ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠳᠥᠷᠪᠡᠳᠦᠭᠡᠷ ᠬᠤᠭᠤᠴᠠᠭᠠᠨ ᠤ | ᠬᠤᠷᠢᠶᠠᠨ ᠤ ᠠᠷᠪᠠᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ | 2021 ᠣᠨ ᠤ 1 ᠰᠠᠷ᠎ᠠ ᠶᠢᠨ 18 ᠤ ᠡᠳᠦᠷ ᠬᠤᠷᠠᠯᠳᠤᠪᠠ᠃ | | | 1ᠰᠠᠷ᠎ᠠ ᠶᠢᠨ 18 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ | ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠠᠷᠪᠠᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ | ᠠᠬᠤᠶ ᠶᠢᠨ ᠠᠵᠢᠯ ᠤᠨ ᠬᠤᠷᠠᠯ ᠵᠢᠨᠢᠩ ᠳᠤ ᠬᠤᠷᠠᠯᠳᠤᠪᠠ᠃ ᠸᠠᠩ ᠵᠢᠶᠦ᠋ᠨ ᠫᠢᠩ ᠰᠡᠭᠦᠳᠡᠷᠯᠡᠪᠡ | ᠡᠨᠡ ᠤᠳᠠᠭᠠᠨ ᠤ ᠪᠦᠬᠦᠳᠠ ᠬᠤᠷᠠᠯ ᠳᠤ ᠬᠤᠳᠠ ᠶᠢᠨ ᠨᠠᠮ ᠤᠨ ᠬᠤᠷᠢᠶᠠᠨ ᠤ 46 ᠭᠡᠰᠢᠭᠦᠨ᠂ 4 | ᠣᠷᠣᠯᠠᠭᠴᠢ ᠭᠡᠰᠢᠭᠦᠨ ᠣᠷᠣᠯᠴᠠᠪᠠ᠃ ᠬᠤᠲᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠰᠠᠬᠢᠯᠭ᠎ᠠ | ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ᠂ | ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ᠂ ᠮᠠᠨ ᠤ ᠬᠤᠲᠠ ᠶᠢᠨ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠲᠥᠯᠥᠭᠡᠯᠡᠭᠴᠢ ᠪᠠ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭᠠᠨ ᠤ ᠨᠠᠮ ᠤᠨ | ᠲᠥᠯᠥᠭᠡᠯᠡᠭᠴᠢᠳ ᠤᠨ ᠬᠤᠷᠠᠯ ᠳᠤ ᠣᠷᠣᠯᠴᠠᠭᠰᠠᠨ ᠬᠡᠰᠡᠭ ᠲᠥᠯᠥᠭᠡᠯᠡᠭᠴᠢ᠂ ᠬᠤᠲᠠ ᠶᠢᠨ ᠳᠥᠷᠪᠡᠳᠦᠭᠡᠷ | ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠲᠤᠨ ᠤ ᠲᠥᠯᠥᠭᠡᠯᠡᠭᠴᠢ | ᠬᠤᠷᠠᠯ ᠳᠤ ᠰᠤᠯᠠ ᠣᠷᠣᠯᠴᠠᠪᠠ᠃ | ᠪᠥᠬᠦᠳᠡ ᠬᠤᠷᠠᠯ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠠᠴᠠ ᠡᠷᠬᠢᠯᠡᠪᠡ᠃ | ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠳᠠᠷᠤᠭ᠎ᠠ ᠹᠸᠢ ᠳ᠋ᠦᠩ ᠪᠢᠨ ᠶᠠᠷᠢᠶ᠎ᠠ ᠲᠠᠯᠪᠢᠪᠠ᠃ | | | ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠳᠠᠷᠤᠭ᠎ᠠ ᠹᠸᠢ ᠳ᠋ᠦᠩ ᠪᠢᠨ ᠶᠠᠷᠢᠶ᠎ᠠ ᠲᠠᠯᠪᠢᠵᠤ | ᠪᠠᠶᠢᠨ᠎ᠠ᠃ ᠸᠠᠩ ᠵᠢᠶᠦ᠋ᠨ ᠫᠢᠩ ᠰᠡᠭᠦᠳᠡᠷᠯᠡᠪᠡ | ᠪᠦᠬᠦᠳᠠ ᠬᠤᠷᠠᠯ ᠠᠴᠠ ᠹᠸᠢ ᠳ᠋ᠦᠩ ᠪᠢᠨ ᠤ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶᠠᠨ ᠤ ᠨᠠᠶᠢᠳᠠᠯᠭ᠎ᠠ ᠪᠠᠷ ᠬᠢᠭᠰᠡᠨ ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ ᠤᠯᠤᠰ ᠠᠷᠠᠳ ᠤᠨ | ᠠᠵᠤ ᠠᠬᠤᠢ ᠪᠣᠯᠤᠨ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ | ᠪᠣᠯᠤᠨ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠢ ︽ᠳᠤᠮᠳᠠᠳᠤ ᠤᠯᠤᠰ ᠤᠨ ᠡᠪ ᠬᠠᠮᠲᠤ | ᠨᠠᠮ ᠤᠨ ᠤᠯᠠᠭᠠᠨᠴᠠᠪ ᠬᠤᠳᠠ ᠶᠢᠨ ᠨᠠᠮ ᠤᠨ ᠬᠤᠷᠢᠶᠠᠨ ᠤ ᠰᠠᠨᠠᠭᠤᠯᠭ᠎ᠠ︾ ᠶᠢ ᠬᠢᠨᠠᠨ ᠵᠥᠪᠯᠡᠵᠦ ᠪᠠᠲᠤᠯᠠᠨ᠂ | 2020 ᠣᠨ ᠤ ᠠᠵᠢᠯ ᠢ ᠳ᠋ᠦᠩᠨᠡᠵᠦ᠂ 2021 ᠣᠨ ᠤ ᠠᠵᠢᠯ ᠢ ᠪᠠᠶᠢᠷᠢᠯᠠᠭᠤᠯᠪᠠ᠃ ᠹᠸᠢ ᠳ᠋ᠦᠩ ᠪᠢᠨ ︽ | ᠰᠠᠨᠠᠭᠤᠯᠭ᠎ᠠ ︵ᠶᠠᠷᠢᠯᠴᠠᠬᠤ ᠨᠣᠤᠷᠠᠭ︶︾ ᠶᠢᠨ ᠲᠤᠬᠠᠶ ᠪᠥᠬᠦᠳᠡ ᠬᠤᠷᠠᠯ ᠳᠤ ᠲᠣᠳᠣᠷᠬᠠᠶᠢᠯᠠᠯᠲᠠ ᠬᠢᠪᠠ᠃ | ᠪᠦᠭᠦᠳᠡ ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠩᠭᠡᠷᠡᠭᠰᠡᠨ | ᠨᠢᠭᠡ ᠵᠢᠯ ᠤᠨ ᠠᠵᠢᠯ ᠢ ᠭᠦᠢᠴᠡᠳ ᠨᠤᠲᠠᠯᠠᠪᠠ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ | ᠡᠷᠬᠡᠪᠰᠢ ᠳᠠᠪᠠᠭ᠋ᠤ ᠬᠦᠴᠢᠷ ᠪᠣᠭᠤᠮᠲᠠ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠠᠵᠤ ᠠᠬᠤᠶ ᠶᠢᠨ ᠪᠠᠶᠢᠳᠠᠯ᠂ | ᠬᠥᠨᠳᠦ ᠬᠠᠲᠠᠭᠤᠵᠢᠯᠲᠠᠶ ᠡᠭᠦᠷᠭᠡ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠠᠴᠠ ᠪᠣᠯᠤᠭᠰᠠᠨ ᠬᠦᠨᠳᠦ ᠨᠣᠴᠢᠲᠠᠶ ᠲᠠᠭᠠᠷᠢᠯᠲᠠ ᠳᠤ ᠴᠢᠭᠯᠡᠭᠦᠯᠦᠨ᠂ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠮᠵᠢ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ | ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ | ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ | ᠳᠣᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠵᠦᠢᠯ ᠤᠨ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠺᠠᠳ᠋ᠷ | ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠲᠤᠭᠤᠯᠤᠨ ᠪᠡᠷᠬᠡ ᠶᠢ ᠳᠠᠪᠠᠨ᠂ ᠡᠷᠡᠮᠡᠬᠡᠶᠢᠯᠡᠨ | ᠣᠷᠤᠭᠰᠢᠯᠠᠨ᠂ ᠡᠩ ᠤᠨ ᠪᠤᠰᠤ ᠠᠷᠭ᠎ᠠ ᠪᠠᠷᠢᠯ ᠢᠶᠠᠷ ᠡᠩ ᠤᠨ ᠪᠣᠰᠤ ᠪᠡᠷᠬᠡᠰᠢᠶᠡᠯ ᠢ ᠢᠯᠠᠨ ᠳᠠᠪᠠᠵᠤ᠂ ᠡᠩ ᠤᠨ | ᠪᠣᠰᠤ ᠬᠦᠴᠦᠨ ᠴᠢᠳᠠᠯ ᠢᠶᠠᠷ ᠡᠩ ᠤᠨ ᠪᠣᠰᠤ ᠠᠵᠢᠯ ᠢ ᠳᠦᠯᠬᠢᠨ ᠠᠬᠢᠭᠤᠯᠬᠤ᠂ ︽ᠬᠤᠶᠠᠷ ᠢ ᠬᠠᠮᠠᠭᠠᠯᠠᠬᠤ︾ ᠶᠢ | ᠦᠢᠯᠡᠳᠦᠯᠭᠡᠵᠢᠭᠦᠯᠬᠦ ᠳᠤ ᠨᠡᠩ ᠡᠷᠡᠰ ᠪᠠᠲᠤ ᠤᠬᠠᠮᠰᠠᠷ ᠲᠠᠢ ᠪᠣᠯᠵᠤ᠂ ᠭᠤᠷᠪᠠᠨ ᠶᠡᠭᠡ ᠪᠣᠭᠤᠮᠲᠠ ᠰᠢᠪᠲᠤᠯᠬᠤ | ᠳᠠᠶᠢᠯᠠᠯᠳᠤᠭᠠᠨ ᠳᠤ ᠰᠢᠢᠳᠪᠦᠷᠢᠲᠦ ᠴᠢᠨᠠᠷᠲᠠᠢ ᠦᠷ᠎ᠡ ᠪᠦᠲᠦᠭᠡᠯ ᠣᠯᠵᠤ᠂ ᠴᠢᠨᠠᠷ ᠰᠠᠶᠢᠲᠠᠢ ᠬᠥᠭᠵᠢᠯᠲᠡ ᠶᠢᠨ | ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠨᠡᠩ ᠪᠢᠯᠬᠠᠮ᠎ᠠ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ | ᠬᠦᠴᠦᠲᠡᠢ ᠪᠠᠲᠤᠯᠠᠨ᠂ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠦᠷᠭᠦᠯᠵᠢᠯᠡᠨ ᠡᠷᠡᠭᠦᠯ ᠢᠶᠠᠷ | ᠬᠥᠭᠵᠢᠪᠡ ᠭᠡᠵᠦ ᠰᠠᠨᠠᠯ ᠨᠢᠭᠡᠲᠡᠢ ᠦᠵᠡᠵᠡᠢ᠃ | ᠪᠥᠬᠦᠳᠡ ᠬᠤᠷᠠᠯ ᠠᠴᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠪᠥᠬᠦ | ᠬᠤᠲᠠ ᠶᠢᠨ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠶᠠᠪᠤᠴᠠ ᠳᠤ ᠣᠯᠤᠭᠰᠠᠨ ᠰᠢᠶᠳᠪᠦᠷᠢᠲᠦ | ᠴᠢᠨᠠᠷᠲᠠᠶ ᠠᠮᠵᠢᠯᠲᠠ ᠪᠦᠲᠦᠮᠵᠢ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠭᠤᠷᠪᠠᠨ ᠶᠡᠭᠡ ᠪᠣᠭᠤᠮᠲᠠ ᠰᠢᠪᠲᠤᠯᠬᠤ | ᠳᠠᠶᠢᠯᠠᠯᠳᠤᠭᠠᠨ ᠳᠤ ᠢᠯᠡᠳᠲᠡ ᠦᠷ᠎ᠡ ᠪᠦᠲᠦᠮᠵᠢ ᠣᠯᠵᠤ᠂ ᠴᠢᠨᠠᠷ ᠰᠠᠶᠢᠲᠠᠶ ᠬᠥᠭᠵᠢᠯᠲᠡ ᠰᠠᠶᠢᠨ ᠡᠬᠢᠯᠡᠯᠲᠡ ᠲᠠᠢ | ᠪᠣᠯᠵᠣ᠂ ᠬᠤᠲᠠ ᠬᠥᠳᠡᠭᠡ ᠶᠢᠨ ᠳᠦᠷᠰᠦ ᠪᠠᠶᠢᠳᠠᠯ ᠴᠣ᠋ ᠴᠤ᠋ ᠰᠢᠨ᠎ᠡ ᠪᠠᠶᠢᠳᠠᠯ ᠲᠠᠢ ᠪᠣᠯᠵᠣ᠂ ᠬᠥᠭᠵᠢᠯᠲᠡ ᠶᠢᠨ | ᠠᠮᠢᠵᠢᠷᠠᠯ ᠤᠨ ᠬᠦᠴᠦᠨ ᠢᠯᠡᠳᠲᠡ ᠴᠢᠩᠭᠠᠷᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠦᠷᠭᠦᠯᠵᠢᠯᠡᠨ | ᠰᠠᠶᠢᠵᠢᠷᠠᠵᠤ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠩᠭᠤᠶ ᠲᠣᠭᠲᠠᠭᠤᠨ ᠪᠠᠶᠢᠵᠤ᠂ ᠨᠠᠮ ᠤᠨ ᠪᠠᠶᠢᠭᠤᠯᠤᠯᠲᠠ | ᠪᠥᠬᠦ ᠲᠠᠯ᠎ᠠ ᠪᠠᠷ ᠴᠢᠩᠭᠠᠷᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ | ᠪᠠᠶᠢᠭᠤᠯᠬᠤ ᠰᠢᠨ᠎ᠡ ᠠᠶᠠᠨ ᠵᠠᠮ ᠳᠤ ᠤᠯᠠᠭᠠᠨᠴᠠᠪ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ | ᠪᠢᠴᠢᠭᠯᠡᠬᠦ ᠳᠤ ᠪᠠᠲᠤ ᠪᠠᠬᠢ ᠰᠠᠭᠤᠷᠢ ᠶᠢ ᠲᠠᠯᠪᠢᠪᠠ ᠭᠡᠵᠦ ᠦᠨᠳᠦᠷ ᠦᠨᠡᠯᠡᠪᠡ᠃ | ᠪᠥᠬᠦᠳᠡ ᠬᠤᠷᠠᠯ ᠠᠴᠠ ᠰᠢᠨ᠎ᠡ ᠬᠥᠭᠵᠢᠯᠲᠡ ᠶᠢᠨ ᠱᠠᠲᠤᠨ ᠳᠤ ᠤᠯᠠᠭᠠᠨᠴᠠᠪ ᠲᠤ ᠲᠤᠯᠭᠠᠷᠠᠵᠤ ᠪᠠᠶᠢᠭ᠎ᠠ | ᠰᠢᠨ᠎ᠡ ᠠᠵᠠ ᠲᠣᠬᠢᠶᠠᠯ ᠰᠢᠨ᠎ᠡ ᠥᠷᠢᠰᠥᠯᠳᠦᠭᠡᠨ ᠢ ᠭᠦᠨᠵᠡᠭᠡᠶ ᠵᠠᠳᠠᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠬᠤᠭᠤᠴᠠᠭ᠎ᠠ ᠪᠣᠯ ᠤᠯᠠᠭᠠᠨᠴᠠᠪ ᠤᠨ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠥᠬᠡᠶ | ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ | ᠵᠠᠮᠨᠠᠵᠤ᠂ ᠨᠠᠩ ᠲᠦᠷᠭᠡᠨ ᠨᠠᠩ ᠰᠠᠶᠢᠨ ᠨᠠᠩ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠵᠠᠩᠭᠢᠯᠠᠭ᠎ᠠ ᠶᠢᠨ | ᠬᠤᠭᠤᠴᠠᠭ᠎ᠠ ᠪᠣᠯᠤᠨ᠎ᠠ᠃ ︽ᠨᠢᠭᠡ ᠪᠦᠰᠡ ᠨᠢᠭᠡ ᠵᠠᠮ︾᠂ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ | ᠰᠢᠨ᠎ᠡ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠬᠤ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ | ᠵᠡᠷᠭᠡ ᠠᠯᠢ ᠣᠯᠠᠨ ᠴᠢᠬᠤᠯᠠ ᠶᠡᠭᠡ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ ᠶᠢ | ᠳᠠᠭᠠᠯᠳᠤᠨ᠂ ᠮᠠᠨ ᠤ ᠬᠤᠲᠠ ᠮᠠᠰᠢ ᠣᠯᠠᠨ ᠰᠣᠯᠪᠢᠴᠠᠨ ᠳᠠᠪᠬᠤᠴᠠᠭᠰᠠᠨ ᠬᠥᠭᠵᠢᠯᠲᠡ ᠶᠢᠨ ᠠᠵᠠ ᠲᠣᠬᠢᠶᠠᠯ ᠲᠠᠢ | ᠪᠣᠯᠤᠨ᠎ᠠ᠃ ᠢᠯᠠᠩᠭᠤᠶ᠎ᠠ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠴᠣᠭᠴᠠᠯᠠᠬᠤ ᠮᠠᠨ ᠤ ᠬᠤᠲᠠ ᠶᠢᠨ | ᠣᠷᠣᠨ ᠪᠠᠶᠢᠷᠢᠰᠢᠯ᠂ ᠡᠬᠢ ᠪᠠᠶᠠᠯᠢᠭ᠂ ᠠᠮᠢ ᠠᠬᠤᠢ ᠵᠡᠷᠭᠡ ᠬᠠᠷᠢᠴᠠᠭᠤᠯᠤᠭᠰᠠᠨ ᠳᠠᠪᠠᠭᠤᠯᠢᠭ ᠢ ᠬᠥᠭᠵᠢᠯᠲᠡ ᠶᠢᠨ | ᠳᠠᠪᠠᠭᠤᠯᠢᠭ ᠪᠣᠯᠭᠠᠨ ᠬᠤᠪᠢᠷᠠᠭᠤᠯᠬᠤ ᠳᠤ ᠯᠤᠲᠤ ᠶᠡᠭᠡ ᠣᠷᠣᠨ ᠵᠠᠢ ᠶᠢ ᠡᠭᠦᠳᠴᠦ᠂ ᠤᠯᠠᠭᠠᠨᠴᠠᠪ ᠰᠢᠨ᠎ᠡ | ᠬᠥᠭᠵᠢᠯᠲᠡ ᠶᠢᠨ ᠱᠠᠲᠤᠨ ᠳᠤ ᠨᠠᠩ ᠶᠡᠭᠡ ᠦᠢᠯᠡᠰ ᠢ ᠪᠡᠶᠡᠯᠡᠭᠦᠯᠬᠦ ᠢᠲᠡᠭᠡᠯ ᠲᠠᠢ᠂ ᠴᠢᠳᠠᠪᠤᠷᠢ ᠲᠠᠢ᠂ | ᠨᠥᠬᠦᠴᠡᠯ ᠲᠠᠢ ᠶᠤᠮ᠃ ᠡᠭᠦᠨ ᠤ ᠬᠠᠮᠲᠤ᠂ ᠤᠯᠠᠭᠠᠨᠴᠠᠪ ᠤᠨ ᠬᠥᠭᠵᠢᠯᠲᠡ ᠲᠡᠩᠴᠡᠭᠦᠷᠢ ᠥᠬᠡᠶ ᠭᠦᠶᠴᠡᠳ ᠥᠬᠡᠶ | ᠪᠠᠶᠢᠬᠤ ᠪᠣᠯ ᠮᠥᠨ ᠬᠦ ᠬᠠᠮᠤᠭ ᠤᠨ ᠶᠡᠭᠡ ᠪᠣᠳᠠᠲᠤ ᠪᠠᠶᠢᠳᠠᠯ ᠪᠣᠯᠤᠨ᠎ᠠ᠂ ᠠᠵᠤ ᠠᠬᠤᠶ ᠶᠢᠨ ᠶᠡᠷᠦᠩᠬᠡᠶ ᠬᠡᠮᠵᠢᠶ᠎ᠡ | ᠪᠠᠭ᠎ᠠ᠂ ᠬᠥᠮᠦᠨ ᠳᠤᠮᠳᠠᠴᠢ ᠶᠢᠨ ᠬᠢᠷᠢ ᠲᠦᠪᠰᠢᠨ ᠳᠣᠤᠷ᠎ᠠ᠂ ᠤᠰᠤᠨ ᠤ ᠡᠬᠢ ᠰᠣᠷᠪᠤᠯᠵᠢ ᠳᠤᠲᠠᠭᠳᠠᠵᠤ ᠪᠠᠶᠢᠬᠤ | ᠪᠠ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠤᠯᠲᠠ ᠶᠢ ᠪᠠᠭᠠᠰᠬᠠᠬᠤ ᠪᠠᠶᠢᠳᠠᠯ ᠬᠦᠨᠳᠦ ᠨᠣᠴᠢᠲᠠᠶ᠂ | ᠡᠬᠢ ᠰᠣᠷᠪᠤᠯᠵᠢ ᠣᠷᠴᠢᠨ ᠲᠣᠭᠤᠷᠢᠨ ᠤ ᠬᠢᠵᠠᠭᠠᠷᠯᠠᠯ ᠬᠡᠴᠡᠭᠦᠳᠡᠵᠦ᠂ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠢ ᠲᠦᠷᠭᠡᠨ ᠰᠠᠶᠢᠵᠢᠷᠠᠭᠤᠯᠬᠤ ᠴᠢᠬᠤᠯᠠᠲᠠᠶ ᠪᠠᠶᠢᠵᠤ᠂ ᠠᠷᠭ᠎ᠠ ᠬᠡᠯᠪᠡᠷᠢ ᠪᠠᠨ ᠬᠤᠪᠢᠷᠠᠭᠤᠯᠤᠨ | ᠪᠦᠲᠦᠴᠡ ᠶᠢ ᠲᠣᠬᠢᠷᠠᠭᠤᠯᠵᠤ ᠶᠠᠰᠤ ᠴᠢᠨᠠᠷ ᠢ ᠳᠡᠭᠡᠭᠰᠢᠯᠡᠭᠦᠯᠬᠦ ᠡᠭᠦᠷᠭᠡ ᠬᠠᠲᠠᠭᠤ ᠪᠡᠷᠬᠡ ᠪᠠᠶᠢᠵᠤ᠂ ᠠᠷᠠᠳ | ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠬᠥᠭᠡᠭᠡᠴᠡᠯᠳᠦᠯ ᠢ ᠲᠠᠰᠤᠷᠠᠯᠲᠠ ᠥᠬᠡᠶ ᠬᠠᠩᠭᠠᠬᠤ ᠳᠤ ᠪᠠᠰᠠ | ᠮᠠᠰᠢ ᠣᠯᠠᠨ ᠠᠵᠢᠯ ᠬᠢᠬᠦ ᠴᠢᠬᠤᠯᠠᠲᠠᠶ ᠪᠠᠶᠢᠨ᠎ᠠ᠃ ᠣᠨᠴᠠᠭᠠᠶᠢᠯᠠᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠠᠴᠠ ᠤᠯᠠᠭᠠᠨᠴᠠᠪ ᠲᠤ ᠨᠠᠩ ᠥᠨᠳᠥᠷ ᠬᠦᠰᠡᠯ ᠡᠷᠡᠮᠡᠯᠵᠡᠯ ᠲᠠᠯᠪᠢᠵᠤ᠂ ᠪᠢᠳᠡ | ᠣᠷᠣᠨ ᠪᠠᠶᠢᠷᠢᠰᠢᠯ ᠵᠠᠮ ᠬᠠᠷᠢᠯᠴᠠᠭᠠᠨ ᠤ ᠳᠠᠪᠠᠭᠤᠯᠢᠭ ᠳᠠᠭᠠᠨ ᠨᠡᠶᠢᠴᠡᠭᠰᠡᠨ ᠂ ᠬᠥᠬᠡᠬᠤᠲᠠ ᠪᠤᠭᠤᠲᠤ ᠣᠷᠳᠣᠰ ᠲᠠᠢ | ᠬᠦᠴᠦᠲᠡᠶ ᠠᠮᠢᠳᠤᠯᠢᠭ ᠨᠡᠮᠡᠭᠳᠡᠯ ᠪᠠᠷ ᠳᠠᠶᠢᠴᠢᠯᠠᠬᠤ ᠶᠢᠨ ᠲᠦᠢᠯ ᠢ ᠪᠥᠷᠢᠯᠳᠦᠭᠦᠯᠬᠦ ᠳᠤ ᠵᠣᠬᠢᠴᠠᠭᠰᠠᠨ ᠰᠠᠶᠢᠲᠠᠶ | ᠬᠥᠭᠵᠢᠯᠲᠡ ᠶᠢ ᠪᠡᠶᠡᠯᠡᠭᠦᠯᠬᠦ ᠳᠤ ᠪᠠᠰᠠ ᠮᠠᠰᠢ ᠶᠡᠭᠡ ᠵᠥᠷᠢᠶ᠎ᠡ ᠲᠠᠢ ᠪᠠᠶᠢᠨ᠎ᠠ᠃ ᠪᠦᠬᠦ ᠬᠤᠲᠠ ᠪᠠᠷ ᠢᠶᠠᠨ ᠡᠷᠬᠡᠪᠰᠢ | ︽ᠬᠤᠶᠠᠷ ᠶᠡᠭᠡ ᠲᠠᠯ᠎ᠠ︾ ᠳᠤ ᠠᠩᠬᠠᠷᠤᠯ ᠢᠶᠠᠨ ᠬᠠᠨᠳᠤᠭᠤᠯᠵᠤ᠂ ᠠᠵᠠ ᠲᠣᠬᠢᠶᠠᠯ ᠤᠨ ᠲᠠᠨᠢᠯᠲᠠ ᠪᠠ | ᠲᠦᠭᠰᠢᠭᠦᠷᠢ ᠶᠢᠨ ᠲᠠᠨᠢᠯᠲᠠ ᠪᠠᠨ ᠴᠢᠩᠭᠠᠳᠬᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠣᠷᠤᠬᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠳᠣᠭᠤᠭᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠡᠭᠦᠳᠦᠨ | ᠪᠠᠶᠢᠭᠤᠯᠬᠤ ᠡᠯᠪᠡᠭ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠨᠠᠮ | ᠪᠠ ᠤᠯᠤᠰ ᠤᠨ ᠠᠵᠢᠯ ᠤᠨ ᠶᠡᠭᠡ ᠲᠠᠯ᠎ᠠ ᠳᠤ ᠦᠢᠯᠡᠴᠢᠯᠡᠬᠦ ᠳᠤᠮᠳᠠ ᠥᠪᠡᠷ ᠤᠨ ᠪᠠᠶᠢᠷᠢ ᠲᠣᠭᠲᠠᠭᠠᠯᠲᠠ ᠪᠠᠨ | ᠣᠨᠣᠪᠴᠢᠲᠠᠢ ᠡᠷᠢᠨ ᠣᠯᠵᠤ᠂ ᠪᠣᠳᠠᠲᠠᠢ ᠠᠴᠠ ᠡᠭᠦᠰᠴᠦ ᠪᠦᠲᠦᠭᠡᠯᠴᠢ ᠴᠢᠨᠠᠷᠲᠠᠢ ᠪᠠᠷ ᠠᠵᠢᠯ ᠢᠶᠠᠨ ᠥᠷᠨᠢᠭᠦᠯᠵᠦ᠂ | ᠪᠦᠬᠦ ᠬᠤᠲᠠ ᠶᠢᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠦ ᠦᠵᠡᠪᠡ᠃ | ᠪᠦᠭᠦᠳᠡ ᠬᠤᠷᠠᠯ ᠠᠴᠠ 2035 ᠣᠨ ᠤ ᠠᠯᠤᠰ ᠤᠨ ᠬᠠᠷᠠᠯᠲᠠ ᠶᠢ ᠳᠤᠷᠠᠳᠪᠠ᠄ ᠪᠦᠬᠦ ᠤᠯᠤᠰ ᠪᠦᠬᠦ | ᠣᠷᠣᠨ ᠲᠠᠢ ᠠᠯᠬᠤᠮ ᠨᠢᠭᠡᠲᠡᠢ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ | ᠪᠦᠬᠦ ᠬᠤᠲᠠ ᠶᠢᠨ ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠲᠤ ᠬᠦᠴᠦᠨ᠂ ᠪᠣᠬᠢᠷᠲᠤᠯ ᠦᠭᠡᠢ ᠬᠥᠭᠵᠢᠯᠲᠡ ᠶᠢᠨ | ᠲᠦᠪᠰᠢᠨ ᠢ ᠶᠡᠭᠡ ᠪᠠᠷ ᠳᠡᠭᠡᠭᠰᠢᠯᠡᠭᠦᠯᠵᠦ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠣᠷᠣᠯᠭ᠎ᠠ ᠶᠢ ᠰᠢᠨ᠎ᠡ ᠳᠡᠭᠲᠡᠷ ᠲᠤ ᠭᠠᠷᠭᠠᠨ᠎ᠠ᠃ ᠪᠣᠬᠢᠷᠲᠤᠯ ᠥᠬᠡᠶ ᠦᠶᠯᠡᠳᠪᠦᠷᠢᠯᠡᠯ | ᠠᠮᠢᠳᠤᠷᠠᠯ ᠤᠨ ᠠᠷᠭ᠎ᠠ ᠬᠡᠯᠪᠡᠷᠢ ᠥᠷᠭᠡᠨ ᠪᠥᠷᠢᠯᠳᠦᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠪᠥᠬᠦ ᠲᠠᠯ᠎ᠠ ᠪᠠᠷ | ᠪᠣᠬᠢᠷᠲᠤᠯ ᠥᠬᠡᠶ ᠵᠦᠭ ᠬᠡᠯᠪᠡᠷᠢ ᠪᠠᠨ ᠬᠤᠪᠢᠷᠠᠭᠤᠯᠵᠤ᠂ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ | ᠦᠨᠳᠦᠰᠦᠨ ᠠᠴᠠ ᠪᠠᠨ ᠰᠠᠶᠢᠵᠢᠷᠠᠵᠤ᠂ᠦᠵᠡᠰᠬᠦᠯᠡᠩᠲᠦ ᠰᠠᠶᠢᠬᠠᠨᠤᠯᠠᠭᠠᠨᠴᠠᠪ ᠦᠨᠳᠦᠰᠦᠨ ᠳᠡᠭᠡᠨ ᠪᠠᠶᠢᠭᠤᠯᠤᠭᠳᠠᠨ᠎ᠠ᠃ | ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠤᠳᠠ ᠪᠠᠯᠭᠠᠰᠤᠵᠢᠯᠳᠠ᠂ | ᠲᠠᠷᠢᠶᠠᠯᠠᠩ ᠤᠨ ᠣᠳᠣᠬᠢᠴᠢᠯᠠᠯᠲᠠᠦᠨᠳᠦᠰᠦᠨ ᠳᠡᠭᠡᠨ ᠪᠡᠶᠡᠯᠡᠭᠳᠡᠵᠦ᠂ ᠤᠳᠤ ᠦᠶ᠎ᠡ ᠶᠢᠨ ᠠᠵᠤ ᠦᠢᠯᠡᠰ ᠤᠨ | ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠨ᠎ᠡ᠃ ᠡᠯ᠎ᠡ ᠲᠠᠯ᠎ᠠ ᠶᠢᠨ ᠳᠦᠷᠢᠮ ᠨᠠᠩ ᠲᠡᠭᠦᠯᠳᠡᠷᠵᠢᠵᠦ᠂ | ᠬᠤᠲᠠ ᠣᠷᠤᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ | ᠦᠨᠳᠦᠰᠦᠨ ᠳᠡᠭᠡᠨ ᠪᠡᠶᠡᠯᠡᠭᠳᠡᠵᠦ᠂ ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠤᠨ ᠪᠠᠶᠢᠳᠠᠯ ᠨᠠᠩ ᠪᠠᠬᠢᠵᠢᠵᠦ᠂ | ᠠᠮᠤᠷ ᠠᠮᠤᠭᠤᠯᠠᠩ ᠤᠯᠠᠭᠠᠨᠴᠠᠪ ᠤᠨ ᠪᠦᠲᠦᠭᠡᠨ ᠪᠠᠶᠢᠭᠤᠯᠤᠯᠲᠠ ᠪᠦᠬᠦ ᠲᠠᠯ᠎ᠠ ᠪᠠᠷ ᠭᠦᠨᠵᠡᠭᠡᠶᠢᠷᠡᠵᠦ᠂ ᠬᠠᠤᠯᠢᠵᠢᠯ | ᠤᠯᠠᠭᠠᠨᠴᠠᠪ ᠢ ᠦᠨᠳᠦᠰᠦᠨ ᠳᠡᠭᠡᠨ ᠪᠠᠶᠢᠭᠤᠯᠤᠨ ᠪᠦᠲᠦᠭᠡᠨ᠎ᠡ᠃ ᠭᠠᠵᠠᠷ ᠣᠷᠣᠨ ᠤ ᠰᠣᠶᠣᠯ ᠤᠨ ᠵᠥᠭᠡᠯᠡᠨ ᠪᠣᠳᠠᠲᠤ | ᠬᠦᠴᠦᠨ ᠢᠯᠡᠳᠲᠡ ᠴᠢᠩᠭᠠᠷᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠡᠪ ᠴᠢᠨᠠᠷ᠂ ᠪᠦᠬᠦ | ᠨᠡᠶᠢᠭᠡᠮ ᠤᠨ ᠪᠣᠯᠪᠠᠰᠤᠨ ᠤ ᠬᠡᠮᠵᠢᠶ᠎ᠡ ᠰᠢᠨ᠎ᠡ ᠦᠨᠳᠦᠷᠴᠡ ᠳᠤ ᠬᠦᠷᠦᠨ᠎ᠡ᠃ ᠤᠯᠤᠰ ᠤᠨ ᠳᠣᠲᠣᠭᠠᠳᠤ ᠶᠢᠨ ᠣᠷᠣᠨ | ᠪᠦᠰᠡ ᠶᠢᠨ ᠬᠠᠮᠲᠤᠷᠠᠯᠴᠠᠭ᠎ᠠ ᠪᠠ ᠤᠮᠠᠷᠠᠰᠢ ᠨᠡᠭᠡᠭᠡᠯᠳᠡ ᠬᠢᠬᠦ ᠰᠢᠨ᠎ᠡ ᠪᠠᠶᠢᠷᠢᠰᠢᠯ ᠪᠦᠬᠦ ᠲᠠᠯ᠎ᠠ ᠪᠠᠷ ᠪᠦᠷᠢᠯᠳᠦᠵᠦ᠂ | ᠥᠷᠢᠰᠥᠯᠳᠦᠭᠡᠨ ᠤ ᠰᠢᠨ᠎ᠡ ᠳᠠᠪᠠᠭᠤᠯᠢᠭ ᠢᠯᠡᠳᠲᠡ ᠴᠢᠩᠭᠠᠷᠠᠨ᠎ᠠ᠃ ᠬᠥᠮᠦᠨ ᠳᠤᠮᠳᠠᠴᠢ ᠶᠢᠨ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ ᠪᠦᠬᠦ ᠣᠷᠣᠨ ᠤ ᠳᠤᠮᠳᠠᠴᠢ ᠬᠢᠷᠢ ᠬᠡᠮᠵᠢᠶ᠎ᠡ ᠳᠤ ᠬᠦᠷᠦᠭᠦᠯᠵᠦ᠂ ᠳᠤᠮᠳᠠ | ᠵᠡᠷᠭᠡ ᠶᠢᠨ ᠣᠷᠣᠯᠭ᠎ᠠ ᠲᠠᠢ ᠬᠥᠮᠦᠰ ᠤᠨ ᠬᠦᠷᠢᠶ᠎ᠡ ᠬᠡᠪᠴᠢᠶ᠎ᠡ ᠮᠡᠳᠡᠭᠳᠡᠬᠦ᠋ᠢᠴᠡ ᠥᠷᠭᠡᠳᠬᠡᠨ᠂ ᠣᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡ ᠢ ᠠᠳᠠᠯᠢ ᠳᠡᠭᠰᠢᠵᠢᠯᠲᠡ ᠶᠢ ᠪᠡᠶᠡᠯᠡᠭᠦᠯᠵᠦ᠂ ᠬᠤᠲᠠ ᠬᠥᠳᠡᠭᠡ ᠣᠷᠣᠨ ᠪᠦᠰᠡ ᠶᠢᠨ | ᠬᠥᠭᠵᠢᠯᠲᠡ ᠶᠢᠨ ᠵᠥᠷᠢᠶ᠎ᠡ ᠪᠣᠯᠤᠨ ᠰᠠᠭᠤᠭᠠᠯᠢ ᠠᠷᠠᠳ ᠤᠨ ᠠᠮᠢᠳᠤᠷᠠᠯ ᠤᠨ ᠬᠢᠷᠢ ᠬᠡᠮᠵᠢᠶ᠎ᠡ ᠶᠢᠨ ᠵᠥᠷᠢᠶ᠎ᠡ ᠶᠢ | ᠢᠯᠡᠳᠲᠡ ᠪᠠᠭᠠᠰᠴᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠳᠤᠷᠠᠯ ᠨᠡᠩ ᠰᠠᠶᠢᠨ ᠰᠠᠶᠢᠬᠠᠨ ᠪᠣᠯᠵᠤ᠂ | ᠬᠥᠮᠦᠨ ᠤ ᠪᠦᠬᠦ ᠲᠠᠯ᠎ᠠ ᠶᠢᠨ ᠬᠥᠭᠵᠢᠯᠲᠡ᠂ ᠠᠷᠠᠳ ᠲᠦᠮᠡᠨ ᠤ ᠬᠠᠮᠲᠤᠪᠠᠷ ᠪᠠᠶᠠᠵᠢᠬᠤ ᠶᠠᠪᠤᠳᠠᠯ ᠨᠡᠩ ᠢᠯᠡᠷᠬᠡᠶ | ᠪᠥᠭᠡᠳ ᠮᠦᠨ ᠴᠢᠨᠠᠷ ᠤᠨ ᠠᠬᠢᠴᠠ ᠲᠠᠢ ᠪᠣᠯᠤᠨ᠎ᠠ᠃ | ᠪᠥᠬᠦᠳᠡ ᠬᠤᠷᠠᠯ ᠠᠴᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠪᠥᠬᠦ ᠬᠤᠲᠠ ᠶᠢᠨ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠱᠠᠭᠠᠷᠳᠠᠯᠭ᠎ᠠ ᠶᠢ ᠳᠤᠷᠠᠳᠪᠠ᠄ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠂ ᠭᠤᠷᠪᠠᠳᠤᠭᠠᠷ᠂ | ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠮᠠᠷᠺᠰ ᠯᠧᠨᠢᠨ ᠤ ᠦᠵᠡᠯ᠂ ᠮᠠᠤ ᠽᠧ | ᠳ᠋ᠦᠩ ᠤᠨ ᠦᠵᠡᠯ ᠰᠠᠨᠠᠭ᠎ᠠ᠂ ᠳ᠋ᠧᠩ ᠰᠢᠶᠦᠦ ᠫᠢᠩ ᠤᠨ ᠤᠨᠦᠯ᠂ ︽ᠭᠤᠷᠪᠠ ᠶᠢ ᠲᠥᠯᠥᠭᠡᠯᠡᠬᠦ︾ ᠴᠢᠬᠤᠯᠠ | ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠣᠯᠭᠠᠬᠤ ᠶᠢ ᠪᠠᠷᠢᠮᠲᠠᠯᠠᠵᠤ᠂ ᠨᠠᠮ ᠤᠨ ᠦᠨᠳᠦᠰᠦᠨ ᠣᠨᠣᠯ ᠢ ᠪᠦᠬᠦ ᠲᠠᠯ᠎ᠠ ᠪᠠᠷ ᠳᠣᠭᠤᠰᠢᠯᠠᠭᠤᠯᠤᠨ᠂ ᠶᠡᠷᠦᠩᠬᠡᠶ | ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠲᠠᠪᠤ ᠶᠢ ᠨᠢᠭᠡ | ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠦᠪᠯᠡᠨ ᠠᠬᠢᠭᠤᠯᠵᠤ᠂ ︽ᠳᠥᠷᠪᠡᠨ ᠪᠥᠬᠦ | ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠨᠠᠮ ᠤᠨ ᠪᠦᠬᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠂ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠨ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠨ᠂ ᠬᠠᠤᠯᠢ ᠪᠠᠷ ᠵᠠᠰᠠᠬᠤ ᠣᠶᠢᠯᠠᠭᠠᠭᠳᠠᠬᠤᠨ ᠢ ᠪᠠᠷᠢᠮᠲᠠᠯᠠᠨ᠂ | ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠨ᠂ ᠰᠢᠰᠲ᠋ᠧᠮᠵᠢᠲᠦ ᠦᠵᠡᠯᠲᠡ ᠶᠢ ᠪᠠᠷᠢᠮᠲᠠᠯᠠᠨ᠂ | ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠤᠯ ᠰᠢᠵᠢᠮ ᠪᠣᠯᠭᠠᠵᠤ᠂ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ | ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠬᠠᠷᠠᠯᠲᠠ | ᠪᠣᠯᠭᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠦᠪᠵᠢᠭᠦᠯᠦᠨ᠂ ᠠᠮᠢ ᠠᠬᠤᠶ ᠶᠢ ᠤᠷᠢᠳ ᠢᠶᠠᠷ | ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠠᠰᠢ ᠦᠭᠡᠢ ᠵᠠᠮᠨᠠᠵᠤ᠂ ᠲᠣᠭᠠᠴᠢᠯᠠᠭᠰᠠᠨ ᠠᠵᠤ ᠠᠬᠤᠢ ᠂ ᠪᠣᠬᠢᠷᠳᠠᠯ | ᠦᠭᠡᠢ ᠠᠵᠤ ᠠᠬᠤᠶ᠂ ᠬᠦᠢᠰᠦ ᠠᠵᠤ ᠠᠬᠤᠶ᠂ ᠣᠷᠣᠨ ᠪᠦᠰᠡ ᠶᠢᠨ ᠠᠵᠤ ᠠᠬᠤᠶ ᠪᠠ ᠣᠳᠣ ᠦᠶ᠎ᠡ ᠶᠢᠨ | ᠡᠨᠧᠷᠭᠢ ᠶᠢᠨ ᠠᠵᠤ ᠠᠬᠤᠶ ᠶᠢ ᠶᠡᠬᠡᠪᠡᠷ ᠭᠥᠭᠵᠢᠭᠦᠯᠵᠦ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ | ᠡᠭᠦᠳᠦᠨ ᠪᠠᠶᠢᠭᠤᠯᠬᠤ ᠶᠢ ᠲᠦᠷᠭᠡᠳᠬᠡᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠲᠦᠷᠭᠡᠨ ᠠᠭᠤᠰᠤᠯᠴᠠᠵᠤ᠂ | ᠨᠡᠶᠢᠭᠡᠮ ᠤᠨ ᠵᠠᠰᠠᠯᠲᠠ ᠵᠢᠨᠠᠰᠢᠭ ᠴᠢᠳᠠᠪᠬᠢ ᠶᠢ ᠳᠡᠭᠡᠭᠰᠢᠯᠡᠭᠦᠯᠬᠦ ᠶᠢ ᠲᠦᠷᠭᠡᠳᠬᠡᠵᠦ᠂ ᠡᠯ᠎ᠡ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠠᠬᠢᠭᠤᠯᠵᠤ᠂ ᠠᠵᠤ ᠠᠬᠤᠢ ᠶᠢᠨ ᠡᠷᠬᠢᠯᠲᠡ ᠯᠠᠪᠳᠠᠭᠤᠨ ᠢᠶᠠᠷ ᠤᠷᠤᠭᠰᠢᠯᠠᠬᠤ᠂ | ᠨᠡᠶᠢᠭᠡᠮ ᠤᠨ ᠠᠮᠤᠷ ᠲᠣᠭᠲᠠᠭᠤᠨ ᠡᠶ᠎ᠡ ᠵᠣᠬᠢᠴᠠᠯ ᠢ ᠪᠡᠶᠡᠯᠡᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ | ᠠᠮᠤᠷ ᠲᠥᠪᠰᠢᠨ ᠤ ᠲᠦᠷᠦᠭᠳᠡᠯ᠂ ᠵᠣᠯ ᠵᠢᠷᠭᠠᠯᠲᠤ ᠰᠡᠳᠬᠢᠭᠳᠡᠯ᠂ ︽ᠬᠤᠶᠠᠷ ᠬᠠᠯᠬᠠᠪᠴᠢ︾᠂ ︽ᠬᠤᠶᠠᠷ | ᠰᠠᠭᠤᠷᠢᠨ︾᠂ ︽ᠨᠢᠭᠡ ᠪᠠᠬᠢᠯᠡᠯᠲᠡ︾ ᠶᠢ ᠰᠠᠶᠢᠲᠤᠷ ᠪᠥᠲᠥᠭᠡᠨ ᠪᠠᠶᠢᠭᠤᠯᠬᠤ ᠳᠤ ᠤᠯᠠᠭᠠᠨᠴᠠᠪ ᠤᠨ ᠡᠭᠦᠷᠭᠡᠯᠡᠯ ᠢ | ᠢᠯᠡᠷᠡᠭᠦᠯᠵᠦ᠂ ᠤᠯᠠᠭᠠᠨᠴᠠᠪ ᠤᠨ ᠬᠦᠴᠦᠨ ᠴᠢᠳᠠᠯ ᠢᠶᠠᠨ ᠡᠷᠭᠦᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠠᠶᠠᠨ ᠳᠤ ᠤᠯᠠᠭᠠᠨᠴᠠᠪ ᠤᠨ ᠴᠢᠨᠠᠷ ᠰᠠᠶᠢᠲᠠᠢ ᠬᠥᠭᠵᠢᠯᠲᠡ ᠶᠢᠨ | ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ ᠳᠤᠷᠠᠳᠪᠠ᠃ | ᠪᠥᠬᠦᠳᠡ ᠬᠤᠷᠠᠯ ᠠᠴᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠪᠥᠬᠦ | ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠶᠢ ᠳᠤᠷᠠᠳᠴᠠᠶ᠄ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯᠲᠠ ᠰᠢᠨ᠎ᠡ ᠳᠠᠪᠰᠢᠯᠲᠠ ᠶᠢ ᠪᠡᠶᠡᠯᠡᠭᠦᠯᠵᠦ᠂ ᠭᠤᠤᠯ ᠪᠣᠯᠬᠤ ᠪᠣᠬᠢᠷᠲᠤᠯ ᠪᠣᠳᠠᠰ ᠤᠨ | ᠭᠠᠳᠠᠭᠰᠢᠯᠠᠭᠤᠯᠤᠯᠲᠠ ᠦᠷᠭᠦᠯᠵᠢᠯᠡᠨ ᠪᠠᠭᠠᠰᠴᠤ᠂ ᠠᠵᠤ ᠠᠬᠤᠶ ᠶᠢᠨ ᠬᠥᠭᠵᠢᠯᠲᠡ ᠪᠣᠯᠤᠨ ᠠᠮᠢ ᠠᠬᠤᠶ ᠶᠢᠨ | ᠪᠣᠯᠪᠠᠰᠤᠨ ᠬᠠᠷᠢᠯᠴᠠᠨ ᠦᠷ᠎ᠡ ᠠᠰᠢᠭ ᠬᠦᠷᠲᠡᠬᠦ ᠪᠣᠯᠭᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ | ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠴᠣᠭᠴᠠᠯᠠᠬᠤ ᠦᠶᠯᠡᠳᠦᠯ ᠨᠠᠩ ᠲᠣᠪᠤᠶᠢᠮ᠎ᠠ ᠪᠣᠯᠭᠠᠨ ᠪᠥᠲᠦᠭᠡᠨ | ᠪᠠᠶᠢᠭᠤᠯᠤᠨ᠎ᠠ᠃ ᠠᠵᠤ ᠠᠬᠤᠢ ᠶᠢᠨ ᠬᠥᠭᠵᠢᠯᠲᠡ ᠳᠤ ᠰᠢᠨ᠎ᠡ ᠦᠷ᠎ᠡ ᠪᠦᠲᠦᠮᠵᠢ ᠣᠯᠵᠤ᠂ ᠨᠡᠮᠡᠭᠳᠡᠯ ᠤᠨ ᠲᠠᠯᠳᠠ | ᠬᠦᠴᠦᠨ ᠢ ᠭᠦᠢᠴᠡᠳ ᠪᠠᠳᠠᠷᠠᠭᠤᠯᠵᠤ᠂ ᠠᠵᠤ ᠠᠬᠤᠢ ᠶᠢᠨ ᠪᠦᠲᠦᠴᠡ ᠶᠢ ᠨᠡᠩ ᠰᠢᠯᠢᠳᠡᠭᠵᠢᠭᠦᠯᠵᠦ᠂ | ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠤᠨ ᠪᠥᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ | ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠠᠯᠬᠤᠮ ᠢ ᠠᠯᠬᠤᠵᠤ᠂ ᠡᠯᠧᠮᠧᠨ᠋ᠲ ᠤᠨ ᠵᠠᠬ᠎ᠠ ᠳᠡᠯᠭᠡᠭᠦᠷᠵᠢᠭᠰᠡᠨ | ᠲᠣᠬᠢᠷᠠᠭᠤᠯᠤᠯᠲᠠ ᠶᠢᠨ ᠪᠠᠶᠢᠭᠤᠯᠤᠮᠵᠢ ᠲᠣᠭᠲᠠᠴᠠ ᠶᠢ ᠨᠠᠩ ᠪᠦᠷᠢᠨᠰᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠭᠦᠨᠵᠡᠭᠡᠶ ᠰᠢᠯᠢᠳᠡᠭᠵᠢᠭᠦᠯᠵᠦ᠂ ᠳᠣᠲᠣᠭᠠᠳᠤ ᠭᠠᠳᠠᠭᠠᠳᠤ ᠶᠢᠨ ᠴᠢᠯᠦᠭᠡᠲᠡᠢ ᠶᠠᠪᠤᠯᠴᠠᠬᠤ ᠬᠢᠷᠢ | ᠲᠦᠪᠰᠢᠨ ᠢ ᠢᠯᠡᠳᠲᠡ ᠳᠡᠭᠡᠭᠰᠢᠯᠡᠭᠦᠯᠦᠨ᠎ᠡ᠃ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠰᠢᠨ᠎ᠡ ᠳᠡᠭᠡᠭᠰᠢᠯᠡᠯᠲᠡ | ᠲᠠᠢ ᠪᠣᠯᠭᠠᠵᠤ᠂ ᠠᠷᠠᠳ ᠲᠦᠮᠡᠨ ᠤ ᠦᠵᠡᠯ ᠰᠠᠨᠠᠭ᠎ᠠ ᠶᠣᠰᠣ ᠰᠤᠷᠲᠠᠬᠤᠨ ᠤ ᠪᠣᠯᠪᠠᠰᠤᠷᠠᠯ᠂ ᠰᠢᠨᠵᠢᠯᠡᠬᠦ ᠤᠬᠠᠭᠠᠨ | ᠰᠣᠶᠣᠯ ᠤᠨ ᠪᠣᠯᠪᠠᠰᠤᠷᠠᠯ ᠪᠣᠯᠤᠨ ᠪᠡᠶ᠎ᠡ ᠰᠡᠳᠬᠢᠴᠡ᠂ ᠡᠷᠡᠭᠦᠯ ᠮᠡᠨᠳᠦ ᠶᠢᠨ ᠪᠣᠯᠪᠠᠰᠤᠷᠠᠯ ᠢ ᠢᠯᠡᠳᠲᠡ | ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ | ᠡᠳᠦᠷ ᠠᠴᠠ ᠡᠳᠦᠷ ᠪᠠᠶᠠᠯᠢᠭᠵᠢᠭᠤᠯᠤᠨ᠎ᠠ᠃ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠰᠢᠨ᠎ᠡ ᠲᠦᠪᠰᠢᠨ ᠳᠤ | ᠬᠦᠷᠭᠡᠵᠦ᠂ ᠠᠵᠢᠯ ᠣᠯᠭᠤᠯᠲᠠ ᠶᠢ ᠨᠡᠩ ᠭᠦᠢᠴᠡᠳ ᠨᠡᠩ ᠴᠢᠨᠠᠷ ᠰᠠᠶᠢᠲᠠᠢ ᠪᠣᠯᠭᠠᠵᠤ᠂ ᠦᠨᠳᠦᠰᠦᠨ ᠤᠯᠠᠨ | ᠨᠡᠶᠢᠲᠡ ᠶᠢᠨ ᠦᠢᠯᠡᠴᠢᠯᠡᠭᠡ ᠶᠢ ᠨᠡᠩ ᠰᠢᠯᠢᠳᠡᠭ ᠲᠡᠩᠴᠡᠭᠦᠷᠢᠲᠡᠢ ᠪᠣᠯᠭᠠᠵᠤ᠂ ᠠᠷᠠᠳ ᠲᠦᠮᠡᠨ ᠤ ᠰᠠᠶᠢᠢᠨ ᠰᠠᠶᠢᠬᠠᠨ | ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠨᠡᠩ ᠰᠠᠶᠢᠨ ᠬᠠᠩᠭᠠᠮᠵᠢᠲᠠᠢ ᠪᠣᠯᠭᠠᠨ᠎ᠠ᠃ ᠨᠡᠶᠢᠭᠡᠮ ᠤᠨ ᠵᠠᠰᠠᠯᠲᠠ ᠶᠢᠨ | ᠠᠰᠢᠭ ᠴᠢᠳᠠᠪᠬᠢ ᠶᠢ ᠰᠢᠨ᠎ᠡ ᠳᠡᠭᠡᠭᠰᠢᠯᠡᠯᠲᠡ ᠲᠠᠢ ᠪᠣᠯᠭᠠᠵᠤ᠂ ᠨᠡᠶᠢᠭᠡᠮ ᠵᠢᠷᠤᠮ ᠤᠨᠠᠷᠠᠳᠴᠢᠯᠠᠯ ᠬᠠᠤᠯᠢᠵᠢᠯ ᠤᠨ | ᠵᠠᠰᠠᠯᠲᠠ ᠶᠢ ᠨᠠᠩ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠠᠰᠢᠭ ᠴᠢᠳᠠᠪᠬᠢ ᠪᠠ | ᠢᠲᠡᠭᠡᠯ ᠬᠦᠨᠳᠦ ᠶᠢ ᠢᠯᠡᠳᠲᠡ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠤᠨ ᠪᠠᠶᠢᠳᠠᠯ ᠢ | ᠪᠠᠬᠢᠵᠢᠭᠦᠯᠦᠨ ᠬᠥᠭᠵᠢᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ | ᠬᠠᠯᠬᠠᠪᠴᠢ ᠶᠢ ᠨᠠᠩ ᠪᠠᠲᠤ ᠪᠠᠬᠢ ᠨᠠᠶᠢᠳᠠᠪᠤᠷᠢᠲᠠᠢ ᠪᠣᠯᠭᠠᠨ᠎ᠠ᠃ | ᠪᠦᠭᠦᠳᠡ ᠬᠤᠷᠠᠯ ᠠᠴᠠ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ | ᠢᠯᠭᠤᠮ ᠲᠣᠳᠣ ᠤᠳᠤᠷᠢᠳᠤᠮᠵᠢ ᠶᠢ ᠪᠠᠲᠤ ᠪᠤᠢ ᠪᠣᠯᠭᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ᠃ ᠤᠰᠤᠨ ᠤ ᠡᠬᠢ ᠪᠠᠶᠠᠯᠢᠭ ᠢ | ᠬᠠᠮᠤᠭ ᠤᠨ ᠶᠡᠭᠡ ᠬᠠᠲᠠᠭᠤ ᠬᠢᠵᠠᠭᠠᠷᠯᠠᠯ ᠪᠣᠯᠭᠠᠬᠤ ᠶᠢ ᠪᠠᠷᠢᠮᠲᠠᠯᠠᠵᠤ᠂ ᠭᠤᠤᠯ ᠮᠥᠷᠡᠨ ᠨᠠᠭᠤᠷ ᠴᠥᠭᠦᠷᠥᠮ ᠨᠤᠭᠤ | ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠨ ᠰᠡᠷᠭᠦᠭᠡᠬᠦ ᠶᠢ ᠴᠢᠬᠤᠯᠠ ᠪᠠᠶᠢᠷᠢᠨ ᠳᠤ ᠲᠠᠯᠪᠢᠵᠤ᠂ | ᠲᠠᠯ᠎ᠠ ᠨᠤᠲᠤᠭ ᠤᠨ ᠠᠮᠢ ᠠᠬᠤᠶ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠪᠠ ᠦᠶᠯᠡᠳᠦᠯ ᠢ | ᠴᠢᠩᠭᠠᠳᠬᠠᠨ᠂ ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠤᠨ ᠬᠠᠮᠢᠶᠠᠷᠤᠯᠲᠠ ᠶᠢ ᠴᠢᠩᠭᠠᠳᠬᠠᠵᠤ᠂ ᠠᠮᠢ | ᠠᠬᠤᠶ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ | ᠦᠷᠭᠦᠯᠵᠢᠯᠡᠨ ᠠᠬᠢᠭᠤᠯᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠤᠨ | ᠨᠢᠭᠡ ᠴᠣᠭᠴᠠᠵᠢᠭᠰᠠᠨ ᠠᠮᠢ ᠠᠬᠤᠶ ᠶᠢ ᠬᠠᠮᠠᠭᠠᠯᠠᠵᠤ ᠵᠠᠰᠠᠨ ᠰᠡᠷᠭᠦᠭᠡᠬᠦ ᠰᠢᠨ᠎ᠡ ᠪᠠᠶᠢᠷᠢᠰᠢᠯ ᠢ ᠡᠭᠦᠳᠦᠨ | ᠪᠠᠶᠢᠭᠤᠯᠬᠤ ᠶᠢ ᠲᠦᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠪᠦᠬᠦᠳᠡ ᠬᠤᠷᠠᠯ ᠠᠴᠠ᠂ ᠬᠥᠭᠵᠢᠯᠲᠡ ᠶᠢᠨ ᠠᠷᠭ᠎ᠠ ᠮᠠᠶ᠋ᠢᠭ ᠢᠶᠠᠨ ᠦᠨᠡᠨ ᠬᠦ ᠬᠤᠪᠢᠷᠠᠭᠤᠯᠵᠤ᠂ ᠤᠳᠤ | ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠬᠤ ᠬᠡᠷᠡᠭᠲᠡᠢ᠃ ᠲᠣᠭᠠᠴᠢᠯᠠᠭᠰᠠᠨ ᠠᠵᠤ | ᠠᠬᠤᠢ ᠶᠢ ᠶᠡᠬᠡᠪᠡᠷ ᠬᠥᠭᠵᠢᠭᠦᠯᠵᠦ᠂ ᠪᠣᠬᠢᠷᠲᠤᠯ ᠦᠭᠡᠢ ᠠᠵᠤ ᠠᠬᠤᠢ ᠶᠢ ᠪᠤᠶᠢᠵᠢᠭᠤᠯᠤᠨ ᠪᠤᠵᠠᠭᠠᠶᠢᠷᠠᠭᠤᠯᠵᠤ᠂ | ᠬᠦᠢᠰᠦ ᠠᠵᠤ ᠠᠬᠤᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠣᠷᠣᠨ ᠪᠦᠰᠡ ᠶᠢᠨ ᠠᠵᠤ ᠠᠬᠤᠢ ᠶᠢ | ᠰᠢᠯᠢᠳᠡᠭᠵᠢᠭᠦᠯᠦᠨ ᠳᠡᠭᠡᠭᠰᠢᠯᠡᠭᠦᠯᠵᠦ᠂ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢ ᠲᠦᠷᠭᠡᠳᠬᠡᠨ | ᠬᠥᠭᠵᠢᠭᠦᠯᠵᠦ᠂ ᠠᠵᠤ ᠦᠢᠯᠡᠰ ᠤᠨ ᠰᠠᠭᠤᠷᠢ ᠶᠢᠨ ᠳᠡᠭᠡᠳᠦ ᠲᠡᠰᠵᠢᠯᠲᠡ᠂ ᠠᠵᠤ ᠦᠢᠯᠡᠰ ᠤᠨ ᠬᠡᠯᠬᠢᠶ᠎ᠡ ᠶᠢᠨ | ᠣᠳᠣᠬᠢᠴᠢᠯᠠᠯᠲᠠ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠪᠥᠬᠦᠳᠡ ᠬᠤᠷᠠᠯ ᠠᠴᠠ᠂ ᠤᠯᠤᠰ ᠤᠨ ᠭᠠᠵᠠᠷ ᠰᠢᠷᠤᠢ ᠤᠨ ᠣᠷᠣᠨ ᠵᠠᠶ ᠶᠢᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠵᠦ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠬᠡᠷᠡᠭᠲᠡᠢ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ | ᠰᠢᠨ᠎ᠡ ᠪᠠᠶᠢᠷᠢᠰᠢᠯ ᠢ ᠪᠠᠶᠢᠭᠤᠯᠵᠤ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠪᠠᠶᠢᠷᠢᠰᠢᠯ ᠢ ᠡᠭᠦᠳᠡᠨ | ᠪᠠᠶᠢᠭᠤᠯᠵᠤ᠂ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠥᠮᠦᠨ ᠢᠶᠠᠷ | ᠭᠤᠣᠯ ᠪᠣᠯᠭᠠᠭᠰᠠᠨ ᠰᠢᠨ᠎ᠡ ᠮᠠᠶ᠋ᠢᠭ ᠤᠨ ᠬᠡᠯᠪᠡᠷᠢ ᠶᠢᠨ ᠬᠤᠳᠠ ᠪᠠᠯᠭᠠᠰᠤᠵᠢᠯᠳᠠ ᠶᠢ ᠲᠦᠷᠭᠡᠳᠬᠡᠨ ᠠᠬᠢᠭᠤᠯᠵᠤ᠂ | ᠲᠥᠪᠯᠡᠷᠡᠭᠰᠡᠨ ᠴᠤᠭᠯᠠᠷᠠᠭᠰᠠᠨ ᠡᠷᠴᠢᠮᠵᠢᠭᠰᠡᠨ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢ ᠭᠡᠵᠦ | ᠴᠢᠬᠤᠯᠠᠴᠢᠯᠠᠵᠠᠢ᠃ | ᠪᠥᠬᠦᠳᠡ ᠬᠤᠷᠠᠯ ᠠᠴᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠬᠥᠳᠡᠭᠡ ᠲᠤᠰᠬᠤᠨ ᠮᠠᠯᠵᠢᠬᠤ | ᠣᠷᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠵᠦ᠂ ᠠᠵᠤ ᠦᠶᠯᠡᠰ ᠢ ᠬᠥᠭᠵᠢᠭᠦᠯᠦᠨ | ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠤᠨ᠂ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ ᠠᠵᠢᠯᠯᠠᠭ᠎ᠠ ᠶᠢ | ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠬᠥᠳᠡᠭᠡ ᠲᠤᠰᠬᠤᠨ ᠮᠠᠯᠵᠢᠬᠤ ᠣᠷᠤᠨ ᠤ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠠᠷᠢᠶᠠᠯᠠᠩ ᠮᠠᠯ ᠠᠵᠤ ᠠᠬᠤᠶ ᠤᠨ ᠪᠥᠬᠦ ᠲᠠᠯ᠎ᠠ ᠤᠨ | ᠳᠡᠰᠵᠢᠯᠲᠡ᠂ ᠬᠥᠳᠡᠭᠡ ᠲᠤᠰᠬᠤᠨ ᠮᠠᠯᠵᠢᠬᠤ ᠣᠷᠣᠨ ᠤ ᠪᠥᠬᠦ ᠲᠠᠯ᠎ᠠ ᠶᠢᠨ ᠳᠡᠰᠵᠢᠯᠲᠡ᠂ ᠮᠠᠯᠴᠢᠨ ᠲᠠᠷᠢᠶᠠᠴᠢᠨ ᠤ | ᠪᠥᠬᠦ ᠲᠠᠯ᠎ᠠ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠪᠦᠬᠦᠳᠠ ᠬᠤᠷᠠᠯ ᠠᠴᠠ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠳᠠᠶᠢᠴᠢᠯᠠᠬᠤ ᠪᠠᠶᠢᠯᠳᠤᠬᠤ ᠪᠤᠳᠤᠯᠭ᠎ᠠ ᠶᠢ | ᠬᠡᠷᠡᠭᠵᠢᠭᠦᠯᠵᠦ᠂ ᠰᠢᠨ᠎ᠡ ᠶᠢ ᠡᠭᠦᠳᠬᠦ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ︽ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠬᠢᠨᠠᠮᠠᠭᠠᠶ | ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠭᠤᠯᠤᠮᠵᠢ | ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠪᠠᠶᠢᠷᠢ | ᠰᠠᠭᠤᠷᠢ ᠪᠠ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠴᠢᠩᠭᠠᠳᠬᠠᠵᠤ᠂ ᠰᠢᠨ᠎ᠡ ᠶᠢ ᠡᠭᠦᠳᠬᠦ ᠲᠠᠪᠴᠠᠩ ᠤᠨ | ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠴᠢᠳᠠᠪᠤᠷᠢᠲᠠᠨ ᠤ ᠰᠢᠨ᠎ᠡ ᠶᠢ ᠡᠭᠦᠳᠬᠦ ᠠᠮᠢᠵᠢᠷᠠᠯ ᠤᠨ | ᠬᠦᠴᠦᠨ ᠢ ᠬᠥᠭᠵᠢᠭᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠪᠥᠬᠦ | ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃ | ᠪᠦᠬᠦᠳᠡ ᠬᠤᠷᠠᠯ ᠠᠴᠠ᠂ ᠰᠢᠨ᠎ᠡ ᠬᠥᠭᠵᠢᠯᠲᠡ ᠶᠢᠨ ᠪᠠᠶᠢᠷᠢᠰᠢᠯ ᠲᠠᠢ ᠢᠳᠡᠪᠬᠢᠲᠡᠢ ᠠᠭᠤᠰᠤᠯᠴᠠᠵᠤ᠂ | ᠨᠡᠬᠡᠬᠡᠯᠳᠡ ᠬᠠᠮᠲᠤᠷᠠᠯᠴᠠᠭᠠᠨ ᠤ ᠬᠢᠷᠢ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠦᠷ᠎ᠡ | ᠪᠦᠲᠦᠮᠵᠢᠲᠡᠢ ᠪᠡᠯᠡ ᠣᠷᠣᠭᠤᠯᠤᠯᠲᠠ ᠶᠢ ᠢᠳᠡᠪᠬᠢᠲᠡᠢ ᠥᠷᠭᠡᠳᠬᠡᠨ᠂ ᠬᠡᠷᠡᠭᠯᠡᠭᠡ ᠶᠢᠨ ᠪᠠᠭᠲᠠᠭᠠᠮᠵᠢ ᠶᠢ ᠥᠷᠭᠡᠳᠬᠡᠨ | ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ ᠤᠳᠤ ᠦᠶ᠎ᠡ ᠶᠢᠨ ᠭᠦᠢᠯᠭᠡᠭᠡᠨ ᠤ ᠰᠢᠰᠲ᠋ᠧᠮ ᠢ ᠲᠦᠷᠭᠡᠪᠴᠢᠯᠡᠨ | ᠪᠠᠶᠢᠭᠤᠯᠵᠤ᠂ ᠤᠯᠤᠰ ᠤᠨ ᠳᠣᠲᠣᠭᠠᠳᠤ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ | ᠥᠨᠳᠥᠷ ᠬᠢᠷᠢ ᠲᠦᠪᠰᠢᠨ ᠢᠶᠠᠷ ᠭᠠᠳᠠᠭᠰᠢ ᠨᠡᠭᠡᠭᠡᠯᠳᠡ ᠬᠢᠬᠦ ᠶᠢ ᠲᠦᠯᠬᠢᠨ ᠠᠬᠢᠭᠤᠯᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠳᠤ ᠠᠭᠤᠰᠤᠯᠳᠤᠨ ᠣᠷᠣᠬᠤ ᠳᠤᠮᠳᠠ ᠰᠢᠨ᠎ᠡ ᠠᠵᠠ ᠲᠣᠬᠢᠶᠠᠯ ᠢ ᠪᠤᠢ ᠪᠣᠯᠭᠠᠵᠤ᠂ ᠰᠢᠨ᠎ᠡ | ᠡᠬᠢᠯᠡᠯᠲᠡ ᠶᠢ ᠲᠥᠰᠦᠪᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃ | ᠪᠦᠬᠦᠳᠡ ᠬᠤᠷᠠᠯ ᠠᠴᠠ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠵᠤ᠂ ᠴᠢᠨᠠᠷ | ᠰᠠᠶᠢᠲᠠᠢ ᠬᠥᠭᠵᠢᠯᠲᠡ ᠶᠢᠨ ᠠᠮᠢᠵᠢᠷᠠᠯ ᠤᠨ ᠬᠦᠴᠦᠨ ᠬᠥᠳᠡᠯᠭᠡᠬᠦ ᠬᠦᠴᠦᠨ ᠢ ᠬᠥᠭᠵᠢᠭᠦᠯᠬᠦ ᠬᠡᠷᠡᠭᠲᠡᠢ᠃ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠢ ᠪᠠᠶᠢᠭᠤᠯᠵᠤ᠂ | ᠦᠷ᠎ᠡ ᠪᠦᠲᠦᠮᠵᠢᠲᠡᠢ ᠵᠠᠬ᠎ᠠ ᠳᠡᠯᠭᠡᠭᠦᠷ ᠪᠣᠯᠤᠨ ᠵᠠᠰᠠᠭ ᠤᠨ ᠣᠷᠳᠣᠨ ᠤ ᠨᠡᠩ ᠰᠠᠶᠢᠨ ᠤᠶᠠᠯᠳᠤᠯ᠂ ᠥᠭᠡᠷᠡᠴᠢᠯᠡᠯᠲᠡ | ᠪᠣᠯᠤᠨ ᠬᠥᠭᠵᠢᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠪᠦᠬᠦᠳᠡ ᠬᠤᠷᠠᠯ ᠠᠴᠠ᠂ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ | ᠬᠥᠭᠵᠢᠭᠦᠯᠵᠦ᠂ ᠰᠣᠶᠣᠯ ᠤᠨ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠢ ᠴᠢᠩᠭᠠᠳᠬᠠᠵᠤ᠂ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠂ ᠣᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠣᠳᠣ ᠦᠶ᠎ᠡ ᠶᠢᠨ ᠰᠣᠶᠣᠯ ᠤᠨ | ᠠᠵᠤ ᠦᠢᠯᠡᠰ ᠢ ᠶᠡᠬᠡᠪᠡᠷ ᠪᠤᠶᠢᠵᠢᠭᠤᠯᠤᠨ᠂ ᠰᠣᠶᠣᠯ᠂ ᠵᠢᠭᠤᠯᠴᠢᠯᠠᠯ ᠪᠠ ᠡᠷᠡᠭᠦᠯᠵᠢᠯ ᠠᠰᠠᠷᠠᠮᠵᠢ ᠶᠢᠨ ᠠᠭᠤᠰᠤᠯᠴᠠᠨ | ᠬᠥᠭᠵᠢᠬᠦ ᠶᠢ ᠠᠬᠢᠭᠤᠯᠵᠤ᠂ ᠠᠷᠠᠳ ᠲᠦᠮᠡᠨ ᠤ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠ ᠠᠷᠠᠳ | ᠲᠦᠮᠡᠨ ᠤ ᠣᠶᠤᠨ ᠰᠠᠨᠠᠭᠠᠨ ᠤ ᠬᠦᠴᠦᠨ ᠢ ᠬᠠᠷᠢᠯᠴᠠᠨ ᠨᠢᠬᠡᠲᠦᠭᠦᠯᠬᠦ ᠶᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠵᠠᠢ ᠃ | ᠪᠥᠬᠦᠳᠡ ᠬᠤᠷᠠᠯ ᠠᠴᠠ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠵᠤ᠂ | ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠰᠢᠨ᠎ᠡ ᠬᠦᠰᠡᠯ ᠡᠷᠡᠮᠡᠯᠵᠡᠯ ᠢ | ᠨᠠᠩ ᠰᠠᠶᠢᠲᠤᠷ ᠬᠠᠩᠭᠠᠮᠵᠢᠲᠠᠢ ᠪᠣᠯᠭᠠᠬᠤ ᠬᠡᠷᠡᠭᠲᠡᠢ᠃ ᠣᠯᠠᠨ ᠲᠦᠮᠡᠨ ᠤ ᠣᠷᠣᠯᠭ᠎ᠠ ᠶᠢ ᠳᠡᠭᠡᠭᠰᠢᠯᠡᠭᠦᠯᠦᠨ᠂ ᠠᠵᠢᠯ | ᠣᠯᠭᠤᠯᠲᠠ ᠶᠢ ᠭᠦᠢᠴᠡᠳ ᠪᠠᠲᠤᠯᠠᠵᠤ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠤᠨ᠂ | ᠡᠷᠡᠭᠦᠯ ᠡᠩᠬᠡ ᠤᠯᠠᠭᠠᠨᠴᠠᠪ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠪᠦᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠥᠷᠭᠡᠨ ᠢᠶᠠᠷ ᠥᠷᠨᠢᠭᠦᠯᠦᠨ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ | ᠪᠦᠷᠢᠨᠰᠢᠭᠦᠯᠵᠦ᠂ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠨ᠂ ᠣᠷᠣᠨ ᠰᠠᠭᠤᠴᠠ ᠶᠢᠨ | ᠲᠣᠪᠣᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠨᠢᠯᠬᠠᠰ ᠤᠨ ᠪᠣᠶᠢᠵᠢᠭᠤᠯᠤᠭᠠ ᠲᠠᠢ᠂ ᠰᠤᠷᠬᠤ ᠠᠴᠠ | ᠬᠥᠮᠦᠵᠢᠯ ᠲᠠᠢ᠂ ᠬᠥᠳᠡᠯᠮᠦᠷᠢᠯᠡᠬᠦ ᠠᠴᠠ ᠣᠷᠣᠯᠭ᠎ᠠ ᠲᠠᠢ᠂ ᠡᠪᠡᠳᠴᠢᠯᠡᠪᠡᠯ ᠡᠮᠨᠡᠭᠦᠯᠬᠦ ᠭᠠᠵᠠᠷ ᠲᠠᠢ᠂ ᠥᠲᠡᠯᠪᠡᠯ | ᠠᠰᠠᠷᠠᠮᠵᠢ ᠲᠠᠢ᠂ ᠪᠠᠭᠤᠷᠠᠶᠢᠢᠴᠤᠤᠯ ᠨᠢ ᠳᠡᠳᠬᠦᠪᠦᠷᠢ ᠲᠠᠢ᠂ ᠰᠠᠭᠤᠬᠤ ᠠᠴᠠ ᠣᠷᠣᠨ ᠰᠠᠭᠤᠴᠠ ᠲᠠᠢ ᠪᠠᠶᠢᠬᠤ ᠶᠢ | ᠦᠷᠭᠦᠯᠵᠢᠯᠡᠨ ᠰᠢᠨ᠎ᠡ ᠠᠬᠢᠯᠲᠠ ᠲᠠᠢ ᠪᠣᠯᠵᠤ᠂ ᠬᠠᠮᠲᠤᠪᠠᠷ ᠴᠢᠨᠡᠭᠡᠯᠢᠭᠵᠢᠬᠦ ᠶᠢ ᠯᠠᠪᠳᠠᠭᠤᠨ ᠪᠠᠲᠤᠲᠠᠢ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠵᠠᠢ᠃ | ᠪᠥᠬᠦᠳᠡ ᠬᠤᠷᠠᠯ ᠠᠴᠠ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ᠨᠠᠩ | ᠥᠨᠳᠥᠷ ᠲᠦᠪᠰᠢᠨ ᠪᠥᠬᠦᠶ ᠠᠮᠤᠷ ᠠᠮᠤᠭᠤᠯᠠᠩ ᠤᠯᠠᠭᠠᠨᠴᠠᠪ ᠢ ᠪᠥᠲᠥᠭᠡᠨ ᠪᠠᠶᠢᠭᠤᠯᠵᠤ᠂ ᠡᠬᠡ ᠤᠯᠤᠰ ᠤᠨ | ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ᠃ ᠤᠯᠤᠰ ᠤᠨ | ᠠᠮᠤᠷ ᠲᠦᠪᠰᠢᠨ ᠢ ᠬᠠᠮᠠᠭᠠᠯᠠᠬᠤ ᠴᠢᠳᠠᠪᠬᠢ ᠶᠢ ᠳᠡᠭᠡᠭᠰᠢᠯᠡᠭᠦᠯᠵᠦ᠂ ᠡᠯ᠎ᠡ ᠲᠥᠷᠥᠯ ᠤᠨ ᠬᠦᠨᠳᠦ ᠶᠡᠭᠡ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠢ ᠪᠠᠲᠤᠯᠠᠵᠤ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠵᠤ᠂ ᠬᠤᠲᠠ ᠶᠢᠨ | ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠵᠤ᠂ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠶᠢᠨ ᠥᠨᠳᠥᠷ ᠪᠦᠲᠦᠮᠵᠢᠲᠡᠶ ᠴᠢᠳᠠᠪᠤᠷᠢ ᠶᠢ ᠠᠬᠢᠭᠤᠯᠵᠤ᠂ ᠠᠷᠠᠳ ᠲᠦᠮᠡᠨ ᠠᠮᠤᠷ ᠵᠢᠮᠦᠷ | ᠠᠵᠤ ᠲᠦᠷᠦᠭᠦ᠂ ᠨᠡᠶᠢᠭᠡᠮ ᠠᠮᠤᠷ ᠲᠣᠭᠲᠠᠭᠤᠨ ᠡᠮᠬᠢ ᠵᠢᠷᠤᠮ ᠲᠠᠢ ᠪᠠᠶᠢᠬᠤ᠂ ᠬᠢᠯᠢ ᠬᠢᠵᠠᠭᠠᠷ ᠠᠮᠤᠷ ᠲᠣᠭᠲᠠᠭᠤᠨ | ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠪᠥᠬᠦᠳᠡ ᠬᠤᠷᠠᠯ ᠠᠴᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠣᠯᠤᠨ | 2035 ᠣᠨ ᠤ ᠠᠯᠤᠰ ᠤᠨ ᠬᠠᠷᠠᠯᠲᠠ ᠶᠢ ᠪᠡᠶᠡᠯᠡᠭᠦᠯᠬᠦ ᠳᠤ ᠡᠷᠬᠡᠪᠰᠢ ᠨᠠᠮ ᠤᠨ ᠪᠥᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠵᠤ᠂ ᠪᠥᠬᠦ ᠬᠤᠲᠠ ᠶᠢᠨ ᠬᠠᠮᠲᠤ ᠶᠢᠨ ᠲᠠᠨᠢᠯᠲᠠ ᠬᠠᠮᠲᠤᠷᠠᠯ ᠬᠦᠴᠦᠨ ᠢ | ᠨᠢᠭᠲᠠᠷᠠᠭᠤᠯᠬᠤ ᠬᠡᠷᠡᠭᠲᠡᠶ᠃ ᠨᠠᠮ ᠠᠴᠠ ᠪᠥᠬᠦ ᠲᠠᠯ᠎ᠠ ᠶᠢ ᠶᠡᠷᠦᠩᠬᠡᠶᠢᠯᠡᠨ ᠬᠠᠮᠢᠶᠠᠷᠬᠤ᠂ ᠡᠯ᠎ᠡ ᠲᠠᠯ᠎ᠠ ᠶᠢ | ᠵᠣᠬᠢᠴᠠᠭᠤᠯᠬᠤ ᠦᠶᠯᠡᠳᠦᠯ ᠢ ᠭᠦᠶᠴᠡᠳ ᠪᠠᠳᠠᠷᠠᠭᠤᠯᠵᠤ᠂ ᠨᠡᠶᠢᠭᠡᠮ ᠵᠢᠷᠤᠮ ᠤᠨ ᠤᠯᠤᠰ ᠲᠥᠷᠥ ᠶᠢᠨ | ᠪᠠᠶᠢᠭᠤᠯᠤᠯᠲᠠ ᠶᠢ ᠠᠬᠢᠭᠤᠯᠵᠤ᠂ ᠦᠨᠳᠦᠰᠦᠲᠡᠨ ᠤ ᠶᠡᠭᠡ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠵᠦ᠂ ᠬᠠᠤᠯᠢᠵᠢᠯ | ᠤᠯᠠᠭᠠᠨᠴᠠᠪ ᠤᠨ ᠪᠥᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠥᠯᠦᠪᠵᠢᠭᠦᠯᠦᠨ ᠲᠣᠭᠲᠠᠭᠠᠬᠤ ᠪᠠ | ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠵᠦᠶᠯ ᠤᠨ ᠬᠠᠷᠠᠯᠲᠠ ᠡᠭᠦᠷᠭᠡ ᠶᠢᠨ ᠤᠷᠤᠭᠰᠢᠲᠠᠶ | ᠪᠡᠶᠡᠯᠡᠭᠳᠡᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | ᠪᠥᠬᠦᠳᠡ ᠬᠤᠷᠠᠯ ᠠᠴᠠ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ | ᠵᠢᠯ ᠪᠣᠯᠤᠨ᠎ᠠ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ | ᠰᠢᠨ᠎ᠡ ᠠᠶᠠᠨ ᠢ ᠡᠬᠢᠯᠡᠭᠦᠯᠬᠦ ᠡᠬᠢᠯᠡᠯᠲᠡ ᠶᠢᠨ ᠵᠢᠯ ᠪᠣᠯᠤᠨ᠎ᠠ᠂ ᠮᠥᠨ ᠴᠦ ᠨᠠᠮ ᠪᠠᠶᠢᠭᠤᠯᠤᠭᠳᠠᠭᠰᠠᠨ 100 ᠵᠢᠯ ᠤᠨ | ᠣᠶ ᠪᠣᠯᠤᠨ᠎ᠠ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠡᠯ᠎ᠡ ᠵᠦᠶᠯ ᠤᠨ ᠠᠵᠢᠯ ᠢ ᠰᠠᠶᠢᠲᠤᠷ ᠬᠢᠬᠦ ᠨᠢ | ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠦᠬᠦ ᠬᠤᠲᠠ ᠳᠠᠶᠠᠭᠠᠷ ᠲᠥᠪ ᠤᠨ ᠠᠵᠤ ᠠᠬᠤᠢ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠪᠣᠯᠤᠨ | ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ | ᠱᠠᠭᠠᠷᠳᠠᠯᠭ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠬᠡᠵᠦ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ | ᠯᠠᠪᠳᠠᠭᠤᠨ ᠪᠠᠲᠤᠲᠠᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠪᠥᠬᠦᠳᠡ ᠬᠤᠷᠠᠯ ᠠᠴᠠ᠂ ᠣᠳᠣᠬᠠᠨ ᠤ ᠪᠠᠶᠢᠳᠠᠯ ᠢ ᠵᠥᠪ ᠲᠠᠨᠢᠨ ᠡᠵᠡᠮᠳᠡᠵᠦ᠂ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠢᠲᠡᠭᠡᠯ ᠵᠣᠷᠢᠭ ᠢᠶᠠᠨ ᠦᠨᠡᠨ ᠬᠦ ᠴᠢᠩᠭᠠᠳᠬᠠᠬᠤ ᠬᠡᠷᠡᠭᠲᠡᠢ᠃ ᠰᠢᠨ᠎ᠡ | ᠬᠥᠭᠵᠢᠯᠲᠡ ᠶᠢᠨ ᠱᠠᠲᠤᠨ ᠤ ᠴᠠᠭ ᠦᠶ᠎ᠡ ᠶᠢᠨ ᠣᠨᠴᠠᠯᠢᠭ ᠢ ᠣᠨᠣᠪᠴᠢᠲᠠᠶ ᠡᠵᠡᠮᠰᠢᠵᠦ᠂ ᠬᠥᠭᠵᠢᠯᠲᠡ ᠶᠢᠨ ᠠᠵᠠ | ᠲᠣᠬᠢᠶᠠᠯ ᠢ ᠵᠠᠪᠳᠤᠨ ᠠᠳᠬᠤᠬᠤ ᠢᠲᠡᠭᠡᠯ ᠵᠣᠷᠢᠭ ᠢᠶᠠᠨ ᠦᠨᠡᠨᠬᠦ ᠨᠡᠮᠡᠭᠳᠡᠭᠦᠯᠵᠦ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠤ ᠡᠯᠪᠡᠭ ᠪᠠᠶᠠᠯᠢᠭ ᠠᠭᠤᠯᠤᠭᠳᠠᠬᠤᠨ ᠢ ᠣᠨᠣᠪᠴᠢᠲᠠᠢ ᠡᠵᠡᠮᠳᠡᠵᠦ᠂ ᠠᠵᠤ ᠦᠢᠯᠡᠰ ᠤᠨ | ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠢᠲᠡᠭᠡᠯ ᠵᠣᠷᠢᠭ ᠢ ᠪᠠᠲᠤᠳᠬᠠᠨ᠂ ᠰᠢᠨ᠎ᠡ ᠬᠥᠭᠵᠢᠯᠲᠡ ᠶᠢᠨ | ᠪᠠᠶᠢᠷᠢᠰᠢᠯ ᠤᠨ ᠦᠨᠳᠦᠰᠦᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠠᠵᠢᠯ ᠬᠢᠵᠦ ᠦᠢᠯᠡᠰ ᠪᠤᠰᠬᠠᠬᠤ | ᠡᠭᠦᠷᠭᠡᠯᠡᠯ ᠢᠲᠡᠭᠡᠯ ᠵᠣᠷᠢᠭ ᠢᠶᠠᠨ ᠬᠥᠪᠴᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠪᠦᠭᠦᠳᠡ ᠬᠤᠷᠠᠯ ᠠᠴᠠ᠂ ᠠᠵᠤ ᠠᠬᠤᠢ ᠶᠢᠨ ᠨᠡᠮᠡᠭᠳᠡᠯ ᠢ ᠬᠦᠴᠦᠯᠡᠨ ᠲᠣᠭᠲᠠᠪᠤᠷᠢᠵᠢᠭᠤᠯᠵᠤ᠂ ᠠᠵᠤ | ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ ᠪᠠᠶᠢᠷᠢ ᠳᠤ ᠪᠠᠶᠢᠯᠭᠠᠬᠤ ᠶᠢ ᠠᠬᠢᠭᠤᠯᠬᠤ ᠬᠡᠷᠡᠭᠲᠡᠢ᠃ | ᠬᠤᠷᠢᠭ᠎ᠠ ᠱᠤᠭᠤᠮ ᠤᠨ ᠰᠡᠳᠬᠢᠬᠦᠶ ᠶᠢ ᠪᠠᠷᠢᠮᠲᠠᠯᠠᠵᠤ᠂ ᠪᠣᠬᠢᠷᠲᠤᠯ ᠥᠬᠡᠶ ᠬᠥᠭᠵᠢᠯᠲᠡ ᠶᠢᠨ ᠢᠯᠡ ᠲᠣᠳᠣ | ᠤᠳᠤᠷᠢᠳᠤᠮᠵᠢ ᠶᠢ ᠪᠣᠶ ᠪᠣᠯᠭᠠᠬᠤ ᠬᠡᠷᠡᠭᠲᠡᠶ᠃ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ | ᠬᠦᠴᠦᠷᠬᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠳ᠋ᠠᠶᠢᠲ᠋ᠠ ᠶᠢᠨ ᠠᠵᠤ ᠦᠶᠯᠡᠰ ᠢ ᠬᠦᠴᠦᠷᠬᠡᠭᠵᠢᠭᠦᠯᠦᠨ᠂ | ᠡᠨᠧᠷᠭᠢ ᠶᠢᠨ ᠠᠵᠤ ᠦᠶᠯᠡᠰ ᠢ ᠪᠤᠵᠠᠭᠠᠶᠢᠷᠠᠭᠤᠯᠵᠤ᠂ ᠬᠦᠢᠰᠦ ᠪᠠᠷᠠᠭ᠎ᠠ ᠭᠦᠶᠯᠭᠡᠭᠡᠨ ᠤ ᠠᠵᠤ ᠦᠶᠯᠡᠰ ᠢ ᠰᠠᠶᠢᠲᠤᠷ | ᠬᠢᠵᠦ᠂ ᠡᠷᠡᠭᠦᠯᠵᠢᠯ ᠰᠤᠪᠢᠯᠠᠯᠲᠠ ᠵᠢᠭᠤᠯᠴᠢᠯᠠᠯ ᠤᠨ ᠠᠵᠤ ᠦᠶᠯᠡᠰ ᠢ ᠰᠢᠯᠢᠳᠡᠭᠵᠢᠭᠦᠯᠦᠨ᠂ ᠠᠵᠤ ᠠᠬᠤᠶ ᠶᠢᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠶᠡᠭᠡ ᠪᠠᠷ ᠰᠢᠯᠢᠳᠡᠭᠵᠢᠭᠦᠯᠵᠦ᠂ | ᠲᠠᠷᠢᠶᠠᠯᠠᠩ ᠮᠠᠯ ᠠᠵᠤ ᠠᠬᠤᠶ ᠬᠥᠳᠡᠭᠡ ᠲᠣᠰᠬᠤᠨ ᠮᠠᠯᠵᠢᠬᠤ ᠣᠷᠣᠨ ᠢ ᠤᠷᠢᠳ ᠢᠶᠠᠷ ᠬᠥᠭᠵᠢᠭᠦᠯᠬᠦ ᠶᠢ | ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ | ᠠᠬᠢᠭᠤᠯᠬᠤ ᠬᠡᠷᠡᠭᠲᠡᠶ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠲᠠᠯᠠᠵᠤ᠂ ᠬᠠᠶᠢᠷ᠎ᠠ ᠰᠡᠳᠬᠢᠯᠭᠡ ᠪᠠᠷ ᠢᠶᠠᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ᠃ | ᠪᠦᠬᠦ ᠤᠯᠤᠰ ᠤᠨ ᠪᠣᠯᠪᠠᠰᠤᠨ ᠬᠤᠳᠠ ᠶᠢ ᠴᠢᠷᠮᠠᠶᠢᠨ ᠪᠠᠶᠢᠭᠤᠯᠵᠤ᠂ ᠬᠤᠳᠠ ᠶᠢᠨ ᠳᠡᠰᠵᠢᠯ ᠢ ᠳᠡᠭᠡᠭᠰᠢᠯᠡᠭᠦᠯᠵᠦ᠂ | ᠬᠤᠳᠠ ᠶᠢᠨ ᠦᠷᠢᠰᠦᠯᠳᠦᠬᠦ ᠬᠦᠴᠦᠨ ᠢ ᠴᠢᠩᠭᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠪᠦᠬᠦᠳᠠ ᠬᠤᠷᠠᠯ ᠠᠴᠠ᠂ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠦᠵᠡᠯ ᠰᠠᠨᠠᠭ᠎ᠠ | ᠤᠯᠤᠰ ᠲᠦᠷᠦ ᠶᠢᠨ ᠲᠥᠪᠯᠡᠷᠡᠯ ᠤᠨ ᠬᠦᠴᠦᠨ᠂ ᠨᠠᠮ ᠤᠨ ᠭᠡᠰᠢᠭᠦᠨ ᠺᠠᠳ᠋ᠷ ᠤᠨ ᠡᠩᠨᠡᠭᠡᠨ ᠤ ᠳᠠᠶᠢᠴᠢᠨ ᠬᠦᠴᠦᠨ᠂ | ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠬᠤ ᠴᠢᠳᠠᠪᠤᠷᠢ᠂ ᠡᠯ᠎ᠡ ᠱᠠᠲᠤᠨ ᠤ | ᠺᠠᠳ᠋ᠷ ᠤᠨ ᠭᠦᠢᠴᠡᠳᠬᠡᠬᠦ ᠬᠦᠴᠦᠨ ᠢ ᠴᠢᠨᠠᠭᠰᠢᠳᠠ ᠳᠡᠭᠡᠭᠰᠢᠯᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠪᠣᠯᠤᠨ ᠰᠢᠭᠦᠬᠦ ᠬᠤᠷᠢᠶ᠎ᠠ᠂ ᠪᠠᠶᠢᠴᠠᠭᠠᠬᠤ | ᠬᠤᠷᠢᠶᠠᠨ ᠤ ᠬᠠᠤᠯᠢ ᠶᠣᠰᠣᠭᠠᠷ ᠠᠵᠢᠯ ᠢᠶᠠᠨ ᠥᠷᠨᠢᠭᠦᠯᠬᠦ ᠶᠢ ᠲᠡᠮᠵᠢᠵᠤ᠂ ᠬᠠᠮ ᠨᠢᠭᠡᠳᠦᠮᠡᠯ ᠹᠷᠣᠨᠲ ᠤᠨ ᠪᠠᠶᠢᠷᠢᠰᠢᠯ | ᠪᠣᠯᠤᠨ ᠴᠡᠷᠢᠭ ᠠᠷᠠᠳ ᠠᠭᠤᠰᠤᠯᠴᠠᠨ ᠬᠥᠭᠵᠢᠬᠦ ᠲᠣᠭᠲᠠᠴᠠ ᠶᠢ ᠲᠡᠭᠦᠯᠳᠡᠷᠵᠢᠭᠦᠯᠵᠦ᠂ ᠤᠯᠠᠨᠲ᠋ᠥ᠋ᠮᠡᠨᠴᠢ | ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠠᠬᠠᠮᠠᠳ ᠺᠠᠳ᠋ᠷ ᠤᠨ ᠠᠵᠢᠯ ᠢ | ᠴᠢᠬᠤᠯᠠᠴᠢᠯᠠᠨ ᠴᠢᠩᠭᠠᠳᠬᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠳᠤ | ᠪᠠᠲᠤ ᠴᠢᠩᠭ᠎ᠠ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃ | ᠪᠥᠬᠦᠳᠡ ᠬᠤᠷᠠᠯ ᠠᠴᠠ᠂ ᠪᠥᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ | ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ | ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠨᠠᠮ ᠤᠨ ᠲᠥᠪ ᠬᠤᠷᠢᠶᠠᠨ ᠤ ᠴᠢᠬᠤᠯᠠ | ᠶᠡᠭᠡ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠵᠦᠶᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ | ᠨᠠᠶᠢᠳᠠᠪᠤᠷᠢᠵᠢᠭᠤᠯᠵᠤ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢ | ᠪᠥᠲᠥᠭᠡᠨ ᠪᠠᠶᠢᠭᠤᠯᠬᠤ ᠤᠯᠠᠭᠠᠨᠴᠠᠪ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠰᠦᠭᠡᠶ ᠭᠡᠵᠦ ᠤᠷᠢᠶᠠᠯᠠᠪᠠ︕ | | ᠣᠷᠴᠢᠭᠤᠯᠤᠭᠴᠢ᠄ ᠯᠢᠩ ᠯᠠᠨ | ᠬᠢᠨᠠᠭᠴᠢ᠄ ᠭᠡᠷᠡᠯᠲᠦ |