2021 ᠣᠨ ᠳᠤ ᠯᠢᠶᠠᠩᠴᠧᠩ ᠰᠢᠶᠠᠨ ᠤ ᠠᠮᠤ ᠪᠤᠳᠠᠭᠠᠨ ᠤ ᠤᠨᠠᠯᠲᠠ ᠵᠢᠱᠢᠯᠲᠡ ᠪᠠᠷ 4.6 ᠳ᠋ᠦᠩᠰᠢᠭᠤᠷ ᠵᠢᠩ ᠳᠤ ᠬᠦᠷᠬᠦ ᠪᠣᠯᠤᠨ᠎ᠠ
ᠨᠡᠶᠢᠲᠡᠯᠡᠭᠰᠡᠨ ᠴᠠᠭ᠄
2021/11/10
    2021 ᠣᠨ ᠳᠤ᠂ ᠯᠢᠶᠠᠩᠴᠧᠩ ᠰᠢᠶᠠᠨ ᠤ ᠬᠢᠨ ᠲᠠᠷᠢᠮᠠᠯ ᠤᠨ ᠪᠦᠲᠦᠴᠡ ᠪᠠᠨ ᠲᠠᠰᠤᠷᠠᠯᠲᠠ ᠦᠭᠡᠢ ᠲᠤᠬᠢᠷᠠᠭᠤᠯᠤᠨ ᠰᠢᠯᠢᠳᠡᠭᠵᠢᠭᠦᠯᠵᠦ᠂ ᠣᠨᠴᠠᠭᠠᠶᠢᠯᠠᠨ ᠳᠠᠭ᠎ᠠ ᠶᠢᠨ ᠨᠠᠭᠤᠷ ᠤᠨ ᠡᠷᠬᠢᠨ ᠲᠣᠭᠤᠷᠢᠨ ᠳᠤ᠂ ᠤᠰᠤ ᠪᠠᠷ ᠭᠠᠩ ᠬᠠᠭᠤᠷᠠᠢ ᠶᠢ ᠬᠤᠪᠢᠷᠠᠭᠤᠯᠬᠤ ᠪᠠ ᠭᠠᠵᠠᠷ ᠰᠢᠷᠣᠢ ᠶᠢ ᠡᠭᠡᠯᠵᠢᠯᠡᠨ ᠲᠠᠷᠢᠬᠤ ᠲᠦᠷᠦᠯ ᠵᠦᠢᠯ ᠢᠶᠠᠷ ᠲᠦᠰᠢᠭ ᠪᠣᠯᠭᠠᠵᠤ᠂ ᠲᠠᠭ᠎ᠠ ᠶᠢᠨ ᠨᠠᠭᠤᠷ ᠤᠨ ᠰᠠᠪᠠ ᠭᠠᠵᠠᠷ ᠤᠨ ᠡᠷᠳᠡᠨᠢ ᠰᠢᠰᠢ᠂ ᠲᠥᠮᠥᠰᠥ ᠲᠠᠷᠢᠬᠤ ᠲᠠᠯᠠᠪᠠᠢ ᠶᠢ ᠪᠠᠭᠠᠰᠬᠠᠵᠤ᠂ ᠤᠰᠤ ᠠᠷᠪᠢᠯᠠᠬᠤ᠂ ᠭᠠᠩ ᠬᠠᠭᠰᠠᠷᠠᠭᠠᠨ ᠳᠤ ᠳᠠᠭᠠᠭᠠᠮᠠᠭᠠᠢ᠂ ᠲᠠᠷᠢᠶᠠᠨ ᠭᠠᠵᠠᠷ ᠢ ᠲᠡᠵᠢᠭᠡᠬᠦ ᠡᠯᠳᠡᠪ ᠠᠮᠤ ᠡᠯᠳᠡᠪ ᠪᠤᠷᠴᠠᠭ ᠤᠨ ᠲᠠᠷᠢᠬᠤ ᠲᠠᠯᠠᠪᠠᠢ ᠶᠢ ᠥᠷᠭᠡᠳᠬᠡᠵᠦ᠂ ᠣᠷᠭᠠᠨᠢᠭ ᠪᠤᠷᠳᠤᠭᠤᠷ ᠢ ᠬᠡᠷᠡᠭᠯᠡᠬᠦ ᠶᠢ ᠳᠡᠯᠭᠡᠷᠡᠭᠦᠯᠵᠡᠢ᠃ ᠪᠥᠬᠦ ᠰᠢᠶᠠᠨ ᠢᠶᠠᠷ ᠢᠶᠠᠨ 94.5 ᠲᠦᠮᠡᠨ ᠮᠥ ᠲᠠᠷᠢᠶᠠᠨ ᠭᠠᠵᠠᠷ᠂ ᠲᠠᠷᠢᠮᠠᠯ ᠤᠨ ᠳᠠᠷᠢᠬᠤ ᠲᠠᠯᠠᠪᠠᠶ ᠶᠢ 85.15 ᠲᠦᠮᠡᠨ ᠮᠥ ᠨᠠᠶᠢᠳᠠᠪᠤᠷᠢᠵᠢᠭᠤᠯᠪᠠ᠂ ᠡᠭᠦᠨ ᠳᠤ᠄ ᠪᠤᠭᠤᠳᠠᠶ 0.13 ᠲᠦᠮᠡᠨ ᠮᠥ᠂ ᠡᠷᠳᠡᠨᠢ ᠰᠢᠰᠢ 23 ᠲᠦᠮᠡᠨ ᠮᠥ᠂ ᠡᠯᠳᠡᠪ ᠠᠮᠤ 38.3 ᠲᠦᠮᠡᠨ ᠮᠥ᠂ ᠡᠯᠳᠡᠪ ᠪᠤᠷᠴᠠᠭ 13.6 ᠲᠦᠮᠡᠨ ᠮᠥ᠂ ᠲᠥᠮᠥᠰᠥ 2.62 ᠲᠦᠮᠡᠨ ᠮᠥ᠂ ᠪᠤᠰᠤᠳ 7.5 ᠲᠦᠮᠡᠨ ᠮᠥ ᠪᠠᠭᠳᠠᠨ᠎ᠠ᠃ ᠡᠯᠳᠡᠪ ᠠᠮᠤ ᠡᠯᠳᠡᠪ ᠪᠤᠷᠴᠠᠭ ᠳᠠᠷᠢᠬᠤ ᠲᠠᠯᠠᠪᠠᠶ ᠨᠢ ᠲᠠᠷᠢᠶᠠᠨ ᠭᠠᠵᠠᠷ ᠤᠨ ᠶᠡᠷᠦᠩᠬᠡᠶ ᠲᠠᠯᠠᠪᠠᠶ ᠶᠢᠨ 55% ᠶᠢ ᠡᠵᠡᠯᠡᠪᠡ︔ ᠠᠵᠤ ᠠᠬᠤᠶ ᠶᠢᠨ ᠲᠠᠷᠢᠮᠠᠯ ᠵᠡᠷᠭᠡ ᠶᠢᠨ ᠳᠠᠷᠢᠬᠤ ᠲᠠᠯᠠᠪᠠᠶ 9.35 ᠲᠦᠮᠡᠨ ᠮᠥ ᠳᠤ ᠬᠦᠷᠴᠦ᠂ ᠳᠠᠭ᠎ᠠ ᠶᠢᠨ ᠨᠠᠭᠤᠷ ᠤᠨ ᠡᠷᠬᠢᠨ ᠲᠣᠭᠤᠷᠢᠨ ᠤ 15 ᠲᠦᠮᠡᠨ ᠮᠥ ᠶᠢᠨ ᠲᠠᠷᠢᠶᠠᠨ ᠭᠠᠵᠠᠷ ᠲᠤ 2.87 ᠲᠦᠮᠡᠨ ᠲᠣᠨ ᠣᠷᠭᠠᠨᠢᠭ ᠪᠣᠷᠲᠣᠭᠤᠷ ᠬᠡᠷᠡᠭᠯᠡᠬᠦ ᠶᠢ ᠳᠡᠯᠭᠡᠷᠡᠭᠦᠯᠪᠡ᠃ ᠪᠦᠬᠦ ᠵᠢᠯ ᠤᠨ ᠠᠮᠤ ᠪᠤᠳᠠᠭᠠᠨ ᠤ  ᠭᠠᠷᠤᠯᠳᠠ ᠵᠢᠱᠢᠯᠲᠡ ᠪᠠᠷ 4.6 ᠳ᠋ᠦᠩᠰᠢᠭᠤᠷ ᠭᠠᠷᠤᠶ ᠵᠢᠩ ᠳᠤ ᠬᠦᠷᠬᠦ ᠪᠣᠯᠤᠨ᠎ᠠ᠃                          ᠤᠷᠴᠢᠭᠤᠯᠤᠭᠴᠢ᠄ ᠬᠦᠰᠡᠯ                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2