︽ᠳᠣᠯᠣᠭᠠᠨ ᠰᠠᠷ᠎ᠠ ᠶᠢᠨ ᠨᠢᠭᠡᠨ︾ ᠤ ᠲᠤᠰᠬᠠᠢ ᠮᠡᠳᠡᠭᠡᠯᠡᠯ ︵ᠬᠤᠶᠠᠷ︶
ᠨᠡᠶᠢᠲᠡᠯᠡᠭᠰᠡᠨ ᠴᠠᠭ᠄
2020/7/6
      ︽ᠳᠣᠯᠣᠭᠠᠨ ᠰᠠᠷ᠎ᠠ ᠶᠢᠨ ᠨᠢᠭᠡᠨ︾ ᠤ ᠨᠠᠮ ᠪᠠᠶᠢᠭᠤᠯᠤᠭᠳᠠᠭᠰᠠᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ ᠮᠠᠨ ᠤ ᠬᠤᠲᠠ ᠶᠢᠨ ᠡᠯ᠎ᠡ ᠭᠠᠵᠠᠷ ᠴᠦᠮ ᠢᠯᠡ ᠲᠣᠳᠣ ᠭᠤᠤᠯ ᠰᠡᠳᠦᠪ ᠲᠠᠢ ᠪᠡᠯᠭᠡᠯᠡᠬᠦ ᠠᠵᠢᠯᠯᠠᠭ᠎ᠠ ᠥᠷᠨᠢᠭᠦᠯᠪᠡ᠃ ᠮᠦᠨᠴᠦ ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 99 ᠵᠢᠯ ᠤᠨ ᠣᠢ ᠪᠣᠯᠣᠨ᠎ᠠ᠂ ᠮᠠᠨ ᠤ ᠬᠤᠲᠠ ᠶᠢᠨ ᠡᠯ᠎ᠡ ᠭᠠᠵᠠᠷ ᠤᠨ ᠬᠢᠨ ᠴᠦᠮ ᠡᠯ᠎ᠡ ᠵᠦᠢᠯ ᠤᠨ ᠳᠤᠷᠠᠰᠬᠠᠨ ᠲᠡᠮᠳᠡᠭᠯᠡᠬᠦ ᠠᠵᠢᠯᠯᠠᠭ᠎ᠠ ᠥᠷᠨᠢᠭᠦᠯᠵᠦ᠂ ᠨᠠᠮ ᠤᠨ ᠭᠡᠷᠡᠯ ᠰᠠᠴᠤᠷᠠᠩᠭᠤᠶ ᠲᠡᠤᠬᠡ ᠶᠢ ᠡᠷᠭᠢᠴᠡᠭᠦᠯᠵᠦ᠂ ᠨᠠᠮ ᠤᠨ ᠠᠭᠤᠤ ᠭᠠᠪᠢᠶ᠎ᠠ ᠠᠤᠭ᠎ᠠ ᠵᠢᠳᠬᠦᠯ ᠢ ᠮᠠᠭᠲᠠᠨ ᠳᠠᠭᠤᠯᠠᠵᠤ᠂ ᠨᠠᠮ ᠤᠨ ᠡᠨᠡᠷᠢᠯ ᠬᠠᠶᠢᠷ᠎ᠠ ᠶᠢ ᠪᠠᠲᠤ ᠴᠡᠭᠡᠵᠢᠯᠡᠵᠦ᠂ ᠨᠠᠮ ᠤᠨ ᠵᠣᠷᠢᠯᠲᠠ ᠶᠢ ᠦᠢᠯᠡᠳᠦᠯᠭᠡᠵᠢᠭᠦᠯᠵᠦ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠢ ᠵᠣᠷᠢᠭᠵᠢᠭᠤᠯᠤᠨ ᠳᠠᠶᠢᠴᠢᠨ ᠪᠠᠬᠢᠯᠡᠯᠲᠡ ᠪᠣᠯᠤᠨ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠶᠢᠨ ᠲᠥᠯᠥᠭᠡ ᠴᠢᠷᠮᠠᠶᠢᠨ ᠲᠡᠮᠡᠴᠡᠭᠦᠯᠬᠦ ᠢᠲᠡᠭᠡᠯ ᠵᠣᠷᠢᠭ ᠢ ᠨᠢ ᠬᠥᠪᠴᠢᠯᠡᠭᠰᠡᠨ ᠪᠠᠶᠢᠨ᠎ᠠ᠃        ᠭᠤᠷᠪᠠ᠂  ᠹᠧᠩᠵᠧᠨ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠢ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ ᠤᠨ ᠨᠠᠮ ᠤᠨ ᠡᠭᠦᠷ ᠤᠨ ᠨᠠᠮ ᠪᠠᠶᠢᠭᠤᠯᠤᠭᠳᠠᠭᠰᠠᠨ 99 ᠵᠢᠯ ᠤᠨ ᠤᠢ ᠶᠢ ᠳᠤᠷᠠᠰᠬᠠᠬᠤ ᠠᠵᠢᠯᠯᠠᠭ᠎ᠠ ᠳᠤ ᠣᠷᠣᠯᠴᠠᠭᠰᠠᠨ ᠪᠦᠭᠡᠳ ᠲᠤᠰᠬᠠᠶ ᠰᠡᠳᠦᠪᠲᠦ ᠬᠢᠴᠢᠶᠡᠯ ᠣᠷᠣᠪᠠ           6 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠬᠡᠷ ᠤᠨ ᠨᠠᠮ ᠤᠨ ᠡᠭᠦᠷ ᠨᠠᠮ ᠪᠠᠶᠢᠭᠤᠯᠤᠬᠳᠠᠬᠰᠠᠨ 99 ᠵᠢᠯ ᠤᠨ ᠣᠶ ᠶᠢ ᠲᠤᠷᠠᠰᠬᠠᠬᠤ ᠠᠵᠢᠯᠯᠠᠭ᠎ᠠ ᠦᠷᠨᠢᠬᠦᠯᠵᠦ᠂ ᠬᠤᠲᠠ ᠶᠢᠨ ᠨᠠᠮ ᠤᠨ ᠬᠤᠷᠢᠶᠠᠨ ᠤ ᠱᠦᠵᠢ ᠨᠠᠮ ᠤᠨ ᠬᠢᠴᠢᠶᠡᠯ ᠤᠷᠤᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠢ ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ ᠼᠤᠤ ᠶᠠᠨ ᠯᠢᠨ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠮᠠᠨ ᠤ ᠬᠤᠲᠠ ᠳᠤ ᠰᠠᠭᠤᠭ᠎ᠠ ᠠᠵᠢᠯᠯᠠᠬᠤ ᠠᠩᠭᠢ ᠶᠢᠨ ᠶᠡᠷᠦᠩᠬᠡᠶ ᠳᠠᠷᠤᠭ᠎ᠠ ᠳ᠋ᠤᠸᠠᠨ ᠯᠢᠶᠠᠨ ᠤᠣ ᠨᠠᠷ ᠠᠵᠢᠯᠯᠠᠭ᠎ᠠ ᠳᠤ ᠣᠷᠣᠯᠴᠠᠪᠠ᠃       ᠬᠤᠷᠠᠯ ᠳᠡᠭᠡᠷ᠎ᠡ᠂ ᠸᠠᠩ ᠵᠧᠨ ᠬᠠᠢ ︽ᠬᠦᠴᠦᠯᠡᠨ ᠴᠢᠷᠮᠠᠶᠢᠵᠤ ᠪᠠᠶᠢᠭᠠᠳ  ︿ᠵᠢᠷᠭᠤᠭᠠᠨ ᠴᠠᠭᠠᠷᠠᠭᠰᠠᠨ﹀ ᠢᠶᠠᠷ ᠰᠢᠨ᠎ᠡ ᠴᠠᠭ ᠦᠶ᠎ᠡ ᠶᠢᠨ ︿ᠭᠤᠷᠪᠠ ᠳᠤ ᠦᠢᠯᠡᠴᠢᠯᠡᠬᠦ﹀ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ  ᠠᠬᠢᠭᠤᠯᠤᠶ᠎ᠠ︾ ᠭᠡᠬᠦ ᠰᠡᠳᠦᠪ ᠢᠶᠠᠷ ᠨᠠᠮ ᠤᠨ ᠬᠢᠴᠢᠶᠡᠯ ᠣᠷᠣᠪᠠ᠃       ᠸᠠᠩ ᠵᠧᠨ ᠬᠠᠢ᠄ ᠮᠠᠨ ᠤ ᠨᠠᠮ ᠪᠣᠯ ᠮᠠᠷᠺᠰ ᠤᠨ ᠦᠵᠡᠯ ᠤᠨ ᠲᠦᠷᠦ ᠶᠢᠨ ᠨᠠᠮ ᠮᠥᠨ᠂ ᠳᠤᠮᠳᠠᠳᠤ ᠤᠯᠤᠰ ᠤᠨ ᠠᠵᠢᠯᠴᠢᠨ ᠠᠩᠬᠢ ᠶᠢᠨ ᠬᠤᠰᠢᠭᠤᠴᠢ ᠠᠩᠬᠢ ᠮᠥᠨ᠂ ᠳᠤᠮᠳᠠᠳᠤ ᠤᠯᠤᠰ ᠤᠨ ᠠᠷᠠᠳ ᠲᠦᠮᠡᠨ ᠪᠠ ᠳᠤᠮᠳᠠᠳᠤ ᠶᠢᠨ ᠦᠨᠳᠦᠰᠦᠲᠡᠨ ᠤ ᠬᠤᠰᠢᠭᠤᠴᠢ ᠠᠩᠬᠢ ᠮᠥᠨ᠃ 99 ᠵᠢᠯ ᠤᠨ ᠲᠡᠮᠡᠴᠡᠯ ᠤᠨ ᠥᠩᠭᠡᠷᠡᠯᠲᠡ ᠳᠤᠮᠳᠠ᠂ ᠨᠠᠮ ᠠᠷᠠᠳ ᠲᠦᠮᠡᠨ ᠢ ᠳᠠᠭᠠᠭᠤᠯᠤᠨ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠦᠷᠡᠭᠳᠡᠯ ᠰᠦᠢᠳᠦᠯ ᠠᠴᠠ ᠠᠶᠤᠬᠤ ᠦᠭᠡᠢ᠂ ᠴᠢᠰᠤ ᠤᠷᠤᠰᠬᠠᠨ ᠪᠠᠶᠢᠯᠳᠤᠵᠤ᠂ ᠨᠡᠶᠢᠭᠡᠮ ᠵᠢᠷᠤᠮᠲᠤ ᠰᠢᠨ᠎ᠡ ᠳᠤᠮᠳᠠᠳᠤ ᠤᠯᠤᠰ ᠢ ᠪᠠᠶᠢᠭᠤᠯᠪᠠ᠃ 99 ᠵᠢᠯ ᠤᠨ ᠶᠡᠷᠦ ᠪᠤᠰᠤ ᠶᠢᠨ ᠥᠩᠭᠡᠷᠡᠯᠲᠡ ᠭᠠᠰᠠᠯᠠᠩ ᠵᠣᠪᠠᠯᠠᠩ ᠪᠠ ᠬᠡᠷᠡᠯ ᠰᠠᠴᠤᠷᠠᠩᠭᠤᠶ ᠠᠮᠵᠢᠯᠲᠠ᠂ ᠨᠤᠭᠤᠷᠠᠯ ᠪᠦᠳᠦᠷᠢᠯ ᠪᠠ ᠢᠯᠠᠯᠲᠠ᠂ ᠦᠷᠡᠭᠳᠡᠯ ᠪᠠ ᠣᠯᠤᠯᠲᠠ ᠳᠦᠭᠦᠷᠡᠩ ᠪᠠᠶᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠠᠮᠵᠢᠯᠳᠠᠳᠠᠢ ᠪᠠᠷ ᠳᠠᠭᠠᠭᠤᠯᠤᠨ ᠪᠣᠰᠴᠤ ᠵᠣᠭᠰᠣᠭᠰᠠᠨ ᠪᠠ ᠪᠠᠶᠠᠵᠢᠯ ᠠᠴᠠ ᠪᠠᠨ ᠬᠦᠴᠦᠷᠬᠡᠭᠵᠢᠭᠰᠡᠨ ᠠᠭᠤᠤ ᠶᠡᠭᠡ ᠲᠠᠪᠠᠯᠳᠠ ᠶᠢ ᠪᠡᠶᠡᠯᠡᠭᠦᠯᠪᠡ   ᠬᠡᠪᠡ᠃        ᠮᠠᠨ ᠤ ᠨᠠᠮ ᠶᠡᠷᠦ ᠠᠴᠠ ᠨᠠᠮ ᠤᠨ ᠬᠤᠷᠢᠶᠠᠨ ᠤ ᠠᠯᠪᠠᠨ ᠲᠢᠩᠬᠢᠮ ︵ᠠᠯᠪᠠᠨ ᠭᠡᠷ︶ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠳᠡᠭ᠂ ᠶᠡᠷᠦᠩᠬᠡᠢ ᠱᠦᠵᠢ ᠰᠢ ᠶᠢᠨ ᠫᠢᠩ ᠪᠠᠰᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ︾ ᠤᠨ ᠠᠵᠢᠯ ᠳᠤ ᠤᠯᠠᠨ ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠦᠭᠪᠡ᠃ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ ᠪᠣᠯ ᠬᠤᠲᠠ ᠶᠢᠨ ᠨᠠᠮ ᠤᠨ ᠬᠤᠷᠢᠶᠠᠨ ᠤ ᠬᠡᠷᠡᠭ ᠡᠷᠬᠢᠯᠡᠬᠦ ᠶᠡᠷᠤᠩᠭᠡᠶᠢᠯᠡᠭᠰᠡᠨ ᠪᠠᠶᠢᠭᠤᠯᠤᠮᠵᠢ ᠮᠥᠨ᠂ ᠲᠡᠷᠡ ᠨᠢ ᠳᠡᠭᠡᠷᠡᠬᠢ ᠶᠢ ᠵᠠᠯᠭᠠᠮᠵᠢᠯᠠᠨ ᠳᠣᠷᠣᠭᠰᠢ ᠤᠯᠠᠮᠵᠢᠯᠠᠵᠤ᠂ ᠵᠡᠬᠦᠨ ᠪᠠᠷᠠᠭᠤᠨ ᠢ ᠲᠤᠬᠢᠷᠠᠭᠤᠯᠬᠤ ᠲᠥᠪ ᠪᠠᠶᠢᠷᠢᠨ ᠳᠤ ᠣᠷᠣᠰᠢᠵᠤ ᠪᠠᠶᠢᠳᠠᠭ᠃ ᠰᠢᠨ᠎ᠡ ᠪᠠᠶᠢᠳᠠᠯ ᠳᠣᠣᠷ᠎ᠠ ᠨᠠᠮ ᠤᠨ ᠬᠤᠷᠢᠶᠠᠨ ᠤ ᠠᠯᠪᠠᠨ ᠭᠡᠷ ᠤᠨ ᠦᠢᠯᠡᠴᠢᠯᠡᠭᠡᠨ ᠤ ᠬᠦᠷᠢᠶ᠎ᠡ ᠥᠷᠭᠡᠳᠴᠦ᠂ ᠦᠢᠯᠡᠴᠢᠯᠡᠭᠡᠨ ᠤ ᠡᠭᠦᠷᠭᠡ ᠬᠦᠨᠳᠤᠷᠡᠵᠦ᠂ ᠦᠢᠯᠡᠴᠢᠯᠡᠭᠡᠨ ᠤ ᠬᠦᠴᠢᠷᠳᠡᠯ ᠶᠡᠬᠡᠰᠴᠦ ᠪᠠᠶᠢᠭ᠎ᠠ ᠪᠠᠶᠢᠳᠠᠯ  ᠲᠠᠢ᠂ ᠡᠶᠢᠨᠬᠦ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ ᠡᠷᠬᠡᠪᠰᠢ ᠨᠡᠩ ᠥᠨᠳᠥᠷ ᠪᠠᠷᠢᠮᠵᠢᠶ᠎ᠠ ᠪᠠᠷ ᠣᠷᠣᠨ ᠪᠠᠶᠢᠷᠢ ᠪᠠᠨ ᠤᠯᠵᠦ ᠬᠠᠷᠠᠯᠲᠠ ᠪᠠᠨ ᠲᠣᠭᠲᠠᠭᠠᠬᠤ ᠬᠡᠷᠡᠭᠲᠡᠶ᠃ ᠨᠠᠩ ᠴᠢᠩᠭ᠎ᠠ ᠱᠠᠭᠠᠷᠳᠠᠯᠭ᠎ᠠ ᠪᠠᠷ ᠬᠤᠰᠢᠭᠤᠴᠢ ᠪᠣᠯᠬᠤ ᠪᠠᠷ ᠴᠢᠷᠮᠠᠶᠢᠵᠤ᠂ ᠲᠡᠷᠢᠭᠦᠨ ᠤ ᠬᠢ ᠶᠢ ᠡᠭᠦᠳᠴᠦ᠂ ᠤᠯᠤᠰ ᠲᠥᠷᠥ ᠶᠢᠨ ᠲᠠᠯ᠎ᠠ ᠪᠠᠷ᠂ ᠠᠵᠢᠯ ᠤᠨ ᠲᠠᠯ᠎ᠠ ᠪᠠᠷ᠂ ᠣᠪᠣᠷ ᠰᠤᠷᠲᠠᠯ ᠤᠨ ᠲᠠᠯ᠎ᠠ ᠪᠠᠷ ᠪᠥᠬᠦ ᠲᠠᠯ᠎ᠠ ᠪᠠᠷ ᠴᠢᠩᠭ᠎ᠠ ᠬᠡᠪ ᠳᠠᠭᠤᠷᠢᠶᠠᠯ ᠪᠣᠯᠬᠤ ᠬᠡᠷᠡᠭᠲᠡᠶ ᠭᠡᠵᠡᠢ᠃       ᠸᠠᠩ ᠵᠧᠨ ᠬᠠᠢ᠄ ᠡᠷᠡᠰ ᠦᠨᠡᠨᠴᠢ ᠰᠢᠳᠤᠷᠭᠤ ᠪᠠᠶᠢᠵᠤ᠂ ᠤᠯᠤᠰ ᠲᠥᠷᠥ ᠶᠢᠨ ᠬᠡᠪ ᠰᠤᠷᠲᠠᠯ ᠴᠢᠩᠭ᠎ᠠ  ᠪᠠᠶᠢᠬᠤ ᠬᠡᠷᠡᠭ ᠲᠠᠢ︔ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ ᠬᠠᠲᠠᠭᠤ ᠴᠢᠩᠭ᠎ᠠ ᠪᠠᠶᠢᠬᠤ ᠬᠡᠷᠡᠭᠲᠡᠢ︔ ᠭᠠᠷᠮᠠᠭᠠᠢ ᠶᠢ ᠬᠥᠭᠡᠭᠡᠴᠡᠯᠳᠦᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠡᠭᠡᠨ ᠴᠠᠭᠠᠷᠠᠭᠰᠠᠨ ᠪᠠᠶᠢᠬᠤ ᠬᠡᠷᠡᠭᠲᠡᠢ︔ ᠲᠦᠢᠯ ᠢᠶᠠᠷ ᠬᠠᠷᠢᠭᠤᠴᠠᠵᠤ᠂ ᠠᠵᠢᠯ ᠤᠨ ᠰᠤᠷᠲᠠᠯ ᠴᠢᠩᠭ᠎ᠠ ᠪᠠᠶᠢᠬᠤ ᠬᠡᠷᠡᠭᠲᠡᠶ︔ ᠬᠤᠷᠢᠭ᠎ᠠ ᠱᠤᠭᠤᠮ ᠢ ᠪᠠᠲᠤ ᠰᠠᠬᠢᠵᠤ᠂ ᠠᠷᠢᠭᠤᠨ ᠴᠢᠬᠡᠴᠢ ᠪᠠᠷ ᠪᠡᠶ᠎ᠡ ᠪᠠᠨ ᠴᠢᠩᠭ᠎ᠠ ᠱᠠᠭᠠᠷᠳᠠᠬᠤ ᠬᠡᠷᠡᠭᠲᠡᠢ︔ ᠦᠯᠢᠭᠡᠷ ᠳᠠᠭᠤᠷᠢᠶᠠᠯ ᠪᠤᠯᠵᠤ᠂ ᠨᠠᠮ ᠤᠨ ᠡᠭᠦᠷ ᠤᠨ ᠪᠠᠶᠢᠭᠤᠯᠤᠯᠲᠠ ᠪᠠᠲᠤ ᠴᠢᠩᠭ᠎ᠠ ᠪᠠᠶᠢᠬᠤ ᠬᠡᠷᠡᠭᠲᠡᠶ ᠬᠡᠵᠦ ᠱᠠᠭᠠᠷᠳᠠᠪᠠ᠃       ᠸᠠᠩ ᠵᠧᠨ ᠬᠠᠢ ᠴᠢᠬᠤᠯᠠᠴᠢᠯᠠᠬᠤ ᠳᠠᠭᠠᠨ᠄ ᠠᠯᠪᠠᠨ ᠭᠡᠷ ᠪᠣᠯ ᠬᠤᠲᠠ ᠶᠢᠨ ᠨᠠᠮ ᠤᠨ ᠬᠤᠷᠢᠶᠠᠨ ᠤ ᠵᠥᠪᠯᠡᠭᠴᠢ ᠪᠠ ᠲᠤᠰᠠᠯᠠᠬᠴᠢ᠂ ᠳᠦᠷᠢ ᠲᠥᠷᠬᠦ ᠪᠠ ᠴᠣᠩᠬᠤ᠂ ᠬᠥᠭᠦᠷᠭᠡ ᠪᠠ ᠬᠤᠯᠪᠣᠭᠠᠰᠤ᠂ ᠰᠠᠭᠤᠷᠢ ᠪᠠ ᠪᠠᠲᠤᠯᠠᠭ᠎ᠠ ᠪᠣᠯᠤᠨ᠎ᠠ᠃ ᠬᠡᠳᠦ᠋ᠢᠪᠡᠷ ᠠᠯᠪᠠᠨ ᠭᠡᠷ ᠤᠨ ᠠᠵᠢᠯ ᠲᠤᠩ ᠶᠠᠳᠠᠷᠠᠯᠲᠠᠢ᠂ ᠲᠤᠩ ᠶᠠᠭᠠᠷᠠᠤ ᠪᠣᠯᠪᠠᠴᠤ᠂  ᠬᠥᠮᠦᠨ ᠢ ᠲᠦᠢᠯ ᠢᠶᠠᠷ ᠪᠤᠯᠪᠠᠰᠤᠷᠠᠭᠤᠯᠤᠨ ᠬᠠᠲᠠᠭᠤᠵᠢᠭᠤᠯᠵᠤ ᠴᠢᠳᠠᠨ᠎ᠠ᠃ ᠣᠯᠠᠨ ᠢᠶᠠᠷ ᠢᠶᠠᠨ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠠᠯᠪᠠᠨ ᠭᠡᠷ ᠤᠨ ᠠᠵᠢᠯ ᠤᠨ ᠠᠮᠢᠵᠢᠷᠠᠯ ᠤᠨ ᠬᠦᠴᠦᠨ ᠢ ᠪᠠᠲᠤᠯᠠᠵᠤ᠂ ᠠᠵᠢᠯ ᠤᠨ ᠴᠢᠨᠠᠷ ᠴᠢᠨᠰᠠᠭ᠎ᠠ ᠪᠠ ︽ᠭᠤᠷᠪᠠ ᠳᠤ ᠦᠢᠯᠡᠴᠢᠯᠡᠬᠦ︾ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠲᠡᠭᠡᠭᠰᠢᠯᠡᠬᠦᠯᠵᠦ᠂ ᠬᠤᠲᠠ ᠶᠢᠨ ᠨᠠᠮ ᠤᠨ ᠬᠤᠷᠢᠶ᠎ᠠ ᠳᠤ ᠨᠠᠩ ᠰᠠᠶᠢᠨ ᠵᠥᠪᠯᠡᠭᠴᠢ ᠬᠠᠪᠰᠤᠷᠤᠭᠴᠢ ᠪᠣᠯᠵᠤ ᠦᠭᠬᠦ ᠭᠡᠷᠡᠭᠳᠡᠢ ᠭᠡᠵᠡᠢ︕      ᠳᠥᠷᠪᠡ᠂ ᠲᠦᠷᠪᠡᠳ ᠬᠤᠰᠢᠭᠤ ᠨᠠᠮ ᠪᠠᠶᠢᠭᠤᠯᠤᠭᠳᠠᠭᠰᠠᠨ 99 ᠵᠢᠯ ᠤᠨ ᠤᠢ ᠶᠢ ᠪᠡᠯᠬᠡᠯᠡᠬᠦ ᠬᠤᠷᠠᠯ ᠬᠤᠷᠠᠯᠳᠤᠭᠤᠯᠪᠠ      7 ᠰᠠᠷ᠎ᠠ ᠶᠢᠨ 1 ᠤ ᠡᠳᠦᠷ᠂ ᠲᠦᠷᠪᠡᠳ ᠬᠤᠰᠢᠭᠤ ᠨᠠᠮ ᠪᠠᠶᠢᠭᠤᠯᠤᠭᠳᠠᠭᠰᠠᠨ 99 ᠵᠢᠯ ᠤᠨ ᠤᠢ ᠶᠢ ᠪᠡᠯᠬᠡᠯᠡᠬᠦ ᠬᠤᠷᠠᠯ ᠵᠢᠴᠢ ︽ᠲᠤᠯᠤᠭᠠᠨ ᠰᠠᠷ᠎ᠠ ᠶᠢᠨ ᠨᠢᠬᠡᠨ︾ ᠤ ᠲᠤᠰᠬᠠᠢ ᠰᠡᠳᠦᠪᠳᠦ ᠨᠠᠮ ᠤᠨ ᠬᠢᠴᠢᠶᠠᠯ ᠤᠷᠤᠪᠠ᠃ ᠬᠤᠷᠠᠯ ᠤᠨ ᠵᠤᠷᠢᠯᠭ᠎ᠠ ᠪᠤᠯ᠄ ᠮᠠᠨ ᠤ ᠨᠠᠮ ᠤᠨ ᠬᠡᠷᠡᠯ ᠰᠠᠴᠤᠷᠠᠩᠭᠤᠢ ᠲᠠᠤᠬᠡ ᠶᠢ ᠡᠷᠬᠢᠴᠡᠬᠦᠯᠦᠨ᠂ ᠦᠷᠡᠭᠳᠡᠭᠰᠡᠨ ᠪᠠᠭᠠᠳᠤᠷᠴᠤᠳ ᠤᠨ ᠠᠯᠳᠠᠷ ᠭᠠᠪᠢᠶ᠎ᠠ ᠶᠢ ᠰᠠᠨᠠᠭᠠᠯᠵᠠᠵᠦ᠂ ᠨᠠᠮ ᠤᠨ ᠰᠢᠯᠢᠳᠡᠭ ᠤᠯᠠᠮᠵᠢᠯᠠᠯ ᠢ ᠪᠠᠳᠠᠷᠠᠭᠤᠯᠤᠨ᠂ ᠪᠦᠬᠦ ᠬᠤᠰᠢᠭᠤᠨ ᠤ ᠦᠷᠬᠡᠨ ᠤᠯᠠᠨ ᠨᠠᠮ ᠤᠨ ᠬᠡᠰᠢᠬᠦᠨ ᠺᠠᠳ᠋ᠷᠴᠤᠳ ᠢ ᠤᠷᠮᠠᠰᠢᠬᠦᠯᠦᠨ ᠢᠳᠡᠬᠡᠯ ᠵᠤᠷᠢᠭ ᠢ ᠨᠢ ᠪᠠᠳᠤᠳᠬᠠᠵᠦ᠂ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠪᠠᠬᠢᠯᠠᠯᠳᠠ ᠶᠢᠨ ᠦᠢᠯᠡᠳᠦᠯ ᠪᠠ ᠡᠪ ᠬᠠᠮᠳᠦ ᠨᠠᠮ ᠤᠨ ᠬᠡᠰᠢᠬᠦᠨ ᠤ ᠬᠤᠰᠢᠭᠤᠴᠢ ᠦᠢᠯᠡᠳᠦᠯ ᠢ ᠬᠦᠢᠴᠡᠳ ᠪᠠᠳᠠᠷᠠᠭᠤᠯᠤᠨ᠂ ᠴᠢᠨᠡᠬᠡᠯᠢᠭ ᠨᠠᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠪᠠ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠢᠯᠠᠯᠳᠠ ᠶᠢ ᠲᠡᠮᠡᠴᠡᠨ ᠤᠯᠬᠤ ᠳᠤ ᠨᠡᠩ ᠶᠡᠭᠡ ᠬᠤᠪᠢ ᠨᠡᠮᠡᠷᠢ ᠦᠵᠡᠬᠦᠯᠬᠦ ᠪᠤᠯᠤᠨ᠎ᠠ᠃      ᠬᠤᠰᠢᠭᠤᠨ ᠤ ᠤᠳᠤᠷᠢᠳᠤᠯᠭ᠎ᠠ ᠦ᠋ ᠢᠦᠢ ᠯᠢᠶᠠᠩ᠂ ᠬᠡ᠊ ᠪᠤᠷᠦ᠂ ᠵᠤᠤ ᠯᠢ ᠭᠥᠸᠧ᠂ ᠵᠤᠤ ᠼᠦᠢ ᠫᠢᠩ᠂ ᠸᠠᠩ ᠭᠤᠤ ᠺᠦᠢ᠂ ᠰᠤ᠋ ᠶᠤᠤ ᠪᠢᠨ᠂ ᠭᠥᠸᠧ ᠱᠢ ᠫᠢᠩ᠂ ᠳ᠋ᠧᠦ ᠲᠤᠤ ᠷᠠᠨ᠂ ᠴᠧᠩ ᠭᠤᠸᠠᠩ ᠬᠤᠢ᠂ ᠵᠠᠩ ᠰᠢᠦᠢ ᠴᠦᠨ ᠵᠡᠷᠬᠡ ᠬᠦᠮᠦᠰ ᠬᠤᠷᠠᠯ ᠳᠤ ᠤᠷᠤᠯᠴᠠᠵᠠᠭᠠᠵᠦ᠂ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠲᠠᠷᠤᠭ᠎ᠠ ᠵᠤᠤ ᠯᠢ ᠭᠥᠸᠧ ᠨᠦᠬᠦᠷ ᠬᠤᠷᠠᠯ ᠢ ᠡᠷᠬᠢᠯᠡᠪᠡ᠃     ᠤᠯᠠᠭᠠᠨᠴᠠᠪ ᠬᠤᠳᠠ ᠶᠢᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠡᠳ᠋ ᠡᠷᠬᠢᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠦ᠋ ᠢᠦᠢ ᠯᠢᠶᠠᠩ ᠨᠦᠬᠦᠷ ᠲᠤᠮᠳᠠᠳᠦ ᠤᠯᠤᠰ ᠤᠨ ᠡᠪ ᠬᠠᠮᠳᠦ ᠨᠠᠮ ᠤᠨ ᠪᠠᠶᠢᠭᠤᠯᠤᠭᠳᠠᠭᠰᠠᠨ᠂ ᠬᠤᠪᠢᠰᠬᠠᠯ ᠶᠠᠪᠤᠭᠤᠯᠤᠭᠰᠠᠨ᠂ ᠪᠦᠳᠦᠬᠡᠨ ᠪᠠᠶᠢᠭᠤᠯᠤᠭᠰᠠᠨ᠂ ᠦᠬᠡᠷᠡᠴᠢᠯᠡᠯᠳᠠ ᠬᠢᠵᠦ ᠴᠢᠯᠦᠬᠡᠳᠠᠢ ᠶᠠᠪᠤᠯᠴᠠᠭᠰᠠᠨ ᠵᠡᠷᠬᠡ ᠴᠢᠬᠤᠯᠠ ᠴᠠᠭ ᠬᠤᠭᠤᠴᠠᠭᠠᠨ ᠤ ᠲᠤᠭᠤᠷᠢᠨ ᠳᠤ᠂ ᠨᠠᠮ ᠤᠨ ᠲᠡᠤᠬᠡ ᠰᠤᠶᠤᠯ᠂ ᠰᠢᠯᠢᠳᠡᠭ ᠤᠯᠠᠮᠵᠢᠯᠠᠯ᠂ ᠰᠠᠶᠢᠨ ᠰᠠᠶᠢᠬᠠᠨ ᠠᠵᠢᠯ ᠤᠨ ᠰᠤᠷᠳᠠᠯ ᠵᠡᠷᠬᠡ ᠶᠢ ᠨᠠᠷᠢᠨ ᠬᠢᠨᠠᠮᠠᠭᠠᠢ ᠲᠠᠶᠢᠯᠪᠤᠷᠢᠯᠠᠨ ᠤᠬᠠᠭᠤᠯᠵᠦ᠂ ᠬᠤᠷᠠᠯ ᠳᠤ ᠤᠷᠤᠯᠴᠠᠭᠰᠠᠨ ᠬᠦᠮᠦᠰ ᠲᠤ ᠮᠠᠰᠢ ᠠᠮᠢᠳᠤᠯᠢᠭ ᠨᠢᠬᠡᠨ ᠤᠳᠠᠭᠠᠨ ᠤ ᠬᠢᠴᠢᠶᠠᠯ ᠤᠷᠤᠭᠰᠠᠨ ᠪᠠᠶᠢᠨ᠎ᠠ᠃ ᠡᠬᠦᠨ ᠤ ᠬᠠᠮᠳᠦ ᠶᠠᠷᠢᠶᠠᠨ ᠲᠤᠮᠳᠠ ᠪᠠᠨ ᠮᠠᠨᠠᠶᠢᠬᠢᠨ ᠳᠤ ᠲᠤᠯᠭᠠᠷᠠᠵᠦ ᠪᠠᠶᠢᠭ᠎ᠠ ᠠᠰᠠᠭᠤᠳᠠᠯ ᠵᠢᠴᠢ ᠡᠬᠦᠷᠬᠡᠯᠡᠬᠦ ᠬᠠᠷᠢᠭᠤᠴᠠᠯᠭ᠎ᠠ ᠵᠡᠷᠬᠡ ᠶᠢ ᠵᠠᠳᠠᠯᠤᠨ ᠰᠢᠨᠵᠢᠵᠦ᠂ ᠪᠦᠬᠦ ᠬᠤᠰᠢᠭᠤᠨ ᠤ ᠡᠯ᠎ᠡ ᠱᠠᠳᠤᠨ ᠤ ᠨᠠᠮ  ᠤᠨ ᠵᠤᠬᠢᠶᠠᠨ ᠪᠠᠶᠢᠭᠤᠯᠤᠯᠳᠠ ᠪᠤᠯᠤᠨ ᠦᠷᠬᠡᠨ ᠤᠯᠠᠨ ᠨᠠᠮ ᠤᠨ ᠬᠡᠰᠢᠬᠦᠨ ᠳᠤ ᠰᠢᠨ᠎ᠡ ᠱᠠᠭᠠᠷᠳᠠᠯᠭ᠎ᠠ ᠲᠤᠷᠠᠳᠤᠪᠠ᠃ ᠵᠤᠤ ᠯᠢ ᠭᠥᠸᠧ ᠶᠠᠷᠢᠶᠠᠨ ᠲᠤᠮᠳᠠ ᠪᠠᠨ ᠪᠠᠰᠠ ᠤᠯᠠᠨ ᠲᠠᠯ᠎ᠠ ᠶᠢ ᠴᠢᠩᠭᠠᠳᠬᠠᠪᠠ᠃       ᠬᠤᠰᠢᠭᠤᠨ ᠤ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠲᠤᠳᠤᠭᠠᠳᠦ ᠶᠢ ᠬᠠᠮᠠᠭᠠᠯᠠᠬᠤ ᠲᠤᠪᠴᠢᠶ᠎ᠠ᠂ ᠬᠠᠤᠯᠢ ᠴᠠᠭᠠᠵᠠ ᠶᠢᠨ ᠵᠦᠪᠯᠡᠯ᠂ ᠬᠤᠰᠢᠭᠤᠨ ᠤ ᠲᠦᠷᠪᠡᠨ ᠶᠡᠭᠡ ᠤᠳᠤᠷᠢᠳᠬᠤ ᠪᠠᠭ᠂ ᠰᠠᠬᠢᠯᠭ᠎ᠠ ᠪᠠᠳᠦ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ᠂ ᠴᠠᠭᠳᠠᠨ ᠪᠠᠶᠢᠴᠠᠭᠠᠬᠤ ᠠᠯᠪᠠᠨ ᠬᠡᠷ ᠤᠨ ᠬᠠᠮᠢᠶ᠎ᠠ ᠪᠦᠬᠦᠢ ᠬᠠᠷᠢᠭᠤᠴᠠᠯᠭᠠᠳᠠᠳ ᠵᠢᠴᠢ ᠰᠤᠮᠤ ᠰᠢᠶᠠᠩ ᠪᠠᠯᠭᠠᠰᠤᠨ ᠤ ᠨᠠᠮ ᠵᠠᠰᠠᠭ ᠤᠨ ᠭᠤᠤᠯ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ᠂ ᠡᠯ᠎ᠡ ᠠᠷᠠᠳ ᠤᠨ ᠪᠦᠯᠬᠦᠮ ᠤᠨ ᠭᠤᠤᠯ ᠬᠠᠷᠢᠭᠤᠴᠠᠯᠭᠠᠳᠠᠳ ᠬᠤᠷᠠᠯ ᠳᠤ ᠤᠷᠤᠯᠴᠠᠵᠠᠭᠠᠪᠠ᠃       ᠲᠠᠪᠤ᠂ ᠤᠯᠠᠭᠠᠨᠴᠠᠪ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠶᠢᠨ  ᠨᠠᠮ ᠤᠨ ᠤᠳᠤᠷᠢᠳᠬᠤ ᠳᠤᠭᠤᠶᠢᠯᠠᠩ ᠨᠢ ︽ᠳᠥᠷᠪᠡᠨ ᠨᠢᠭᠡ︾ ᠰᠢᠷᠢᠰ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠵᠦ᠂ ᠨᠠᠮ ᠪᠠᠶᠢᠭᠤᠯᠤᠭᠳᠠᠭᠰᠠᠨ 99 ᠵᠢᠯ ᠤᠨ ᠣᠢ ᠶᠢ ᠲᠤᠷᠠᠰᠬᠠᠨ ᠲᠡᠮᠳᠡᠭᠯᠡᠭᠰᠡᠨ ᠪᠠᠶᠢᠨ᠎ᠠ᠃       ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 99 ᠵᠢᠯ ᠤᠨ ᠤᠢ ᠶᠢ ᠦᠪᠡᠳᠡᠭᠰᠢ ᠶᠡᠭᠡ ᠪᠠᠷ ᠳᠤᠷᠠᠰᠬᠠᠬᠤ ᠶᠢᠨ ᠲᠥᠯᠥᠭᠡ᠂ ᠥᠷᠭᠡᠨ ᠣᠯᠠᠨ ᠨᠠᠮ ᠤᠨ ᠭᠡᠰᠢᠭᠦᠨ ᠢ ᠵᠣᠷᠢᠭᠵᠢᠭᠤᠯᠤᠨ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠶᠯᠡᠳᠦᠯᠭᠡᠵᠢᠭᠦᠯᠵᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠶᠢᠨ ᠲᠥᠯᠥᠭᠡ᠂ ᠤᠯᠠᠭᠠᠨᠴᠠᠪ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠣᠶᠢᠷ᠎ᠠ ᠳᠤ ︽ᠳᠥᠷᠪᠡᠨ ᠨᠢᠭᠡ︾ ᠶᠢᠨ ᠰᠢᠷᠢᠰ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠪᠡ᠃
       6 ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠧᠶ ᠯᠢ ᠵᠢᠶᠦ᠋ᠨ ᠤ ︽ᠳᠤᠮᠳᠠᠳᠤ ᠤᠯᠤᠰ ᠤᠨ ᠡᠪ ᠬᠠᠮᠲᠤ ᠨᠠᠮ ᠶᠠᠭᠠᠬᠢᠭᠠᠳ ︿ ᠴᠢᠳᠠᠳᠠᠭ﹀ ᠪᠤᠢ︾ ᠭᠡᠳᠡᠭ ᠢᠶᠠᠷ ᠭᠤᠤᠯ ᠰᠡᠳᠦᠪ ᠪᠣᠯᠭᠠᠭᠰᠠᠨ ᠲᠤᠰᠬᠠᠶ ᠰᠡᠳᠦᠪᠲᠦ ᠨᠠᠮ ᠤᠨ ᠬᠢᠴᠢᠶᠡᠯ ᠤᠨ ᠬᠥᠮᠦᠵᠢᠯ ᠨᠢ ︽ᠳᠥᠷᠪᠡᠨ ᠨᠢᠭᠡ﹀ ᠰᠢᠷᠢᠰ ᠠᠵᠢᠯᠯᠠᠭ᠎ᠠ ᠶᠢᠨ ᠬᠥᠰᠢᠭᠡ ᠶᠢ ᠰᠡᠬᠦᠪᠡ᠃ ᠨᠠᠮ ᠤᠨ ᠬᠢᠴᠢᠶᠡᠯ ᠨᠠᠮ ᠪᠠᠶᠢᠭᠤᠯᠤᠭᠳᠠᠭᠰᠠᠨ 99 ᠵᠢᠯ ᠤᠨ ᠤᠢ ᠶᠢ ᠳᠤᠷᠠᠰᠬᠠᠬᠤ ᠡᠨᠡ ᠬᠦ ᠭᠤᠣᠯ ᠰᠢᠵᠢᠮ ᠤᠨ ᠲᠣᠭᠤᠷᠢᠨ ᠳᠤ᠂ ᠨᠠᠮ ᠤᠨ ᠲᠡᠮᠡᠴᠡᠯ ᠤᠨ ᠥᠩᠭᠡᠷᠡᠯᠲᠡ ᠶᠢ ᠡᠷᠭᠢᠴᠡᠭᠦᠯᠵᠦ᠂ ᠬᠢᠵᠢᠭ ᠢ ᠡᠰᠡᠷᠭᠦᠴᠡᠬᠦ ᠳᠤᠮᠳᠠ ᠢᠯᠡᠷᠡᠭᠰᠡᠨ ᠳᠤᠮᠳᠠᠳᠤ ᠶᠢᠨ ᠬᠦᠴᠦᠨ᠂ ᠳᠤᠮᠳᠠᠳᠤ ᠶᠢᠨ ᠣᠶᠤᠨ ᠤᠬᠠᠭᠠᠨ᠂ ᠳᠤᠮᠳᠠᠳᠤ ᠶᠢᠨ ᠵᠣᠷᠢᠭ ᠰᠠᠨᠠᠭ᠎ᠠ ᠶᠢ ᠬᠠᠮᠲᠤᠪᠠᠷ ᠮᠡᠳᠡᠷᠡᠵᠡᠶ᠃ ᠪᠠᠰᠠᠴᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠦᠬᠦ ᠲᠣᠪᠴᠢᠶᠠᠨ ᠤ ᠨᠠᠮ ᠤᠨ ᠭᠡᠰᠢᠭᠦᠨ ᠺᠠᠳ᠋ᠷᠴᠤᠳ ᠤᠨ ᠡᠪ ᠬᠠᠮᠲᠤᠴᠤᠳ ᠤᠨ ᠡᠷᠡᠰ ᠪᠠᠲᠤ ᠬᠦᠰᠡᠯᠡᠩ ᠢᠲᠡᠭᠡᠯ ᠵᠣᠷᠢᠭ ᠢᠶᠠᠨ ᠠᠵᠢᠯ ᠬᠢᠵᠦ ᠦᠢᠯᠡᠰ ᠪᠤᠰᠬᠠᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠶᠢ ᠵᠣᠷᠢᠭᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠰᠢᠨ᠎ᠡ ᠠᠶᠠᠨ ᠳᠤ ᠬᠠᠮᠲᠤ ᠪᠠᠷ ᠴᠢᠷᠮᠠᠶᠢᠨ ᠲᠡᠮᠡᠴᠡᠬᠦ ᠶᠢ ᠤᠷᠢᠶᠠᠯᠠᠵᠠᠢ︕       ᠲᠤᠰᠬᠠᠶ ᠰᠡᠳᠦᠪᠲᠦ ᠨᠠᠮ ᠤᠨ ᠬᠢᠴᠢᠶᠡᠯ ᠢ ᠬᠠᠪᠰᠤᠷᠤᠨ ᠵᠢᠯᠣᠭᠤᠳᠤᠭᠰᠠᠨ ᠤ ᠳᠠᠷᠠᠭ᠎ᠠ᠂ ᠡᠯ᠎ᠡ ᠨᠠᠮ ᠤᠨ ᠡᠭᠦᠷ ᠲᠤᠰ ᠲᠤᠰ ᠲᠥᠪᠯᠡᠷᠡᠭᠦᠯᠦᠨ ᠰᠤᠷᠤᠯᠴᠠᠨ ᠰᠤᠳᠤᠯᠤᠨ ᠶᠠᠷᠢᠯᠴᠠᠬᠤ ᠠᠵᠢᠯ ᠢ ᠵᠣᠬᠢᠶᠠᠨ ᠪᠠᠶᠢᠭᠤᠯᠵᠤ᠂ ᠬᠢᠴᠢᠶᠡᠯᠯᠡᠬᠦ ᠠᠭᠤᠯᠭ᠎ᠠ ᠲᠠᠢ ᠬᠠᠷᠢᠴᠠᠭᠤᠯᠤᠨ᠂ ᠵᠥᠷᠢᠶ᠎ᠡ ᠳᠤᠲᠠᠭᠤᠳᠠᠯ ᠢᠶᠠᠨ ᠡᠷᠢᠵᠦ᠂ ᠬᠠᠷᠢᠭᠤᠴᠠᠯᠭ᠎ᠠ ᠡᠭᠦᠷᠭᠡᠯᠡᠵᠦ ᠪᠣᠳᠠᠲᠠᠶ ᠠᠵᠢᠯᠯᠠᠬᠤ ᠶᠢ ᠴᠢᠩᠭᠠᠳᠬᠠᠵᠤ᠂ ︽ᠭᠤᠷᠪᠠᠨ ᠦᠯᠢᠭᠡᠷ ᠳᠠᠭᠤᠷᠢᠶᠠᠯ︾ ᠪᠣᠯᠬᠤ᠂ ︽ᠲᠠᠪᠤᠨ ᠬᠦᠴᠦᠷᠬᠡᠭ ᠨᠠᠮ ᠤᠨ ᠡᠭᠦᠷ︾ ᠢ ᠪᠠᠶᠢᠭᠤᠯᠬᠤ ᠪᠠᠷ ᠴᠢᠷᠮᠠᠶᠢᠵᠤ ᠪᠤᠢ᠃ ᠰᠤᠳᠣᠯᠣᠨ ᠶᠠᠷᠢᠯᠴᠠᠬᠤ ᠳᠤᠮᠳᠠ᠂ ᠣᠯᠠᠨ ᠢᠶᠠᠷ ᠢᠶᠠᠨ ᠲᠤᠰᠬᠠᠶ ᠰᠡᠳᠦᠪᠲᠦ ᠨᠠᠮ ᠤᠨ ᠬᠢᠴᠢᠶᠡᠯ ᠤᠨ ᠠᠭᠤᠯᠭ᠎ᠠ ᠡᠯᠪᠡᠭ ᠪᠠᠶᠠᠯᠢᠭ᠂ ᠦᠵᠡᠯ  ᠰᠠᠨᠠᠭ᠎ᠠ ᠲᠠᠨᠢᠯᠲᠠ ᠭᠦᠨ ᠭᠦᠨᠵᠡᠭᠡᠶ᠂ ᠨᠠᠮᠴᠢ ᠴᠢᠨᠠᠷ ᠤᠨ ᠬᠥᠮᠦᠵᠢᠯ ᠤᠨ ᠨᠢᠭᠡ ᠤᠳᠠᠭᠠᠨ ᠤ ᠬᠠᠪᠰᠤᠷᠤᠨ ᠵᠢᠯᠣᠭᠤᠳᠤᠭᠴᠢ ᠪᠠᠶᠢᠬᠤ ᠪᠠᠷ ᠪᠠᠷᠠᠬᠤ ᠦᠭᠡᠶ ᠪᠠᠰᠠ ᠴᠤ ᠨᠢᠭᠡ ᠤᠳᠠᠭᠠᠨ ᠤ ᠬᠥᠮᠦᠰ ᠢ ᠵᠣᠷᠢᠭᠵᠢᠭᠤᠯᠤᠨ ᠤᠷᠤᠭᠰᠢᠯᠠᠭᠤᠯᠬᠤ ᠠᠵᠢᠯ ᠤᠨ ᠪᠠᠶᠢᠷᠢᠯᠠᠭᠤᠯᠤᠯᠲᠠ ᠮᠥᠨ᠂ ᠪᠦᠬᠦ ᠨᠠᠮ ᠤᠨ ᠭᠡᠰᠢᠭᠦᠨ ᠺᠠᠳ᠋ᠷ ᠤᠨ ᠴᠡᠷᠢᠭ ᠤᠨ ᠠᠯᠪᠠ ᠠᠴᠠ  ᠬᠠᠯᠠᠭᠳᠠᠭᠰᠠᠳ ᠤᠨ ᠬᠡᠷᠡᠭ ᠶᠠᠪᠤᠳᠠᠯ ᠢ ᠴᠢᠷᠮᠠᠶᠢᠨ ᠰᠠᠶᠢᠲᠤᠷ ᠬᠢᠬᠦ ᠢᠲᠡᠭᠡᠯ ᠵᠣᠷᠢᠭ ᠢ ᠨᠡᠮᠡᠭᠳᠡᠭᠦᠯᠦᠭᠰᠡᠨ ᠠᠴᠠ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠴᠢᠩᠭ᠎ᠠ ᠦᠵᠡᠯ ᠰᠠᠨᠠᠭᠠᠨ ᠤ ᠬᠠᠮᠲᠤ ᠶᠢᠨ ᠬᠦᠷᠢᠶᠡᠯᠡᠯ ᠢ ᠣᠯᠤᠭᠰᠠᠨ ᠪᠠᠶᠢᠨ᠎ᠠ᠃ ᠠᠵᠢᠯ ᠤᠨ ᠨᠡᠩ ᠳᠦᠭᠦᠷᠡᠩ ᠬᠠᠯᠠᠭᠤᠨ ᠰᠡᠳᠬᠢᠯᠭᠡ ᠪᠣᠯᠤᠨ ᠠᠮᠵᠢᠯᠲᠠ ᠪᠦᠲᠦᠮᠵᠢ ᠶᠢᠨ ᠲᠥᠯᠥᠭᠡ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠤᠨ ᠳᠤᠮᠳᠠ ᠪᠠᠨ ᠲᠦᠷᠦᠭᠦᠯᠡᠨ ᠰᠠᠶᠢᠲᠤᠷ ᠬᠢᠵᠦ᠂ ᠥᠯᠢᠭᠡᠷ ᠳᠠᠭᠤᠷᠢᠶᠠᠯ ᠪᠣᠯᠵᠣ᠂ ᠴᠡᠷᠢᠭ ᠤᠨ ᠠᠯᠪᠠ ᠠᠴᠠ ᠬᠠᠯᠠᠭᠳᠠᠭᠰᠠᠳ ᠵᠢᠴᠢ ᠪᠤᠰᠤᠳ ᠬᠠᠷᠠᠭᠠᠯᠵᠠᠯ ᠭᠥᠷᠳᠡᠭᠰᠡᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ ᠭᠡᠵᠦ ᠢᠯᠡᠷᠬᠡᠶᠢᠯᠡᠭᠰᠡᠨ ᠪᠠᠶᠢᠨ᠎ᠠ᠃         ᠠᠵᠢᠯᠯᠠᠭ᠎ᠠ ᠶᠢᠨ ᠲᠣᠬᠢᠷᠠᠭᠤᠯᠤᠯᠲᠠ ᠶᠢ ᠦᠨᠳᠦᠰᠦᠯᠡᠨ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠤᠰ ᠲᠤᠰ ᠨᠠᠮ ᠤᠨ ᠭᠡᠰᠢᠭᠦᠳ ᠤᠨ ᠶᠡᠭᠡ ᠬᠤᠷᠠᠯ ᠬᠤᠷᠠᠯᠳᠤᠭᠤᠯᠵᠤ᠂ ︽ᠰᠢᠯᠢᠳᠡᠭ ᠡᠪ ᠬᠠᠮᠲᠤ ᠨᠠᠮ ᠤᠨ ᠭᠡᠰᠢᠭᠦᠨ︾ ᠪᠠ ︽ᠰᠢᠯᠢᠳᠡᠭ ᠨᠠᠮ ᠤᠨ ᠠᠵᠢᠯᠲᠠᠨ︾ ᠢᠶᠠᠷ ᠲᠠᠨᠢᠯᠴᠠᠭᠤᠯᠤᠭᠳᠠᠭᠰᠠᠳ ᠢ ᠵᠣᠬᠢᠶᠠᠨ ᠪᠠᠶᠢᠭᠤᠯᠤᠨ ᠰᠢᠯᠭᠠᠷᠠᠭᠤᠯᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠠᠭᠤᠳᠠᠯᠤᠨ᠂ ᠰᠤᠷᠴᠤ ᠭᠦᠢᠴᠡᠬᠦ ᠳᠠᠪᠠᠵᠤ ᠭᠠᠷᠬᠤ ᠶᠡᠭᠡ ᠠᠭᠤᠷ ᠠᠮᠢᠰᠬᠤᠯ ᠢ ᠪᠤᠢ ᠪᠣᠯᠭᠠᠵᠤ᠂ ᠨᠠᠮ ᠤᠨ ᠭᠡᠰᠢᠭᠦᠨ ᠺᠠᠳ᠋ᠷ ᠤᠨ ᠠᠵᠢᠯ ᠬᠢᠵᠦ ᠦᠢᠯᠡᠰ ᠪᠤᠰᠬᠠᠬᠤ ᠤᠷᠮ᠎ᠠ ᠵᠣᠷᠢᠭ ᠢ ᠨᠢ ᠲᠠᠰᠤᠷᠠᠯᠳᠠ ᠦᠭᠡᠢ ᠬᠥᠭᠵᠢᠭᠡᠵᠦ᠂ ᠲᠣᠪᠴᠢᠶᠠᠨ ᠤ ᠪᠠᠶᠢᠭᠤᠯᠭ᠎ᠠ ᠶᠢᠨ ᠨᠠᠮ ᠤᠨ ᠬᠤᠷᠢᠶ᠎ᠠ ᠰᠢᠯᠭᠠᠷᠠᠭᠤᠯᠤᠭᠰᠠᠨ ᠦᠷ᠎ᠡ ᠳ᠋ᠦᠩ ᠢ ᠦᠨᠳᠦᠰᠦᠯᠡᠨ ᠴᠠᠭ ᠲᠤᠬᠠᠢ ᠳᠤᠨᠢ ᠵᠣᠬᠢᠶᠠᠨ ᠪᠠᠶᠢᠭᠤᠯᠵᠤ ᠬᠥᠬᠢᠭᠦᠯᠦᠨ ᠰᠠᠶᠢᠰᠢᠶᠠᠨ᠎ᠠ᠃       ᠡᠭᠦᠨ ᠤ ᠬᠠᠮᠲᠤ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠳᠤ ᠲᠣᠮᠢᠯᠠᠨ ᠰᠠᠭᠤᠯᠭᠠᠬᠤ ᠠᠵᠢᠯ ᠢ ᠳᠡᠮᠵᠢᠬᠦ ᠶᠢᠨ ᠲᠥᠯᠥᠭᠡ ᠬᠤᠲᠠ ᠶᠢᠨ ᠴᠡᠷᠢᠭ ᠤᠨ  ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠪᠠᠰᠠ ᠪᠦᠬᠦ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠨᠢᠭᠡᠳᠦᠯᠲᠡᠶ ᠵᠣᠬᠢᠶᠠᠨ ᠪᠠᠶᠢᠭᠤᠯᠤᠭᠰᠠᠨ ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠡᠮᠵᠢ ᠶᠢᠨ ᠬᠥᠮᠦᠵᠢᠯ ᠤᠨ ᠶᠡᠭᠡ ᠬᠤᠷᠠᠯ ᠳᠤ ᠣᠷᠣᠯᠴᠠᠭᠤᠯᠤᠨ᠎ᠠ᠃ ᠪᠦᠬᠦ ᠨᠠᠮ ᠤᠨ ᠭᠡᠰᠢᠭᠦᠨ ᠤ ᠨᠠᠮ ᠤᠨ ᠰᠠᠬᠢᠯᠭ᠎ᠠ ᠪᠠᠲᠤ ᠶᠢᠨ ᠦᠵᠡᠯᠲᠡ ᠪᠠ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠮ ᠤᠨ ᠭᠡᠰᠢᠭᠦᠳ ᠺᠠᠳ᠋ᠷᠴᠤᠳ ᠤᠨ ᠰᠠᠶᠢᠨ  ᠰᠠᠶᠢᠬᠠᠨ ᠲᠦᠷᠢ ᠲᠥᠷᠬᠦ ᠶᠢ ᠤᠯᠠᠮ ᠴᠢᠨᠠᠭᠰᠢᠳᠠ ᠱᠤᠭᠤᠬᠤ ᠪᠣᠯᠣᠨ᠎ᠠ᠃       ᠵᠢᠷᠭᠤᠭ᠎ᠠ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠨᠠᠮ ᠪᠠᠶᠢᠭᠤᠯᠤᠭᠳᠠᠭᠰᠠᠨ 99 ᠵᠢᠯ ᠤᠨ ᠤᠢ ᠶᠢ ᠳᠤᠷᠠᠰᠬᠠᠬᠤ ᠭᠤᠣᠯ ᠰᠡᠳᠦᠪᠲᠦ ᠨᠠᠮ ᠤᠨ ᠡᠳᠦᠷᠯᠢᠭ ᠵᠢᠴᠢ ︽ᠬᠤᠶᠠᠷ ᠰᠢᠯᠢᠳᠡᠭ ᠨᠢᠭᠡ ᠲᠡᠷᠢᠭᠦᠨ︾ ᠢ ᠬᠦᠬᠢᠬᠦᠯᠦᠨ ᠰᠠᠶᠢᠰᠢᠶᠠᠬᠤ ᠶᠡᠭᠡ ᠬᠤᠷᠠᠯ ᠬᠢᠪᠡ       ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 99 ᠵᠢᠯ ᠤᠨ ᠣᠶ ᠶᠢ ᠳᠤᠷᠠᠰᠬᠠᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠢᠲᠡᠭᠡᠯ ᠵᠣᠷᠢᠭ ᠢ ᠪᠠᠲᠤᠳᠬᠠᠬᠤ ᠶᠢ ᠵᠣᠷᠢᠭᠵᠢᠭᠤᠯᠵᠤ᠂ ᠨᠠᠮ ᠤᠨ ᠵᠣᠷᠢᠯᠲᠠ ᠶᠢ ᠪᠠᠲᠤ ᠴᠡᠭᠡᠵᠢᠯᠡᠵᠦ᠂ ᠡᠭᠦᠷᠭᠡ ᠲᠤᠰᠢᠶᠠᠯ ᠢᠶᠠᠨ ᠦᠨᠡᠨᠴᠢ ᠪᠠᠷ ᠭᠦᠶᠴᠡᠳᠬᠡᠵᠦ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠪᠠ ᠬᠤᠰᠢᠭᠤᠴᠢ ᠵᠢᠱᠢᠶᠡᠴᠢ ᠦᠢᠯᠡᠳᠦᠯ ᠢ ᠰᠠᠶᠢᠳᠤᠷ ᠪᠠᠳᠠᠷᠠᠭᠤᠯᠬᠤ ᠶᠢᠨ ᠲᠦᠯᠦᠬᠡ᠂ 6 ᠰᠠᠷ᠎ᠠ ᠶᠢᠨ 30 ᠤ ᠡᠳᠦᠷ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠬᠤᠲᠠ ᠶᠢᠨ ᠨᠠᠮ ᠤᠨ ᠲᠡᠤᠬᠡ ᠶᠢᠨ ᠣᠷᠳᠣᠨ ᠳᠤ ᠨᠠᠮ ᠪᠠᠶᠢᠭᠤᠯᠤᠭᠳᠠᠭᠰᠠᠨ 99 ᠵᠢᠯ ᠤᠨ ᠤᠢ ᠶᠢ ᠳᠤᠷᠠᠰᠬᠠᠬᠤ ᠭᠤᠤᠯ ᠰᠡᠳᠦᠪᠲᠦ ᠨᠠᠮ ᠤᠨ ᠡᠳᠦᠷᠯᠢᠭ ᠵᠢᠴᠢ ︽ᠬᠤᠶᠠᠷ ᠰᠢᠯᠢᠳᠡᠭ ᠨᠢᠭᠡ ᠲᠡᠷᠢᠭᠦᠨ︾ ᠤ ᠬᠢ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠢᠪᠠ᠃
      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ  ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠦᠨ ᠴᠦᠨ ᠱᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃       ᠡᠯ᠎ᠡ ᠡᠭᠦᠷ ᠤᠨ ᠨᠠᠮ ᠤᠨ ᠭᠡᠰᠢᠭᠦᠳ ᠤᠨ ᠶᠡᠭᠡ ᠬᠤᠷᠠᠯ ᠤᠨ ᠰᠢᠯᠭᠠᠷᠠᠭᠤᠯᠤᠯᠲᠠ ᠪᠠᠷ ᠳᠠᠮᠵᠢᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠰᠤᠳᠤᠯᠵᠤ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠳᠤ ᠮᠡᠳᠡᠭᠦᠯᠦᠨ ᠵᠥᠪᠰᠢᠶᠡᠷᠡᠬᠦᠯᠵᠤ᠂ ᠵᠧᠤ ᠱᠣ᠋ ᠸᠧᠨ ᠵᠡᠷᠭᠡ 17 ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠪᠠᠶ ᠵᠢᠶᠠ ᠵᠡᠷᠭᠡ 7 ᠰᠢᠯᠢᠳᠡᠭ ᠨᠠᠮ ᠤᠨ ᠠᠵᠢᠯᠲᠠᠨ ᠪᠣᠯᠤᠨ ᠪᠠᠶᠢᠭᠤᠯᠭ᠎ᠠ ᠶᠢᠨ ᠭᠤᠷᠪᠠᠳᠤᠭᠠᠷ ᠨᠠᠮ ᠤᠨ ᠡᠭᠦᠷ᠂ ᠬᠤᠲᠠ ᠶᠢᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠯᠪᠠᠨ ᠭᠡᠷ ᠤᠨ ᠨᠠᠮ ᠤᠨ ᠡᠭᠦᠷ ᠤᠨ 2 ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠥᠬᠢᠭᠦᠯᠦᠨ ᠰᠠᠶᠢᠰᠢᠶᠠᠵᠤ᠂ ᠲᠡᠳᠡᠨ ᠤ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠳᠠᠬᠢᠨ ᠰᠢᠯᠢᠳᠡᠭ ᠠᠮᠵᠢᠯᠲᠠ ᠤᠯᠬᠤ ᠶᠢ ᠨᠢ ᠵᠣᠷᠢᠭᠵᠢᠭᠤᠯᠪᠠ᠃       ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠲᠡᠷᠢᠭᠦᠨ ᠤ ᠬᠠᠮᠲᠤ ᠪᠠ ᠬᠤᠪᠢ ᠬᠥᠮᠦᠨ ᠳᠤ ᠢᠷᠠᠭᠤ ᠠᠯᠳᠠᠷ ᠤᠨ ᠦᠨᠡᠮᠯᠡᠯ ᠣᠯᠭᠤᠵᠤ᠂ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠰᠢᠯᠢᠳᠡᠭ ᠨᠠᠮ ᠤᠨ ᠰᠢᠯᠢᠳᠡᠭ ᠠᠵᠢᠯᠳᠠᠨ᠂ ᠲᠡᠷᠢᠭᠦᠨ ᠤ ᠦᠨᠳᠦᠰᠦᠨ ᠱᠠᠲᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ ᠨᠡᠶᠢᠲᠡᠯᠢᠭ ᠶᠠᠷᠢᠶ᠎ᠠ ᠲᠠᠯᠪᠢᠪᠠ᠃
        ᠶᠦᠨ ᠴᠦᠨ ᠱᠧᠩ ᠬᠥᠬᠢᠭᠦᠯᠦᠭᠳᠡᠨ ᠰᠠᠶᠢᠰᠢᠶᠠᠭᠳᠠᠭᠰᠠᠨ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠳᠠ ᠪᠣᠯᠤᠨ ᠬᠤᠪᠢ ᠬᠥᠮᠦᠨ ᠳᠤ ᠪᠠᠶᠠᠷ ᠬᠦᠷᠭᠡᠪᠡ᠃ ᠤᠶᠢᠷ᠎ᠡ ᠶᠢᠨ ᠵᠢᠯ ᠳᠤ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠲᠠᠯ᠎ᠠ ᠪᠠᠷ ᠪᠦᠲᠦᠮᠵᠢᠲᠡᠶ ᠠᠵᠢᠯ ᠥᠷᠨᠢᠭᠦᠯᠵᠦ᠂ ︽ᠲᠠᠪᠤᠨ ᠬᠦᠴᠦᠷᠬᠡᠭ︾ ᠨᠠᠮ ᠤᠨ ᠡᠭᠦᠷ ᠤᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠪᠠᠶᠢᠭᠤᠯᠭ᠎ᠠ ᠶᠢᠨ ᠨᠠᠮ ᠤᠨ ᠡᠭᠦᠷ ᠤᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠪᠠ ᠨᠠᠮ ᠤᠨ ᠪᠠᠶᠢᠭᠤᠯᠤᠯᠲᠠ ᠶᠢᠨ ᠳᠠᠩᠰᠠ ᠡᠪᠬᠡᠮᠡᠯ ᠢ ᠵᠢᠷᠤᠮᠵᠢᠭᠤᠯᠬᠤ ᠪᠠᠶᠢᠭᠤᠯᠤᠯᠲᠠ ᠵᠡᠷᠭᠡ ᠠᠵᠢᠯ ᠪᠦᠬᠦ ᠬᠤᠲᠠ ᠶᠢᠨ ᠡᠮᠦᠨ᠎ᠡ ᠡᠩᠨᠡᠭᠡᠨ ᠳᠤ ᠤᠷᠤᠪᠠ᠃ ᠬᠤᠶᠢᠰᠢᠳᠠ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠬᠤ ᠶᠢ ᠢᠮᠠᠭᠲᠠ ᠪᠠᠷᠢᠮᠲᠠᠯᠠᠵᠤ᠂ ᠵᠢᠱᠢᠶᠡᠴᠢ ᠪᠠᠶᠢᠭᠤᠯᠭ᠎ᠠ ᠶᠢ ᠪᠠᠶᠢᠭᠤᠯᠵᠤ᠂ ︽ᠬᠥᠮᠦᠨ ᠪᠦᠷᠢ ᠬᠦᠷᠲᠡᠯ᠎ᠡ ᠬᠠᠮᠢᠶᠠᠷᠬᠤ︾ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠲᠠᠯ᠎ᠠ ᠶᠢ ᠭᠦᠢᠴᠡᠳ ᠪᠠᠳᠠᠷᠠᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠪᠠᠶᠢᠭᠤᠯᠭ᠎ᠠ ᠶᠢᠨ ᠪᠦᠬᠦ ᠬᠥᠮᠦᠰ ᠤᠨ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠶᠢ ᠪᠠᠲᠤᠯᠠᠬᠤ ᠬᠡᠷᠡᠭᠳᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢ ᠠᠳᠬᠤᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠵᠤ᠂ ᠨᠠᠮ ᠤᠨ ᠭᠡᠰᠢᠭᠦᠨ ᠤ ᠭᠤᠣᠯ ᠴᠣᠭᠴᠠ ᠶᠢᠨ ᠤᠬᠠᠮᠰᠠᠷ ᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ︽ᠳ᠋ᠧᠩ ᠤᠨ ᠳᠣᠣᠷ᠎ᠠ ᠬᠠᠷᠠᠩᠭᠤᠶ︾ ᠪᠠᠶᠢᠬᠤ ᠠᠰᠠᠭᠤᠳᠠᠯ ᠢ ᠦᠨᠡᠨᠬᠦ ᠰᠢᠶᠳᠪᠦᠷᠢᠯᠡᠵᠦ᠂ ᠬᠠᠷᠢᠯᠴᠠᠨ ᠠᠭᠤᠰᠤᠯᠴᠠᠵᠤ ᠬᠠᠮᠲᠤᠪᠠᠷ ᠠᠬᠢᠭᠤᠯᠬᠤ ᠶᠢ ᠪᠡᠶᠡᠯᠡᠭᠦᠯᠬᠦ ᠬᠡᠷᠡᠭᠳᠡᠢ᠃ ︽ᠲᠠᠪᠤᠨ ᠬᠦᠴᠦᠷᠬᠡᠭ︾ ᠨᠠᠮ ᠤᠨ ᠡᠭᠦᠷ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠥᠷᠨᠢᠭᠦᠯᠵᠦ᠂ ᠵᠣᠬᠢᠶᠠᠨ ᠪᠠᠶᠢᠭᠤᠯᠤᠯᠳᠠ ᠶᠢᠨ ᠰᠠᠭᠤᠷᠢ ᠶᠢ ᠪᠠᠬᠢᠵᠢᠭᠦᠯᠵᠦ᠂ 2020 ᠣᠨ ᠤ ᠡᠴᠦᠰ ᠪᠣᠯᠬᠤ ᠳᠤ ᠪᠠᠶᠢᠭᠤᠯᠭ᠎ᠠ ᠶᠢᠨ ᠡᠯ᠎ᠡ ᠨᠠᠮ ᠤᠨ ᠡᠭᠦᠷ ᠪᠦᠬᠦᠨ ᠢ ︽ᠲᠠᠪᠤᠨ ᠬᠦᠴᠦᠷᠬᠡᠭ︾ ᠨᠠᠮ ᠤᠨ ᠡᠭᠦᠷ ᠤᠨ ᠪᠠᠷᠢᠮᠵᠢᠶ᠎ᠠ ᠳᠤ ᠬᠦᠷᠭᠡᠬᠦ ᠪᠠᠷ ᠴᠢᠷᠮᠠᠶᠢᠬᠤ ᠬᠡᠷᠡᠭᠳᠡᠢ᠃ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠶᠠᠪᠤᠳᠠᠯ ᠢ ᠬᠡᠷᠡᠭ ᠢ ᠴᠢᠨᠠᠷ ᠰᠠᠶᠢᠲᠠᠶ ᠰᠢᠶᠳᠪᠦᠷᠢᠯᠡᠬᠦ ᠴᠢᠬᠤᠯᠠ ᠠᠷᠭ᠎ᠠ ᠪᠠᠷᠢᠯ ᠪᠣᠯᠭᠠᠵᠤ᠂ ᠰᠢᠨᠲᠠᠷᠠᠰᠢ ᠦᠭᠡᠢ ᠪᠠᠷᠢᠮᠲᠠᠯᠠᠵᠤ᠂ ᠰᠢᠨ᠎ᠡ ᠭᠠᠷᠤᠭ᠎ᠠ ᠳᠡᠭᠡᠷ᠎ᠡ ᠨᠡᠩ ᠶᠡᠭᠡ ᠠᠮᠵᠢᠯᠲᠠ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠳᠡᠢ ᠬᠡᠵᠤ ᠲᠡᠷᠡ ᠵᠢᠭᠠᠵᠤ ᠭᠠᠷᠭᠠᠪᠠ᠃        ᠬᠥᠬᠢᠭᠦᠯᠦᠨ ᠰᠠᠶᠢᠰᠢᠶᠠᠬᠤ ᠬᠤᠷᠠᠯ ᠤᠨ ᠳᠠᠷᠠᠭ᠎ᠠ᠂ ᠪᠦᠬᠦ ᠨᠠᠮ ᠤᠨ ᠭᠡᠰᠢᠭᠦᠨ ᠺᠠᠳ᠋ᠷ ᠲᠥᠪ ᠶᠡᠬᠡᠮᠰᠦᠭ ᠪᠥᠭᠡᠳ ᠬᠦᠨᠳᠦᠳᠬᠡᠨ ᠪᠢᠰᠢᠷᠡᠬᠦ ᠰᠡᠳᠬᠢᠯᠭᠡ ᠪᠠᠷ ᠬᠤᠲᠠ ᠶᠢᠨ ᠨᠠᠮ ᠤᠨ ᠲᠡᠦᠬᠡ ᠶᠢᠨ ᠣᠷᠳᠣᠨ ᠤ ᠦᠵᠡᠭᠦᠯᠦᠯᠭᠡ ᠶᠢᠨ ᠲᠢᠩᠬᠢᠮ ᠳᠤ ᠠᠯᠬᠤᠨ ᠣᠷᠣᠵᠤ᠂ ᠲᠠᠶᠢᠯᠪᠤᠷᠢᠯᠠᠭᠴᠢ ᠶᠢ ᠲᠠᠭᠠᠨ ᠪᠠᠳᠠᠭ ᠪᠠᠳᠠᠭ ᠦᠰᠦᠭ ᠪᠢᠴᠢᠭ᠂ ᠬᠡᠰᠡᠭ ᠬᠡᠰᠡᠭ ᠵᠢᠷᠤᠭ ᠲᠦᠷᠰᠦ ᠳᠤ ᠨᠠᠮ ᠤᠨ ᠤᠯᠠᠭᠠᠨᠴᠠᠪ ᠤᠨ ᠡᠬᠡ ᠭᠠᠵᠠᠷ ᠲᠠᠬᠢ ᠬᠥᠭᠵᠢᠯᠲᠡ ᠶᠢᠨ ᠥᠩᠭᠡᠷᠡᠯᠲᠡ ᠶᠢ ᠳᠠᠬᠢᠨ ᠡᠷᠭᠢᠴᠡᠭᠦᠯᠵᠦ᠂ ᠨᠠᠮ ᠪᠠ ᠠᠷᠠᠳ ᠲᠦᠮᠡᠨ ᠤ ᠦᠢᠯᠡᠰ ᠤᠨ ᠲᠥᠯᠥᠭᠡ ᠭᠤᠶᠠᠴᠢ ᠦᠭᠡᠢ ᠵᠢᠳᠬᠦᠭᠰᠡᠨ ᠬᠤᠪᠢᠰᠬᠠᠯ ᠤᠨ ᠦᠷᠡᠭᠳᠡᠭᠰᠡᠨ ᠪᠠᠭᠠᠳᠤᠷᠴᠤᠳ ᠢ ᠬᠦᠨᠵᠡᠬᠡᠢ ᠳᠤᠷᠠᠰᠤᠨ ᠰᠠᠨᠠᠭᠠᠯᠵᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ ᠠᠵᠢᠯᠯᠠᠭᠠᠨ ᠤ ᠤᠬᠠᠮᠰᠠᠷ ᠢᠶᠠᠨ ᠨᠡᠩ ᠪᠠᠲᠤᠳᠬᠠᠪᠠ᠃                                                   ᠨᠠᠶᠢᠷᠠᠭᠤᠯᠤᠭᠴᠢ᠄ ᠭᠤᠸ᠎ᠠ                                                   ᠬᠢᠨᠠᠭᠴᠢ᠄ ᠭᠡᠷᠡᠯᠲᠦ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2