ᠨᠤᠮ ᠤᠨ ᠳᠠᠯᠠᠢ ᠳᠤ ᠱᠤᠮᠪᠠᠭ᠋ᠤ ᠶᠢᠨ ᠵᠢᠷᠭᠠᠯ ᠢ ᠡᠳ᠋ᠯᠡᠨ᠎ᠡ
ᠨᠡᠶᠢᠲᠡᠯᠡᠭᠰᠡᠨ ᠴᠠᠭ᠄
2021/1/21
   ᠨᠣᠮ ᠤᠯᠠᠨ ᠤᠡᠭᠰᠢᠪᠠᠯ ᠦᠷᠭᠡᠨ ᠬᠠᠷᠠᠭ᠎ᠠ ᠲᠡᠯᠡᠭᠳᠡᠳᠡᠭ᠂ ᠰᠠᠴᠤᠷᠠᠨ ᠲᠤᠨᠢᠶᠠᠷᠠᠬᠤ ᠨᠠᠷᠠᠨ ᠤ ᠢᠯᠴᠢ ᠪᠠᠷ ᠪᠡᠶ᠎ᠡ ᠪᠠᠨ ᠠᠷᠢᠭᠤᠯᠠᠵᠦ᠂ ᠰᠠᠨᠠᠭᠠᠨ ᠳᠤ ᠲᠠᠭᠠᠯᠠᠭᠳᠠᠭᠰᠠᠨ ᠨᠤᠮ ᠤᠨ ᠰᠠᠩ ᠢᠶᠠᠷ ᠰᠡᠳᠬᠢᠯ ᠪᠠᠨ ᠠᠷᠢᠭᠤᠰᠬᠠᠵᠦ᠂ ᠤᠯᠠᠨ ᠨᠤᠮ ᠤᠨ ᠰᠡᠩᠭᠢᠨᠡᠭᠰᠡᠨ ᠦᠨᠦᠷ ᠲᠤ ᠰᠤᠭᠲᠤᠭᠤᠷᠠᠬᠤ ᠶᠢᠨ ᠵᠢᠷᠭᠠᠯ ᠢ ᠤᠡᠭᠰᠢᠵᠦ ᠰᠠᠭᠤᠬᠤ ᠬᠦᠮᠦᠨ ᠯᠡ ᠮᠡᠳᠡᠷᠡᠵᠦ ᠴᠢᠳᠠᠳᠠᠭ᠃   ᠣᠶᠢᠷ᠎ᠠ ᠳᠤ᠂ ᠰᠤᠷᠪᠤᠯᠵᠢᠯᠠᠭᠴᠢ ᠴᠠᠬᠠᠷ ᠪᠠᠷᠠᠭᠤᠨ ᠵᠡᠭᠡᠯᠢ ᠶᠢᠨ ᠡᠮᠦᠨ᠎ᠡ ᠲᠠᠯ᠎ᠠ ᠪᠠᠷ ᠪᠠᠶᠢᠭ᠎ᠠ ︽ᠶᠠᠨ ᡁᠢ︾ ᠨᠣᠮ ᠤᠨ ᠳᠡᠯᠭᠡᠭᠦᠷ ᠲᠤ ᠬᠦᠷᠴᠦ ᠰᠤᠷᠪᠤᠯᠵᠢᠯᠠᠬᠤ ᠳᠤ᠂ ᠬᠡᠳᠦ᠋ᠢᠪᠡᠷ ᠬᠥᠬᠡᠭᠡ ᠡᠪᠦᠯ ᠪᠣᠯᠤᠭᠰᠠᠨ ᠪᠣᠯᠪᠠᠴᠤ ᠳᠡᠯᠭᠡᠭᠦᠷ ᠲᠤᠲᠤᠷ᠎ᠠ ᠬᠠᠯᠠᠭᠤᠨ ᠳᠤᠯᠠᠭᠠᠨ ᠪᠠᠶᠢᠯ᠎ᠠ᠃ ᠨᠠᠮ ᠳᠥᠯᠭᠡᠨ ᠰᠣᠩᠭᠤᠳᠠᠭ ᠳᠠᠭᠤᠤ ᠬᠥᠭᠵᠢᠮ᠂ ᠡᠷᠬᠢᠮᠰᠦᠭ ᠥᠪᠡᠷᠮᠢᠴᠡ ᠣᠨᠴᠠᠯᠢᠭ ᠲᠠᠢ ᠨᠣᠮ ᠤᠨ ᠥᠷᠥᠭᠡᠨ ᠤ ᠪᠠᠶᠢᠷᠢᠰᠢᠭᠤᠯᠤᠯ᠂ ᠥᠪᠡᠷᠮᠢᠴᠡ ᠣᠨᠴᠠᠯᠢᠭ ᠲᠠᠢ ᠡᠯ᠎ᠡ ᠵᠦᠢᠯ ᠤᠨ ᠬᠠᠯᠠᠭᠤᠨ ᠤᠮᠳᠠᠭᠠᠨ᠂ ᠤᠩᠰᠢᠭᠴᠢᠳ ᠬᠤᠶᠠᠭᠤᠯᠠ ᠭᠤᠷᠪᠠᠭᠤᠯᠠ ᠨᠡᠶᠢᠯᠡᠯᠲᠦᠨ ᠡᠰᠡᠬᠦᠯ᠎ᠡ ᠪᠤᠯᠤᠩ ᠳᠣᠲᠣᠷ᠎ᠠ ᠨᠢᠭᠡ ᠲᠠᠯ᠎ᠠ ᠪᠠᠷ ᠺᠣᠹᠧ ᠤᠤᠭᠤᠵᠤ᠂ ᠨᠢᠭᠡ ᠲᠠᠯ᠎ᠠ ᠪᠠᠷ ᠨᠠᠮ ᠵᠢᠮ ᠨᠤᠮ ᠤᠩᠰᠢᠨ ᠰᠠᠭᠤᠨ᠎ᠠ᠂ ᠡᠰᠡᠬᠦᠯ᠎ᠡ ᠳᠦᠭᠦᠷᠡᠩ ᠨᠣᠮ ᠲᠠᠢ ᠨᠤᠮ ᠤᠨ ᠲᠠᠯᠪᠢᠭᠤᠷ ᠤᠨ ᠬᠠᠵᠠᠭᠤ ᠳᠤ ᠰᠠᠭᠤᠵᠤ᠂ ᠬᠢᠴᠢᠶᠡᠯ ᠰᠤᠷᠤᠯᠭ᠎ᠠ ᠳᠠᠭᠠᠨ ᠰᠢᠮᠳᠠᠨ᠎ᠠ
    ︽ᠡᠨᠡᠬᠦ ᠨᠣᠮ ᠤᠨ ᠳᠡᠯᠭᠡᠭᠦᠷ ᠢ ᠡᠵᠡᠩᠨᠡᠭᠡᠳ ᠨᠢᠭᠡᠨᠲᠡ ᠨᠢᠭᠡ ᠵᠢᠯ ᠪᠣᠯᠵᠤ ᠪᠠᠶᠢᠨ᠎ᠠ᠂ ᠲᠡᠷᠡ ᠨᠢ ᠨᠣᠮ ᠪᠢᠴᠢᠭ ᠂ ᠺᠣᠹᠧ᠂ ᠰᠣᠶᠣᠯ ᠤᠨ ᠪᠦᠲᠦᠭᠡᠭᠳᠡᠬᠦᠨ ᠪᠠ ᠰᠤᠷᠤᠯᠭ᠎ᠠ ᠠᠮᠢᠳᠤᠷᠠᠯ ᠤᠨ ᠣᠷᠴᠢᠨ ᠢ ᠨᠢᠭᠡ ᠴᠣᠭᠴᠠ ᠪᠣᠯᠭᠠᠨ ᠬᠡᠷᠡᠭᠯᠡᠵᠦ᠂ ᠬᠥᠮᠦᠨ ᠪᠦᠷᠢ ᠳᠤ ᠨᠢᠭᠡᠨ ᠤᠬᠢ ᠰᠠᠶᠢᠨ ᠤᠩᠰᠢᠯᠭ᠎ᠠ ᠶᠢᠨ ᠣᠷᠣᠨ ᠵᠠᠶ ᠬᠠᠩᠭᠠᠬᠤ ᠶᠢ ᠵᠤᠷᠢᠭᠰᠠᠨ ᠪᠠᠶᠢᠨ᠎ᠠ᠃ ᠪᠢᠳᠡ ᠤᠳᠤ ᠪᠠᠶᠢᠭ᠎ᠠ ᠬᠡᠦᠬᠡᠳ ᠤᠨ ᠤᠩᠰᠢᠯᠭ᠎ᠠ ᠶᠢᠨ ᠲᠣᠭᠤᠷᠢᠭ᠂ ᠨᠠᠰᠤᠨ ᠳᠤ ᠬᠦᠷᠦᠭᠰᠡᠳ ᠤᠨ ᠤᠡᠭᠰᠢᠯᠭ᠎ᠠ ᠶᠢᠨ ᠲᠣᠭᠤᠷᠢᠭ ᠵᠢᠴᠢ ᠤᠰᠤᠨ ᠪᠠᠭᠠᠷ ᠤᠨ ᠰᠠᠭᠤᠷᠢᠨ ᠳᠡᠭᠡᠷ᠎ᠡ ᠬᠡᠯᠡᠨ ᠤ ᠪᠣᠯᠪᠠᠰᠤᠷᠠᠯ᠂ ᠬᠥᠭᠵᠢᠮ ᠤᠨ ᠬᠢᠴᠢᠶᠡᠯ ᠵᠡᠷᠭᠡ ᠠᠭᠤᠯᠭ᠎ᠠ ᠶᠢ ᠨᠡᠮᠡᠬᠦ ᠪᠠᠷ ᠲᠥᠯᠥᠪᠯᠡᠵᠦ ᠪᠠᠶᠢᠨ᠎ᠠ᠃ ᠨᠣᠮ ᠤᠩᠰᠢᠬᠤ ᠶᠢ ᠰᠠᠨᠠᠭᠠᠴᠢᠯᠠᠵᠤ ᠪᠠᠶᠢᠭ᠎ᠠ ᠥᠨᠥᠳᠦᠷ᠂ ︽ᠶᠠᠨ ᡁᠢ︾ ᠨᠣᠮ ᠤᠨ ᠳᠡᠯᠭᠡᠭᠦᠷ ᠢᠶᠠᠷ ᠳᠠᠮᠵᠢᠭᠤᠯᠤᠨ ᠠᠭᠤᠯᠠᠨ ᠬᠤᠲᠠ ᠶᠢᠨ ᠠᠷᠠᠳ ᠤᠯᠠᠨ ᠤ ᠨᠤᠮ ᠤᠩᠰᠢᠬᠤ ᠳᠤ ᠳᠤᠷᠠᠲᠠᠶ ᠪᠣᠯᠬᠤ ᠶᠢ ᠬᠦᠰᠡᠵᠦ ᠪᠠᠶᠢᠨ᠎ᠠ︾ ᠭᠡᠵᠦ  ︽ᠶᠠᠨ ᡁᠢ︾ ᠨᠣᠮ ᠤᠨ ᠳᠡᠯᠭᠡᠭᠦᠷ ᠤᠨ ᠬᠠᠷᠢᠭᠤᠴᠠᠯᠭᠠᠲᠠᠨ ᠰᠦᠨ ᠢ ᠸᠧᠢ ᠬᠡᠯᠡᠪᠡ᠃               ᠴᠠᠩ ᠰᠢᠶᠤᠤ ᠫᠢᠩ ᠰᠡᠭᠦᠳᠡᠷᠯᠡᠨ ᠮᠡᠳᠡᠭᠡᠯᠡᠪᠡ᠃
 
ᠢᠷᠡᠯᠲᠡ᠄ ᠤᠯᠠᠭᠠᠨᠴᠠᠪ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2