ᠪᠦᠬᠦ ᠤᠯᠤᠰ ᠤᠨ ᠬᠠᠩᠭᠠᠨ ᠪᠤᠷᠤᠯᠠᠭᠤᠯᠬᠤ ᠶᠠᠷᠤᠩᠬᠡᠢ ᠬᠤᠷᠰᠢᠶ᠎ᠠ᠄ 3 ᠵᠢᠯ ᠤᠨ ᠳᠤᠳᠤᠷ᠎ᠠ ᠦᠨᠳᠤᠰᠤᠨ ᠱᠠᠳᠤᠨ ᠳᠤ 7000 ᠬᠠᠩᠭᠠᠨ ᠪᠤᠷᠤᠯᠠᠭᠤᠯᠬᠤ ᠬᠤᠷᠰᠢᠶ᠎ᠠ ᠶᠢ ᠰᠢᠨ᠎ᠡ ᠪᠠᠷ ᠪᠠᠶᠢᠭᠤᠯᠬᠤ ᠪᠠᠷ ᠴᠢᠷᠮᠠᠶᠢᠨ᠎ᠠ
ᠨᠡᠶᠢᠲᠡᠯᠡᠭᠰᠡᠨ ᠴᠠᠭ᠄
2020/7/8
     ᠳᠤᠮᠳᠠᠳᠤ ᠶᠢᠨ ᠪᠦᠬᠦ ᠤᠯᠤᠰ ᠤᠨ ᠬᠠᠩᠭᠠᠨ ᠪᠤᠷᠤᠯᠠᠭᠤᠯᠬᠤ ᠶᠠᠷᠤᠩᠬᠡᠢ ᠬᠤᠷᠰᠢᠶᠠᠨ ᠤ ᠭᠡᠷᠡᠭ ᠡᠷᠬᠢᠯᠡᠭᠴᠢᠳ ᠤᠨ ᠬᠤᠷᠠᠯ ᠤᠨ ᠡᠷᠬᠢᠯᠡᠭᠴᠢ ᠢᠤᠢ ᠬᠤᠩ ᠴᠢᠤ 6 ᠰᠠᠷ᠎ᠠ ᠶᠢᠨ 9 ᠤ ᠡᠳᠤᠷ᠂ 3 ᠵᠢᠯ ᠤᠨ ᠳᠤᠳᠤᠷ᠎ᠠ ᠦᠨᠳᠤᠰᠤᠨ ᠱᠠᠳᠤᠨ ᠳᠤ 7000 ᠬᠠᠩᠭᠠᠨ ᠪᠤᠷᠤᠯᠠᠭᠤᠯᠬᠤ ᠬᠤᠷᠰᠢᠶ᠎ᠠ ᠶᠢ ᠰᠢᠨ᠎ᠠ ᠪᠠᠷ ᠪᠠᠶᠢᠭᠤᠯᠬᠤ ᠪᠠᠷ ᠴᠢᠷᠮᠠᠶᠢᠵᠤ᠂ ᠬᠠᠩᠭᠠᠨ ᠪᠤᠷᠤᠯᠠᠭᠤᠯᠬᠤ ᠬᠤᠷᠰᠢᠶᠠᠨ ᠤ ᠶᠠᠷᠤᠩᠬᠡᠢ ᠲᠤᠭ᠎ᠠ ᠪᠠᠨ 3.9 ᠲᠦᠮᠡ ᠳᠤ ᠬᠦᠷᠭᠡᠵᠦ᠂ ᠬᠦᠷᠤᠩᠬᠡ ᠦᠬᠡᠢ᠂ ᠲᠤᠬᠠᠶᠢᠯᠠᠬᠰᠠᠨ ᠠᠵᠢᠯ ᠦᠬᠡᠢ᠂ ᠬᠦᠮᠦᠨ ᠦᠬᠡᠢ ︽ᠭᠤᠷᠪᠠᠨ ᠦᠬᠡᠢ︾ ᠦᠨᠳᠤᠰᠤᠨ ᠱᠠᠳᠤᠨ ᠤ ᠬᠤᠷᠰᠢᠶ᠎ᠠ ᠶᠢ ᠠᠭᠠᠵᠢᠮ ᠢᠶᠠᠷ ᠦᠭᠡᠢ ᠪᠤᠯᠭᠠᠨ᠎ᠠ ᠭᠡᠪᠡ᠃      ᠢᠤᠢ ᠬᠤᠩ ᠴᠢᠤ ᠲᠤᠰ ᠡᠳᠦᠷ ᠬᠤᠷᠠᠯᠳᠤᠬᠰᠠᠨ ᠪᠦᠬᠦ ᠤᠯᠤᠰ ᠤᠨ ᠬᠠᠩᠭᠠᠨ ᠪᠤᠷᠤᠯᠠᠭᠤᠯᠬᠤ ᠬᠤᠷᠰᠢᠶᠠᠨ ᠤ ᠶᠠᠷᠤᠩᠬᠡᠶᠢᠯᠡᠭᠰᠡᠨ ᠦᠬᠡᠷᠡᠴᠢᠯᠠᠯᠳᠠ ᠶᠢ ᠭᠦᠨᠵᠡᠭᠡᠶᠢᠷᠡᠭᠦᠯᠬᠦ ᠵᠢᠴᠢ ᠪᠤᠶᠢᠵᠢᠭᠤᠯᠤᠨ ᠪᠤᠵᠠᠭᠠᠶᠢᠷᠠᠭᠤᠯᠬᠤ ᠢᠨᠵᠧᠨᠧᠷᠢᠩ ᠢ ᠠᠬᠢᠭᠤᠯᠬᠤ ᠲᠧᠯᠸᠢᠰ ᠤᠳᠠᠰᠤ ᠬᠤᠷᠠᠯ ᠲᠡᠭᠡᠷ᠎ᠠ ᠡᠶᠢᠨ ᠬᠦ ᠢᠯᠡᠷᠬᠡᠶᠢᠯᠡᠭᠰᠡᠨ ᠶᠤᠮ᠃      ᠢᠤᠢ ᠬᠤᠩ ᠴᠢᠤ᠂ 2019 ᠤᠨ ᠳᠤ ᠪᠦᠬᠦ ᠤᠯᠤᠰ ᠤᠨ ᠬᠠᠩᠭᠠᠨ ᠪᠤᠷᠤᠯᠠᠭᠤᠯᠬᠤ ᠬᠤᠷᠰᠢᠶᠠᠨ ᠤ ᠰᠢᠰᠲ᠋ᠧᠮ ᠤᠨ ᠪᠤᠷᠤᠯᠠᠭᠤᠯᠭ᠎ᠠ ᠶᠢᠨ ᠶᠠᠷᠤᠩᠬᠡᠢ ᠬᠡᠮᠵᠢᠶ᠎ᠠ ᠨᠢ 4.6 ᠲᠦᠮᠡᠨ ᠳ᠋ᠦᠩᠰᠢᠭᠤᠷ ᠲᠦᠬᠦᠷᠢᠭ ᠲᠤ ᠬᠦᠷᠴᠤ᠂ 466.6 ᠳ᠋ᠦᠩᠰᠢᠭᠤᠷ ᠲᠦᠬᠦᠷᠢᠭ ᠤᠨ ᠠᠰᠢᠬ ᠬᠤᠨᠵᠢᠪᠤᠷᠢ ᠡᠭᠦᠳᠴᠤ᠂ ᠨᠡᠶᠢᠳᠡ ᠬᠦᠷᠤᠩᠬᠡ 1.6 ᠲᠦᠮᠡᠨ ᠳ᠋ᠦᠩᠰᠢᠭᠤᠷ ᠲᠦᠬᠦᠷᠢᠭ ᠲᠤ ᠬᠦᠷᠪᠠ᠃ 2022 ᠤᠨ ᠪᠤᠯᠬᠤ ᠳᠤ᠂ ᠬᠦᠳᠡᠭᠡ ᠠᠵᠤ ᠠᠬᠤᠢ ᠶᠢᠨ ᠡᠯ᠎ᠠ ᠵᠦᠢᠯ ᠤᠨ ᠤᠶᠢᠯᠡᠳᠪᠤᠷᠢᠯᠡᠯ ᠤᠨ ᠤᠶᠢᠯᠡᠴᠢᠯᠡᠬᠡᠨ ᠤ ᠲᠦᠪ 1.5 ᠲᠦᠮᠡ ᠶᠢ ᠪᠠᠶᠢᠭᠤᠯᠵᠤ᠂ ᠬᠦᠳᠡᠭᠡ ᠠᠵᠤ ᠠᠬᠤᠢ ᠶᠢᠨ ᠭᠤᠤᠯ ᠭᠠᠷᠤᠯᠳᠠᠳᠤ ᠤᠷᠤᠨ ᠤ ᠰᠢᠶᠠᠩ ᠪᠠᠯᠭᠠᠰᠤ ᠶᠢ ᠪᠦᠬᠦᠨ ᠢ ᠪᠦᠷᠬᠦᠬᠦᠯᠬᠦ ᠶᠢ ᠦᠨᠳᠤᠰᠤᠨ ᠳᠡᠭᠡᠨ ᠪᠡᠶᠡᠯᠡᠬᠦᠯᠤᠨ᠎ᠠ ᠬᠡᠵᠤ ᠬᠡᠯᠡᠪᠡ᠃      ᠢᠤᠢ ᠴᠢᠤ ᠬᠤᠩ᠂ ︽ᠦᠨᠳᠤᠰᠤᠨ ᠱᠠᠳᠤᠨ ᠤ ᠬᠤᠷᠰᠢᠶ᠎ᠠ ᠶᠢ ᠵᠤᠬᠢᠶᠠᠨ ᠪᠠᠶᠢᠭᠤᠯᠤᠨ ᠪᠠᠶᠢᠭᠤᠯᠬᠤ ᠢᠨᠵᠧᠨᠧᠷᠢᠩ︾ ᠪᠤᠯᠤᠨ ︽ᠮᠢᠩᠭᠠᠨ ᠰᠢᠶᠠᠨ ᠮᠢᠩᠭᠠᠨ ᠬᠤᠷᠰᠢᠶ᠎ᠠ︾ ᠶᠢ ᠬᠦᠭᠵᠢᠬᠦᠯᠤᠨ ᠮᠠᠨᠳᠤᠭᠤᠯᠬᠤ ᠲᠦᠯᠤᠪᠯᠡᠭᠡ ᠶᠢ ᠵᠤᠬᠢᠶᠠᠨ ᠪᠠᠶᠢᠭᠤᠯᠵᠤ ᠭᠡᠷᠡᠭᠵᠢᠬᠦᠯᠬᠦ ᠳᠤ ᠲᠦᠰᠢᠭᠯᠡᠨ᠂ ᠦᠨᠳᠤᠰᠤᠨ ᠱᠠᠳᠤᠨ ᠤ ᠬᠤᠷᠰᠢᠶᠠᠨ ᠤ ᠬᠡᠪᠴᠢᠶ᠎ᠠ ᠪᠠᠨ ᠦᠷᠬᠡᠳᠬᠡᠬᠦ᠂ ᠶᠠᠰᠤ ᠴᠢᠨᠠᠷ ᠢᠶᠠᠨ ᠲᠡᠭᠡᠭᠰᠢᠯᠡᠬᠦᠯᠬᠦ᠂ ᠦᠷ᠎ᠠ ᠠᠰᠢᠬ ᠢᠶᠠᠨ ᠨᠡᠮᠡᠭᠳᠡᠬᠦᠯᠬᠦ ᠶᠢ ᠠᠬᠢᠭᠤᠯᠤᠨ᠎ᠠ᠃ ᠡᠬᠦᠨ ᠤ ᠬᠠᠮᠳᠤ᠂ ᠬᠤᠯᠪᠤᠭᠠᠳᠦ ᠬᠤᠷᠰᠢᠶ᠎ᠠ ᠪᠠᠷ ᠨᠢᠬᠡ ᠪᠦᠯᠦᠭ ᠢ ᠬᠠᠪᠰᠤᠷᠤᠨ ᠳᠡᠳᠬᠦᠬᠦ᠂ ᠬᠤᠷᠰᠢᠶᠠᠨ ᠤ ᠦᠮᠴᠢᠯᠠᠯ ᠤᠨ ᠠᠵᠤ ᠠᠬᠤᠶᠢᠯᠠᠯ ᠨᠢᠬᠡ ᠪᠦᠯᠦᠭ ᠢ ᠲᠠᠶᠢᠴᠢᠯᠠᠬᠤ᠂ ᠴᠠᠬᠢᠮ ᠬᠤᠳᠠᠯᠳᠤᠭᠠᠨ ᠤ ᠤᠶᠢᠢᠯᠡᠴᠢᠯᠡᠬᠡᠨ ᠤ ᠦᠷᠳᠡᠭᠡ ᠪᠠᠷ ᠨᠢᠬᠡ ᠪᠦᠯᠦᠭ ᠢ ᠦᠬᠡᠷᠡᠴᠢᠯᠡᠨ ᠪᠠᠶᠢᠭᠤᠯᠬᠤ ᠵᠡᠷᠬᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠲᠠᠮᠵᠢᠨ᠂ 3 ᠵᠢᠯ ᠤᠨ ᠳᠤᠳᠤᠷ᠎ᠠ ᠦᠨᠳᠤᠰᠤᠨ ᠱᠠᠳᠤᠨ ᠤ ᠬᠦᠴᠦᠨ ᠪᠠᠭᠤᠷᠠᠢ ᠪᠠᠶᠢᠭ᠎ᠠ 5000 ᠬᠤᠷᠰᠢᠶ᠎ᠠ ᠶᠢ ᠦᠭᠡᠷᠡᠴᠢᠯᠡᠨ ᠪᠠᠶᠢᠭᠤᠯᠵᠤ ᠲᠡᠰ ᠲᠡᠪᠰᠢᠬᠦᠯᠤᠨ᠎ᠠ ᠬᠡᠵᠤ ᠢᠯᠡᠳᠬᠡᠪᠡ᠃      ᠡᠬᠦᠨ ᠠᠴᠠ ᠭᠠᠳᠠᠨ᠎ᠠ᠂ ᠡᠨᠡ ᠵᠢᠯ ᠬᠤᠯᠪᠤᠬᠳᠠᠯ ᠪᠦᠬᠦᠢ ᠮᠤᠵᠢ ᠦᠪᠡᠷᠳᠡᠬᠡᠨ ᠵᠠᠰᠠᠬᠤ ᠤᠷᠤᠨ ᠬᠤᠳᠠ ᠶᠢᠨ ᠬᠠᠩᠭᠠᠨ ᠪᠤᠷᠤᠯᠠᠭᠤᠯᠬᠤ ᠬᠤᠷᠰᠢᠶᠠᠨ ᠤ ᠬᠢᠨ ︽ᠭᠤᠷᠪᠠᠨ ᠤᠷᠤᠨ ᠭᠤᠷᠪᠠᠨ ᠵᠸᠤ︾ ᠶᠢᠨ ᠤᠨᠴᠠ ᠶᠠᠳᠠᠭᠤ ᠬᠦᠴᠢᠷᠳᠠᠯᠳᠠᠢ ᠤᠷᠤᠨ ᠪᠤᠯᠤᠨ 52 ᠶᠠᠳᠠᠭᠤ ᠠᠴᠠ ᠠᠩᠬᠢᠵᠢᠷᠠᠭᠠᠳᠤᠢ ᠶᠠᠳᠠᠭᠤ ᠬᠦᠴᠢᠷᠳᠠᠯᠳᠠᠢ ᠰᠢᠶᠠᠨ ᠳᠤ ᠬᠠᠩᠭᠠᠨ ᠪᠤᠷᠤᠯᠠᠭᠤᠯᠬᠤ ᠬᠤᠷᠰᠢᠶᠠᠨ ᠤ ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠮᠵᠢ ᠪᠤᠯᠤᠨ ᠤᠶᠢᠯᠡᠴᠢᠯᠡᠬᠡᠨ ᠤ ᠰᠢᠰᠲ᠋ᠧᠮ ᠢ ᠪᠦᠬᠦ ᠬᠦᠴᠤ ᠪᠠᠷ ᠰᠡᠷᠭᠦᠭᠡᠨ ᠪᠠᠶᠢᠭᠤᠯᠬᠤ ᠪᠤᠯᠤᠨ᠎ᠠ᠃                                                  ᠵᠣᠬᠢᠶᠠᠭᠴᠢ᠄ ᠡᡁᠸᠤ ᠰᠢᠤᠸᠠᠢ ᠵᠢᠩ
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2