︽ᠤᠯᠠᠭᠠᠨᠴᠠᠪ ᠬᠤᠲᠠ ᠶᠢᠨ ᠭᠠᠵᠠᠷ ᠤᠨ ᠪᠥᠷᠬᠦᠭᠦᠯ ᠢ ᠡᠭᠡᠭᠦᠯᠦᠨ ᠬᠤᠷᠢᠶᠠᠵᠤ ᠰᠢᠶᠳᠪᠦᠷᠢᠯᠡᠬᠦ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠦᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/1/28
                       ᠤᠯᠠᠭᠠᠠᠴᠠᠪ ᠵᠠᠰᠠᠭ ᠠᠯᠪᠠᠨ ᠥᠰᠥᠭ  ﹇2020﹈ 63 ᠳ᠋ᠤᠭᠠᠷ ᠲᠣᠭᠠᠲᠤ ︽ᠤᠯᠠᠭᠠᠨᠴᠠᠪ ᠬᠤᠲᠠ ᠶᠢᠨ ᠭᠠᠵᠠᠷ ᠤᠨ ᠪᠥᠷᠬᠦᠭᠦᠯ ᠢ ᠡᠭᠡᠭᠦᠯᠦᠨ ᠬᠤᠷᠢᠶᠠᠵᠤ ᠰᠢᠶᠳᠪᠦᠷᠢᠯᠡᠬᠦ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠦᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠄       ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠤᠯᠠᠭᠠᠨᠴᠠᠪ ᠬᠤᠲᠠ ᠶᠢᠨ ᠭᠠᠵᠠᠷ ᠤᠨ ᠪᠥᠷᠬᠦᠭᠦᠯ ᠢ ᠡᠭᠡᠭᠦᠯᠦᠨ ᠬᠤᠷᠢᠶᠠᠵᠤ ᠰᠢᠶᠳᠪᠦᠷᠢᠯᠡᠬᠦ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃                                                                                                     2020 ᠣᠨ ᠤ 11ᠳ᠋ᠦ᠋ᠭᠡᠷ ᠰᠠᠷ᠎ᠠ ᠶᠢᠨ 23 ᠤ ᠡᠳᠦᠷ ︽ᠤᠯᠠᠭᠠᠨᠴᠠᠪ ᠬᠤᠲᠠ ᠶᠢᠨ ᠭᠠᠵᠠᠷ ᠤᠨ ᠪᠥᠷᠬᠦᠭᠦᠯ ᠢ ᠡᠭᠡᠭᠦᠯᠦᠨ ᠬᠤᠷᠢᠶᠠᠵᠤ ᠰᠢᠶᠳᠪᠦᠷᠢᠯᠡᠬᠦ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠥᠰᠦᠯ︾             ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠳᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠦᠭᠡ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠬᠠᠮᠢᠶᠠᠷᠤᠯᠲᠠ ᠶᠢᠨ ᠠᠷᠭ᠎ᠠ︾ ︵ᠲᠠᠷᠢᠶᠠᠯᠠᠩ ᠬᠥᠳᠡᠭᠡ ᠲᠣᠰᠬᠤᠨ ᠶᠠᠮᠤᠨ ᠵᠠᠷᠯᠢᠭ 2020 ᠣᠨ ᠤ 4 ᠳ᠋ᠦ᠋ᠭᠡᠷ ᠲᠣᠭᠠᠲᠤ︶ ᠶᠢ ᠦᠨᠳᠦᠰᠦᠯᠡᠪᠡᠯ᠂ ︽ ᠥᠪᠡᠷᠲᠡᠭᠡᠨ ᠵᠠᠰᠠᠬᠤ ᠣᠷᠣᠨ ᠤ 2020 ᠣᠨ ᠤ ᠰᠦᠯᠢᠶᠣᠣ ᠶᠢᠨ ᠪᠣᠬᠢᠷᠲᠤᠯ ᠢ ᠵᠠᠰᠠᠬᠤ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠶ ᠣᠷᠴᠢᠨ ᠲᠣᠭᠤᠷᠢᠨ ᠤ ᠲᠢᠩᠬᠢᠮ ᠵᠡᠷᠭᠡ 10 ᠰᠠᠯᠠᠭ᠎ᠠ ᠮᠥᠴᠢᠷ ᠤᠨ ᠮᠡᠳᠡᠭᠳᠡᠯ︾ ︵ᠥᠪᠥᠷ ᠬᠥᠭᠵᠢᠭᠦᠯᠦᠯᠲᠡ ᠥᠭᠡᠷᠡᠴᠢᠯᠡᠯᠲᠡ ᠣᠷᠴᠢᠨ ᠲᠣᠭᠤᠷᠢᠨ ᠡᠬᠢ ᠪᠠᠶᠠᠯᠢᠭ ᠥᠰᠥᠭ ﹇2020﹈ 935 ᠳ᠋ᠤᠭᠠᠷ ᠲᠣᠭᠠᠲᠤ︶ ᠪᠠ ︽2020 ᠣᠨ ᠤ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠪᠠ ᠭᠠᠵᠠᠷ ᠤᠨ ᠪᠥᠷᠬᠦᠭᠦᠯ ᠢ ᠡᠭᠡᠭᠦᠯᠦᠨ ᠬᠤᠷᠢᠶᠠᠵᠤ ᠠᠰᠢᠭᠯᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢ ᠲᠦᠷᠭᠡᠳᠬᠡᠨ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠶ ᠰᠢᠨᠵᠢᠯᠡᠬᠦ ᠤᠬᠠᠭᠠᠨ ᠲᠠᠷᠬᠠᠭᠠᠭᠰᠠᠨ  ﹇2020﹈ 315 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠵᠦ᠂ ᠪᠥᠬᠦ ᠬᠤᠲᠠ ᠳᠤ  ᠭᠠᠵᠠᠷ ᠤᠨ ᠪᠥᠷᠬᠦᠭᠦᠯ ᠢ ᠡᠭᠡᠭᠦᠯᠦᠨ ᠬᠤᠷᠢᠶᠠᠵᠤ ᠰᠢᠢᠳᠪᠦᠷᠢᠯᠡᠬᠦ ᠪᠣᠭᠤᠮᠲᠠ ᠰᠢᠪᠲᠤᠯᠬᠤ ᠠᠵᠢᠯᠯᠠᠭ᠎ᠠ ᠥᠷᠨᠢᠭᠦᠯᠬᠦ ᠪᠠᠷ ᠲᠣᠭᠲᠠᠭᠠᠪᠠ᠃ ᠠᠵᠢᠯᠯᠠᠭ᠎ᠠ ᠶᠢ ᠡᠮᠬᠢ ᠵᠢᠷᠤᠮ ᠲᠠᠢ ᠥᠷᠨᠢᠭᠦᠯᠵᠦ᠂ ᠪᠣᠳᠠᠲᠤ ᠦᠷ᠎ᠡ ᠪᠦᠲᠦᠮᠵᠢ ᠣᠯᠬᠤ ᠶᠢᠨ ᠲᠥᠯᠥᠭᠡ᠂ ᠲᠤᠰ ᠲᠥᠰᠦᠯ ᠢ ᠣᠨᠴᠠᠭᠠᠶᠢᠯᠠᠨ ᠲᠣᠭᠲᠠᠭᠠᠪᠠ᠃       ᠨᠢᠭᠡ᠂ ᠣᠳᠣᠬᠢ ᠪᠠᠶᠢᠳᠠᠯ       ᠮᠠᠨ ᠤ ᠬᠤᠲᠠ ᠶᠢᠨ ᠭᠠᠵᠠᠷ ᠤᠨ ᠪᠥᠷᠭᠦᠭᠦᠯ ᠤᠨ ᠬᠤᠴᠠᠬᠤ ᠮᠡᠷᠭᠡᠵᠢᠯ ᠨᠢ ᠳᠡᠭᠡᠷ᠎ᠡ ᠵᠠᠭᠤᠨ ᠤ ᠨᠠᠶᠠᠭᠠᠳ ᠣᠨ ᠳᠤ ᠪᠣᠶ ᠪᠣᠯᠤᠭᠰᠠᠨ ᠶᠤᠮ᠂ ᠲᠡᠭᠦᠨ ᠤ ᠴᠢᠭᠢᠭ ᠢ ᠬᠠᠮᠠᠭᠠᠯᠠᠬᠤ᠂ ᠳᠤᠯᠠᠭᠠᠨ ᠢ ᠨᠡᠮᠡᠭᠳᠡᠭᠦᠯᠬᠦ᠂ ᠭᠠᠩ ᠢ ᠡᠰᠡᠷᠭᠦᠴᠡᠬᠦ᠂ ᠡᠪᠡᠰᠦ ᠠᠷᠢᠯᠭᠠᠬᠤ ᠵᠡᠷᠭᠡ ᠢᠯᠡᠳᠲᠡ ᠦᠶᠯᠡᠳᠦᠯ ᠲᠠᠢ᠂  ᠢᠯᠠᠩᠭᠤᠶ᠎ᠠ ᠬᠠᠬᠢᠷ ᠬᠦᠶᠲᠡᠨ ᠭᠠᠩ ᠬᠠᠭᠤᠷᠠᠶ ᠤᠯᠠᠭᠠᠨᠴᠠᠪ ᠣᠷᠣᠨ ᠳᠤ ᠲᠣᠬᠢᠷᠠᠬᠤ ᠪᠣᠯᠬᠤᠷ ᠳᠡᠯᠭᠡᠷᠡᠭᠦᠯᠪᠡ᠃ ᠳᠡᠯᠭᠡᠷᠡᠭᠦᠯᠬᠦ ᠲᠠᠯᠠᠪᠠᠶ ᠵᠢᠯ ᠳᠠᠷᠠᠭᠠᠯᠠᠨ ᠥᠷᠭᠡᠳᠴᠦ᠂ 2019 ᠣᠨ ᠳᠤ ᠪᠥᠬᠦ ᠬᠤᠲᠠ ᠶᠢᠨ ᠭᠠᠵᠠᠷ ᠤᠨ ᠪᠥᠷᠬᠦᠭᠦᠯ ᠢ ᠬᠤᠴᠢᠭᠰᠠᠨ ᠲᠠᠯᠠᠪᠠᠶ 351 ᠲᠦᠮᠡᠨ ᠮᠥ ᠳᠤ ᠬᠦᠷᠴᠦ᠂ ᠬᠡᠷᠡᠭᠯᠡᠭᠰᠡᠨ ᠬᠡᠮᠵᠢᠶ᠎ᠡ ᠨᠢ 1 . 472 ᠲᠦᠮᠡᠨ ᠲᠣᠨ ᠳᠤ ᠬᠦᠷᠴᠦ᠂ ᠥᠩᠭᠡᠷᠡᠭᠰᠡᠨ ᠵᠢᠯ ᠤᠳ ᠤᠨ ᠬᠠᠮᠤᠭ ᠤᠨ ᠥᠨᠳᠥᠷ ᠣᠷᠭᠢᠯ ᠳᠤ ᠬᠦᠷᠴᠡᠶ᠃ ᠭᠤᠤᠯ ᠨᠢ ᠡᠷᠳᠡᠨᠢ ᠰᠢᠰᠢ᠂ ᠰᠢᠬᠢᠷ ᠯᠤᠤᠪᠠᠩ᠂ ᠨᠠᠷᠠᠨ ᠬᠤᠸᠠᠷ ᠵᠡᠷᠭᠡ ᠲᠠᠷᠢᠮᠠᠯ ᠳᠡᠭᠡᠷ᠎ᠡ ᠲᠥᠪᠯᠡᠷᠡᠵᠦ ᠪᠠᠶᠢᠨ᠎ᠠ᠃ ᠭᠠᠵᠠᠷ ᠤᠨ ᠪᠥᠷᠬᠦᠭᠦᠯ ᠨᠢ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢᠨ ᠬᠠᠮᠲᠤ ᠪᠠᠰᠠ ︽ᠴᠠᠭᠠᠨ︾ ᠪᠣᠬᠢᠷᠲᠤᠯ ᠢ ᠴᠤ ᠠᠪᠴᠢᠷᠠᠵᠠᠶ᠃ ᠵᠢᠯ ᠪᠦᠷᠢ ᠶᠢᠨ ᠡᠪᠦᠯ ᠬᠠᠪᠤᠷ ᠤᠨ ᠤᠯᠠᠷᠢᠯ ᠳᠤ᠂ ᠶᠡᠭᠡ ᠬᠡᠮᠵᠢᠶᠡᠨ ᠤ ᠦᠯᠡᠳᠡᠭᠳᠡᠯ ᠪᠦᠷᠬᠦᠭᠦᠯ ᠲᠠᠷᠢᠶᠠᠨ ᠭᠠᠵᠠᠷ᠂ ᠠᠶᠢᠯ ᠲᠣᠰᠬᠤᠨ ᠤ ᠭᠤᠤ ᠭᠠᠩᠭ᠎ᠠ ᠳᠤ ᠣᠪᠣᠭᠠᠯᠠᠭᠳᠠᠵᠤ᠂ ᠵᠠᠷᠢᠮ ᠨᠢ ᠮᠣᠳᠣᠨ ᠤ ᠦᠵᠦᠭᠦᠷ ᠳᠤ ᠬᠡᠶᠢᠰᠴᠦ᠂ ᠵᠠᠮ ᠤᠨ ᠬᠤᠶᠠᠷ ᠲᠠᠯ᠎ᠠ ᠶᠢᠨ ᠣᠷᠴᠢᠨ ᠲᠣᠭᠤᠷᠢᠨ ᠤ ᠭᠤᠶᠣᠮᠰᠤᠭ ᠢ ᠨᠥᠯᠥᠭᠡᠯᠡᠵᠦ᠂ ᠵᠠᠷᠢᠮ ᠨᠢ ᠡᠰᠢ ᠰᠦᠷᠡᠯ ᠢ ᠳᠠᠭᠠᠭᠤᠯᠵᠤ ᠲᠠᠷᠢᠶᠠᠨ ᠭᠠᠵᠠᠷ ᠲᠤᠨᠢ ᠰᠢᠲᠠᠭᠠᠵᠤ᠂ ᠠᠭᠠᠷ ᠮᠠᠨᠳᠠᠯ ᠤᠨ ᠪᠣᠬᠢᠷᠲᠤᠯ ᠢ ᠪᠣᠶ ᠪᠣᠯᠭᠠᠳᠠᠭ᠃ ᠡᠭᠦᠨ ᠤ ᠬᠠᠮᠲᠤ᠂ ᠦᠯᠡᠳᠡᠭᠳᠡᠯ ᠪᠦᠷᠬᠦᠭᠦᠯ ᠬᠥᠷᠥᠰᠥ ᠰᠢᠷᠣᠶ ᠳᠤ ᠣᠷᠣᠭᠠᠳ ᠬᠥᠷᠥᠰᠥ ᠰᠢᠷᠣᠶ ᠶᠢᠨ ᠪᠣᠬᠢᠷᠲᠤᠯ ᠢ ᠪᠣᠶ ᠪᠣᠯᠭᠠᠵᠤ ᠲᠠᠷᠢᠮᠠᠯ ᠤᠨ ᠤᠨᠠᠯᠲᠠ ᠪᠠ ᠶᠠᠰᠤ ᠴᠢᠨᠠᠷ ᠢ ᠪᠠᠭᠤᠷᠠᠭᠤᠯᠳᠠᠭ᠃ ᠬᠢᠨᠠᠨ ᠬᠡᠮᠵᠢᠯᠲᠡ ᠶᠢ ᠦᠨᠳᠦᠰᠦᠯᠡᠪᠡᠯ᠂ 2019 ᠣᠨ ᠳᠤ ᠮᠠᠨ ᠤ ᠬᠤᠲᠠ ᠶᠢᠨ ᠲᠠᠷᠢᠶᠠᠯᠠᠩ ᠤᠨ ᠭᠠᠵᠠᠷ ᠤᠨ ᠪᠥᠷᠭᠦᠭᠦᠯ ᠤᠨ ᠦᠯᠡᠳᠡᠭᠳᠡᠯ ᠤᠨ ᠬᠡᠮᠵᠢᠶ᠎ᠡ ᠨᠢ ᠨᠢᠭᠡᠨᠲᠡ 4 . 39 kg / ᠮᠥ ᠳᠤ ᠬᠦᠷᠴᠦ᠂ ᠣᠨᠴᠠ ᠵᠠᠷᠢᠮ ᠴᠡᠭ ᠪᠠᠶᠢᠷᠢ ᠨᠢ 15 . 48 kg / ᠮᠥ ᠳᠤ ᠬᠦᠷᠴᠦ᠂ ᠨᠢᠭᠡᠨᠲᠡ ᠤᠯᠤᠰ ᠤᠨ ᠰᠡᠷᠭᠡᠶᠢᠯᠡᠯᠲᠡ ᠶᠢᠨ ᠱᠤᠭᠤᠮ ᠠᠴᠠ ᠳᠠᠪᠠᠭᠰᠠᠨ ᠪᠠᠶᠢᠨ᠎ᠠ᠃ ᠲᠠᠷᠢᠶᠠᠨ ᠭᠠᠵᠠᠷ ᠤᠨ ︽ᠴᠠᠭᠠᠨ ᠪᠣᠬᠢᠷᠲᠤᠯ︾ ᠡᠳᠦᠷ ᠢᠷᠡᠬᠦᠶ᠎ᠡ ᠬᠦᠨᠳᠦ ᠨᠣᠴᠢᠲᠠᠶ ᠪᠣᠯᠵᠣ ᠪᠠᠶᠢᠭ᠎ᠠ ᠪᠣᠯᠬᠤᠷ ᠵᠠᠰᠠᠬᠤ ᠠᠵᠢᠯ ᠢ ᠠᠯᠭᠤᠷᠯᠠᠭᠤᠯᠵᠤ ᠪᠣᠯᠬᠤ ᠥᠬᠡᠶ᠃      ᠬᠤᠶᠠᠷ᠂ ᠶᠡᠷᠦᠩᠬᠡᠢ ᠱᠠᠭᠠᠷᠳᠠᠯᠭ᠎ᠠ ᠪᠠ ᠬᠠᠷᠠᠯᠲᠠ       ︽ᠡᠬᠢ ᠡᠭᠦᠰᠦᠯ ᠠᠴᠠ ᠨᠢ ᠬᠡᠮᠵᠢᠶ᠎ᠡ ᠶᠢ ᠪᠠᠭᠠᠰᠬᠠᠬᠤ᠂ ᠶᠠᠪᠤᠴᠠ ᠶᠢ ᠬᠠᠮᠢᠶᠠᠷᠤᠨ ᠡᠵᠡᠮᠳᠡᠬᠦ᠂ ᠡᠴᠦᠰ ᠢ ᠵᠠᠰᠠᠬᠤ︾ ᠰᠡᠳᠬᠢᠮᠵᠢ ᠶᠣᠰᠣᠭᠠᠷ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠣᠯᠠᠨ ᠲᠠᠯ᠎ᠠ ᠪᠠᠷ ᠬᠦᠴᠦᠯᠡᠬᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠬᠤ᠂ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠬᠦ᠂ ᠨᠡᠶᠢᠲᠡᠯᠢᠭ ᠵᠢᠱᠢᠶ᠎ᠡ ᠪᠠᠷ ᠬᠥᠲᠥᠯᠦᠨ ᠳᠠᠭᠠᠭᠤᠯᠬᠤ᠂ ᠭᠤᠣᠯᠳᠠᠯᠭ᠎ᠠ ᠲᠠᠢ ᠠᠬᠢᠭᠤᠯᠬᠤ ᠵᠠᠰᠠᠯᠲᠠ ᠶᠢᠨ ᠵᠠᠷᠴᠢᠮ ᠢ ᠪᠠᠷᠢᠮᠲᠠᠯᠠᠵᠤ᠂ ᠬᠠᠶᠠᠭᠳᠠᠮᠠᠯ ᠬᠠᠭᠤᠴᠢᠨ ᠭᠠᠵᠠᠷ ᠤᠨ ᠪᠥᠷᠬᠦᠭᠦᠯ ᠢ ᠡᠭᠡᠭᠦᠯᠦᠨ ᠬᠤᠷᠢᠶᠠᠵᠤ ᠰᠢᠢᠳᠪᠦᠷᠢᠯᠡᠬᠦ ᠨᠣᠷᠮ᠎ᠠ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠨ᠂ ᠬᠠᠶᠠᠭᠳᠠᠮᠠᠯ ᠬᠠᠭᠤᠴᠢᠨ ᠭᠠᠵᠠᠷ ᠤᠨ ᠪᠥᠷᠭᠦᠬᠦᠯ ᠢ ᠡᠭᠡᠭᠦᠯᠦᠨ ᠬᠤᠷᠢᠶᠠᠵᠤ ᠠᠰᠢᠭᠯᠠᠬᠤ ᠶᠢ ᠲᠥᠷᠥᠯ ᠬᠤᠪᠢᠶᠠᠨ ᠠᠬᠢᠭᠤᠯᠵᠤ᠂  ᠭᠠᠵᠠᠷ ᠤᠨ ᠪᠥᠷᠬᠦᠭᠦᠯ ᠢ ᠡᠭᠡᠭᠦᠯᠦᠨ ᠬᠤᠷᠢᠶᠠᠵᠤ ᠠᠰᠢᠭᠯᠠᠬᠤ ᠲᠦᠷᠢᠮ ᠤᠨ ᠰᠢᠰᠲ᠋ᠧᠮᠵᠢ ᠪᠠ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠢᠳᠡᠪᠬᠢᠲᠡᠶ ᠪᠠᠶᠢᠭᠤᠯᠤᠨ᠎ᠠ᠃       — ᠪᠥᠬᠦ ᠬᠤᠲᠠ ᠶᠢᠨ ᠬᠠᠶᠠᠭᠳᠠᠮᠠᠯ ᠬᠠᠭᠤᠴᠢᠨ ᠭᠠᠵᠠᠷ ᠤᠨ ᠪᠥᠷᠬᠦᠭᠦᠯ ᠢ ᠡᠭᠡᠭᠦᠯᠦᠨ ᠬᠤᠷᠢᠶᠠᠬᠤ ᠨᠣᠷᠮ᠎ᠠ ᠶᠢ 85 % ᠳᠤ ᠬᠦᠷᠭᠡᠨ᠎ᠡ᠃       —ᠬᠤᠰᠢᠭᠤ ᠰᠢᠶᠠᠨ ᠨᠢᠭᠡᠪᠦᠷᠢ ᠬᠠᠶᠠᠭᠳᠠᠮᠠᠯ ᠬᠠᠭᠤᠴᠢᠨ ᠭᠠᠵᠠᠷ ᠤᠨ ᠪᠦᠷᠬᠦᠭᠦᠯ ᠢ ᠡᠳ᠋ᠰᠢᠭᠦᠯᠦᠨ ᠠᠰᠢᠭᠯᠠᠬᠤ ᠠᠵᠤ ᠠᠬᠤᠶᠢᠯᠠᠯ ᠢ ᠪᠡᠯᠡᠳᠬᠡᠨ ᠪᠠᠶᠢᠭᠤᠯᠤᠨ᠎ᠠ᠃       — ᠪᠦᠬᠦ ᠬᠤᠲᠠ ᠳᠤ 160 ᠡᠭᠡᠭᠦᠯᠦᠨ ᠬᠤᠷᠢᠶᠠᠬᠤ ᠥᠷᠲᠡᠭᠡ ᠪᠠᠶᠢᠭᠤᠯᠵᠤ᠂ ᠰᠢᠶᠠᠩ ᠪᠠᠯᠭᠠᠰᠤ ᠪᠣᠯᠭᠠᠨ ᠳᠤ ᠠᠳᠠᠭ ᠲᠠᠭᠠᠨ ᠨᠢᠭᠡ  ᠡᠭᠡᠭᠦᠯᠦᠨ ᠬᠤᠷᠢᠶᠠᠬᠤ ᠥᠷᠲᠡᠭᠡ ᠪᠠᠶᠢᠭᠤᠯᠤᠨ᠎ᠠ᠃ ᠪᠥᠷᠭᠦᠬᠦᠯ ᠤᠨ ᠬᠤᠴᠢᠬᠤ ᠲᠠᠯᠠᠪᠠᠶ ᠨᠢ 5 ᠲᠦᠮᠡᠨ ᠮᠦ ᠠᠴᠠ ᠶᠡᠭᠡ ᠰᠢᠶᠠᠩ ᠪᠠᠯᠭᠠᠰᠤ ᠪᠣᠯ  2 —3  ᠡᠭᠡᠭᠦᠯᠦᠨ ᠬᠤᠷᠢᠶᠠᠬᠤ ᠥᠷᠲᠡᠭᠡ ᠪᠠᠶᠢᠭᠤᠯᠤᠨ᠎ᠠ᠃      ᠭᠤᠷᠪᠠ᠂ ᠠᠬᠢᠴᠠ ᠶᠢᠨ ᠲᠣᠬᠢᠷᠠᠭᠤᠯᠤᠯᠲᠠ       ᠭᠠᠵᠠᠷ ᠤᠨ ᠪᠥᠷᠬᠦᠭᠦᠯ ᠢ ᠡᠭᠡᠭᠦᠯᠦᠨ ᠬᠤᠷᠢᠶᠠᠵᠤ ᠰᠢᠶᠳᠪᠦᠷᠢᠯᠡᠬᠦ ᠪᠣᠭᠤᠮᠲᠠ ᠰᠢᠪᠲᠤᠯᠬᠤ ᠠᠵᠢᠯᠯᠠᠭ᠎ᠠ ᠶᠢ ᠵᠢᠯ ᠪᠦᠷᠢ ᠶᠢᠨ 9 ᠳ᠋ᠦ᠋ᠭᠡᠷ ᠰᠠᠷ᠎ᠠ ᠠᠴᠠ ᠳᠠᠷᠠᠭ᠎ᠠ ᠵᠢᠯ ᠤᠨ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠭᠤᠷᠪᠠᠨ ᠱᠠᠲᠤ ᠬᠤᠪᠢᠶᠠᠵᠤ᠂ ᠡᠯ᠎ᠡ ᠬᠤᠰᠢᠭᠤ ᠰᠢᠶᠠᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ᠃       ︵ᠨᠢᠭᠡ︶ ᠳᠠᠶᠢᠴᠢᠯᠠᠨ ᠪᠠᠶᠢᠷᠢᠯᠠᠭᠤᠯᠬᠤ ᠱᠠᠲᠤ ᠦᠶ᠎ᠡ᠄ ᠵᠢᠯ ᠪᠦᠷᠢ ᠶᠢᠨ 9 ᠳ᠋ᠦ᠋ᠭᠡᠷ ᠰᠠᠷ᠎ᠠ ᠶᠢᠨ 11 ᠤ ᠡᠳᠦᠷ ︵ᠡᠨᠡ ᠵᠢᠯ ᠤᠨ 10 ᠳ᠋ᠤᠭᠠᠷ ᠰᠠᠷ᠎ᠠ ᠶᠢᠨ 1 ᠤ ᠡᠳᠦᠷ ᠠᠴᠠ 11 ᠳ᠋ᠦ᠋ᠭᠡᠷ ᠰᠠᠷ᠎ᠠ ᠶᠢᠨ 25 ᠤ ᠡᠳᠦᠷ︶᠂ ᠡᠯ᠎ᠡ ᠬᠤᠰᠢᠭᠤ ᠰᠢᠶᠠᠨ ᠤ ᠭᠠᠵᠠᠷ ᠤᠨ ᠪᠥᠷᠬᠦᠭᠦᠯ ᠤᠨ ᠪᠣᠬᠢᠷᠲᠤᠯ ᠤᠨ ᠪᠠᠶᠢᠳᠠᠯ ᠢ ᠲᠣᠳᠣᠷᠬᠠᠶ ᠣᠶᠢᠯᠠᠭᠠᠵᠤ᠂ ᠨᠠᠷᠢᠨ ᠪᠣᠳᠠᠲᠠᠶ᠂ ᠨᠠᠶᠢᠳᠠᠪᠤᠷᠢᠵᠢᠭᠤᠯᠵᠤ ᠪᠣᠯᠬᠤ ᠠᠵᠢᠯ ᠤᠨ ᠲᠥᠰᠦᠯ ᠲᠣᠭᠲᠠᠭᠠᠵᠤ᠂ ᠲᠤᠰᠬᠠᠶ ᠡᠭᠦᠷᠭᠡ ᠶᠢ ᠪᠠᠶᠢᠷᠢᠯᠠᠭᠤᠯᠤᠨ᠎ᠠ︔ ᠡᠭᠦᠨ ᠤ ᠬᠠᠮᠲᠤ ᠭᠠᠵᠠᠷ ᠤᠨ ᠪᠥᠷᠬᠦᠭᠦᠯ ᠢ ᠡᠭᠡᠭᠦᠯᠦᠨ ᠬᠤᠷᠢᠶᠠᠵᠤ ᠶᠡᠷᠦᠩᠬᠡᠶᠢᠯᠡᠨ ᠠᠰᠢᠭᠯᠠᠬᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠬᠥᠳᠡᠭᠡ ᠲᠣᠰᠬᠤᠨ ᠤ ᠲᠣᠮᠣ ᠯᠠᠪᠠᠷ᠂ ᠷᠠᠳᠢᠣ᠋ ᠨᠡᠪᠲᠡᠷᠡᠭᠦᠯᠭᠡ᠂ ᠲᠧᠯᠸᠢᠰ ᠵᠡᠷᠭᠡ ᠵᠠᠭᠤᠴᠢᠯᠠᠭᠤᠷ ᠢ ᠭᠦᠶᠴᠡᠳ ᠠᠰᠢᠭᠯᠠᠨ ᠥᠷᠭᠡᠨ ᠳᠡᠯᠭᠡᠷ ᠢᠶᠠᠷ ᠤᠬᠠᠭᠤᠯᠵᠤ᠂ ᠨᠡᠶᠢᠭᠡᠮ ᠳᠠᠶᠠᠭᠠᠷ ᠤᠨ ᠠᠩᠬᠠᠷᠬᠤ᠂ ᠳᠡᠮᠵᠢᠬᠦ ᠪᠠ ᠣᠷᠣᠯᠴᠠᠬᠤ ᠶᠢ ᠳᠣᠪᠤᠶᠢᠯᠭᠠᠬᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃       ︵ᠬᠤᠶᠠᠷ︶ ᠵᠣᠬᠢᠶᠠᠨ ᠪᠠᠶᠢᠭᠤᠯᠤᠨ ᠶᠠᠪᠤᠭᠳᠠᠭᠤᠯᠬᠤ ᠱᠠᠲᠤ ᠦᠶ᠎ᠡ᠄ ᠵᠢᠯ ᠪᠦᠷᠢ ᠶᠢᠨ 10 ᠳ᠋ᠤᠭᠠᠷ ᠰᠠᠷ᠎ᠠ ᠶᠢᠨ 1 ᠤ ᠡᠳᠦᠷ ᠠᠴᠠ ᠳᠠᠷᠠᠭ᠎ᠠ ᠵᠢᠯ ᠤᠨ ᠬᠢᠨᠢ 5 ᠳ᠋ᠤᠭᠠᠷ ᠰᠠᠷ᠎ᠠ ᠶᠢᠨ ᠰᠡᠭᠦᠯᠴᠢ ︵ᠡᠨᠡ ᠵᠢᠯ 11 ᠳ᠋ᠦ᠋ᠭᠡᠷ ᠰᠠᠷ᠎ᠠ ᠶᠢᠨ 25 ᠤ ᠡᠳᠦᠷ ᠠᠴᠠ ᠳᠠᠷᠠᠭ᠎ᠠ ᠵᠢᠯ ᠤᠨ ᠬᠢᠨᠢ 5 ᠳ᠋ᠤᠭᠠᠷ ᠰᠠᠷ᠎ᠠ ᠶᠢᠨ ᠰᠡᠭᠦᠯᠴᠢ︶ ᠳᠤ᠂ ᠨᠠᠮᠤᠷ ᠤᠨ ᠰᠡᠭᠦᠯᠴᠢ ᠠᠴᠠ ᠬᠥᠷᠥᠰᠥ ᠰᠢᠷᠣᠶ ᠬᠥᠯᠳᠡᠬᠦ ᠠᠴᠠ ᠡᠮᠦᠨᠡᠬᠢ ᠬᠦᠷᠲᠡᠯᠡᠬᠢ ᠵᠠᠩᠭᠢᠯᠠᠭ᠎ᠠ ᠶᠢᠨ ᠴᠠᠭ ᠬᠤᠭᠤᠴᠠᠭ᠎ᠠ ᠶᠢ ᠵᠠᠪᠳᠤᠨ ᠠᠳᠬᠤᠵᠤ᠂ ᠮᠠᠰᠢᠨ ᠢᠶᠠᠷ ᠠᠵᠢᠯᠯᠠᠬᠤ + ᠬᠥᠮᠦᠨ ᠤ ᠬᠦᠴᠦ ᠪᠠᠷ ᠲᠡᠭᠦᠬᠦ ᠠᠷᠭ᠎ᠠ ᠮᠠᠶ᠋ᠢᠭ ᠢ ᠠᠪᠴᠤ ᠦᠯᠡᠳᠡᠭᠳᠡᠯ ᠪᠥᠷᠬᠦᠭᠦᠯ ᠢ ᠲᠠᠷᠢᠶᠠᠨ ᠭᠠᠵᠠᠷ ᠠᠴᠠ ᠰᠠᠯᠭᠠᠬᠤ ᠶᠢ ᠲᠦᠷᠭᠡᠳᠬᠡᠨ᠂ ᠭᠠᠵᠠᠷ ᠤᠨ ᠪᠥᠷᠬᠦᠭᠦᠯ ᠢ ᠰᠢᠶᠳᠪᠦᠷᠢᠯᠡᠬᠦ ᠠᠷᠭ᠎ᠠ ᠵᠠᠮ ᠢ ᠥᠷᠭᠡᠵᠢᠭᠦᠯᠵᠦ᠂ ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠬᠤ ᠬᠡᠷᠡᠭᠲᠡᠶ︔ ᠬᠥᠯᠳᠡᠭᠰᠡᠨ ᠤ ᠳᠠᠷᠠᠭ᠎ᠠ᠂ ᠭᠠᠵᠠᠷ ᠳᠡᠭᠡᠷᠡᠬᠢ ᠬᠡᠰᠡᠭ᠂ ᠵᠠᠮ ᠤᠨ ᠬᠤᠶᠠᠷ ᠲᠠᠯ᠎ᠠ ᠵᠢᠴᠢ ᠭᠤᠤ ᠭᠠᠩᠭ᠎ᠠ ᠶᠢᠨ ᠦᠯᠡᠳᠡᠭᠳᠡᠯ ᠪᠥᠷᠬᠦᠭᠦᠯ ᠢ ᠭᠤᠣᠯᠳᠠᠯᠭ᠎ᠠ ᠲᠠᠢ ᠬᠥᠮᠦᠨ ᠤ ᠬᠦᠴᠦ ᠪᠠᠷ ᠲᠡᠭᠦᠵᠦ᠂ ᠬᠠᠷᠠᠭ᠎ᠠ ᠲᠤᠰᠬᠤ ᠬᠡᠪᠴᠢᠶᠡᠨ ᠳᠤ ᠴᠡᠪᠡᠷ ᠲᠡᠭᠰᠢ ᠪᠠᠶᠢᠯᠭᠠᠬᠤ ᠬᠡᠷᠡᠭᠲᠡᠶ᠃ ᠳᠠᠷᠠᠭ᠎ᠠ ᠵᠢᠯ ᠤᠨ ᠬᠢᠨᠢ ᠬᠠᠪᠤᠷ ᠪᠣᠯᠵᠤ ᠬᠡᠰᠦᠭᠰᠡᠨ ᠤ ᠳᠠᠷᠠᠭ᠎ᠠ ᠳᠠᠷᠢᠬᠤ ᠠᠴᠠ ᠡᠮᠦᠨ᠎ᠡ ᠪᠣᠯᠲᠠᠯ᠎ᠠ ᠣᠷᠪᠠᠭᠤᠯᠤᠭᠰᠠᠨ ᠬᠠᠯᠴᠠᠭᠠᠢ ᠭᠠᠵᠠᠷ ᠳᠡᠭᠡᠷᠡᠬᠢ  ᠂ ᠵᠠᠮ ᠤᠨ ᠬᠤᠶᠠᠷ ᠬᠠᠵᠠᠭᠤ ᠵᠢᠴᠢ ᠮᠣᠳᠣᠨ ᠤ ᠦᠵᠦᠭᠦᠷ ᠤᠨ ᠭᠠᠵᠠᠷ ᠤᠨ ᠪᠥᠷᠬᠦᠭᠦᠯ ᠢ ᠬᠤᠶᠠᠳᠠᠬᠢ ᠤᠳᠠᠭ᠎ᠠ ᠴᠡᠪᠡᠷᠯᠡᠵᠦ᠂ ᠡᠭᠡᠭᠦᠯᠦᠨ ᠬᠤᠷᠢᠶᠠᠬᠤ ᠦᠷ᠎ᠡ ᠪᠦᠲᠦᠮᠵᠢ ᠶᠢ ᠪᠠᠬᠢᠵᠢᠭᠦᠯᠦᠨ᠎ᠡ᠃        ︵ᠭᠤᠷᠪᠠ︶ ᠳ᠋ᠦᠩᠨᠡᠵᠦ ᠰᠢᠯᠭᠠᠨ ᠠᠪᠬᠤ ᠱᠠᠲᠤ ᠦᠶ᠎ᠡ᠄ ᠳᠠᠷᠠᠭ᠎ᠠ ᠵᠢᠯ ᠤᠨ ᠬᠢᠨᠢ 5 ᠳ᠋ᠤᠭᠠᠷ ᠰᠠᠷ᠎ᠠ ᠶᠢᠨ ᠰᠡᠭᠦᠯᠴᠢ ᠠᠴᠠ 6 ᠳ᠋ᠤᠭᠠᠷ ᠰᠠᠷ᠎ᠠ ᠶᠢᠨ ᠡᠬᠢ ᠬᠦᠷᠲᠡᠯ᠎ᠡ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠪᠠᠶᠢᠴᠠᠭᠠᠵᠤ ᠰᠢᠯᠭᠠᠨ ᠠᠪᠬᠤ ᠠᠵᠢᠯ ᠢ ᠰᠠᠶᠢᠲᠤᠷ ᠬᠢᠨ᠎ᠡ᠃       ᠳᠥᠷᠪᠡ᠂ ᠠᠵᠢᠯ ᠤᠨ ᠱᠠᠭᠠᠷᠳᠠᠯᠭ᠎ᠠ        ︵ᠨᠢᠭᠡ︶ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠨ᠎ᠡ᠃ ᠤᠯᠤᠰ ᠤᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠪᠣᠯᠬᠤ ︽ᠪᠥᠭᠡᠭᠡᠨᠡᠷᠡᠯ ᠡᠲ᠋ᠧᠨ ᠬᠥᠪᠰᠥᠭᠡᠷ ᠲᠠᠷᠢᠶᠠᠯᠠᠩ ᠳᠤ ᠬᠡᠷᠡᠭᠯᠡᠬᠦ ᠭᠠᠵᠠᠷ ᠤᠨ ᠭᠠᠳᠠᠷᠭᠤ ᠶᠢ ᠬᠤᠴᠢᠬᠤ ᠨᠢᠮᠭᠡᠨ ᠪᠦᠷᠬᠦᠭᠦᠯ︾ ︵GB 13735-2017︶ ᠢ ᠴᠢᠩᠭ᠎ᠠ ᠬᠡᠷᠡᠭᠵᠢᠭᠦᠯᠵᠦ᠂ ᠵᠤᠵᠠᠭᠠᠨ ᠤ ᠬᠡᠮᠵᠢᠶ᠎ᠡ ᠨᠢ 0 . 01 mm ᠠᠴᠠ ᠳᠣᠷᠣᠭᠰᠢᠬᠢ ᠭᠠᠵᠠᠷ ᠤᠨ ᠪᠥᠷᠬᠦᠭᠦᠯ ᠢ ᠦᠶᠯᠡᠳᠪᠦᠷᠢᠯᠡᠬᠦ᠂ ᠪᠣᠷᠣᠯᠠᠭᠤᠯᠬᠤ ᠪᠠ ᠬᠡᠷᠡᠭᠯᠡᠬᠦ ᠢ ᠴᠢᠩᠭ᠎ᠠ ᠴᠠᠭᠠᠵᠠᠯᠠᠵᠤ᠂ ᠭᠠᠵᠠᠷ ᠤᠨ ᠪᠥᠷᠬᠦᠭᠦᠯ ᠢ ᠡᠭᠡᠭᠦᠯᠦᠨ ᠬᠤᠷᠢᠶᠠᠵᠤ ᠪᠣᠯᠬᠤ ᠴᠢᠨᠠᠷ ᠢ ᠡᠬᠢ ᠡᠭᠦᠰᠦᠯ ᠠᠴᠠ ᠨᠢ ᠪᠠᠲᠤᠯᠠᠬᠤ ᠬᠡᠷᠡᠭᠲᠡᠶ᠃ ᠡᠭᠦᠨ ᠤ ᠬᠠᠮᠲᠤ ᠦᠶᠯᠡᠳᠪᠦᠷᠢᠯᠡᠯ ᠭᠦᠶᠯᠭᠡᠭᠡᠨ ᠤ ᠬᠦᠷᠢᠶᠡᠨ ᠳᠠᠬᠢ ᠭᠠᠵᠠᠷ ᠤᠨ ᠪᠥᠷᠬᠦᠭᠦᠯ ᠤᠨ ᠪᠦᠲᠦᠭᠡᠭᠳᠡᠬᠦᠨ ᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠪᠠᠷᠢᠮᠵᠢᠶ᠎ᠠ ᠳᠤ ᠥᠯᠥ ᠬᠥᠷᠬᠦ ᠭᠠᠵᠠᠷ ᠤᠨ ᠪᠥᠷᠬᠦᠭᠦᠯ ᠤᠨ ᠪᠦᠲᠦᠭᠡᠭᠳᠡᠬᠦᠨ ᠢ ᠦᠶᠯᠡᠳᠪᠦᠷᠢᠯᠡᠬᠦ᠂ ᠪᠣᠷᠣᠯᠠᠭᠤᠯᠬᠤ᠂ ᠬᠡᠷᠡᠭᠯᠡᠬᠦ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠶᠳᠪᠦᠷᠢᠯᠡᠵᠦ᠂ ᠪᠠᠷᠢᠮᠵᠢᠶ᠎ᠠ ᠳᠤ ᠥᠯᠥ ᠬᠥᠷᠬᠦ ᠭᠠᠵᠠᠷ ᠤᠨ ᠪᠥᠷᠬᠦᠭᠦᠯ ᠵᠠᠬ᠎ᠠ ᠳᠡᠯᠭᠡᠭᠦᠷ ᠲᠤ ᠣᠷᠣᠬᠤ ᠶᠢ ᠡᠷᠡᠰ ᠬᠤᠷᠢᠭᠯᠠᠵᠤ᠂ ᠡᠪᠦᠯ ᠬᠠᠪᠤᠷ ᠤᠨ ᠤᠯᠠᠷᠢᠯ ᠳᠤ ᠤᠯᠤᠰ ᠤᠨ ᠪᠠᠷᠢᠮᠵᠢᠶ᠎ᠠ ᠪᠤᠰᠤ ᠭᠠᠵᠠᠷ ᠤᠨ ᠪᠥᠷᠬᠦᠭᠦᠯ ᠤᠨ ᠲᠤᠰᠬᠠᠶ ᠴᠡᠭᠴᠡᠯᠡᠨ ᠵᠠᠰᠠᠯᠲᠠ ᠶᠢ ᠲᠥᠪᠯᠡᠷᠡᠭᠦᠯᠦᠨ ᠥᠷᠨᠢᠭᠦᠯᠵᠦ᠂ ᠠᠰᠠᠭᠤᠳᠠᠯ ᠪᠠᠶᠢᠬᠤ ᠶᠢ ᠣᠯᠵᠤ ᠮᠡᠳᠡᠪᠡᠯ ᠬᠦᠨᠳᠦ ᠪᠥᠭᠡᠳ ᠲᠦᠷᠭᠡᠨ ᠰᠢᠶᠳᠪᠦᠷᠢᠯᠡᠬᠦ ᠬᠡᠷᠡᠭᠲᠡᠶ᠃  ᠭᠠᠵᠠᠷ ᠤᠨ ᠪᠥᠷᠬᠦᠭᠦᠯ ᠤᠨ ᠦᠯᠡᠳᠡᠭᠳᠡᠯ ᠢ ᠬᠢᠨᠠᠨ ᠬᠡᠮᠵᠢᠬᠦ ᠲᠣᠤᠷ ᠴᠢᠭ᠋ ᠢ ᠪᠠᠶᠢᠭᠤᠯᠵᠤ᠂ ᠭᠠᠵᠠᠷ ᠤᠨ ᠪᠥᠷᠬᠦᠭᠦᠯ ᠤᠨ ᠦᠯᠡᠳᠡᠭᠳᠡᠯ ᠪᠠᠶᠢᠳᠠᠯ ᠢ ᠬᠢᠨᠠᠨ ᠡᠵᠡᠮᠳᠡᠬᠦ ᠬᠡᠷᠡᠭᠲᠡᠶ᠃       ︵ᠬᠤᠶᠠᠷ︶ ᠦᠯᠡᠳᠡᠭᠳᠡᠯ ᠪᠥᠷᠬᠦᠭᠦᠯ ᠢ ᠡᠭᠡᠭᠦᠯᠦᠨ ᠬᠤᠷᠢᠶᠠᠨ᠎ᠠ᠃ ᠦᠯᠡᠳᠡᠭᠳᠡᠯ ᠪᠥᠷᠬᠦᠭᠦᠯ ᠢ ᠡᠭᠡᠭᠦᠯᠦᠨ ᠬᠤᠷᠢᠶᠠᠵᠤ ᠠᠵᠢᠯᠯᠠᠭᠤᠯᠬᠤ ᠶᠢ ᠠᠵᠤ ᠠᠬᠤᠶᠢᠯᠠᠯ ᠠᠴᠠ ᠬᠠᠷᠢᠭᠤᠴᠠᠵᠤ᠂ ᠵᠠᠰᠠᠭ ᠤᠨ ᠣᠷᠳᠣᠨ ᠠᠴᠠ ᠴᠡᠪᠡᠷᠯᠡᠨ ᠲᠡᠭᠡᠭᠡᠪᠦᠷᠢᠯᠡᠬᠦ ᠰᠦᠢᠳᠬᠡᠯ ᠢ ᠵᠣᠬᠢᠬᠤ ᠬᠡᠮᠵᠢᠶ᠎ᠡ ᠪᠠᠷ ᠨᠥᠬᠦᠪᠥᠷᠢᠯᠡᠵᠦ᠂ ᠲᠤᠬᠠᠶ ᠶᠢᠨ ᠭᠠᠵᠠᠷ ᠤᠨ ᠬᠠᠩᠭᠠᠨ ᠪᠣᠷᠣᠯᠠᠭᠤᠯᠬᠤ ᠰᠢᠰᠲ᠋ᠧᠮ ᠢᠶᠠᠷ ᠠᠵᠢᠯᠯᠠᠭᠤᠯᠤᠭᠰᠠᠨ ᠴᠦ ᠪᠣᠯᠤᠨ᠎ᠠ᠃ ︽ᠬᠡᠨ ᠬᠡᠷᠡᠭᠯᠡᠪᠡᠯ ᠬᠡᠨ ᠴᠡᠪᠡᠷᠯᠡᠬᠦ︾ ᠶᠡᠷᠦᠩᠬᠡᠶ ᠵᠠᠷᠴᠢᠮ ᠶᠣᠰᠣᠭᠠᠷ᠂ ᠥᠷᠭᠡᠨ ᠣᠯᠠᠨ ᠲᠠᠷᠢᠮᠠᠯ ᠤᠨ ᠡᠷᠦᠬᠡ ᠶᠢ ᠳᠠᠶᠢᠴᠢᠯᠠᠵᠤ᠂ ᠮᠠᠰᠢᠨ ᠮᠧᠬᠠᠨᠢᠭ ᠪᠤᠶᠤ ᠬᠥᠮᠦᠨ ᠤ ᠬᠦᠴᠦ ᠪᠠᠷ ᠦᠯᠡᠳᠡᠭᠳᠡᠯ ᠭᠠᠵᠠᠷ ᠤᠨ ᠪᠥᠷᠬᠦᠭᠦᠯ ᠢ ᠲᠥᠪᠯᠡᠷᠡᠭᠦᠯᠦᠨ ᠴᠡᠪᠡᠷᠯᠡᠵᠦ᠂ ᠲᠡᠭᠦᠭᠰᠡᠨ ᠤ ᠳᠠᠷᠠᠭᠠᠬᠢ ᠲᠠᠷᠢᠶᠠᠯᠠᠩ ᠤᠨ ᠭᠠᠵᠠᠷ ᠤᠨ ᠪᠥᠷᠭᠦᠭᠦᠯ ᠢ ᠴᠡᠪᠡᠷᠯᠡᠭᠰᠡᠨ ᠤ ᠳᠠᠷᠠᠭ᠎ᠠ ᠡᠭᠡᠭᠦᠯᠦᠨ ᠬᠤᠷᠢᠶᠠᠬᠤ ᠥᠷᠲᠡᠭᠡ ᠳᠤ ᠲᠤᠰᠢᠶᠠᠨ ᠬᠤᠳᠠᠯᠳᠤᠵᠤ᠂ ᠺᠢᠯᠣᠭ᠍ᠷᠠᠮ ᠪᠦᠷᠢ ᠶᠢ 2 . 6 ᠲᠥᠭᠦᠷᠢᠭ ᠤᠨ ᠦᠨ᠎ᠡ ᠪᠠᠷ ᠲᠡᠭᠦᠵᠦ ᠠᠪᠤᠭᠰᠠᠳ ᠲᠤ ᠥᠭᠭᠦᠨ᠎ᠡ᠃ ᠡᠭᠦᠨ ᠤ ᠬᠠᠮᠲᠤ᠂ ᠰᠢᠨ᠎ᠡ ᠭᠠᠵᠠᠷ ᠤᠨ ᠪᠥᠷᠬᠦᠭᠦᠯ ᠰᠣᠯᠢᠬᠤ ᠴᠢᠬᠤᠯᠠᠲᠠᠶ ᠲᠠᠷᠢᠮᠠᠯ ᠤᠨ ᠡᠷᠦᠬᠡ ᠨᠢ 3 ᠺᠢᠯᠣᠭ᠍ᠷᠠᠮ ᠦᠯᠡᠳᠡᠭᠳᠡᠯ ᠭᠠᠵᠠᠷ ᠤᠨ ᠪᠥᠷᠬᠦᠭᠦᠯ ᠢᠶᠠᠷ 1 ᠺᠢᠯᠣᠭ᠍ᠷᠠᠮ ᠰᠢᠨ᠎ᠡ ᠪᠠᠷᠢᠮᠵᠢᠶᠠᠲᠤ ᠭᠠᠵᠠᠷ ᠤᠨ ᠪᠥᠷᠬᠦᠭᠦᠯ ᠰᠣᠯᠢᠨ᠎ᠠ᠃ ᠨᠡᠶᠢᠭᠡᠮᠴᠢᠯᠡᠭᠰᠡᠨ ᠦᠶᠯᠡᠴᠢᠯᠡᠭᠡ ᠬᠢᠬᠦ ᠶᠢ ᠵᠣᠷᠢᠭᠵᠢᠭᠤᠯᠵᠤ᠂ ᠲᠠᠷᠢᠶᠠᠯᠠᠩ ᠤᠨ ᠭᠠᠵᠠᠷ ᠤᠨ ᠪᠥᠷᠬᠦᠭᠦᠯ ᠢ ᠡᠭᠡᠭᠦᠯᠦᠨ ᠬᠤᠷᠢᠶᠠᠬᠤ ᠲᠤᠰᠬᠠᠶᠢᠵᠢᠭᠰᠠᠨ ᠦᠶᠯᠡᠴᠢᠯᠡᠭᠡᠨ ᠤ ᠵᠣᠬᠢᠶᠠᠨ ᠪᠠᠶᠢᠭᠤᠯᠤᠯᠲᠠ ᠳᠠᠬᠢ ᠮᠡᠷᠭᠡᠵᠢᠯ ᠤᠨ ᠵᠢᠯᠣᠭᠤᠳᠣᠯᠭ᠎ᠠ ᠶᠢ ᠴᠢᠩᠭᠠᠳᠬᠠᠵᠤ᠂ ᠲᠠᠷᠢᠶᠠᠯᠠᠩ ᠤᠨ ᠭᠠᠵᠠᠷ ᠤᠨ ᠪᠥᠷᠬᠦᠭᠦᠯ ᠢ ᠡᠭᠡᠭᠦᠯᠦᠨ ᠠᠪᠬᠤ᠂ ᠡᠳ᠋ᠰᠢᠭᠦᠯᠬᠦ᠂ ᠠᠰᠢᠭᠯᠠᠬᠤ ᠶᠢᠨ ᠨᠡᠶᠢᠭᠡᠮᠴᠢᠯᠡᠭᠰᠡᠨ ᠦᠶᠯᠡᠴᠢᠯᠡᠭᠡ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠤᠨ᠎ᠠ᠃     ︵ᠭᠤᠷᠪᠠ︶ ᠡᠭᠡᠭᠦᠯᠦᠨ ᠬᠤᠷᠢᠶᠠᠬᠤ ᠰᠢᠰᠲ᠋ᠧᠮᠵᠢ᠃ ᠵᠠᠰᠠᠭ ᠤᠨ ᠣᠷᠳᠣᠨ ᠤ ᠪᠠᠶᠢᠭᠤᠯᠤᠯᠲᠠ᠂ ᠠᠵᠤ ᠠᠬᠤᠶᠢᠯᠠᠯ ᠤᠨ ᠠᠵᠢᠯᠯᠠᠭᠠᠨ ᠤ ᠬᠡᠯᠪᠡᠷᠢ ᠪᠠᠷ ᠳᠠᠮᠵᠢᠭᠤᠯᠤᠨ ᠡᠭᠡᠭᠦᠯᠦᠨ ᠬᠤᠷᠢᠶᠠᠬᠤ ᠥᠷᠲᠡᠭᠡ ᠪᠠᠶᠢᠭᠤᠯᠤᠨ᠎ᠠ︔ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠠᠵᠤ ᠠᠬᠤᠶᠢᠯᠠᠯ ᠢ ᠪᠡᠯᠡᠳᠬᠡᠨ ᠪᠠᠶᠢᠭᠤᠯᠬᠤ᠂ ᠵᠠᠰᠠᠭ ᠤᠨ ᠣᠷᠳᠣᠨ ᠠᠴᠠ ᠨᠥᠬᠦᠪᠥᠷᠢ ᠥᠭᠬᠦ᠂ ᠲᠥᠷᠥᠯ ᠵᠦᠢᠯ ᠢᠶᠠᠷ ᠳᠠᠶᠢᠴᠢᠯᠠᠬᠤ ᠬᠡᠯᠪᠡᠷᠢ ᠪᠠᠷ ᠳᠠᠮᠵᠢᠭᠤᠯᠤᠨ ᠦᠯᠡᠳᠡᠭᠳᠡᠯ ᠪᠥᠷᠭᠦᠭᠦᠯ ᠢ ᠡᠭᠡᠭᠦᠯᠦᠨ ᠬᠤᠷᠢᠶᠠᠵᠤ ᠰᠢᠶᠳᠪᠦᠷᠢᠯᠡᠬᠦ ᠠᠵᠤ ᠠᠬᠤᠶᠢᠯᠠᠯ ᠢ ᠪᠠᠶᠢᠭᠤᠯᠤᠨ᠎ᠠ᠃ ᠭᠠᠵᠠᠷ ᠤᠨ ᠪᠥᠷᠬᠦᠭᠦᠯ ᠡᠭᠡᠭᠦᠯᠦᠨ ᠬᠤᠷᠢᠶᠠᠬᠤ ᠮᠠᠰᠢᠨᠴᠢᠯᠠᠯᠲᠠ ᠶᠢ ᠳᠡᠯᠭᠡᠷᠡᠭᠦᠯᠵᠦ᠂ ᠭᠠᠵᠠᠷ ᠤᠨ ᠪᠥᠷᠭᠦᠬᠦᠯ ᠡᠭᠡᠭᠦᠯᠦᠨ ᠬᠤᠷᠢᠶᠠᠬᠤ ᠮᠠᠰᠢᠨᠴᠢᠯᠠᠯᠲᠠ ᠶᠢᠨ ᠦᠶᠯᠡᠴᠢᠯᠡᠭᠡ ᠶᠢ ᠥᠷᠨᠢᠭᠦᠯᠦᠨ᠂ ᠭᠠᠵᠠᠷ ᠤᠨ ᠪᠥᠷᠬᠦᠭᠦᠯ ᠲᠡᠭᠦᠵᠦ ᠠᠪᠬᠤ ᠬᠥᠳᠡᠯᠮᠦᠷᠢ ᠶᠢᠨ ᠡᠷᠴᠢᠮ ᠢ ᠪᠠᠭᠤᠷᠠᠭᠤᠯᠵᠤ᠂ ᠭᠠᠵᠠᠷ ᠤᠨ ᠪᠥᠷᠬᠦᠭᠦᠯ ᠡᠭᠡᠭᠦᠯᠦᠨ ᠬᠤᠷᠢᠶᠠᠬᠤ ᠨᠣᠷᠮ᠎ᠠ ᠶᠢ ᠳᠡᠭᠡᠭᠰᠢᠯᠡᠭᠦᠯᠦᠨ᠂ ︽ᠴᠠᠭᠠᠨ ᠪᠣᠬᠢᠷᠲᠤᠯ︾ ᠢ ᠪᠦᠲᠦᠮᠵᠢᠲᠡᠶ ᠰᠡᠷᠭᠡᠶᠢᠯᠡᠨ ᠬᠤᠷᠢᠭᠯᠠᠨ᠎ᠠ᠃      ︵ᠳᠥᠷᠪᠡ︶ ᠡᠳ᠋ᠰᠢᠭᠦᠯᠦᠨ ᠠᠰᠢᠭᠯᠠᠨ᠎ᠠ᠃ ᠲᠠᠷᠢᠶᠠᠯᠠᠩ ᠤᠨ ᠭᠠᠵᠠᠷ ᠤᠨ ᠪᠥᠷᠬᠦᠭᠦᠯ ᠢ ᠣᠷᠴᠢᠯᠳᠤᠭᠤᠯᠤᠨ ᠠᠰᠢᠭᠯᠠᠬᠤ᠂ ᠡᠭᠡᠭᠦᠯᠦᠨ ᠬᠤᠷᠢᠶᠠᠬᠤ ᠥᠷᠲᠡᠭᠡ ᠨᠢ ᠡᠭᠡᠭᠦᠯᠦᠨ ᠬᠤᠷᠢᠶᠠᠪᠠᠰᠤ ᠵᠣᠬᠢᠬᠤ ᠶᠢ ᠨᠢ ᠠᠯᠢ ᠪᠣᠯᠬᠤ ᠪᠠᠷ ᠡᠭᠡᠭᠦᠯᠦᠨ ᠬᠤᠷᠢᠶᠠᠬᠤ᠂ ᠠᠵᠤ ᠠᠬᠤᠶᠢᠯᠠᠯ ᠢᠶᠠᠷ ᠳᠠᠮᠵᠢᠭᠤᠯᠤᠨ ᠪᠦᠲᠦᠭᠡᠭᠳᠡᠬᠦᠨ ᠪᠣᠯᠭᠠᠨ ᠡᠳ᠋ᠰᠢᠭᠦᠯᠦᠨ ᠤᠯᠠᠷᠢᠭᠤᠯᠵᠤ᠂ ᠰᠦᠯᠢᠶᠣᠣ ᠮᠥᠬᠦᠯᠢᠭ᠂ ᠤᠯᠤᠰ ᠤᠨ ᠰᠢᠨ᠎ᠡ ᠪᠠᠷᠢᠮᠵᠢᠶᠠᠲᠤ ᠭᠠᠵᠠᠷ ᠤᠨ ᠪᠥᠷᠬᠦᠭᠦᠯ᠂ ᠳᠤᠰᠤᠯᠭᠠᠨ ᠤᠰᠤᠯᠠᠬᠤ ᠪᠦᠰᠡ ᠵᠡᠷᠭᠡ ᠳᠠᠬᠢᠨ ᠪᠦᠲᠦᠭᠡᠭᠳᠡᠬᠦᠨ ᠪᠣᠯᠭᠠᠨ‌ᠡᠳ᠋ᠰᠢᠭᠦᠯᠬᠦ ᠬᠡᠷᠡᠭᠲᠡᠢ᠃ ᠲᠠᠷᠢᠶᠠᠯᠠᠩ ᠤᠨ ᠬᠠᠶᠠᠭᠳᠠᠮᠠᠯ ᠬᠠᠭᠤᠴᠢᠨ ᠭᠠᠵᠠᠷ ᠤᠨ ᠪᠥᠷᠬᠦᠭᠦᠯ ᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠦᠯᠡᠳᠡᠭᠳᠡᠯ ᠭᠠᠵᠠᠷ ᠤᠨ ᠪᠥᠷᠬᠦᠭᠦᠯ ᠢ ᠠᠷᠢᠯᠭᠠᠬᠤ ᠭᠠᠵᠠᠷ ᠲᠠᠢ᠂ ᠡᠳ᠋ᠰᠢᠭᠦᠯᠬᠦ ᠭᠠᠵᠠᠷ ᠲᠠᠢ᠂ ᠠᠵᠤ ᠠᠬᠤᠶᠢᠯᠠᠯ ᠨᠢ ᠦᠷ᠎ᠡ ᠠᠰᠢᠭ ᠲᠠᠢ ᠪᠠᠶᠢᠬᠤ ᠶᠢ ᠦᠨᠡᠨᠬᠦ ᠪᠠᠲᠤᠯᠠᠨ᠎ᠠ᠃      ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ       ︵ᠨᠢᠭᠡ︶ ᠤᠳᠤᠷᠢᠳᠤᠯᠭ᠎ᠠ ᠪᠠᠨ ᠴᠢᠩᠭᠠᠳᠬᠠᠨ᠎ᠠ᠃ ᠲᠣᠰ ᠲᠥᠷᠥᠯ ᠵᠦᠶᠯ ᠤᠨ ᠠᠵᠢᠯ ᠢ ᠪᠥᠬᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠬᠤ ᠶᠢᠨ ᠲᠥᠯᠥᠭᠡ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤᠳᠤᠷᠢᠳᠬᠤ ᠳᠤᠭᠤᠶᠢᠯᠠᠩ ᠪᠠᠶᠢᠭᠤᠯᠵᠤ ᠪᠥᠬᠦ ᠲᠠᠯ᠎ᠠ ᠪᠠᠷ ᠵᠢᠯᠤᠭᠤᠳᠬᠤ ᠶᠢ ᠬᠠᠷᠢᠭᠤᠴᠠᠨ᠎ᠠ᠃ ᠡᠯ᠎ᠡ ᠬᠤᠰᠢᠭᠤ ᠰᠢᠶᠠᠨ ᠲᠠᠷᠢᠶᠠᠯᠠᠩ ᠤᠨ ᠭᠠᠵᠠᠷ ᠤᠨ ᠪᠥᠷᠬᠦᠭᠦᠯ ᠢ ᠡᠭᠡᠭᠦᠯᠦᠨ ᠬᠤᠷᠢᠶᠠᠬᠤ ᠠᠵᠢᠯᠯᠠᠭ᠎ᠠ ᠶᠢ ᠠᠬᠢᠭᠤᠯᠬᠤ ᠤᠳᠤᠷᠢᠳᠬᠤ ᠳᠤᠭᠤᠶᠢᠯᠠᠩ ᠢ ᠵᠣᠬᠢᠴᠠᠩᠭᠤᠢ ᠪᠠᠶᠢᠭᠤᠯᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠵᠤ᠂ ᠬᠠᠮᠢᠶᠠᠷᠤᠯᠲᠠ ᠪᠠ ᠵᠢᠯᠣᠭᠤᠳᠣᠯᠭ᠎ᠠ ᠪᠠᠨ ᠴᠢᠩᠭᠠᠳᠬᠠᠬᠤ ᠬᠡᠷᠡᠭᠲᠡᠶ᠃ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠰᠢᠮᠳᠠᠭᠤᠯᠤᠨ ᠪᠠᠶᠢᠴᠠᠭᠠᠬᠤ ᠲᠠᠰᠤᠭ ᠪᠠ ᠬᠤᠲᠠ ᠶᠢᠨ ᠲᠠᠷᠢᠶᠠᠯᠠᠩ ᠮᠠᠯ ᠠᠵᠤ ᠠᠬᠤᠶ᠂ ᠠᠮᠢ ᠠᠬᠤᠶ ᠣᠷᠴᠢᠨ ᠲᠤᠭᠤᠷᠢᠨ᠂ ᠡᠳ᠋ ᠤᠨ ᠵᠠᠰᠠᠭ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠠᠩᠭᠠᠨ ᠪᠣᠷᠣᠯᠠᠭᠤᠯᠭ᠎ᠠ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠰᠠᠯᠠᠭ᠎ᠠ ᠮᠥᠴᠢᠷ ᠬᠠᠮᠲᠤ ᠪᠠᠷ ᠣᠷᠣᠯᠴᠠᠨ᠂ ᠢᠳᠡᠪᠬᠢᠲᠡᠶ ᠬᠠᠮᠵᠢᠯᠴᠠᠵᠤ᠂ ᠭᠠᠵᠠᠷ ᠤᠨ ᠪᠥᠷᠬᠦᠭᠦᠯ ᠢ ᠡᠭᠡᠭᠦᠯᠦᠨ ᠬᠤᠷᠢᠶᠠᠵᠤ ᠠᠰᠢᠭᠯᠠᠬᠤ ᠠᠵᠢᠯ ᠢ ᠬᠦᠴᠦᠲᠡᠶ ᠪᠥᠭᠡᠳ ᠡᠮᠬᠢ ᠵᠢᠷᠤᠮ ᠲᠠᠢ ᠳᠥᠯᠭᠢᠨ ᠠᠬᠢᠭᠤᠯᠬᠤ ᠶᠢ ᠪᠠᠲᠤᠯᠠᠬᠤ ᠬᠡᠷᠡᠭᠲᠡᠶ᠃ ᠬᠢᠨᠠᠨ ᠰᠢᠯᠭᠠᠬᠤ ᠲᠣᠭᠲᠠᠴᠠ ᠶᠢ ᠣᠷᠣᠭᠤᠯᠵᠤ ᠢᠷᠡᠨ᠂ ᠬᠤᠰᠢᠭᠤ ᠰᠢᠶᠠᠨ ᠤ ᠤᠳᠤᠷᠢᠳᠤᠯᠭ᠎ᠠ ᠨᠢ ᠰᠢᠶᠠᠩ ᠢ ᠳᠠᠭᠠᠭᠠᠴᠢᠯᠠᠬᠤ᠂ ᠰᠢᠶᠠᠩ ᠪᠠᠯᠭᠠᠰᠤᠨ ᠤ ᠤᠳᠤᠷᠢᠳᠤᠯᠭ᠎ᠠ ᠨᠢ ᠲᠤᠰᠬᠤᠨ ᠢ ᠳᠠᠭᠠᠭᠠᠴᠢᠯᠠᠬᠤ᠂ ᠲᠣᠰᠬᠤᠨ‌ᠨᠢ ᠭᠠᠵᠠᠷ ᠭᠠᠵᠠᠷ ᠬᠡᠰᠡᠭ ᠢ ᠳᠠᠭᠠᠭᠠᠴᠢᠯᠠᠬᠤ ᠬᠠᠷᠢᠭᠤᠴᠠᠯᠭ᠎ᠠ ᠶᠢᠨ ᠳᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠭᠠᠵᠠᠷ ᠤᠨ ᠪᠥᠷᠬᠦᠭᠦᠯ ᠢ ᠡᠭᠡᠭᠦᠯᠦᠨ ᠬᠤᠷᠢᠶᠠᠵᠤ ᠰᠢᠶᠳᠪᠦᠷᠢᠯᠡᠬᠦ ᠶᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠰᠢᠰᠲ᠋ᠧᠮᠵᠢ ᠳᠤ ᠣᠷᠣᠭᠤᠯᠵᠤ᠂ ᠰᠠᠶᠢᠨ ᠢ ᠨᠢ ᠱᠠᠩᠨᠠᠵᠤ ᠮᠠᠭᠤ ᠶᠢ ᠨᠢ ᠲᠣᠷᠭᠠᠬᠤ ᠬᠡᠷᠡᠭᠲᠡᠶ᠃     ︵ᠬᠤᠶᠠᠷ︶ ᠪᠡᠯᠡ ᠮᠥᠩᠭᠦ ᠶᠢᠨ ᠪᠠᠲᠤᠯᠠᠭ᠎ᠠ᠃ ᠲᠥᠷᠥᠯ ᠵᠦᠢᠯ ᠤᠨ ᠬᠤᠰᠢᠭᠤ ᠰᠢᠶᠠᠨ ᠲᠥᠪ ᠤᠨ ᠡᠳ᠋ ᠤᠨ ᠵᠠᠰᠠᠭ ᠤᠨ ᠲᠥᠷᠥᠯ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠨᠡᠮᠡᠭᠳᠡᠭᠦᠯᠵᠦ᠂ ᠪᠡᠯᠡ ᠮᠥᠩᠭᠦ ᠶᠢ ᠲᠦᠷᠭᠡᠬᠡᠨ ᠰᠠᠯᠭᠠᠨ ᠥᠭᠴᠦ᠂ ᠭᠠᠵᠠᠷ ᠤᠨ ᠪᠥᠷᠬᠦᠭᠦᠯ ᠢ ᠡᠭᠡᠭᠦᠯᠦᠨ ᠬᠤᠷᠢᠶᠠᠬᠤ᠂ ᠲᠡᠭᠡᠭᠡᠪᠦᠷᠢᠯᠡᠬᠦ᠂ ᠠᠵᠤ ᠠᠬᠤᠶᠢᠯᠠᠯ ᠡᠳ᠋ᠰᠢᠭᠦᠯᠬᠦ ᠵᠡᠷᠭᠡ ᠶᠢᠨ ᠨᠥᠬᠦᠪᠥᠷᠢ ᠶᠢ ᠪᠣᠳᠠᠲᠠᠶᠢᠵᠢᠭᠤᠯᠵᠤ᠂ ᠲᠤᠰᠬᠠᠶ ᠵᠣᠭᠤᠰ ᠢ ᠲᠤᠰᠬᠠᠶ ᠵᠦᠢᠯ ᠳᠤᠨᠢ ᠬᠡᠷᠡᠭᠯᠡᠬᠦ ᠶᠢ ᠦᠨᠡᠨᠬᠦ ᠪᠠᠲᠤᠯᠠᠵᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂ ᠰᠢᠬᠠᠨ ᠡᠵᠡᠯᠡᠵᠦ ᠨᠡᠭᠦᠯᠭᠡᠨ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠣᠨᠴᠠᠭᠠᠶᠢᠯᠠᠨ 2017 ᠣᠨ ᠠᠴᠠ 2019 ᠣᠨ ᠪᠣᠯᠲᠠᠯ᠎ᠠ ᠲᠥᠷᠥᠯ ᠵᠦᠶᠯ ᠤᠨ ᠬᠤᠰᠢᠭᠤ ᠰᠢᠶᠠᠨ ᠨᠢ ᠪᠠᠯᠠ ᠮᠥᠩᠭᠦ ᠪᠠᠨ ᠱᠠᠯᠠᠪᠳᠠᠨ ᠴᠤᠭᠯᠠᠭᠤᠯᠵᠤ᠂ ᠲᠥᠷᠥᠯ ᠵᠦᠶᠯ ᠤᠨ ᠪᠠᠯᠠ ᠮᠥᠩᠭᠦ ᠶᠢ ᠲᠤᠭ᠎ᠠ ᠶᠣᠰᠣᠭᠠᠷ ᠭᠦᠶᠴᠡᠳ ᠰᠠᠯᠭᠠᠨ ᠥᠭᠬᠦ ᠶᠢ ᠦᠨᠡᠨᠬᠦ ᠪᠠᠲᠤᠯᠠᠵᠤ᠂ ᠲᠣᠰ ᠤᠳᠠᠭᠠᠨ ᠤ ᠪᠣᠭᠤᠮᠲᠠ ᠰᠢᠪᠲᠤᠯᠬᠤ ᠠᠵᠢᠯᠯᠠᠭ᠎ᠠ ᠲᠠᠢ ᠤᠶᠠᠯᠳᠤᠭᠤᠯᠤᠨ ᠬᠠᠮᠲᠤ ᠳᠤᠨᠢ ᠬᠡᠷᠡᠭᠵᠢᠭᠦᠯᠦᠨ᠎ᠡ᠃ ᠲᠥᠷᠥᠯ ᠵᠦᠢᠯ ᠤᠨ ᠪᠤᠰᠤ ᠵᠢᠱᠢᠶ᠎ᠡ ᠦᠵᠡᠭᠦᠯᠬᠦ ᠰᠢᠶᠠᠨ ᠤ ᠪᠡᠯᠡ ᠮᠥᠩᠭᠦ ᠶᠢ  ᠪᠥᠷᠬᠦᠭᠦᠯ ᠤᠨ ᠬᠤᠴᠢᠬᠤ ᠲᠠᠯᠠᠪᠠᠶ ᠶᠢ ᠬᠢᠨᠠᠨ ᠲᠣᠭᠲᠠᠭᠠᠬᠤ ᠪᠠᠷ ᠦᠨᠳᠦᠰᠦᠯᠡᠯ ᠪᠣᠯᠭᠠᠵᠤ᠂ ᠬᠤᠲᠠ ᠵᠢᠨ‌ᠡᠳ᠋ ᠤᠨ ᠵᠠᠰᠠᠭ ᠠᠴᠠ ᠮᠦ ᠪᠦᠷᠢ ᠳᠤ 8 ᠲᠥᠭᠦᠷᠢᠭ ᠢᠶᠠᠷ ᠬᠤᠰᠢᠭᠤ ᠰᠢᠶᠠᠨ ᠳᠤ ᠰᠠᠯᠭᠠᠨ ᠥᠭᠴᠦ᠂ ᠲᠥᠷᠥᠯ ᠵᠦᠢᠯ ᠤᠨ ᠵᠢᠱᠢᠶ᠎ᠡ ᠦᠵᠡᠭᠦᠯᠬᠦ ᠰᠢᠶᠠᠨ ᠢ ᠲᠥᠷᠥᠯ ᠵᠦᠢᠯ ᠤᠨ ᠪᠡᠯᠡ ᠮᠦᠩᠭᠦ ᠡᠴᠠ‌‍ᠰᠢᠶᠳᠪᠦᠷᠢᠯᠡᠵᠦ᠂ ᠪᠡᠯᠡ ᠮᠥᠩᠭᠦ ᠶᠢᠨ ᠲᠤᠰᠬᠠᠶ ᠵᠣᠭᠤᠰ ᠢ ᠲᠤᠰᠬᠠᠶ ᠵᠦᠢᠯ ᠳᠤᠨᠢ ᠬᠡᠷᠡᠭᠯᠡᠬᠦ ᠶᠢ ᠪᠠᠲᠤᠯᠠᠬᠤ ᠬᠡᠷᠡᠭᠲᠡᠶ᠃ 2021 ᠣᠨ ᠠᠴᠠ ᠡᠬᠢᠯᠡᠨ ᠬᠠᠶᠠᠭᠳᠠᠮᠠᠯ ᠬᠠᠭᠤᠴᠢᠨ ᠭᠠᠵᠠᠷ ᠤᠨ ᠪᠥᠷᠬᠦᠭᠦᠯ ᠢ ᠡᠭᠡᠭᠦᠯᠦᠨ ᠬᠤᠷᠢᠶᠠᠵᠤ ᠠᠰᠢᠭᠯᠠᠬᠤ ᠵᠠᠷᠤᠳᠠᠯ ᠤᠨ ᠢᠷᠡᠯᠲᠡ ᠶᠢ ︽ᠤᠯᠠᠭᠠᠨᠴᠠᠪ ᠬᠤᠲᠠ ᠶᠢᠨ ᠲᠠᠷᠢᠶᠠᠯᠠᠩ ᠳᠤ ᠬᠡᠷᠡᠭᠯᠡᠬᠦ ᠭᠠᠵᠠᠷ ᠤᠨ ᠪᠥᠷᠬᠦᠭᠦᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾ ᠤᠨ ᠳᠥᠷᠪᠡᠳᠦᠭᠡᠷ ᠵᠦᠶᠯ ᠤᠨ ᠲᠣᠭᠲᠠᠭᠠᠯ ᠢ ᠦᠨᠳᠦᠰᠦᠯᠡᠨ᠂ ᠬᠡᠷᠡᠭᠰᠡᠬᠦ ᠵᠠᠷᠤᠳᠠᠯ ᠢ ᠠᠳᠠᠯᠢ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠤᠨ᠎ᠠ᠃       ︵ᠭᠤᠷᠪᠠ︶ ᠤᠬᠠᠭᠤᠯᠤᠨ ᠳᠠᠶᠢᠴᠢᠯᠠᠨ᠎ᠠ᠃ ᠡᠯ᠎ᠡ ᠬᠤᠰᠢᠭᠤ ᠰᠢᠶᠠᠨ ᠭᠠᠵᠠᠷ ᠤᠨ ᠪᠥᠷᠬᠦᠭᠦᠯ ᠢ ᠴᠡᠪᠡᠷᠯᠡᠬᠦ ᠠᠵᠢᠯᠯᠠᠭ᠎ᠠ ᠶᠢᠨ ᠣᠨᠣᠯᠵᠢᠬᠤᠨ ᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠵᠦ᠂ ᠣᠶ ᠰᠢᠭᠤᠶ ᠬᠠᠮᠠᠭᠠᠯᠠᠭᠴᠢ᠂ ᠴᠡᠪᠡᠷᠯᠡᠭᠴᠢ᠂ ᠲᠠᠷᠢᠶᠠᠴᠢᠨ ᠪᠣᠯᠤᠨ ᠡᠪ ᠬᠠᠮᠲᠤ ᠵᠠᠯᠠᠭᠤᠴᠤᠳ ᠤᠨ ᠡᠪᠯᠡᠯ ᠵᠢᠴᠢ ᠰᠠᠯᠠᠭ᠎ᠠ ᠮᠥᠴᠢᠷ ᠤᠨ ᠰᠠᠶᠢᠨ ᠳᠤᠷᠠᠴᠤᠳ ᠢ ᠥᠷᠭᠡᠨ ᠢᠶᠠᠷ ᠳᠠᠶᠢᠴᠢᠯᠠᠨ ᠬᠠᠶᠠᠭᠳᠠᠮᠠᠯ ᠬᠠᠭᠤᠴᠢᠨ ᠭᠠᠵᠠᠷ ᠤᠨ ᠪᠥᠷᠬᠦᠭᠦᠯ ᠲᠡᠭᠦᠬᠦ ᠠᠵᠢᠯᠯᠠᠭ᠎ᠠ ᠳᠤ ᠢᠳᠡᠪᠬᠢᠲᠡᠶ ᠣᠷᠣᠯᠴᠠᠭᠤᠯᠬᠤ ᠬᠡᠷᠡᠭᠲᠡᠶ᠃ ᠤᠬᠠᠭᠤᠯᠤᠨ ᠳᠠᠶᠢᠴᠢᠯᠠᠬᠤ ᠪᠠᠷ ᠳᠠᠮᠵᠢᠭᠤᠯᠤᠨ ᠲᠣᠰᠬᠤᠨ ᠤ ᠠᠷᠠᠳ ᠤᠨ ᠢᠳᠡᠪᠬᠢᠵᠢᠯ ᠢ ᠳᠠᠶᠢᠴᠢᠯᠠᠵᠤ᠂ ᠬᠥᠳᠡᠭᠡ ᠲᠣᠰᠬᠤᠨ ᠤ ᠵᠠᠰᠠᠯᠲᠠ ᠶᠢᠨ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠣᠶ ᠪᠣᠯᠭᠠᠨ᠂ ᠨᠢᠭᠡ ᠤᠳᠠᠭᠠᠨ ᠤ ᠭᠠᠵᠠᠷ ᠤᠨ ᠪᠥᠷᠬᠦᠭᠦᠯ ᠢ ᠴᠡᠪᠡᠷᠯᠡᠬᠦ ᠣᠯᠠᠨ ᠲᠦᠮᠡᠨᠴᠢ ᠬᠥᠳᠡᠯᠭᠡᠭᠡᠨ ᠢ ᠥᠷᠨᠢᠭᠦᠯᠵᠦ᠂ ᠡᠭᠡᠭᠦᠯᠦᠨ ᠬᠤᠷᠢᠶᠠᠪᠠᠰᠤ ᠵᠣᠬᠢᠬᠤ ᠶᠢ ᠨᠢ ᠪᠦᠬᠦᠨ ᠢ ᠡᠭᠡᠭᠦᠯᠦᠨ ᠬᠤᠷᠢᠶᠠᠵᠤ᠂ ᠲᠥᠪᠯᠡᠷᠡᠭᠦᠯᠦᠨ ᠰᠢᠶᠳᠪᠦᠷᠢᠯᠡᠬᠦ ᠶᠢ ᠪᠡᠶᠡᠯᠡᠭᠦᠯᠦᠨ᠎ᠡ᠃     ︵ᠳᠥᠷᠪᠡ︶ ᠬᠢᠨᠠᠨ ᠵᠢᠯᠣᠭᠤᠳᠴᠤ ᠪᠠᠶᠢᠴᠠᠭᠠᠨ᠎ᠠ᠃ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠬᠠᠶᠠᠭᠳᠠᠮᠠᠯ ᠬᠠᠭᠤᠴᠢᠨ ᠭᠠᠵᠠᠷ ᠤᠨ ᠪᠥᠷᠬᠦᠭᠦᠯ ᠢ ᠡᠭᠡᠭᠦᠯᠦᠨ ᠬᠤᠷᠢᠶᠠᠵᠤ ᠠᠰᠢᠭᠯᠠᠭᠰᠠᠨ ᠪᠠᠶᠢᠳᠠᠯ ᠢ ᠭᠤᠣᠯᠳᠠᠯᠭ᠎ᠠ ᠲᠠᠢ ᠰᠢᠯᠭᠠᠨ ᠬᠢᠨᠠᠵᠤ᠂ ᠰᠢᠯᠭᠠᠨ ᠬᠢᠨᠠᠭᠰᠠᠨ ᠦᠷ᠎ᠡ ᠳ᠋ᠦᠩ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠂ ᠱᠠᠲᠤ ᠱᠠᠲᠤ ᠪᠠᠷ ᠳᠠᠷᠤᠯᠲᠠ ᠥᠭᠴᠦ᠂ ᠲᠣᠰ ᠲᠣᠰ 12 ᠳ᠋ᠤᠭᠠᠷ ᠰᠠᠷ᠎ᠠ ᠶᠢᠨ ᠰᠡᠭᠦᠯᠴᠢ ᠪᠠ ᠳᠠᠷᠠᠭ᠎ᠠ ᠵᠢᠯ ᠤᠨ 5 ᠳ᠋ᠤᠭᠠᠷ ᠰᠠᠷ᠎ᠠ ᠶᠢᠨ ᠰᠡᠭᠦᠯᠴᠢ ᠪᠠᠷ ᠲᠤᠰᠬᠠᠶ ᠪᠠᠶᠢᠴᠠᠭᠠᠯᠲᠠ ᠪᠠ ᠦᠨᠡᠯᠡᠨ ᠵᠢᠱᠢᠯᠲᠡ ᠬᠢᠨ᠎ᠠ᠃ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠶᠠᠰᠤ ᠴᠢᠨᠠᠷ ᠨᠢ ᠬᠢᠷᠢ ᠲᠡᠩᠴᠡᠭᠦ ᠥᠬᠡᠶ ᠪᠤᠶᠤ ᠪᠠᠷᠢᠮᠵᠢᠶ᠎ᠠ ᠳᠤ ᠬᠥᠷᠬᠦ ᠥᠬᠡᠶ ᠭᠠᠵᠠᠷ ᠤᠨ ᠪᠥᠷᠬᠦᠭᠦᠯ ᠢ ᠦᠢᠯᠡᠳᠪᠦᠷᠢᠯᠡᠬᠦ ᠪᠣᠷᠤᠯᠠᠭᠤᠯᠬᠤ ᠵᠡᠷᠭᠡ ᠪᠠᠶᠢᠳᠠᠯ ᠳᠤ ᠴᠢᠩᠭ᠎ᠠ ᠴᠣᠬᠢᠯᠲᠠ ᠥᠭᠬᠦ ᠬᠡᠷᠡᠭᠲᠡᠶ︔ ᠤᠯᠤᠰ ᠤᠨ ᠪᠠᠷᠢᠮᠵᠢᠶᠠᠲᠤ ᠪᠤᠰᠤ ᠭᠠᠵᠠᠷ ᠤᠨ ᠪᠥᠷᠬᠦᠭᠦᠯ ᠬᠡᠷᠡᠭᠯᠡᠭᠰᠡᠨ ᠲᠠᠷᠢᠮᠠᠯ ᠤᠨ ᠡᠷᠦᠬᠡ ᠶᠢ ᠲᠣᠭᠲᠠᠭᠠᠯ ᠶᠣᠰᠣᠭᠠᠷ ᠴᠢᠩᠭ᠎ᠠ ᠰᠢᠳᠬᠡᠨ ᠲᠣᠷᠭᠠᠬᠤ ᠬᠡᠷᠡᠭᠲᠡᠶ︔  ᠭᠠᠵᠠᠷ ᠤᠨ ᠪᠥᠷᠬᠦᠭᠦᠯ ᠬᠤᠷᠢᠶᠠᠨ ᠠᠪᠬᠤ ᠨᠣᠷᠮ᠎ᠠ ᠨᠢ 85 % ᠳᠤ ᠬᠥᠷᠬᠦ ᠥᠬᠡᠶ ᠭᠠᠵᠠᠷ ᠬᠡᠰᠡᠭ ᠲᠤ ᠬᠤᠭᠤᠴᠠᠭ᠎ᠠ ᠲᠣᠭᠲᠠᠭᠠᠨ‌ᠡᠭᠡᠭᠦᠯᠦᠨ ᠬᠤᠷᠢᠶᠠᠨ ᠠᠪᠬᠤ ᠡᠭᠦᠷᠭᠡ ᠶᠢ ᠪᠡᠶᠡᠯᠡᠭᠦᠯᠦᠨ᠎ᠡ᠃       ︵ᠲᠠᠪᠤ︶ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠬᠤᠲᠠ ᠶᠢᠨ ᠲᠤᠰ ᠱᠠᠲᠤᠨ ᠤ ᠨᠢᠭᠡᠨᠲᠡ ᠨᠡᠶᠢᠲᠡᠯᠡᠭᠰᠡᠨ ᠲᠡᠳᠬᠦᠬᠦ ᠲᠥᠷᠥ ᠶᠢᠨ ᠪᠣᠳᠣᠯᠭ᠎ᠠ ᠶᠢᠨ ᠤᠷᠢᠲᠠᠯ ᠳᠣᠣᠷ᠎ᠠ᠂ ᠡᠯ᠎ᠡ ᠬᠤᠰᠢᠭᠤ ᠰᠢᠶᠠᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠬᠠᠮᠢᠶ᠎ᠠ ᠪᠦᠬᠦᠢ ᠪᠡᠯᠡ ᠮᠥᠩᠭᠦ ᠶᠢ ᠨᠡᠶᠢᠳᠬᠡᠵᠦ ᠪᠠᠶᠢᠭᠠᠳ ᠡᠳ᠋ ᠤᠨ ᠵᠠᠰᠠᠭ ᠤᠨ ᠨᠥᠬᠦᠪᠥᠷᠢ ᠶᠢᠨ ᠬᠡᠪᠴᠢᠶ᠎ᠡ ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠥᠷᠭᠡᠳᠬᠡᠬᠦ ᠬᠡᠷᠡᠭᠲᠡᠶ᠃ ᠭᠠᠵᠠᠷ ᠤᠨ ᠪᠥᠷᠬᠦᠭᠦᠯ ᠢ ᠡᠭᠡᠭᠦᠯᠦᠨ ᠬᠤᠷᠢᠶᠠᠨ ᠠᠪᠴᠤ ᠰᠢᠶᠳᠪᠦᠷᠢᠯᠡᠬᠦ ᠲᠠᠯ᠎ᠠ ᠪᠠᠷ᠂ ᠲᠠᠷᠢᠶᠠᠯᠠᠩ ᠳᠤ ᠬᠤᠯᠪᠣᠭᠳᠠᠬᠤ ᠪᠠᠯᠠ ᠮᠥᠩᠭᠦ ᠶᠢ ᠵᠦᠶ ᠵᠣᠬᠢᠰᠲᠠᠶ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠨᠥᠬᠦᠪᠥᠷᠢ ᠥᠭᠬᠦ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠡᠭᠡᠭᠦᠯᠦᠨ ᠬᠤᠷᠢᠶᠠᠨ ᠠᠪᠬᠤ ᠲᠣᠤᠷ ᠴᠢᠬ᠂ ᠡᠬᠢ ᠪᠠᠶᠠᠯᠢᠭᠵᠢᠭᠤᠯᠤᠨ ᠠᠰᠢᠭᠯᠠᠬᠤ ᠭᠤᠤᠯ ᠴᠣᠭᠴᠠ᠂ ᠮᠠᠰᠢᠨᠴᠢᠯᠠᠨ ᠲᠡᠭᠦᠵᠦ ᠴᠤᠭᠯᠠᠭᠤᠯᠬᠤ ᠠᠵᠢᠯ ᠵᠡᠷᠭᠡ ᠳᠤ ᠵᠣᠬᠢᠰᠲᠠᠶ ᠨᠥᠬᠦᠪᠥᠷᠢ ᠥᠭᠴᠦ᠂ ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ᠂ ᠵᠢᠭᠡᠯᠡᠯᠭᠡ ᠶᠢᠨ ᠳᠠᠮ ᠬᠦᠤ ᠥᠭᠬᠦ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠦᠪᠡᠭᠴᠢᠯᠡᠨ᠎ᠡ᠃ ᠲᠠᠷᠢᠶᠠᠨ ᠭᠠᠵᠠᠷ ᠤᠨ ᠰᠢᠮ᠎ᠡ ᠶᠢ ᠬᠠᠮᠠᠭᠠᠯᠠᠬᠤ ᠨᠥᠬᠦᠪᠥᠷᠢ ᠶᠢᠨ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠲᠠᠷᠢᠶᠠᠨ ᠭᠠᠵᠠᠷ ᠤᠨ ᠳᠣᠲᠣᠷᠠᠬᠢ ᠦᠯᠡᠳᠡᠭᠳᠡᠯ ᠪᠥᠷᠬᠦᠭᠦᠯ ᠢ ᠪᠦᠲᠦᠮᠵᠢᠲᠡᠶ ᠴᠡᠪᠡᠷᠯᠡᠭᠰᠡᠨ ᠦᠭᠡᠶ ᠲᠠᠷᠢᠶᠠᠯᠠᠬᠤ ᠡᠷᠦᠬᠡ ᠶᠢᠨ ᠲᠤᠰ ᠵᠢᠯ ᠤᠨ ᠨᠥᠬᠦᠪᠥᠷᠢ ᠶᠢᠨ ᠪᠡᠯᠡ ᠮᠥᠩᠭᠦ ᠶᠢ ᠬᠦᠴᠦᠨ ᠦᠭᠡᠶ ᠪᠣᠯᠭᠠᠨ᠎ᠠ᠃                                                ᠤᠯᠠᠭᠠᠠᠴᠠᠪ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ                        2020ᠣᠨ ᠤ11 ᠰᠠᠷ᠎ᠠ ᠶᠢᠨ23 ᠳᠤ ᠳᠠᠷᠤᠮᠠᠯᠯᠠᠨ ᠲᠠᠷᠬᠠᠭᠠᠪᠠ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2