ᠮᠠᠨ ᠤ ᠬᠤᠲᠠ ᠲᠠᠭ᠎ᠠ ᠶᠢᠨ ᠨᠠᠭᠤᠷ ᠤᠨ ᠬᠠᠮᠠᠭᠠᠯᠠᠯᠲᠠ ᠵᠠᠰᠠᠯᠲᠠ ᠶᠢ ᠴᠢᠩᠭᠠᠳᠬᠠᠵᠤ ᠪᠣᠳᠠᠲᠤ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2021/1/15
     ᠣᠶᠢᠷ᠎ᠠ ᠳᠤ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠲᠠᠭ᠎ᠠ ᠶᠢᠨ ᠨᠠᠭᠤᠷ ᠤᠨ ᠬᠠᠮᠠᠭᠠᠯᠠᠯᠲᠠ ᠵᠠᠰᠠᠯᠲᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠲᠠᠭ᠎ᠠ ᠶᠢᠨ ᠨᠠᠭᠤᠷ ᠤᠨ ᠤᠰᠤᠨ ᠤ ᠠᠮᠢ ᠠᠬᠤᠶ ᠶᠢ ᠶᠡᠷᠦᠩᠬᠡᠶᠢᠯᠡᠨ ᠵᠠᠰᠠᠬᠤ ᠰᠡᠳᠬᠢᠴᠡ ᠠᠷᠭ᠎ᠠ ᠬᠡᠮᠵᠢᠶ᠎ᠡ ᠵᠢᠴᠢ ᠶᠡᠷᠦᠩᠬᠡᠶᠢᠯᠡᠨ ᠵᠠᠰᠠᠭᠠᠳ ᠣᠯᠤᠭᠰᠠᠨ ᠠᠩᠬ᠎ᠠ ᠠᠯᠬᠤᠮ ᠤᠨ ᠦᠷ᠎ᠡ ᠪᠦᠲᠦᠮᠵᠢ ᠶᠢ ᠲᠠᠨᠢᠯᠴᠠᠭᠤᠯᠪᠠ᠃      2016 ᠣᠨ ᠠᠴᠠ ᠨᠠᠰᠢ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ︽ᠤᠯᠠᠭᠠᠨᠴᠠᠪ ᠬᠤᠲᠠ ᠶᠢᠨ ᠲᠠᠭ᠎ᠠ ᠶᠢᠨ ᠨᠠᠭᠤᠷ ᠤᠨ ᠤᠰᠤᠨ ᠤ ᠠᠮᠢ ᠠᠬᠤᠶ ᠶᠢᠨ ᠬᠠᠮᠠᠭᠠᠯᠠᠯᠲᠠ ᠶᠢᠨ ᠲᠥᠯᠥᠪᠵᠢᠭᠦᠯᠭᠡ ︵ᠵᠠᠰᠠᠨ ᠨᠠᠶᠢᠷᠠᠭᠤᠯᠬᠤ︶︾ ᠶᠢᠨ ᠱᠠᠭᠠᠷᠳᠠᠯᠭ᠎ᠠ ᠶᠣᠰᠣᠭᠠᠷ᠂ ︽ᠬᠤᠶᠠᠷ ᠢ ᠠᠷᠪᠢᠯᠠᠬᠤ ᠬᠤᠶᠠᠷ ᠢ ᠨᠥᠬᠦᠪᠥᠷᠢᠯᠡᠬᠦ ᠬᠤᠶᠠᠷ ᠢ ᠰᠡᠷᠭᠦᠭᠡᠬᠦ︾ ᠵᠢᠷᠭᠤᠭᠠᠨ ᠵᠦᠶᠯ ᠤᠨ ᠠᠷᠭ᠎ᠠ ᠬᠡᠮᠵᠢᠶ᠎ᠡ ᠶᠢ ᠭᠤᠣᠯᠳᠠᠯᠭ᠎ᠠ ᠲᠠᠢ ᠬᠡᠷᠡᠭᠵᠢᠭᠦᠯᠪᠡ᠃ ᠲᠠᠭ᠎ᠠ ᠶᠢᠨ ᠨᠠᠭᠤᠷ ᠤᠨ ᠡᠷᠬᠢᠨ ᠲᠣᠭᠤᠷᠢᠨ ᠤ ᠬᠡᠳᠦᠨ ᠠᠷᠪᠠᠨ ᠵᠢᠯ ᠳᠤ ᠪᠦᠷᠢᠯᠳᠦᠭᠰᠡᠨ 21 ᠲᠦᠮᠡᠨ ᠮᠥ ᠤᠰᠤᠨ ᠲᠠᠷᠢᠶ᠎ᠠ ᠳᠤ ᠤᠰᠤᠯᠠᠯᠲᠠ ᠶᠢ ᠵᠣᠭᠰᠣᠭᠠᠵᠤ ᠤᠰᠤ ᠶᠢ ᠰᠡᠷᠭᠦᠭᠡᠵᠦ᠂ 667 ᠮᠠᠰᠢᠨ ᠬᠤᠳᠳᠤᠭ ᠢ ᠪᠢᠲᠡᠭᠦᠮᠵᠢᠯᠡᠨ ᠵᠣᠭᠰᠣᠭᠠᠵᠤ᠂ 6.1 ᠲᠦᠮᠡᠨ ᠮᠥ ᠤᠰᠤ ᠠᠷᠪᠢᠯᠠᠬᠤ ᠥᠭᠡᠷᠡᠴᠢᠯᠡᠯᠲᠡ ᠬᠢᠪᠠ᠃ ᠡᠭᠦᠨ ᠤ ᠬᠠᠮᠲᠤ ᠲᠠᠭ᠎ᠠ ᠶᠢᠨ ᠨᠠᠭᠤᠷ ᠤᠨ ᠴᠠᠬᠢᠯᠭᠠᠨ ᠤ ᠦᠶᠯᠡᠳᠪᠦᠷᠢ ᠶᠢᠨ 1#᠂ 2# ᠮᠠᠰᠢᠨ ᠴᠣᠭᠴᠠᠯᠠᠪᠤᠷᠢ ᠶᠢᠨ ᠤᠰᠤ ᠪᠠᠷ ᠬᠥᠷᠥᠭᠡᠬᠦ ᠶᠢ ᠠᠭᠠᠷ ᠢᠶᠠᠷ ᠬᠥᠷᠥᠭᠡᠬᠦ ᠪᠣᠯᠭᠠᠨ ᠥᠭᠡᠷᠡᠴᠢᠯᠡᠵᠦ᠂ 3#᠂ 4# ᠮᠠᠰᠢᠨ ᠴᠣᠭᠴᠠᠯᠠᠪᠤᠷᠢ ᠶᠢᠨ ᠲᠤᠰᠠᠯᠠᠬᠤ ᠮᠠᠰᠢᠨ ᠤ ᠤᠰᠤ ᠪᠠᠷ ᠬᠥᠷᠥᠭᠡᠬᠦ ᠶᠢ ᠠᠭᠠᠷ ᠢᠶᠠᠷ ᠬᠥᠷᠥᠭᠡᠬᠦ ᠪᠣᠯᠭᠠᠨ ᠥᠭᠡᠷᠡᠴᠢᠯᠡᠪᠡ᠃ 2018 ᠣᠨ ᠤ ᠡᠴᠦᠰ ᠪᠣᠯᠬᠤ ᠳᠤ᠂ ᠲᠠᠭ᠎ᠠ ᠶᠢᠨ ᠨᠠᠭᠤᠷ ᠤᠨ ᠴᠠᠬᠢᠯᠭᠠᠨ ᠦᠶᠯᠡᠳᠪᠦᠷᠢ ᠶᠢᠨ ᠦᠶᠯᠡᠳᠪᠦᠷᠢᠯᠡᠯ ᠳᠤ ᠬᠡᠷᠡᠭᠯᠡᠬᠦ ᠤᠰᠤᠨ ᠳᠤ ᠲᠠᠭ᠎ᠠ ᠶᠢᠨ ᠨᠠᠭᠤᠷ ᠤᠨ ᠤᠰᠤ ᠪᠠ ᠲᠠᠭ᠎ᠠ ᠶᠢᠨ ᠨᠠᠭᠤᠷ ᠤᠨ ᠡᠷᠬᠢᠨ ᠲᠣᠭᠤᠷᠢᠨ ᠤ ᠭᠠᠵᠠᠷ ᠳᠣᠤᠷᠠᠬᠢ ᠤᠰᠤ ᠶᠢ ᠳᠠᠭᠢᠵᠤ ᠬᠡᠷᠡᠭᠯᠡᠬᠦ ᠥᠬᠡᠶ ᠪᠣᠯᠭᠠᠪᠠ᠃ ᠡᠭᠦᠨ ᠤ ᠬᠠᠮᠲᠤ᠂ ᠨᠠᠭᠤᠷ ᠲᠤ ᠤᠷᠤᠰᠤᠨ ᠣᠷᠣᠬᠤ 22 ᠭᠤᠣᠯ ᠪᠣᠯᠬᠤ ᠭᠤᠣᠯ ᠤᠨ ᠵᠠᠮ ᠤᠨ ᠴᠢᠬᠤᠯᠠ ᠭᠠᠵᠠᠷ ᠢ ᠵᠠᠰᠠᠵᠤ᠂ ᠲᠠᠭ᠎ᠠ ᠶᠢᠨ ᠨᠠᠭᠤᠷ ᠤᠨ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠬᠤ ᠤᠰᠤ ᠨᠥᠬᠦᠪᠥᠷᠢᠯᠡᠬᠦ ᠢᠨᠵᠧᠨᠧᠷᠢᠩ ᠢ ᠪᠦᠬᠦ ᠬᠦᠴᠦᠨ ᠢᠶᠠᠷ ᠠᠬᠢᠭᠤᠯᠪᠠ᠃ ᠶᠦᠩ ᠰᠢᠩ ᠤᠰᠤᠨ ᠴᠥᠭᠦᠷᠥᠮ ᠠᠴᠠ ᠲᠠᠭ᠎ᠠ ᠶᠢᠨ ᠨᠠᠭᠤᠷ ᠲᠤ ᠤᠰᠤ ᠨᠥᠬᠦᠪᠥᠷᠢᠯᠡᠬᠦ ᠢᠨᠵᠧᠨᠧᠷᠢᠩ ᠢ ᠶᠠᠪᠤᠭᠳᠠᠭᠤᠯᠵᠤ᠂ ᠵᠢᠯ ᠳᠤᠮᠳᠠᠴᠢ ᠪᠠᠷ 200 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠨᠥᠬᠦᠪᠥᠷᠢᠯᠡᠵᠡᠢ᠃ ᠲᠠᠭ᠎ᠠ ᠶᠢᠨ ᠨᠠᠭᠤᠷ ᠤᠨ ᠠᠮᠢ ᠠᠬᠤᠶ ᠶᠢᠨ ᠪᠠᠴᠢᠮ ᠪᠠᠶᠢᠳᠠᠯ ᠢ ᠠᠷᠭᠠᠴᠠᠬᠤ ᠤᠰᠤ ᠨᠥᠬᠦᠪᠥᠷᠢᠯᠡᠬᠦ ᠢᠨᠵᠧᠨᠧᠷᠢᠩ ᠤᠨ ᠶᠡᠷᠦᠩᠬᠡᠶ ᠪᠠᠯᠠ ᠣᠷᠣᠭᠤᠯᠤᠯᠲᠠ 27.66 ᠳ᠋ᠦᠩᠰᠢᠭᠤᠷ ᠲᠥᠭᠦᠷᠢᠭ ᠲᠤ ᠬᠦᠷᠴᠦ᠂ ᠣᠲᠣ ᠨᠢᠭᠡᠨᠲᠡ ᠠᠵᠢᠯ ᠢᠶᠠᠨ ᠡᠬᠢᠯᠡᠭᠦᠯᠵᠦ᠂ ᠵᠢᠱᠢᠯᠲᠡ ᠪᠠᠷ 2021 ᠣᠨ ᠤ ᠰᠡᠭᠦᠯᠴᠢ ᠪᠠᠷ ᠠᠵᠢᠯ ᠢᠶᠠᠨ ᠳᠠᠭᠤᠰᠬᠠᠵᠤ᠂ 2022 ᠣᠨ ᠠᠴᠠ ᠡᠬᠢᠯᠡᠨ ᠤᠰᠤ ᠨᠥᠬᠦᠪᠥᠷᠢᠯᠡᠬᠦ ᠪᠣᠯᠤᠨ᠎ᠠ᠃ ᠡᠭᠦᠨ ᠠᠴᠠ ᠭᠠᠳᠠᠨ᠎ᠠ᠂ ᠲᠠᠭ᠎ᠠ ᠶᠢᠨ ᠨᠠᠭᠤᠷ ᠤᠨ ᠡᠷᠬᠢᠨ ᠲᠣᠭᠤᠷᠢᠨ ᠤ ᠨᠤᠭᠤ ᠭᠠᠵᠠᠷ ᠲᠤ ᠪᠡᠯᠴᠢᠭᠡᠷᠯᠡᠭᠦᠯᠬᠦ ᠶᠢ ᠪᠥᠬᠦ ᠲᠠᠯ᠎ᠠ ᠪᠠᠷ ᠬᠤᠷᠢᠭᠯᠠᠵᠤ᠂ ᠲᠠᠷᠢᠮᠠᠯ ᠤᠨ ᠲᠠᠯᠠᠪᠠᠶ᠂ ᠲᠡᠵᠢᠭᠡᠨ ᠦᠷᠡᠵᠢᠭᠦᠯᠬᠦ ᠲᠠᠯᠠᠪᠠᠶ᠂ ᠵᠢᠭᠠᠰᠤᠨ ᠴᠥᠭᠦᠷᠥᠮ᠂ ᠪᠠᠷᠢᠯᠭ᠎ᠠ᠂ ᠪᠠᠷᠢᠯᠭ᠎ᠠ ᠶᠢᠨ ᠠᠵᠤ ᠠᠬᠤᠶᠢᠯᠠᠯ 140 ᠡᠷᠦᠬᠡ ᠶᠢ ᠨᠤᠷᠠᠭᠠᠪᠠ᠃ 77 ᠺᠢᠯᠣᠮᠧᠲᠷ ᠪᠢᠲᠡᠭᠦᠮᠵᠢᠯᠡᠨ ᠲᠣᠣᠷᠯᠠᠵᠤ᠂ 50 ᠺᠢᠯᠣᠮᠧᠲᠷ ᠤᠨ ᠨᠠᠭᠤᠷ ᠲᠣᠭᠤᠷᠢᠭᠰᠠᠨ ᠨᠣᠭᠤᠭᠠᠨ ᠵᠠᠮ ᠢ ᠪᠦᠲᠦᠭᠡᠨ ᠪᠠᠶᠢᠭᠤᠯᠵᠤ᠂ ᠨᠠᠭᠤᠷ ᠤᠨ ᠬᠥᠪᠡᠭᠡᠨ ᠤ ᠵᠠᠪᠰᠠᠷ ᠤᠨ ᠪᠦᠰᠡ ᠶᠢ ᠵᠠᠰᠠᠨ ᠰᠡᠷᠭᠦᠭᠡᠬᠦ ᠪᠠ ᠪᠦᠲᠦᠭᠡᠨ ᠪᠠᠶᠢᠭᠤᠯᠬᠤ ᠵᠡᠷᠭᠡ ᠠᠮᠢ ᠠᠬᠤᠢ ᠶᠢᠨ ᠵᠦᠢᠯᠡᠰ ᠢ ᠶᠠᠪᠤᠭᠳᠠᠭᠤᠯᠪᠠ᠃ ᠡᠭᠦᠨ ᠤ ᠬᠠᠮᠲᠤ᠂ ᠬᠤᠩ ᠮᠤᠤ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢ ᠨᠢᠭᠡᠳᠦᠭᠡᠷ ᠳᠡᠰ ᠤᠨ B ᠲᠠᠰ ᠠᠴᠠ ᠨᠢᠭᠡᠳᠦᠭᠡᠷ ᠳᠡᠰ ᠤᠨ A ᠪᠠᠷᠢᠯᠭ᠎ᠠ ︵ᠤᠰᠤ ᠭᠠᠷᠭᠠᠬᠤ ᠤᠰᠤᠨ ᠤ ᠴᠢᠨᠠᠷ ᠢ ᠨᠢᠭᠡᠳᠦᠭᠡᠷ ᠳᠡᠰ ᠤᠨ A ᠳᠤ ᠬᠦᠷᠭᠡᠨ᠎ᠡ︶᠂ ᠲᠠᠭ᠎ᠠ ᠶᠢᠨ ᠨᠠᠭᠤᠷ ᠤᠨ ᠴᠠᠬᠢᠯᠭᠠᠨ ᠤ ᠦᠶᠯᠡᠳᠪᠦᠷᠢ ᠶᠢᠨ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ ᠪᠠᠷᠢᠯᠭ᠎ᠠ᠂ ᠲᠠᠭ᠎ᠠ ᠶᠢᠨ ᠨᠠᠭᠤᠷ ᠪᠠᠯᠭᠠᠰᠤᠨ ᠤ ᠡᠳᠦᠷ ᠪᠦᠷᠢ ᠶᠢᠨ ᠪᠣᠬᠢᠷ ᠤᠰᠤ ᠰᠢᠶᠳᠪᠦᠷᠢᠯᠡᠬᠦ ᠥᠷᠲᠡᠭᠡ᠂ ᠬᠤᠭ ᠨᠣᠪᠰᠢ ᠰᠢᠶᠳᠪᠦᠷᠢᠯᠡᠬᠦ ᠲᠠᠯᠠᠪᠠᠶ᠂ ᠲᠠᠭ᠎ᠠ ᠶᠢᠨ ᠨᠠᠭᠤᠷ ᠢ ᠲᠣᠭᠤᠷᠢᠭᠰᠠᠨ ᠬᠥᠳᠡᠭᠡ ᠲᠣᠰᠬᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠵᠡᠷᠭᠡ ᠲᠥᠷᠥᠯ ᠵᠦᠶᠯ ᠢ ᠶᠠᠪᠤᠭᠳᠠᠭᠤᠯᠪᠠ᠃      2020 ᠣᠨ ᠠᠴᠠ ᠨᠠᠰᠢ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠤᠰᠤ ᠶᠢ ᠬᠢᠵᠠᠭᠠᠷᠯᠠᠬᠤ᠂ ᠪᠣᠷᠲᠣᠭᠤᠷ ᠢ ᠬᠢᠵᠠᠭᠠᠷᠯᠠᠬᠤ᠂ ᠡᠮ ᠢ ᠬᠢᠵᠠᠭᠠᠷᠯᠠᠬᠤ᠂ ᠪᠦᠷᠬᠦᠪᠴᠢ ᠶᠢ ᠬᠢᠵᠠᠭᠠᠷᠯᠠᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠪᠡ᠃ ᠤᠰᠤ ᠶᠢ ᠬᠢᠵᠠᠭᠠᠷᠯᠠᠬᠤ ᠪᠠ ᠪᠣᠷᠲᠣᠭᠤᠷ ᠢ ᠬᠢᠵᠠᠭᠠᠷᠯᠠᠬᠤ ᠲᠠᠯ᠎ᠠ ᠪᠠᠷ᠂ 2020 ᠣᠨ ᠳᠤ ᠡᠷᠳᠡᠨᠢ ᠰᠢᠰᠢ᠂ ᠰᠢᠬᠢᠷ ᠯᠤᠤᠪᠠᠩ ᠵᠡᠷᠭᠡ ᠤᠰᠤ ᠪᠣᠷᠲᠣᠭᠤᠷ ᠶᠡᠭᠡ ᠬᠤᠷᠣᠭᠳᠠᠭᠤᠯᠬᠤ ᠲᠠᠷᠢᠮᠠᠯ ᠤᠨ ᠲᠠᠯᠠᠪᠠᠶ ᠶᠢ 28 ᠲᠦᠮᠡᠨ ᠮᠥ ᠠᠴᠠ 26 ᠲᠦᠮᠡᠨ ᠮᠥ ᠪᠣᠯᠭᠠᠨ ᠪᠠᠭᠠᠰᠬᠠᠵᠤ᠂ ᠤᠰᠤ ᠪᠣᠷᠲᠣᠭᠤᠷ ᠪᠠᠭ᠎ᠠ ᠬᠤᠷᠣᠭᠳᠠᠭᠤᠯᠬᠤ ᠲᠠᠷᠢᠮᠠᠯ ᠡᠯᠳᠡᠪ ᠠᠮᠤ ᠪᠤᠷᠴᠠᠭ ᠳᠠᠷᠢᠬᠤ ᠲᠠᠯᠠᠪᠠᠶ ᠶᠢ 25 ᠲᠦᠮᠡᠨ ᠮᠥ ᠠᠴᠠ 27 ᠲᠦᠮᠡᠨ ᠮᠥ ᠪᠣᠯᠭᠠᠨ ᠥᠷᠭᠡᠳᠬᠡᠪᠡ᠃ ᠲᠠᠭ᠎ᠠ ᠶᠢᠨ ᠨᠠᠭᠤᠷ ᠤᠨ ᠡᠷᠬᠢᠨ ᠲᠣᠭᠤᠷᠢᠨ ᠤ ︽ᠤᠰᠤᠯᠠᠯᠲᠠ ᠶᠢᠨ ᠲᠠᠷᠢᠶ᠎ᠠ ᠶᠢ ᠬᠠᠭᠤᠷᠠᠢ ᠲᠠᠷᠢᠶ᠎ᠠ ᠪᠣᠯᠭᠠᠬᠤ︾ ᠲᠠᠷᠢᠶᠠᠨ ᠭᠠᠵᠠᠷ ᠢ ᠠᠰᠢᠭᠯᠠᠵᠤ᠂ 5 ᠲᠦᠮᠡᠨ ᠮᠦ ᠣᠷᠭᠠᠨᠢᠭ ᠬᠠᠭᠤᠷᠠᠢ ᠲᠠᠷᠢᠶᠠᠯᠠᠩ ᠢ ᠬᠢᠵᠦ᠂ ᠲᠠᠷᠢᠶᠠᠴᠢᠨ ᠠᠶᠢᠯ ᠳᠤ ᠢᠯᠵᠢᠷᠡᠭᠦᠯᠦᠨ ᠪᠣᠯᠪᠠᠰᠤᠷᠠᠭᠤᠯᠤᠭᠰᠠᠨ ᠪᠤᠷᠳᠤᠭᠤᠷ ᠪᠣᠯᠤᠨ ᠲᠠᠸᠠᠷ ᠤᠨ ᠣᠷᠭᠠᠨᠢᠭ ᠪᠤᠷᠳᠤᠭᠤᠷ ᠬᠡᠷᠡᠭᠯᠡᠭᠦᠯᠵᠦ᠂ ᠡᠪᠡᠰᠦ ᠠᠷᠢᠯᠭᠠᠭᠴᠢ ᠶᠢ ᠬᠡᠷᠡᠭᠯᠡᠬᠦ ᠶᠢ ᠨᠢ ᠬᠤᠷᠢᠭᠯᠠᠵᠤ᠂ 3 ᠲᠦᠮᠡᠨ ᠮᠦ ᠤᠰᠤᠨ ᠲᠠᠷᠢᠶ᠎ᠠ ᠳᠤ ᠲᠠᠷᠢᠶᠠᠴᠢᠨ ᠠᠶᠢᠯ ᠤᠨ ᠢᠯᠵᠢᠷᠡᠭᠦᠯᠦᠨ ᠪᠣᠯᠪᠠᠰᠤᠷᠠᠭᠤᠯᠤᠭᠰᠠᠨ ᠪᠤᠷᠳᠤᠭᠤᠷ ᠪᠣᠯᠤᠨ ᠲᠠᠸᠠᠷ ᠤᠨ ᠣᠷᠭᠠᠨᠢᠭ ᠪᠤᠷᠳᠤᠭᠤᠷ ᠬᠡᠷᠡᠭᠯᠡᠬᠦ ᠶᠢ ᠳᠡᠯᠭᠡᠷᠡᠭᠦᠯᠪᠡ᠃ ᠡᠮ ᠢ ᠬᠢᠵᠠᠭᠠᠷᠯᠠᠬᠤ ᠲᠠᠯ᠎ᠠ ᠪᠠᠷ᠂ 2020 ᠣᠨ ᠳᠤ ᠬᠥᠷᠥᠰᠥ ᠶᠢ ᠰᠢᠨᠵᠢᠨ ᠵᠣᠷ ᠨᠠᠶᠢᠷᠠᠭᠤᠯᠬᠤ ᠮᠡᠷᠭᠡᠵᠢᠯ ᠢ 5 ᠲᠦᠮᠡᠨ ᠮᠥ ᠳᠡᠯᠭᠡᠷᠡᠭᠦᠯᠵᠦ᠂ 28 ᠲᠦᠮᠡᠨ ᠮᠥ ᠬᠥᠨᠥᠭᠡᠯᠲᠦ ᠬᠤᠷᠣᠬᠠᠶ ᠶᠢᠨ ᠬᠥᠨᠥᠭᠡᠯ ᠢ ᠨᠢᠭᠡᠳᠦᠯᠲᠡᠶ ᠰᠡᠷᠭᠡᠶᠢᠯᠡᠨ ᠨᠢᠭᠡᠳᠦᠯᠲᠡᠶ ᠵᠠᠰᠠᠵᠤ᠂ ᠰᠢᠯᠢᠳᠡᠭ ᠲᠠᠷᠢᠶᠠᠨ ᠡᠮ ᠤᠨ ᠰᠦᠷᠴᠢᠭᠦᠷ1.5 ᠲᠦᠮᠡ ᠶᠢ ᠰᠣᠯᠢᠪᠠ᠃ ᠰᠦᠯᠢᠶᠣᠣ ᠪᠦᠷᠬᠦᠪᠴᠢ ᠶᠢ ᠡᠵᠡᠮᠳᠡᠬᠦ ᠲᠠᠯ᠎ᠠ ᠪᠠᠷ᠂ 2020 ᠣᠨ ᠤ ᠬᠠᠪᠤᠷ ᠤᠨ ᠤᠯᠠᠷᠢᠯ ᠳᠤ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ 690 ᠲᠣᠨ ᠬᠤᠷᠢᠶᠠᠨ ᠠᠪᠴᠤ᠂ ᠬᠤᠷᠢᠶᠠᠨ ᠠᠪᠬᠤ ᠨᠣᠷᠮ᠎ᠠ ᠶᠢ 85% ᠳᠤ ᠬᠦᠷᠭᠡᠪᠡ᠃ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ 0.01mm ᠤᠯᠤᠰ ᠤᠨ ᠪᠠᠷᠢᠮᠵᠢᠶᠠᠲᠤ ᠰᠦᠯᠢᠶᠣᠣ ᠪᠦᠷᠬᠦᠪᠴᠢ ᠶᠢ ᠬᠡᠷᠡᠭᠯᠡᠭᠦᠯᠵᠦ᠂ ᠤᠯᠤᠰ ᠤᠨ ᠪᠠᠷᠢᠮᠵᠢᠶ᠎ᠠ ᠪᠤᠰᠤ ᠰᠦᠯᠢᠶᠣᠣ ᠪᠦᠷᠬᠦᠪᠴᠢ ᠬᠡᠷᠡᠭᠯᠡᠬᠦ ᠶᠢ ᠨᠢ ᠬᠤᠷᠢᠭᠯᠠᠪᠠ᠃      ᠡᠭᠦᠨ ᠠᠴᠠ ᠭᠠᠳᠠᠨ᠎ᠠ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠪᠠᠰᠠ ᠮᠠᠯ ᠵᠢᠭᠦᠷᠲᠡᠨ ᠤ ᠢᠯᠭᠠᠳᠠᠰᠤᠨ ᠤ ᠪᠣᠬᠢᠷᠲᠤᠯ᠂ ᠬᠤᠲᠠ ᠬᠥᠳᠡᠭᠡ ᠶᠢᠨ ᠬᠤᠭ ᠨᠣᠪᠰᠢ᠂ ᠬᠤᠲᠠ ᠬᠥᠳᠡᠭᠡ ᠶᠢᠨ ᠪᠣᠬᠢᠷ ᠤᠰᠤ ᠵᠡᠷᠭᠡ ᠭᠤᠷᠪᠠᠨ ᠶᠡᠭᠡ ᠪᠣᠬᠢᠷᠲᠤᠯ ᠤᠨ ᠡᠬᠢ ᠶᠢ ᠵᠠᠰᠠᠬᠤ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ 2020 ᠣᠨ ᠳᠤ ᠲᠠᠭ᠎ᠠ ᠶᠢᠨ ᠨᠠᠭᠤᠷ ᠤᠨ ᠰᠠᠪᠠ ᠭᠠᠵᠠᠷ ᠤᠨ ᠪᠣᠶ ᠪᠥᠬᠦᠶ ᠪᠠᠶᠢᠭᠠᠯᠢ ᠲᠣᠰᠬᠤᠨ ᠤ ᠵᠢᠯ ᠤᠨ ᠮᠠᠯ ᠵᠢᠭᠦᠷᠲᠡᠨ ᠤ ᠢᠯᠭᠠᠳᠠᠰᠤᠨ ᠤ ᠪᠣᠬᠢᠷᠲᠤᠯ 50—800 ᠪᠣᠰᠤᠭ᠎ᠠ ᠳᠥᠷᠪᠡᠯᠵᠢᠨ ᠮᠧᠲᠷ ᠪᠠᠶᠢᠬᠤ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶᠂ 108 ᠭᠤᠣᠯᠳᠠᠯᠭ᠎ᠠ ᠲᠠᠢ ᠪᠠᠶᠢᠭᠠᠯᠢ ᠲᠣᠰᠬᠤᠨ ᠤ ᠵᠢᠯ ᠤᠨ ᠮᠠᠯ ᠵᠢᠭᠦᠷᠲᠡᠨ ᠤ ᠢᠯᠭᠠᠳᠠᠰᠤᠨ ᠤ ᠪᠣᠬᠢᠷᠲᠤᠯ 5—50 ᠪᠣᠰᠤᠭ᠎ᠠ ᠳᠥᠷᠪᠡᠯᠵᠢᠨ ᠮᠧᠲᠷ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶ ᠵᠢᠴᠢ ᠵᠢᠯ ᠤᠨ ᠮᠠᠯ ᠵᠢᠭᠦᠷᠲᠡᠨ ᠤ ᠢᠯᠭᠠᠳᠠᠰᠤᠨ ᠤ ᠪᠣᠬᠢᠷᠲᠤᠯ 800 ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢᠬᠢ 31 ᠲᠡᠵᠢᠭᠡᠨ ᠦᠷᠡᠵᠢᠭᠦᠯᠬᠦ ᠲᠠᠯᠠᠪᠠᠶ᠂ ᠠᠯᠠᠵᠤ ᠨᠢᠲᠤᠯᠬᠤ ᠲᠠᠯᠠᠪᠠᠶ ᠳᠠᠬᠢ ᠢᠯᠭᠠᠳᠠᠰᠤᠨ ᠤ ᠪᠣᠬᠢᠷᠲᠤᠯ ᠢ ᠰᠢᠶᠳᠪᠦᠷᠢᠯᠡᠬᠦ ᠶᠢ ᠠᠬᠢᠭᠤᠯᠵᠤ᠂ ᠨᠡᠶᠢᠲᠡ 17.3 ᠲᠦᠮᠡᠨ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠣᠳᠣᠬᠠᠨ ᠳᠤ ᠶᠡᠷᠦᠩᠬᠡᠶ ᠡᠭᠦᠷᠭᠡ ᠶᠢᠨ 80 % ᠶᠢ ᠨᠢ ᠪᠡᠶᠡᠯᠡᠭᠦᠯᠪᠡ᠃ ᠬᠤᠶᠢᠰᠢᠳᠠ᠂ ᠮᠠᠯ ᠵᠢᠭᠦᠷᠲᠡᠨ ᠤ ᠢᠯᠭᠠᠳᠠᠰᠤ ᠶᠢ ᠰᠢᠢᠳᠪᠦᠷᠢᠯᠡᠬᠦ ᠬᠡᠪᠴᠢᠶ᠎ᠡ ᠶᠢ ᠤᠯᠠᠮ ᠴᠢᠨᠠᠭᠰᠢᠳᠠ ᠥᠷᠭᠡᠳᠬᠡᠵᠦ᠂ ᠬᠤᠳᠠ ᠬᠥᠳᠡᠭᠡ ᠶᠢᠨ ᠬᠤᠭ ᠨᠣᠪᠰᠢ ᠶᠢ ᠰᠢᠢᠳᠪᠦᠷᠢᠯᠡᠬᠦ ᠶᠢ ᠠᠬᠢᠭᠤᠯᠵᠤ᠂ ᠬᠤᠭ ᠨᠣᠪᠰᠢ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠎ᠠ᠃      ᠣᠳᠣᠬᠠᠨ ᠳᠤ᠂ ᠠᠯᠢ ᠤᠯᠠᠨ ᠵᠠᠰᠠᠵᠤ ᠬᠠᠮᠠᠭᠠᠯᠠᠬᠤ ᠠᠷᠭ᠎ᠠ ᠬᠡᠮᠵᠢᠶ᠎ᠡ ᠪᠠᠷ ᠳᠠᠮᠵᠢᠭᠤᠯᠵᠤ᠂ ᠲᠠᠭ᠎ᠠ ᠶᠢᠨ ᠨᠠᠭᠤᠷ ᠤᠨ ᠲᠠᠯᠠᠪᠠᠢ  ᠪᠠᠭᠠᠰᠬᠤ ᠪᠠᠶᠢᠳᠠᠯ ᠤᠳᠠᠭᠠᠰᠢᠷᠠᠬᠤ ᠬᠠᠨᠳᠤᠰᠢ ᠢᠯᠡᠷᠡᠵᠦ᠂ ᠤᠰᠤᠨ ᠤ ᠴᠢᠨᠠᠷ ᠮᠠᠭᠤᠳᠠᠬᠤ ᠬᠠᠨᠳᠤᠰᠢ ᠬᠢᠵᠠᠭᠠᠷᠯᠠᠭᠳᠠᠵᠤ᠂ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠠᠯᠬᠤᠮ ᠠᠯᠬᠤᠮ ᠢᠶᠠᠷ ᠰᠠᠶᠢᠵᠢᠷᠠᠪᠠ᠃ ᠤᠰᠤᠨ ᠤ ᠬᠡᠮᠵᠢᠶ᠎ᠡ ᠠᠴᠠ ᠦᠵᠡᠪᠡᠯ᠂ ᠨᠠᠭᠤᠷ ᠤᠨ ᠤᠰᠤᠨ ᠤ ᠵᠢᠯ ᠤᠨ ᠬᠤᠷᠣᠭᠳᠠᠯ ᠤᠨ ᠬᠡᠮᠵᠢᠶ᠎ᠡ ᠪᠠᠭᠠᠰᠴᠤ᠂ 2005 ᠣᠨ—2015 ᠣᠨ ᠳᠤ ᠵᠢᠯ ᠳᠤᠮᠳᠠᠴᠢ ᠶᠢᠨ ᠬᠤᠷᠣᠭᠳᠠᠯ 2942 ᠲᠦᠮᠡᠨ ᠪᠣᠰᠤᠭ᠎ᠠ ᠳᠥᠷᠪᠡᠯᠵᠢᠨ ᠮᠧᠲᠷ ᠪᠠᠶᠢᠭᠰᠠᠨ ᠠᠴᠠ ᠪᠠᠨ ᠠᠯᠭᠤᠷᠯᠠᠭᠠᠳ 2016 ᠣᠨ—2019 ᠣᠨ ᠪᠣᠯᠬᠤ ᠳᠤ ᠵᠢᠯ ᠳᠤᠮᠳᠠᠴᠢ ᠶᠢᠨ ᠬᠤᠷᠣᠭᠳᠠᠯ 1171 ᠲᠦᠮᠡᠨ ᠪᠣᠰᠤᠭ᠎ᠠ ᠳᠥᠷᠪᠡᠯᠵᠢᠨ ᠮᠧᠲᠷ ᠪᠣᠯᠵᠠᠢ︔ ᠨᠠᠭᠤᠷ ᠤᠨ ᠲᠠᠯᠠᠪᠠᠶ ᠪᠠᠭᠠᠰᠬᠤ ᠬᠠᠨᠳᠤᠰᠢ ᠤᠳᠠᠭᠠᠰᠢᠷᠠᠵᠤ᠂ 2005 ᠣᠨ—2015 ᠣᠨ ᠳᠤ ᠵᠢᠯ ᠳᠤᠮᠳᠠᠴᠢ ᠪᠠᠷ 2.44 ᠲᠡᠭᠰᠢ ᠳᠥᠷᠪᠡᠯᠵᠢᠨ ᠺᠢᠯᠣᠮᠧᠲᠷ ᠪᠠᠭᠠᠰᠴᠤ ᠪᠠᠶᠢᠭᠰᠠᠨ ᠠᠴᠠ 2016 ᠣᠨ—2019 ᠣᠨ ᠪᠣᠯᠬᠤ ᠳᠤ ᠵᠢᠯ ᠳᠤᠮᠳᠠᠴᠢ ᠪᠠᠷ 0.45 ᠲᠡᠭᠰᠢ ᠳᠥᠷᠪᠡᠯᠵᠢᠨ ᠺᠢᠯᠣᠮᠧᠲᠷ ᠪᠣᠯᠵᠤ ᠪᠠᠭᠠᠰᠤᠭᠰᠠᠨ ᠪᠠᠶᠢᠨ᠎ᠠ︔ ᠲᠠᠭ᠎ᠠ ᠶᠢᠨ ᠨᠠᠭᠤᠷ ᠤᠨ ᠡᠷᠬᠢᠨ ᠲᠣᠭᠤᠷᠢᠨ ᠤ ᠭᠠᠵᠠᠷ ᠳᠣᠤᠷᠠᠬᠢ ᠤᠰᠤᠨ ᠤ ᠪᠠᠶᠢᠷᠢ ᠵᠢᠯ ᠳᠠᠷᠠᠭᠠᠯᠠᠨ ᠥᠰᠬᠦ ᠬᠠᠨᠳᠤᠰᠢ ᠲᠠᠢ ᠪᠣᠯᠵᠣ᠂ 2018 ᠣᠨ ᠳᠤ 2017 ᠣᠨ ᠤ ᠬᠢ ᠲᠠᠢ ᠬᠠᠷᠢᠴᠠᠭᠤᠯᠪᠠᠯ 45.73 ᠰᠠᠨᠲ᠋ᠢᠮᠧᠲᠷ ᠥᠰᠴᠦ᠂ 2019 ᠣᠨ ᠳᠤ 2018 ᠣᠨ ᠤ ᠬᠢ ᠲᠠᠢ ᠬᠠᠷᠢᠴᠠᠭᠤᠯᠪᠠᠯ 13.13 ᠰᠠᠨᠲ᠋ᠢᠮᠧᠲᠷ ᠨᠡᠮᠡᠭᠳᠡᠪᠡ᠃ ᠤᠰᠤᠨ ᠤ ᠴᠢᠨᠠᠷ ᠤᠨ ᠲᠠᠯ᠎ᠠ ᠠᠴᠠ ᠦᠵᠡᠪᠡᠯ᠂ ᠲᠠᠭ᠎ᠠ ᠶᠢᠨ ᠨᠠᠭᠤᠷ ᠤᠨ ᠤᠰᠤᠨ ᠤ ᠴᠢᠨᠠᠷ ᠢ ᠬᠢᠨᠠᠨ ᠬᠡᠮᠵᠢᠬᠦ ᠭᠦᠶᠴᠡᠳᠬᠡᠯ ᠲᠤᠭ᠎ᠠ ᠨᠢ 24 ᠵᠦᠶᠯ ᠪᠠᠶᠢᠵᠤ᠂ ᠭᠤᠤᠯᠳᠠᠭᠤ ᠦᠨᠡᠯᠡᠬᠦ ᠭᠦᠶᠴᠡᠳᠬᠡᠯ ᠲᠤᠭ᠎ᠠ ᠨᠢ 5 ᠵᠦᠶᠯ ᠪᠠᠶᠢᠵᠤ᠂ ᠬᠢᠮᠢ ᠶᠢᠨ ᠬᠦᠴᠢᠯᠲᠥ᠋ᠷᠥᠭᠴᠢ ᠬᠡᠷᠡᠭᠰᠡᠬᠦ ᠬᠡᠮᠵᠢᠶ᠎ᠡ ᠨᠢ Ⅴ ᠲᠥᠷᠥᠯ ᠤᠨ ᠪᠠᠷᠢᠮᠵᠢᠶ᠎ᠠ ᠬᠢᠵᠠᠭᠠᠷ ᠬᠡᠮᠵᠢᠭᠳᠡᠯ ᠠᠴᠠ ᠳᠠᠪᠠᠵᠤ᠂ ᠰᠢᠪᠲᠦᠷᠲᠦ ᠠᠽᠣᠲ ᠨᠢⅢ ᠲᠥᠷᠥᠯ ᠤᠨ ᠪᠠᠷᠢᠮᠵᠢᠶ᠎ᠠ ᠬᠢᠵᠠᠭᠠᠷ ᠬᠡᠮᠵᠢᠭᠳᠡᠯ ᠤᠨ ᠳᠣᠲᠣᠷ᠎ᠠ᠂ ᠶᠡᠷᠦᠩᠬᠡᠶ ᠹᠣᠰᠹᠣᠷ ᠨᠢ Ⅴᠲᠥᠷᠥᠯ ᠤᠨ ᠪᠠᠷᠢᠮᠵᠢᠶ᠎ᠠ ᠬᠢᠵᠠᠭᠠᠷ ᠬᠡᠮᠵᠢᠭᠳᠡᠯ ᠤᠨ ᠳᠣᠲᠣᠷ᠎ᠠ ᠪᠠᠶᠢᠵᠤ᠂ ᠭᠤᠷᠪᠠᠨ ᠵᠦᠶᠯ ᠤᠨ ᠭᠦᠶᠴᠡᠳᠬᠡᠯ ᠲᠤᠭ᠎ᠠ ᠨᠢ 2008 ᠣᠨ—2015 ᠣᠨ ᠳᠤ ᠢᠯᠡᠳᠲᠡ ᠳᠡᠭᠡᠭᠰᠢᠯᠡᠬᠦ ᠬᠠᠨᠳᠤᠰᠢ ᠲᠠᠢ ᠪᠣᠯᠵᠣ᠂ 2016 ᠣᠨ ᠠᠴᠠ ᠨᠠᠰᠢ ᠥᠳᠬᠡᠴᠡ ᠶᠢᠨ ᠨᠡᠮᠡᠭᠳᠡᠯ ᠨᠢ ᠤᠳᠠᠭᠠᠰᠢᠷᠠᠪᠠ᠃ 2008 ᠣᠨ—2020 ᠣᠨ ᠤ10 ᠰᠠᠷ᠎ᠠ ᠪᠣᠯᠲᠠᠯ᠎ᠠ᠂ ᠹᠯᠣᠷᠲᠤ ᠨᠢᠭᠡᠳᠪᠦᠷᠢ ᠶᠢᠨ ᠵᠢᠯ ᠤᠨ ᠳᠤᠮᠳᠠᠴᠢ ᠬᠡᠮᠵᠢᠭᠳᠡᠯ ᠨᠢ 1.35—4.34 mg / L ᠤᠨ ᠬᠤᠭᠤᠷᠣᠨᠳᠣ ᠪᠠᠶᠢᠵᠤ᠂ ᠳᠡᠭᠡᠳᠦ ᠮᠠᠩᠭᠠᠨ ᠬᠦᠴᠢᠯ ᠤᠨ ᠳᠠᠪᠤᠰᠤᠨ ᠤ ᠵᠢᠯ ᠤᠨ ᠳᠤᠮᠳᠠᠴᠢ ᠬᠡᠮᠵᠢᠭᠳᠡᠯ ᠨᠢ 9.7—16.57 mg / L ᠤᠨ ᠬᠤᠭᠤᠷᠣᠨᠳᠣ ᠪᠠᠶᠢᠵᠤ᠂ ᠬᠤᠶᠠᠷ ᠵᠦᠶᠯ ᠤᠨ ᠭᠦᠶᠴᠡᠳᠬᠡᠯ ᠲᠤᠭ᠎ᠠ ᠨᠢ ᠶᠡᠷᠦᠩᠬᠡᠶ ᠳᠡᠭᠡᠨ ᠳᠡᠭᠡᠭᠰᠢᠯᠡᠬᠦ ᠬᠠᠨᠳᠤᠰᠢ ᠲᠠᠢ ᠪᠠᠶᠢᠵᠤ᠂ ᠡᠭᠦᠨ ᠳᠤ 2008 ᠣᠨ— 2015 ᠣᠨ ᠳᠤ ᠢᠯᠡᠳᠲᠡ ᠳᠡᠭᠡᠭᠰᠢᠯᠡᠵᠦ᠂ 2016 ᠣᠨ—2020 ᠣᠨ ᠤ 10 ᠰᠠᠷ᠎ᠠ ᠪᠣᠯᠲᠠᠯ᠎ᠠ ᠨᠡᠮᠡᠭᠳᠡᠯ ᠤᠨ ᠬᠤᠷᠳᠤᠴᠠ ᠨᠢ ᠤᠳᠠᠭᠠᠰᠢᠷᠠᠪᠠ᠃ ᠠᠮᠢ ᠠᠬᠤᠶ ᠶᠢᠨ ᠲᠠᠯ᠎ᠠ ᠠᠴᠠ ᠦᠵᠡᠪᠡᠯ᠂ ᠰᠠᠪᠠ ᠭᠠᠵᠠᠷ ᠤᠨ ᠳᠣᠲᠣᠷᠠᠬᠢ ᠤᠷᠭᠤᠮᠠᠯ ᠤᠨ ᠬᠤᠴᠢᠯᠭ᠎ᠠ ᠶᠢᠨ ᠪᠦᠷᠬᠦᠴᠡ 2015 ᠣᠨ ᠳᠤ 68 % ᠪᠠᠶᠢᠭᠰᠠᠨ ᠠᠴᠠ ᠪᠠᠨ 2019 ᠣᠨ ᠳᠤ 70 % ᠪᠣᠯᠵᠣ ᠳᠡᠭᠡᠭᠰᠢᠯᠡᠪᠡ︔ ᠰᠢᠪᠠᠭᠤᠨ ᠤ ᠲᠥᠷᠥᠯ 2015 ᠣᠨ ᠳᠤ 68 ᠲᠥᠷᠥᠯ ᠪᠠᠶᠢᠭᠰᠠᠨ ᠠᠴᠠ ᠪᠠᠨ 2019 ᠣᠨ ᠳᠤ 91 ᠲᠥᠷᠥᠯ ᠪᠣᠯᠵᠣ ᠨᠡᠮᠡᠭᠳᠡᠪᠡ᠃      ᠲᠠᠷᠠᠭᠠᠴᠢ ᠶᠢᠨ ᠠᠯᠬᠤᠮ ᠳᠤ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠤᠯᠤᠰ ᠲᠥᠷᠥ ᠶᠢᠨ ᠵᠣᠭᠰᠣᠴᠠ ᠪᠠ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠶᠯ ᠤᠨ ᠵᠠᠰᠠᠯᠲᠠ ᠶᠢᠨ ᠡᠭᠦᠷᠭᠡ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠵᠦ᠂ ᠲᠠᠭ᠎ᠠ ᠶᠢᠨ ᠨᠠᠭᠤᠷ ᠤᠨ ᠬᠥᠬᠡᠮᠳᠦᠭ ᠨᠣᠭᠤᠭᠠᠨ ᠠᠭᠤᠯᠠ ᠤᠰᠤ ᠶᠢ ᠰᠠᠬᠢᠨ ᠬᠠᠮᠠᠭᠠᠯᠠᠬᠤ ᠪᠣᠯᠤᠨ᠎ᠠ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2