ᠠᠵᠤ ᠠᠬᠤᠶ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠠ
ᠨᠡᠶᠢᠲᠡᠯᠡᠭᠰᠡᠨ ᠴᠠᠭ᠄
2021/11/10
  — ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶ ᠬᠤᠩ ᠢ ᠰᠤᠷᠪᠤᠯᠵᠢᠯᠠᠪᠠ   ︽ᠬᠤᠲᠠ ᠶᠢᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ᠂ ᠰᠦᠢ ᠸᠧᠢ ᠵᠢᠶᠦ᠋ᠨ ᠱᠦᠵᠢ ᠶᠢᠨ ᠳᠥᠷᠪᠡᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶ᠎ᠠ ᠶᠢ ᠲᠦᠯᠦᠭᠡᠯᠡᠨ ᠬᠢᠭᠰᠡᠨ ᠠᠵᠢᠯ ᠤᠨ ᠢᠯᠡᠳᠬᠡᠯ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠦᠬᠦ ᠵᠤᠬᠢᠶᠠᠯ ᠳᠤ ᠨᠡᠪᠳᠡᠷᠡᠵᠦ᠂ ᠮᠠᠨ ᠤ ᠬᠤᠲᠠ ᠶᠢᠨ ᠥᠩᠭᠡᠷᠡᠭᠰᠡᠨ ᠲᠠᠪᠤᠨ ᠵᠢᠯ ᠤᠨ ᠣᠯᠤᠭᠰᠠᠨ ᠠᠮᠵᠢᠯᠲᠠ ᠶᠢ ᠦᠨᠡᠨ ᠠᠴᠠ ᠵᠥᠪ ᠢ ᠡᠷᠢᠬᠦ ᠣᠪᠣᠷ ᠢᠶᠠᠷ ᠳ᠋ᠦᠩᠨᠡᠵᠦ᠂ ᠢᠷᠡᠭᠡᠳᠦᠶ ᠶᠢᠨ ᠲᠠᠪᠤᠨ ᠵᠢᠯ ᠤᠨ ᠤᠯᠠᠭᠠᠨᠴᠠᠪ ᠤᠨ ᠬᠥᠭᠵᠢᠯᠲᠡ ᠳᠤ ᠲᠤᠯᠭᠠᠷᠠᠬᠤ ᠰᠢᠨ᠎ᠡ ᠪᠠᠶᠢᠳᠠᠯ ᠰᠢᠨ᠎ᠡ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠵᠠᠳᠠᠯᠤᠨ ᠰᠢᠨᠵᠢᠯᠡᠭᠰᠡᠨ ᠨᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠳᠤ ᠨᠡᠶᠢᠴᠡᠵᠦ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠨᠡᠶᠢᠴᠡᠭᠰᠡᠨ᠂ ᠠᠯᠤᠰ ᠬᠡᠲᠦ ᠶᠢᠨ ᠵᠣᠭᠰᠣᠴᠠ ᠲᠠᠢ᠂ ᠰᠡᠳᠬᠢᠴᠡ ᠲᠣᠳᠣᠷᠬᠠᠶ᠂ ᠠᠭᠤᠯᠭ᠎ᠠ ᠪᠦᠷᠢᠨ ᠲᠡᠭᠦᠯᠳᠡᠷ᠂ ᠬᠥᠮᠦᠰ ᠤᠨ ᠰᠡᠳᠬᠢᠯ ᠢ ᠨᠢᠭᠲᠠᠷᠠᠭᠤᠯᠵᠤ᠂ ᠬᠠᠮᠲᠤ ᠶᠢᠨ ᠲᠠᠨᠢᠯᠲᠠ ᠶᠢ ᠨᠡᠮᠡᠭᠳᠡᠭᠦᠯᠦᠭᠰᠡᠨ ᠰᠠᠶᠢᠨ ᠢᠯᠡᠳᠬᠡᠯ ᠪᠤᠯᠵᠠᠢ︾ ᠬᠡᠵᠦ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶ ᠬᠤᠩ ᠰᠤᠷᠪᠤᠯᠵᠢᠯᠠᠭ᠎ᠠ ᠬᠦᠯᠢᠶᠡᠬᠦ ᠳᠡᠭᠡᠨ ᠶᠠᠷᠢᠪᠠ᠃   ᠵᠢᠶ ᠬᠤᠩ ᠬᠡᠯᠡᠬᠦ ᠳᠡᠭᠡᠨ᠂ ᠢᠯᠡᠳᠬᠡᠯ ᠳᠤ ︽ᠲᠠᠪᠤᠨ ᠶᠡᠭᠡ ᠠᠵᠤ ᠠᠬᠤᠶ︾ ᠶᠢᠨ ᠲᠣᠭᠤᠷᠢᠨ ᠳᠤ᠂ ︽ᠠᠷᠪᠠᠨ ᠠᠵᠤ ᠦᠢᠯᠡᠰ ᠤᠨ ᠬᠡᠯᠬᠢᠶ᠎ᠡ︾ ᠶᠢ ᠲᠡᠭᠦᠯᠳᠡᠷᠵᠢᠭᠦᠯᠵᠦ᠂ ︽ᠲᠠᠪᠤᠨ ᠶᠡᠭᠡ ᠠᠵᠤ ᠦᠢᠯᠡᠰ ᠤᠨ ᠰᠦᠷᠦᠭᠵᠢᠯ︾ ᠢ ᠪᠠᠶᠢᠭᠤᠯᠤᠨ᠂ ᠡᠬᠦᠯᠡᠨ ᠬᠦᠨᠳᠡᠢ ᠤᠯᠠᠭᠠᠨᠴᠠᠪ᠂ ᠲᠠᠷᠲᠠᠩ ᠬᠠᠷᠭᠤᠢ ᠤᠯᠠᠭᠠᠨᠴᠠᠪ᠂ ᠡᠷᠡᠭᠦᠯ ᠡᠩᠬᠡ ᠤᠯᠠᠭᠠᠨᠴᠠᠪ᠂ ᠠᠮᠢ ᠠᠬᠤᠢᠢᠯᠢᠬ ᠤᠯᠠᠭᠠᠨᠴᠠᠪ᠂ ᠴᠡᠪᠡᠷ ᠡᠨᠧᠷᠭᠢᠲᠦ ᠤᠯᠠᠭᠠᠨᠴᠠᠪ ᠢ ᠪᠥᠲᠥᠭᠡᠨ ᠪᠠᠶᠢᠭᠤᠯᠬᠤ ᠵᠡᠷᠭᠡ ᠬᠥᠭᠵᠢᠯᠲᠡ ᠶᠢᠨ ᠰᠡᠳᠬᠢᠮᠵᠢ ᠨᠢ ᠤᠯᠠᠭᠠᠨᠴᠠᠪ ᠤᠨ ᠪᠣᠳᠠᠲᠤ ᠪᠠᠶᠢᠳᠠᠯ ᠲᠠᠢ ᠪᠦᠷᠢᠮᠦᠰᠦᠨ ᠨᠡᠶᠢᠴᠡᠪᠠ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ ᠨᠢ ᠬᠤᠲᠠ ᠶᠢᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠬᠤᠰᠢᠭᠤᠴᠢ᠂ ᠠᠬᠢᠭᠤᠯᠤᠭᠴᠢ᠂ ᠲᠠᠭᠤᠷᠢᠶᠠᠯ ᠦᠵᠡᠭᠦᠯᠦᠭᠴᠢ ᠪᠣᠯᠵᠣ᠂ ᠳᠥᠷᠪᠡᠨ ᠵᠦᠢᠯ ᠤᠨ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ ᠬᠡᠵᠦ ᠢᠯᠡᠳᠬᠡᠪᠡ᠃   ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠲᠤᠯᠭ᠎ᠠ ᠶᠢ ᠶᠡᠬᠡᠪᠡᠷ ᠬᠡᠷᠡᠭᠵᠢᠬᠦᠯᠦᠨ᠎ᠡ᠃ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠦᠢᠯᠡᠰ ᠤᠨ ᠰᠠᠭᠤᠷᠢ ᠪᠠᠲᠤ ᠪᠠᠬᠢ᠂ ᠨᠢᠭᠡᠨᠲᠡ ᠤᠯᠤᠰ ᠤᠨ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠤᠯᠤᠰ ᠤᠨ ᠲᠥᠮᠥᠰᠥ ᠶᠢᠨ ᠰᠢᠯᠢᠳᠡᠭ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ᠂ ᠪᠦᠬᠦ ᠤᠯᠤᠰ ᠤᠨ ᠬᠦᠢᠲᠡᠨ ᠰᠡᠷᠢᠭᠦᠨ ᠢᠳᠡᠰᠢᠨ ᠨᠣᠭᠤᠭᠠᠨ ᠤ ᠪᠦᠳᠦᠭᠡᠨ ᠪᠠᠶᠢᠭᠤᠯᠤᠯᠲᠠ ᠶᠢᠨ ᠭᠤᠷᠪᠠᠨ ᠲᠤᠮᠤ ᠰᠠᠭᠤᠷᠢᠨ ᠭᠠᠵᠠᠷ᠂ ᠤᠯᠤᠰ ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠵᠢᠱᠢᠶ᠎ᠡ ᠦᠵᠡᠭᠦᠯᠬᠦ ᠰᠢᠶᠠᠨ ᠢ ᠠᠮᠵᠢᠯᠲᠠ ᠲᠠᠢ ᠪᠠᠷ ᠡᠭᠦᠳᠦᠨ ᠪᠠᠶᠢᠭᠤᠯᠵᠤ᠂ ᠤᠳᠤ ᠶᠠᠭ ᠤᠯᠤᠰ ᠤᠨ ᠲᠠᠷᠢᠶᠠᠯᠠᠩ ᠤᠨ ᠣᠳᠣᠬᠢᠴᠢᠯᠠᠯᠲᠠ ᠶᠢᠨ ᠵᠢᠱᠢᠶ᠎ᠡ ᠦᠵᠡᠭᠦᠯᠬᠦ ᠲᠤᠭᠤᠷᠢᠭ ᠢ ᠢᠳᠡᠪᠬᠢᠲᠡᠶ ᠪᠠᠷ ᠡᠭᠦᠳᠦᠨ ᠪᠠᠶᠢᠭᠤᠯᠵᠤ᠂ ︽ᠲᠥᠮᠥᠰᠥ ᠪᠤᠭᠤᠳᠠᠢ ᠨᠣᠭᠤᠭ᠎ᠠ᠂ ᠦᠬᠡᠷ ᠬᠤᠨᠢ ᠰᠦ︾ ᠪᠠᠷ ᠭᠤᠣᠯᠯᠠᠬᠤ ᠠᠵᠤ ᠦᠢᠯᠡᠰ ᠪᠣᠯᠭᠠᠭᠰᠠᠨ ︽ᠲᠠᠪᠤᠨ ᠣᠷᠣᠨ ᠲᠤᠭᠤᠷᠢᠭ᠂ ᠨᠢᠭᠡ ᠲᠡᠩᠭᠡᠯᠢᠭ᠂ ᠨᠢᠭᠡ ᠪᠦᠰᠡ︾ ᠶᠢᠨ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠬᠦᠴᠦᠯᠡᠨ ᠪᠠᠶᠢᠭᠤᠯᠵᠤ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠬᠤᠳᠠ ᠶᠢᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠣᠰᠣᠭᠠᠷ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠦᠷᠭᠡᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠦᠨᠡᠨᠬᠦ ᠰᠠᠶᠢᠲᠤᠷ ᠬᠢᠵᠦ᠂ ᠠᠵᠤ ᠦᠢᠯᠡᠰ᠂ ᠴᠢᠳᠠᠪᠤᠷᠢᠲᠠᠨ᠂ ᠠᠮᠢ ᠠᠬᠤᠢ᠂ ᠰᠣᠶᠣᠯ᠂ ᠵᠣᠬᠢᠶᠠᠨ ᠪᠠᠶᠢᠭᠤᠯᠤᠯᠲᠠ ᠵᠡᠷᠭᠡ ᠲᠠᠪᠤ ᠶᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠣᠷᠣᠨ ᠲᠤᠭᠤᠷᠢᠭ ᠢ ᠴᠢᠷᠮᠠᠶᠢᠨ ᠴᠣᠭᠴᠠᠯᠠᠨ᠎ᠠ᠃    ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠬᠦᠷᠬᠡᠯᠡᠨ᠎ᠡ᠃ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ ᠠᠮᠢ ᠠᠬᠤᠶ ᠶᠢ ᠤᠷᠢᠳᠠᠪᠠᠷ ᠪᠤᠳᠤᠯᠬᠢᠯᠠᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠥᠬᠡᠶ ᠵᠠᠮᠨᠠᠵᠤ᠂ ᠢᠯᠠᠩᠭᠤᠶ᠎ᠠ ᠭᠬᠢᠷᠢ ᠶᠢᠨ ᠨᠠᠭᠤᠷ ᠤᠨ ᠨᠤᠭᠤ ᠭᠠᠵᠠᠷ ᠢ ᠰᠡᠷᠭᠦᠭᠡᠬᠦ ᠪᠠ ᠬᠠᠮᠠᠭᠠᠯᠠᠬᠤ ᠪᠠᠷ ᠭᠤᠤᠯᠳᠠᠯᠭ᠎ᠠ ᠪᠣᠯᠭᠠᠵᠤ᠂ ︽ᠨᠢᠭᠡ ᠶᠢ ᠨᠡᠪᠳᠡᠷᠡᠭᠦᠯᠬᠦ︾᠂ ︽ᠬᠤᠶᠠᠷ ᠢ ᠠᠷᠪᠢᠯᠠᠬᠤ︾᠂ ︽ᠭᠤᠷᠪᠠ ᠶᠢ ᠪᠤᠴᠠᠭᠠᠬᠤ︾᠂ ︽ᠭᠤᠷᠪᠠ ᠶᠢ ᠰᠢᠢᠳᠪᠤᠷᠢᠯᠡᠬᠦ︾᠂ ︽ᠳᠥᠷᠪᠡ ᠶᠢ ᠡᠵᠡᠮᠳᠡᠬᠦ︾᠂ ︽ᠲᠠᠪᠤ ᠶᠢ ᠳᠡᠭᠡᠭᠰᠢᠯᠡᠭᠦᠯᠬᠦ︾ ᠠᠵᠢᠯᠯᠠᠭ᠎ᠠ ᠶᠢ ᠬᠡᠷᠡᠭᠵᠢᠭᠦᠯᠬᠦ ᠪᠠᠷ ᠳᠠᠮᠵᠢᠨ ᠭᠬᠢᠷᠢ ᠶᠢᠨ ᠨᠠᠭᠤᠷ ᠤᠨ ᠨᠤᠭᠤ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠰᠡᠷᠭᠦᠭᠡᠬᠦ ᠪᠠ ᠬᠠᠮᠠᠭᠠᠯᠠᠬᠤ ᠶᠢ ᠲᠦᠷᠭᠡᠳᠬᠡᠨ᠎ᠡ᠃ ᠡᠭᠦᠨ ᠤ ᠬᠠᠮᠲᠤ᠂ ᠶᠠᠰᠤ ᠴᠢᠨᠠᠷ ᠪᠣᠯᠤᠨ ᠦᠷ᠎ᠡ ᠠᠰᠢᠭ ᠢ ᠵᠡᠷᠭᠡᠪᠡᠷ ᠳᠡᠭᠡᠭᠰᠢᠯᠡᠭᠦᠯᠬᠦ᠂ ᠬᠡᠯᠬᠢᠶ᠎ᠡ ᠶᠢ ᠴᠢᠩᠭᠠᠳᠬᠠᠬᠤ ᠪᠣᠯᠤᠨ ᠡᠨᠧᠷᠭᠢ ᠶᠢᠨ ᠬᠤᠷᠣᠭᠳᠠᠯ ᠢ ᠪᠠᠭᠠᠰᠬᠠᠬᠤ ᠶᠢ ᠵᠡᠷᠭᠡᠪᠡᠷ ᠠᠳᠬᠤᠨ᠂ ᠠᠵᠤ ᠦᠢᠯᠡᠰ ᠢ ᠪᠤᠶᠢᠵᠢᠭᠤᠯᠬᠤ ᠪᠣᠯᠤᠨ ᠠᠵᠢᠯ ᠣᠯᠭᠤᠯᠲᠠ ᠶᠢ ᠨᠡᠮᠡᠭᠳᠡᠭᠦᠯᠬᠦ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠪᠣᠬᠢᠷᠲᠤᠯ ᠦᠭᠡᠢ ᠦᠢᠯᠡᠳᠪᠦᠷᠢ᠂ ᠴᠡᠴᠡᠷᠯᠢᠭᠲᠦ ᠦᠢᠯᠡᠳᠪᠦᠷᠢ᠂ ᠵᠢᠷᠭᠠᠯᠲᠤ ᠦᠢᠯᠡᠳᠪᠦᠷᠢ ᠶᠢ ᠡᠭᠦᠳᠦᠨ ᠪᠠᠶᠢᠭᠤᠯᠬᠤ ᠠᠵᠢᠯ ᠢ ᠶᠡᠬᠡᠪᠡᠷ ᠥᠷᠨᠢᠭᠦᠯᠵᠦ᠂ ᠠᠵᠤ ᠠᠬᠤᠶᠢᠯᠠᠯ ᠤᠨ ᠪᠠᠷᠢᠮᠵᠢᠶᠠᠵᠢᠭᠰᠠᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠠᠵᠤ ᠦᠢᠯᠡᠰ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠬᠦᠴᠦᠯᠡᠨ ᠠᠬᠢᠭᠤᠯᠤᠨ᠎ᠠ᠃   ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠠᠷᠠᠯᠵᠢᠶ᠎ᠠ ᠬᠤᠳᠠᠯᠳᠤᠭ᠎ᠠ ᠪᠠᠷᠠᠭ᠎ᠠ ᠬᠦᠢᠯᠬᠡᠬᠡᠨ ᠤ ᠠᠵᠤ ᠦᠢᠯᠡᠰ ᠤᠨ ᠲᠦᠷᠭᠡᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠤᠯᠠᠭᠠᠨᠴᠠᠪ — ᠡᠷᠢᠶᠡᠨ ᠬᠤᠲᠠ ᠶᠢᠨ ᠤᠯᠤᠰ ᠤᠨ ᠪᠠᠷᠠᠭ᠎ᠠ ᠬᠦᠢᠯᠭᠡᠭᠡᠨ ᠤ ᠬᠦᠢᠰᠦ ᠪᠠᠶᠢᠭᠤᠯᠤᠯᠲᠠ ᠪᠠ ᠪᠤᠭᠤᠮᠳᠠ ᠶᠢᠨ ᠨᠢᠬᠡ ᠴᠤᠭᠴᠠᠵᠢᠭᠤᠯᠤᠬᠰᠠᠨ ᠬᠦᠭᠵᠢᠯᠲᠡ ᠶᠢᠨ ᠠᠵᠠ ᠲᠤᠬᠢᠶᠠᠯ ᠢ ᠵᠠᠪᠲᠤᠨ ᠠᠳᠬᠤᠵᠦ᠂ ᠤᠷᠤᠰ ᠤᠨ ᠮᠠᠲ᠋ᠧᠷᠢᠶᠠᠯ ᠢ ᠭᠠᠳᠠᠭᠠᠳᠤ ᠠᠴᠠ ᠣᠷᠣᠭᠤᠯᠬᠤ ᠵᠠᠮ ᠱᠤᠭᠤᠮ ᠢ ᠨᠡᠪᠲᠡᠷᠡᠭᠦᠯᠵᠦ᠂ ᠳᠤᠮᠳᠠᠳᠤ ᠤᠯᠤᠰ ᠤᠨ ᠲᠡᠮᠦᠷᠯᠢᠭ ᠬᠠᠶᠢᠯᠤᠭᠤᠯᠬᠤ ᠣᠯᠠᠨ ᠤᠯᠤᠰ ᠤᠨ ᠢᠨᠵᠧᠨᠧᠷᠢᠩ ᠤᠨ ᠪᠦᠯᠦᠭᠯᠡᠯ ᠢ ᠢᠳᠡᠪᠬᠢᠲᠡᠶ ᠣᠷᠣᠭᠤᠯᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠥᠷᠨᠢᠭᠦᠯᠵᠦ᠂ ᠮᠣᠳᠣᠨ ᠮᠠᠲ᠋ᠧᠷᠢᠶᠠᠯ ᠤᠨ ᠬᠦᠷᠢᠶᠡᠯᠡᠩ ᠲᠣᠭᠤᠷᠢᠭ ᠢ ᠲᠥᠯᠥᠪᠵᠢᠭᠦᠯᠬᠦ᠂ ᠨᠡᠭᠡᠭᠡᠨ ᠬᠥᠭᠵᠢᠭᠦᠯᠬᠦ᠂ ᠬᠤᠳᠠᠯᠳᠤᠭᠠᠴᠢᠨ ᠤᠷᠢᠬᠤ᠂ ᠡᠵᠡᠩᠨᠡᠬᠦ ᠠᠵᠢᠯ ᠢ ᠲᠦᠷᠭᠡᠳᠬᠡᠨ᠂ ᠪᠥᠬᠦ ᠤᠯᠤᠰ ᠲᠤ ᠨᠡᠷ᠎ᠡ ᠠᠯᠳᠠᠷᠰᠢᠭᠰᠠᠨ ᠬᠡᠷ ᠤᠨ ᠬᠡᠷᠡᠭᠰᠡᠯ ᠢ ᠲᠥᠪᠯᠡᠷᠡᠭᠦᠯᠦᠨ ᠦᠢᠯᠡᠳᠪᠤᠷᠢᠯᠡᠬᠦ᠂ ᠪᠣᠷᠣᠯᠠᠭᠤᠯᠬᠤ᠂ ᠪᠠᠷᠠᠭ᠎ᠠ ᠬᠦᠢᠯᠬᠡᠬᠡ ᠳᠣᠭᠢᠷᠠᠭᠤᠯᠤᠨ ᠬᠦᠷᠭᠡᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠵᠤ᠂ ᠲᠠᠷᠲᠠᠩ ᠬᠠᠷᠭᠤᠢ ᠤᠯᠠᠭᠠᠨᠴᠠᠪ ᠢ ᠪᠥᠲᠥᠭᠡᠨ ᠪᠠᠶᠢᠭᠤᠯᠬᠤ ᠳᠤ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠦᠴᠦᠨ ᠴᠢᠳᠠᠯ ᠢᠶᠠᠨ ᠡᠷᠬᠦᠨ᠎ᠡ᠃   ᠰᠣᠶᠣᠯ ᠵᠤᠭᠠᠴᠠᠯ ᠪᠡᠶ᠎ᠡ ᠶᠢᠨ ᠲᠠᠮᠢᠷ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠤᠨ ᠬᠡᠯᠬᠢᠶ᠎ᠡ ᠶᠢ ᠬᠦᠴᠦᠯᠡᠨ ᠲᠡᠭᠦᠯᠳᠡᠷᠵᠢᠭᠦᠯᠵᠦ᠂ ᠡᠷᠡᠭᠦᠯᠵᠢᠯ ᠰᠤᠪᠢᠯᠠᠯᠲᠠ᠂ ᠰᠡᠯᠡᠭᠦᠴᠡᠯ᠂ ᠠᠮᠠᠷᠠᠯᠲᠠ ᠵᠤᠭᠠᠴᠠᠯ ᠤᠨ ᠰᠢᠨ᠎ᠡ ᠡᠵᠡᠩᠨᠡᠯᠲᠡ ᠶᠢᠨ ᠭᠡᠯᠪᠡᠷᠢ ᠶᠢᠨ ᠲᠦᠷᠭᠡᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠤᠯᠠᠭᠠᠨᠴᠠᠪ ᠬᠤᠲᠠ ᠶᠢᠨ ᠵᠤᠭᠠᠴᠠᠭᠰᠠᠳ ᠢ ᠲᠥᠪᠯᠡᠷᠡᠭᠦᠯᠦᠨ ᠲᠠᠷᠬᠠᠭᠠᠬᠤ ᠲᠥᠪ ᠢ ᠪᠠᠶᠢᠭᠤᠯᠬᠤ ᠰᠡᠳᠬᠢᠴᠡ ᠳᠤ ᠰᠠᠭᠤᠷᠢᠯᠠᠨ᠂ ᠲᠦᠷᠬᠡᠨ ᠤ ᠲᠡᠮᠦᠷ ᠵᠠᠮ ᠤᠨ ᠬᠤᠲᠠ ᠶᠢᠨ ᠦᠵᠡᠭᠦᠯᠭᠡ ᠶᠢᠨ ᠲᠢᠩᠬᠢᠮ ᠢ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ᠬᠤᠲᠠ ᠶᠢᠨ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡ ᠪᠠ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠵᠤᠭᠠᠴᠠᠯ ᠤᠨ ᠬᠡᠷᠡᠭᠯᠡᠭᠡ ᠶᠢ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠠᠬᠤᠶ ᠶᠢᠨ ᠬᠥᠭᠵᠢᠯᠲᠡ ᠶᠢᠨ ᠴᠢᠬᠤᠯᠠ ᠡᠵᠡᠩᠨᠡᠯᠲᠡ ᠶᠢᠨ ᠬᠡᠯᠪᠡᠷᠢ ᠪᠠᠶᠢᠳᠠᠯ ᠪᠣᠯᠭᠠᠨ᠎ᠠ᠃ ᠡᠭᠦᠨ ᠤ ᠬᠠᠮᠲᠤ᠂ ᠣᠳᠣ ᠦᠶ᠎ᠡ ᠶᠢᠨ ᠲᠠᠷᠢᠶᠠᠯᠠᠩ ᠤᠨ ᠡᠬᠢ ᠪᠠᠶᠠᠯᠢᠭ ᠪᠣᠯᠤᠨ ᠣᠶᠢᠷ᠎ᠠ ᠲᠡᠭᠦᠷᠭᠡ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ︽ᠤᠨᠴᠠᠯᠢᠬᠳᠤ ᠠᠷᠠᠳ ᠤᠨ ᠰᠠᠭᠤᠴᠠ + ᠠᠷᠠᠳ ᠤᠨ ᠵᠠᠩ ᠦᠢᠯᠡ ᠶᠢ ᠪᠡᠶᠡᠴᠢᠯᠡᠨ ᠤᠶᠢᠯᠠᠭᠠᠬᠤ︾ ᠵᠤᠭᠠᠴᠠᠯ᠂ ᠰᠡᠯᠡᠭᠦᠴᠡᠯ ᠤᠨ ᠲᠠᠷᠢᠶᠠᠯᠠᠩ ᠵᠡᠷᠭᠡ ᠬᠥᠳᠡᠭᠡ ᠲᠣᠰᠬᠤᠨ ᠤ ᠵᠤᠭᠠᠴᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠶᠡᠭᠡ ᠪᠠᠷ ᠬᠥᠭᠵᠢᠭᠦᠯᠵᠦ᠂ ᠬᠤᠪᠢᠰᠬᠠᠯ ᠤᠨ ᠵᠤᠷᠢᠭ ᠰᠠᠨᠠᠭ᠎ᠠ ᠶᠢ ᠰᠤᠳᠤᠯᠤᠨ ᠰᠤᠷᠤᠯᠴᠠᠬᠤ ᠵᠤᠭᠠᠴᠠᠯ ᠤᠨ ᠭᠠᠵᠠᠷ᠂ ᠭᠠᠷᠠᠭ ᠤᠨ ᠰᠡᠭᠦᠯᠴᠢ ᠶᠢᠨ ᠰᠡᠯᠡᠭᠦᠴᠡᠯ ᠵᠤᠭᠠᠴᠠᠯ ᠤᠨ ᠭᠠᠵᠠᠷ ᠢ ᠴᠤᠭᠴᠠᠯᠠᠬᠤ ᠶᠢᠨ ᠬᠠᠮᠲᠤ ︽ᠳᠤᠮᠳᠠᠳᠤ ᠤᠯᠤᠰ ᠤᠨ ᠲᠠᠯ᠎ᠠ ᠨᠤᠲᠤᠭ ᠤᠨ ᠵᠤᠰᠠᠯᠠᠩ ᠤᠨ ᠲᠦᠪ︾ ᠤᠨ ᠨᠠᠷᠠᠲᠤ ᠱᠤᠰᠢᠭ᠎ᠠ ᠶᠢᠨ ᠦᠢᠯᠡᠲᠤᠯ ᠢ ᠠᠰᠢᠭᠯᠠᠨ᠂ ᠨᠢᠭᠡ ᠪᠦᠯᠦᠭ ᠨᠠᠰᠤᠲᠠᠶᠢᠴᠤᠳ ᠤᠨ ᠨᠡᠶᠢᠭᠡᠮ ᠲᠣᠭᠤᠷᠢᠭ᠂ ᠨᠠᠰᠤᠲᠠᠶᠢᠴᠤᠳ ᠤᠨ ᠠᠮᠠᠷᠠᠯᠲᠠ ᠶᠢᠨ ᠲᠣᠰᠬᠤᠨ᠂ ᠨᠠᠰᠤᠵᠢᠯ ᠤᠨ ᠠᠰᠠᠷᠠᠮᠵᠢ ᠶᠢᠨ ᠲᠥᠷᠥᠯ ᠵᠦᠢᠯ ᠢ ᠪᠠᠶᠢᠭᠤᠯᠵᠤ᠂ ᠪᠡᠭᠡᠵᠢᠩ ᠲᠢᠶᠠᠨᠵᠢᠨ ᠣᠷᠣᠨ ᠤ ᠨᠠᠰᠤᠲᠠᠶᠢᠴᠤᠳ ᠢ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠲᠡᠳᠡᠨ ᠠᠪᠴᠢᠷᠠᠵᠤ ᠦᠳᠡᠯᠦᠬᠡ ᠨᠠᠰᠤ ᠪᠠᠨ ᠦᠩᠬᠡᠷᠡᠬᠦᠯᠬᠦ᠂ ᠡᠷᠡᠬᠦᠯᠵᠢᠯ ᠰᠤᠪᠢᠯᠠᠯᠲᠠ ᠶᠢᠨ ᠠᠮᠠᠷᠠᠯᠲᠠ ᠶᠢᠨ ᠭᠠᠵᠠᠷ ᠢ ᠪᠥᠬᠦ ᠬᠦᠴᠦᠨ ᠢᠶᠠᠷ ᠢᠶᠠᠨ ᠴᠤᠭᠴᠠᠯᠠᠨ᠎ᠠ᠃
 
ᠢᠷᠡᠯᠲᠡ᠄ ᠤᠯᠠᠭᠠᠨᠴᠠᠪ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2