ᠭᠤᠤᠯ ᠰᠡᠳᠦᠪ᠄ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠬᠢᠷᠢ ᠲᠦᠪᠰᠢᠨ ᠢ ᠳᠡᠭᠡᠭᠰᠢᠯᠡᠭᠦᠯᠵᠦ ᠬᠤᠳᠠᠯᠳᠤᠭ᠎ᠠ | ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠨ᠎ᠡ | ᠴᠠᠭ᠄ 2021 ᠣᠨ ᠤ 09 ᠰᠠᠷ᠎ᠠ ᠶᠢᠨ 29 ᠤ ᠡᠳᠦᠷ ᠤᠨ 11 ᠴᠠᠭ | ᠰᠤᠷᠪᠤᠯᠵᠢᠯᠠᠭ᠎ᠠ ᠬᠦᠯᠢᠶᠡᠭᠴᠢ᠄ ᠹᠧᠩᠵᠧᠨ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶᠠᠨ ᠤ | ᠳᠠᠷᠤᠭ᠎ᠠ ᠶᠤᠸᠠᠨ ᠵᠢᠶᠦ᠋ᠨ ᠭᠠᠩ | ᠲᠣᠪᠴᠢ ᠠᠭᠤᠯᠭ᠎ᠠ | ᠣᠶᠢᠷ᠎ᠠ ᠶᠢᠨ ᠵᠢᠯ ᠳᠤ᠂ ᠹᠧᠩᠵᠧᠨ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ | ᠲᠥᠪ ᠤᠨ ᠪᠠ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ︽ᠳᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠤᠨ ᠲᠤᠬᠠᠶ ᠡᠯ᠎ᠡ | ᠵᠦᠢᠯ ᠤᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠳᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠶᠢ ᠵᠠᠰᠠᠭ ᠤᠨ | ᠣᠷᠳᠣᠨ ᠤ ᠡᠭᠦᠷᠭᠡ ᠴᠢᠳᠠᠪᠬᠢ ᠶᠢᠨ ᠬᠤᠪᠢᠷᠠᠭᠤᠯᠤᠯᠲᠠ ᠶᠢ ᠲᠦᠷᠭᠡᠳᠬᠡᠬᠦ᠂ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠶᠢᠨ ᠴᠢᠬᠤᠯᠠ ᠭᠠᠷᠳᠠᠴᠠ ᠪᠣᠯᠭᠠᠵᠤ᠂ ᠣᠯᠠᠨ ᠲᠦᠮᠡᠨ ᠤ ᠲᠤᠰᠬᠠᠯ ᠲᠥᠪᠯᠡᠷᠡᠩᠭᠦᠶ᠂ ᠠᠵᠤ | ᠠᠬᠤᠶᠢᠯᠠᠯ ᠤᠨ ᠲᠤᠰᠬᠠᠯ ᠴᠢᠩᠭ᠎ᠠ᠂ ᠨᠡᠶᠢᠭᠡᠮ ᠤᠨ ᠲᠤᠰᠬᠠᠯ ᠲᠦᠭᠡᠮᠡᠯ ᠪᠠᠶᠢᠭ᠎ᠠ ᠲᠣᠪᠤᠶᠢᠮ᠎ᠠ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂ ᠵᠠᠰᠠᠭ ᠤᠨ | ᠶᠠᠪᠤᠳᠠᠯ ᠤᠨ ᠦᠢᠯᠡᠴᠢᠯᠡᠬᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠤᠳᠠᠯᠳᠤᠭ᠎ᠠ ᠡᠵᠡᠩᠨᠡᠬᠦ | ᠰᠠᠶᠢᠨ ᠰᠠᠶᠢᠬᠠᠨ ᠣᠷᠴᠢᠨ ᠨᠦᠬᠦᠴᠡᠯ ᠢ ᠪᠣᠶ ᠪᠣᠯᠭᠠᠵᠤ᠂ ᠹᠧᠩᠵᠧᠨ ᠬᠤᠲᠠ ᠶᠢᠨ ᠴᠢᠨᠠᠷ ᠰᠠᠶᠢᠲᠠᠶ ᠬᠥᠭᠵᠢᠯᠲᠡ ᠳᠤ | ᠬᠦᠴᠦᠳᠡᠢ ᠬᠥᠳᠡᠯᠭᠡᠬᠦ ᠬᠦᠴᠦᠨ ᠨᠡᠮᠡᠷᠢᠯᠡᠪᠡ᠃ | ᠰᠤᠷᠪᠤᠯᠵᠢᠯᠠᠭ᠎ᠠ ᠶᠢᠨ ᠡᠷᠭᠢᠴᠡᠭᠦᠯᠦᠯ | ᠰᠤᠷᠪᠤᠯᠵᠢᠯᠠᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ᠂ ︽ᠰᠦᠯᠵᠢᠶᠡᠨ ᠳᠡᠭᠡᠷᠡᠬᠢ | ᠰᠤᠷᠪᠤᠯᠵᠢᠯᠠᠭ᠎ᠠ︾ ᠪᠤᠯᠤᠩ ᠳᠤ ᠠᠩᠬᠠᠷᠤᠯ ᠢᠶᠠᠨ ᠬᠠᠨᠳᠤᠭᠤᠯᠬᠤ ᠶᠢ ᠪᠠᠶᠠᠷᠯᠠᠨ ᠤᠭᠲᠤᠵᠤ ᠪᠠᠶᠢᠨ᠎ᠠ᠃ ᠲᠣᠰ | ᠬᠤᠭᠤᠴᠠᠭᠠᠨ ᠤ ᠰᠤᠷᠪᠤᠯᠵᠢᠯᠠᠭ᠎ᠠ ᠳᠤ᠂ ᠪᠢᠳᠡᠨ ᠤ ᠤᠷᠢᠭᠰᠠᠨ ᠵᠣᠴᠢᠨ ᠪᠣᠯ ᠹᠧᠩᠵᠧᠨ ᠬᠤᠲᠠ ᠶᠢᠨ ᠵᠠᠰᠠᠭ ᠤᠨ | ᠶᠠᠪᠤᠳᠠᠯ ᠤᠨ ᠦᠢᠯᠡᠴᠢᠯᠡᠬᠡᠨ ᠤ ᠲᠣᠪᠴᠢᠶᠠᠨ ᠤ ᠳᠠᠷᠤᠭ᠎ᠠ ᠶᠤᠸᠠᠨ ᠵᠢᠶᠦ᠋ᠨ ᠭᠠᠩ ᠪᠣᠯᠤᠨ᠎ᠠ᠃ | ᠰᠤᠷᠪᠤᠯᠵᠢᠯᠠᠭᠴᠢ᠄ ᠶᠤᠸᠠᠨ ᠳᠤᠪᠴᠢᠶᠡᠨ ᠳᠠᠷᠤᠭ᠎ᠠ᠂ ᠲᠠ ᠰᠠᠶᠢᠨ ᠪᠠᠶᠢᠨ᠎ᠠ ᠤᠤ︕ | ᠶᠤᠸᠠᠨ ᠵᠢᠶᠦ᠋ᠨ ᠭᠠᠩ ᠄ ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠪᠠᠶᠢᠨ᠎ᠡ ᠤᠤ︕ | | ᠰᠤᠷᠪᠤᠯᠵᠢᠯᠠᠭᠴᠢ᠄ ︽ᠳᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠪᠣᠯ ᠤᠯᠤᠰ᠂ | ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠪᠣᠯᠤᠨ ᠹᠧᠩᠵᠧᠨ ᠬᠤᠳᠠ ᠶᠢᠨ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠲᠡᠭᠡᠪᠡᠯ᠂ ᠶᠠᠭᠤᠨ ᠤ ᠡᠮᠦᠨ᠎ᠡ ᠹᠧᠩᠵᠧᠨ | ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ ᠶᠢᠨ ᠬᠤᠳᠠᠯᠳᠤᠭ᠎ᠠ ᠡᠵᠡᠩᠨᠡᠬᠦ ᠤᠷᠴᠢᠨ | ᠨᠦᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠢ ᠶᠤᠸᠠᠨ ᠳᠤᠪᠴᠢᠶᠠᠨ ᠳᠠᠷᠤᠭ᠎ᠠ ᠠᠴᠠ | ᠣᠯᠠᠨ ᠳᠤ ᠲᠠᠨᠢᠯᠴᠠᠭᠤᠯᠤᠭᠠᠳ ᠥᠭᠭᠦᠨ᠎ᠡ ᠤᠤ︖ | ᠶᠤᠸᠠᠨ ᠵᠢᠶᠦ᠋ᠨ ᠭᠠᠩ᠄ ᠣᠶᠢᠷ᠎ᠠ ᠶᠢᠨ ᠵᠢᠯ ᠤᠳ ᠲᠤ᠂ ᠹᠧᠩᠵᠧᠨ ᠬᠤᠲᠠ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠲᠣᠪᠴᠢᠶ᠎ᠠ ᠹᠧᠩᠵᠧᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠤᠷᠢᠶᠠᠯᠠᠭ᠎ᠠ ᠶᠢ ᠢᠳᠡᠪᠬᠢᠲᠡᠶ ᠳᠠᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠠᠭᠪᠤᠷ ᠢ ᠲᠠᠰᠤᠷᠠᠯᠲᠠ ᠥᠬᠡᠶ | ᠰᠢᠨ᠎ᠡ ᠪᠠᠷ ᠡᠭᠦᠳᠴᠦ᠂ ᠠᠵᠢᠯ ᠶᠠᠪᠤᠳᠠᠯ ᠬᠦᠢᠴᠡᠳᠭᠡᠬᠦ ᠶᠠᠪᠤᠴᠠ ᠶᠢ ᠤᠯᠠᠮ ᠨᠢᠭᠡ ᠠᠯᠬᠤᠮ ᠳᠥᠭᠦᠮᠴᠢᠯᠡᠨ᠂ ᠠᠵᠢᠯ | ᠶᠠᠪᠤᠳᠠᠯ ᠬᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ | ᠪᠥᠬᠦ ᠬᠦᠴᠦᠨ ᠢᠶᠠᠷ ᠢᠶᠠᠨ ᠰᠢᠯᠢᠳᠡᠭᠵᠢᠭᠦᠯᠪᠡ᠃ | ︵ᠨᠢᠭᠡ︶ ︽ᠭᠤᠷᠪᠠ ᠶᠢ ᠲᠥᠪᠯᠡᠷᠡᠭᠦᠯᠬᠦ᠂ ᠭᠤᠷᠪᠠ ᠶᠢ ᠪᠣᠳᠠᠲᠠᠶᠢᠵᠢᠭᠤᠯᠬᠤ︾ ᠥᠭᠡᠷᠡᠴᠢᠯᠡᠯᠲᠡ ᠶᠢ ᠶᠡᠬᠡᠪᠡᠷ | ᠠᠬᠢᠭᠤᠯᠪᠡ᠃ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠶᠡᠭᠡ ᠲᠢᠩᠬᠢᠮ ᠢ ᠲᠠᠰ ᠳᠡᠪᠰᠢᠭᠦᠯᠦᠨ ᠥᠭᠡᠷᠡᠴᠢᠯᠡᠵᠦ᠂ | ᠥᠭᠡᠷᠡᠴᠢᠯᠡᠭᠰᠡᠨ ᠤ ᠳᠠᠷᠠᠭ᠎ᠠ ᠴᠣᠩᠬᠤᠪᠴᠢ ᠦᠢᠯᠡᠴᠢᠯᠡᠬᠡᠨ ᠤ ᠲᠠᠯᠠᠪᠠᠶ 4240 ᠲᠡᠭᠰᠢ ᠳᠥᠷᠪᠡᠯᠵᠢᠨ ᠮᠧᠲᠷ ᠲᠤ | ᠬᠦᠷᠴᠦ᠂ ᠣᠷᠣᠵᠤ ᠰᠠᠭᠤᠬᠰᠠᠨ ᠴᠣᠩᠬᠤᠪᠴᠢ ᠨᠢᠭᠡᠴᠢ 38 ᠪᠠᠶᠢᠵᠤ᠂ 433 ᠵᠦᠢᠯ ᠤᠨ ᠲᠤᠬᠠᠶᠢᠯᠠᠭᠰᠠᠨ | ᠠᠵᠢᠯ ᠢ ᠬᠦᠢᠴᠡᠳᠬᠡᠵᠤ ᠪᠣᠯᠤᠨ᠎ᠠ᠂ ᠡᠭᠦᠨ ᠳᠤ ᠨᠠᠭᠠᠳᠤ ᠵᠠᠬ᠎ᠠ ᠶᠢᠨ ᠪᠠᠲᠤᠯᠠᠭ᠎ᠠ᠂ ᠨᠡᠶᠢᠭᠡᠮ ᠤᠨ ᠪᠠᠲᠤᠯᠠᠭ᠎ᠠ᠂ | ᠡᠮᠴᠢᠯᠡᠭᠡᠨ ᠤ ᠳᠠᠭᠠᠳᠬᠠᠯ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠪᠠ ᠤᠰᠤ ᠴᠠᠬᠢᠯᠭᠠᠨ ᠬᠡᠶ | ᠳᠤᠯᠠᠭᠠᠯᠠᠭ᠎ᠠ ᠵᠡᠷᠭᠡ ᠥᠨᠳᠥᠷ ᠲᠠᠪᠳᠠᠮᠵᠢᠳᠤ ᠵᠦᠢᠯᠡᠰ ᠢ ᠪᠠᠭᠲᠠᠭᠠᠵᠤ᠂ ︽ᠣᠷᠣᠭᠤᠯᠬᠤ ᠶᠣᠰᠣᠲᠠᠶ ᠶᠢ ᠨᠢ ᠵᠠᠪᠠᠯ | ᠣᠷᠣᠭᠤᠯᠬᠤ︾ ᠬᠠᠷᠠᠯᠲᠠ ᠶᠢ ᠪᠡᠶᠡᠯᠡᠭᠦᠯᠪᠡ᠃ ᠡᠭᠦᠨ ᠤ ᠵᠡᠷᠭᠡ ᠳᠤ᠂ ᠶᠡᠭᠡ ᠲᠢᠩᠬᠢᠮ ᠤᠨ ᠡᠯᠧᠺᠲᠷᠣᠨ ᠵᠠᠰᠠᠭ ᠤᠨ | ᠶᠠᠪᠤᠳᠠᠯ ᠤᠨ ᠭᠠᠳᠠᠷ ᠰᠦᠯᠵᠢᠶ᠎ᠡ ᠶᠢ ᠲᠠᠰ ᠳᠡᠪᠰᠢᠭᠦᠯᠦᠨ ᠥᠭᠡᠷᠡᠴᠢᠯᠡᠵᠦ᠂ ᠰᠦᠯᠵᠢᠶᠡᠨ ᠤ ᠬᠤᠷᠳᠤᠴᠠ ᠶᠢ 100 | ᠮᠧᠭ᠎ᠠ ᠪᠠᠶᠢᠭᠰᠠᠨ ᠠᠴᠠ 500 ᠮᠧᠭ᠎ᠠ ᠪᠣᠯᠭᠠᠨ ᠳᠡᠭᠡᠭᠰᠢᠯᠡᠭᠦᠯᠵᠦ᠂ ᠣᠷᠣᠵᠤ ᠰᠠᠭᠤᠭᠰᠠᠨ ᠨᠢᠭᠡᠴᠢ ᠨᠢᠭᠡᠨᠲᠡ | ᠪᠦᠬᠦᠨ ᠢᠶᠠᠷ ᠢᠶᠠᠨ ᠵᠠᠯᠭᠠᠵᠤ᠂ ᠡᠯ᠎ᠡ ᠴᠣᠩᠬᠤᠨ ᠤ ᠲᠤᠬᠠᠶᠢᠯᠠᠭᠰᠠᠨ ᠠᠵᠢᠯ ᠤᠨ ᠠᠵᠢᠯ ᠤᠨ ᠦᠷ᠎ᠡ ᠪᠦᠲᠦᠮᠵᠢ ᠶᠢ | ᠪᠦᠲᠦᠮᠵᠢᠲᠡᠶ ᠪᠠᠷ ᠳᠡᠭᠡᠭᠰᠢᠯᠡᠭᠦᠯᠪᠡ᠃ | ︵ᠬᠤᠶᠠᠷ︶ ︽ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ︾ ᠵᠠᠭᠪᠤᠷ ᠢ ᠬᠡᠷᠡᠭᠵᠢᠭᠦᠯᠵᠦ᠂ | ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤ ᠶᠢ ᠳᠣᠭᠢᠷᠠᠭᠤᠯᠪᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠶᠡᠭᠡ ᠲᠢᠩᠬᠢᠮ ᠳᠤ ︽ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ︾ ᠵᠠᠭᠪᠤᠷ ᠢ ᠬᠡᠷᠡᠭᠵᠢᠭᠦᠯᠵᠦ᠂ | ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠲᠥᠷᠥᠯ᠂ ᠥᠯᠥ | ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠷᠥᠯ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠲᠥᠷᠥᠯ | ᠵᠡᠷᠭᠡ ᠲᠤᠬᠠᠶᠢᠯᠠᠭᠰᠠᠨ ᠠᠵᠢᠯ ᠢ ᠡᠮᠬᠢᠯᠡᠨ ᠨᠡᠶᠢᠯᠡᠭᠦᠯᠵᠦ᠂ ︽ᠨᠢᠭᠡ ᠴᠣᠩᠬᠤ ᠪᠠᠷ ᠰᠢᠢᠳᠪᠦᠷᠢᠯᠡᠬᠦ︾ | ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠦᠨ᠎ᠡ᠃ ᠡᠭᠦᠨ ᠳᠤ᠂ ᠪᠠᠷᠢᠯᠭ᠎ᠠ ᠶᠢᠨ ᠲᠥᠷᠥᠯ ᠵᠦᠢᠯ ᠤᠨ ᠬᠢᠨᠠᠨ | ᠵᠥᠪᠰᠢᠶᠡᠷᠡᠬᠦ ᠲᠥᠷᠥᠯ ᠤᠨ ᠶᠡᠷᠦᠩᠬᠡᠶᠢᠯᠡᠭᠰᠡᠨ ᠴᠣᠩᠬᠤᠪᠴᠢ ᠶᠢ ᠰᠦᠯᠵᠢᠶᠡᠨ ᠳᠡᠭᠡᠷᠡᠬᠢ ᠬᠢᠨᠠᠨ ᠵᠥᠪᠰᠢᠶᠡᠷᠡᠬᠦ | ᠰᠢᠰᠲ᠋ᠧᠮ ᠳᠤ ᠣᠷᠣᠭᠤᠯᠵᠤ᠂ ᠪᠠᠷᠢᠯᠭ᠎ᠠ ᠪᠠᠷᠢᠬᠤ ᠶᠢ ᠵᠦᠪᠰᠢᠶᠡᠷᠡᠬᠦ᠂ ᠠᠷᠠᠳ ᠤᠨ ᠠᠭᠠᠷ ᠤᠨ ᠰᠡᠷᠭᠡᠶᠢᠯᠡᠯᠲᠡ᠂ | ᠤᠰᠤ ᠬᠡᠷᠡᠭᠯᠡᠬᠦ ᠶᠢ ᠮᠡᠳᠡᠭᠦᠯᠦᠨ ᠤᠭᠰᠠᠷᠠᠬᠤ ᠵᠡᠷᠭᠡ ᠣᠯᠠᠨ ᠬᠤᠪᠢᠶᠠᠷᠢ ᠶᠠᠪᠤᠴᠠ ᠶᠢ ᠨᠡᠶᠢᠯᠡᠭᠦᠯᠦᠨ ᠬᠢᠨᠠᠨ | ᠵᠥᠪᠰᠢᠶᠡᠷᠡᠵᠦ᠂ ᠬᠢᠨᠠᠨ ᠵᠥᠪᠰᠢᠶᠡᠷᠡᠬᠦ ᠲᠥᠷᠥᠯ ᠳᠤ ᠬᠤᠯᠪᠣᠭᠳᠠᠭᠰᠠᠨ 39 ᠵᠦᠢᠯ ᠢ ᠴᠥᠮ ᠰᠦᠯᠵᠢᠶᠡᠨ ᠳᠡᠭᠡᠷ᠎ᠡ | ᠬᠦᠢᠴᠡᠳᠬᠡᠵᠤ ᠪᠣᠯᠤᠨ᠎ᠠ︔ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠷᠥᠯ ᠤᠨ ᠶᠡᠷᠦᠩᠬᠡᠶᠢᠯᠡᠭᠰᠡᠨ | ᠴᠣᠩᠬᠤᠪᠴᠢ ᠨᠢ ᠶᠠᠪᠤᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠭᠠᠶᠢᠯᠢ ᠶᠢᠨ ᠶᠠᠪᠤᠳᠠᠯ ᠤᠨ ᠴᠤᠩᠬᠤᠪᠴᠢ ᠲᠠᠢ | ᠬᠠᠮᠲᠤᠷᠠᠨ ᠬᠦᠢᠴᠡᠳᠭᠡᠵᠤ᠂ ᠠᠵᠢᠯ ᠶᠠᠪᠤᠳᠠᠯ ᠬᠦᠢᠴᠡᠳᠭᠡᠬᠦ ᠣᠯᠠᠨ ᠲᠦᠮᠡᠨ ᠳᠠᠪᠬᠤᠷᠳᠠᠭᠰᠠᠨ ᠮᠠᠲ᠋ᠧᠷᠢᠶᠠᠯ ᠢ | ᠲᠤᠰᠢᠶᠠᠬᠤ ᠬᠡᠷᠡᠭ ᠥᠬᠡᠶ︔ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠴᠣᠩᠬᠤᠪᠴᠢ ᠶᠢᠨ ᠬᠢᠨ ︽ᠵᠠᠰᠠᠭ | ᠪᠠᠩᠬᠢ ᠬᠠᠮᠲᠤᠷᠠᠯᠴᠠᠬᠤ︾ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠡᠵᠡᠩᠨᠡᠯᠲᠡ ᠶᠢᠨ ᠦᠨᠡᠮᠯᠡᠯ ᠤᠨ | ᠳᠡᠩᠰᠡᠯᠡᠯᠲᠡ ᠶᠢᠨ ᠡᠯ᠎ᠡ ᠲᠥᠷᠥᠯ ᠤᠨ ᠲᠤᠬᠠᠶᠢᠯᠠᠭᠰᠠᠨ ᠠᠵᠢᠯ ᠢ ᠪᠠᠩᠬᠢ ᠶᠢᠨ ᠴᠡᠭ ᠲᠤ ᠰᠢᠭᠤᠳ ᠲᠠᠯᠪᠢᠵᠤ᠂ | ᠠᠵᠢᠯ ᠶᠠᠪᠤᠳᠠᠯ ᠬᠦᠢᠴᠡᠳᠬᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠪᠡ᠃ | ︵ᠭᠤᠷᠪᠠ︶ ︽ᠡᠯᠧᠺᠲᠷᠣᠨ ᠵᠠᠭᠤᠴᠢ ᠬᠡᠲᠦ ᠳᠡᠯᠭᠡᠭᠦᠷ︾ ᠪᠠ ᠲᠣᠪᠴᠢᠶᠠᠨ ᠳᠠᠷᠤᠭ᠎ᠠ ᠶᠢᠨ ᠡᠭᠡᠯᠵᠢ ᠳᠤ | ᠰᠠᠭᠤᠬᠤ ᠲᠦᠷᠢᠮ ᠢ ᠬᠡᠷᠡᠭᠵᠢᠭᠦᠯᠪᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠢ | ᠥᠭᠡᠷᠡᠴᠢᠯᠡᠭᠰᠡᠨ ᠤ ᠳᠠᠷᠠᠭ᠎ᠠ ︽ᠡᠯᠧᠺᠲᠷᠣᠨ ᠵᠠᠭᠤᠴᠢ ᠬᠡᠲᠦ ᠳᠡᠯᠭᠡᠭᠦᠷ︾ ᠢ ᠪᠠᠶᠢᠭᠤᠯᠵᠤ᠂ ᠢᠯᠡ ᠳᠣᠳᠣ᠂ ᠡᠷᠬᠡ | ᠲᠡᠭᠰᠢ᠂ ᠲᠥᠪ ᠭᠤᠤᠯᠴᠢ᠂ ᠰᠠᠶᠢᠨ ᠳᠤᠷ᠎ᠠ ᠶᠢᠨ ᠪᠠᠶᠢᠬᠤ ᠵᠠᠷᠴᠢᠮ ᠶᠣᠰᠣᠭᠠᠷ᠂ ᠵᠠᠭᠤᠴᠢ ᠦᠢᠯᠡᠴᠢᠯᠡᠭᠡᠨ ᠤ ᠵᠠᠬ᠎ᠠ | ᠳᠡᠯᠭᠡᠭᠦᠷ ᠢ ᠪᠥᠬᠦ ᠲᠠᠯ᠎ᠠ ᠪᠠᠷ ᠨᠡᠭᠡᠭᠡᠵᠦ᠂ ᠵᠠᠭᠤᠴᠢ ᠪᠠᠶᠢᠭᠤᠯᠤᠮᠵᠢ ᠳᠤ ᠬᠥᠳᠡᠯᠦᠩᠭᠦᠶ ᠬᠠᠮᠢᠶᠠᠷᠤᠯᠲᠠ ᠶᠢ | ᠬᠡᠷᠡᠭᠵᠢᠭᠦᠯᠦᠨ᠂ ᠲᠢᠩᠬᠢᠮ ᠳᠤ ᠢᠷᠡᠵᠦ ᠶᠠᠪᠤᠳᠠᠯ ᠬᠦᠢᠴᠡᠳᠬᠡᠬᠦ ᠠᠵᠤ ᠠᠬᠤᠶᠢᠯᠠᠯ ᠪᠠ ᠣᠯᠠᠨ ᠲᠦᠮᠡᠨ ᠳᠤ ᠲᠠᠮᠠᠭ᠎ᠠ | ᠰᠡᠶᠢᠯᠬᠦ᠂ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ᠂ ᠦᠨᠡᠯᠡᠨ ᠵᠢᠱᠢᠬᠦ ᠵᠡᠷᠭᠡ ᠣᠯᠠᠨ ᠵᠦᠢᠯ ᠤᠨ ᠵᠠᠭᠤᠴᠢ | ᠦᠢᠯᠡᠴᠢᠯᠡᠭᠡ ᠬᠠᠩᠭᠠᠵᠤ᠂ ᠣᠳᠣᠬᠠᠨ ᠳᠤ 72 ᠵᠠᠭᠤᠴᠢ ᠦᠢᠯᠡᠴᠢᠯᠡᠭᠡᠨ ᠤ ᠠᠵᠤ ᠠᠬᠤᠶᠢᠯᠠᠯ ᠪᠠᠶᠢᠨ᠎ᠠ᠃ ᠡᠭᠦᠨ ᠤ | ᠬᠠᠮᠲᠤ᠂ ᠲᠣᠪᠴᠢᠶᠠᠨ ᠳᠠᠷᠤᠭ᠎ᠠ ᠶᠢᠨ ᠡᠭᠡᠯᠵᠢ ᠳᠤ ᠰᠠᠭᠤᠬᠤ ᠴᠣᠩᠬᠤᠪᠴᠢ ᠭᠠᠷᠭᠠᠵᠤ᠂ ᠲᠣᠪᠴᠢᠶᠠᠨ ᠳᠠᠷᠤᠭ᠎ᠠ ᠶᠢᠨ | ᠡᠭᠡᠯᠵᠢ ᠳᠤ ᠰᠠᠭᠤᠬᠤ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠡᠳᠦᠷ ᠪᠦᠷᠢ ᠨᠢᠭᠡ ᠴᠣᠩᠬᠤᠪᠴᠢ ᠨᠢᠭᠡᠴᠢ ᠶᠢᠨ | ᠬᠠᠷᠢᠭᠤᠴᠠᠯᠭᠠᠲᠠᠨ ᠢ ᠳᠣᠭᠢᠷᠠᠭᠤᠯᠤᠨ ᠶᠡᠭᠡ ᠲᠢᠩᠬᠢᠮ ᠳᠤ ᠡᠭᠡᠯᠵᠢ ᠳᠤ ᠰᠠᠭᠤᠯᠭᠠᠵᠤ᠂ ᠨᠢᠭᠡᠳᠦᠭᠡᠷ ᠹᠷᠣᠨᠲ ᠠᠴᠠ | ᠦᠢᠯᠡᠴᠢᠯᠡᠭᠡᠨ ᠤ ᠠᠰᠠᠭᠤᠳᠠᠯ ᠤᠨ ᠵᠠᠩᠭᠢᠯᠠᠭ᠎ᠠ ᠶᠢ ᠣᠨᠣᠪᠴᠢᠲᠠᠶ ᠡᠷᠢᠨ ᠣᠯᠵᠤ᠂ ᠦᠢᠯᠡᠴᠢᠯᠡᠬᠡᠨ ᠤ ᠵᠠᠬ᠎ᠠ | ᠳᠡᠯᠭᠡᠭᠦᠷ ᠤᠨ ᠪᠡᠶᠡᠴᠢ ᠴᠣᠭᠴᠠ ᠳᠤ ᠨᠡᠩ ᠰᠠᠶᠢᠨ ᠦᠢᠯᠡᠴᠢᠯᠡᠵᠤ᠂ ᠠᠷᠠᠳ ᠣᠯᠠᠨ ᠳᠤ ᠬᠦᠴᠢᠷ ᠠᠰᠠᠭᠤᠳᠠᠯ ᠢ | ᠰᠢᠢᠳᠪᠦᠷᠢᠯᠡᠨ ᠥᠭᠴᠦ᠂ ᠪᠣᠳᠠᠲᠠᠶ ᠠᠵᠢᠯ ᠬᠢᠵᠦ ᠥᠭᠪᠡ᠃ | ︵ᠳᠥᠷᠪᠡ︶ 24 ᠴᠠᠭ ᠤᠨ ᠥᠪᠡᠰᠦᠪᠡᠨ ᠦᠢᠯᠡᠴᠢᠯᠡᠬᠦ ᠪᠠ ᠥᠪᠡᠰᠦᠪᠡᠨ ᠪᠠᠶᠢᠴᠠᠭᠠᠨ ᠯᠠᠪᠯᠠᠬᠤ ᠣᠷᠣᠨ | ᠳᠣᠬᠢᠷᠠᠭᠤᠯᠣᠨᠡ᠃ ᠥᠪᠡᠰᠦᠪᠡᠨ ᠦᠢᠯᠡᠴᠢᠯᠡᠬᠦ 24 ᠴᠠᠭ ᠤᠨ ᠣᠷᠣᠨ ᠪᠠᠶᠢᠭᠤᠯᠵᠤ᠂ ᠥᠪᠡᠰᠦᠪᠡᠨ ᠬᠦᠢᠴᠡᠳᠬᠡᠬᠦ | ᠦᠢᠯᠡᠴᠢᠯᠡᠬᠡᠨ ᠤ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠦᠨ᠂ ᠣᠲᠣ ᠶᠢᠨ ᠪᠠᠶᠢᠭ᠎ᠠ 24 ᠴᠠᠭ ᠤᠨ ᠳᠣᠲᠣᠭᠠᠳᠤ ᠶᠢ | ᠬᠠᠮᠠᠭᠠᠯᠠᠬᠤ ᠪᠡᠶ᠎ᠡ ᠶᠢᠨ ᠦᠨᠡᠮᠯᠡᠯ ᠤᠨ ᠥᠪᠡᠰᠦᠪᠡᠨ ᠬᠦᠢᠴᠡᠳᠬᠡᠬᠦ ᠪᠠ ᠨᠡᠶᠢᠭᠡᠮ ᠤᠨ ᠪᠠᠲᠤᠯᠠᠭ᠎ᠠ ᠶᠢᠨ ᠣᠨ ᠤ | ᠪᠠᠶᠢᠴᠠᠭᠠᠯᠲᠠ ᠶᠢᠨ ᠥᠪᠡᠰᠦᠪᠡᠨ ᠦᠢᠯᠡᠴᠢᠯᠡᠬᠦ ᠦᠢᠯᠡᠴᠢᠯᠡᠬᠡᠨ ᠤ ᠰᠠᠭᠤᠷᠢᠨ ᠳᠡᠭᠡᠷ᠎ᠡ᠂ ᠭᠠᠶᠢᠯᠢ ᠶᠢᠨ ᠶᠠᠪᠤᠳᠠᠯ ᠤᠨ | ᠥᠪᠡᠰᠦᠪᠡᠨ ᠬᠦᠢᠴᠡᠳᠬᠡᠬᠦ ᠰᠢᠰᠲ᠋ᠧᠮ ᠢ ᠨᠡᠮᠡᠭᠳᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠢ ᠥᠪᠡᠰᠦᠪᠡᠨ | ᠦᠢᠯᠡᠴᠢᠯᠡᠬᠦ ᠮᠠᠰᠢᠨ ᠢᠶᠠᠷ ᠳᠠᠮᠵᠢᠭᠤᠯᠤᠨ ᠪᠠᠷᠢᠮᠲᠠ ᠭᠤᠶᠤᠴᠢᠯᠠᠨ ᠠᠪᠴᠤ᠂ ᠭᠠᠶᠢᠯᠢ ᠶᠢᠨ ᠶᠠᠪᠤᠳᠠᠯ ᠤᠨ | ᠲᠤᠬᠠᠶᠢᠯᠠᠭᠰᠠᠨ ᠠᠵᠢᠯ ᠢ ᠬᠦᠢᠴᠡᠳᠬᠡᠬᠦᠯᠵᠤ᠂ ︽ᠬᠠᠮᠤᠭ ᠤᠨ ᠠᠷᠪᠢᠨ ᠳᠠᠭᠠᠨ ᠨᠢᠭᠡ ᠯᠡ ᠤᠳᠠᠭ᠎ᠠ ᠭᠦᠶᠦᠯᠭᠡᠬᠦ︾ | ᠶᠢ ᠪᠡᠶᠡᠯᠡᠭᠦᠯᠦᠨ᠎ᠡ᠃ ᠡᠭᠦᠨ ᠤ ᠬᠠᠮᠲᠤ᠂ ᠠᠵᠤ ᠠᠬᠤᠶᠢᠯᠠᠯ ᠤᠨ ᠳᠠᠩᠰᠠᠯᠠᠬᠤ᠂ ᠬᠦᠴᠦᠨ ᠥᠬᠡᠶ ᠪᠣᠯᠭᠠᠬᠤ | ᠥᠪᠡᠰᠦᠪᠡᠨ ᠪᠠᠶᠢᠴᠠᠭᠠᠨ ᠯᠠᠪᠯᠠᠬᠤ ᠣᠷᠣᠨ ᠢ ᠪᠠᠶᠢᠭᠤᠯᠵᠤ᠂ ᠠᠵᠤ ᠠᠬᠤᠶᠢᠯᠠᠯ ᠳᠤ ᠳᠥᠭᠦᠮ ᠳᠥᠲᠡ ᠦᠢᠯᠡᠴᠢᠯᠡᠭᠡ | ᠬᠠᠩᠭᠠᠪᠠ᠃ | ᠰᠤᠷᠪᠤᠯᠵᠢᠯᠠᠭᠴᠢ᠄ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ︽ᠳᠠᠷᠤᠶᠢᠬᠠᠨ ᠬᠦᠢᠴᠡᠳᠭᠡᠬᠦ᠂ | ᠰᠦᠯᠵᠢᠶᠡᠨ ᠳᠡᠭᠡᠷ᠎ᠡ ᠬᠦᠢᠴᠡᠳᠭᠡᠬᠦ᠂ ᠤᠶᠢᠷ᠎ᠡ ᠬᠠᠪᠢ ᠳᠠᠭᠠᠨ ᠬᠦᠢᠴᠡᠳᠭᠡᠬᠦ᠂ ᠨᠢᠬᠡ ᠯᠠ ᠤᠳᠠᠭ᠎ᠠ ᠳᠤ | ᠬᠦᠢᠴᠡᠳᠭᠡᠬᠦ︾ ᠶᠢᠨ ᠥᠭᠡᠷᠡᠴᠢᠯᠡᠯᠲᠡ ᠪᠣᠯ ᠮᠠᠨ ᠤ ᠬᠤᠲᠠ ᠶᠢᠨ ᠭᠤᠣᠯ ᠳᠥᠯᠭᠢᠨ ᠠᠬᠢᠭᠤᠯᠤᠭᠰᠠᠭᠠᠷ ᠢᠷᠡᠭᠰᠡᠨ | ᠨᠢᠭᠡ ᠵᠦᠢᠯ ᠤᠨ ᠭᠤᠣᠯ ᠠᠵᠢᠯ ᠪᠦᠭᠡᠳ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ | ᠦᠷᠭᠦᠯᠵᠢᠯᠡᠨ ᠳᠡᠭᠡᠭᠰᠢᠯᠡᠭᠦᠯᠵᠤ᠂ ᠵᠠᠰᠠᠭ ᠤᠨ ᠶᠠᠪᠤᠳᠠᠯ ᠤᠨ ᠲᠡᠷᠢᠭᠦᠨ ᠤ ᠦᠢᠯᠡᠴᠢᠯᠡᠭᠡᠨ ᠤ ᠲᠠᠪᠴᠠᠩ ᠢ ᠪᠤᠶ | ᠪᠣᠯᠭᠠᠬᠤ ᠴᠢᠬᠤᠯᠠ ᠠᠷᠭ᠎ᠠ ᠬᠡᠮᠵᠢᠶ᠎ᠡ ᠪᠤᠯᠤᠨ᠎ᠠ᠃ ᠲᠡᠭᠡᠪᠡᠯ᠂ ︽ᠳᠠᠷᠤᠶᠢᠬᠠᠨ ᠬᠦᠢᠴᠡᠳᠭᠡᠬᠦ᠂ ᠰᠦᠯᠵᠢᠶᠡᠨ ᠳᠡᠭᠡᠷ᠎ᠡ | ᠬᠦᠢᠴᠡᠳᠭᠡᠬᠦ᠂ ᠤᠶᠢᠷ᠎ᠡ ᠬᠠᠪᠢ ᠳᠠᠭᠠᠨ ᠬᠦᠢᠴᠡᠳᠭᠡᠬᠦ᠂ ᠨᠢᠬᠡ ᠯᠠ ᠤᠳᠠᠭ᠎ᠠ ᠳᠤ ᠬᠦᠢᠴᠡᠳᠭᠡᠬᠦ︾ | ᠥᠭᠡᠷᠡᠴᠢᠯᠡᠯᠲᠡ ᠳᠤ ᠴᠢᠭᠯᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ ᠭᠤᠤᠯᠳᠠᠭᠤ ᠶᠠᠮᠠᠷ | ᠶᠠᠮᠠᠷ ᠠᠵᠢᠯ ᠤᠳ ᠢ ᠥᠷᠨᠢᠭᠦᠯᠦᠭᠰᠡᠨ ᠪᠣᠶ︖ | ᠶᠤᠸᠠᠨ ᠵᠢᠶᠦ᠋ᠨ ᠭᠠᠩ᠄ ᠬᠢᠨᠠᠨ ᠵᠥᠪᠰᠢᠶᠡᠷᠡᠬᠦ ᠦᠢᠯᠡᠴᠢᠯᠡᠬᠡᠨ ᠤ ᠬᠤᠷᠳᠤᠴᠠ ᠶᠢ ᠲᠠᠰᠤᠷᠠᠯᠲᠠ ᠥᠬᠡᠶ | ᠳᠡᠭᠡᠭᠰᠢᠯᠡᠭᠦᠯᠵᠦ᠂ ᠠᠵᠤ ᠠᠬᠤᠶᠢᠯᠠᠯ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠶᠢᠨ | ᠲᠥᠯᠥᠭᠡ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ ᠨᠢ ︽ᠮᠦᠩᠬᠡ ᠰᠤᠪᠠᠭ · ᠨᠢᠭᠡ | ᠰᠦᠯᠵᠢᠶ᠎ᠡ ᠪᠠᠷ ᠬᠦᠢᠴᠡᠳᠬᠡᠬᠦ᠂ ᠠᠯᠠᠭᠠᠨ ᠳᠡᠭᠡᠷ᠎ᠡ ᠪᠠᠨ ᠬᠦᠢᠴᠡᠳᠬᠡᠬᠦ᠂ ᠲᠠᠨ ᠢ ᠬᠠᠪᠰᠤᠷᠤᠨ ᠬᠦᠢᠴᠡᠳᠬᠡᠬᠦ᠂ ᠨᠢᠭᠡ | ᠤᠳᠠᠭ᠎ᠠ ᠳᠤ ᠬᠦᠢᠴᠡᠳᠬᠡᠬᠦ︾ ᠶᠢᠨ ᠥᠭᠡᠷᠡᠴᠢᠯᠡᠯᠲᠡ ᠶᠢᠨ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠩ | ᠣᠯᠠᠨ ᠤᠴᠢᠷ ᠶᠠᠪᠤᠳᠠᠯ ᠢ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠬᠡᠬᠦ︾ ︽ᠨᠢᠭᠡ ᠴᠣᠩᠬᠤᠪᠴᠢ ᠪᠠᠷ | ᠭᠥᠯᠢᠶᠡᠨ ᠠᠪᠴᠤ ᠰᠢᠢᠳᠪᠦᠷᠢᠯᠡᠬᠦ︾ ᠪᠤᠯᠭᠠᠵᠤ᠂ ︽ᠳᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ | ᠰᠢᠨ᠎ᠡ ᠳᠡᠭᠲᠡᠷ ᠲᠤ ᠭᠠᠷᠬᠤ ᠶᠢ ᠳᠠᠰᠤᠷᠠᠯᠳᠡ ᠦᠬᠡᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ | ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠴᠢᠨᠠᠷ ᠰᠠᠶᠢᠲᠠᠶ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ | ᠪᠤᠢ ᠪᠤᠯᠭᠠᠪᠡ᠃ | ︵ᠨᠢᠭᠡ︶ ︽ᠨᠢᠭᠡ ᠰᠦᠯᠵᠢᠶ᠎ᠡ ᠪᠠᠷ ᠬᠦᠢᠴᠡᠳᠭᠡᠬᠦ︾ ᠶᠢᠨ ᠲᠠᠯ᠎ᠠ ᠪᠠᠷ᠂ 6 ᠰᠠᠷ᠎ᠠ ᠳᠤ᠂ ᠰᠦᠯᠵᠢᠶᠡᠨ | ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠴᠢᠳᠠᠪᠤᠷᠢ ᠶᠢ ᠳᠡᠭᠡᠭᠰᠢᠯᠡᠭᠦᠯᠬᠦ ᠲᠤᠬᠠᠶ ᠲᠥᠪᠯᠡᠷᠡᠭᠦᠯᠦᠨ | ᠠᠵᠢᠯᠯᠠᠬᠤ ᠠᠵᠢᠯ ᠢ ᠥᠷᠨᠢᠭᠦᠯᠵᠦ᠂ 47 ᠰᠠᠯᠠᠭ᠎ᠠ ᠮᠥᠴᠢᠷ ᠨᠢᠭᠡᠴᠢ ᠨᠡᠶᠢᠲᠡ 1578 ᠵᠦᠢᠯ ᠤᠨ ᠵᠠᠰᠠᠭ ᠤᠨ | ᠶᠠᠪᠤᠳᠠᠯ ᠤᠨ ᠦᠢᠯᠡᠴᠢᠯᠡᠬᠡᠨ ᠤ ᠵᠦᠢᠯᠡᠰ ᠢ ᠡᠮᠬᠢᠯᠡᠨ ᠳᠢᠭᠯᠡᠵᠦ᠂ ᠡᠭᠦᠨ ᠳᠤ ᠰᠢᠶᠠᠩ ᠪᠠᠯᠭᠠᠰᠤᠨ ᠤ ᠬᠡᠷᠡᠭ ᠡᠷᠬᠢᠯᠡᠬᠦ | ᠭᠠᠵᠠᠷ 120 ᠵᠦᠢᠯ ᠢ ᠡᠮᠬᠢᠯᠡᠨ ᠳᠢᠭᠯᠡᠵᠦ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ 1458 ᠵᠦᠢᠯ ᠢ | ᠡᠮᠬᠢᠯᠡᠨ ᠳᠢᠭᠯᠡᠪᠡ᠃ 7 ᠰᠠᠷ᠎ᠠ ᠶᠢᠨ 2 ᠤᠨ ᠡᠳᠦᠷ᠂ ᠪᠥᠬᠦ ᠬᠤᠲᠠ ᠶᠢᠨ ᠡᠯᠧᠺᠲᠷᠣᠨ ᠭᠡᠷᠡᠴᠢ ᠦᠨᠡᠮᠯᠡᠯ ᠢ | ᠡᠮᠬᠢᠯᠡᠨ ᠳᠢᠭᠯᠡᠬᠦ ᠪᠣᠯᠪᠠᠰᠤᠷᠠᠭᠤᠯᠤᠯ ᠤᠨ ᠬᠤᠷᠠᠯ ᠥᠷᠨᠢᠭᠦᠯᠪᠡ᠃ ᠣᠲᠣ ᠪᠣᠯᠲᠠᠯ᠎ᠠ᠂ 13 ᠰᠠᠯᠠᠭ᠎ᠠ ᠮᠥᠴᠢᠷ | ᠨᠢᠭᠡᠴᠢ ᠨᠢᠭᠡᠨᠲᠡ 26 ᠲᠥᠷᠥᠯ ᠤᠨ ᠡᠯᠧᠺᠲᠷᠣᠨ ᠬᠡᠷᠡᠴᠢ ᠦᠨᠡᠮᠯᠡᠯ ᠢ ᠴᠤᠭᠯᠠᠭᠤᠯᠵᠤ᠂ ᠨᠢᠭᠡᠨᠲᠡ ᠥᠪᠡᠷᠲᠡᠭᠡᠨ | ᠵᠠᠰᠠᠬᠤ ᠣᠷᠣᠨ ᠤ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠠᠪᠴᠠᠩ ᠳᠤ | ᠳᠠᠮᠵᠢᠭᠤᠯᠤᠭᠰᠠᠨ ᠡᠯᠧᠺᠲᠷᠣᠨ ᠬᠡᠷᠡᠴᠢ ᠦᠨᠡᠮᠯᠡᠯ ᠤᠨ ᠲᠤᠭ᠎ᠠ 57198 ᠵᠦᠢᠯ ᠪᠠᠶᠢᠵᠤ᠂ ᠲᠣᠰ ᠠᠵᠢᠯ ᠢ ᠶᠠᠭ | ᠦᠷᠭᠦᠯᠵᠢᠯᠡᠨ ᠠᠬᠢᠭᠤᠯᠵᠤ ᠪᠠᠶᠢᠨ᠎ᠠ᠃ | ︵ᠬᠤᠶᠠᠷ︶ ︽ᠠᠯᠠᠭᠠᠨ ᠳᠡᠭᠡᠷ᠎ᠡ ᠪᠠᠨ ᠬᠦᠢᠴᠡᠳᠬᠡᠬᠦ︾ ᠲᠠᠯ᠎ᠠ ᠪᠠᠷ᠂ ᠹᠧᠩᠵᠧᠨ ᠬᠤᠲᠠ ᠶᠢᠨ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠳᠣᠭᠢᠷᠠᠭᠤᠯᠤᠨ ᠪᠠᠶᠢᠷᠢᠯᠠᠭᠤᠯᠵᠤ᠂ | ᠬᠤᠪᠢᠳᠠᠨ ᠬᠠᠮᠢᠶᠠᠷᠴᠤ ᠪᠥᠬᠦᠶ ᠬᠤᠲᠠ ᠶᠢᠨ ᠳᠡᠳ᠋ ᠳᠠᠷᠤᠭ᠎ᠠ ᠤᠷᠢᠳ ᠬᠤᠵᠢᠳ ᠬᠤᠶᠠᠷ ᠤᠳᠠᠭ᠎ᠠ ᠳᠥᠯᠭᠢᠨ | ᠠᠬᠢᠭᠤᠯᠬᠤ ᠬᠤᠷᠠᠯ ᠬᠤᠷᠠᠯᠳᠤᠭᠤᠯᠵᠤ᠂ 7 ᠳ᠋ᠤᠭᠠᠷ ᠰᠠᠷ᠎ᠠ ᠠᠴᠠ ᠡᠬᠢᠯᠡᠨ ︽ᠮᠦᠩᠬᠡ ᠰᠤᠪᠠᠭ︾ ᠤᠨ | ᠳᠡᠩᠰᠡᠯᠡᠯᠲᠡ ᠳᠤ ᠡᠳᠦᠷ ᠤᠨ ᠲᠣᠬᠢᠷᠠᠭᠤᠯᠤᠯᠲᠠ ᠬᠢᠭᠰᠡᠨ ᠪᠥᠭᠡᠳ ᠡᠯ᠎ᠡ ᠰᠢᠶᠠᠩ ᠪᠠᠯᠭᠠᠰᠤ᠂ ᠬᠡᠷᠡᠭ ᠡᠷᠬᠢᠯᠡᠬᠦ | ᠭᠠᠵᠠᠷ ᠲᠤ ᠪᠥᠬᠦ ᠬᠤᠲᠠ ᠶᠢᠨ ᠨᠡᠷᠡᠰ ᠤᠨ ᠵᠢᠭᠰᠠᠭᠠᠯᠲᠠ ᠶᠢ ᠵᠠᠷᠯᠠᠨ ᠮᠡᠳᠡᠭᠳᠡᠪᠡ᠃ ᠮᠠᠨ ᠤ ᠲᠣᠪᠴᠢᠶ᠎ᠠ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠲᠠᠢ ᠤᠶᠠᠯᠳᠤᠭᠤᠯᠤᠨ᠂ ︽ᠮᠦᠩᠬᠡ ᠰᠤᠪᠠᠭ︾ ᠤᠨ ᠡᠷᠡᠭᠦᠯ ᠮᠡᠨᠳᠦ ᠶᠢᠨ | ᠺᠤᠳ᠋ ᠢ ᠪᠠᠶᠢᠴᠠᠭᠠᠨ ᠦᠵᠡᠬᠦ ᠬᠡᠯᠪᠡᠷᠢ ᠪᠠᠷ ᠳᠠᠮᠵᠢᠭᠤᠯᠤᠨ᠂ ᠲᠢᠩᠬᠢᠮ ᠳᠤ ᠢᠷᠡᠵᠦ ᠠᠵᠢᠯ ᠶᠠᠪᠤᠳᠠᠯ ᠬᠦᠢᠴᠡᠳᠬᠡᠬᠦ | ᠣᠯᠠᠨ ᠲᠦᠮᠡᠨ ᠢ ︽ᠮᠦᠩᠬᠡ ᠰᠤᠪᠠᠭ︾ ᠤᠨ APP ᠶᠢ ᠳᠠᠩᠰᠠᠯᠠᠭᠤᠯᠬᠤ ᠪᠠᠷ ᠱᠠᠭᠠᠷᠳᠠᠵᠤ᠂ ᠡᠳᠦᠷ ᠲᠤ 60 | ᠭᠠᠷᠤᠶ ᠬᠥᠮᠦᠨ ᠳᠠᠩᠰᠠᠯᠠᠭᠤᠯᠵᠠᠢ᠃ | ︵ᠭᠤᠷᠪᠠ︶ ︽ᠲᠠᠨ ᠢ ᠬᠠᠪᠰᠤᠷᠤᠨ ᠭᠦᠢᠴᠡᠳᠬᠡᠬᠦ︾ ᠲᠠᠯ᠎ᠠ ᠪᠠᠷ᠃ ︽ᠮᠦᠩᠬᠡ ᠰᠤᠪᠠᠭ · ᠲᠠᠨ ᠢ | ᠬᠠᠪᠰᠤᠷᠤᠨ ᠬᠦᠢᠴᠡᠳᠬᠡᠬᠦ︾ ᠴᠣᠩᠬᠤᠪᠴᠢ ᠭᠠᠷᠭᠠᠵᠤ᠂ 3 ᠠᠵᠢᠯᠲᠠᠨ ᠳᠣᠭᠢᠷᠠᠭᠤᠯᠤᠨ᠂ 35 ᠵᠦᠢᠯ ᠤᠨ ︽ | ᠲᠠᠨ ᠢ ᠬᠠᠪᠰᠤᠷᠤᠨ ᠬᠦᠢᠴᠡᠳᠬᠡᠬᠦ︾ ᠵᠦᠢᠯᠡᠰ ᠢ ᠡᠮᠬᠢᠯᠡᠨ ᠳᠢᠭᠯᠡᠵᠦ᠂ ᠨᠡᠶᠢᠭᠡᠮ ᠨᠡᠶᠢᠲᠡ ᠳᠤ ᠨᠡᠶᠢᠲᠡᠯᠡᠭᠰᠡᠨ | ᠪᠠᠶᠢᠨ᠎ᠠ᠃ ᠣᠳᠣᠬᠠᠨ ᠳᠤ᠂ ᠣᠷᠣᠯᠠᠨ ᠬᠦᠢᠴᠡᠳᠬᠡᠬᠦ ᠬᠠᠪᠰᠤᠷᠤᠨ ᠬᠦᠢᠴᠡᠳᠬᠡᠬᠦ ᠲᠥᠪ ᠨᠢ 22 | ᠭᠤᠤᠯᠳᠠᠯᠭ᠎ᠠ ᠲᠠᠢ ᠲᠥᠷᠥᠯ ᠵᠦᠢᠯ ᠪᠠ 15 ᠭᠤᠤᠯᠳᠠᠯᠭ᠎ᠠ ᠲᠠᠢ ᠪᠤᠰᠤ ᠲᠥᠷᠥᠯ ᠵᠦᠢᠯ ᠢ ᠵᠣᠯᠭᠠᠭᠤᠯᠵᠤ᠂ ᠨᠢᠭᠡᠨᠲᠡ | 13 ᠠᠵᠤ ᠠᠬᠤᠶᠢᠯᠠᠯ ᠢ ᠬᠠᠪᠰᠤᠷᠤᠨ ᠬᠠᠮᠢᠶ᠎ᠠ ᠪᠥᠬᠦᠶ ᠭᠠᠷᠳᠠᠮ ᠢ ᠬᠦᠢᠴᠡᠳᠬᠡᠭᠰᠡᠨ ᠪᠥᠭᠡᠳ ︽ᠨᠢᠭᠡ ᠠᠵᠤ | ᠠᠬᠤᠶᠢᠯᠠᠯ ᠳᠤ ᠨᠢᠭᠡ ᠲᠠᠩᠰᠠ ᠡᠪᠬᠡᠮᠡᠯ︾ ᠢ ᠪᠠᠶᠢᠭᠤᠯᠤᠭᠰᠠᠨ ᠪᠠᠶᠢᠨ᠎ᠠ᠃ | ︵ᠲᠦᠷᠪᠡ︶ ︽ᠨᠢᠭᠡ ᠤᠳᠠᠭ᠎ᠠ ᠳᠤ ᠬᠦᠢᠴᠡᠳᠬᠡᠬᠦ︾ ᠲᠠᠯ᠎ᠠ ᠪᠠᠷ᠂ ︽ᠮᠦᠩᠬᠡ ᠰᠤᠪᠠᠭ · ᠨᠢᠭᠡ ᠤᠳᠠᠭ᠎ᠠ ᠳᠤ | ᠬᠦᠢᠴᠡᠳᠬᠡᠬᠦ︾ ᠶᠢᠨ ᠴᠣᠩᠬᠤᠪᠴᠢ ᠭᠠᠷᠭᠠᠵᠤ᠂ 3 ᠠᠵᠢᠯᠲᠠᠨ ᠳᠣᠭᠢᠷᠠᠭᠤᠯᠤᠨ᠂ ᠡᠮᠦᠨᠡᠬᠢ ᠬᠤᠭᠤᠴᠠᠭᠠᠨ ᠤ | ᠡᠮᠬᠢᠯᠡᠨ ᠳᠢᠭᠯᠡᠬᠦ ᠪᠠᠷ ᠳᠡᠮᠵᠢᠨ᠂ 115 ᠵᠦᠢᠯ ᠤᠨ ᠬᠦᠢᠴᠡᠳᠬᠡᠬᠦ ᠵᠦᠢᠯᠡᠰ ᠢ ᠳᠤᠭᠳᠠᠭᠠᠵᠤ᠂ ᠭᠠᠷᠴᠠᠭ ᠤᠨ ᠨᠠᠷᠢᠨ | ᠲᠠᠩᠰᠠ᠂ ᠴᠤᠪᠤᠷᠠᠯ ᠵᠢᠷᠤᠭ᠂ ᠬᠡᠷᠡᠭ ᠬᠦᠢᠴᠡᠳᠬᠡᠬᠦ ᠵᠦᠭᠯᠡᠭᠦᠷ᠂ ᠬᠤᠶᠠᠷ ᠬᠡᠮᠵᠢᠯ ᠤᠨ ᠺᠣᠳ᠋ ᠢ ᠨᠢᠭᠡᠨᠲᠡ ᠵᠣᠬᠢᠶᠠᠵᠤ | ᠳᠠᠭᠤᠰᠬᠠᠭᠰᠠᠨ ᠪᠥᠭᠡᠳ ᠶᠡᠭᠡ ᠲᠢᠩᠬᠢᠮ ᠳᠤ ᠨᠡᠶᠢᠳᠡᠯᠡᠵᠤ᠂ ᠸᠢᠴᠠᠲ ᠳᠡᠪᠴᠡᠩ ᠢᠶᠠᠷ ᠳᠠᠮᠵᠢᠭᠤᠯᠤᠨ ᠤᠬᠠᠭᠤᠯᠪᠠ᠃ | ᠣᠳᠣᠬᠠᠨ ᠳᠤ᠂ ᠨᠡᠶᠢᠲᠡ 124 ᠵᠦᠢᠯ ᠢ ᠳᠠᠭᠠᠭᠠᠨ ᠠᠪᠴᠤ ᠰᠢᠢᠳᠪᠦᠷᠢᠯᠡᠵᠡᠢ᠂ ᠡᠭᠦᠨ ᠳᠤ ᠲᠠᠩ ᠢᠶᠠᠷ | ᠬᠦᠢᠴᠡᠳᠬᠡᠭᠰᠡᠨ ᠵᠦᠢᠯᠡᠰ 25 ᠵᠦᠢᠯ᠂ ᠬᠠᠮᠲᠤᠷᠠᠨ ᠬᠦᠢᠴᠡᠳᠬᠡᠭᠰᠡᠨ ᠵᠦᠢᠯᠡᠰ 99 ᠵᠦᠢᠯ ᠪᠣᠶ᠃ ᠡᠭᠦᠨ ᠤ | ᠵᠡᠷᠭᠡ ᠳᠤ᠂ ᠭᠦᠸᠧ ᠳ᠋ᠢᠶᠠᠨ ᠺᠣᠮᠫᠠᠨᠢ ᠲᠠᠢ ᠢᠳᠡᠪᠬᠢᠲᠡᠶ ᠪᠠᠷ ᠨᠡᠪᠲᠡᠷᠡᠯᠴᠡᠵᠦ᠂ ᠥᠨᠳᠥᠷ ᠳᠠᠪᠲᠠᠮᠵᠢ ᠲᠠᠢ ᠵᠦᠢᠯᠡᠰ ᠢ | ︽ᠮᠦᠩᠬᠡ ᠰᠤᠪᠠᠭ︾ ᠲᠠᠢ ᠡᠮᠬᠢᠯᠡᠨ ᠨᠡᠶᠢᠯᠡᠭᠦᠯᠬᠦ ᠶᠢ ᠬᠠᠶᠢᠨ ᠰᠦᠪᠡᠭᠴᠢᠯᠡᠭᠰᠡᠨ ᠪᠠᠶᠢᠨ᠎ᠠ᠃ | ᠰᠤᠷᠪᠤᠯᠵᠢᠯᠠᠭᠴᠢ᠄ ᠵᠠ᠂ ᠶᠤᠸᠠᠨ ᠳᠠᠷᠤᠭ᠎ᠠ ᠶᠢᠨ ᠮᠠᠨ ᠤ ᠰᠤᠷᠪᠤᠯᠵᠢᠯᠠᠭ᠎ᠠ ᠶᠢ ᠬᠦᠯᠢᠶᠡᠭᠰᠡᠨ ᠳᠤ ᠲᠠᠯᠠᠷᠬᠠᠵᠤ | ᠪᠠᠶᠢᠨ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠳᠤᠪᠴᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠦᠷ᠎ᠡ ᠪᠦᠲᠦᠮᠵᠢ ᠪᠠ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠴᠢᠳᠠᠪᠤᠷᠢ ᠯᠠᠪᠲᠠᠶ ᠤᠯᠠᠮ ᠨᠢᠭᠡ ᠠᠯᠬᠤᠮ | ᠳᠡᠭᠡᠭᠰᠢᠯᠡᠵᠦ᠂ ᠹᠧᠩᠵᠧᠨ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠪᠠ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠶᠢ ᠢᠲᠡᠭᠡᠵᠦ ᠪᠠᠶᠢᠨ᠎ᠠ᠃ | ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ︕ |