ᠵᠡᠭᠦᠳᠦ ᠪᠠᠨ ᠬᠥᠭᠡᠭᠡᠴᠡᠯᠳᠦᠬᠦ

ᠠᠯᠬᠤᠭ᠎ᠠ ᠡᠭᠦᠷᠢᠳᠡ ᠵᠤᠬᠰᠤᠰᠢ ᠦᠭᠡᠢ ᠶᠤᠮ ᠭᠡᠵᠦ ᠳᠠᠬᠢᠨᠲᠠ ᠲᠠᠩᠭᠠᠷᠢᠭᠯᠠᠪᠠ᠃

        ᠬᠤᠶᠠᠷ᠂ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠰᠦᠯᠵᠢᠶᠡᠨ ᠤ

ᠮᠣᠩᠭᠤᠯ ᠸᠢᠴᠠᠲ ᠤᠨᠣᠯᠠᠨ ᠨᠡᠶᠢᠲᠡ ᠶᠢᠨ ᠲᠠᠪᠴᠠᠩ ᠨᠢ ᠨᠠᠮ ᠪᠠᠶᠢᠭᠤᠯᠤᠭᠳᠠᠭᠰᠠᠨ 99 ᠵᠢᠯ ᠤᠨ ᠣᠢ ᠶᠢᠨ

ᠲᠤᠰᠬᠠᠢ ᠵᠢᠷᠤᠭᠲᠤ ᠨᠡᠶᠢᠲᠡᠯᠡᠯ ᠨᠡᠶᠢᠲᠡᠯᠡᠵᠦ᠂ ᠨᠠᠮ ᠪᠠᠶᠢᠭᠤᠯᠤᠭᠳᠠᠭᠰᠠᠨ 99 ᠵᠢᠯ ᠤᠨ ᠣᠢ ᠶᠢᠨ ᠪᠠᠶᠠᠷ ᠤᠨ

ᠦᠪᠡᠳᠡᠭᠰᠢ ᠴᠠᠭ ᠮᠦᠴᠡ ᠶᠢ ᠲᠡᠮᠳᠡᠭᠯᠡᠭᠰᠡᠨ ᠪᠠᠶᠢᠨ᠎ᠠ᠃

 

                           

                                                      ᠨᠠᠶᠢᠷᠠᠭᠤᠯᠤᠭᠴᠢ᠄ ᠭᠤᠸ᠎ᠠ

                                                      ᠬᠢᠨᠠᠭᠴᠢ᠄ ᠭᠡᠷᠡᠯᠲᠦ

                             

 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2