ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ︽ᠤᠯᠠᠭᠠᠨᠴᠠᠪ ᠬᠤᠲᠠ ᠶᠢᠨ ︿ᠭᠡᠷᠡᠴᠢ ᠪᠣᠯᠣᠨ | ᠦᠨᠡᠮᠯᠡᠯ ᠢ ᠰᠠᠯᠭᠠᠬᠤ﹀ ᠥᠭᠡᠷᠡᠴᠢᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠲᠥᠰᠦᠯ︾ ︵ | ᠳᠣᠷᠣᠭᠰᠢ ︽ᠠᠵᠢᠯ ᠤᠨ ᠲᠥᠰᠦᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠪᠥᠬᠦ ᠬᠤᠲᠠ ᠶᠢᠨ | ᠬᠡᠪᠴᠢᠶᠡᠨ ᠳᠤ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ ᠵᠦᠢᠯ ᠢ ᠪᠦᠬᠦᠨ ᠢ | ᠬᠠᠮᠤᠷᠬᠤ ᠨᠠᠷᠢᠨ ᠲᠠᠩᠰᠠ ᠶᠢᠨ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠪᠡ᠃ | ᠨᠢᠭᠡ᠂ ᠶᠠᠭᠤᠨ ᠳᠤ ︽ᠬᠡᠷᠡᠭᠵᠢᠭᠦᠯᠬᠦ ᠲᠥᠰᠦᠯ︾ ᠢ ᠲᠣᠭᠲᠠᠭᠠᠬᠤ ᠪᠣᠶ︖ | ︽︿ᠭᠡᠷᠡᠴᠢ ᠪᠣᠯᠣᠨ ᠦᠨᠡᠮᠯᠡᠯ ᠢ ᠰᠠᠯᠭᠠᠬᠤ﹀ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠵᠠᠬ᠎ᠠ ᠳᠡᠯᠭᠡᠭᠦᠷ ᠤᠨ | ᠭᠤᠤᠯ ᠴᠣᠭᠴᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠲᠤᠬᠠᠶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2021﹈ | 7 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠠᠭᠠᠨᠴᠠᠪ ᠬᠤᠲᠠ | ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠪᠥᠬᠦ ᠬᠤᠲᠠ ᠶᠢᠨ ᠬᠡᠪᠴᠢᠶᠡᠨ ᠳᠠᠬᠢ ︽ᠭᠡᠷᠡᠴᠢ | ᠪᠣᠯᠣᠨᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢ ᠪᠦᠷᠢᠨ ᠪᠥᠷᠬᠦᠭᠦᠯᠬᠦ ᠶᠢ ᠲᠦᠷᠭᠡᠳᠬᠡᠨ ᠠᠬᠢᠭᠤᠯᠵᠤ᠂ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ | ᠪᠦᠲᠦᠮᠵᠢᠲᠡᠶ ᠬᠥᠭᠵᠢᠭᠡᠨ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ︽ | ᠠᠵᠢᠯ ᠤᠨ ᠲᠥᠰᠦᠯ︾ ᠢ ᠲᠣᠭᠲᠠᠭᠠᠪᠠ᠃ | ᠬᠤᠶᠠᠷ᠂ ︽ᠭᠡᠷᠡᠴᠢ ᠪᠣᠯᠣᠨ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢᠨ ᠶᠡᠷᠦᠩᠬᠡᠶ ᠱᠠᠭᠠᠷᠳᠠᠯᠭ᠎ᠠ ᠨᠢ | ᠶᠠᠭᠤ ᠪᠤᠢ︖ | ᠪᠦᠬᠦ ᠬᠤᠲᠠ ᠶᠢᠨ ᠬᠡᠪᠴᠢᠶᠡᠨ ᠳᠤ ᠠᠵᠤ ᠠᠬᠤᠶᠢᠯᠠᠯ ᠶᠢᠨ ᠡᠵᠡᠩᠨᠡᠯᠲᠡ ᠳᠤ ᠬᠤᠯᠪᠣᠭᠳᠠᠬᠤ | ᠵᠥᠪᠰᠢᠶᠡᠷᠡᠯ ᠤᠨ ᠵᠦᠢᠯ ᠤᠨ ᠪᠦᠬᠦᠨ ᠢ ᠬᠠᠮᠤᠷᠬᠤ ᠨᠠᠷᠢᠨ ᠳᠠᠩᠰᠠ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ | ᠲᠥᠪ ᠤᠨ ᠳᠠᠪᠬᠤᠷᠭ᠎ᠠ ᠠᠴᠠ ᠲᠣᠭᠲᠠᠭᠠᠭᠰᠠᠨ 523 ᠵᠦᠢᠯ ᠵᠢᠴᠢ ᠥᠪᠡᠷᠲᠡᠭᠡᠨ ᠵᠠᠰᠠᠬᠤ ᠣᠷᠣᠨ ᠤ | ᠬᠡᠪᠴᠢᠶᠡᠨ ᠳᠤ ᠲᠣᠭᠲᠠᠭᠠᠭᠰᠠᠨ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ 18 ᠵᠦᠢᠯ ᠤᠨ | ᠵᠥᠪᠰᠢᠶᠡᠷᠡᠯ ᠤᠨ ᠵᠦᠢᠯ ᠳᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠲᠥᠷᠥᠯ ᠬᠤᠪᠢᠶᠠᠨ | ᠬᠡᠷᠡᠭᠵᠢᠭᠦᠯᠵᠦ᠂ ᠭᠡᠷᠡᠴᠢ ᠶᠢᠨ ᠳᠠᠷᠠᠭᠠᠬᠢ ᠦᠨᠡᠮᠯᠡᠯ ᠢ ᠬᠠᠰᠤᠬᠤ ᠶᠢ ᠬᠦᠴᠦᠲᠡᠢ ᠠᠬᠢᠭᠤᠯᠵᠤ᠂ ᠳᠥᠭᠦᠮ ᠳᠥᠲᠡ | ᠥᠨᠳᠥᠷ ᠪᠦᠲᠦᠮᠵᠢᠲᠡᠢ᠂ ᠲᠥᠪ ᠭᠤᠣᠯᠴᠢ ᠢᠯᠡ ᠲᠣᠳᠣ᠂ ᠠᠭᠤᠵᠢᠭᠤ ᠣᠷᠣᠭᠤᠯᠵᠤ ᠴᠢᠩᠭ᠎ᠠ ᠬᠠᠮᠢᠶᠠᠷᠬᠤ ᠠᠵᠢᠯ | ᠲᠥᠷᠦᠯ ᠤᠨ ᠡᠵᠡᠩᠨᠡᠯᠲᠡ ᠶᠢᠨ ᠵᠥᠪᠰᠢᠶᠡᠷᠡᠯ ᠤᠨ ᠳᠦᠷᠢᠮ ᠢ ᠬᠦᠴᠦᠯᠡᠨ ᠪᠠᠶᠢᠭᠤᠯᠵᠤ᠂ ᠬᠤᠳᠠᠯᠳᠤᠭ᠎ᠠ ᠡᠷᠬᠢᠯᠡᠬᠦ | ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠠᠮᠢᠵᠢᠷᠠᠯ ᠤᠨ ᠬᠦᠴᠦᠨ ᠢ ᠬᠥᠭᠵᠢᠭᠡᠨ᠎ᠡ᠃ | ᠭᠤᠷᠪᠠ᠂ ︽ᠭᠡᠷᠡᠴᠢ ᠪᠣᠯᠣᠨ ᠦᠨᠡᠮᠯᠡᠯ ᠢ ᠰᠠᠯᠭᠠᠬᠤ︾ ᠳᠤ ᠶᠠᠮᠠᠷ ᠶᠠᠮᠠᠷ ᠥᠭᠡᠷᠡᠴᠢᠯᠡᠯᠲᠡ ᠶᠢᠨ ᠠᠷᠭ᠎ᠠ | ᠬᠡᠯᠪᠡᠷᠢ ᠪᠠᠶᠢᠬᠤ ᠪᠣᠶ︖ | ︽ᠭᠡᠷᠡᠴᠢ ᠪᠣᠯᠣᠨ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢᠨ ᠠᠷᠭ᠎ᠠ ᠮᠠᠶ᠋ᠢᠭ ᠨᠢ ᠨᠡᠶᠢᠲᠡ ᠳᠥᠷᠪᠡᠨ | ᠵᠦᠶᠯ ᠪᠣᠶ᠃ | ᠬᠢᠨᠠᠨ ᠵᠥᠪᠰᠢᠶᠡᠷᠡᠯ ᠢ ᠰᠢᠭᠤᠳ ᠬᠦᠴᠦᠨ ᠦᠭᠡᠢ ᠪᠣᠯᠭᠠᠬᠤ᠃ ᠠᠵᠤ ᠠᠬᠤᠶᠢᠯᠠᠯ ︵ᠬᠤᠪᠢ ᠶᠢᠨ ᠠᠵᠤ | ᠦᠶᠯᠡᠳᠪᠦᠷᠢ ᠬᠤᠳᠠᠯᠳᠤᠭᠠᠨ ᠤ ᠡᠷᠦᠬᠡ᠂ ᠮᠠᠯᠴᠢᠨ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ ᠪᠠᠭᠲᠠᠨ᠎ᠠ᠂ | ᠳᠣᠷᠣᠭᠰᠢ ᠠᠳᠠᠯᠢ︶ ᠨᠢ ᠡᠵᠡᠩᠨᠡᠬᠦ ᠭᠡᠷᠡᠴᠢ ᠣᠯᠪᠠᠯ ᠡᠵᠡᠩᠨᠡᠯᠲᠡ ᠪᠠᠨ ᠥᠷᠨᠢᠭᠦᠯᠵᠦ ᠪᠣᠯᠤᠨ᠎ᠠ᠂ ᠵᠠᠰᠠᠭ ᠵᠠᠬᠢᠷᠭᠠᠨ ᠤ | ᠪᠠᠶᠢᠭᠤᠯᠭ᠎ᠠ᠂ ᠠᠵᠤ ᠠᠬᠤᠶᠢᠯᠠᠯ ᠠᠵᠢᠯ ᠦᠶᠯᠡᠰ ᠤᠨ ᠨᠢᠭᠡᠴᠢ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ | ᠵᠡᠷᠭᠡ ᠨᠢ ᠠᠵᠤ ᠠᠬᠤᠶᠢᠯᠠᠯ ᠢ ᠬᠠᠮᠢᠶ᠎ᠠ ᠪᠥᠬᠦᠶ ᠵᠠᠰᠠᠭ ᠵᠠᠬᠢᠷᠭᠠᠨ ᠤ ᠵᠥᠪᠰᠢᠶᠡᠷᠡᠯ ᠤᠨ ᠦᠨᠡᠮᠯᠡᠯ ᠬᠠᠩᠭᠠᠯᠭᠠᠬᠤ ᠪᠠᠷ | ᠱᠠᠭᠠᠷᠳᠠᠵᠤ ᠪᠣᠯᠬᠤ ᠥᠬᠡᠶ᠃ | ᠬᠢᠨᠠᠨ ᠵᠥᠪᠰᠢᠶᠡᠷᠡᠬᠦ ᠶᠢ ᠳᠠᠩᠰᠠᠯᠠᠬᠤ ᠪᠣᠯᠭᠠᠨ ᠥᠭᠡᠷᠡᠴᠢᠯᠡᠬᠦ᠃ ᠵᠠᠷᠴᠢᠮ ᠳᠡᠭᠡᠷ᠎ᠡ ᠪᠠᠨ ᠬᠡᠷᠡᠭ ᠤᠨ ᠳᠠᠷᠠᠭ᠎ᠠ | ᠳᠠᠩᠰᠠᠯᠠᠭᠤᠯᠬᠤ ᠶᠢ ᠬᠡᠷᠡᠭᠵᠢᠭᠦᠯᠵᠦ᠂ ᠠᠵᠤ ᠠᠬᠤᠶᠢᠯᠠᠯ ᠡᠵᠡᠩᠨᠡᠬᠦ ᠭᠡᠷᠡᠴᠢ ᠣᠯᠪᠠᠯ ᠳᠠᠷᠤᠶ ᠡᠵᠡᠩᠨᠡᠯᠲᠡ ᠬᠢᠵᠦ | ᠪᠣᠯᠤᠨ᠎ᠠ︔ ᠦᠨᠡᠨᠬᠦ ᠤᠷᠢᠳᠴᠢᠯᠠᠨ ᠳᠠᠩᠰᠠᠯᠠᠭᠤᠯᠬᠤ ᠴᠢᠬᠤᠯᠠ ᠲᠠᠢ ᠪᠣᠯ᠂ ᠠᠵᠤ ᠠᠬᠤᠶᠢᠯᠠᠯ ᠳᠠᠩᠰᠠᠯᠠᠭᠤᠯᠬᠤ | ᠭᠠᠷᠳᠠᠮ ᠢᠶᠠᠨ ᠭᠦᠢᠴᠡᠳᠬᠡᠪᠡᠯ ᠳᠠᠷᠤᠶ ᠡᠵᠡᠩᠨᠡᠯᠲᠡ ᠬᠢᠵᠦ ᠪᠣᠯᠤᠨ᠎ᠠ᠃ | ᠮᠡᠳᠡᠭᠳᠡᠬᠦ ᠠᠮᠠᠯᠠᠯᠲᠠ ᠶᠠᠪᠤᠭᠤᠯᠬᠤ᠃ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠮᠡᠳᠡᠭᠳᠡᠬᠦ ᠠᠮᠠᠯᠠᠯᠲᠠ ᠶᠢᠨ ᠪᠢᠴᠢᠭ ᠲᠣᠭᠲᠠᠭᠠᠵᠤ᠂ ᠮᠡᠳᠡᠭᠳᠡᠬᠦ ᠠᠮᠠᠯᠠᠯᠲᠠ ᠶᠢᠨ ᠠᠭᠤᠯᠭ᠎ᠠ ᠶᠢ | ᠲᠣᠳᠣᠷᠬᠠᠶᠢᠯᠠᠨ᠂ ᠠᠵᠤ ᠠᠬᠤᠶᠢᠯᠠᠯ ᠰᠠᠶᠢᠨ ᠳᠤᠷ᠎ᠠ ᠠᠴᠠ ᠪᠠᠨ ᠠᠮᠠᠯᠠᠯᠲᠠ ᠬᠢᠬᠦ ᠶᠢᠨ ᠬᠠᠮᠲᠤ ᠱᠠᠭᠠᠷᠳᠠᠯᠭ᠎ᠠ | ᠶᠣᠰᠣᠭᠠᠷ ᠮᠠᠲ᠋ᠧᠷᠢᠶᠠᠯ ᠢᠶᠠᠨ ᠲᠤᠰᠢᠶᠠᠭᠰᠠᠨ ᠪᠠᠶᠢᠪᠠᠯ᠂ ᠲᠡᠷᠡ ᠳᠤᠤᠷ᠎ᠠ ᠨᠢ ᠬᠢᠨᠠᠨ ᠵᠥᠪᠰᠢᠶᠡᠷᠡᠬᠦ ᠲᠣᠭᠲᠠᠭᠠᠯ | ᠭᠠᠷᠭᠠᠬᠤ ᠶᠢᠨ ᠬᠠᠮᠲᠤ᠂ ᠬᠡᠷᠡᠭ ᠤᠨ ᠳᠠᠷᠠᠭ᠎ᠠ ᠬᠠᠷᠭᠤᠭᠤᠯᠤᠨ ᠪᠠᠶᠢᠴᠠᠭᠠᠬᠤ᠂ ᠬᠢᠨᠠᠨ ᠵᠥᠪᠰᠢᠶᠡᠷᠡᠯ ᠢ ᠬᠦᠴᠦᠨ | ᠥᠬᠡᠶ ᠪᠣᠯᠭᠠᠬᠤ ᠵᠡᠷᠭᠡ ᠪᠣᠳᠠᠲᠠᠶ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠲᠣᠭᠲᠠᠭᠠᠨ᠎ᠠ᠃ | ᠬᠢᠨᠠᠨ ᠵᠥᠪᠰᠢᠶᠡᠷᠡᠬᠦ ᠦᠶᠯᠡᠴᠢᠯᠡᠭᠡ ᠶᠢ ᠰᠢᠯᠢᠳᠡᠭᠵᠢᠭᠦᠯᠬᠦ᠃ ᠦᠢᠯᠡᠴᠢᠯᠡᠭᠡᠨ ᠤ ᠬᠢᠷᠢ ᠬᠡᠮᠵᠢᠶ᠎ᠡ ᠪᠣᠯᠤᠨ | ᠬᠢᠨᠠᠨ ᠵᠥᠪᠰᠢᠶᠡᠷᠡᠬᠦ ᠬᠦᠴᠦᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠶᠠᠪᠤᠳᠠᠯ | ᠭᠦᠢᠴᠡᠳᠬᠡᠬᠦ ᠣᠯᠠᠨ ᠲᠦᠮᠡᠨ ᠳᠤ ᠨᠡᠩ ᠶᠡᠭᠡ ᠳᠥᠭᠦᠮ ᠦᠵᠡᠭᠦᠯᠬᠦ ᠶᠢᠨ ᠲᠤᠰᠠᠳᠠ᠂ ᠵᠥᠪᠰᠢᠶᠡᠷᠡᠯ ᠤᠨ ᠨᠥᠬᠦᠴᠡᠯ | ᠪᠣᠯᠤᠨ ᠬᠢᠨᠠᠨ ᠵᠥᠪᠰᠢᠶᠡᠷᠡᠬᠦ ᠮᠠᠲ᠋ᠧᠷᠢᠶᠠᠯ ᠢ ᠴᠣᠮᠬᠠᠳᠬᠠᠬᠤ᠂ ᠵᠥᠪᠰᠢᠶᠡᠷᠡᠯ ᠤᠨ ᠦᠨᠡᠮᠯᠡᠯ ᠤᠨ ᠬᠦᠴᠦᠨ ᠲᠠᠢ | ᠬᠤᠭᠤᠴᠠᠭ᠎ᠠ ᠶᠢ ᠬᠦᠴᠦᠨ ᠦᠭᠡᠶ ᠪᠣᠯᠭᠠᠬᠤ ᠪᠤᠶᠤ ᠤᠷᠲᠤᠳᠬᠠᠬᠤ᠂ ᠬᠦᠯᠢᠶᠡᠨ ᠠᠪᠴᠤ ᠬᠢᠨᠠᠨ ᠵᠥᠪᠰᠢᠶᠡᠷᠡᠬᠦ | ᠵᠠᠭᠪᠤᠷ ᠢ ᠰᠢᠯᠢᠳᠡᠭᠵᠢᠭᠦᠯᠬᠦ ᠵᠡᠷᠭᠡ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ | ᠠᠪᠤᠨ᠎ᠠ᠃ | ᠳᠥᠷᠪᠡ᠂ ︽ᠭᠡᠷᠡᠴᠢ ᠪᠣᠯᠣᠨ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠳᠤ ᠶᠠᠮᠠᠷ ᠶᠠᠮᠠᠷ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠᠶᠢᠬᠤ ᠪᠣᠶ︖ | ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ︽ᠭᠡᠷᠡᠴᠢ ᠪᠣᠯᠣᠨ ᠦᠨᠡᠮᠯᠡᠯ ᠶᠢ ᠰᠠᠯᠭᠠᠬᠤ︾ | ᠥᠭᠡᠷᠡᠴᠢᠯᠡᠯᠲᠡ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ | ᠬᠥᠭᠵᠢᠭᠡᠬᠦ ᠬᠠᠮᠢᠶ᠎ᠠ ᠪᠥᠬᠦᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ | ᠨᠠᠶᠢᠳᠠᠪᠤᠷᠢᠵᠢᠭᠤᠯᠬᠤ ᠶᠢᠨ ᠲᠤᠰᠠᠳᠠ᠂ ᠤᠯᠠᠭᠠᠨᠴᠠᠪ ᠬᠤᠲᠠ ᠭᠤᠤᠯᠳᠠᠭᠤ ᠳᠤᠤᠷᠠᠬᠢ ᠬᠡᠳᠦᠨ ᠲᠠᠯ᠎ᠠ ᠶᠢᠨ ᠪᠣᠳᠠᠲᠠᠶ | ᠠᠷᠭ᠎ᠠ ᠬᠡᠮᠵᠢᠶ᠎ᠡ ᠶᠢ ᠠᠪᠴᠠᠶ᠃ | ᠨᠢᠭᠡ ᠳᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠵᠥᠪᠰᠢᠶᠡᠷᠡᠯ ᠳᠤ ᠬᠤᠯᠪᠣᠭᠳᠠᠭᠰᠠᠨ ᠨᠠᠷᠢᠨ | ᠲᠠᠩᠰᠠ ᠶᠢᠨ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠪᠡ᠃ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ | ᠲᠣᠭᠲᠠᠭᠠᠭᠰᠠᠨ ᠮᠠᠨ ᠤ ᠬᠤᠲᠠ ᠶᠢᠨ ᠬᠡᠪᠴᠢᠶᠡᠨ ᠳᠤ ᠬᠡᠷᠡᠭᠵᠢᠭᠦᠯᠦᠭᠰᠡᠨ ᠠᠵᠤ ᠠᠬᠤᠶᠢᠯᠠᠯ ᠤᠨ ᠡᠵᠡᠩᠨᠡᠯᠲᠡ ᠳᠤ | ᠬᠤᠯᠪᠣᠭᠳᠠᠬᠤ ᠵᠥᠪᠰᠢᠶᠡᠷᠡᠯ ᠤᠨ ᠵᠦᠢᠯᠡᠰ ᠢ ᠪᠦᠬᠦᠨ ᠢ ᠨᠠᠷᠢᠨ ᠳᠠᠩᠰᠠ ᠶᠢᠨ ᠬᠠᠮᠢᠶᠠᠷᠤᠯᠲᠠ ᠳᠤ ᠣᠷᠣᠭᠤᠯᠵᠤ᠂ | ᠨᠠᠷᠢᠨ ᠳᠠᠩᠰᠠ ᠠᠴᠠ ᠭᠠᠳᠠᠨ᠎ᠠ᠂ ᠠᠵᠤ ᠠᠬᠤᠶᠢᠯᠠᠯ ᠤᠨ ᠬᠠᠮᠢᠶ᠎ᠠ ᠪᠦᠬᠦᠢ ᠠᠵᠢᠯ ᠲᠥᠷᠥᠯ ᠳᠤ ᠣᠷᠣᠵᠤ | ᠡᠵᠡᠩᠨᠡᠯᠲᠡ ᠬᠢᠬᠦ ᠶᠢ ᠬᠢᠵᠠᠭᠠᠷᠯᠠᠵᠤ ᠪᠣᠯᠬᠤ ᠥᠬᠡᠶ᠃ | ᠬᠤᠶᠠᠷ ᠲᠤ᠂ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ | ᠳᠡᠩᠰᠡᠯᠡᠯᠲᠡ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ᠃ ︽ᠤᠷᠢᠳᠠᠪᠠᠷ ᠡᠵᠡᠩᠨᠡᠬᠦ ᠭᠡᠷᠡᠴᠢ | ᠠᠪᠴᠤ ᠳᠠᠷᠠᠭ᠎ᠠ ᠨᠢ ᠵᠥᠪᠰᠢᠶᠡᠷᠡᠯ ᠤᠨ ᠦᠨᠡᠮᠯᠡᠯ ᠠᠪᠬᠤ︾᠂ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ | ︾ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠬᠢᠨᠠᠨ ᠵᠥᠪᠰᠢᠶᠡᠷᠡᠬᠦ ᠶᠢ ᠳᠠᠩᠰᠠᠯᠠᠭᠤᠯᠬᠤ ᠵᠦᠶᠯ ᠪᠣᠯᠭᠠᠨ | ᠥᠭᠡᠷᠡᠴᠢᠯᠡᠬᠦ ᠶᠢ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾ ᠠᠶ ᠳᠤ ᠣᠷᠣᠭᠤᠯᠵᠤ᠂ ᠦᠯᠡᠳᠡᠭᠡᠭᠰᠡᠨ | ᠳᠠᠩᠰᠠᠯᠠᠨ ᠲᠡᠮᠳᠡᠭᠯᠡᠬᠦ ᠶᠢᠨ ᠤᠷᠢᠳᠠᠴᠢ ᠵᠥᠪᠰᠢᠶᠡᠷᠡᠯ ᠢ ᠬᠤᠶᠢᠨᠠᠬᠢ ᠵᠥᠪᠰᠢᠶᠡᠷᠡᠯ ᠪᠣᠯᠭᠠᠨ ᠥᠭᠡᠷᠡᠴᠢᠯᠡᠬᠦ ᠶᠢ | ᠰᠦᠪᠡᠭᠴᠢᠯᠡᠪᠡ᠃ | ᠭᠤᠷᠪᠠ ᠳᠤ᠂ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠭᠰᠠᠨ ᠮᠡᠳᠡᠭᠡ ᠵᠠᠩᠭᠢ ᠶᠢ ᠴᠤᠭᠯᠠᠭᠤᠯᠤᠨ | ᠬᠠᠮᠲᠤᠪᠠᠷ ᠡᠳ᠋ᠯᠡᠬᠦ ᠶᠢ ᠴᠢᠩᠭᠠᠳᠬᠠᠪᠠ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ | ᠵᠠᠩᠭᠢ ᠶᠢᠨ ᠪᠠᠬᠢᠯᠡᠯᠲᠡ ᠶᠢ ᠬᠦᠴᠦᠯᠡᠨ ᠨᠡᠪᠲᠡᠷᠡᠭᠦᠯᠵᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠᠷ ᠳᠠᠮᠵᠢᠭᠤᠯᠤᠨ | ᠣᠯᠵᠤ ᠪᠣᠯᠬᠤ ᠮᠡᠳᠡᠭᠡ ᠵᠠᠩᠭᠢ ᠶᠢ ᠠᠵᠤ ᠠᠬᠤᠶᠢᠯᠠᠯ ᠠᠴᠠ ᠬᠠᠩᠭᠠᠯᠭᠠᠬᠤ ᠪᠠᠷ ᠱᠠᠭᠠᠷᠳᠠᠵᠤ ᠪᠣᠯᠬᠤ ᠦᠭᠡᠢ᠂ | ᠬᠤᠯᠪᠣᠭᠳᠠᠯ ᠪᠦᠬᠦᠢ ᠮᠠᠲ᠋ᠧᠷᠢᠶᠠᠯ ᠢ ᠳᠠᠪᠬᠤᠷᠳᠠᠭᠤᠯᠤᠨ ᠲᠤᠰᠢᠶᠠᠬᠤ ᠶᠢ ᠪᠠᠭᠠᠰᠬᠠᠪᠠ᠃ | ᠳᠥᠷᠪᠡ ᠳᠤ᠂ ᠬᠢᠨᠠᠨ ᠵᠥᠪᠰᠢᠶᠡᠷᠡᠬᠦ ᠦᠶᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ | ᠳᠡᠭᠡᠭᠰᠢᠯᠡᠭᠦᠯᠪᠡ᠃ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ ᠵᠦᠶᠯᠡᠰ ᠢ | ᠭᠤᠶᠤᠴᠢᠯᠠᠬᠤ᠂ ᠭᠥᠯᠢᠶᠡᠨ ᠠᠪᠴᠤ ᠰᠢᠶᠳᠪᠦᠷᠢᠯᠡᠬᠦ᠂ ᠬᠢᠨᠠᠨ ᠬᠠᠷᠭᠤᠭᠤᠯᠬᠤ᠂ ᠦᠨᠡᠮᠯᠡᠯ ᠣᠯᠭᠤᠬᠤ ᠪᠥᠬᠦ | ᠴᠤᠪᠤᠷᠠᠯ ᠤᠨ ︽ᠨᠢᠭᠡ ᠰᠦᠯᠵᠢᠶᠡᠨ ᠳᠤ ᠪᠦᠬᠦᠨ ᠢ ᠭᠦᠶᠴᠡᠳᠬᠡᠬᠦ︾᠂ ︽ᠬᠡᠲᠦᠷᠡᠬᠦ ᠳᠡᠭᠡᠨ ᠨᠢᠭᠡ ᠯᠡ ᠤᠳᠠᠭ᠎ᠠ ᠳᠤ | ᠭᠦᠶᠴᠡᠳᠬᠡᠬᠦ︾᠂ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠶᠴᠡᠳᠬᠡᠬᠦ︾ ᠶᠢ ᠲᠦᠷᠭᠡᠳᠬᠡᠨ ᠠᠬᠢᠭᠤᠯᠵᠤ᠂ | ᠭᠦᠶᠴᠡᠳᠬᠡᠬᠦ ᠴᠤᠪᠤᠷᠠᠯ ᠢ ᠳᠥᠭᠦᠮᠴᠢᠯᠡᠨ᠂ ᠭᠦᠶᠴᠡᠳᠬᠡᠬᠦ ᠴᠠᠭ ᠤᠨ ᠬᠢᠵᠠᠭᠠᠷ ᠢ ᠪᠣᠭᠤᠨᠢᠰᠬᠠᠪᠠ᠃ | ᠲᠠᠪᠤ ᠳᠤ᠂ ᠡᠯᠧᠺᠲᠷᠣᠨ ᠭᠡᠷᠡᠴᠢ ᠪᠣᠯᠣᠨ ᠦᠨᠡᠮᠯᠡᠯ ᠢ ᠴᠤᠭᠯᠠᠭᠤᠯᠤᠨ ᠬᠡᠷᠡᠭᠯᠡᠬᠦ ᠶᠢ ᠠᠬᠢᠭᠤᠯᠪᠠ᠃ 2022 | ᠣᠨ ᠤ ᠵᠢᠯ ᠤᠨ ᠰᠡᠭᠦᠯᠴᠢ ᠠᠴᠠ ᠡᠮᠦᠨ᠎ᠡ ᠠᠵᠤ ᠠᠬᠤᠶᠢᠯᠠᠯ ᠳᠤ ᠬᠤᠯᠪᠣᠭᠳᠠᠬᠤ ᠭᠡᠷᠡᠴᠢ ᠪᠣᠯᠣᠨ ᠦᠨᠡᠮᠯᠡᠯ ᠢ | ᠡᠯᠧᠺᠲᠷᠣᠨᠵᠢᠭᠦᠯᠬᠦ ᠶᠢ ᠪᠥᠬᠦ ᠲᠠᠯ᠎ᠠ ᠪᠠᠷ ᠪᠡᠶᠡᠯᠡᠭᠦᠯᠵᠦ᠂ ᠠᠵᠤ ᠠᠬᠤᠶᠢᠯᠠᠯ ᠳᠤ ᠬᠤᠯᠪᠣᠭᠳᠠᠬᠤ ᠡᠯᠧᠺᠲᠷᠣᠨ ᠭᠡᠷᠡᠴᠢ | ᠪᠣᠯᠣᠨ ᠦᠨᠡᠮᠯᠡᠯ ᠢ ︽ᠭᠤᠷᠪᠠᠨ ᠲᠠᠪᠴᠠᠩ︾ ﹇ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ | ᠶᠠᠪᠤᠳᠠᠯ ᠤᠨ ᠦᠶᠯᠡᠴᠢᠯᠡᠭᠡᠨ ᠤ ᠲᠠᠪᠴᠠᠩ᠂ ᠥᠪᠡᠷᠲᠡᠭᠡᠨ ᠵᠠᠰᠠᠬᠤ ᠣᠷᠣᠨ ᠤ ᠢᠲᠡᠭᠡᠮᠵᠢ ᠶᠢᠨ ᠮᠡᠳᠡᠭᠡ ᠵᠠᠩᠭᠢ ᠶᠢ | ᠬᠠᠮᠲᠤᠪᠠᠷ ᠭᠥᠷᠳᠡᠬᠦ ᠲᠠᠪᠴᠠᠩ᠂ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ | ᠨᠡᠶᠢᠲᠡᠯᠡᠬᠦ ᠰᠢᠰᠲ᠋ᠧᠮ ︵ᠥᠪᠥᠷ ᠮᠣᠩᠭᠤᠯ︶﹈ ᠳᠤ ᠴᠤᠭᠯᠠᠭᠤᠯᠵᠤ᠂ ᠬᠠᠷᠢᠯᠴᠠᠨ ᠮᠡᠳᠡᠷᠡᠵᠦ ᠬᠠᠷᠢᠯᠴᠠᠨ | ᠢᠲᠡᠭᠡᠯᠴᠡᠨᠡ᠃ ᠡᠯᠧᠺᠲᠷᠣᠨ ᠭᠡᠷᠡᠴᠢ ᠪᠣᠯᠣᠨ ᠦᠨᠡᠮᠯᠡᠯ ᠢᠶᠠᠷ ᠳᠡᠮᠵᠢᠨ ᠣᠯᠵᠤ ᠪᠣᠯᠬᠤ ᠮᠡᠳᠡᠭᠡ ᠵᠠᠩᠭᠢ ᠪᠦᠬᠦᠨ ᠢ | ᠠᠵᠤ ᠠᠬᠤᠶᠢᠯᠠᠯ ᠠᠴᠠ ᠵᠣᠬᠢᠴᠠᠩᠭᠤᠶ ᠮᠠᠲ᠋ᠧᠷᠢᠶᠠᠯ ᠬᠠᠩᠭᠠᠯᠭᠠᠬᠤ ᠪᠠᠷ ᠳᠠᠭᠢᠵᠤ ᠱᠠᠭᠠᠷᠳᠠᠬᠤ ᠥᠬᠡᠶ᠃ | ᠵᠢᠷᠭᠤᠭ᠎ᠠ ᠳᠤ᠂ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠭᠰᠠᠨ ᠰᠢᠮᠳᠠᠭᠤᠯᠤᠨ ᠭᠦᠶᠴᠡᠳᠬᠡᠯᠭᠡᠬᠦ | ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠴᠢᠩᠭᠠᠷᠠᠭᠤᠯᠪᠠ᠃ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ | ᠴᠢᠩᠭ᠎ᠠ ᠬᠢᠨᠠᠨ ᠵᠢᠯᠣᠭᠤᠳᠴᠤ᠂ ᠬᠢᠨᠠᠨ ᠵᠥᠪᠰᠢᠶᠡᠷᠡᠬᠦ ᠪᠠᠷᠢᠮᠵᠢᠶ᠎ᠠ ᠶᠢ ᠳᠡᠭᠡᠭᠰᠢᠯᠡᠭᠦᠯᠬᠦ᠂ ᠬᠢᠨᠠᠨ ᠵᠥᠪᠰᠢᠶᠡᠷᠡᠬᠦ ᠶᠢ | ᠳᠤᠷ᠎ᠠ ᠪᠠᠷ ᠢᠶᠠᠨ ᠨᠡᠮᠡᠭᠳᠡᠭᠦᠯᠬᠦ᠂ ᠬᠡᠯᠪᠡᠷᠢ ᠶᠢ ᠨᠢ ᠥᠭᠡᠷᠡᠲᠦᠭᠦᠯᠦᠨ ᠬᠢᠨᠠᠨ ᠵᠥᠪᠰᠢᠶᠡᠷᠡᠬᠦ ᠶᠢ ᠬᠡᠷᠡᠭᠵᠢᠭᠦᠯᠦᠨ ᠠᠵᠤ | ᠠᠬᠤᠶᠢᠯᠠᠯ ᠤᠨ ᠣᠨᠴᠠ ᠲᠣᠭᠲᠠᠭᠰᠠᠨ ᠠᠵᠢᠯ ᠲᠥᠷᠥᠯ ᠳᠤ ᠣᠷᠣᠵᠤ ᠡᠵᠡᠩᠨᠡᠯᠲᠡ ᠬᠢᠬᠦ ᠶᠢ ᠬᠢᠵᠠᠭᠠᠷᠯᠠᠵᠦ᠂ ᠵᠠᠬ᠎ᠠ | ᠳᠡᠯᠭᠡᠭᠦᠷ ᠢ ᠬᠡᠰᠡᠭᠯᠡᠭᠰᠡᠨ ᠪᠤᠶᠤ ᠠᠵᠤ ᠠᠬᠤᠶᠢᠯᠠᠯ ᠤᠨ ᠳᠠᠷᠤᠭᠠᠰᠤ ᠶᠢ ᠬᠦᠨᠳᠦᠷᠡᠭᠦᠯᠦᠭᠰᠡᠨ ᠠᠵᠢᠯᠯᠠᠭ᠎ᠠ ᠶᠢ ᠴᠢᠩᠭ᠎ᠠ | ᠱᠠᠯᠠᠪᠳᠠᠭᠤᠯᠤᠨ ᠪᠠᠶᠢᠴᠠᠭᠠᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠬᠠᠮᠢᠶ᠎ᠠ | ᠪᠦᠬᠦᠢ ᠬᠠᠷᠢᠭᠤᠴᠠᠯᠭ᠎ᠠ ᠶᠢ ᠨᠡᠬᠡᠮᠵᠢᠯᠡᠵᠦ᠂ ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ | ᠪᠠᠲᠤᠯᠠᠪᠠ᠃ | ᠲᠠᠪᠤ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ | ᠬᠡᠷᠬᠢᠨ ᠴᠢᠩᠭᠠᠳᠬᠠᠬᠤ ᠪᠤᠢ︖ | ︽ᠭᠡᠷᠡᠴᠢ ᠪᠣᠯᠣᠨ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢᠨ ᠭᠤᠤᠯᠳᠠᠯᠭ᠎ᠠ ᠲᠠᠢ ᠡᠭᠦᠷᠭᠡ ᠪᠣᠯ ᠳᠠᠷᠤᠶ | ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ︽ᠬᠡᠨ ᠬᠢᠨᠠᠨ ᠵᠥᠪᠰᠢᠶᠡᠷᠡᠪᠡᠯ ᠬᠡᠨ ᠬᠢᠨᠠᠨ ᠬᠠᠮᠢᠶᠠᠷᠴᠤ᠂ ᠬᠡᠨ ᠭᠤᠤᠯᠴᠢᠯᠠᠨ ᠬᠠᠮᠢᠶᠠᠷᠪᠠᠯ ᠬᠡᠨ ᠬᠢᠨᠠᠨ ᠬᠠᠮᠢᠶᠠᠷᠬᠤ︾ | ᠵᠠᠷᠴᠢᠮ ᠶᠣᠰᠣᠭᠠᠷ᠂ ︽ᠬᠡᠷᠡᠭᠵᠢᠭᠦᠯᠬᠦ ᠲᠥᠰᠦᠯ︾ ᠳᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠲᠣᠳᠣᠷᠬᠠᠶᠢᠯᠠᠵᠤ᠂ ᠬᠢᠨᠠᠯᠲᠠ ᠬᠠᠮᠢᠶᠠᠷᠤᠯᠲᠠ ᠶᠢᠨ ᠲᠦᠷᠢᠮ ᠢ ᠪᠦᠷᠢᠨᠰᠢᠭᠦᠯᠪᠡ᠃ ᠠᠵᠢᠯ ᠲᠥᠷᠥᠯ ᠤᠨ ᠣᠨᠴᠠᠯᠢᠭ ᠢ | ᠦᠨᠳᠦᠰᠦᠯᠡᠨ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ᠂ ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ᠂ ᠠᠵᠢᠯ | ᠲᠥᠷᠥᠯ ᠤᠨ ᠬᠢᠨᠠᠯᠲᠠ ᠬᠠᠮᠢᠶᠠᠷᠤᠯᠲᠠ ᠪᠣᠯᠤᠨ ︽ᠬᠤᠶᠠᠷ ᠢ ᠰᠤᠭᠤᠴᠢᠬᠤ᠂ ᠨᠢᠭᠡ ᠶᠢ ᠢᠯᠡ ᠪᠣᠯᠭᠠᠬᠤ︾ ᠵᠡᠷᠭᠡ | ᠣᠯᠠᠨ ᠵᠦᠶᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠲᠣᠭᠲᠠᠭᠠᠪᠠ᠃ ︽ᠬᠢᠨᠠᠨ ᠵᠥᠪᠰᠢᠶᠡᠷᠡᠬᠦ ᠶᠢ | ᠴᠢᠬᠤᠯᠠᠴᠢᠯᠠᠵᠤ ᠬᠢᠨᠠᠨ ᠬᠠᠮᠢᠶᠠᠷᠬᠤ ᠶᠢ ᠬᠥᠩᠭᠡᠪᠴᠢᠯᠡᠬᠦ︾ ᠤᠯᠠᠮᠵᠢᠯᠠᠯᠲᠤ ᠬᠠᠮᠢᠶᠠᠷᠤᠯᠲᠠ ᠶᠢᠨ ᠵᠠᠭᠪᠤᠷ ᠢ | ᠬᠦᠴᠦᠯᠡᠨ ᠬᠤᠪᠢᠷᠠᠭᠤᠯᠵᠤ᠂ ︽ᠬᠢᠨᠠᠨ ᠵᠥᠪᠰᠢᠶᠡᠷᠡᠬᠦ ᠶᠢ ᠬᠥᠩᠭᠡᠪᠴᠢᠯᠡᠵᠦ ᠬᠢᠨᠠᠨ ᠬᠠᠮᠢᠶᠠᠷᠬᠤ ᠶᠢ ᠴᠢᠬᠤᠯᠠᠴᠢᠯᠠᠬᠤ | ︾ ᠲᠡᠰᠢ ᠠᠯᠬᠤᠮ ᠠᠯᠬᠤᠮ ᠢᠶᠠᠷ ᠬᠤᠪᠢᠷᠠᠭᠤᠯᠤᠨ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ | ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ | ᠵᠢᠷᠭᠤᠭ᠎ᠠ᠂ ︽ᠭᠡᠷᠡᠴᠢ ᠪᠣᠯᠣᠨ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠭᠠᠷᠭᠠᠬᠤ ᠶᠢ ᠬᠡᠷᠬᠢᠨ ᠠᠬᠢᠭᠤᠯᠬᠤ ᠪᠣᠶ︖ | ᠨᠢᠭᠡ ᠳᠤ᠂ ᠲᠦᠷᠢᠮ ᠤᠨ ᠪᠠᠲᠤᠯᠠᠭ᠎ᠠ ᠶᠢ ᠲᠡᠭᠦᠯᠳᠡᠷᠵᠢᠭᠦᠯᠦᠨ᠎ᠡ᠃ ᠬᠤᠲᠠ ᠰᠢᠶᠠᠨ ᠬᠤᠶᠠᠷ ᠱᠠᠲᠤ ᠨᠢ | ᠠᠵᠢᠯ ᠤᠨ ᠲᠣᠭᠲᠠᠴᠠ ᠪᠠᠶᠢᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠶᠢ | ᠠᠬᠢᠭᠤᠯᠬᠤ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠵᠣᠬᠢᠴᠠᠭᠤᠯᠬᠤ ᠳᠤᠭᠤᠶᠢᠯᠠᠩ ᠤᠨ | ᠳᠣᠣᠷ᠎ᠠ ︽ᠭᠡᠷᠡᠴᠢ ᠪᠣᠯᠣᠨ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢᠨ ᠳᠤᠭᠤᠶᠢᠯᠠᠩ ᠨᠡᠮᠡᠵᠦ ᠪᠠᠶᠢᠭᠤᠯᠤᠨ᠎ᠠ᠃ | ᠡᠭᠦᠨ ᠤ ᠬᠠᠮᠲᠤ᠂ ᠬᠠᠤᠯᠢ ᠴᠠᠭᠠᠵᠠ ᠶᠢᠨ ᠰᠠᠯᠠᠭ᠎ᠠ ᠮᠥᠴᠢᠷ ᠠᠴᠠ ᠪᠥᠬᠦ ᠬᠤᠲᠠ ᠶᠢᠨ ᠬᠡᠪᠴᠢᠶᠡᠨ ᠳᠤ | ᠬᠡᠷᠡᠭᠵᠢᠭᠦᠯᠵᠦ ᠪᠠᠶᠢᠭ᠎ᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠲᠠᠢ ᠬᠠᠮᠵᠢᠯᠴᠠᠨ᠂ ᠥᠭᠡᠷᠡᠴᠢᠯᠡᠯᠲᠡ ᠶᠢᠨ | ᠱᠠᠭᠠᠷᠳᠠᠯᠭ᠎ᠠ ᠲᠠᠢ ᠵᠣᠬᠢᠴᠠᠭᠰᠠᠨ ᠬᠠᠤᠯᠢ ᠲᠦᠷᠢᠮ ᠤᠨ ᠪᠠᠲᠤᠯᠠᠭ᠎ᠠ ᠶᠢᠨ ᠲᠦᠷᠢᠮ ᠢ ᠪᠠᠶᠢᠭᠤᠯᠵᠤ᠂ ᠬᠠᠮᠢᠶ᠎ᠠ ᠪᠥᠬᠦᠶ | ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠣᠭᠲᠠᠭᠠᠬᠤ᠂ ᠵᠠᠰᠠᠪᠤᠷᠢ ᠣᠷᠣᠭᠤᠯᠬᠤ᠂ ᠬᠦᠴᠦᠨ ᠥᠬᠡᠶ ᠪᠣᠯᠭᠠᠬᠤ | ᠠᠵᠢᠯ ᠢ ᠲᠦᠷᠭᠡᠬᠡᠨ ᠡᠬᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃ | ᠬᠤᠶᠠᠷ ᠲᠤ᠂ ᠠᠷᠭ᠎ᠠ ᠬᠡᠮᠵᠢᠶ᠎ᠡ ᠶᠢᠨ ᠪᠠᠲᠤᠯᠠᠭ᠎ᠠ ᠶᠢ ᠴᠢᠩᠭᠠᠳᠬᠠᠨ᠎ᠠ᠃ ᠬᠤᠲᠠ ᠶᠢᠨ ᠲᠣᠰ ᠱᠠᠲᠤᠨ ᠤ | ᠥᠭᠡᠷᠡᠴᠢᠯᠡᠯᠲᠡ ᠳᠤ ᠬᠤᠯᠪᠣᠭᠳᠠᠭᠰᠠᠨ ᠰᠠᠯᠠᠭ᠎ᠠ ᠮᠥᠴᠢᠷ ᠤᠳ ᠢ ᠥᠪᠡᠷᠲᠡᠭᠡᠨ ᠵᠠᠰᠠᠬᠤ ᠣᠷᠣᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠠᠢ ᠢᠳᠡᠪᠬᠢᠲᠡᠶ ᠵᠣᠯᠭᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠠᠴᠠ | ᠪᠠᠭᠤᠯᠭᠠᠭᠰᠠᠨ ᠨᠠᠷᠢᠯᠢᠭᠵᠢᠭᠤᠯᠤᠭᠰᠠᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠ ᠪᠣᠳᠠᠲᠠᠶ ᠠᠷᠭ᠎ᠠ ᠶᠢᠨ ᠶᠣᠰᠣᠭᠠᠷ | ᠂ ᠲᠥᠪ ᠠᠴᠠ ᠲᠣᠭᠲᠠᠭᠠᠭᠰᠠᠨ ᠪᠠ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠠᠴᠠ ᠲᠣᠭᠲᠠᠭᠠᠭᠰᠠᠨ ᠠᠵᠤ | ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠭᠰᠠᠨ ᠵᠥᠪᠰᠢᠶᠡᠷᠡᠯ ᠤᠨ ᠵᠦᠶᠯᠡᠰ ᠲᠤ ︽ᠭᠡᠷᠡᠴᠢ ᠪᠣᠯᠣᠨ ᠦᠨᠡᠮᠯᠡᠯ ᠢ | ᠰᠠᠯᠭᠠᠬᠤ︾ ᠥᠭᠡᠷᠡᠴᠢᠯᠡᠯᠲᠡ ᠶᠢ ᠬᠡᠷᠡᠭᠵᠢᠭᠦᠯᠬᠦ ᠬᠡᠷᠡᠭᠲᠡᠶ ᠭᠡᠵᠦ ᠱᠠᠭᠠᠷᠳᠠᠪᠠ᠃ | ᠭᠤᠷᠪᠠ ᠳᠤ᠂ ᠤᠬᠠᠭᠤᠯᠭ᠎ᠠ ᠶᠢᠨ ᠪᠠᠲᠤᠯᠠᠭ᠎ᠠ ᠶᠢ ᠰᠠᠶᠢᠲᠤᠷ ᠬᠢᠨ᠎ᠠ᠃ ᠬᠤᠲᠠ ᠰᠢᠶᠠᠨ ᠬᠤᠶᠠᠷ ᠱᠠᠲᠤᠨ ᠤ | ᠡᠯ᠎ᠡ ᠰᠠᠯᠠᠭ᠎ᠠ ᠮᠥᠴᠢᠷ ᠢ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠪᠣᠯᠪᠠᠰᠤᠷᠠᠯ ᠪᠠ ᠤᠬᠠᠭᠤᠯᠭ᠎ᠠ | ᠲᠠᠶᠢᠯᠤᠮᠵᠢ ᠶᠢ ᠰᠠᠶᠢᠲᠤᠷ ᠬᠢᠵᠦ᠂ ᠨᠠᠩ ᠣᠯᠠᠨ ᠠᠵᠤ ᠠᠬᠤᠶᠢᠯᠠᠯ ᠳᠤ ᠥᠭᠡᠷᠡᠴᠢᠯᠡᠯᠲᠡ ᠶᠢ ᠣᠶᠢᠯᠠᠭᠠᠭᠤᠯᠵᠤ᠂ | ᠥᠭᠡᠷᠡᠴᠢᠯᠡᠯᠲᠡ ᠳᠤ ᠣᠷᠣᠯᠴᠠᠭᠤᠯᠵᠤ᠂ ᠥᠭᠡᠷᠡᠴᠢᠯᠡᠯᠲᠡ ᠶᠢ ᠬᠠᠮᠲᠤ ᠪᠠᠷ ᠠᠬᠢᠭᠤᠯᠵᠤ᠂ ᠥᠭᠡᠷᠡᠴᠢᠯᠡᠯᠲᠡ ᠶᠢᠨ | ᠠᠰᠢᠭ ᠢ ᠭᠦᠶᠴᠡᠳ ᠬᠦᠷᠲᠡᠭᠡᠬᠦ ᠬᠡᠷᠡᠭᠲᠡᠶ ᠭᠡᠵᠦ ᠱᠠᠭᠠᠷᠳᠠᠪᠠ᠃ |