| | ᠨᠢᠭᠡ ᠳᠤ ᠰᠢᠨ ᠱᠠᠩ ᠵᠢᠶᠠ ᠶᠤᠸᠠᠨ ᠵᠡᠷᠭᠡ 8 ᠰᠠᠭᠤᠭᠠᠯᠢ ᠳᠤᠭᠤᠷᠢᠭ᠂ 8570 ᠢᠵᠢ ᠥᠪᠡᠷᠲᠡᠭᠡᠨ | ᠪᠠᠶᠢᠭᠤᠯᠤᠭᠰᠠᠨ ᠲᠥᠪᠬᠢᠨᠡᠭᠦᠯᠬᠦ ᠰᠠᠭᠤᠭᠠᠯᠢ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠪᠥᠬᠦ | ᠬᠦᠴᠦᠨ ᠢᠶᠠᠷ ᠢᠶᠠᠨ ᠠᠬᠢᠭᠤᠯᠵᠤ᠂ ᠣᠲᠣ ᠨᠢᠭᠡᠨᠲᠡ 5 ᠰᠠᠭᠤᠭᠠᠯᠢ ᠲᠣᠭᠤᠷᠢᠭ᠂ 3990 ᠢᠵᠢ ᠶᠢ ᠲᠤᠰᠢᠶᠠᠨ | ᠥᠭᠴᠦ ᠬᠡᠷᠡᠭᠯᠡᠭᠦᠯᠪᠡ᠃ | ᠬᠤᠶᠠᠷ ᠲᠤ 2.04 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 61 ᠰᠠᠭᠤᠭᠠᠯᠢ ᠲᠣᠭᠤᠷᠢᠭ᠂ | 149 ᠰᠠᠭᠤᠷᠢ ᠠᠰᠠᠷ᠂ 53.78 ᠲᠦᠮᠡᠨ ᠲᠡᠭᠰᠢ ᠳᠥᠷᠪᠡᠯᠵᠢᠨ ᠮᠧᠲᠷ ᠤᠨ ᠬᠠᠭᠤᠴᠢᠨ ᠪᠠᠭ᠎ᠠ ᠲᠣᠭᠤᠷᠢᠭ ᠤᠨ | ᠥᠭᠡᠷᠡᠴᠢᠯᠡᠯᠲᠡ ᠶᠢ ᠡᠬᠢᠯᠡᠭᠦᠯᠵᠦ᠂ 5478 ᠡᠷᠤᠭᠡ ᠶᠢᠨ ᠰᠠᠭᠤᠭᠠᠯᠢ ᠠᠷᠠᠳ ᠲᠤ ᠠᠰᠢᠭ ᠬᠦᠷᠲᠡᠭᠡᠪᠡ᠃ | ᠭᠤᠷᠪᠠ ᠳᠤ ᠪᠥᠬᠦ ᠵᠢᠯ ᠳᠤ ᠨᠡᠶᠢᠲᠡ 1100 ᠢᠵᠢ ᠨᠡᠶᠢᠲᠡ ᠶᠢᠨ ᠲᠦᠷᠢᠶᠡᠰᠦᠨ ᠬᠡᠷ ᠪᠠᠶᠢᠰᠢᠩ ᠢ | ᠬᠤᠪᠢᠶᠠᠷᠢᠯᠠᠵᠤ᠂ 98 ᠲᠦᠮᠡᠨ ᠲᠥᠭᠦᠷᠢᠭ ᠤᠨ ᠲᠦᠷᠢᠶᠡᠰᠦᠯᠡᠯ ᠤᠨ ᠨᠥᠬᠦᠪᠥᠷᠢ ᠣᠯᠭᠤᠵᠤ᠂ ᠣᠷᠣᠨ | ᠰᠠᠭᠤᠴᠠ ᠶᠢᠨ ᠬᠦᠴᠢᠷᠳᠡᠯ ᠲᠠᠢ ᠬᠡᠷ ᠪᠦᠯᠢ ᠶᠢᠨ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠤ ᠶᠢ ᠪᠡᠶᠡᠯᠡᠭᠦᠯᠪᠡ᠃ | | ᠲᠦᠷᠪᠡ ᠳᠤ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠬᠦᠷᠢᠶᠡᠨ ᠳᠠᠬᠢ ︽ᠭᠤᠷᠪᠠᠨ ᠬᠦᠴᠢᠷᠳᠡᠯ︾ | ᠤᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠬᠦᠴᠦᠯᠡᠨ ᠰᠢᠢᠳᠪᠦᠷᠢᠯᠡᠵᠤ᠂ ᠵᠠᠰᠠᠭ ᠤᠨ | ᠣᠷᠳᠣᠨ ᠠᠴᠠ ᠪᠡᠯᠡ ᠮᠥᠩᠭᠦ ᠣᠷᠣᠭᠤᠯᠵᠤ ᠪᠡᠯᠡ ᠮᠥᠩᠭᠦ ᠶᠢ ᠣᠷᠣᠯᠠᠨ ᠥᠭᠬᠦ᠂ ᠣᠨᠳᠣᠣ ᠭᠠᠵᠠᠷ ᠲᠤ | ᠲᠥᠪᠬᠢᠨᠡᠭᠦᠯᠬᠦ᠂ ᠲᠤᠰᠬᠠᠶ ᠡᠭᠡᠯᠵᠢ ᠪᠠᠷ ᠣᠷᠣᠵᠤ ᠰᠠᠭᠤᠬᠤ᠂ ᠭᠠᠷ ᠭᠦᠢᠴᠡᠳᠬᠡᠯ ᠬᠢᠬᠦ ᠠᠷᠭ᠎ᠠ ᠵᠠᠮ ᠢ ᠰᠠᠭᠠᠳ | ᠦᠭᠡᠢ ᠨᠡᠪᠲᠡᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠤ ᠠᠬᠤᠶᠢᠯᠠᠯ ᠢ ᠬᠠᠪᠰᠤᠷᠤᠨ ᠲᠠᠲᠠᠪᠤᠷᠢᠯᠠᠨ | ᠨᠤᠷᠠᠭᠠᠬᠤ᠂ ᠪᠦᠳᠦᠭᠡᠨ ᠪᠠᠶᠢᠭᠤᠯᠬᠤ ᠠᠬᠢᠴᠠ ᠶᠢ ᠨᠢ ᠲᠦᠷᠭᠡᠳᠬᠡᠵᠦ᠂ ᠨᠢᠭᠡᠨᠲᠡ ︽ᠪᠤᠴᠠᠭᠠᠨ ᠨᠡᠭᠦᠯᠭᠡᠬᠦ ᠳᠤ | ᠬᠦᠴᠢᠷᠲᠡᠶ︾ 2800 ᠭᠠᠷᠤᠶ ᠡᠷᠦᠭᠡ᠂ ︽ᠤᠷᠤᠵᠤ ᠰᠠᠭᠤᠬᠤ ᠳᠤ ᠬᠦᠴᠢᠷᠳᠡᠢ︾ 8800 ᠭᠠᠷᠤᠶᠡᠷᠦᠭᠡ᠂ | ︽ᠦᠨᠡᠮᠯᠡᠯ ᠠᠪᠬᠤ ᠳᠤ ᠬᠦᠴᠢᠷᠳᠡᠢ︾ 6 ᠲᠦᠮᠡ ᠭᠠᠷᠤᠶ ᠡᠷᠦᠭᠡ ᠶᠢᠨ ᠠᠰᠠᠭᠤᠳᠠᠯ ᠢ ᠲᠣᠬᠢᠲᠠᠶ ᠰᠢᠢᠳᠪᠦᠷᠢᠯᠡᠪᠡ᠃ | | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |