ᠤᠯᠠᠭᠠᠨᠴᠠᠪ ᠵᠠᠰᠠᠭ ᠠᠯᠪᠠᠨ ᠥᠰᠥᠭ ﹇2021﹈16 ᠳ᠋ᠤᠭᠠᠷ ᠲᠣᠭᠠᠲᠤ | | | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ | ᠬᠠᠷᠢᠶ᠎ᠠ ᠬᠤᠯᠪᠣᠭᠳᠠᠯ ᠪᠥᠬᠦᠶ ᠨᠢᠭᠡᠴᠢ ᠳᠤ᠄ | ︽2021 ᠣᠨ ᠤ ᠤᠯᠠᠭᠠᠨᠴᠠᠪ ᠬᠤᠲᠠ ᠶᠢᠨ ᠬᠠᠭᠤᠷᠠᠢ ᠪᠠᠷ ᠲᠠᠷᠢᠬᠤ ᠲᠥᠮᠥᠰᠥ ᠶᠢᠨ ᠠᠵᠤ ᠦᠶᠯᠡᠰ ᠤᠨ | ᠬᠥᠭᠵᠢᠯᠲᠡ ᠶᠢᠨ ᠬᠡᠷᠡᠭᠵᠢᠭᠦᠯᠬᠦ ᠲᠥᠰᠦᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠠᠪᠤᠳᠤᠭᠠᠷ | ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | | 2021 ᠣᠨ ᠤ 4 ᠰᠠᠷ᠎ᠠ ᠶᠢᠨ 6 ᠤ ᠡᠳᠦᠷ | | | 2021 ᠣᠨ ᠤ ᠤᠯᠠᠭᠠᠨᠴᠠᠪ ᠬᠤᠲᠠ ᠶᠢᠨ ᠬᠠᠭᠤᠷᠠᠢ ᠪᠠᠷ ᠲᠠᠷᠢᠬᠤ ᠲᠥᠮᠥᠰᠥ ᠶᠢᠨ ᠠᠵᠤ ᠦᠶᠯᠡᠰ ᠤᠨ | ᠬᠥᠭᠵᠢᠯᠲᠡ ᠶᠢᠨ ᠬᠡᠷᠡᠭᠵᠢᠭᠦᠯᠬᠦ ᠲᠥᠰᠦᠯ | | ᠮᠠᠨ ᠤ ᠬᠤᠲᠠ ᠶᠢᠨ ᠬᠠᠭᠤᠷᠠᠶ ᠪᠠᠷ ᠲᠠᠷᠢᠬᠤ ᠲᠥᠮᠥᠰᠥ ᠶᠢᠨ ᠬᠥᠭᠵᠢᠯᠲᠡ ᠶᠢᠨ ᠳᠠᠯᠳᠠ ᠬᠦᠴᠦᠨ ᠢ ᠭᠦᠶᠴᠡᠳ | ᠠᠭᠤᠳᠠᠯᠵᠤ᠂ ᠮᠠᠨ ᠤ ᠬᠤᠲᠠ ᠶᠢᠨ ᠲᠥᠮᠥᠰᠥ ᠶᠢᠨ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠲᠦᠷᠭᠡᠳᠬᠡᠨ ᠠᠬᠢᠭᠤᠯᠬᠤ ᠶᠢᠨ ᠲᠤᠰᠠᠳᠠ᠂ ᠣᠨᠴᠠᠭᠠᠶᠢᠯᠠᠨ ᠲᠣᠰ ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠶᠡᠷᠦᠩᠬᠡᠶ ᠱᠦᠵᠢ ᠰᠢ ᠶᠢᠨ ᠫᠢᠩ ᠤᠨ ᠬᠠᠯᠠᠮᠵᠢᠯᠠᠯ ᠪᠠ ᠶᠡᠷᠦᠩᠬᠡᠶ ᠰᠠᠶᠢᠳ ᠯᠢ ᠺᠧ ᠴᠢᠶᠠᠩ ᠤᠨ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠶᠠᠰᠤ ᠴᠢᠨᠠᠷ ᠲᠠᠢ ᠪᠠᠷ ᠲᠥᠮᠥᠰᠥ ᠶᠢ ᠬᠥᠭᠵᠢᠭᠦᠯᠬᠦ᠂ | ᠪᠣᠬᠢᠷᠲᠤᠯ ᠥᠬᠡᠶ ᠪᠠᠷ ᠲᠥᠮᠥᠰᠥ ᠶᠢ ᠬᠥᠭᠵᠢᠭᠦᠯᠬᠦ᠂ ᠨᠠᠷᠠᠲᠤ ᠲᠡᠮᠳᠡᠭᠲᠦ ᠪᠠᠷ ᠲᠥᠮᠥᠰᠥ ᠶᠢ ᠬᠦᠴᠦᠷᠬᠡᠭᠵᠢᠭᠦᠯᠬᠦ | ᠴᠢᠨᠠᠷ ᠰᠠᠶᠢᠲᠠᠶ ᠬᠥᠭᠵᠢᠯᠲᠡ ᠶᠢᠨ ᠰᠡᠳᠬᠢᠮᠵᠢ ᠶᠣᠰᠣᠭᠠᠷ᠂ ᠮᠠᠨ ᠤ ᠬᠤᠲᠠ ᠶᠢᠨ ᠤᠰᠤᠨ ᠤ ᠡᠬᠢ ᠪᠠᠶᠠᠯᠢᠭ ᠬᠦᠨᠳᠦ | ᠨᠣᠴᠢᠲᠠᠶ ᠳᠤᠲᠠᠭᠳᠠᠵᠤ ᠪᠠᠶᠢᠭ᠎ᠠ ᠣᠳᠣᠬᠢ ᠪᠠᠶᠢᠳᠠᠯ ᠢ ᠦᠨᠳᠦᠰᠦᠯᠡᠨ᠂ ᠬᠠᠭᠤᠷᠠᠶᠢᠯᠠᠭ ᠲᠠᠷᠢᠶᠠᠨ ᠭᠠᠵᠠᠷ ᠤᠨ | ᠪᠣᠬᠢᠷᠲᠤᠯ ᠥᠬᠡᠶ ᠡᠬᠢ ᠪᠠᠶᠠᠯᠢᠭ ᠢ ᠠᠭᠤᠳᠠᠯᠵᠤ᠂ ᠲᠥᠮᠥᠰᠥ ᠶᠢᠨ ᠠᠵᠤ ᠦᠶᠯᠡᠰ ᠤᠨ ᠬᠠᠩᠭᠠᠯᠭ᠎ᠠ ᠶᠢᠨ ᠶᠠᠰᠤ | ᠴᠢᠨᠠᠷ ᠪᠠ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠬᠦ ᠪᠠᠷ ᠭᠤᠤᠯ ᠪᠣᠯᠭᠠᠨ᠂ ᠣᠷᠭᠠᠨᠢᠭ ᠬᠠᠭᠤᠷᠠᠢ | ᠲᠠᠷᠢᠮᠠᠯ ᠢ ᠬᠥᠭᠵᠢᠭᠦᠯᠬᠦ ᠪᠠᠷ ᠰᠢᠨ᠎ᠡ ᠨᠡᠮᠡᠭᠳᠡᠯ ᠤᠨ ᠴᠡᠭ ᠪᠣᠯᠭᠠᠵᠤ᠂ ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠦᠨ | ᠂ ᠰᠢᠯᠢᠳᠡᠭ ᠡᠭᠦᠯᠳᠡᠷ ᠢ ᠰᠣᠩᠭᠤᠨ ᠪᠤᠶᠢᠵᠢᠭᠤᠯᠵᠤ᠂ ᠪᠠᠷᠢᠮᠵᠢᠶᠠᠵᠢᠭᠤᠯᠤᠭᠰᠠᠨ ᠰᠠᠭᠤᠷᠢᠨ ᠭᠠᠵᠠᠷ ᠢ ᠴᠣᠭᠴᠠᠯᠠᠨ᠂ | ᠣᠷᠭᠠᠨᠢᠭ ᠨᠠᠷᠠᠲᠤ ᠲᠡᠮᠳᠡᠭᠲᠦ ᠶᠢ ᠡᠭᠦᠳᠦᠨ ᠪᠠᠶᠢᠭᠤᠯᠵᠤ᠂ ᠭᠠᠩ ᠬᠠᠭᠰᠠᠷᠠᠭᠠᠨ ᠲᠠᠢ ᠲᠡᠮᠡᠴᠡᠵᠦ ᠤᠰᠤ ᠠᠷᠪᠢᠯᠠᠬᠤ | ᠮᠡᠷᠭᠡᠵᠢᠯ ᠢ ᠳᠡᠯᠭᠡᠷᠡᠭᠦᠯᠦᠨ᠎ᠡ᠃ ᠨᠢᠭᠡ ᠪᠦᠯᠦᠭ ᠬᠠᠭᠤᠷᠠᠢ ᠪᠠᠷ ᠲᠠᠷᠢᠬᠤ ᠲᠥᠮᠥᠰᠥ ᠶᠢᠨ ᠵᠢᠱᠢᠶ᠎ᠡ ᠦᠵᠡᠭᠦᠯᠬᠦ ᠪᠠ | ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠮᠠᠨ ᠤ ᠬᠤᠲᠠ ᠶᠢᠨ ᠬᠠᠭᠤᠷᠠᠢ ᠪᠠᠷ ᠲᠠᠷᠢᠬᠤ | ᠲᠥᠮᠥᠰᠥ ᠶᠢ ᠪᠦᠬᠦ ᠣᠷᠣᠨ᠂ ᠪᠦᠬᠦ ᠤᠯᠤᠰ ᠤᠨ ᠣᠳᠣ ᠦᠶ᠎ᠡ ᠶᠢᠨ ᠲᠥᠮᠥᠰᠥ ᠶᠢᠨ ᠬᠠᠭᠤᠷᠠᠢ ᠪᠠᠷ ᠲᠠᠷᠢᠬᠤ | ᠣᠷᠭᠠᠨᠢᠭ ᠴᠢᠬᠤᠯᠠ ᠨᠡᠷᠡᠲᠦ ᠲᠡᠮᠳᠡᠭᠲᠦ ᠪᠠ ᠬᠥᠭᠵᠢᠯᠲᠡ ᠶᠢᠨ ᠨᠡᠶᠢᠲᠡᠯᠢᠭ ᠵᠢᠱᠢᠶ᠎ᠡ ᠪᠣᠯᠭᠠᠨ ᠪᠦᠲᠦᠭᠡᠨ | ᠪᠠᠶᠢᠭᠤᠯᠤᠨ᠎ᠠ᠃ | ᠬᠤᠶᠠᠷ᠂ ᠬᠥᠭᠵᠢᠭᠦᠯᠬᠦ ᠬᠠᠷᠠᠯᠲᠠ | — ᠬᠠᠭᠤᠷᠠᠶ ᠪᠠᠷ ᠲᠠᠷᠢᠬᠤ ᠲᠥᠮᠥᠰᠥ ᠲᠠᠷᠢᠬᠤ ᠲᠠᠯᠠᠪᠠᠶ ᠶᠢ 200 ᠲᠦᠮᠡᠨ ᠮᠦ ᠳᠤ ᠬᠦᠷᠦᠭᠦᠯᠵᠦ᠂ ᠲᠠᠯᠠᠪᠠᠶ | ᠨᠢᠭᠡᠴᠢ ᠶᠢᠨ ᠤᠨᠠᠯᠲᠠ ᠶᠢ ᠮᠦ ᠪᠦᠷᠢ ᠳᠤ 800 ᠺᠢᠯᠣᠭ᠍ᠷᠠᠮ ᠳᠤ ᠬᠦᠷᠦᠭᠦᠯᠦᠨ᠎ᠡ︔ | — ᠣᠷᠭᠠᠨᠢᠭ ᠬᠠᠭᠤᠷᠠᠶᠢᠯᠠᠭ ᠲᠠᠷᠢᠶᠠᠯᠠᠩ ᠤᠨ ︵ᠲᠥᠮᠥᠰᠥ︶ ᠭᠡᠷᠡᠴᠢᠯᠡᠭᠡ ᠬᠢᠭᠰᠡᠨ ᠲᠠᠯᠠᠪᠠᠶ ᠶᠢ 35 ᠲᠦᠮᠡᠨ | ᠮᠥ ᠳᠤ ᠬᠦᠷᠦᠭᠦᠯᠦᠨ᠎ᠡ︔ | — ᠬᠠᠭᠤᠷᠠᠶ ᠪᠠᠷ ᠳᠠᠷᠢᠬᠤ ᠲᠥᠮᠥᠰᠥ ᠶᠢᠨ ᠬᠤᠤᠷ ᠥᠬᠡᠶᠢᠳᠡᠭᠦᠯᠦᠭᠰᠡᠨ ᠦᠷ᠎ᠡ ᠶᠢᠨ ᠲᠥᠮᠥᠰᠥ ᠶᠢᠨ | ᠪᠦᠷᠬᠦᠴᠡ ᠶᠢᠨ ᠨᠣᠷᠮ᠎ᠠ ᠶᠢ 90 % ᠠᠴᠠ ᠳᠡᠭᠡᠭᠰᠢ ᠳᠤ ᠬᠦᠷᠦᠭᠦᠯᠦᠨ᠎ᠡ︔ | — ᠬᠠᠭᠤᠷᠠᠶ ᠪᠠᠷ ᠳᠠᠷᠢᠬᠤ ᠲᠥᠮᠥᠰᠥ ᠶᠢᠨ ᠵᠠᠬᠢᠶᠠᠯᠠᠭ᠎ᠠ ᠶᠢᠨ ᠲᠠᠯᠠᠪᠠᠶ ᠶᠢ 30 % ᠠᠴᠠ ᠳᠡᠭᠡᠭᠰᠢ ᠳᠤ | ᠬᠦᠷᠦᠭᠦᠯᠬᠦ ᠪᠠᠷ ᠴᠢᠷᠮᠠᠶᠢᠨ᠎ᠠ᠃ | ᠭᠤᠷᠪᠠ᠂ ᠣᠷᠣᠨ ᠪᠦᠰᠡ ᠶᠢᠨ ᠪᠠᠶᠢᠷᠢᠯᠠᠭᠤᠯᠤᠯᠲᠠ | ᠪᠦᠬᠦ ᠬᠤᠲᠠ ᠶᠢᠨ ᠬᠡᠪᠴᠢᠶᠡᠨ ᠳᠤ ᠲᠥᠮᠥᠰᠥ ᠶᠢᠨ ᠬᠦᠲᠦᠴᠢ ᠠᠵᠤ ᠠᠬᠤᠶᠢᠯᠠᠯ ᠢᠶᠠᠷ ᠲᠦᠰᠢᠭ ᠪᠣᠯᠭᠠᠵᠤ᠂ | ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠂ ᠭᠤᠷᠪᠠᠨ ᠬᠠᠭᠤᠷᠠᠢ ᠪᠠᠷ ᠲᠠᠷᠢᠬᠤ ᠲᠥᠮᠥᠰᠥ ᠶᠢᠨ ᠴᠢᠳᠠᠮᠵᠢᠲᠤ | ᠣᠷᠣᠨ ᠢ ᠪᠠᠶᠢᠭᠤᠯᠵᠤ᠂ ᠵᠠᠬᠢᠶᠠᠯᠠᠭ᠎ᠠ ᠵᠡᠷᠭᠡ ᠠᠷᠭ᠎ᠠ ᠬᠡᠯᠪᠡᠷᠢ ᠪᠠᠷ ᠳᠠᠮᠵᠢᠨ᠂ ᠡᠭᠦᠯᠳᠡᠷ᠂ ᠮᠡᠷᠭᠡᠵᠢᠯ ᠪᠠ | ᠪᠣᠷᠣᠯᠠᠭᠤᠯᠭ᠎ᠠ ᠵᠡᠷᠭᠡ ᠳᠤᠲᠠᠭᠤᠳᠠᠯ ᠢ ᠰᠢᠢᠳᠪᠦᠷᠢᠯᠡᠵᠦ᠂ ᠬᠠᠭᠤᠷᠠᠢ ᠪᠠᠷ ᠲᠠᠷᠢᠬᠤ ᠲᠥᠮᠥᠰᠥ ᠶᠢᠨ ᠠᠵᠤ | ᠦᠢᠯᠡᠰ ᠤᠨ ᠡᠷᠡᠭᠦᠯ ᠢᠶᠠᠷ ᠬᠥᠭᠵᠢᠬᠦ ᠶᠢ ᠪᠦᠲᠦᠮᠵᠢᠲᠡᠢ ᠠᠬᠢᠭᠤᠯᠤᠨ᠎ᠠ᠃ | ᠨᠢᠭᠡ ᠳᠤ ᠬᠠᠭᠤᠷᠠᠶ ᠪᠠᠷ ᠳᠠᠷᠢᠬᠤ ᠣᠷᠭᠠᠨᠢᠭ ᠲᠠᠷᠢᠶᠠᠯᠠᠩ ︵ᠲᠥᠮᠥᠰᠥ︶ ᠤᠨ ᠲᠠᠷᠢᠮᠠᠯ ᠤᠨ ᠣᠷᠣᠨ᠃ | ᠬᠥᠲᠥᠴᠢ ᠠᠵᠤ ᠠᠬᠤᠶᠢᠯᠠᠯ᠂ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ ᠵᠡᠷᠭᠡ ᠰᠢᠨ᠎ᠡ ᠬᠡᠯᠪᠡᠷᠢ ᠶᠢᠨ | ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠳᠤ ᠲᠦᠰᠢᠭᠯᠡᠨ᠂ ᠬᠡᠪᠴᠢᠶᠡᠵᠢᠭᠦᠯᠦᠨ ᠳᠠᠷᠢᠬᠤ ᠶᠢ | ᠬᠥᠭᠵᠢᠭᠦᠯᠵᠦ᠂ ᠨᠢᠭᠡ ᠪᠦᠯᠦᠭ ᠣᠷᠭᠠᠨᠢᠭ ᠬᠠᠭᠤᠷᠠᠶᠢᠯᠠᠭ ᠲᠠᠷᠢᠶᠠᠯᠠᠩ ᠤᠨ ᠲᠠᠷᠢᠮᠠᠯ ᠤᠨ ᠣᠷᠣᠨ ᠢ ᠪᠣᠶ ᠪᠣᠯᠭᠠᠨ᠎ᠠ᠃ | ᠭᠤᠣᠯᠳᠠᠭᠤ ᠱᠠᠩᠳᠤ ᠰᠢᠶᠠᠨ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠳᠥᠷᠪᠡᠳ ᠬᠤᠰᠢᠭᠤ᠂ | ᠬᠤᠸᠠᠳᠧ ᠰᠢᠶᠠᠨ᠂ ᠰᠢᠩ ᠾᠧ ᠰᠢᠶᠠᠨ ᠳᠤ ᠰᠢᠨ᠎ᠡ ᠰᠣᠷᠭᠤᠭ ᠲᠥᠮᠥᠰᠥ ᠦᠶᠯᠡᠳᠪᠦᠷᠢᠯᠡᠬᠦ ᠪᠠᠷ ᠭᠤᠤᠯ | ᠪᠣᠯᠭᠠᠭᠰᠠᠨ ᠣᠷᠭᠠᠨᠢᠭ ᠬᠠᠭᠤᠷᠠᠶᠢᠯᠠᠭ ᠰᠢᠨ᠎ᠡ ᠰᠣᠷᠭᠤᠭ ᠲᠥᠮᠥᠰᠥ ᠶᠢᠨ ᠴᠢᠳᠠᠮᠵᠢᠲᠤ ᠣᠷᠣᠨ ᠢ 35 ᠲᠦᠮᠡᠨ ᠮᠥ | ᠪᠥᠲᠥᠭᠡᠨ ᠪᠠᠶᠢᠭᠤᠯᠵᠤ᠂ ᠭᠤᠤᠯᠳᠠᠭᠤ ᠵᠠᠬ᠎ᠠ ᠳᠡᠯᠭᠡᠭᠦᠷ ᠲᠤ ᠲᠠᠭᠠᠯᠠᠭᠳᠠᠬᠤ ᠠᠮᠲᠠ ᠪᠠᠷ ᠰᠠᠶᠢᠨ᠂ ᠭᠠᠩ ᠢ | ᠡᠰᠡᠷᠭᠦᠴᠡᠬᠦ ᠴᠢᠨᠠᠷ ᠢᠶᠠᠷ ᠴᠢᠩᠭ᠎ᠠ ᠡᠭᠦᠯᠳᠡᠷ ᠢ ᠳᠠᠷᠢᠨ᠎ᠠ᠃ | ᠬᠤᠶᠠᠷ ᠲᠤ ᠬᠠᠭᠤᠷᠠᠶᠢᠯᠠᠭ ᠡᠳ᠋ᠰᠢᠭᠦᠯᠦᠯ ᠳᠤ ᠲᠤᠰᠬᠠᠶ ᠬᠡᠷᠡᠭᠯᠡᠬᠦ ᠲᠥᠮᠥᠰᠥ ᠶᠢᠨ ᠲᠠᠷᠢᠮᠠᠯ ᠤᠨ ᠣᠷᠣᠨ᠃ | ᠲᠥᠮᠥᠰᠥ ᠡᠳ᠋ᠰᠢᠭᠦᠯᠬᠦ ᠠᠵᠤ ᠠᠬᠤᠶᠢᠯᠠᠯ ᠳᠤ ᠭᠤᠤᠯᠳᠠᠯᠭ᠎ᠠ ᠲᠠᠢ ᠲᠦᠰᠢᠭᠯᠡᠵᠦ᠂ ᠱᠠᠩᠳᠤ ᠰᠢᠶᠠᠨ᠂ ᠬᠤᠸᠠᠳᠧ | ᠰᠢᠶᠠᠨ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠳᠥᠷᠪᠡᠳ ᠬᠤᠰᠢᠭᠤᠨ ᠳᠤ ᠭᠠᠩ ᠢ ᠡᠰᠡᠷᠭᠦᠴᠡᠬᠦ | ᠴᠢᠨᠠᠷ ᠢᠶᠠᠷ ᠴᠢᠩᠭ᠎ᠠ᠂ ᠴᠠᠷᠳᠠᠭᠤᠯ ᠤᠨ ᠠᠭᠤᠯᠤᠭᠳᠠᠴᠠ ᠪᠠᠷ ᠥᠨᠳᠥᠷ ᠲᠥᠷᠥᠯ ᠵᠦᠶᠯ ᠢᠶᠠᠷ ᠭᠤᠤᠯ ᠪᠣᠯᠭᠠᠭᠰᠠᠨ | ᠴᠠᠷᠳᠠᠭᠤᠯ ᠡᠳ᠋ᠰᠢᠭᠦᠯᠬᠦ ᠴᠢᠳᠠᠮᠵᠢᠲᠦ ᠣᠷᠣᠨ ᠢ 65 ᠲᠦᠮᠡᠨ ᠮᠥ ᠪᠥᠲᠥᠭᠡᠨ ᠪᠠᠶᠢᠭᠤᠯᠤᠨ᠎ᠠ᠃ | ᠭᠤᠷᠪᠠ ᠳᠤ ᠬᠠᠭᠤᠷᠠᠶᠢᠯᠠᠭ ᠰᠢᠨ᠎ᠡ ᠰᠣᠷᠭᠤᠭ ᠲᠥᠮᠥᠰᠥ ᠶᠢᠨ ᠲᠠᠷᠢᠮᠠᠯ ᠤᠨ ᠣᠷᠣᠨ᠃ ᠤᠯᠠᠭᠠᠨᠴᠠᠪ ᠤᠨ | ᠲᠥᠮᠥᠰᠥᠨ ᠤ ᠡᠯᠧᠺᠲᠷᠣᠨ ᠠᠷᠠᠯᠵᠢᠶᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ ᠲᠥᠮᠥᠰᠥᠨ ᠤ ᠠᠷᠠᠯᠵᠢᠶᠠᠨ ᠤ ᠲᠥᠪ ᠢᠶᠠᠷ ᠲᠦᠰᠢᠭ ᠪᠣᠯᠭᠠᠵᠤ᠂ ᠴᠠᠬᠠᠷ ᠪᠠᠷᠠᠭᠤᠨ | ᠭᠠᠷᠤᠨ ᠬᠤᠶᠢᠲᠤ ᠬᠤᠰᠢᠭᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠳᠥᠷᠪᠡᠳ ᠬᠤᠰᠢᠭᠤ᠂ ᠱᠠᠩᠳᠤ | ᠰᠢᠶᠠᠨ᠂ ᠰᠢᠩ ᠾᠧ ᠰᠢᠶᠠᠨ ᠳᠤ ᠰᠢᠨ᠎ᠡ ᠰᠣᠷᠭᠤᠭ ᠲᠥᠮᠥᠰᠥ ᠪᠠᠷ ᠭᠤᠤᠯ ᠪᠣᠯᠭᠠᠭᠰᠠᠨ ᠴᠢᠳᠠᠮᠵᠢᠲᠤ ᠣᠷᠣᠨ ᠢ | 100 ᠲᠦᠮᠡᠨ ᠮᠥ ᠪᠠᠶᠢᠭᠤᠯᠵᠤ᠂ ᠭᠤᠤᠯᠳᠠᠭᠤ ᠠᠮᠲᠠ ᠰᠠᠶᠢᠲᠠᠶ᠂ ᠲᠥᠮᠥᠰᠥᠨ ᠤ ᠬᠡᠯᠪᠡᠷᠢ ᠰᠠᠶᠢᠨ᠂ ᠵᠠᠬ᠎ᠠ | ᠳᠡᠯᠭᠡᠭᠦᠷ ᠲᠤ ᠲᠠᠭᠠᠰᠢᠶᠠᠭᠳᠠᠭᠰᠠᠨ ᠬᠤᠶᠢᠲᠤ ᠬᠤᠰᠢᠭᠤᠨ ᠤ ᠤᠯᠠᠭᠠᠨ᠂ ᠰᠢᠵᠢᠷ ᠠᠯᠲᠠᠨ ᠲᠥᠮᠥᠰᠥ ᠵᠡᠷᠭᠡ | ᠤᠯᠠᠭᠠᠨ ᠬᠠᠯᠢᠰᠤ᠂ ᠰᠢᠷ᠎ᠠ ᠬᠠᠯᠢᠰᠤ ᠰᠢᠷ᠎ᠠ ᠮᠢᠬᠠᠨ ᠤ ᠲᠥᠷᠥᠯ ᠵᠦᠶᠯ ᠢᠶᠠᠷ ᠭᠤᠤᠯ ᠪᠣᠯᠭᠠᠨ᠎ᠠ᠃ | ᠳᠥᠷᠪᠡ᠂ ᠠᠬᠢᠭᠤᠯᠬᠤ ᠠᠷᠭ᠎ᠠ ᠬᠡᠮᠵᠢᠶ᠎ᠡ | ︵ᠨᠢᠭᠡ︶ ᠨᠡᠶᠢᠲᠡᠯᠢᠭ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠵᠤ᠂ ᠬᠡᠪᠴᠢᠶᠡᠲᠦ ᠡᠵᠡᠩᠨᠡᠯᠲᠡ ᠶᠢ | ᠬᠥᠭᠵᠢᠭᠦᠯᠦᠨ᠎ᠡ᠃ ᠨᠢᠭᠡ ᠳᠤ ᠵᠢᠱᠢᠶ᠎ᠡ ᠦᠵᠡᠭᠦᠯᠦᠨ ᠳᠡᠯᠭᠡᠷᠡᠭᠦᠯᠦᠨ᠎ᠡ᠃ ᠪᠥᠬᠦ ᠬᠤᠲᠠ ᠶᠢᠨ ᠬᠡᠪᠴᠢᠶᠡᠨ ᠳᠤ᠂ | ᠭᠤᠣᠯᠳᠠᠭᠤ ᠬᠡᠪᠴᠢᠶ᠎ᠡ ᠲᠠᠢ᠂ ᠲᠤᠷᠰᠢᠯᠭ᠎ᠠ ᠲᠠᠢ ᠠᠵᠤ ᠠᠬᠤᠶᠢᠯᠠᠯ ᠪᠠ ᠬᠤᠷᠰᠢᠶᠠᠵᠢᠯ ᠳᠤ ᠲᠦᠰᠢᠭᠯᠡᠵᠦ᠂ 300 | ᠮᠥ ᠠᠴᠠ ᠳᠡᠭᠡᠭᠰᠢᠬᠢ ᠬᠠᠭᠤᠷᠠᠶ ᠪᠠᠷ ᠲᠠᠷᠢᠬᠤ ᠲᠥᠮᠥᠰᠥ ᠶᠢᠨ10 ᠭᠤᠤᠯᠯᠠᠬᠤ ᠵᠢᠱᠢᠶ᠎ᠡ ᠦᠵᠡᠭᠦᠯᠬᠦ ᠣᠷᠣᠨ ︵ | ᠵᠢᠨᠢᠩ ᠲᠣᠭᠤᠷᠢᠭ ᠠᠴᠠ ᠪᠤᠰᠤᠳ ᠡᠯ᠎ᠡ ᠬᠤᠰᠢᠭᠤ ᠰᠢᠶᠠᠨ ᠳᠤ ᠨᠢᠭᠡ ᠭᠤᠤᠯᠯᠠᠬᠤ ᠵᠢᠱᠢᠶ᠎ᠡ ᠦᠵᠡᠭᠦᠯᠬᠦ ᠣᠷᠣᠨ︶ ᠢ | ᠲᠥᠪᠯᠡᠷᠡᠭᠦᠯᠦᠨ ᠪᠠᠶᠢᠭᠤᠯᠵᠤ᠂ ᠵᠢᠱᠢᠶ᠎ᠡ ᠦᠵᠡᠭᠦᠯᠬᠦ ᠪᠠᠷ ᠳᠠᠮᠵᠢᠭᠤᠯᠤᠨ ᠶᠡᠷᠦᠩᠬᠡᠶᠢᠯᠡᠭᠰᠡᠨ ᠦᠷ᠎ᠡ ᠠᠰᠢᠭ ᠢᠶᠠᠷ | ᠢᠯᠡᠷᠬᠡᠢ᠂ ᠦᠷᠭᠦᠯᠵᠢᠯᠡᠨ ᠬᠦᠭᠵᠢᠬᠦ ᠴᠢᠳᠠᠪᠤᠷᠢ ᠪᠠᠷ ᠴᠢᠩᠭ᠎ᠠ ᠲᠠᠷᠢᠶᠠᠯᠠᠩ ᠤᠨ ᠡᠵᠡᠩᠨᠡᠯᠲᠡ ᠶᠢᠨ ᠪᠠᠶᠢᠭᠤᠯᠤᠯ | ᠲᠣᠭᠲᠠᠴᠠ ᠶᠢᠨ ᠰᠢᠨ᠎ᠡ ᠶᠢ ᠡᠭᠦᠳᠬᠦ ᠲᠤᠷᠰᠢᠯᠲᠠ ᠶᠢᠨ ᠣᠷᠣᠨ᠂ ᠲᠠᠷᠢᠶᠠᠯᠠᠩ ᠤᠨ ᠭᠤᠤᠯᠯᠠᠬᠤ ᠠᠵᠤ ᠦᠶᠯᠡᠰ ᠤᠨ | ᠪᠥᠭᠡᠮᠨᠡᠷᠡᠯ ᠤᠨ ᠣᠷᠣᠨ᠂ ᠲᠠᠷᠢᠶᠠᠯᠠᠩ ᠤᠨ ᠰᠢᠨ᠎ᠡ ᠡᠭᠦᠯᠳᠡᠷ ᠰᠢᠨ᠎ᠡ ᠮᠡᠷᠭᠡᠵᠢᠯ ᠰᠢᠨ᠎ᠡ ᠦᠷ᠎ᠡ ᠪᠦᠲᠦᠭᠡᠯ ᠢ | ᠳᠡᠯᠭᠡᠷᠡᠭᠦᠯᠬᠦ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ᠃ ᠬᠤᠶᠠᠷ ᠲᠤ ᠬᠡᠪᠴᠢᠶ᠎ᠡ ᠶᠢ ᠪᠤᠢ ᠪᠣᠯᠭᠠᠨ᠎ᠠ᠃ | ᠭᠤᠤᠯᠳᠠᠯᠭ᠎ᠠ ᠲᠠᠢ ᠵᠢᠱᠢᠶ᠎ᠡ ᠦᠵᠡᠭᠦᠯᠬᠦ ᠣᠷᠣᠨ ᠢ ᠴᠣᠭᠴᠠᠯᠠᠨ ᠪᠠᠶᠢᠭᠤᠯᠤᠭᠰᠠᠨ ᠰᠠᠭᠤᠷᠢᠨ ᠳᠡᠭᠡᠷ᠎ᠡ᠂ | ᠲᠠᠷᠢᠶᠠᠴᠢᠳ ᠢ ᠵᠣᠷᠢᠭᠵᠢᠭᠤᠯᠤᠨ ᠬᠥᠲᠥᠯᠥᠨ ᠵᠢᠯᠣᠭᠤᠳᠴᠤ ᠪᠠᠶᠢᠭᠠᠳ ᠭᠠᠵᠠᠷ ᠰᠢᠷᠣᠶ ᠶᠢ ᠡᠷᠭᠢᠯᠳᠦᠭᠦᠯᠬᠦ ᠡᠷᠴᠢᠮ ᠢ | ᠴᠢᠩᠭᠠᠷᠠᠭᠤᠯᠤᠨ᠂ ᠭᠠᠵᠠᠷ ᠰᠢᠷᠣᠶ ᠪᠠᠷ ᠬᠤᠪᠢ ᠣᠷᠣᠭᠤᠯᠬᠤ᠂ ᠬᠠᠮᠲᠤ ᠶᠢᠨ ᠲᠠᠷᠢᠶᠠᠯᠠᠩ ᠤᠨ ᠲᠠᠯᠠᠪᠠᠶ ᠡᠷᠭᠢᠯᠡᠬᠦ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠡᠪᠴᠢᠶᠡᠵᠢᠭᠦᠯᠦᠨ ᠲᠠᠷᠢᠬᠤ ᠶᠢ ᠬᠥᠭᠵᠢᠭᠦᠯᠵᠦ᠂ ᠰᠢᠨ᠎ᠡ ᠬᠡᠯᠪᠡᠷᠢ ᠶᠢᠨ | ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠪᠠ ᠲᠣᠮᠣ ᠡᠷᠦᠬᠡ ᠪᠠᠷ ᠲᠦᠰᠢᠭ ᠪᠣᠯᠭᠠᠨ᠂ ᠱᠠᠩᠳᠤ᠂ | ᠬᠤᠸᠠᠳᠧ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠵᠡᠷᠭᠡ ᠭᠠᠵᠠᠷ ᠲᠤ ᠲᠥᠮᠥᠰᠥ ᠶᠢᠨ ᠴᠢᠨᠠᠷ ᠰᠠᠶᠢᠲᠠᠶ | ᠥᠨᠳᠥᠷ ᠦᠷ᠎ᠡ ᠪᠦᠲᠦᠮᠵᠢᠲᠡᠶ ᠪᠥᠭᠡᠳ ᠴᠠᠷᠳᠠᠭᠤᠯ ᠡᠳ᠋ᠰᠢᠭᠦᠯᠬᠦ ᠪᠠᠷ ᠭᠤᠤᠯ ᠪᠣᠯᠭᠠᠭᠰᠠᠨ 1 ᠲᠦᠮᠡᠨ ᠮᠥ | ᠲᠠᠷᠢᠮᠠᠯ ᠤᠨ ᠰᠠᠭᠤᠷᠢᠨ ᠭᠠᠵᠠᠷ ᠢ ᠭᠤᠤᠯᠳᠠᠯᠭ᠎ᠠ ᠲᠠᠢ ᠪᠥᠲᠥᠭᠡᠨ ᠪᠠᠶᠢᠭᠤᠯᠵᠤ᠂ ᠰᠠᠭᠤᠷᠢᠨ ᠭᠠᠵᠠᠷ ᠲᠤ ᠭᠠᠩ ᠢ | ᠡᠰᠡᠷᠭᠦᠴᠡᠬᠦ ᠴᠢᠨᠠᠷ ᠢᠶᠠᠷ ᠴᠢᠩᠭ᠎ᠠ᠂ ᠴᠠᠷᠳᠠᠭᠤᠯ ᠤᠨ ᠠᠭᠤᠯᠤᠭᠳᠠᠴᠠ ᠪᠠᠷ ᠥᠨᠳᠥᠷ ᠨᠢᠭᠡ ᠪᠦᠯᠦᠭ ᠰᠢᠨ᠎ᠡ | ᠡᠭᠦᠯᠳᠡᠷ ᠢ ᠭᠤᠤᠯᠳᠠᠯᠭ᠎ᠠ ᠲᠠᠢ ᠳᠡᠯᠭᠡᠷᠡᠭᠦᠯᠦᠨ᠎ᠡ᠃ | ︵ᠬᠤᠶᠠᠷ︶ ᠭᠠᠩ ᠲᠠᠢ ᠲᠡᠮᠡᠴᠡᠬᠦ ᠡᠭᠦᠯᠳᠡᠷ ᠢ ᠣᠷᠣᠭᠤᠯᠤᠨ ᠠᠪᠴᠢᠷᠠᠵᠤ᠂ ᠡᠭᠦᠯᠳᠡᠷ ᠰᠣᠩᠭᠤᠨ | ᠪᠤᠶᠢᠵᠢᠭᠤᠯᠬᠤ ᠶᠢ ᠲᠦᠷᠭᠡᠳᠬᠡᠨ᠎ᠡ᠃ ᠨᠢᠭᠡ ᠳᠤ᠂ ᠰᠢᠯᠢᠳᠡᠭ ᠰᠠᠶᠢᠨ ᠡᠭᠦᠯᠳᠡᠷ ᠢ ᠣᠷᠣᠭᠤᠯᠤᠨ᠎ᠠ᠃ ᠤᠯᠤᠰ ᠤᠨ | ᠳᠣᠲᠣᠭᠠᠳᠤ ᠭᠠᠳᠠᠭᠠᠳᠤ ᠶᠢᠨ ᠭᠠᠩ ᠲᠠᠢ ᠲᠡᠮᠡᠴᠡᠬᠦ ᠴᠢᠨᠠᠷ ᠢᠶᠠᠷ ᠴᠢᠩᠭ᠎ᠠ᠂ ᠴᠠᠷᠳᠠᠭᠤᠯ ᠤᠨ ᠠᠭᠤᠯᠤᠭᠳᠠᠴᠠ ᠪᠠᠷ | ᠥᠨᠳᠥᠷ ᠰᠠᠶᠢᠨ ᠡᠭᠦᠯᠳᠡᠷ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ ᠳᠡᠯᠭᠡᠷᠡᠭᠦᠯᠦᠨ᠎ᠡ᠃ 2021 ᠣᠨ ᠳᠤ᠂ | ᠺᠧ ᠰᠢᠨ 27 ᠳ᠋ᠤᠭᠠᠷ᠂ ᠰᠢᠨ ᠳ᠋ᠡ ᠫᠢᠩ᠂ ᠶᠢᠨ ᠰᠦ 16 ᠵᠡᠷᠭᠡ ᠭᠠᠩ ᠬᠠᠭᠰᠠᠷᠭᠠᠨ ᠢ ᠡᠰᠡᠷᠭᠦᠴᠡᠬᠦ | ᠴᠢᠳᠠᠪᠤᠷᠢ ᠪᠠᠷ ᠴᠢᠩᠭ᠎ᠠ᠂ ᠴᠠᠷᠳᠠᠭᠤᠯ ᠤᠨ ᠠᠭᠤᠯᠤᠭᠳᠠᠴᠠ ᠪᠠᠷ ᠥᠨᠳᠥᠷ ᠬᠠᠭᠤᠷᠠᠶ ᠪᠠᠷ ᠲᠠᠷᠢᠬᠤ ᠡᠭᠦᠯᠳᠡᠷ ᠢ | ᠣᠷᠣᠭᠤᠯᠤᠨ ᠠᠪᠴᠢᠷᠠᠵᠤ᠂ ᠱᠠᠩᠳᠤ ᠰᠢᠶᠠᠨ᠂ ᠬᠤᠸᠠᠳᠧ ᠰᠢᠶᠠᠨ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ | ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠳᠥᠷᠪᠡᠳ ᠬᠤᠰᠢᠭᠤᠨ ᠳᠤ ᠲᠥᠮᠥᠰᠥ ᠶᠢᠨ ᠲᠥᠷᠥᠯ ᠵᠦᠶᠯ ᠤᠨ | ᠦᠵᠡᠭᠦᠯᠦᠯᠭᠡ ᠶᠢᠨ ᠰᠠᠭᠤᠷᠢᠨ ᠭᠠᠵᠠᠷ ᠢ 1 ᠲᠦᠮᠡᠨ ᠮᠥ ᠪᠠᠶᠢᠭᠤᠯᠵᠤ᠂ ᠰᠢᠨ᠎ᠡ ᠲᠥᠷᠥᠯ ᠵᠦᠶᠯ ᠤᠨ ᠵᠢᠱᠢᠶ᠎ᠡ | ᠦᠵᠡᠭᠦᠯᠦᠨ ᠳᠡᠯᠭᠡᠷᠡᠭᠦᠯᠬᠦ ᠶᠢ ᠲᠦᠷᠭᠡᠳᠬᠡᠨ᠎ᠡ᠃ ᠬᠤᠶᠠᠷ ᠲᠤ ᠡᠭᠦᠯᠳᠡᠷ ᠰᠣᠩᠭᠤᠨ ᠪᠤᠶᠢᠵᠢᠭᠤᠯᠬᠤ ᠶᠢ | ᠲᠦᠷᠭᠡᠳᠬᠡᠨ᠎ᠡ᠃ ᠤᠯᠠᠭᠠᠨᠴᠠᠪ ᠬᠤᠲᠠ ᠶᠢᠨ ᠲᠠᠷᠢᠶᠠᠯᠠᠩ ᠣᠶ ᠰᠢᠭᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ | ᠭᠠᠵᠠᠷ᠂ ᠤᠯᠠᠭᠠᠨᠴᠠᠪ ᠬᠤᠲᠠ ᠶᠢᠨ ᠲᠥᠮᠥᠰᠥ ᠶᠢᠨ ᠠᠬᠠᠯᠠᠭᠴᠢ ᠮᠡᠷᠭᠡᠵᠢᠯᠲᠡᠨ ᠤ ᠠᠵᠢᠯ ᠤᠨ ᠥᠷᠲᠡᠭᠡ᠂ | ᠤᠯᠤᠰ ᠤᠨ ᠲᠥᠮᠥᠰᠥ ᠶᠢᠨ ᠠᠵᠤ ᠦᠶᠯᠡᠰ ᠤᠨ ᠮᠡᠷᠭᠡᠵᠢᠯ ᠤᠨ ᠰᠢᠰᠲ᠋ᠧᠮᠵᠢ ᠶᠢᠨ ᠤᠯᠠᠭᠠᠨᠴᠠᠪ ᠬᠤᠲᠠ ᠶᠢᠨ | ᠶᠡᠷᠦᠩᠬᠡᠶᠢᠯᠡᠭᠰᠡᠨ ᠲᠤᠷᠰᠢᠯᠲᠠ ᠶᠢᠨ ᠥᠷᠲᠡᠭᠡ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠥᠪᠥᠷ | ᠮᠣᠩᠭᠤᠯ ᠤᠨ ᠲᠥᠮᠥᠰᠥ ᠶᠢ ᠠᠵᠢᠭᠯᠠᠨ ᠬᠡᠮᠵᠢᠬᠦ ᠲᠤᠷᠰᠢᠯᠲᠠ ᠶᠢᠨ ᠥᠷᠲᠡᠭᠡ ᠵᠡᠷᠭᠡ ᠰᠢᠨᠵᠢᠯᠡᠬᠦ ᠤᠬᠠᠭᠠᠨ ᠤ | ᠰᠤᠳᠤᠯᠤᠯ ᠤᠨ ᠲᠠᠪᠴᠠᠩ ᠳᠤ ᠲᠦᠰᠢᠭᠯᠡᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠥᠮᠥᠰᠥᠨ ᠤ ᠠᠵᠢᠯ | ᠲᠥᠷᠥᠯ ᠤᠨ ᠲᠤᠰᠬᠠᠶ ᠮᠡᠷᠭᠡᠵᠢᠯᠲᠡᠨ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠬᠦᠴᠦᠨ ᠢᠶᠠᠨ | ᠲᠥᠪᠯᠡᠷᠡᠭᠦᠯᠦᠨ ᠭᠠᠩ ᠬᠠᠭᠰᠠᠷᠠᠭᠠᠨ ᠢ ᠡᠰᠡᠷᠭᠦᠴᠡᠬᠦ ᠪᠠᠷ ᠴᠢᠩᠭ᠎ᠠ᠂ ᠴᠠᠷᠳᠠᠭᠤᠯ ᠤᠨ ᠠᠭᠤᠯᠤᠭᠳᠠᠴᠠ ᠪᠠᠷ ᠥᠨᠳᠥᠷ᠂ | ᠮᠧᠬᠠᠨᠢᠭᠵᠢᠭᠤᠯᠬᠤ ᠳᠤ ᠲᠣᠬᠢᠷᠠᠮᠵᠢᠲᠠᠶ᠂ ᠡᠪᠡᠳᠴᠢᠨ ᠡᠰᠡᠷᠭᠦᠴᠡᠬᠦ ᠰᠦᠷᠭᠡᠦ ᠴᠢᠨᠠᠷ ᠢᠶᠠᠷ ᠴᠢᠩᠭ᠎ᠠ ᠰᠢᠨ᠎ᠡ | ᠡᠭᠦᠯᠳᠡᠷ ᠢ ᠰᠣᠩᠭᠤᠨ ᠪᠤᠶᠢᠵᠢᠭᠤᠯᠤᠨ᠎ᠠ᠃ ᠭᠤᠷᠪᠠ ᠳᠤ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ | ᠵᠣᠷᠢᠭᠵᠢᠭᠤᠯᠤᠨ᠎ᠠ᠃ ᠦᠷ᠎ᠡ ᠶᠢᠨ ᠲᠥᠮᠥᠰᠥ ᠶᠢᠨ ᠠᠵᠤ ᠠᠬᠤᠶᠢᠯᠠᠯ ᠪᠠ ᠦᠷ᠎ᠡ ᠶᠢᠨ ᠲᠥᠮᠥᠰᠥ ᠶᠢᠨ | ᠦᠢᠯᠡᠳᠪᠦᠷᠢᠯᠡᠯ ᠤᠨ ᠬᠢᠷᠢ ᠬᠡᠮ ᠲᠠᠢ ᠬᠤᠷᠰᠢᠶ᠎ᠠ ᠵᠡᠷᠭᠡ ᠦᠷ᠎ᠡ ᠶᠢᠨ ᠲᠥᠮᠥᠰᠥ ᠶᠢᠨ ᠪᠠᠶᠢᠭᠤᠯᠤᠮᠵᠢ ᠶᠢ | ᠵᠣᠷᠢᠭᠵᠢᠭᠤᠯᠵᠤ᠂ ᠮᠠᠨ ᠤ ᠬᠤᠲᠠ ᠶᠢᠨ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠢᠰᠲ᠋ᠧᠮᠵᠢ ᠶᠢᠨ | ᠪᠠᠶᠢᠭᠤᠯᠤᠯᠲᠠ ᠶᠢᠨ ᠬᠡᠪᠴᠢᠶᠡᠵᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠮᠠᠨ ᠤ ᠬᠤᠲᠠ ᠶᠢᠨ | ᠲᠠᠷᠢᠬᠤ ᠳᠤ ᠲᠣᠬᠢᠷᠠᠬᠤ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ | ᠲᠥᠮᠥᠰᠥ ᠶᠢᠨ ᠰᠢᠨ᠎ᠡ ᠡᠭᠦᠯᠳᠡᠷ ᠢ ᠢᠳᠡᠪᠬᠢᠲᠡᠢ ᠪᠤᠶᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ | ᠰᠢᠨ᠎ᠡ ᠡᠭᠦᠯᠳᠡᠷ ᠢ ᠳᠡᠯᠭᠡᠷᠡᠭᠦᠯᠦᠭᠡᠳ ᠵᠣᠬᠢᠬᠤ ᠬᠡᠪᠴᠢᠶᠡᠨ ᠳᠤ ᠬᠦᠷᠦᠭᠰᠡᠨ ᠳᠤᠨᠢ᠂ ᠰᠢᠭᠤᠳ ᠪᠡᠯᠡᠨ ᠵᠣᠭᠤᠰ ᠤᠨ | ᠱᠠᠩᠨᠠᠯ ᠣᠯᠭᠤᠨ᠎ᠠ᠃ ᠳᠡᠭᠡᠷᠡᠬᠢ ᠠᠷᠭ᠎ᠠ ᠬᠡᠮᠵᠢᠶ᠎ᠡ ᠪᠠᠷ ᠳᠠᠮᠵᠢᠨ ᠮᠠᠨ ᠤ ᠬᠤᠲᠠ ᠶᠢᠨ ᠬᠠᠭᠤᠷᠠᠢ ᠭᠠᠵᠠᠷ ᠲᠤ | ᠲᠠᠷᠢᠬᠤ ᠳᠤ ᠲᠣᠬᠢᠷᠠᠬᠤ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠲᠠᠢ ᠪᠡᠶ᠎ᠡ ᠪᠠᠨ ᠳᠠᠭᠠᠭᠠᠭᠰᠠᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠨᠠᠷ ᠰᠠᠶᠢᠲᠠᠢ ᠬᠠᠭᠤᠷᠠᠢ ᠳᠤ ᠲᠠᠷᠢᠬᠤ ᠰᠢᠨ᠎ᠡ | ᠡᠭᠦᠯᠳᠡᠷ ᠢ ᠵᠢᠯ ᠪᠦᠷᠢ 1-2 ᠢ ᠰᠣᠩᠭᠤᠨ ᠪᠤᠶᠢᠵᠢᠭᠤᠯᠬᠤ ᠪᠠᠷ ᠴᠢᠷᠮᠠᠶᠢᠨ᠎ᠠ᠃ | ︵ᠭᠤᠷᠪᠠ︶ ᠬᠠᠭᠤᠷᠠᠶᠢᠯᠠᠭ ᠮᠡᠷᠭᠡᠵᠢᠯ ᠢ ᠬᠤᠷᠠᠮᠳᠤᠭᠤᠯᠵᠤ᠂ ᠭᠠᠷᠭᠠᠯᠳᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ᠨᠢᠭᠡ ᠳᠤ ᠬᠤᠣᠷ ᠢ ᠨᠢ ᠠᠷᠢᠯᠭᠠᠭᠰᠠᠨ ᠲᠥᠮᠦᠰᠦᠨ ᠤ ᠦᠷ᠎ᠡ ᠶᠢ ᠳᠡᠯᠭᠡᠷᠡᠭᠦᠯᠦᠨ᠎ᠡ᠃ | ᠬᠠᠭᠤᠷᠠᠢ ᠪᠠᠷ ᠲᠠᠷᠢᠬᠤ ᠲᠥᠮᠥᠰᠥ ᠶᠢᠨ ᠦᠷ᠎ᠡ ᠶᠢ ᠥᠪᠡᠷᠲᠡᠭᠡᠨ ᠦᠯᠡᠳᠡᠭᠡᠬᠦ ᠪᠠ ᠬᠠᠷᠢᠯᠴᠠᠨ ᠰᠣᠯᠢᠵᠤ ᠲᠠᠷᠢᠬᠤ | ᠳᠠᠳᠬᠠᠯ ᠢ ᠬᠤᠪᠢᠷᠠᠭᠤᠯᠵᠤ᠂ ᠬᠤᠣᠷ ᠢ ᠨᠢ ᠠᠷᠢᠯᠭᠠᠭᠰᠠᠨ ᠲᠥᠮᠥᠰᠥ ᠶᠢᠨ ᠦᠷ᠎ᠡ ᠶᠢ ᠶᠡᠭᠡ ᠪᠠᠷ ᠳᠡᠯᠭᠡᠷᠡᠭᠦᠯᠦᠨ᠂ | ᠰᠢᠨ᠎ᠡ ᠰᠣᠷᠭᠤᠭ ᠲᠥᠮᠥᠰᠥ ᠶᠢᠨ ᠶᠠᠰᠤ ᠴᠢᠨᠠᠷ ᠪᠠ ᠤᠨᠠᠯᠲᠠ ᠶᠢ ᠪᠦᠲᠦᠮᠵᠢᠲᠡᠢ ᠳᠡᠭᠡᠭᠰᠢᠯᠡᠭᠦᠯᠵᠦ᠂ | ᠦᠢᠯᠡᠳᠪᠦᠷᠢᠯᠡᠯ ᠤᠨ ᠶᠠᠪᠤᠴᠠ ᠳᠠᠬᠢ ᠰᠥᠷᠭᠡᠦ ᠶᠢ ᠡᠰᠡᠷᠭᠦᠴᠡᠬᠦ ᠴᠢᠨᠠᠷ ᠢ ᠳᠡᠭᠡᠭᠰᠢᠯᠡᠭᠦᠯᠦᠨ᠎ᠡ᠃ 2021 ᠣᠨ ᠳᠤ | ᠬᠠᠭᠤᠷᠠᠶ ᠪᠠᠷ ᠳᠠᠷᠢᠬᠤ ᠲᠥᠮᠥᠰᠥ ᠶᠢᠨ ᠬᠤᠤᠷ ᠥᠬᠡᠶᠢᠳᠡᠭᠦᠯᠦᠭᠰᠡᠨ ᠦᠷ᠎ᠡ ᠶᠢᠨ ᠲᠦᠮᠦᠰᠦ ᠶᠢᠨ ᠪᠦᠷᠬᠦᠴᠡ ᠶᠢᠨ | ᠨᠣᠷᠮ᠎ᠠ ᠶᠢ 90 % ᠠᠴᠠ ᠳᠡᠭᠡᠭᠰᠢ ᠳᠤ ᠬᠦᠷᠦᠭᠦᠯᠦᠨ᠎ᠡ᠃ ᠬᠤᠶᠠᠷ ᠲᠤ ᠵᠢᠵᠢᠭ ᠪᠦᠬᠦᠯᠢ ᠲᠥᠮᠥᠰᠥ ᠪᠠᠷ ᠲᠠᠷᠢᠨ᠎ᠠ᠃ | ᠵᠢᠵᠢᠭ ᠪᠦᠬᠦᠯᠢ ᠲᠥᠮᠥᠰᠥ ᠶᠢ ᠳᠠᠷᠢᠬᠤ ᠨᠢ ᠦᠷ᠎ᠡ ᠶᠢᠨ ᠲᠥᠮᠥᠰᠥ ᠶᠢᠨ ᠰᠣᠶᠣᠭᠠᠯᠠᠬᠤ ᠬᠤᠭᠤᠴᠠᠭᠠᠨ ᠳᠠᠬᠢ | ᠤᠰᠤᠨ ᠤ ᠱᠠᠭᠠᠷᠳᠠᠯᠭ᠎ᠠ ᠶᠢ ᠪᠦᠲᠦᠮᠵᠢᠲᠡᠶ ᠪᠠᠭᠤᠷᠠᠭᠤᠯᠵᠤ᠂ ᠴᠢᠬᠢ ᠶᠢᠨ ᠵᠢᠭᠳᠡ ᠪᠠᠶᠢᠬᠤ ᠶᠢ ᠪᠠᠲᠤᠯᠠᠨ᠂ | ᠡᠪᠡᠳᠴᠢᠨ ᠤ ᠬᠥᠨᠥᠭᠡᠯ ᠤᠨ ᠲᠠᠷᠬᠠᠯᠲᠠ ᠶᠢ ᠪᠠᠭᠠᠰᠬᠠᠵᠤ᠂ ᠰᠢᠨ᠎ᠡ ᠰᠣᠷᠭᠤᠭ ᠲᠥᠮᠥᠰᠥᠨ ᠤ ᠴᠢᠨᠠᠷ ᠢ | ᠳᠡᠭᠡᠭᠰᠢᠯᠡᠭᠦᠯᠦᠨ᠎ᠡ᠃ ᠭᠤᠷᠪᠠ ᠳᠤ ᠳᠠᠯᠠᠩᠯᠠᠨ ᠪᠦᠷᠬᠦᠨ᠎ᠡ᠃ ᠬᠠᠯᠴᠠᠭᠠᠢ ᠭᠠᠵᠠᠷ ᠲᠡᠭᠰᠢᠯᠡᠨ ᠬᠢᠬᠦ ᠳᠠᠳᠬᠠᠯ ᠢ | ᠬᠤᠪᠢᠷᠠᠭᠤᠯᠵᠤ᠂ ᠳᠠᠯᠠᠩ ᠢᠶᠠᠷ ᠪᠦᠷᠬᠦᠪᠴᠢ ᠪᠦᠷᠬᠦᠬᠦ ᠮᠡᠷᠭᠡᠵᠢᠯ ᠢ ᠶᠡᠭᠡ ᠪᠠᠷ ᠳᠡᠯᠭᠡᠷᠡᠭᠦᠯᠦᠨ᠂ ᠭᠤᠤᠯᠳᠠᠭᠤ ᠠᠷᠤ | ᠠᠭᠤᠯᠠᠨ ᠳᠤ ᠲᠥᠪᠯᠡᠷᠡᠨ ᠵᠠᠯᠭᠠᠯᠳᠤᠭᠰᠠᠨ᠂ ᠮᠧᠬᠠᠨᠢᠭᠵᠢᠭᠤᠯᠤᠨ ᠠᠵᠢᠯᠯᠠᠬᠤ ᠳᠤ ᠲᠥᠬᠦᠮ ᠲᠠᠷᠢᠶᠠᠨ ᠭᠠᠵᠠᠷ ᠲᠤ | ᠳᠠᠯᠠᠩ ᠢᠶᠠᠷ ᠪᠦᠷᠬᠦᠪᠴᠢ ᠪᠦᠷᠬᠦᠵᠦ ᠳᠠᠷᠢᠬᠤ ᠵᠠᠭᠪᠤᠷ ᠢ ᠳᠡᠯᠭᠡᠷᠡᠭᠦᠯᠦᠨ᠎ᠡ᠃ ᠳᠠᠯᠠᠩᠯᠠᠬᠤ ᠨᠢ ᠭᠠᠵᠠᠷ ᠤᠨ | ᠳᠤᠯᠠᠭᠠᠨ ᠤ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠵᠦ᠂ ᠰᠣᠶᠣᠭᠠᠯᠠᠬᠤ ᠬᠤᠭᠤᠴᠠᠭᠠᠨ ᠳᠤ ᠭᠠᠵᠠᠷ ᠤᠨ | ᠳᠤᠯᠠᠭᠠᠨ ᠤ ᠬᠡᠮᠵᠢᠶ᠎ᠡ ᠬᠡᠲᠦᠷᠬᠡᠶ ᠳᠤᠤᠷ᠎ᠠ ᠠᠴᠠ ᠪᠣᠯᠤᠭᠰᠠᠨ ᠰᠦᠢᠳᠦᠯ ᠠᠴᠠ ᠵᠠᠶᠢᠯᠠᠰᠬᠢᠵᠦ ᠴᠢᠳᠠᠨ᠎ᠠ᠃ | ᠪᠦᠷᠬᠦᠭᠦᠯ ᠪᠦᠷᠬᠦᠬᠦ ᠨᠢ ᠬᠥᠷᠥᠰᠥᠨ ᠤ ᠤᠰᠤᠨ ᠤ ᠠᠭᠤᠷᠰᠢᠯᠲᠠ ᠶᠢ ᠪᠠᠭᠤᠷᠠᠭᠤᠯᠵᠤ᠂ ᠪᠦᠲᠦᠮᠵᠢᠲᠡᠶ ᠤᠰᠤᠨ ᠤ | ᠠᠰᠢᠭᠯᠠᠮᠵᠢ ᠶᠢ ᠳᠡᠭᠡᠭᠰᠢᠯᠡᠭᠦᠯᠦᠨ᠂ ᠭᠠᠵᠠᠷ ᠤᠨ ᠳᠤᠯᠠᠭᠠᠨ ᠢ ᠳᠡᠭᠡᠭᠰᠢᠯᠡᠭᠦᠯᠵᠦ ᠪᠤᠵᠠᠷ ᠡᠪᠡᠰᠦ ᠶᠢ ᠬᠤᠷᠢᠭᠯᠠᠨ᠎ᠠ᠃ | ᠳᠥᠷᠪᠡ ᠳᠤ ᠨᠢᠭᠲᠠᠴᠠ ᠶᠢ ᠨᠡᠮᠡᠭᠳᠡᠭᠦᠯᠦᠨ᠎ᠡ᠃ ᠣᠳᠣᠬᠠᠨ ᠳᠤ ᠮᠠᠨ ᠤ ᠬᠤᠲᠠ ᠶᠢᠨ ᠬᠠᠭᠤᠷᠠᠶᠢᠯᠠᠭ ᠲᠥᠮᠥᠰᠥ | ᠳᠠᠷᠢᠬᠤ ᠳᠠᠳᠬᠠᠯ ᠪᠣᠯ ᠶᠡᠭᠡ ᠮᠥᠷ ᠶᠡᠭᠡ ᠰᠠᠭᠤᠷᠢ ᠶᠢᠨ ᠵᠠᠶ ᠲᠠᠢ ᠰᠡᠶᠢᠷᠡᠭ ᠳᠠᠷᠢᠬᠤ ᠠᠷᠭ᠎ᠠ ᠬᠡᠯᠪᠡᠷᠢ ᠪᠣᠯᠤᠨ᠎ᠠ᠂ | ᠨᠢᠭᠲᠠᠴᠠ ᠶᠢ ᠵᠣᠬᠢᠰᠲᠠᠶ ᠨᠡᠮᠡᠭᠳᠡᠭᠦᠯᠬᠦ ᠪᠣᠯ ᠤᠨᠠᠯᠲᠠ ᠶᠢ ᠳᠡᠭᠡᠭᠰᠢᠯᠡᠭᠦᠯᠬᠦ ᠬᠠᠮᠤᠭ ᠤᠨ ᠰᠢᠭᠤᠳ ᠠᠷᠭ᠎ᠠ ᠵᠠᠮ | ᠪᠣᠯᠤᠨ᠎ᠠ᠃ ᠲᠠᠷᠢᠮᠠᠯ ᠤᠨ ᠨᠢᠭᠲᠠᠴᠠ ᠶᠢ ᠳᠡᠭᠡᠭᠰᠢᠯᠡᠭᠦᠯᠦᠭᠡᠳ 2000 - 2500 ᠰᠠᠭᠤᠷᠢ / ᠮᠥ ᠪᠣᠯᠭᠠᠨ᠎ᠠ᠂ | ᠳᠠᠷᠤᠶ ᠭᠦᠢᠴᠡᠳ ᠰᠢᠮ᠎ᠡ ᠲᠡᠵᠢᠭᠡᠯ ᠤᠨ ᠬᠠᠩᠭᠠᠯᠭ᠎ᠠ ᠲᠠᠢ ᠮᠥᠷᠲᠡᠭᠡᠨ ᠰᠢᠨ᠎ᠡ ᠰᠣᠷᠭᠤᠭ ᠲᠥᠮᠥᠰᠥ ᠶᠢᠨ ᠤᠨᠠᠯᠲᠠ | ᠪᠠ ᠴᠢᠨᠠᠷ ᠢ ᠪᠠᠲᠤᠯᠠᠵᠤ ᠴᠢᠳᠠᠨ᠎ᠠ᠃ ᠲᠠᠪᠤ ᠳᠤ ᠮᠧᠬᠠᠨᠢᠭᠵᠢᠭᠤᠯᠤᠨ ᠠᠵᠢᠯᠯᠠᠨ᠎ᠠ᠃ ᠭᠦᠨ ᠬᠠᠭᠠᠯᠪᠤᠷᠢᠯᠠᠵᠤ ᠭᠦᠨ | ᠰᠤᠯᠠᠷᠠᠭᠤᠯᠬᠤ ᠪᠣᠯ ᠲᠠᠷᠢᠶᠠᠨ ᠭᠠᠵᠠᠷ ᠤᠨ ᠬᠥᠷᠥᠰᠥᠨ ᠤ ᠤᠰᠤ ᠬᠠᠳᠠᠭᠠᠯᠠᠬᠤ ᠬᠡᠮᠵᠢᠶ᠎ᠡ ᠶᠢ ᠳᠡᠭᠡᠭᠰᠢᠯᠡᠭᠦᠯᠵᠦ᠂ | ᠤᠰᠤᠨ ᠤ ᠠᠭᠤᠷᠰᠢᠯᠲᠠ ᠶᠢ ᠪᠠᠭᠠᠰᠬᠠᠬᠤ ᠪᠦᠲᠦᠮᠵᠢᠲᠡᠶ ᠠᠷᠭ᠎ᠠ ᠵᠠᠮ ᠪᠣᠯᠤᠨ᠎ᠠ᠂ ᠮᠧᠬᠠᠨᠢᠭᠵᠢᠭᠤᠯᠤᠨ | ᠠᠵᠢᠯᠯᠠᠬᠤ ᠨᠢ ᠲᠠᠷᠢᠯᠭ᠎ᠠ ᠶᠢᠨ ᠵᠢᠭᠳᠡᠴᠡ ᠶᠢ ᠪᠠᠲᠤᠯᠠᠵᠤ᠂ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠨᠢᠭᠡᠳᠦᠯᠲᠡᠶ | ᠰᠡᠷᠭᠡᠶᠢᠯᠡᠨ ᠵᠠᠰᠠᠬᠤ ᠳᠤ ᠲᠥᠬᠦᠮ ᠪᠠᠶᠢᠵᠤ᠂ ᠰᠢᠨ᠎ᠡ ᠰᠣᠷᠭᠤᠭ ᠲᠥᠮᠥᠰᠥ ᠶᠢᠨ ᠮᠧᠬᠠᠨᠢᠭ ᠰᠢᠷᠬ᠎ᠠ ᠶᠢ ᠪᠦᠲᠦᠮᠵᠢᠲᠡᠶ | ᠪᠠᠭᠠᠰᠬᠠᠬᠤ ᠶᠢᠨ ᠤᠯᠠᠮ ᠠᠴᠠ ᠰᠢᠨ᠎ᠡ ᠰᠣᠷᠭᠤᠭ ᠲᠥᠮᠥᠰᠥ ᠶᠢᠨ ᠲᠠᠸᠠᠷ ᠤᠨ ᠨᠣᠷᠮ᠎ᠠ ᠶᠢ ᠳᠡᠭᠡᠭᠰᠢᠯᠡᠭᠦᠯᠦᠨ᠎ᠡ᠃ | ︵ᠳᠥᠷᠪᠡ︶ ᠪᠣᠬᠢᠷᠲᠤᠯ ᠥᠬᠡᠶ ᠮᠡᠷᠭᠡᠵᠢᠯ ᠢ ᠠᠬᠢᠭᠤᠯᠵᠤ᠂ ᠣᠷᠭᠠᠨᠢᠭ ᠦᠶᠯᠡᠳᠬᠦᠨ ᠢ ᠦᠶᠯᠡᠳᠪᠦᠷᠢᠯᠡᠨ᠎ᠡ᠃ | ᠠᠵᠤ ᠠᠬᠤᠶᠢᠯᠠᠯ᠂ ᠬᠤᠷᠰᠢᠶ᠎ᠠ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠪᠠᠷ ᠨᠢᠭᠡᠴᠢ | ᠪᠣᠯᠭᠠᠵᠤ᠂ ︽ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ + ᠰᠢᠨᠵᠢᠯᠡᠬᠦ ᠤᠬᠠᠭᠠᠨ ᠮᠡᠷᠭᠡᠵᠢᠯ + | ᠰᠠᠭᠤᠷᠢᠨ ᠭᠠᠵᠠᠷ + ᠲᠠᠷᠢᠶᠠᠴᠢᠨ ᠡᠷᠦᠬᠡ︾ ᠶᠢᠨ ᠠᠵᠤ ᠦᠶᠢᠯᠡᠰᠵᠢᠭᠰᠡᠨ ᠡᠵᠡᠩᠨᠡᠯᠲᠡ ᠶᠢᠨ ᠵᠠᠭᠪᠤᠷ ᠶᠣᠰᠣᠭᠠᠷ᠂ | ᠲᠠᠷᠢᠶᠠᠴᠢᠳ ᠢ ᠵᠣᠷᠢᠭᠵᠢᠭᠤᠯᠤᠨ ᠬᠦᠲᠦᠯᠦᠨ ᠵᠢᠯᠤᠭᠤᠳᠴᠤ ᠪᠠᠶᠢᠭᠠᠳ ᠭᠠᠵᠠᠷ ᠰᠢᠷᠣᠶ ᠶᠢ ᠡᠷᠭᠢᠯᠲᠡ ᠳᠤ | ᠣᠷᠣᠭᠤᠯᠬᠤ᠂ ᠭᠠᠵᠠᠷ ᠰᠢᠷᠣᠶ ᠪᠠᠷ ᠬᠤᠪᠢ ᠣᠷᠣᠭᠤᠯᠬᠤ᠂ ᠬᠠᠮᠲᠤ ᠶᠢᠨ ᠲᠠᠷᠢᠶᠠᠯᠠᠩ ᠤᠨ ᠲᠠᠯᠠᠪᠠᠶ ᠡᠷᠭᠢᠯᠡᠬᠦ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ ᠬᠡᠪᠴᠢᠶᠡᠵᠢᠭᠦᠯᠦᠨ ᠳᠠᠷᠢᠬᠤ ᠶᠢ ᠬᠥᠭᠵᠢᠭᠦᠯᠵᠦ᠂ ᠣᠷᠭᠠᠨᠢᠭ ᠬᠠᠭᠤᠷᠠᠶᠢᠯᠠᠭ | ᠲᠠᠷᠢᠶᠠᠯᠠᠩ ᠤᠨ ᠵᠢᠷᠤᠮᠵᠢᠭᠰᠠᠨ ᠲᠠᠰ ᠳᠠᠷᠠᠭᠠᠯᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ︽ᠵᠢᠷᠭᠤᠭ᠎ᠠ ᠶᠢ | ᠨᠢᠭᠡᠳᠬᠡᠬᠦ︾ ᠦᠶᠯᠡᠳᠪᠦᠷᠢᠯᠡᠯ ᠡᠵᠡᠩᠨᠡᠯᠲᠡ ᠶᠢᠨ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠵᠦ ᠪᠠᠶᠢᠭᠠᠳ | ᠲᠠᠷᠢᠨ᠎ᠠ᠃ ᠨᠢᠭᠡ ᠪᠦᠯᠦᠭ ᠣᠷᠣᠨ ᠪᠦᠰᠡ ᠨᠢ ᠲᠣᠭᠲᠠᠭᠤᠨ᠂ ᠮᠡᠷᠭᠡᠵᠢᠯ ᠨᠢ ᠪᠣᠯᠪᠠᠰᠤᠷᠠᠩᠭᠤᠶ᠂ | ᠦᠶᠯᠡᠳᠪᠦᠷᠢᠯᠡᠯ ᠨᠢ ᠵᠢᠷᠤᠮᠵᠢᠭᠰᠠᠨ᠂ ᠳᠠᠩᠰᠠᠯᠠᠭᠤᠯᠤᠭᠰᠠᠨ ᠨᠠᠷᠠᠲᠤ ᠲᠡᠮᠳᠡᠭᠲᠦ ᠲᠠᠢ ᠣᠷᠭᠠᠨᠢᠭ ᠬᠠᠭᠤᠷᠠᠶᠢᠯᠠᠭ | ᠲᠠᠷᠢᠶᠠᠯᠠᠩ ᠤᠨ ᠲᠠᠷᠢᠮᠠᠯ ᠤᠨ ᠲᠣᠭᠤᠷᠢᠭ ᠢ ᠪᠣᠶ ᠪᠣᠯᠭᠠᠨ᠎ᠠ᠃ | ᠨᠢᠭᠡ ᠳᠤ ᠣᠷᠭᠠᠨᠢᠭ ᠪᠣᠷᠳᠣᠭᠤᠷ ᠨᠡᠮᠡᠵᠦ ᠣᠷᠣᠭᠤᠯᠤᠨ᠎ᠠ᠃ ᠠᠮᠢᠳᠤ ᠪᠣᠳᠠᠰ ᠤᠨ ᠣᠷᠭᠠᠨᠢᠭ ᠪᠣᠷᠳᠣᠭᠤᠷ | ᠵᠡᠷᠭᠡ ᠰᠢᠨ᠎ᠡ ᠬᠡᠯᠪᠡᠷᠢ ᠶᠢᠨ ᠪᠣᠷᠳᠣᠭᠤᠷ ᠢ ᠳᠡᠯᠭᠡᠷᠡᠭᠦᠯᠬᠦ ᠪᠠᠷ ᠳᠠᠮᠵᠢᠭᠤᠯᠤᠨ ᠪᠣᠷᠳᠣᠭᠤᠷ ᠣᠷᠣᠭᠤᠯᠬᠤ ᠠᠷᠭ᠎ᠠ | ᠮᠠᠶ᠋ᠢᠭ ᠢᠶᠠᠨ ᠰᠠᠶᠢᠵᠢᠷᠠᠭᠤᠯᠵᠤ᠂ ᠭᠠᠵᠠᠷ ᠤᠨ ᠥᠩ ᠰᠢᠮ᠎ᠡ ᠶᠢ ᠨᠡᠮᠡᠭᠳᠡᠭᠦᠯᠦᠨ᠎ᠡ᠃ ᠵᠢᠯ ᠪᠦᠷᠢ ᠬᠤᠰᠢᠭᠤ ᠰᠢᠶᠠᠨ | ᠨᠢᠭᠡᠪᠦᠷᠢ ᠳᠤ 200 ᠮᠦ ᠠᠴᠠ ᠳᠡᠭᠡᠭᠰᠢᠬᠢ ᠵᠢᠱᠢᠶ᠎ᠡ ᠦᠵᠡᠭᠦᠯᠬᠦ ᠬᠡᠰᠡᠭ 2 - 3 ᠶᠢ ᠪᠠᠶᠢᠭᠤᠯᠵᠤ᠂ ᠬᠥᠷᠥᠰᠥ | ᠰᠢᠷᠣᠶ ᠶᠢ ᠬᠡᠮᠵᠢᠨ ᠨᠠᠶᠢᠷᠠᠯᠭ᠎ᠠ ᠲᠠᠢ ᠪᠣᠷᠳᠣᠭᠤᠷ ᠣᠷᠣᠭᠤᠯᠬᠤ ᠮᠡᠷᠭᠡᠵᠢᠯ ᠤᠨ ᠪᠦᠷᠬᠦᠴᠡ ᠶᠢᠨ ᠨᠣᠷᠮ᠎ᠠ ᠶᠢ 90 | % ᠠᠴᠠ ᠳᠡᠭᠡᠭᠰᠢ ᠳᠤ ᠬᠦᠷᠦᠭᠦᠯᠵᠦ᠂ ᠪᠣᠷᠳᠣᠭᠤᠷ ᠤᠨ ᠠᠰᠢᠭᠯᠠᠯᠲᠠ ᠶᠢᠨ ᠨᠣᠷᠮ᠎ᠠ ᠶᠢ 40 % ᠠᠴᠠ | ᠳᠡᠭᠡᠭᠰᠢ ᠳᠤ ᠪᠠᠶᠢᠯᠭᠠᠬᠤ ᠶᠢ ᠪᠠᠲᠤᠯᠠᠵᠤ᠂ ᠪᠣᠷᠳᠣᠭᠤᠷ ᠢ ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ ᠰᠢᠨ᠎ᠡ | ᠮᠡᠷᠭᠡᠵᠢᠯ᠂ ᠰᠢᠨ᠎ᠡ ᠠᠷᠭ᠎ᠠ ᠪᠠᠷᠢᠯ ᠢ ᠠᠯᠬᠤᠮ ᠠᠯᠬᠤᠮ ᠢᠶᠠᠷ ᠰᠦᠪᠡᠭᠴᠢᠯᠡᠨ᠎ᠡ᠃ ᠬᠤᠶᠠᠷ ᠲᠤ ᠲᠠᠷᠢᠶ᠎ᠠ ᠲᠡᠩᠨᠡᠵᠦ | ᠡᠪᠡᠰᠦ ᠠᠷᠢᠯᠭᠠᠬᠤ ᠶᠢ ᠳᠡᠯᠭᠡᠷᠡᠭᠦᠯᠦᠨ᠎ᠡ᠃ ᠬᠠᠭᠤᠷᠠᠢ ᠪᠠᠷ ᠲᠠᠷᠢᠬᠤ ᠲᠥᠮᠥᠰᠥ ᠶᠢᠨ ᠲᠠᠷᠢᠶᠠᠨ ᠡᠮ ᠢ ᠬᠡᠷᠡᠭᠯᠡᠵᠦ | ᠪᠠᠶᠢᠭ᠎ᠠ ᠶᠢᠨ ᠤᠴᠢᠷ ᠨᠢ ᠡᠪᠡᠰᠦ ᠠᠷᠢᠯᠭᠠᠬᠤ ᠡᠮ ᠢ ᠶᠡᠭᠡ ᠬᠡᠮᠵᠢᠶ᠎ᠡ ᠪᠠᠷ ᠬᠡᠷᠡᠭᠯᠡᠵᠦ ᠪᠠᠶᠢᠬᠤ ᠳᠤ ᠣᠷᠣᠰᠢᠨ᠎ᠠ᠂ | ᠪᠣᠯᠪᠠᠰᠤᠷᠠᠯ ᠢᠶᠠᠷ ᠳᠠᠮᠵᠢᠨ ᠲᠠᠷᠢᠶᠠᠴᠢᠳ ᠢ ᠢᠳᠡᠪᠬᠢᠲᠡᠢ ᠬᠥᠲᠥᠯᠥᠨ ᠵᠢᠯᠣᠭᠤᠳᠴᠤ ᠪᠠᠶᠢᠭᠠᠳ ᠮᠧᠬᠠᠨᠢᠭ | ᠲᠠᠷᠢᠶᠠᠯᠠᠭ᠎ᠠ ᠪᠠᠷ ᠳᠠᠮᠵᠢᠨ ᠡᠪᠡᠰᠦ ᠶᠢ ᠨᠢ ᠤᠰᠠᠳᠬᠠᠵᠤ᠂ ᠬᠤᠶᠠᠷ ᠤᠳᠠᠭ᠎ᠠ ᠲᠠᠷᠢᠶ᠎ᠠ ᠲᠡᠩᠨᠡᠬᠤ ᠪᠠᠷ ᠳᠠᠮᠵᠢᠨ | ᠲᠠᠷᠢᠶᠠᠨ ᠭᠠᠵᠠᠷ ᠤᠨ ᠪᠤᠵᠠᠷ ᠡᠪᠡᠰᠦ ᠶᠢ ᠪᠦᠲᠦᠮᠵᠢᠲᠡᠢ ᠪᠠᠷ ᠤᠰᠠᠳᠬᠠᠨ᠂ ᠬᠥᠷᠥᠰᠥᠨ ᠤ ᠳᠤᠯᠠᠭᠠᠨ ᠢ | ᠳᠡᠭᠡᠭᠰᠢᠯᠡᠭᠦᠯᠵᠦ ᠲᠥᠮᠥᠰᠦᠯᠢᠭ ᠡᠰᠢ ᠶᠢᠨ ᠪᠦᠳᠦᠭᠦᠷᠡᠬᠦ ᠳᠤ ᠠᠰᠢᠭᠲᠠᠢ ᠪᠣᠯᠣᠨ᠎ᠠ᠃ ᠭᠤᠷᠪᠠ ᠳᠤ ᠡᠭᠡᠯᠵᠢᠯᠡᠨ | ᠲᠠᠷᠢᠵᠤ ᠭᠤᠤᠷᠰᠤ ᠬᠠᠯᠠᠬᠤ ᠶᠢ ᠬᠡᠷᠡᠭᠵᠢᠭᠦᠯᠦᠨ᠎ᠡ᠃ ᠤᠯᠤᠰ ᠤᠨ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ | ᠲᠤᠷᠰᠢᠯᠲᠠ ᠶᠢᠨ ᠴᠡᠭ ᠤᠨ ᠲᠥᠷᠥᠯ ᠵᠦᠶᠯ ᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ᠭᠤᠷᠪᠠᠨ ᠵᠢᠯ ᠤᠨ | ᠡᠭᠡᠯᠵᠢᠯᠡᠨ ᠳᠠᠷᠢᠬᠤ ᠵᠠᠭᠪᠤᠷ ᠢ ᠬᠡᠷᠡᠭᠵᠢᠭᠦᠯᠦᠨ᠎ᠡ᠃ ᠦᠷ᠎ᠡ ᠶᠢᠨ ᠲᠥᠮᠥᠰᠥ ᠶᠢᠨ ᠦᠢᠯᠡᠳᠪᠦᠷᠢᠯᠡᠯ ᠤᠨ ᠰᠠᠭᠤᠷᠢᠨ | ᠭᠠᠵᠠᠷ ᠲᠤ ᠳᠥᠷᠪᠡᠨ ᠵᠢᠯ ᠠᠴᠠ ᠳᠡᠭᠡᠭᠰᠢ ᠡᠭᠡᠯᠵᠢᠯᠡᠨ ᠲᠠᠷᠢᠬᠤ ᠶᠢ ᠴᠢᠩᠭ᠎ᠠ ᠬᠡᠷᠡᠭᠵᠢᠭᠦᠯᠵᠦ᠂ ᠲᠠᠸᠠᠷ ᠤᠨ | ᠲᠥᠮᠥᠰᠥ ᠶᠢ ᠭᠤᠷᠪᠠᠨ ᠵᠢᠯ ᠠᠴᠠ ᠳᠡᠭᠡᠭᠰᠢ ᠡᠭᠡᠯᠵᠢᠯᠡᠨ ᠲᠠᠷᠢᠬᠤ ᠶᠢ ᠬᠡᠷᠡᠭᠵᠢᠭᠦᠯᠵᠦ᠂ ᠠᠵᠤ ᠦᠢᠯᠡᠰ ᠤᠨ | ᠦᠷᠭᠦᠯᠵᠢᠯᠡᠨ ᠬᠥᠭᠵᠢᠬᠦ ᠶᠢ ᠪᠠᠲᠤᠯᠠᠨ᠎ᠠ᠃ ᠳᠡᠭᠡᠷᠡᠬᠢ ᠠᠷᠭ᠎ᠠ ᠬᠡᠮᠵᠢᠶ᠎ᠡ ᠪᠠᠷ ᠳᠠᠮᠵᠢᠭᠤᠯᠤᠨ ᠣᠷᠭᠠᠨᠢᠭ | ᠭᠡᠷᠡᠴᠢᠯᠡᠭᠡ ᠶᠢ ᠠᠯᠬᠤᠮ ᠠᠯᠬᠤᠮ ᠢᠶᠠᠷ ᠥᠷᠨᠢᠭᠦᠯᠦᠨ᠎ᠡ᠃ | ︵ᠲᠠᠪᠤ︶ ᠬᠦᠲᠦᠴᠢ ᠠᠵᠤ ᠠᠬᠤᠶᠢᠯᠠᠯ ᠢ ᠪᠤᠶᠢᠵᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠎ᠠ᠃ | ᠨᠢᠭᠡ ᠳᠤ ᠰᠠᠭᠤᠷᠢ ᠶᠢ ᠪᠠᠲᠤᠯᠠᠬᠤ ᠬᠡᠷᠡᠭᠯᠡᠭᠡᠨ ᠤ ᠡᠳ᠋ᠰᠢᠭᠦᠯᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠨ᠎ᠠ᠃ | ᠰᠠᠭᠤᠷᠢᠨ ᠭᠠᠵᠠᠷ ᠯᠤᠭ᠎ᠠ ᠶᠢᠨ ᠨᠢᠭᠲᠠ ᠬᠠᠷᠢᠯᠴᠠᠭ᠎ᠠ ᠲᠠᠢ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ᠂ ᠰᠠᠭᠤᠷᠢ ᠶᠢ | ᠪᠠᠲᠤᠯᠠᠬᠤ ᠬᠡᠷᠡᠭᠯᠡᠭᠡᠨ ᠤ ᠪᠣᠳᠠᠲᠤ ᠬᠦᠴᠦᠨ ᠲᠠᠢ ᠡᠳ᠋ᠰᠢᠭᠦᠯᠬᠦ ᠵᠡᠷᠭᠡ ᠬᠦᠲᠦᠴᠢ ᠠᠵᠤ ᠠᠬᠤᠶᠢᠯᠠᠯ ᠢ ᠣᠷᠣᠭᠤᠯᠵᠤ | ᠠᠪᠴᠢᠷᠠᠬᠤ ᠶᠢ ᠦᠷᠭᠦᠯᠵᠢᠯᠡᠨ ᠨᠡᠮᠡᠭᠳᠡᠭᠦᠯᠦᠨ᠎ᠡ᠃ 2021 ᠣᠨ ᠳᠤ ᠱᠠᠩᠳᠤ ᠳᠤ 10 ᠲᠦᠮᠡᠨ ᠲᠣᠨ ᠴᠠᠷᠳᠠᠭᠤᠯ | ᠡᠳ᠋ᠰᠢᠭᠦᠯᠦᠨ ᠪᠣᠯᠪᠠᠰᠤᠷᠠᠭᠤᠯᠬᠤ ᠦᠶᠯᠡᠳᠪᠦᠷᠢᠯᠡᠯ ᠤᠨ ᠱᠤᠭᠤᠮ ᠪᠠᠶᠢᠭᠤᠯᠬᠤ ᠶᠢ ᠭᠤᠤᠯᠳᠠᠯᠭ᠎ᠠ ᠲᠠᠢ ᠳᠡᠮᠵᠢᠵᠦ᠂ | ᠲᠥᠮᠥᠰᠥ ᠶᠢ ᠡᠳ᠋ᠰᠢᠭᠦᠯᠦᠨ ᠬᠤᠪᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠂ ᠪᠥᠬᠦ ᠬᠤᠲᠠ ᠶᠢᠨ ᠲᠥᠮᠥᠰᠥ ᠶᠢᠨ | ᠰᠠᠭᠤᠷᠢ ᠶᠢ ᠪᠠᠲᠤᠯᠠᠬᠤ ᠬᠡᠷᠡᠭᠯᠡᠭᠡ ᠶᠢ ᠳᠠᠶᠢᠴᠢᠯᠠᠵᠤ᠂ ᠲᠥᠮᠥᠰᠥ ᠳᠠᠷᠢᠬᠤ ᠡᠷᠦᠬᠡ ᠶᠢᠨ ᠰᠠᠨᠠᠭᠠᠰᠢᠷᠠᠵᠤ ᠪᠠᠶᠢᠭ᠎ᠠ | ᠵᠦᠢᠯ ᠢ ᠰᠢᠶᠳᠪᠦᠷᠢᠯᠡᠨ᠎ᠡ᠃ ᠬᠤᠶᠠᠷ ᠲᠤ ᠠᠵᠤ ᠠᠬᠤᠶᠢᠯᠠᠯ ᠤᠨ ᠪᠣᠳᠠᠲᠤ ᠬᠦᠴᠦᠨ ᠢ ᠳᠡᠭᠡᠭᠰᠢᠯᠡᠭᠦᠯᠦᠨ᠎ᠡ᠃ | ᠬᠥᠲᠥᠴᠢ ᠠᠵᠤ ᠠᠬᠤᠶᠢᠯᠠᠯ ᠤᠨ ᠲᠥᠪᠯᠡᠷᠡᠨ ᠵᠠᠯᠭᠠᠯᠳᠤᠭᠰᠠᠨ ᠬᠠᠭᠤᠷᠠᠶ ᠪᠠᠷ ᠲᠠᠷᠢᠬᠤ ᠲᠥᠮᠥᠰᠦᠨ ᠤ ᠣᠨᠴᠠᠯᠢᠭᠲᠤ | ᠭᠠᠷᠤᠯᠲᠠ ᠶᠢᠨ ᠣᠷᠣᠨ ᠳᠤ ᠡᠳ᠋ᠰᠢᠭᠦᠯᠬᠦ ᠠᠵᠤ ᠠᠬᠤᠶᠢᠯᠠᠯ ᠪᠠᠶᠢᠭᠤᠯᠵᠤ᠂ ᠲᠥᠬᠦᠭᠡᠷᠦᠮᠵᠢ ᠶᠢ ᠢᠳᠡᠪᠬᠢᠲᠡᠶ ᠪᠠᠷ | ᠣᠷᠣᠭᠤᠯᠤᠨ ᠠᠪᠴᠢᠷᠠᠵᠤ᠂ ᠤᠷ᠎ᠠ ᠮᠡᠷᠭᠡᠰᠢᠯ ᠢᠶᠠᠨ ᠰᠠᠶᠢᠵᠢᠷᠠᠭᠤᠯᠤᠨ᠂ ᠴᠢᠳᠠᠪᠤᠷᠢᠲᠠᠨ ᠢ ᠤᠷᠢᠵᠤ᠂ | ᠦᠶᠯᠡᠳᠬᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠨ ᠳᠡᠭᠡᠭᠰᠢᠯᠡᠭᠦᠯᠬᠦ ᠶᠢ ᠵᠣᠷᠢᠭᠵᠢᠭᠤᠯᠤᠨ᠎ᠠ᠃ | ᠵᠢᠱᠢᠶᠡᠯᠡᠪᠡᠯ᠂ ᠲᠥᠮᠥᠰᠦᠨ ᠤ ᠴᠣᠭᠯᠠᠷᠠᠯ ᠤᠨ ᠺᠣᠮᠫᠠᠨᠢ ᠰᠢᠨ᠎ᠡ ᠰᠣᠷᠭᠤᠭ ᠲᠥᠮᠥᠰᠥ ᠶᠢ ᠬᠠᠭᠤᠷᠠᠶ ᠪᠠᠷ | ᠤᠬᠢᠶᠠᠭᠰᠠᠨ ᠤ ᠳᠠᠷᠠᠭ᠎ᠠ ᠳᠡᠰ ᠬᠤᠪᠢᠶᠠᠨ ᠪᠣᠭᠤᠳᠠᠯᠯᠠᠵᠤ᠂ ᠠᠳᠠᠯᠢ ᠪᠤᠰᠤ ᠬᠡᠪ ᠪᠠᠷᠢᠮᠵᠢᠶ᠎ᠠ ᠲᠠᠢ ᠪᠦᠲᠦᠭᠡᠭᠳᠡᠬᠦᠨ ᠢ | ᠵᠠᠬ᠎ᠠ ᠳᠡᠯᠭᠡᠭᠦᠷ ᠲᠤ ᠣᠷᠣᠭᠤᠯᠵᠤ᠂ ᠡᠭᠦᠨ ᠤ ᠤᠯᠠᠮ ᠢᠶᠠᠷ ᠠᠵᠤ ᠦᠶᠯᠡᠰ ᠤᠨ ᠬᠡᠯᠬᠢᠶ᠎ᠡ ᠶᠢ ᠤᠷᠲᠤᠳᠬᠠᠵᠤ᠂ | ᠨᠡᠮᠡᠯᠲᠡ ᠥᠷᠲᠡᠭ ᠢ ᠨᠡᠮᠡᠭᠳᠡᠭᠦᠯᠦᠨ᠎ᠡ᠃ ᠭᠤᠷᠪᠠ ᠳᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠎ᠠ᠃ | ᠴᠢᠳᠠᠮᠵᠢ ᠶᠢᠨ ᠴᠢᠨᠠᠷᠲᠠᠶ ᠢᠳᠡᠭᠡᠨ ᠪᠠ ᠡᠷᠡᠭᠦᠯᠵᠢᠯ ᠤᠨ ᠢᠳᠡᠭᠡᠨ ᠢ ᠶᠡᠬᠡᠪᠡᠷ ᠨᠡᠭᠡᠭᠡᠨ ᠬᠥᠭᠵᠢᠭᠦᠯᠵᠦ᠂ | ᠲᠥᠮᠥᠰᠥ ᠶᠢᠨ ᠪᠦᠲᠦᠭᠡᠭᠳᠡᠬᠦᠨ ᠢ ᠡᠳ᠋ᠰᠢᠭᠦᠯᠬᠦ ᠦᠶᠯᠡᠰ ᠪᠠ ᠪᠤᠰᠤᠳ ᠠᠵᠤ ᠦᠶᠯᠡᠰ ᠤᠨ ᠭᠦᠨ ᠠᠭᠤᠰᠤᠯᠴᠠᠯ ᠢ | ᠠᠬᠢᠭᠤᠯᠤᠨ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠲᠠᠷᠢᠶᠠᠯᠠᠩ ᠬᠤᠳᠠᠯᠳᠤᠭᠠᠨ ᠤ ᠰᠢᠭᠤᠳ ᠬᠠᠩᠭᠠᠯᠭ᠎ᠠ᠂ | ᠡᠳ᠋ᠰᠢᠭᠦᠯᠵᠦ ᠪᠡᠶᠡᠴᠢᠯᠡᠨ ᠣᠶᠢᠯᠠᠭᠠᠬᠤ᠂ ᠲᠥᠪ ᠲᠣᠭᠤᠭᠠᠨ ᠬᠡᠷ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ | ᠪᠠᠶᠢᠳᠠᠯ ᠢ ᠢᠳᠡᠪᠬᠢᠲᠡᠶ ᠬᠥᠭᠵᠢᠭᠦᠯᠵᠦ᠂ ᠠᠵᠤ ᠦᠶᠯᠡᠰ ᠤᠨ ᠬᠡᠯᠬᠢᠶᠡᠰᠦ ᠶᠢ ᠤᠷᠲᠤᠳᠬᠠᠨ᠂ ᠣᠷᠭᠠᠨᠢᠭ | ᠬᠠᠭᠤᠷᠠᠶᠢᠯᠠᠭ ᠲᠠᠷᠢᠶᠠᠯᠠᠩ ᠤᠨ ᠨᠡᠮᠡᠯᠲᠡ ᠥᠷᠲᠡᠭ ᠪᠠ ᠦᠷ᠎ᠡ ᠠᠰᠢᠭ ᠢ ᠳᠡᠭᠡᠭᠰᠢᠯᠡᠭᠦᠯᠦᠨ᠎ᠡ᠃ | ︵ᠵᠢᠷᠭᠤᠭ᠎ᠠ︶ ᠣᠯᠠᠨ ᠠᠷᠭ᠎ᠠ ᠬᠡᠮᠵᠢᠶ᠎ᠡ ᠪᠠᠷ ᠦᠷᠭᠦᠯᠵᠢᠯᠡᠨ ᠬᠦᠴᠦᠯᠡᠵᠦ᠂ ᠣᠷᠭᠠᠨᠢᠭ ᠨᠠᠷᠠᠲᠤ ᠲᠡᠮᠳᠡᠭᠲᠦ ᠶᠢ | ᠪᠣᠶ ᠪᠣᠯᠭᠠᠨ᠎ᠠ᠃ ᠨᠢᠭᠡ ᠳᠤ ᠨᠠᠷᠠᠲᠤ ᠲᠡᠮᠳᠡᠭ ᠢ ᠡᠭᠦᠳᠦᠨ ᠪᠠᠶᠢᠭᠤᠯᠬᠤ ᠶᠢ ᠥᠷᠨᠢᠭᠦᠯᠦᠨ᠎ᠡ᠃ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠪᠠᠷ ᠳᠠᠮᠵᠢᠨ᠂ ᠮᠠᠨ ᠤ ᠬᠤᠲᠠ ᠶᠢᠨ ᠣᠷᠭᠠᠨᠢᠭ ᠭᠡᠷᠡᠴᠢᠯᠡᠯ ᠤᠨ ᠬᠢᠷᠢ | ᠬᠡᠮ ᠲᠠᠢ ᠠᠵᠤ ᠠᠬᠤᠶᠢᠯᠠᠯ᠂ ᠬᠤᠷᠰᠢᠶ᠎ᠠ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢᠨ | ᠣᠷᠭᠠᠨᠢᠭ ᠲᠥᠮᠥᠰᠥ ᠦᠶᠯᠡᠳᠪᠦᠷᠢᠯᠡᠬᠦ ᠳᠤ ᠨᠥᠬᠦᠪᠥᠷᠢ ᠥᠭᠴᠦ᠂ ᠲᠠᠷᠢᠶᠠᠯᠠᠩ ᠤᠨ ᠬᠥᠲᠥᠴᠢ ᠠᠵᠤ ᠠᠬᠤᠶᠢᠯᠠᠯ᠂ | ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ ᠵᠡᠷᠭᠡ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ | ᠭᠤᠤᠯ ᠴᠣᠭᠴᠠ ᠶᠢᠨ ᠣᠷᠭᠠᠨᠢᠭ ᠪᠦᠲᠦᠭᠡᠭᠳᠡᠬᠦᠨ ᠤ ᠭᠡᠷᠡᠴᠢᠯᠡᠯ ᠬᠢᠬᠦ ᠶᠢ ᠢᠳᠡᠪᠬᠢᠲᠡᠶ ᠪᠠᠷ ᠵᠣᠷᠢᠭᠵᠢᠭᠤᠯᠤᠨ | ᠬᠥᠲᠥᠯᠥᠨ ᠵᠢᠯᠣᠭᠤᠳᠤᠨ᠎ᠠ᠃ ᠬᠤᠶᠠᠷ ᠲᠤ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠡᠭᠦᠳᠦᠨ᠎ᠡ᠃ ᠮᠠᠨ ᠤ | ᠬᠤᠲᠠ ᠶᠢᠨ ᠣᠷᠭᠠᠨᠢᠭ ᠬᠠᠭᠤᠷᠠᠶᠢᠯᠠᠭ ᠲᠠᠷᠢᠶᠠᠯᠠᠩ ᠤᠨ ᠪᠦᠲᠦᠭᠡᠭᠳᠡᠬᠦᠨ ᠤ ᠰᠢᠯᠢᠳᠡᠭ ᠶᠠᠰᠤ ᠴᠢᠨᠠᠷ ᠪᠠ | ᠪᠦᠲᠦᠭᠡᠭᠳᠡᠬᠦᠨ ᠤ ᠣᠨᠴᠠᠯᠢᠭ ᠲᠤ ᠰᠠᠭᠤᠷᠢᠯᠠᠨ᠂ ︽ᠳᠤᠮᠳᠠᠳᠤ ᠤᠯᠤᠰ ᠤᠨ ᠲᠥᠮᠥᠰᠦᠨ ᠤ ᠬᠤᠲᠠ · ᠤᠯᠠᠭᠠᠨᠴᠠᠪ︾ | ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢ ᠪᠣᠶ ᠪᠣᠯᠭᠠᠵᠤ᠂ ︽ᠤᠯᠠᠭᠠᠨᠴᠠᠪ ᠤᠨ | ᠲᠥᠮᠥᠰᠥ︾ ᠶᠢᠨ ᠣᠷᠣᠨ ᠪᠦᠰᠡ ᠶᠢᠨ ᠣᠨᠴᠠᠯᠢᠭ ᠪᠥᠬᠦᠶ ᠣᠷᠭᠠᠨᠢᠭ ᠬᠠᠭᠤᠷᠠᠶ ᠪᠠᠷ ᠲᠠᠷᠢᠬᠤ ᠨᠠᠷᠠᠲᠤ | ᠲᠡᠮᠳᠡᠭᠲᠦ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ᠂ ᠬᠤᠷᠰᠢᠶ᠎ᠠ | ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢ ᠲᠣᠭᠲᠠᠭᠠᠯ᠂ ᠪᠠᠷᠢᠮᠵᠢᠶ᠎ᠠ ᠶᠣᠰᠣᠭᠠᠷ ᠣᠷᠣᠨ | ᠪᠦᠰᠡ ᠶᠢᠨ ᠣᠯᠠᠨ ᠨᠡᠶᠢᠲᠡ ᠶᠢᠨ ᠨᠠᠷᠠᠲᠤ ᠲᠡᠮᠳᠡᠭᠲᠦ ᠶᠢ ᠨᠢᠭᠡᠳᠦᠯᠲᠡᠶ ᠬᠡᠷᠡᠭᠯᠡᠬᠦ ᠶᠢ ᠵᠣᠷᠢᠭᠵᠢᠭᠤᠯᠵᠤ᠂ ᠲᠠᠷᠠᠬᠠᠶ | ᠪᠤᠲᠠᠷᠬᠠᠶ ᠲᠠᠷᠢᠶᠠᠯᠠᠩ ᠤᠨ ᠪᠦᠲᠦᠭᠡᠭᠳᠡᠬᠦᠨ ᠤ ᠦᠶᠯᠡᠳᠪᠦᠷᠢᠯᠡᠭᠴᠢᠳ ᠢ ᠠᠰᠢᠭ ᠲᠤᠰᠠ ᠶᠢᠨ ᠬᠠᠮᠲᠤ ᠶᠢᠨ ᠴᠣᠭᠴᠠ | ᠪᠣᠯᠭᠠᠨ ᠬᠤᠯᠪᠣᠭᠠᠯᠠᠭᠤᠯᠤᠨᠠ᠃ ᠭᠤᠷᠪᠠ ᠳᠤ ᠪᠡᠶ᠎ᠡ ᠪᠠᠨ ᠳᠠᠭᠠᠭᠠᠭᠰᠠᠨ ᠨᠡᠷᠡᠲᠦ ᠲᠡᠮᠳᠡᠭ ᠢ ᠡᠭᠦᠳᠦᠨ ᠪᠠᠶᠢᠭᠤᠯᠤᠨ᠎ᠠ | ᠃ ᠪᠥᠬᠦ ᠬᠤᠲᠠ ᠶᠢᠨ ᠣᠷᠭᠠᠨᠢᠭ ᠬᠠᠭᠤᠷᠠᠶ ᠪᠠᠷ ᠲᠠᠷᠢᠬᠤ ᠰᠠᠭᠤᠷᠢᠨ ᠭᠠᠵᠠᠷ ᠢ ᠢᠳᠡᠪᠬᠢᠲᠡᠶ ᠪᠠᠷ ᠬᠥᠲᠥᠯᠥᠨ | ᠵᠢᠯᠣᠭᠤᠳᠴᠤ ᠪᠠᠶᠢᠭᠠᠳ ᠬᠥᠲᠥᠴᠢ ᠠᠵᠤ ᠠᠬᠤᠶᠢᠯᠠᠯ᠂ ᠬᠤᠷᠰᠢᠶ᠎ᠠ ᠵᠡᠷᠭᠡ ᠰᠢᠨ᠎ᠡ ᠬᠡᠯᠪᠡᠷᠢ ᠶᠢᠨ ᠲᠠᠷᠢᠶᠠᠯᠠᠩ ᠤᠨ | ᠡᠵᠡᠩᠨᠡᠯᠲᠡ ᠶᠢᠨ ᠭᠤᠤᠯ ᠴᠣᠭᠴᠠ ᠳᠤ ᠲᠦᠰᠢᠭᠯᠡᠨ᠂ ᠲᠠᠸᠠᠷ ᠤᠨ ᠲᠡᠮᠳᠡᠭ ᠢ ᠳᠠᠩᠰᠠᠯᠠᠬᠤ ᠪᠠ ᠨᠠᠷᠠᠲᠤ | ᠲᠡᠮᠳᠡᠭᠲᠦ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠨ᠎ᠡ᠃ | ᠲᠠᠪᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ | ︽ᠲᠥᠮᠥᠰᠥᠨ ᠤ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 35 ᠳ᠋ᠤᠭᠠᠷ ᠲᠣᠭᠠᠲᠤ︶ ᠤᠨ | ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠤᠯᠤᠰ ᠠᠴᠠ ᠪᠠᠭᠤᠯᠭᠠᠭᠰᠠᠨ | ᠡᠷᠳᠡᠨᠢ ᠰᠢᠰᠢ ᠪᠠ ᠰᠢᠷ᠎ᠠ ᠪᠤᠷᠴᠠᠭ ᠦᠢᠯᠡᠳᠪᠦᠷᠢᠯᠡᠭᠴᠢ ᠶᠢᠨ ᠨᠥᠬᠦᠪᠥᠷᠢ ᠳᠣᠲᠣᠷ᠎ᠠ ᠠᠴᠠ 5 % ᠶᠢᠨ ᠪᠠᠯᠠ | ᠮᠥᠩᠭᠦ ᠲᠣᠬᠢᠷᠠᠭᠤᠯᠬᠤ ᠶᠢ ᠠᠰᠢᠭᠯᠠᠨ᠂ ᠮᠠᠨ ᠤ ᠬᠤᠲᠠ ᠶᠢᠨ ᠲᠥᠮᠥᠰᠥᠨ ᠤ ᠠᠵᠤ ᠦᠶᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠳᠤ ᠨᠥᠬᠦᠪᠦᠷᠢ ᠪᠣᠯᠭᠠᠨ ᠬᠡᠷᠡᠭᠯᠡᠵᠦ᠂ 2021 ᠣᠨ ᠳᠤ ᠳᠤᠤᠷᠠᠬᠢ ᠮᠡᠲᠦ | ᠲᠥᠮᠥᠰᠥᠨ ᠤ ᠠᠵᠤ ᠦᠶᠯᠡᠰ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ | ︵ᠨᠢᠭᠡ︶ ᠨᠢᠭᠡᠳᠦᠭᠡᠷ ᠳᠡᠰ ᠤᠨ ᠦᠷ᠎ᠡ ᠶᠢᠨ ᠲᠥᠮᠥᠰᠥ ᠶᠢᠨ ᠨᠥᠬᠦᠪᠥᠷᠢ ︵ᠲᠥᠮᠥᠰᠥ | ᠦᠢᠯᠡᠳᠪᠦᠷᠢᠯᠡᠭᠴᠢ ᠶᠢᠨ ᠨᠥᠬᠦᠪᠥᠷᠢ︶᠃ ᠪᠦᠬᠦ ᠬᠤᠲᠠ ᠶᠢᠨ ᠨᠢᠭᠡᠳᠦᠭᠡᠷ ᠳᠡᠰ ᠤᠨ ᠦᠷ᠎ᠡ ᠶᠢᠨ ᠲᠥᠮᠥᠰᠥ ᠠᠴᠠ | ᠳᠡᠭᠡᠭᠰᠢᠬᠢ ᠲᠥᠮᠥᠰᠥ ᠲᠠᠷᠢᠭᠰᠠᠳ ᠲᠤ ᠨᠥᠬᠦᠪᠥᠷᠢ ᠥᠭᠴᠦ᠂ ᠠᠩᠬ᠎ᠠ ᠠᠯᠬᠤᠮ ᠤᠨ ᠲᠥᠯᠥᠪᠯᠡᠭᠡ ᠶᠢᠨ | ᠨᠥᠬᠦᠪᠥᠷᠢ ᠶᠢᠨ ᠪᠠᠷᠢᠮᠵᠢᠶ᠎ᠠ ᠶᠢ 40 ᠲᠥᠭᠦᠷᠢᠭ ᠣᠷᠴᠢᠮ ᠪᠠᠶᠢᠯᠭᠠᠨ᠎ᠠ᠃ ᠣᠷᠭᠠᠨᠢᠭ ᠬᠠᠭᠤᠷᠠᠶ ᠪᠠᠷ ᠲᠠᠷᠢᠬᠤ | ᠲᠥᠮᠥᠰᠥᠨ ᠤ ᠵᠢᠱᠢᠶ᠎ᠡ ᠦᠵᠡᠭᠦᠯᠬᠦ ᠣᠷᠣᠨ ᠳᠣᠲᠣᠷ᠎ᠠ᠂ ᠲᠥᠪᠯᠡᠷᠡᠨ ᠵᠠᠯᠭᠠᠯᠳᠤᠭᠰᠠᠨ ᠣᠷᠭᠠᠨᠢᠭ ᠬᠠᠭᠤᠷᠠᠶ ᠪᠠᠷ | ᠲᠠᠷᠢᠬᠤ ᠰᠠᠭᠤᠷᠢᠨ ᠭᠠᠵᠠᠷ ᠲᠠᠢ ᠪᠠᠶᠢᠵᠤ᠂ ᠣᠷᠭᠠᠨᠢᠭ ᠬᠠᠭᠤᠷᠠᠶᠢᠯᠠᠭ ᠲᠠᠷᠢᠶᠠᠯᠠᠩ ᠤᠨ ᠦᠶᠯᠡᠳᠪᠦᠷᠢᠯᠡᠯ ᠤᠨ | ᠠᠵᠢᠯᠯᠠᠭᠠᠨ ᠤ ᠮᠡᠷᠭᠡᠵᠢᠯ ᠤᠨ ᠳᠥᠷᠢᠮᠵᠢᠯ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠦᠶᠯᠡᠳᠪᠦᠷᠢᠯᠡᠬᠦ ᠪᠠ | ᠬᠠᠮᠢᠶᠠᠷᠬᠤ ᠶᠢᠨ ᠬᠠᠮᠲᠤ᠂ ᠦᠶᠯᠡᠳᠪᠦᠷᠢᠯᠡᠭᠰᠡᠨ ᠦᠶᠯᠡᠳᠬᠦᠨ ᠳᠤ ᠣᠷᠭᠠᠨᠢᠭ ᠭᠡᠷᠡᠴᠢᠯᠡᠭᠡ ᠬᠢᠭᠰᠡᠨ ᠠᠵᠤ ᠠᠬᠤᠶᠢᠯᠠᠯ | ᠂ ᠬᠤᠷᠰᠢᠶ᠎ᠠ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠳᠤ ᠨᠥᠬᠦᠪᠥᠷᠢ ᠥᠭᠴᠦ᠂ | ᠨᠥᠬᠦᠪᠦᠷᠢ ᠶᠢᠨ ᠪᠠᠷᠢᠮᠵᠢᠶ᠎ᠠ ᠨᠢ 150 ᠲᠥᠭᠦᠷᠢᠭ / ᠮᠥ ᠪᠣᠯᠣᠨ᠎ᠠ᠃ ︵ᠣᠷᠭᠠᠨᠢᠭ ᠬᠠᠭᠤᠷᠠᠶ ᠪᠠᠷ ᠳᠠᠷᠢᠬᠤ | ᠨᠥᠬᠦᠪᠥᠷᠢ ᠬᠦᠷᠲᠡᠵᠦ ᠪᠠᠶᠢᠭ᠎ᠠ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠨᠢ | ᠦᠶᠯᠡᠳᠪᠦᠷᠢᠯᠡᠭᠴᠢ ᠶᠢᠨ ᠨᠥᠬᠦᠪᠥᠷᠢ ᠶᠢ ᠭᠥᠷᠳᠡᠬᠦ ᠥᠬᠡᠶ︶᠃ | ︵ᠬᠤᠶᠠᠷ︶ ᠰᠢᠨ᠎ᠡ ᠡᠭᠦᠯᠳᠡᠷ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠮᠡᠷᠭᠡᠵᠢᠯ ᠢ ᠳᠡᠯᠭᠡᠷᠡᠭᠦᠯᠬᠦ | ᠨᠥᠬᠦᠪᠥᠷᠢ᠃ ᠦᠷ᠎ᠡ ᠶᠢᠨ ᠢᠨᠵᠧᠨᠧᠷᠢᠩ ᠢ ᠬᠡᠷᠡᠭᠵᠢᠭᠦᠯᠬᠦ ᠲᠤᠬᠠᠢ ᠲᠥᠪ ᠤᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠷᠮᠠᠰᠢᠭᠤᠯᠬᠤ ᠲᠣᠭᠲᠠᠴᠠ ᠶᠢᠨ | ᠰᠢᠨ᠎ᠡ ᠶᠢ ᠡᠭᠦᠳᠴᠦ᠂ ᠦᠷ᠎ᠡ ᠶᠢᠨ ᠲᠥᠮᠥᠰᠥ ᠶᠢᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ | ᠨᠢᠭᠡᠴᠢ ᠶᠢᠨ ᠲᠥᠮᠥᠰᠥ ᠶᠢᠨ ᠰᠢᠨ᠎ᠡ ᠡᠭᠦᠯᠳᠡᠷ ᠢ ᠰᠣᠩᠭᠤᠨ ᠪᠣᠶᠢᠵᠢᠭᠤᠯᠬᠤ ᠪᠠ ᠳᠡᠯᠭᠡᠷᠡᠭᠦᠯᠬᠦ ᠡᠷᠴᠢᠮ ᠢᠶᠠᠨ | ᠴᠢᠩᠭᠠᠷᠠᠭᠤᠯᠬᠤ ᠶᠢ ᠵᠣᠷᠢᠭᠵᠢᠭᠤᠯᠵᠤ᠂ ᠮᠠᠨ ᠤ ᠬᠤᠲᠠ ᠶᠢᠨ ᠲᠥᠮᠥᠰᠥ ᠶᠢᠨ ᠣᠳᠣᠬᠢᠴᠢᠯᠠᠭᠰᠠᠨ ᠦᠷ᠎ᠡ ᠶᠢᠨ | ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃ ᠬᠤᠲᠠ ᠶᠢᠨ ᠳᠣᠲᠣᠷᠠᠬᠢ ᠦᠷ᠎ᠡ ᠶᠢᠨ ᠲᠥᠮᠥᠰᠥ ᠶᠢᠨ | ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠤᠯ ᠤᠨ ᠨᠢᠭᠡᠴᠢ ᠶᠢᠨ ᠪᠤᠶᠢᠵᠢᠭᠤᠯᠤᠭᠰᠠᠨ ᠲᠥᠮᠥᠰᠥ ᠶᠢᠨ | ᠰᠢᠨ᠎ᠡ ᠡᠭᠦᠯᠳᠡᠷ ᠲᠤ᠂ ᠪᠥᠬᠦ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠵᠢᠯ ᠤᠨ ᠳᠡᠯᠭᠡᠷᠡᠭᠦᠯᠬᠦ ᠳᠡᠯᠭᠡᠷᠡᠭᠦᠯᠬᠦ | ᠲᠠᠯᠠᠪᠠᠶ ᠨᠢ 10 ᠲᠦᠮᠡᠨ ᠮᠥ ᠠᠴᠠ ᠳᠡᠭᠡᠭᠰᠢᠬᠢ ᠡᠭᠦᠯᠳᠡᠷ ᠢ᠂ ᠨᠢᠭᠡ ᠯᠡ ᠤᠳᠠᠭ᠎ᠠ ᠳᠤ 500 ᠲᠦᠮᠡᠨ | ᠲᠥᠭᠦᠷᠢᠭ ᠢᠶᠠᠷ ᠱᠠᠩᠨᠠᠨ᠎ᠠ︔ ᠥᠪᠡᠷᠲᠡᠭᠡᠨ ᠵᠠᠰᠠᠬᠤ ᠣᠷᠣᠨ ᠳᠣᠲᠣᠷ᠎ᠠ ᠵᠢᠯ ᠤᠨ ᠳᠡᠯᠭᠡᠷᠡᠭᠦᠯᠬᠦ ᠲᠠᠯᠠᠪᠠᠶ ᠨᠢ 30 | ᠲᠦᠮᠡᠨ ᠮᠦ ᠠᠴᠠ ᠳᠡᠭᠡᠭᠰᠢᠬᠢ ᠡᠭᠦᠯᠳᠡᠷ ᠢ ᠨᠢᠭᠡ ᠤᠳᠠᠭ᠎ᠠ ᠳᠤ 1000 ᠲᠦᠮᠡᠨ ᠲᠥᠭᠦᠷᠢᠭ ᠢᠶᠠᠷ ᠱᠠᠩᠨᠠᠨ᠎ᠠ᠃ | ︵ᠭᠤᠷᠪᠠ︶ ᠲᠥᠮᠥᠰᠥ ᠡᠳ᠋ᠰᠢᠭᠦᠯᠬᠦ ᠵᠠᠬᠢᠶᠠᠯᠠᠭ᠎ᠠ ᠶᠢᠨ ᠨᠥᠬᠦᠪᠥᠷᠢ᠃ ᠡᠳ᠋ᠰᠢᠭᠦᠯᠬᠦ ᠲᠤᠰᠬᠠᠢ ᠬᠡᠷᠡᠭᠯᠡᠭᠡᠨ ᠤ | ᠲᠥᠮᠥᠰᠥ ᠲᠠᠷᠢᠭᠴᠢᠳ ᠲᠤ ᠨᠥᠬᠦᠪᠥᠷᠢ ᠣᠯᠭᠤᠨ᠎ᠠ᠃ ᠮᠠᠨ ᠤ ᠬᠤᠲᠠ ᠶᠢᠨ ᠬᠢᠯᠢ ᠳᠣᠲᠣᠷ᠎ᠠ ᠲᠥᠮᠥᠰᠥᠨ ᠵᠤᠷᠪᠤᠰ᠂ | ᠲᠥᠮᠥᠰᠥᠨ ᠢᠯᠲᠠᠰᠤ᠂ ᠪᠦᠷᠢᠨ ᠲᠠᠯᠬ᠎ᠠ ᠪᠣᠯᠪᠠᠰᠤᠷᠠᠭᠤᠯᠬᠤ ᠠᠵᠤ ᠠᠬᠤᠶᠢᠯᠠᠯ ᠲᠠᠢ ᠭᠡᠷ᠎ᠡ ᠲᠣᠭᠲᠠᠵᠤ᠂ | ᠬᠦᠴᠦᠨ ᠲᠠᠢ ᠵᠠᠬᠢᠶᠠᠯᠠᠭ᠎ᠠ ᠶᠢᠨ ᠬᠠᠭᠤᠳᠠᠰᠤ ᠲᠠᠢ ᠲᠠᠷᠢᠭᠴᠢᠳ᠂ ᠵᠠᠬᠢᠶᠠᠯᠠᠭ᠎ᠠ ᠶᠢᠨ ᠬᠠᠭᠤᠳᠠᠰᠤᠨ ᠳᠤ ᠭᠠᠷ ᠤᠨ | ᠦᠰᠦᠭ ᠵᠢᠷᠤᠬᠤ ᠪᠠᠷ ᠪᠠᠶᠢᠭ᠎ᠠ ᠲᠠᠷᠢᠮᠠᠯ ᠤᠨ ᠠᠵᠤ ᠠᠬᠤᠶᠢᠯᠠᠯ᠂ ᠲᠣᠮᠣ ᠡᠷᠦᠬᠡ ᠬᠢᠭᠡᠳ ᠡᠳ᠋ᠰᠢᠭᠦᠯᠬᠦ ᠠᠵᠤ | ᠠᠬᠤᠶᠢᠯᠠᠯ ᠨᠢ ᠭᠡᠷ᠎ᠡ ᠶᠢᠨ ᠪᠣᠯᠵᠤᠭ᠎ᠠ ᠶᠣᠰᠣᠭᠠᠷ ᠠᠷᠠᠯᠵᠢᠶ᠎ᠠ ᠬᠢᠵᠦ᠂ ᠵᠠᠬᠢᠶᠠᠯᠠᠭ᠎ᠠ ᠶᠢᠨ ᠲᠠᠷᠢᠮᠠᠯ ᠤᠨ ᠡᠷᠦᠬᠡ ᠳᠤ ᠮᠦ | ᠪᠦᠷᠢ ᠳᠡᠭᠡᠨ 150 ᠲᠥᠭᠦᠷᠢᠭ ᠤᠨ ᠨᠥᠬᠦᠪᠥᠷᠢ ᠦᠭᠴᠦ᠂ ᠬᠠᠭᠤᠷᠠᠶ ᠲᠠᠷᠢᠶᠠᠨ ᠤ ᠠᠷᠠᠯᠵᠢᠶ᠎ᠠ ᠶᠢᠨ ᠬᠡᠮᠵᠢᠶ᠎ᠡ ᠶᠢ | ᠮᠦ ᠪᠦᠷᠢ ᠳᠡᠭᠡᠨ 500 ᠵᠢᠩ ᠠᠴᠠ ᠳᠣᠣᠷ᠎ᠠ ᠪᠠᠶᠢᠯᠭᠠᠵᠤ ᠪᠣᠯᠬᠤ ᠦᠭᠡᠶ᠂ ᠤᠰᠤᠨ ᠭᠠᠵᠠᠷ ᠤᠨ ᠠᠷᠠᠯᠵᠢᠶ᠎ᠠ ᠶᠢᠨ | ᠬᠡᠮᠵᠢᠶ᠎ᠡ ᠶᠢ ᠮᠦ ᠪᠦᠷᠢ ᠳᠡᠭᠡᠨ 4000 ᠵᠢᠩ ᠠᠴᠠ ᠳᠣᠣᠷ᠎ᠠ ᠪᠠᠶᠢᠯᠭᠠᠵᠤ ᠪᠣᠯᠬᠤ ᠦᠭᠡᠶ᠃ ᠭᠤᠤᠯ ᠪᠣᠯᠬᠤ | ᠡᠭᠦᠯᠳᠡᠷ ᠨᠢ ᠳ᠋ᠠ ᠰᠢ ᠶᠠᠩ᠂ ᠰᠢᠶᠠ ᠫᠦᠸᠧ ᠳ᠋ᠢ᠂ ᠪᠦ᠋ ᠡᠯ ᠪᠠᠨ ᠺᠧ᠂ ᠶᠢᠩ ᠨᠢ ᠸᠧᠶ ᠲᠧ᠂ ᠰᠢ ᠰᠧᠨ 6 | ᠨᠣᠮᠧᠷᠲᠤ᠂ ᠬᠤᠸᠠ ᠰᠦᠩ 7 ᠨᠣᠮᠧᠷᠲᠤ᠂ ᠮᠠᠶ ᠺᠧᠨ 1 ᠨᠣᠮᠧᠷᠲᠤ᠂ ᠮᠢᠨ ᠹᠧᠩ 12 ᠨᠣᠮᠧᠷᠲᠤ ᠵᠡᠷᠭᠡ ᠪᠣᠢ᠃ | ︵ᠡᠳ᠋ᠰᠢᠭᠦᠯᠬᠦ ᠵᠠᠬᠢᠶᠠᠯᠠᠭ᠎ᠠ ᠶᠢᠨ ᠨᠥᠬᠦᠪᠥᠷᠢ ᠭᠥᠷᠳᠡᠵᠦ ᠪᠠᠶᠢᠭ᠎ᠠ ᠲᠠᠷᠢᠮᠠᠯ ᠤᠨ ᠡᠷᠦᠬᠡ ᠦᠶᠯᠡᠳᠪᠦᠷᠢᠯᠡᠭᠴᠢ ᠶᠢᠨ | ᠨᠥᠬᠦᠪᠥᠷᠢ ᠶᠢ ᠭᠥᠷᠳᠡᠬᠦ ᠥᠬᠡᠶ︶᠃ | ᠡᠳ᠋ᠰᠢᠭᠦᠯᠬᠦ ᠠᠵᠤ ᠠᠬᠤᠶᠢᠯᠠᠯ ᠳᠤ ᠡᠳ᠋ᠰᠢᠭᠦᠯᠬᠦ ᠨᠥᠬᠦᠪᠥᠷᠢ ᠣᠯᠭᠤᠵᠤ᠂ ᠬᠤᠲᠠ ᠶᠢᠨ ᠳᠣᠲᠣᠷᠠᠬᠢ ᠲᠥᠮᠥᠰᠥ | ᠡᠳ᠋ᠰᠢᠭᠦᠯᠬᠦ ᠠᠵᠤ ᠠᠬᠤᠶᠢᠯᠠᠯ ᠬᠢᠭᠡᠳ ᠲᠠᠷᠢᠮᠠᠯ ᠤᠨ ᠡᠷᠦᠬᠡ ᠶᠢᠨ ᠲᠣᠭᠲᠠᠪᠤᠷᠢᠲᠠᠢ ᠠᠰᠢᠭ ᠲᠤᠰᠠ ᠶᠢᠨ | ᠬᠤᠯᠪᠣᠭᠠᠯᠠᠬᠤ ᠲᠣᠭᠲᠠᠴᠠ ᠶᠢ ᠪᠠᠶᠢᠭᠤᠯᠬᠤ ᠳᠤ ᠵᠣᠷᠢᠭᠵᠢᠭᠤᠯᠤᠨ᠂ ᠪᠠᠷᠢᠮᠵᠢᠶᠠᠵᠢᠭᠤᠯᠤᠨ ᠲᠠᠷᠢᠭᠰᠠᠨ ᠪᠥᠭᠡᠳ | ᠬᠦᠴᠦᠨ ᠲᠠᠢ ᠵᠠᠬᠢᠶᠠᠯᠠᠭ᠎ᠠ ᠶᠢᠨ ᠬᠠᠭᠤᠳᠠᠰᠤ ᠶᠢ ᠪᠤᠢ ᠪᠣᠯᠭᠠᠭᠰᠠᠨ ᠪᠠᠶᠢᠪᠠᠯ᠂ ᠬᠤᠳᠠᠯᠳᠤᠨ ᠠᠪᠬᠤ ᠭᠤᠤᠯ | ᠴᠣᠭᠴᠠ ᠳᠤ 20 ᠲᠥᠭᠦᠷᠢᠭ / ᠲᠣᠨ ᠤ ᠨᠥᠬᠦᠪᠥᠷᠢ ᠣᠯᠭᠤᠨ᠎ᠠ᠃ ᠭᠤᠣᠯ ᠪᠣᠯᠬᠤ ᠡᠭᠦᠯᠳᠡᠷ ᠳᠤ ᠳᠡᠭᠡᠷ᠎ᠡ | ᠳᠤᠷᠠᠳᠤᠭᠰᠠᠨ ᠡᠳ᠋ᠰᠢᠭᠦᠯᠬᠦ ᠲᠤᠰᠬᠠᠢ ᠬᠡᠷᠡᠭᠯᠡᠭᠡᠨ ᠤ ᠲᠥᠮᠥᠰᠥ ᠵᠡᠷᠭᠡ ᠡᠭᠦᠯᠳᠡᠷ ᠪᠠᠭᠲᠠᠨ᠎ᠠ᠃ | ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠷᠠᠭᠤᠯᠤᠨ᠎ᠠ᠃ ᠬᠤᠲᠠ᠂ ᠰᠢᠶᠠᠨ ᠬᠤᠶᠠᠷ | ᠱᠠᠲᠤ ᠨᠢ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ | ᠪᠣᠯᠭᠠᠭᠰᠠᠨ᠂ ᠡᠳ᠋ ᠤᠨ ᠵᠠᠰᠠᠭ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠲᠠᠷᠢᠶᠠᠯᠠᠩ ᠮᠠᠯ ᠠᠵᠤ ᠠᠬᠤᠶ᠂ | ᠰᠢᠨᠵᠢᠯᠡᠬᠦ ᠤᠬᠠᠭᠠᠨ ᠮᠡᠷᠭᠡᠵᠢᠯ᠂ ᠲᠠᠷᠢᠶᠠᠯᠠᠩ ᠣᠶ ᠰᠢᠭᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ | ᠵᠡᠷᠭᠡ ᠰᠠᠯᠠᠭ᠎ᠠ ᠮᠥᠴᠢᠷ ᠤᠳ ᠣᠷᠣᠯᠴᠠᠭᠰᠠᠨ ᠬᠠᠭᠤᠷᠠᠶ ᠪᠠᠷ ᠲᠠᠷᠢᠬᠤ ᠲᠥᠮᠥᠰᠥ ᠶᠢ ᠵᠣᠬᠢᠴᠠᠭᠤᠯᠤᠨ ᠤᠳᠤᠷᠢᠳᠬᠤ | ᠳᠤᠭᠤᠶᠢᠯᠠᠩ ᠢ ᠪᠠᠶᠢᠭᠤᠯᠤᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠲᠠ᠂ ᠬᠤᠰᠢᠭᠤ ᠰᠢᠶᠠᠨ ᠤ | ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠤ ᠲᠣᠬᠢᠷᠠᠭᠤᠯᠵᠤ᠂ ᠵᠣᠬᠢᠶᠠᠨ ᠪᠠᠶᠢᠭᠤᠯᠬᠤ᠂ | ᠵᠣᠬᠢᠴᠠᠭᠤᠯᠬᠤ᠂ ᠲᠥᠯᠥᠪᠵᠢᠭᠦᠯᠬᠦ᠂ ᠲᠥᠰᠦᠯ ᠲᠣᠭᠲᠠᠭᠠᠬᠤ ᠶᠢ ᠪᠣᠳᠠᠲᠠᠶ ᠬᠠᠷᠢᠭᠤᠴᠠᠨ᠎ᠠ᠃ | ︵ᠬᠤᠶᠠᠷ︶ ᠮᠡᠷᠭᠡᠵᠢᠯ ᠤᠨ ᠦᠶᠯᠡᠴᠢᠯᠡᠭᠡ ᠶᠢ ᠴᠢᠩᠭᠠᠷᠠᠭᠤᠯᠤᠨ᠎ᠠ᠃ ᠬᠤᠲᠠ ᠰᠢᠶᠠᠨ ᠬᠤᠶᠠᠷ ᠱᠠᠲᠤᠨ ᠤ | ᠲᠠᠷᠢᠶᠠᠯᠠᠩ ᠮᠠᠯ ᠠᠵᠤ ᠠᠬᠤᠶ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠰᠠᠯᠠᠭ᠎ᠠ ᠮᠥᠴᠢᠷ ᠤᠨ ᠲᠤᠰᠬᠠᠶ | ᠮᠡᠷᠭᠡᠵᠢᠯᠲᠡᠨ᠂ ᠮᠡᠷᠭᠡᠵᠢᠯ ᠤᠨ ᠭᠤᠣᠯᠯᠠᠭᠴᠢ ᠬᠦᠴᠦᠨ ᠪᠠ ᠲᠠᠷᠢᠶᠠᠯᠠᠩ ᠤᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ | ᠭᠤᠤᠯ ᠴᠣᠭᠴᠠ ᠵᠡᠷᠭᠡ ᠳᠠᠭᠠᠭᠤᠯᠤᠭᠴᠢ ᠶᠢ ᠰᠤᠭᠤᠴᠢᠨ ᠵᠣᠬᠢᠶᠠᠨ ᠪᠠᠶᠢᠭᠤᠯᠵᠤ ᠪᠠᠶᠢᠭᠠᠳ ᠵᠣᠬᠢᠬᠤ ᠮᠡᠷᠭᠡᠵᠢᠯ ᠤᠨ | ᠵᠢᠯᠣᠭᠤᠳᠬᠤ ᠳᠤᠭᠤᠶᠢᠯᠠᠩ ᠪᠠᠶᠢᠭᠤᠯᠵᠤ᠂ ᠠᠬᠠᠯᠠᠭᠴᠢ ᠲᠤᠰᠬᠠᠶ ᠮᠡᠷᠭᠡᠵᠢᠯᠲᠡᠨ ᠢ ᠲᠣᠭᠲᠠᠭᠠᠨ᠂ ᠬᠠᠭᠤᠷᠠᠶ ᠪᠠᠷ | ᠲᠠᠷᠢᠬᠤ ᠲᠥᠮᠥᠰᠥ ᠶᠢᠨ ᠲᠠᠷᠢᠮᠠᠯ ᠤᠨ ᠰᠠᠭᠤᠷᠢᠨ ᠭᠠᠵᠠᠷ ᠪᠠ ᠵᠢᠱᠢᠶ᠎ᠡ ᠦᠵᠡᠭᠦᠯᠬᠦ ᠣᠷᠣᠨ ᠳᠤ | ᠦᠶᠯᠡᠳᠪᠦᠷᠢᠯᠡᠬᠦ ᠠᠴᠠ ᠡᠮᠦᠨᠡᠬᠢ᠂ ᠦᠶᠯᠡᠳᠪᠦᠷᠢᠯᠡᠬᠦ ᠶᠢᠨ ᠳᠤᠮᠳᠠᠬᠢ᠂ ᠦᠶᠯᠡᠳᠪᠦᠷᠢᠯᠡᠭᠰᠡᠨ ᠤ ᠳᠠᠷᠠᠭᠠᠬᠢ ᠮᠥᠷᠳᠡᠬᠦ | ᠮᠡᠷᠭᠡᠵᠢᠯ ᠤᠨ ᠵᠢᠯᠣᠭᠤᠳᠬᠤ ᠦᠶᠯᠡᠴᠢᠯᠡᠭᠡ ᠬᠠᠩᠭᠠᠵᠤ᠂ ︽ᠲᠤᠰᠬᠠᠶ ᠮᠡᠷᠭᠡᠵᠢᠯᠲᠡᠨ ᠤ ᠳᠤᠭᠤᠶᠢᠯᠠᠩ + | ᠲᠠᠷᠢᠮᠠᠯ ᠤᠨ ᠰᠠᠭᠤᠷᠢᠨ ᠭᠠᠵᠠᠷ︾ ︽ᠲᠠᠷᠢᠶᠠᠯᠠᠩ ᠤᠨ ᠲᠤᠰᠬᠠᠶ ᠮᠡᠷᠭᠡᠵᠢᠯᠲᠡᠨ + ᠵᠢᠱᠢᠶ᠎ᠡ ᠦᠵᠡᠭᠦᠯᠬᠦ ᠣᠷᠣᠨ︾ | ᠤ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠦᠨ᠎ᠡ᠃ | ︵ᠭᠤᠷᠪᠠ︶ ᠮᠥᠩᠭᠦᠨ ᠭᠦᠶᠯᠭᠡᠭᠡᠨ ᠤ ᠳᠡᠮᠵᠢᠯᠭᠡ ᠶᠢ ᠴᠢᠩᠭᠠᠷᠠᠭᠤᠯᠤᠨ᠎ᠠ᠃ ᠲᠥᠮᠥᠰᠥᠨ ᠤ ᠦᠷ᠎ᠡ ᠶᠢᠨ | ᠲᠥᠮᠥᠰᠥᠨ ᠤ ᠠᠵᠤ ᠠᠬᠤᠶᠢᠯᠠᠯ ᠪᠠ ᠡᠳ᠋ᠰᠢᠭᠦᠯᠬᠦ ᠠᠵᠤ ᠠᠬᠤᠶᠢᠯᠠᠯ ᠤᠨ ᠵᠢᠭᠡᠯᠡᠯᠭᠡ ᠪᠤᠶᠤ ᠢᠲᠡᠭᠡᠮᠵᠢ ᠣᠯᠭᠤᠬᠤ | ᠲᠤᠭ᠎ᠠ ᠬᠡᠮᠵᠢᠶ᠎ᠡ ᠶᠢ ᠵᠣᠬᠢᠴᠠᠭᠤᠯᠤᠨ ᠳᠡᠭᠡᠭᠰᠢᠯᠡᠭᠦᠯᠵᠦ᠂ ᠵᠢᠵᠢᠭ ᠪᠢᠴᠢᠯ ᠠᠵᠤ ᠠᠬᠤᠶᠢᠯᠠᠯ ᠢ ᠳᠡᠮᠵᠢᠬᠦ ᠳᠠᠬᠢᠨ | ᠵᠢᠭᠡᠯᠡᠯᠭᠡ ᠶᠢ ᠰᠢᠨ᠎ᠡ ᠪᠠᠷ ᠨᠡᠮᠡᠭᠳᠡᠭᠦᠯᠬᠦ ᠵᠡᠷᠭᠡ ᠪᠠᠷ ᠬᠠᠭᠤᠷᠠᠶ ᠪᠠᠷ ᠲᠠᠷᠢᠬᠤ ᠲᠥᠮᠥᠰᠥᠨ ᠤ ᠵᠢᠵᠢᠭ ᠪᠢᠴᠢᠯ ᠠᠵᠤ | ᠠᠬᠤᠶᠢᠯᠠᠯ ᠢ ᠤᠷᠢᠳᠠᠪᠠᠷ ᠳᠠᠮᠵᠢᠨ᠎ᠠ᠃ ᠲᠥᠮᠥᠰᠥ ᠶᠢᠨ ᠦᠨ᠎ᠡ ᠬᠠᠩᠰᠢ ᠶᠢᠨ ᠵᠢᠭᠠᠯᠲᠠ ᠲᠤᠭ᠎ᠠ ᠶᠢᠨ ᠳᠠᠭᠠᠳᠬᠠᠯ ᠤᠨ | ᠲᠤᠷᠰᠢᠯᠲᠠ ᠶᠢᠨ ᠴᠡᠭ ᠤᠨ ᠰᠠᠭᠤᠷᠢᠨ ᠳᠡᠭᠡᠷ᠎ᠡ᠂ ᠬᠠᠭᠤᠷᠠᠶ ᠪᠠᠷ ᠳᠠᠷᠢᠬᠤ ᠲᠥᠮᠥᠰᠥ ᠶᠢᠨ ᠪᠥᠬᠦ ᠥᠪᠡᠷ ᠤᠨ | ᠥᠷᠲᠡᠭ ᠤᠨ ᠳᠠᠭᠠᠳᠬᠠᠯ᠂ ᠣᠷᠣᠯᠭ᠎ᠠ ᠶᠢᠨ ᠳᠠᠭᠠᠳᠬᠠᠯ᠂ ᠶᠡᠭᠡ ᠭᠠᠮᠰᠢᠭ ᠤᠨ ᠳᠠᠭᠠᠳᠬᠠᠯ ᠵᠡᠷᠭᠡ ᠰᠢᠨ᠎ᠡ | ᠨᠡᠷᠡᠳᠬᠦᠨ ᠢ ᠢᠳᠡᠪᠬᠢᠲᠡᠶ ᠰᠦᠪᠡᠭᠴᠢᠯᠡᠨ ᠥᠷᠨᠢᠭᠦᠯᠵᠦ᠂ ᠲᠠᠷᠢᠶᠠᠴᠢᠳ ᠤᠨ ᠠᠰᠢᠭ ᠣᠷᠣᠯᠭ᠎ᠠ ᠶᠢᠨ ᠲᠣᠭᠲᠠᠭᠤᠨ | ᠪᠠᠶᠢᠬᠤ ᠶᠢ ᠪᠠᠲᠤᠯᠠᠨ᠎ᠠ᠃ ᠵᠧᠩᠵᠸᠦ ᠶᠢᠨ ᠲᠠᠸᠠᠷ ᠤᠨ ᠠᠷᠠᠯᠵᠢᠶᠠᠨ ᠤ ᠭᠠᠵᠠᠷ ᠯᠤᠭ᠎ᠠ ᠤᠯᠠᠮ ᠨᠢᠭᠡ ᠠᠯᠬᠤᠮ | ᠵᠣᠬᠢᠴᠠᠭᠤᠯᠤᠨ ᠨᠡᠪᠲᠡᠷᠡᠯᠴᠡᠵᠦ᠂ ᠲᠥᠮᠥᠰᠥ ᠶᠢᠨ ᠬᠤᠭᠤᠴᠠᠭᠠᠲᠤ ᠪᠠᠷᠠᠭ᠎ᠠ ᠶᠢᠨ ᠵᠠᠬ᠎ᠠ ᠳᠡᠯᠭᠡᠭᠦᠷ ᠲᠤ ᠭᠠᠷᠬᠤ ᠶᠢ | ᠲᠦᠷᠭᠡᠬᠡᠨ ᠠᠬᠢᠭᠤᠯᠵᠤ᠂ ᠲᠠᠷᠢᠮᠠᠯ ᠤᠨ ᠲᠣᠮᠣ ᠡᠷᠦᠬᠡ ᠶᠢ ᠬᠠᠪᠰᠤᠷᠤᠨ ᠬᠤᠭᠤᠴᠠᠭᠠᠲᠤ ᠪᠠᠷᠠᠭ᠎ᠠ ᠶᠢᠨ ᠪᠠᠭᠠᠵᠢ ᠶᠢ | ᠠᠰᠢᠭᠯᠠᠨ ᠵᠠᠬ᠎ᠠ ᠳᠡᠯᠭᠡᠭᠦᠷ ᠤᠨ ᠬᠡᠯᠪᠡᠯᠵᠡᠯ ᠤᠨ ᠲᠦᠭᠰᠢᠭᠦᠷᠢ ᠶᠢ ᠠᠷᠢᠯᠭᠠᠨ᠎ᠠ᠃ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠲᠣᠭᠲᠠᠭᠠᠵᠤ᠂ ᠨᠡᠶᠢᠭᠡᠮ ᠤᠨ ᠬᠥᠷᠥᠩᠭᠡ ᠶᠢ ᠲᠠᠲᠠᠵᠤ ᠪᠠᠶᠢᠭᠠᠳ ᠬᠠᠭᠤᠷᠠᠶ ᠪᠠᠷ ᠲᠠᠷᠢᠬᠤ ᠲᠥᠮᠥᠰᠥ ᠶᠢᠨ | ᠠᠵᠤ ᠦᠶᠯᠡᠰ ᠲᠤ ᠪᠠᠯᠠ ᠣᠷᠣᠭᠤᠯᠤᠨ᠂ ᠲᠥᠮᠥᠰᠥ ᠶᠢᠨ ᠠᠵᠤ ᠦᠶᠯᠡᠰ ᠤᠨ ᠦᠷᠭᠦᠯᠵᠢᠯᠡᠨ ᠲᠣᠭᠲᠠᠭᠤᠨ ᠪᠥᠭᠡᠳ | ᠡᠷᠡᠭᠦᠯ ᠢᠶᠠᠷ ᠬᠥᠭᠵᠢᠬᠦ ᠶᠢ ᠬᠦᠴᠦ ᠪᠠᠨ ᠬᠠᠮᠲᠤᠳᠬᠠᠨ ᠠᠬᠢᠭᠤᠯᠤᠨ᠎ᠠ᠃ | ︵ᠳᠥᠷᠪᠡ︶ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠭᠠᠷᠠᠭᠤᠯᠤᠨ᠎ᠠ᠃ ᠬᠠᠭᠤᠷᠠᠶ ᠪᠠᠷ ᠲᠠᠷᠢᠬᠤ | ᠲᠥᠮᠥᠰᠥ ᠶᠢᠨ ᠲᠠᠷᠢᠮᠠᠯ ᠤᠨ ᠬᠡᠷᠡᠭᠵᠢᠭᠦᠯᠬᠦ ᠠᠭᠤᠯᠭ᠎ᠠ ᠪᠠ ᠡᠭᠦᠳᠦᠨ ᠪᠠᠶᠢᠭᠤᠯᠤᠭᠰᠠᠨ ᠦᠷ᠎ᠡ ᠪᠦᠲᠦᠮᠵᠢ ᠶᠢ ᠡᠯ᠎ᠡ | ᠬᠤᠰᠢᠭᠤ ᠰᠢᠶᠠᠨ ᠬᠤᠲᠠ ᠲᠣᠭᠤᠷᠢᠭ ᠤᠨ ᠭᠤᠤᠯᠳᠠᠯᠭ᠎ᠠ ᠲᠠᠢ ᠠᠵᠢᠯ ᠤᠨ ᠬᠠᠷᠠᠯᠲᠠᠲᠤ ᠬᠠᠷᠢᠭᠤᠴᠠᠯᠭ᠎ᠠ ᠶᠢᠨ | ᠲᠦᠷᠢᠮ ᠤᠨ ᠰᠢᠯᠭᠠᠨ ᠬᠢᠨᠠᠬᠤ ᠬᠡᠪᠴᠢᠶᠡᠨ ᠳᠤ ᠣᠷᠣᠭᠤᠯᠤᠨ᠎ᠠ︔ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ | ᠪᠥᠬᠦ ᠬᠤᠲᠠ ᠶᠢᠨ ᠬᠠᠭᠤᠷᠠᠶ ᠪᠠᠷ ᠲᠠᠷᠢᠬᠤ ᠲᠥᠮᠥᠰᠥ ᠶᠢᠨ ᠲᠠᠷᠢᠮᠠᠯ ᠳᠤ ᠦᠨᠡᠯᠡᠯᠲᠡ ᠬᠢᠵᠦ᠂ ᠪᠠᠷᠢᠮᠵᠢᠶ᠎ᠠ ᠳᠤ ᠬᠥᠷᠬᠦ | ᠥᠬᠡᠶ ᠭᠤᠤᠯ ᠴᠣᠭᠴᠠ ᠶᠢᠨ ᠵᠣᠬᠢᠴᠠᠩᠭᠤᠢ ᠨᠥᠬᠦᠪᠥᠷᠢ ᠶᠢ ᠬᠦᠴᠦᠨ ᠥᠬᠡᠶ ᠪᠣᠯᠭᠠᠵᠤ᠂ ᠠᠮᠵᠢᠯᠲᠠ ᠪᠦᠲᠦᠮᠵᠢ | ᠲᠣᠪᠤᠶᠢᠮ᠎ᠠ ᠠᠵᠤ ᠠᠬᠤᠶᠢᠯᠠᠯ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠦᠶᠯᠡᠴᠢᠯᠡᠭᠡᠨ ᠤ ᠪᠦᠯᠬᠦᠮ ᠨᠡᠶᠢᠲᠡ ᠶᠢ ᠱᠠᠩᠨᠠᠨ ᠬᠥᠬᠢᠭᠦᠯᠦᠨ᠎ᠡ᠃ ᠬᠢᠨᠠᠯᠲᠠ ᠲᠠᠯᠪᠢᠵᠤ | ᠪᠠᠶᠢᠴᠠᠭᠠᠬᠤ ᠪᠠᠨ ᠴᠢᠩᠭᠠᠷᠠᠭᠤᠯᠤᠨ᠂ ᠬᠤᠳᠠᠯ ᠬᠠᠭᠤᠷᠮᠠᠭ ᠵᠠᠬᠢᠶᠠᠯᠠᠭ᠎ᠠ ᠪᠣᠯᠤᠨ ᠬᠠᠮᠢᠶ᠎ᠠ ᠪᠦᠬᠦᠢ ᠨᠥᠬᠦᠪᠥᠷᠢ ᠶᠢ | ᠬᠠᠤᠯᠢ ᠪᠤᠰᠤ ᠪᠠᠷ ᠠᠪᠬᠤ ᠦᠢᠯᠡ ᠠᠵᠢᠯᠯᠠᠭ᠎ᠠ ᠭᠠᠷᠬᠤ ᠶᠢ ᠡᠷᠡᠰ ᠬᠤᠷᠢᠭᠯᠠᠵᠤ᠂ ᠲᠥᠷᠥᠯ ᠰᠠᠳᠤᠨ ᠨᠠᠶᠢᠵᠠ | ᠨᠥᠬᠦᠳ ᠢᠶᠠᠨ ᠬᠠᠷᠠᠭᠠᠯᠵᠠᠬᠤ᠂ ᠬᠤᠳᠠᠯ ᠬᠠᠭᠤᠷᠮᠠᠭ ᠵᠠᠬᠢᠶᠠᠯᠠᠭ᠎ᠠ ᠬᠢᠬᠦ ᠵᠡᠷᠭᠡ ᠦᠵᠡᠭᠳᠡᠯ ᠭᠠᠷᠪᠠᠯ ᠨᠥᠬᠦᠪᠥᠷᠢ ᠪᠡᠯᠡ | ᠮᠥᠩᠭᠦ ᠶᠢ ᠨᠢ ᠨᠡᠬᠡᠮᠵᠢᠯᠡᠨ ᠠᠪᠴᠤ᠂ ᠢᠷᠡᠬᠦ ᠵᠢᠯ ᠤᠨ ᠨᠥᠬᠦᠪᠥᠷᠢ ᠬᠦᠷᠲᠡᠬᠦ ᠬᠢᠷᠢ ᠬᠡᠮ ᠢ ᠨᠢ ᠬᠦᠴᠦᠨ ᠦᠭᠡᠶ | ᠪᠣᠯᠭᠠᠨ᠎ᠠ᠃ | ︵ᠲᠠᠪᠤ︶ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠷᠠᠭᠤᠯᠤᠨ᠎ᠠ᠃ ᠣᠯᠠᠨ ᠬᠡᠯᠪᠡᠷᠢ ᠶᠠᠩᠵᠤ ᠶᠢᠨ | ᠤᠬᠠᠭᠤᠯᠭ᠎ᠠ ᠪᠣᠯᠪᠠᠰᠤᠷᠠᠭᠤᠯᠤᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠦᠨ᠎ᠡ᠃ ᠰᠣᠨᠢᠨ᠂ ᠲᠧᠯᠸᠢᠰ᠂ | ᠷᠠᠳᠢᠣ᠋ ᠨᠡᠪᠲᠡᠷᠡᠭᠦᠯᠭᠡ᠂ ᠰᠦᠯᠵᠢᠶ᠎ᠡ ᠵᠢᠴᠢ ᠪᠤᠰᠤᠳ ᠣᠲᠣ ᠦᠶ᠎ᠡ ᠶᠢᠨ ᠣᠯᠠᠨ ᠨᠡᠶᠢᠲᠡ ᠶᠢᠨ ᠵᠠᠭᠤᠴᠢᠯᠠᠭᠤᠷ ᠢ | ᠭᠦᠶᠴᠡᠳ ᠠᠰᠢᠭᠯᠠᠨ᠂ ᠬᠠᠭᠤᠷᠠᠶ ᠪᠠᠷ ᠳᠠᠷᠢᠬᠤ ᠲᠥᠮᠥᠰᠥ ᠶᠢᠨ ᠬᠥᠭᠵᠢᠯᠲᠡ ᠶᠢᠨ ᠲᠥᠷᠥ ᠶᠢᠨ ᠪᠣᠳᠣᠯᠭ᠎ᠠ᠂ | ᠣᠨᠣᠯᠵᠢᠬᠤᠨ᠂ ᠮᠡᠷᠭᠡᠵᠢᠯ ᠪᠠ ᠵᠠᠭᠪᠤᠷ ᠢ ᠥᠷᠭᠡᠨ ᠢᠶᠠᠷ ᠤᠬᠠᠭᠤᠯᠵᠤ᠂ ᠡᠷᠡᠭᠦᠯ ᠡᠩᠬᠡ ᠪᠠᠷ ᠬᠡᠷᠡᠭᠯᠡᠭᠡ ᠬᠢᠬᠦ ᠶᠢ | ᠰᠠᠨᠠᠭᠠᠴᠢᠯᠠᠨ᠂ ᠥᠷᠭᠡᠨ ᠣᠯᠠᠨ ᠲᠦᠮᠡᠨ ᠤ ᠮᠡᠳᠡᠷᠡᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠯ᠎ᠡ | ᠭᠠᠵᠠᠷ ᠤᠨ ᠬᠢᠨ ᠤ ᠲᠥᠮᠥᠰᠥ ᠶᠢ ᠬᠠᠭᠤᠷᠠᠶ ᠪᠠᠷ ᠲᠠᠷᠢᠭᠠᠳ ᠠᠮᠵᠢᠯᠲᠠ ᠣᠯᠣᠭᠰᠠᠨ ᠨᠡᠶᠢᠲᠡᠯᠢᠭ ᠵᠢᠱᠢᠶ᠎ᠡ ᠶᠢ ᠨᠠᠷᠢᠨ | ᠬᠢᠨᠠᠮᠠᠭᠠᠶ ᠳ᠋ᠦᠩᠨᠡᠨ ᠭᠦᠨᠵᠡᠭᠡᠶ ᠠᠭᠤᠳᠠᠯᠵᠤ᠂ ᠶᠡᠬᠡᠪᠡᠷ ᠤᠬᠠᠭᠤᠯᠤᠨ ᠳᠡᠯᠭᠡᠷᠡᠭᠦᠯᠵᠦ᠂ ᠨᠠᠩ ᠣᠯᠠᠨ ᠲᠠᠷᠢᠭᠰᠠᠳ ᠲᠤ | ᠦᠷ᠎ᠡ ᠪᠦᠲᠦᠮᠵᠢ ᠶᠢ ᠨᠢ ᠦᠵᠡᠭᠦᠯᠵᠦ ᠦᠷ᠎ᠡ ᠠᠰᠢᠭ ᠢ ᠬᠦᠷᠲᠡᠭᠡᠨ᠎ᠡ᠃ ᠬᠤᠲᠠ ᠰᠢᠶᠠᠨ ᠰᠢᠶᠠᠩ ᠤᠨ ᠡᠯ᠎ᠡ | ᠱᠠᠲᠤᠨ ᠤ ᠵᠠᠰᠠᠭ ᠤᠨ ᠣᠷᠳᠣᠨ᠂ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠪᠣᠯᠤᠨ ᠡᠯ᠎ᠡ ᠲᠥᠷᠥᠯ ᠤᠨ | ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ᠂ ᠦᠢᠯᠡᠴᠢᠯᠡᠭᠡᠨ ᠤ ᠭᠤᠣᠯ ᠴᠣᠭᠴᠠ ᠵᠡᠷᠭᠡ ᠳᠤ ᠴᠢᠭᠯᠡᠭᠦᠯᠦᠨ | ᠲᠤᠰᠬᠠᠶ ᠰᠡᠳᠦᠪᠲᠦ ᠪᠣᠯᠪᠠᠰᠤᠷᠠᠭᠤᠯᠤᠯ ᠪᠣᠯᠤᠨ ᠲᠤᠬᠠᠶ ᠶᠢᠨ ᠲᠠᠯᠠᠪᠠᠶ ᠶᠢᠨ ᠦᠵᠡᠭᠦᠯᠦᠯᠭᠡ ᠶᠢᠨ ᠠᠵᠢᠯᠯᠠᠭ᠎ᠠ | ᠥᠷᠨᠢᠭᠦᠯᠵᠦ᠂ ᠲᠠᠨᠢᠯᠲᠠ ᠪᠣᠯᠤᠨ ᠮᠡᠷᠭᠡᠵᠢᠯ ᠤᠨ ᠴᠢᠳᠠᠪᠤᠷᠢ ᠪᠠᠨ ᠳᠡᠭᠡᠭᠰᠢᠯᠡᠭᠦᠯᠦᠨ᠂ ᠡᠯ᠎ᠡ ᠱᠠᠲᠤᠨ ᠤ ᠵᠠᠰᠠᠭ ᠤᠨ | ᠣᠷᠳᠣᠨ ᠳᠡᠮᠵᠢᠭᠰᠡᠨ᠂ ᠪᠦᠬᠦ ᠨᠡᠶᠢᠭᠡᠮ ᠢᠶᠠᠷ ᠢᠶᠠᠨ ᠬᠠᠭᠤᠷᠠᠶ ᠪᠠᠷ ᠲᠠᠷᠢᠬᠤ ᠲᠥᠮᠥᠰᠥ ᠶᠢᠨ ᠬᠥᠭᠵᠢᠯᠲᠡ ᠳᠤ | ᠢᠳᠡᠪᠬᠢᠲᠡᠶ ᠣᠷᠣᠯᠴᠠᠭᠰᠠᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃ | | |