ᠯᠢ ᠵᠢᠶᠠᠨ ᠸᠧᠨ
ᠨᠡᠶᠢᠲᠡᠯᠡᠭᠰᠡᠨ ᠴᠠᠭ᠄
2020/8/22
ᠲᠤᠪᠴᠢ ᠳᠠᠨᠢᠯᠴᠠᠭᠤᠯᠭ᠎ᠠ᠄      ᠯᠢ ᠵᠢᠶᠠᠨ ᠸᠧᠨ᠂ ᠡᠷᠡᠭᠲᠡᠶ᠂ ᠬᠢᠲᠠᠳ ᠦᠨᠳᠦᠰᠦᠲᠡᠨ᠂ 1973 ᠣᠨ ᠤ 8 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠂ ᠢᠨᠵᠧᠨᠧᠷ᠃ ᠣᠲᠣ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃ ᠬᠤᠪᠢᠳᠠᠨ ᠬᠠᠮᠢᠶᠠᠷᠬᠤ ᠠᠵᠢᠯ᠄   ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠳᠠᠷᠤᠭ᠎ᠠ ᠶᠢ ᠬᠠᠮᠵᠢᠨ ᠰᠢᠨᠵᠢᠯᠡᠬᠦ ᠤᠬᠠᠭᠠᠨ ᠮᠡᠷᠭᠡᠵᠢᠯ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ᠂ ᠵᠠᠬ᠎ᠠ ᠳᠡᠯᠭᠡᠭᠦᠷ ᠤᠨ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃    ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠲᠥᠪ ︵ᠲᠥᠮᠥᠰᠥ ᠶᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠲᠥᠪ᠂ ᠠᠮᠤ ᠪᠤᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠢ ᠰᠢᠯᠭᠠᠨ ᠪᠠᠶᠢᠴᠠᠭᠠᠵᠤ ᠬᠢᠨᠠᠨ ᠬᠡᠮᠵᠢᠬᠦ ᠲᠥᠪ︶ ᠢ ᠬᠤᠪᠢᠳᠠᠨ ᠬᠠᠮᠢᠶᠠᠷᠤᠨ᠎ᠠ᠃    ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭᠠᠲᠤ ᠬᠤᠷᠠᠯ ᠲᠠᠢ ᠬᠠᠷᠢᠯᠴᠠᠨ᠎ᠠ᠃    ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2