ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠵᠤ ᠠᠮᠢ ᠠᠬᠤᠢᠢᠯᠢᠬ ᠯᠢᠶᠠᠩᠴᠧᠩ ᠢ ᠴᠣᠭᠴᠠᠯᠠᠨ᠎ᠠ
ᠨᠡᠶᠢᠲᠡᠯᠡᠭᠰᠡᠨ ᠴᠠᠭ᠄
2021/11/10
  — ᠯᠢᠶᠠᠩᠴᠧᠩ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠶᠢ ᠰᠤᠷᠪᠤᠯᠵᠢᠯᠠᠪᠠ   ︽ᠬᠤᠳᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯ ᠪᠦᠬᠦ ᠬᠤᠳᠠ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠢ ᠱᠦᠵᠢ ᠶᠢᠨ ︿7 · 1﹀ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠵᠠᠩᠭᠢᠯᠠᠭ᠎ᠠ ᠶᠢᠨ ᠴᠠᠭ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠬᠤᠷᠠᠯ ᠪᠣᠯᠬᠤ ᠪᠠᠷ ᠪᠠᠷᠠᠬᠤ ᠦᠬᠡᠢ ᠮᠠᠨ ᠤ ᠬᠤᠳᠠ ᠶᠢᠨ ᠬᠦᠭᠵᠢᠯᠳᠡ ᠶᠢᠨ ᠳᠡᠤᠭᠡᠨ ᠳᠡᠭᠡᠷ᠎ᠠ ᠦᠯᠡᠳᠡᠬᠦ ᠶᠤᠮ︾᠃ ᠯᠢᠶᠠᠩᠴᠧᠩ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠰᠤᠷᠪᠤᠯᠵᠢᠯᠠᠭ᠎ᠠ ᠬᠦᠯᠢᠶᠡᠬᠦ ᠳᠡᠭᠡᠨ᠂ ᠬᠤᠷᠠᠯ ᠳᠡᠭᠡᠷ᠎ᠡ ᠰᠦᠶ ᠱᠦᠵᠢ ᠶᠢᠨ ᠬᠢᠭᠰᠡᠨ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠢᠯᠡᠳᠭᠡᠯ ᠨᠢ ᠠᠮᠵᠢᠯᠲᠠ ᠪᠦᠲᠦᠮᠵᠢ ᠪᠠᠨ ᠪᠤᠰᠤᠳᠴᠢ ᠪᠥᠭᠡᠳ ᠪᠥᠬᠦ ᠲᠠᠯ᠎ᠠ ᠪᠠᠷ ᠳ᠋ᠦᠩᠨᠡᠵᠦ᠂ ᠠᠰᠠᠭᠤᠳᠠᠯ ᠢ ᠨᠠᠷᠢᠯᠢᠭ ᠣᠨᠣᠴᠠᠲᠠᠶ ᠰᠢᠨᠵᠢᠯᠡᠬᠦ ᠤᠬᠠᠭᠠᠨᠴᠢ ᠪᠠᠷ ᠵᠠᠳᠠᠯᠵᠤ᠂ ᠠᠵᠢᠯ ᠤᠨ ᠪᠠᠶᠢᠷᠢᠯᠠᠭᠤᠯᠤᠯᠲᠠ ᠨᠢ ᠰᠡᠳᠬᠢᠴᠡ ᠲᠣᠳᠣᠷᠬᠠᠶ ᠪᠠᠶᠢᠵᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠴᠢᠭᠯᠡᠯ ᠢ ᠲᠣᠳᠣᠷᠬᠠᠶ ᠵᠢᠭᠠᠨ ᠥᠭᠴᠦ᠂ ᠵᠢᠷᠤᠮᠯᠠᠯ ᠬᠠᠩᠭᠠᠭᠰᠠᠨ ᠪᠠᠶᠢᠨ᠎ᠠ ᠭᠡᠵᠤ ᠢᠯᠡᠷᠬᠡᠶᠢᠯᠡᠪᠡ᠃   ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ᠂ ᠰᠢ ᠶᠢᠨ ᠫᠢᠩ ᠶᠡᠷᠦᠩᠬᠡᠶ ᠱᠦᠵᠢ ᠶᠢᠨ ︽ᠭᠤᠷᠪᠠᠨ ᠨᠠᠭᠤᠷ︾ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠰᠢ ᠶᠢᠨ ᠫᠢᠩ ᠶᠡᠷᠦᠩᠬᠡᠶ ᠱᠦᠵᠢ ᠶᠢᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢ ᠤᠷᠢᠳᠠᠪᠡᠷ ᠪᠤᠳᠤᠯᠬᠢᠯᠠᠬᠤ᠂ ᠪᠣᠬᠢᠷᠲᠤᠯ ᠥᠬᠡᠶ ᠬᠥᠭᠵᠢᠯᠳᠠ ᠭᠡᠭᠦ ᠣᠶᠢᠯᠠᠭᠠᠭᠳᠠᠬᠤᠨ ᠤ ᠲᠤᠭᠤᠷᠢᠨ ᠳᠤ᠂ ︽ᠨᠢᠭᠡ ᠶᠢ ᠪᠢᠳᠡᠭᠦᠮᠵᠢᠯᠡᠵᠦ ᠨᠢᠬᠡ ᠶᠢ ᠪᠤᠶᠢᠵᠢᠭᠤᠯᠵᠦ ᠨᠢᠬᠡ ᠶᠢ ᠴᠠᠭᠠᠵᠠᠯᠠᠬᠤ᠂ ᠬᠤᠶᠠᠷ ᠢ ᠠᠷᠪᠢᠯᠠᠵᠦ ᠬᠤᠶᠠᠷ ᠢ ᠨᠦᠬᠦᠪᠦᠷᠢᠯᠡᠨ ᠬᠤᠶᠠᠷ ᠢ ᠵᠠᠰᠠᠬᠤ᠂ ᠬᠤᠶᠠᠷ ᠢ ᠥᠭᠡᠷᠡᠴᠢᠯᠡᠵᠦ ᠳᠥᠷᠪᠡ ᠶᠢ ᠡᠵᠡᠮᠳᠡᠵᠦ ᠭᠤᠷᠪᠠ ᠶᠢ ᠰᠢᠢᠳᠪᠦᠷᠢᠯᠡᠬᠦ︾ ᠠᠷᠪᠠᠨ ᠨᠠᠢᠮᠠᠨ ᠵᠦᠢᠯ ᠤᠨ ᠵᠠᠰᠠᠯᠲᠠ ᠶᠢᠨ ᠠᠷᠭ᠎ᠠ ᠬᠡᠮᠵᠢᠶ᠎ᠡ ᠶᠢ ᠦᠷᠭᠦᠯᠵᠢᠯᠡᠨ ᠪᠠᠬᠢᠵᠢᠭᠦᠯᠦᠨ ᠠᠬᠢᠭᠤᠯᠵᠤ᠂ ᠳᠠᠭ᠎ᠠ ᠶᠢᠨ ᠨᠠᠭᠤᠷ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠠᠵᠢᠯ ᠢ ᠯᠠᠪᠳᠠᠭᠤᠨ ᠪᠠᠲᠤᠲᠠᠶ ᠳᠥᠯᠭᠢᠨ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠵᠤ᠂ ᠪᠥᠬᠦ ᠬᠤᠲᠠ ᠶᠢᠨ ︽ᠬᠤᠶᠠᠷ ᠬᠠᠯᠬᠠᠪᠴᠢ︾ ᠶᠢ ᠪᠥᠲᠥᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠬᠡᠵᠦ ᠯᠢᠦ ᠶᠢᠨ ᠲᠤᠤ ᠢᠯᠡᠷᠬᠡᠶᠢᠯᠡᠪᠡ᠃   ᠳᠠᠭ᠎ᠠ ᠶᠢᠨ ᠨᠠᠭᠤᠷ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠰᠠᠶᠢᠳᠤᠷ ᠠᠳᠬᠤᠨ᠎ᠠ᠃ ᠨᠢᠭᠡ ᠶᠢ ᠪᠢᠳᠡᠬᠦᠮᠵᠢᠯᠡᠵᠦ ᠨᠢᠭᠡ ᠶᠢ ᠪᠤᠶᠢᠵᠢᠭᠤᠯᠵᠤ ᠨᠢᠭᠡ ᠶᠢ ᠴᠠᠭᠠᠵᠠᠯᠠᠬᠤ ᠲᠠᠯ᠎ᠠ ᠪᠠᠷ᠂ ᠨᠤᠭᠤ ᠭᠠᠵᠠᠷ ᠤᠨ ᠲᠣᠣᠷ ᠬᠦᠷᠢᠶ᠎ᠡ ᠵᠢᠴᠢ ᠭᠠᠳᠠᠷ ᠲᠠᠯ᠎ᠠ ᠶᠢᠨ ᠤᠢ ᠶᠢᠨ ᠪᠦᠰᠡ ᠶᠢᠨ ᠡᠳᠦᠷ ᠲᠤᠳᠤᠮ ᠤᠨ ᠬᠠᠮᠠᠭᠠᠯᠠᠯᠲᠠ ᠶᠢ ᠴᠢᠩᠭᠠᠳᠬᠠᠵᠤ᠂ ᠤᠢ ᠮᠣᠳᠣ ᠡᠪᠡᠰᠦ ᠪᠡᠯᠴᠢᠭᠡᠷ ᠢ ᠪᠤᠶᠢᠵᠢᠭᠤᠯᠬᠤ ᠪᠠ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠲᠦᠷᠦᠯ ᠵᠦᠢᠯ ᠢ ᠰᠠᠶᠢᠲᠤᠷ ᠬᠡᠷᠡᠭᠵᠢᠭᠦᠯᠦᠨ᠎ᠡ︔ ᠳᠠᠭ᠎ᠠ ᠶᠢᠨ ᠨᠠᠭᠤᠷ ᠤᠨ ᠨᠤᠭᠤ ᠭᠠᠵᠠᠷ ᠵᠢᠴᠢ ᠡᠷᠬᠢᠨ ᠲᠣᠭᠤᠷᠢᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ᠂ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠠᠵᠢᠯ ᠢ ᠰᠠᠶᠢᠲᠤᠷ ᠠᠳᠬᠤᠵᠤ᠂ ᠲᠠᠭ᠎ᠠ ᠶᠢᠨ ᠨᠠᠭᠤᠷ ᠤᠨ ᠤᠰᠤ ᠵᠢᠴᠢ ᠭᠠᠵᠠᠷ ᠳᠣᠤᠷᠠᠬᠢ ᠤᠰᠤ ᠶᠢ ᠬᠠᠤᠯᠢ ᠪᠤᠰᠤ ᠪᠠᠷ ᠲᠠᠲᠠᠵᠤ ᠬᠡᠷᠡᠭᠯᠡᠬᠦ ᠶᠢ ᠴᠠᠭᠠᠵᠠᠯᠠᠨ᠎ᠠ᠃ ᠬᠤᠶᠠᠷ ᠢ ᠠᠷᠪᠢᠯᠠᠵᠦ ᠬᠤᠶᠠᠷ ᠢ ᠨᠥᠬᠦᠪᠥᠷᠢᠯᠡᠵᠦ ᠬᠤᠶᠠᠷ ᠢ ᠵᠠᠰᠠᠬᠤ ᠲᠠᠯ᠎ᠠ ᠪᠠᠷ᠂ ᠰᠢᠨ᠎ᠡ ᠮᠠᠶ᠋ᠢᠭ ᠤᠨ ᠤᠶᠤᠨᠲᠤ ᠤᠰᠤᠨ ᠤ ᠬᠡᠮᠵᠢᠭᠦᠷ ᠪᠣᠯᠤᠨ ᠤᠰᠤ ᠠᠷᠪᠢᠯᠠᠬᠤ ᠪᠠᠭᠠᠵᠢ ᠬᠡᠷᠡᠭᠰᠡᠯ ᠢ ᠳᠡᠯᠭᠡᠷᠡᠭᠦᠯᠦᠨ ᠬᠡᠷᠡᠭᠯᠡᠵᠦ᠂ ᠠᠮᠢᠳᠤᠷᠠᠯ ᠤᠨ ᠬᠡᠷᠡᠭᠯᠡᠭᠡᠨ ᠤ ᠤᠰᠤ ᠶᠢ ᠪᠠᠭᠠᠰᠬᠠᠵᠤ᠂ ᠨᠤᠭᠤ ᠭᠠᠵᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠥᠮᠦᠨ ᠲᠥᠷᠥᠯᠬᠢᠲᠡᠨ ᠤ ᠠᠵᠢᠯᠯᠠᠭ᠎ᠠ ᠶᠢᠨ ᠨᠤᠭᠤ ᠭᠠᠵᠠᠷ ᠲᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ︔ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠤᠤᠯ ᠤᠨ ᠵᠠᠮ ᠢ ᠨᠡᠪᠲᠡᠷᠡᠭᠦᠯᠵᠦ᠂ ᠲᠠᠭ᠎ᠠ ᠶᠢᠨ ᠨᠠᠭᠤᠷ ᠢ ᠲᠣᠭᠤᠷᠢᠭᠰᠠᠨ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠲᠥᠷᠥᠯ ᠵᠦᠢᠯ ᠢ ᠬᠡᠷᠡᠭᠵᠢᠭᠦᠯᠵᠦ᠂ ᠨᠠᠭᠤᠷ ᠲᠤ ᠴᠢᠳᠬᠤᠬᠤ ᠤᠰᠤᠨ ᠤ ᠬᠡᠮᠵᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ ᠨᠥᠬᠦᠪᠥᠷᠢᠯᠡᠵᠦ᠂ ᠲᠠᠭ᠎ᠠ ᠶᠢᠨ ᠨᠠᠭᠤᠷ ᠤᠨ ᠠᠮᠢ ᠠᠬᠤᠶ ᠶᠢᠨ ᠪᠠᠴᠢᠮ ᠪᠠᠶᠢᠳᠠᠯ ᠢ ᠠᠷᠭᠠᠴᠠᠭᠠᠬᠤ ᠤᠰᠤ ᠨᠥᠬᠦᠪᠥᠷᠢᠯᠡᠬᠦ ᠢᠨᠵᠧᠨᠧᠷᠢᠩ ᠤᠨ ᠠᠵᠢᠯ ᠳᠠᠭᠤᠰᠴᠤ ᠤᠰᠤ ᠨᠥᠬᠦᠪᠥᠷᠢᠯᠡᠬᠦ ᠶᠢ ᠢᠳᠡᠪᠬᠢᠲᠡᠶ ᠠᠬᠢᠭᠤᠯᠤᠨ᠎ᠠ︔ ᠤᠰᠤᠨ ᠴᠣᠭᠴᠠ ᠵᠢᠴᠢ ᠳᠣᠲᠣᠭᠠᠳᠤ ᠢᠷᠡᠯᠲᠡ ᠶᠢᠨ ᠪᠣᠬᠢᠷᠲᠤᠯ ᠢ ᠰᠤᠳᠤᠯᠬᠤ᠂ ᠨᠠᠭᠤᠷ ᠲᠠᠭᠠᠤ ᠶᠢᠨ ᠨᠤᠭᠤ ᠭᠠᠵᠠᠷ ᠢ ᠬᠠᠮᠠᠭᠠᠯᠠᠬᠤ᠂ ᠵᠢᠭᠠᠰᠤᠨ ᠤ ᠲᠥᠷᠥᠯ ᠢ ᠲᠠᠯᠪᠢᠵᠤ ᠲᠡᠵᠢᠭᠡᠬᠦ ᠲᠤᠷᠰᠢᠯᠲᠠ ᠵᠡᠷᠭᠡ ᠠᠷᠭ᠎ᠠ ᠬᠡᠮᠵᠢᠶ᠎ᠡ ᠪᠠᠷ ᠳᠡᠮᠵᠢᠨ᠂ ᠤᠰᠤᠨ ᠤ ᠣᠷᠴᠢᠨ ᠲᠣᠭᠤᠷᠢᠨ᠂ ᠤᠰᠤᠨ ᠤ ᠠᠮᠢ ᠠᠬᠤᠶ ᠶᠢ ᠠᠯᠬᠤᠮ ᠠᠯᠬᠤᠮ ᠢᠶᠠᠷ ᠵᠠᠰᠠᠨ ᠰᠡᠷᠭᠦᠭᠡᠨ᠎ᠡ᠃ ᠬᠤᠶᠠᠷ ᠢ ᠥᠭᠡᠷᠡᠴᠢᠯᠡᠵᠦ ᠳᠥᠷᠪᠡ ᠶᠢ ᠡᠵᠡᠮᠳᠡᠵᠦ ᠭᠤᠷᠪᠠ ᠶᠢ ᠰᠢᠢᠳᠪᠦᠷᠢᠯᠡᠬᠦ ᠲᠠᠯ᠎ᠠ ᠪᠠᠷ᠂ ︽ᠤᠰᠤᠯᠠᠯᠳᠠ ᠶᠢᠨ ᠲᠠᠷᠢᠶ᠎ᠠ ᠶᠢ ᠬᠠᠭᠤᠷᠠᠢ ᠲᠠᠷᠢᠶ᠎ᠠ ᠪᠤᠯᠭᠠᠬᠤ︾ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠰᠤᠳᠤᠯᠤᠨ ᠲᠣᠭᠲᠠᠭᠠᠬᠤ ᠶᠢᠨ ᠬᠠᠮᠲᠤ ᠲᠠᠷᠢᠶᠠᠴᠢᠳ ᠤᠨ ᠬᠦᠰᠡᠯ ᠰᠠᠨᠠᠭ᠎ᠠ ᠶᠢ ᠬᠦᠨᠳᠦᠳᠬᠡᠵᠦ᠂ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ ᠰᠠᠶᠢᠲᠤᠷ ᠠᠳᠬᠤᠨ᠎ᠠ︔ ᠤᠰᠤᠨ ᠤ ᠬᠡᠮᠵᠢᠶ᠎ᠡ ᠶᠢ ᠦᠵᠡᠵᠦ᠂ ᠤᠰᠤ ᠪᠠᠷ ᠭᠠᠷᠤᠯᠲᠠ ᠶᠢ ᠲᠣᠭᠲᠠᠭᠠᠬᠤ ᠵᠠᠷᠴᠢᠮ ᠢ ᠪᠠᠷᠢᠮᠲᠠᠯᠠᠵᠤ᠂ ᠲᠠᠭ᠎ᠠ ᠶᠢᠨ ᠨᠠᠭᠤᠷ ᠤᠨ ᠰᠠᠪᠠ ᠭᠠᠵᠠᠷ ᠤᠨ ᠤᠰᠤ ᠲᠠᠲᠠᠵᠤ ᠬᠡᠷᠡᠭᠯᠡᠬᠦ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠰᠠᠪᠠ ᠭᠠᠵᠠᠷ ᠤᠨ ᠲᠠᠷᠢᠮᠠᠯ ᠤᠨ ᠦᠢᠯᠡᠰ ᠤᠨ ᠪᠦᠲᠦᠴᠡ ᠳᠤ ᠤᠯᠠᠮ ᠨᠢᠭᠡ ᠠᠯᠬᠤᠮ ᠲᠣᠬᠢᠷᠠᠭᠤᠯᠤᠯᠲᠠ ᠬᠢᠵᠦ᠂ ᠲᠠᠭ᠎ᠠ ᠶᠢᠨ ᠨᠠᠭᠤᠷ ᠤᠨ ᠰᠠᠪᠠ ᠭᠠᠵᠠᠷ ᠤᠨ ᠬᠢᠮᠢ ᠶᠢᠨ ᠪᠣᠷᠲᠣᠭᠤᠷ ᠤᠨ ᠬᠡᠮᠵᠢᠶ᠎ᠡ ᠶᠢ ᠪᠠᠭᠠᠰᠬᠠᠬᠤ᠂ ᠣᠷᠭᠠᠨᠢᠭ ᠪᠣᠷᠲᠣᠭᠤᠷ ᠬᠡᠷᠡᠭᠯᠡᠬᠦ ᠶᠢ ᠳᠡᠯᠭᠡᠷᠡᠭᠦᠯᠬᠦ ᠵᠡᠷᠭᠡ ᠪᠣᠷᠲᠣᠭᠤᠷ ᠬᠢᠵᠠᠭᠠᠷᠯᠠᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠪᠣᠬᠢᠷᠲᠤᠯ ᠥᠬᠡᠶ ᠠᠮᠢ ᠠᠬᠤᠶ ᠶᠢᠨ ᠳᠠᠷᠢᠬᠤ ᠮᠡᠷᠭᠡᠵᠢᠯ ᠢ ᠳᠡᠯᠭᠡᠷᠡᠭᠦᠯᠦᠨ᠂ ᠬᠤᠤᠷ ᠪᠤᠯᠤᠨ ᠦᠯᠡᠳᠡᠭᠳᠡᠯ ᠶᠡᠬᠡᠲᠡᠶ ᠲᠠᠷᠢᠶᠠᠨ ᠡᠮ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠡᠳ᠋ᠰᠢᠭᠦᠯᠦᠨ ᠠᠰᠢᠬᠯᠠᠬᠤ ᠶᠢ ᠶᠡᠬᠡᠪᠡᠷ ᠠᠬᠢᠭᠤᠯᠤᠨ᠎ᠠ︔ ᠲᠠᠭ᠎ᠠ ᠶᠢᠨ ᠨᠠᠭᠤᠷ ᠤᠨ ᠰᠠᠪᠠ ᠭᠠᠵᠠᠷ ᠤᠨ ᠮᠠᠯ ᠵᠢᠭᠦᠷᠲᠡᠨ ᠤ ᠢᠯᠭᠠᠳᠠᠰᠤᠨ ᠤ ᠪᠣᠬᠢᠷᠲᠤᠯ ᠤᠨ ᠣᠯᠠᠨ ᠡᠬᠢᠳᠤ ᠪᠣᠬᠢᠷᠲᠤᠯ ᠢ ᠵᠠᠰᠠᠬᠤ ᠢᠨᠵᠧᠨᠧᠷᠢᠩ ᠢ ᠬᠡᠷᠡᠭᠵᠢᠭᠦᠯᠵᠦ ᠂ ᠰᠠᠪᠠ ᠭᠠᠵᠠᠷ ᠤᠨ ᠳᠣᠲᠣᠷᠠᠬᠢ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶ ᠶᠢᠨ ᠮᠠᠯ ᠵᠢᠭᠦᠷᠲᠡᠨ ᠤ ᠢᠯᠭᠠᠳᠠᠰᠤᠨ ᠤ ᠪᠣᠬᠢᠷᠲᠤᠯ ᠢ ᠰᠢᠢᠳᠪᠦᠷᠢᠯᠡᠬᠦ ᠶᠢ ᠬᠢᠨᠠᠨ ᠬᠠᠮᠢᠶᠠᠷᠬᠤ ᠡᠷᠴᠢᠮ ᠢ ᠴᠢᠩᠭᠠᠷᠠᠭᠤᠯᠤᠨ᠂ ᠲᠠᠭ᠎ᠠ ᠶᠢᠨ ᠨᠠᠭᠤᠷ ᠤᠨ ᠡᠷᠬᠢᠨ ᠲᠣᠭᠤᠷᠢᠨ ᠤ ᠬᠥᠳᠡᠭᠡ ᠲᠣᠰᠬᠤᠨ ᠤ ᠪᠣᠬᠢᠷ ᠤᠰᠤ ᠶᠢ ᠬᠤᠷᠢᠶᠠᠨ ᠴᠤᠭᠯᠠᠭᠤᠯᠬᠤ ᠲᠥᠷᠥᠯ ᠵᠦᠢᠯ ᠢ ᠬᠡᠷᠡᠭᠵᠢᠭᠦᠯᠵᠦ᠂ ᠬᠤᠲᠠ ᠬᠥᠳᠡᠭᠡ ᠶᠢᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ︵ᠥᠷᠲᠡᠭᠡ︶ ᠶᠢᠨ ᠠᠵᠢᠯᠯᠠᠭᠠᠨ ᠤ ᠬᠠᠮᠠᠭᠠᠯᠠᠯᠲᠠ ᠶᠢ ᠰᠠᠶᠢᠲᠤᠷ ᠠᠳᠬᠤᠵᠤ᠂ ᠰᠠᠪᠠ ᠭᠠᠵᠠᠷ ᠤᠨ ᠳᠣᠲᠣᠷᠠᠬᠢ ᠬᠤᠭ ᠨᠣᠪᠰᠢ ᠶᠢ ᠬᠤᠷᠢᠶᠠᠨ ᠴᠤᠭᠯᠠᠭᠤᠯᠬᠤ᠂ ᠰᠢᠯᠵᠢᠬᠦᠯᠦᠨ ᠲᠡᠭᠡᠭᠡᠪᠦᠷᠢᠯᠡᠬᠦ᠂ ᠰᠢᠢᠳᠪᠦᠷᠢᠯᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠣᠷᠳᠣ ᠬᠤᠭᠤᠴᠠᠭᠠᠨ ᠤ ᠪᠦᠲᠦᠮᠵᠢᠲᠡᠶ ᠠᠵᠢᠯᠯᠠᠭᠠᠨ ᠤ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠬᠦᠴᠦᠯᠡᠨ ᠪᠠᠶᠢᠭᠤᠯᠤᠨ᠎ᠠ᠃   ᠬᠠᠲᠤᠨ ᠭᠤᠣᠯ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠰᠠᠪᠠ ᠭᠠᠵᠠᠷ ᠤᠨ ᠪᠣᠬᠢᠷᠲᠤᠯ ᠢ ᠵᠠᠰᠠᠬᠤ ᠶᠢ ᠴᠢᠩᠭᠠᠳᠬᠠᠵᠤ᠂ ︽ᠨᠢᠭᠡ ᠭᠤᠣᠯ ᠳᠤ ᠨᠢᠭᠡ ᠪᠤᠳᠤᠯᠭ᠎ᠠ︾ ᠬᠡᠷᠡᠭᠵᠢᠬᠦᠯᠬᠦ ᠲᠥᠰᠦᠯ ᠲᠣᠭᠲᠠᠭᠠᠵᠤ᠂ ᠭᠤᠣᠯ ᠤᠨ ᠵᠠᠮ ᠢ ᠵᠠᠰᠠᠬᠤ ᠡᠷᠴᠢᠮ ᠢ ᠴᠢᠩᠭᠠᠷᠠᠭᠤᠯᠵᠤ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ᠂ ᠲᠠᠷᠢᠶᠠᠨ ᠭᠠᠵᠠᠷ ᠤᠨ ᠡᠰᠢ ᠰᠦᠷᠡᠯ᠂ ᠨᠢᠲᠤᠯᠬᠤ ᠪᠠ ᠬᠡᠮ ᠢᠶᠠᠷ ᠦᠬᠦᠭᠰᠡᠨ ᠮᠠᠯ ᠵᠡᠷᠭᠡ ᠶᠢᠨ ᠪᠣᠬᠢᠷᠲᠤᠯ ᠤᠨ ᠠᠰᠠᠭᠤᠳᠠᠯ ᠢ ᠴᠡᠭᠴᠡᠯᠡᠨ ᠵᠠᠰᠠᠨ᠎ᠠ᠃ ᠤᠰᠤᠨ ᠤ ᠡᠬᠢ ᠪᠠᠶᠠᠯᠢᠭ ᠢ ᠠᠷᠪᠢᠯᠠᠨ ᠠᠰᠢᠬᠯᠠᠬᠤ ᠶᠢ ᠴᠢᠩᠭᠠᠳᠬᠠᠵᠤ᠂ ︽ᠲᠦᠷᠪᠡᠨ ᠤᠰᠤ ᠲᠦᠷᠪᠡᠨ ᠲᠣᠭᠳᠠᠭᠠᠯ︾ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ ᠬᠡᠷᠡᠭᠵᠢᠭᠦᠯᠵᠦ᠂ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠶ ᠶᠢᠨ ᠤᠰᠤ ᠠᠷᠪᠢᠯᠠᠬᠤ ᠶᠢ ᠲᠦᠯᠬᠢᠨ ᠠᠬᠢᠭᠤᠯᠤᠨ᠎ᠠ ᠃ ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ ᠠᠵᠢᠯ ᠢ ᠴᠢᠩᠭᠠᠳᠬᠠᠵᠤ᠂ ︽ᠤᠢ ᠮᠣᠳᠣᠨ ᠤ ᠠᠬᠠᠯᠠᠬᠴᠢ ᠶᠢᠨ ᠲᠦᠷᠢᠮ︾ ᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠡᠪᠡᠰᠦ ᠪᠡᠯᠴᠢᠭᠡᠷ ᠢ ᠰᠡᠷᠭᠦᠭᠡᠬᠦ᠂ ᠪᠠᠶᠢᠭᠠᠯᠢ ᠶᠢᠨ ᠤᠢ ᠰᠢᠭᠤᠶ ᠶᠢ ᠬᠠᠮᠠᠭᠠᠯᠠᠬᠤ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠵᠡᠷᠭᠡ ᠭᠤᠣᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠵᠦ᠂ ᠬᠥᠷᠥᠰᠥ ᠰᠢᠷᠣᠶ ᠶᠢ ᠬᠠᠮᠠᠭᠠᠯᠠᠬᠤ ᠰᠡᠷᠭᠡᠶᠢᠯᠡᠨ ᠬᠠᠮᠠᠭᠠᠯᠠᠯᠲᠠ᠂ ᠤᠰᠤᠨ ᠠᠰᠢᠭᠯᠠᠯᠲᠠ ᠶᠢᠨ ᠲᠥᠬᠦᠭᠡᠷᠦᠮᠵᠢ ᠪᠣᠯᠤᠨ ᠦᠶᠡᠷ ᠢ ᠰᠡᠷᠭᠡᠶᠢᠯᠡᠬᠦ ᠵᠡᠷᠭᠡ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠬᠠᠶᠠᠬᠳᠠᠵᠤ ᠤᠷᠬᠢᠬᠳᠠᠬᠰᠠᠨ ᠰᠠᠭᠤᠭᠠᠯᠢ ᠠᠷᠠᠳ ᠤᠨ ᠴᠡᠭ ᠲᠤ ᠬᠠᠭᠠᠯᠪᠤᠷᠢᠯᠠᠯᠳᠠ ᠨᠣᠭᠤᠭᠠᠷᠠᠭᠤᠯᠤᠯᠳᠠ ᠬᠢᠬᠦ ᠶᠢ ᠰᠡᠷᠬᠦᠭᠡᠨ ᠬᠡᠷᠡᠭᠵᠢᠭᠦᠯᠦᠨ᠎ᠡ᠃   ᠳᠠᠷᠠᠭ᠎ᠠ ᠠᠯᠬᠤᠮ ᠳᠤ᠂ ᠯᠢᠶᠠᠩᠴᠧᠩ ᠰᠢᠶᠠᠨ ᠤ ᠬᠢᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠠᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ ᠤᠯᠠᠮ ᠴᠢᠨᠠᠭᠰᠢᠳᠠ ᠠᠵᠠ ᠲᠣᠬᠢᠶᠠᠯ ᠢ ᠠᠮᠵᠢᠵᠤ᠂ ᠦᠨᠡᠨ ᠪᠣᠳᠠᠲᠠᠢ ᠠᠵᠢᠯᠯᠠᠨ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠴᠢᠷᠮᠠᠶᠢᠨ ᠲᠡᠮᠡᠴᠡᠵᠦ᠂ ᠯᠢᠶᠠᠩᠴᠧᠩ ᠰᠢᠶᠠᠨ ᠤ ᠣᠳᠣᠬᠢᠴᠢᠯᠠᠯᠲᠠ ᠶᠢᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠵᠦ᠂ ᠯᠢᠶᠠᠩᠴᠧᠩ ᠰᠢᠶᠠᠨ ᠵᠢᠴᠢ ᠪᠦᠬᠦ ᠬᠤᠳᠠ ᠳᠤ ᠬᠡᠷᠡᠯ ᠭᠢᠯᠪᠠᠭ᠎ᠠ ᠨᠡᠮᠡᠷᠢᠯᠡᠨ᠎ᠡ᠃  
 
ᠢᠷᠡᠯᠲᠡ᠄ ᠤᠯᠠᠭᠠᠨᠴᠠᠪ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2