ᠴᠢ ᠹᠸᠢ ᠶᠦᠨ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ ᠤᠯᠠᠭᠠᠨᠴᠠᠪ — ᠡᠷᠢᠶᠡᠨ ᠬᠤᠲᠠ ᠶᠢᠨ ᠤᠯᠤᠰ ᠤᠨ ᠪᠠᠷᠠᠭ᠎ᠠ ᠭᠦᠢᠯᠭᠡᠭᠡᠨ ᠤ ᠬᠦᠢᠰᠦ ᠶᠢᠨ ᠪᠥᠲᠥᠭᠡᠨ ᠪᠠᠶᠢᠭᠤᠯᠤᠯᠲᠠ ᠶᠢᠨ ᠬᠤᠯᠪᠣᠭᠳᠠᠯ ᠪᠥᠬᠦᠶ ᠠᠵᠢᠯ ᠢ ᠳᠣᠭᠢᠷᠠᠭᠤᠯᠪᠠ
ᠨᠡᠶᠢᠲᠡᠯᠡᠭᠰᠡᠨ ᠴᠠᠭ᠄
2021/11/10
     11 ᠰᠠᠷ᠎ᠠ ᠶᠢᠨ 9 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ ᠠᠵᠢᠯᠯᠠᠭ᠎ᠠ ᠶᠢᠨ ᠲᠥᠰᠦᠯ︾ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠰᠤᠳᠤᠯᠵᠤ᠂ ︽ᠤᠯᠠᠭᠠᠨᠴᠠᠪ — ᠡᠷᠢᠶᠡᠨ ᠬᠤᠲᠠ ᠶᠢᠨ ᠤᠯᠤᠰ ᠤᠨ ᠪᠠᠷᠠᠭ᠎ᠠ ᠭᠦᠢᠯᠭᠡᠭᠡᠨ ᠤ  ᠬᠦᠢᠰᠦ ᠶᠢᠨ ᠪᠥᠲᠥᠭᠡᠨ ᠪᠠᠶᠢᠭᠤᠯᠤᠯᠲᠠ ᠪᠠ ᠪᠣᠭᠤᠮᠲᠠ ᠶᠢᠨ ᠳᠣᠲᠣᠷ᠎ᠠ ᠭᠠᠵᠠᠷ ᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠲᠦᠷᠭᠡᠳᠬᠡᠨ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ︾ ᠤᠨ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ᠳᠣᠭᠢᠷᠠᠭᠤᠯᠤᠨ᠂ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠳᠠ ᠶᠢᠨ ᠤᠳᠤᠷᠢᠳᠤᠯᠭ᠎ᠠ ᠶᠦᠨ ᠫᠧᠩ ᠭᠠᠩ᠂ ᠼᠤᠤ ᡁᠢ ᠬᠤᠷᠠᠯ ᠳᠤ ᠣᠷᠣᠯᠴᠠᠪᠠ᠃      ᠬᠤᠷᠠᠯ ᠠᠴᠠ᠂ ᠮᠠᠨ ᠤ ᠤᠯᠤᠰ ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠲᠡ ᠶᠢ ᠴᠣᠭᠴᠠᠯᠠᠬᠤ ᠪᠣᠯ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠭᠰᠠᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠪᠣᠯᠤᠨ᠎ᠠ᠃ ᠤᠯᠠᠭᠠᠨᠴᠠᠪ ᠪᠣᠯ ᠥᠪᠡᠷᠲᠡᠭᠡᠨ ᠵᠠᠰᠠᠬᠤ ᠣᠷᠣᠨ ᠤ ᠪᠡᠭᠡᠵᠢᠩ ᠲᠢᠶᠠᠨᠵᠢᠨ ᠡᡁᠧᠪᠸᠢ ᠪᠣᠯᠤᠨ ᠤᠷᠤᠰ ᠮᠣᠩᠭᠤᠯ ᠧᠦ᠋ᠷᠣᠫᠠ ᠳᠤ ᠬᠠᠨᠳᠤᠭᠤᠯᠤᠭᠰᠠᠨ ᠡᠮᠦᠨ᠎ᠡ ᠵᠠᠬ᠎ᠠ ᠶᠢᠨ ᠡᠭᠦᠳᠡ ᠪᠣᠯᠤᠨ᠎ᠠ᠂ ᠵᠡᠭᠦᠨᠰᠢ ᠣᠷᠣᠵᠤ ᠪᠠᠷᠠᠭᠤᠨᠰᠢ ᠭᠠᠷᠬᠤ᠂ ᠤᠮᠠᠷᠠᠰᠢ ᠨᠡᠪᠲᠡᠷᠡᠵᠦ ᠡᠮᠦᠨᠡᠰᠢ ᠬᠤᠯᠪᠣᠭᠠᠯᠠᠬᠤ ᠵᠠᠮ ᠬᠠᠷᠢᠯᠴᠠᠭᠠᠨ ᠤ ᠬᠦᠢᠰᠦ ᠪᠣᠯᠤᠨ᠎ᠠ᠂ ᠤᠯᠠᠭᠠᠨᠴᠠᠪ — ᠡᠷᠢᠶᠡᠨ ᠬᠤᠳᠠ ᠶᠢᠨ ᠤᠯᠤᠰ ᠤᠨ ᠪᠠᠷᠠᠭ᠎ᠠ ᠭᠦᠢᠯᠭᠡᠭᠡᠨ ᠤ ᠬᠦᠢᠰᠦ ᠶᠢᠨ ᠪᠦᠳᠦᠭᠡᠨ ᠪᠠᠶᠢᠭᠤᠯᠤᠯᠲᠠ ᠪᠣᠯᠤᠨ ᠪᠣᠭᠤᠮᠲᠠ ᠶᠢᠨ ᠳᠣᠲᠣᠷ᠎ᠠ ᠭᠠᠵᠠᠷ ᠢ ᠨᠢᠭᠡ ᠴᠤᠬᠴᠠᠵᠢᠭᠤᠯᠤᠨ ᠬᠥᠭᠵᠢᠭᠦᠯᠬᠦ ᠶᠢ ᠰᠠᠶᠢᠲᠤᠷ ᠠᠳᠬᠤᠬᠤ ᠨᠢ ᠥᠪᠡᠷᠲᠡᠭᠡᠨ ᠵᠠᠰᠠᠬᠤ ᠣᠷᠣᠨ ᠤ ᠤᠮᠠᠷᠠᠰᠢ ᠨᠡᠬᠡᠬᠡᠯᠳᠡ ᠬᠢᠬᠦ ᠪᠠᠬᠢᠯᠡᠯᠲᠡ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠲᠠᠢ ᠬᠤᠯᠪᠣᠭᠳᠠᠵᠤ᠂ ᠤᠯᠤᠰ ᠤᠨ ᠭᠠᠳᠠᠭᠠᠳᠤ ᠨᠡᠬᠡᠬᠡᠯᠳᠡ ᠶᠢᠨ ᠶᠡᠭᠡ ᠲᠠᠯ᠎ᠠ ᠲᠠᠢ ᠬᠤᠯᠪᠣᠭᠳᠠᠨ᠎ᠠ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠶᠡᠭᠡ ᠲᠠᠯ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠᠨ ᠴᠢᠩᠭᠠᠳᠬᠠᠵᠤ᠂ ᠭᠤᠣᠯ ᠰᠢᠪᠲᠤᠯᠤᠯᠲᠠ ᠶᠢᠨ ᠴᠢᠭᠯᠡᠯ ᠢᠶᠠᠨ ᠣᠨᠣᠪᠴᠢᠲᠠᠢ ᠣᠯᠵᠤ᠂ ᠮᠠᠨ ᠤ ᠤᠯᠤᠰ ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠲᠡ ᠶᠢ ᠪᠦᠳᠦᠬᠡᠨ ᠪᠠᠶᠢᠭᠤᠯᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠢ᠃ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠳᠡᠭᠡᠳᠦ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ ᠴᠢᠩᠭᠠᠳᠬᠠᠵᠤ᠂ ᠬᠤᠯᠪᠣᠭᠳᠠᠯ ᠪᠦᠬᠦᠢ ᠲᠥᠯᠥᠪᠵᠢᠭᠦᠯᠭᠡ ᠪᠠ ᠬᠡᠷᠡᠭᠵᠢᠭᠦᠯᠬᠦ ᠲᠥᠰᠦᠯ ᠢ ᠲᠦᠷᠭᠡᠬᠡᠨ ᠲᠣᠭᠲᠠᠭᠠᠵᠤ ᠲᠡᠭᠦᠯᠳᠡᠷᠵᠢᠭᠦᠯᠬᠦ ᠬᠡᠷᠡᠭᠲᠡᠶ᠃ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠠᠵᠢᠯ ᠤᠨ ᠡᠬᠡ ᠲᠠᠩᠰᠠ ᠲᠠᠢ ᠬᠠᠷᠢᠴᠠᠭᠤᠯᠵᠤ᠂ ᠰᠠᠨᠠᠭᠠᠴᠢᠯᠠᠭ᠎ᠠ ᠠᠴᠠ ᠪᠠᠨ ᠲᠠᠨᠢᠵᠤ᠂ ᠰᠢᠰᠲ᠋ᠧᠮ ᠲᠠᠢ ᠰᠤᠳᠤᠯᠵᠤ᠂ ᠲᠤᠰᠬᠠᠢ ᠠᠩᠭᠢ ᠪᠠᠷ ᠠᠬᠢᠭᠤᠯᠵᠤ᠂ ᠬᠠᠷᠠᠯᠲᠠ ᠶᠢᠨ ᠱᠠᠭᠠᠷᠳᠠᠯᠭ᠎ᠠ ᠪᠠ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ᠂ ᠡᠯ᠎ᠡ ᠵᠦᠢᠯ ᠤᠨ ᠡᠭᠦᠷᠭᠡ ᠶᠢ ᠲᠡᠷᠡ ᠶᠣᠰᠣᠭᠠᠷ ᠨᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠲᠦᠷᠦᠯ ᠵᠦᠢᠯ ᠢ ᠲᠥᠯᠥᠪᠵᠢᠭᠦᠯᠵᠦ ᠨᠥᠭᠡᠴᠡᠯᠡᠬᠦ ᠡᠷᠴᠢᠮ ᠢᠶᠠᠨ ᠴᠢᠩᠭᠠᠷᠠᠭᠤᠯᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ ᠪᠠᠷᠠᠭ᠎ᠠ ᠶᠢ ᠲᠥᠪᠯᠡᠷᠡᠭᠦᠯᠦᠨ ᠲᠠᠷᠬᠠᠭᠠᠬᠤ ᠭᠠᠵᠠᠷ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠪᠠᠷᠠᠭ᠎ᠠ ᠭᠦᠢᠯᠭᠡᠭᠡᠨ ᠤ ᠬᠦᠢᠰᠦ ᠶᠢᠨ ᠦᠢᠯᠡᠳᠦᠯ ᠢ ᠦᠨᠡᠨᠬᠦ ᠭᠦᠢᠴᠡᠳ ᠪᠠᠳᠠᠷᠠᠭᠤᠯᠬᠤ ᠬᠡᠷᠡᠭᠲᠡᠢ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠤᠯᠳᠠᠯᠭ᠎ᠠ ᠪᠣᠯᠭᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠤᠯᠠᠮ ᠨᠢᠭᠡ ᠠᠯᠬᠤᠮ ᠴᠣᠮᠬᠠᠳᠬᠠᠨ᠂ ᠡᠯ᠎ᠡ ᠵᠦᠢᠯ ᠤᠨ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠯᠳᠦᠭᠦᠯᠵᠦ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠨᠠᠩ ᠣᠯᠠᠨ ᠳᠥᠭᠦᠮ ᠳᠥᠲᠡ᠂ ᠣᠯᠠᠨ ᠶᠠᠩᠵᠤᠲᠤ ᠴᠢᠨᠠᠷᠲᠠᠶ ᠨᠠᠷᠢᠯᠢᠭ ᠣᠨᠣᠴᠠᠲᠠᠶ ᠦᠢᠯᠡᠴᠢᠯᠡᠭᠡ ᠬᠠᠩᠭᠠᠵᠤ᠂ ᠨᠡᠭᠡᠭᠡᠯᠲᠡᠲᠦ ᠬᠡᠯᠪᠡᠷᠢ ᠶᠢᠨ ᠠᠵᠤ ᠠᠬᠤᠶ ᠶᠢᠨ ᠬᠥᠭᠵᠢᠯᠲᠡ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠᠨ ᠴᠢᠩᠭᠠᠳᠬᠠᠵᠤ᠂ ᠬᠠᠷᠢᠯᠴᠠᠨ ᠳᠡᠮᠵᠢᠵᠦ᠂ ᠵᠣᠬᠢᠴᠠᠭᠤᠯᠤᠨ ᠬᠠᠮᠲᠤᠷᠠᠯᠴᠠᠵᠤ᠂ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠤᠮᠠᠷᠠᠰᠢ ᠨᠡᠬᠡᠬᠡᠯᠳᠡ ᠬᠢᠬᠦ ᠡᠨᠡᠬᠦ ᠲᠤᠮᠤ ᠶᠠᠪᠤᠳᠠᠯ ᠢ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃                                                            ᠣᠷᠴᠢᠭᠤᠯᠤᠭᠴᠢ᠄ ᠭᠤᠸ᠎ᠠ                                                            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2