| | — ᠪᠦᠬᠦ ᠤᠯᠤᠰ ᠤᠨ ᠰᠢᠯᠢᠳᠡᠭ ᠰᠢᠶᠠᠨ ᠤ ᠨᠠᠮ ᠤᠨ ᠬᠤᠷᠢᠶᠠᠨ ᠤ ᠱᠦᠵᠢ᠂ ᠳᠥᠷᠪᠡᠳ ᠬᠤᠰᠢᠭᠤᠨ ᠤ | ᠨᠠᠮ ᠤᠨ ᠬᠤᠷᠢᠶᠠᠨ ᠤ ᠱᠦᠵᠢ ᠦ᠋ ᠢᠦᠢ ᠯᠢᠶᠠᠩ ᠢ ᠲᠡᠮᠳᠡᠭᠯᠡᠪᠡ | ᠳᠡᠯᠭᠡᠷ ᠵᠤᠨ ᠤ ᠳᠥᠷᠪᠡᠳ ᠤᠨ ᠲᠠᠯ᠎ᠠ ᠨᠤᠲᠤᠭ ᠡᠪᠡᠰᠦ ᠨᠤᠭᠤᠭ᠎ᠠ ᠬᠥᠬᠡᠷᠡᠨ ᠦᠡᠭᠭᠡ ᠦᠵᠡᠮᠵᠢ ᠭᠤᠶᠤᠬᠠᠨ᠃ | 7 ᠰᠠᠷ᠎ᠠ ᠶᠢᠨ 6 ᠤ ᠡᠳᠦᠷ᠂ ᠰᠤᠷᠪᠤᠯᠵᠢᠯᠠᠭᠴᠢ ᠳᠥᠷᠪᠡᠳ ᠬᠤᠰᠢᠭᠤᠨ ᠤ ᠵᠠᠰᠠᠭ ᠤᠨ ᠣᠷᠳᠣᠨ ᠤ ᠪᠠᠶᠢᠭ᠎ᠠ | ᠤᠯᠠᠭᠠᠨᠬᠤᠸᠠ ᠪᠠᠯᠭᠠᠰᠤ ᠠᠴᠠ ᠵᠡᠬᠦᠨ ᠬᠤᠶᠢᠰᠢ 68 ᠺᠢᠯᠦᠮᠧᠲᠷ ᠠᠶᠠᠯᠠᠵᠤ ᠭᠦᠩ ᠵᠢᠢ ᠲᠠᠩ ᠪᠠᠯᠭᠠᠰᠤᠨ ᠤ | ᠬᠠᠪᠠᠭᠭᠠᠰᠤᠲᠠᠢ ᠲᠣᠰᠬᠤᠨ ᠳᠤ ᠬᠦᠷᠪᠡ᠃ | ︽ᠡᠳᠡᠭᠡᠷ ᠬᠤᠨᠢᠳ ᠪᠤᠯ ᠮᠢᠨᠦ ᠠᠮᠢᠨ ᠡᠷᠳᠡᠨᠢ᠂ ᠪᠠᠯᠴᠢᠭᠡᠷ ᠲᠤ ᠭᠠᠷᠤᠭᠰᠠᠭᠠᠷ ᠬᠠᠷᠢᠵᠤ ᠢᠷᠡᠬᠦ ᠳᠤᠷ᠎ᠠ ᠦᠭᠡᠢ | ︾ ᠬᠡᠵᠤ ᠬᠤᠨᠢ ᠬᠠᠷᠢᠭᠤᠯᠤᠭᠠᠳ ᠬᠠᠷᠢᠵᠤ ᠢᠷᠡᠭᠰᠡᠨ ᠬᠠᠪᠠᠭᠭᠠᠰᠤᠲᠠᠢ ᠲᠣᠰᠬᠤᠨ ᠤ ᠬᠤᠤ ᠡᠯ ᠵᠦ ᠳ᠋ᠦ᠋ ᠮᠧᠩ | ᠮᠢᠬᠠᠨ ᠬᠤᠨᠢᠳ ᠢᠶᠠᠨ ᠵᠢᠭᠠᠵᠤ ᠪᠠᠶᠠᠷᠳᠠᠶᠢᠬᠠᠠ ᠢᠨᠢᠶᠡᠨᠠ᠃ | ᠲᠡᠷᠠ ᠪᠤᠯ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠨᠢᠭᠡ᠃ ᠥᠩᠭᠡᠷᠡᠭᠰᠡᠨ ᠳᠤ ᠲᠡᠳᠡᠨ ᠤ ᠤᠷᠤᠯᠭ᠎ᠠ | ᠶᠠᠳᠠᠭᠤ ᠠᠴᠠ ᠠᠩᠭᠢᠵᠢᠷᠠᠬᠤ ᠪᠠᠷᠢᠮᠵᠢᠶ᠎ᠠ ᠱᠤᠭᠤᠮ ᠲᠡᠬᠡᠷ᠎ᠠ ᠡᠷᠬᠢᠯᠳᠦᠵᠥ ᠪᠠᠶᠢᠭᠰᠠᠨ ᠠᠴᠠ ᠪᠠᠨ ᠡᠨᠡ ᠵᠢᠯ 5 | ᠲᠦᠮᠡᠨ ᠲᠥᠭᠦᠷᠢᠭ ᠬᠦᠷᠴᠤ ᠴᠢᠨᠡᠭᠡᠯᠢᠭ ᠡᠷᠦᠬᠡ ᠪᠣᠯᠵᠠᠢ᠃ | ᠬᠤᠤ ᠡᠯ ᠵᠦ᠄ ︽ᠡᠨᠡ ᠪᠦᠬᠦᠨ ᠴᠥᠮ ᠡᠦ ᠱᠦᠵᠢ ᠳᠤ ᠲᠠᠯᠠᠷᠬᠠᠬᠤ ᠶᠣᠰᠣᠲᠠᠶ᠃ ᠲᠡᠷᠡ ᠪᠠᠶᠢᠠ ᠳᠠᠬᠢᠨ ᠢᠷᠡᠵᠦ | ᠬᠡᠯᠡᠵᠥ ᠢᠳᠬᠠᠵᠤ ᠪᠠᠶᠢᠭᠠᠳ ᠬᠤᠨᠢ ᠮᠠᠯᠵᠢᠭᠤᠯᠤᠭᠰᠠᠠ ᠰᠢᠤ︾ ᠬᠡᠵᠤ ᠶᠠᠷᠢᠨ᠎ᠠ᠃ ᠬᠤᠤ ᠡᠯ ᠵᠦ ᠶᠢᠨ ᠬᠡᠯᠡᠵᠥ | ᠪᠠᠶᠢᠭ᠎ᠠ ︽ᠡᠦ ᠱᠦᠵᠢ︾ ᠪᠣᠯ ᠤᠯᠠᠭᠠᠨᠴᠠᠪ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠳᠥᠷᠪᠡᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠡᠦ | ᠢᠦᠶ ᠯᠢᠶᠠᠩ ᠪᠣᠯᠤᠨ᠎ᠠ᠃ | ᠶᠠᠳᠠᠭᠤ ᠠᠴᠠ ᠠᠩᠬᠢᠵᠢᠷᠠᠬᠰᠠᠨ ᠪᠠᠶᠢᠳᠠᠯ ᠢ ᠲᠡᠷᠡ ᠬᠠᠮᠤᠭ ᠤᠨ ᠲᠤᠳᠤᠷᠬᠠᠢ ᠮᠡᠳᠡᠳᠡᠭ | 2013 ᠣᠨ ᠳᠤ᠂ ᠦ᠋ ᠢᠦᠶ ᠯᠢᠶᠠᠩ ᠳᠥᠷᠪᠡᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠶᠢᠨ | ᠲᠤᠰᠢᠶᠠᠯ ᠢ ᠡᠭᠦᠷᠭᠡᠯᠡᠬᠦ ᠳᠤ ᠶᠠᠭ ᠤᠨᠢᠨ ᠲᠡᠭᠡᠷ᠎ᠠ ᠨᠢ ᠶᠠᠳᠠᠭᠤ ᠠᠴᠠ ᠠᠩᠭᠢᠵᠢᠷᠠᠭᠤᠯᠬᠤ ︽ᠡᠷᠬᠢᠨ ᠬᠠᠷᠠᠵᠤ ᠦᠵᠡᠬᠦ | ︾ ᠴᠠᠭ ᠦᠶ᠎ᠡ ᠪᠠᠶᠢᠵᠤ᠂ ᠲᠣᠰ ᠬᠤᠰᠢᠭᠤᠨ ᠤ ᠬᠥᠭᠵᠢᠯᠲᠡ ᠬᠦᠢᠴᠡᠳ ᠪᠤᠰᠤ᠂ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠴᠢᠨᠠᠷ ᠰᠠᠶᠢᠲᠠᠶ ᠠᠳᠠᠯ᠎ᠠ ᠦᠨ᠎ᠡ ᠬᠠᠩᠰᠢ ᠬᠢᠮᠳᠠ᠂ ᠮᠠᠯ ᠠᠵᠤ ᠠᠬᠤᠶ | ᠲᠡᠷᠢᠶᠠᠯᠠᠩ ᠤᠨ ᠠᠵᠤ ᠤᠢᠢᠯᠡᠰ ᠡᠵᠡᠩᠨᠡᠯᠳᠡ ᠪᠦᠳᠦᠭᠦᠯᠢᠭ ᠪᠠᠭᠤᠷᠠᠢ ᠭᠤᠭᠴᠤᠭ᠎ᠠ ᠤᠯᠠᠨ᠂ ᠶᠠᠳᠠᠭᠤ ᠬᠦᠴᠢᠷᠳᠡᠯᠲᠡᠶ | ᠣᠯᠠᠨ ᠲᠦᠮᠡᠨ ᠤ ᠦᠵᠡᠯᠲᠡ ᠬᠤᠴᠤᠷᠤᠩᠭᠤᠢ ᠪᠠᠶᠢᠭ᠎ᠠ ᠵᠡᠷᠬᠡ ᠪᠠᠶᠢᠳᠠᠯ ᠳᠤ ᠵᠤᠬᠢᠴᠠᠭᠤᠯᠤᠠ᠂ ᠦ᠋ ᠢᠦᠶ ᠯᠢᠶᠠᠩ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠤᠯᠤᠰ ᠲᠥᠷᠥ ᠶᠢᠨ ᠬᠦᠨᠳᠦ ᠡᠭᠦᠷᠭᠡ ᠶᠢ ᠡᠭᠦᠷᠭᠡᠯᠡᠵᠦ᠂ | ᠦᠨᠳᠦᠰᠦᠨ ᠱᠠᠲᠤ᠂ ᠳᠠᠭᠠᠭᠤᠯᠤᠭᠴᠢ ᠠᠵᠤ ᠠᠬᠤᠶᠢᠯᠠᠯ ᠳᠤ ᠬᠦᠨᠵᠡᠭᠡᠶᠢᠷᠡᠨ ᠤᠯᠠᠨᠲᠠ ᠪᠠᠶᠢᠴᠠᠭᠠᠨ ᠰᠤᠳᠤᠯᠤᠯᠲᠠ | ᠬᠢᠵᠡᠶ᠃ 9 ᠵᠢᠯ ᠤᠨ ᠬᠤᠭᠤᠴᠠᠭᠠᠨ ᠳᠤ᠂ ᠦ᠋ ᠱᠦᠵᠢ 2 ᠲᠦᠮᠡ ᠭᠠᠷᠤᠶ ᠲᠡᠭᠰᠢ ᠳᠥᠷᠪᠡᠯᠵᠢᠨ ᠺᠢᠯᠣᠮᠧᠲᠷ | ᠨᠤᠲᠤᠭ ᠳᠡᠪᠢᠰᠬᠡᠷ ᠢ ᠲᠤᠭᠤᠷᠢᠨ ᠶᠠᠪᠤᠵᠤ᠂ 78 ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠢ ᠰᠤᠷᠪᠤᠯᠵᠢᠯᠠᠨ | ᠤᠢᠢᠯᠠᠭᠠᠵᠤ᠂ ᠲᠤᠬᠠᠢ ᠶᠢᠨ ᠭᠠᠵᠠᠷ ᠤᠨ ᠣᠨᠴᠠᠯᠢᠭ ᠪᠠᠶᠢᠳᠠᠯ ᠳᠤ ᠲᠤᠬᠢᠷᠠᠭᠰᠠᠠ 6 ᠵᠦᠢᠯ ᠤᠨ ᠶᠠᠳᠠᠭᠤ ᠶᠢ | ᠲᠡᠳᠬᠦᠬᠦ ᠵᠠᠭᠪᠤᠷ ᠢ ᠲᠣᠭᠲᠠᠭᠠᠪᠠ᠃ | ᠡᠤ ᠢᠦᠶ ᠯᠢᠶᠠᠩ᠄ ︽ᠭᠠᠵᠠᠷ ᠤᠷᠤᠠ ᠤ ᠪᠤᠳᠠᠳᠠᠢ ᠪᠠᠶᠢᠳᠠᠯ ᠳᠤᠨᠢ ᠲᠤᠬᠢᠷᠠᠭᠤᠯᠤᠠ ᠳ᠋ᠦ᠋ ᠮᠧᠩ ᠬᠤᠨᠢ | ᠮᠠᠯᠵᠢᠬᠤ ᠶᠢ ᠠᠬᠢᠭᠤᠯᠬᠤ᠂ ᠳᠠᠭᠠᠭᠤᠯᠤᠭᠴᠢ ᠠᠵᠤ ᠠᠬᠤᠶᠢᠯᠠᠯ ᠮᠠᠯᠴᠢᠠ ᠲᠠᠷᠢᠶᠠᠴᠢᠠ ᠡᠷᠦᠬᠡ ᠳᠤ ᠬᠡᠭᠡᠯ ᠲᠠᠢ ᠡᠮ᠎ᠠ | ᠬᠤᠨᠢ ᠲᠦᠷᠢᠶᠡᠰᠦᠯᠡᠵᠥ ᠥᠭᠴᠤ ᠮᠠᠯᠵᠢᠭᠤᠯᠬᠤ᠂ ᠨᠠᠶᠢᠳᠠᠨ ᠬᠠᠮᠢᠶᠠᠷᠤᠭᠤᠯᠵᠤ ᠣᠷᠣᠯᠠᠨ ᠮᠠᠯᠵᠢᠬᠤ᠂ ︿ᠥᠮᠴᠢᠯᠡᠬᠦ | ᠡᠷᠬᠡ + ᠬᠥᠳᠡᠯᠮᠦᠷᠢ ᠤᠢᠢᠯᠡᠴᠢᠯᠡᠭᠡ﹀ ᠶᠢᠨ ᠡᠳ᠋ ᠬᠥᠷᠥᠩᠭᠡ ᠶᠢᠨ ᠠᠰᠢᠭ ᠣᠯᠵᠠᠪᠤᠷᠢ ᠵᠢᠴᠢ ᠬᠦᠷᠢᠶ᠎ᠡ ᠬᠠᠰᠢᠶᠠᠨ ᠤ | ᠠᠵᠤ ᠠᠬᠤᠶ ᠶᠢ ᠬᠥᠭᠵᠢᠭᠦᠯᠬᠦ ᠠᠷᠭ᠎ᠠ ᠪᠤᠳᠤᠯᠭ᠎ᠠ ᠶᠢ ᠲᠤᠭᠳᠠᠭᠠᠠ ᠬᠡᠷᠡᠭᠵᠢᠬᠦᠯᠦᠭᠰᠡᠡ ᠨᠢ ᠨᠢᠬᠡ ᠪᠦᠯᠦᠭ ᠪᠠᠶᠠᠵᠢᠬᠤ | ᠠᠷᠭ᠎ᠠ ᠵᠠᠮ ᠢᠶᠠᠨ ᠤᠯᠬᠤ ᠦᠬᠡᠢ ᠶᠠᠳᠠᠭᠤ ᠬᠦᠴᠢᠷᠳᠠᠯᠳᠠᠢ ᠡᠷᠤᠬᠡ ᠳᠤ ᠪᠠᠶᠠᠵᠢᠯ ᠤᠨ ᠵᠠᠮ ᠮᠦᠷ ᠵᠢᠭᠠᠵᠥ | ᠦᠭᠬᠦ ᠶᠢᠨ ᠵᠡᠷᠬᠡ ᠪᠠᠷ ᠨᠠᠰᠤ ᠠᠬᠢᠭᠰᠠᠨ᠂ ᠭᠠᠷ ᠬᠦᠯ ᠮᠠᠭᠤ ᠲᠣᠰᠬᠤᠨ ᠤ ᠠᠷᠠᠳ ᠤᠳ ᠲᠤ ᠴᠤ ᠪᠠᠶᠠᠵᠢᠬᠤ ᠵᠠᠮ | ᠣᠯᠭᠤᠬᠤ ᠶᠢᠨ ᠲᠦᠯᠦᠭᠡ ᠶᠤᠮ︾ ᠬᠡᠵᠤ ᠶᠠᠷᠢᠨ᠎ᠠ᠃ | ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠳᠡᠳ᠋ ᠡᠷᠬᠢᠯᠡᠭᠴᠢ ᠵᠠᠩ ᠶᠣᠣ ᠵᠢᠶᠧ᠄ ︽ᠦ᠋ ᠱᠦᠵᠢ | ᠦᠷᠭᠦᠯᠵᠢ ᠡᠷᠤᠬᠡ ᠳᠤ ᠬᠦᠨᠵᠡᠬᠡᠶᠢᠷᠡᠡ ᠶᠠᠳᠠᠭᠤ ᠬᠦᠴᠢᠷᠳᠠᠯᠳᠡᠢ ᠡᠷᠤᠬᠡ ᠶᠢᠨ ᠦᠢᠯᠡᠳᠪᠤᠷᠢᠯᠠᠯ ᠠᠮᠢᠳᠤᠷᠠᠯ ᠤᠨ | ᠪᠠᠶᠢᠳᠠᠯ ᠢ ᠦᠢᠯᠠᠭᠠᠳᠠᠭ ᠪᠤᠯᠬᠤᠷ ᠭᠤᠣᠯᠳᠠᠯᠭ᠎ᠠ ᠲᠠᠢ ᠶᠠᠳᠠᠭᠤ ᠬᠦᠴᠢᠷᠳᠡᠯᠲᠡᠢ ᠲᠣᠰᠬᠤᠨ ᠤ ᠠᠷᠠᠳ ᠴᠦᠮ | ᠲᠡᠭᠦᠨ ᠢ ᠲᠠᠨᠢᠨ᠎ᠠ᠂ ᠲᠡᠬᠦᠠ ᠳᠤ ᠪᠠᠶᠠᠷ ᠳᠤᠷᠠᠰᠬᠠᠯ ᠤᠨ ᠡᠳᠦᠷ ᠪᠠ ᠭᠠᠷᠠᠭ ᠤᠨ ᠠᠮᠠᠷᠠᠯᠲᠠ ᠬᠡᠵᠥ ᠪᠠᠶᠢᠳᠠᠭ ᠦᠭᠡᠢ︾ | ᠬᠡᠵᠤ ᠲᠠᠨᠢᠯᠴᠠᠭᠤᠯᠤᠨ᠎ᠠ᠃ | ᠡᠤ ᠢᠦᠶ ᠯᠢᠶᠠᠩ᠄ ︽ᠶᠠᠳᠠᠭᠤ ᠶᠢ ᠲᠡᠳᠬᠦᠬᠦ ᠠᠵᠢᠯ ᠳᠤ ᠪᠤᠳᠠᠳᠠᠢ ᠠᠮᠵᠢᠯᠳᠠ ᠤᠯᠤᠶ᠎ᠠ ᠬᠡᠪᠡᠯ ᠡᠷᠬᠡᠪᠰᠢ | ᠶᠠᠳᠠᠭᠤᠷᠠᠭᠰᠠᠠ ᠪᠠᠶᠢᠳᠠᠯ ᠢ ᠲᠣᠳᠣᠷᠬᠠᠶ ᠣᠶᠢᠯᠠᠭᠠᠵᠤ᠂ ᠡᠷᠦᠬᠡ ᠪᠦᠷᠢ ᠶᠢᠨ ᠪᠠᠶᠢᠳᠠᠯ ᠤᠨ ᠲᠤᠬᠠᠢ ᠳᠣᠲᠣᠷ᠎ᠠ ᠪᠠᠨ | ᠲᠤᠭ᠎ᠠ ᠲᠠᠢ ᠪᠠᠶᠢᠵᠥ ᠬᠠᠨᠳᠤᠯᠭᠠᠲᠤ ᠴᠢᠨᠠᠷᠲᠠᠶ ᠪᠠᠷ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠲᠤᠭᠳᠠᠭᠠᠬᠤ ᠬᠡᠷᠡᠭᠳᠡᠢ᠃ | ᠪᠢ ᠰᠢᠶᠠᠩ ᠪᠠᠯᠭᠠᠰᠤ ᠭᠠᠴᠠᠭ᠎ᠠ ᠲᠣᠰᠬᠤᠨ ᠬᠢᠬᠡᠳ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ | ᠭᠡᠰᠢᠭᠦᠳ ᠲᠤ ᠬᠡᠪ ᠲᠠᠭᠤᠷᠢᠶᠠᠯ ᠪᠤᠯᠬᠤ ᠪᠠᠷ ᠴᠢᠷᠮᠠᠶᠢᠨ᠎ᠠ᠂ ᠪᠢ ᠪᠠᠶᠠᠳᠠᠠ ᠲᠡᠭᠠᠭᠤᠯᠴᠢᠬᠠᠪᠠᠯ ᠣᠯᠠᠨ ᠢᠶᠠᠷ ᠢᠶᠠᠨ | ᠤᠬᠠᠮᠰᠠᠷ ᠠᠴᠠ ᠪᠠᠨ ᠳᠠᠭᠠᠵᠤ ᠬᠢᠨ᠎ᠠ︾ ᠬᠡᠵᠤ ᠶᠠᠷᠢᠨ᠎ᠠ᠃ | ᠴᠢᠷᠮᠠᠶᠢᠯᠭ᠎ᠠ ᠬᠥᠮᠦᠨ ᠢ ᠭᠤᠮᠣᠳᠠᠭᠠᠬᠤ ᠦᠭᠡᠢ ᠬᠡᠳᠡᠭᠴᠢᠯᠠᠨ᠂ ᠨᠢᠳᠤᠨᠤᠠ ᠤ 3 ᠰᠠᠷ᠎ᠠ ᠳᠤ᠂ ᠲᠤᠰ | ᠬᠤᠰᠢᠭᠤᠠ ᠤ 8109 ᠶᠠᠳᠠᠭᠤ ᠬᠦᠴᠢᠷᠳᠠᠯᠳᠠᠢ ᠡᠷᠦᠬᠡ ᠶᠢᠨ 18906 ᠬᠥᠮᠦᠨ ᠪᠦᠬᠦᠨ ᠢᠶᠠᠷ ᠢᠶᠠᠨ | ᠶᠠᠳᠠᠭᠤ ᠠᠴᠠ ᠠᠩᠭᠢᠵᠢᠷᠠᠵᠤ᠂ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾ ᠠᠰᠠᠭᠤᠳᠠᠯ ᠢ | ᠪᠦᠷᠢᠮᠦᠰᠦᠨ ᠰᠢᠢᠳᠪᠤᠷᠢᠯᠡᠵᠤ᠂ ᠲᠣᠰᠬᠤᠨ ᠳᠤ ᠨᠡᠪᠲᠡᠷᠡᠬᠦ 1000 ᠭᠠᠷᠤᠶ ᠺᠢᠯᠣᠮᠧᠲᠷ ᠤᠨ ᠵᠠᠰᠠᠮᠠᠯ ᠵᠠᠮ ᠵᠠᠰᠠᠪᠠ︔ | ᠲᠣᠰ ᠬᠤᠰᠢᠭᠤ ᠤᠷᠢᠳ ᠬᠤᠵᠢᠳ ︽ᠪᠥᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ | ᠰᠢᠪᠲᠤᠯᠬᠤ ᠠᠵᠢᠯ ᠤᠨ ᠲᠡᠷᠢᠭᠦᠨ ᠤ ᠬᠠᠮᠲᠤ︾᠂ ᠦᠪᠡᠷᠳᠡᠭᠡᠨ ᠵᠠᠰᠬᠠᠤ ᠣᠷᠣᠨ ᠤ ︽ᠡᠷᠡᠭᠦᠯ ᠬᠠᠮᠠᠭᠠᠯᠠᠯ ᠤᠨ | ᠬᠤᠲᠠ ᠪᠠᠯᠭᠠᠰᠤ︾᠂ ᠦᠪᠡᠷᠳᠡᠭᠡᠨ ᠵᠠᠰᠬᠠᠤ ᠣᠷᠣᠨ ᠤ ᠲᠠᠰ ᠤᠨ ︽ᠬᠥᠳᠡᠭᠡ ᠲᠣᠰᠬᠤᠨ ᠤ ᠳᠥᠷᠪᠡᠨ ᠰᠠᠶᠢᠨᠲᠠᠶ | ᠵᠠᠮ︾ ᠤᠨ ᠵᠢᠱᠢᠶ᠎ᠡ ᠦᠵᠡᠭᠦᠯᠬᠦ ᠬᠤᠰᠢᠭᠤ᠂ ᠦᠪᠡᠷᠳᠡᠭᠡᠨ ᠵᠠᠰᠬᠠᠤ ᠣᠷᠣᠨ ᠤ ︽ᠬᠤᠶᠠᠷ ᠢ ᠬᠦᠷᠢᠶᠡᠯᠡᠬᠦ ᠵᠢᠱᠢᠶᠡᠴᠢ | ᠬᠤᠰᠢᠭᠤ︾ ᠵᠡᠷᠭᠡ ᠢᠷᠠᠭᠤ ᠠᠯᠳᠠᠷ ᠤᠳ ᠢ ᠭᠥᠷᠳᠡᠪᠠ᠃ | ᠪᠦᠬᠦ᠋ᠢᠯᠠ ᠲᠦᠭᠰᠢᠭᠦᠷᠢ ᠶᠢ ᠡᠭᠦᠷᠭᠡᠯᠡᠨ ᠠᠷᠠᠳ ᠤᠯᠠᠨ ᠳᠤ ᠠᠰᠢᠭ ᠬᠦᠷᠳᠡᠭᠡᠨ᠎ᠠ | ᠲᠤᠰ ᠬᠤᠰᠢᠭᠤᠨ ᠤ ᠬᠤᠶᠠᠷ ᠶᠡᠭᠡ ᠳᠠᠭᠠᠭᠤᠯᠤᠭᠴᠢ ᠠᠵᠤ ᠠᠬᠤᠶᠢᠯᠠᠯ ᠬᠥᠮᠦᠰ ᠤᠨ ᠠᠩᠬᠠᠷᠤᠯ ᠢ ᠣᠨᠴᠠ | ᠲᠠᠲᠠᠨ᠎ᠠ᠂ ᠨᠢᠭᠡ ᠨᠢ ᠲᠥᠮᠥᠰᠥ ᠲᠠᠷᠢᠬᠤ ᠤᠢᠢᠯᠡᠰ ᠡᠷᠬᠢᠯᠡᠵᠤ ᠪᠠᠶᠢᠭ᠎ᠠ ᠥᠪᠥᠷ ᠮᠣᠩᠭᠤᠯ ᠤᠨ ᠵᠥᠩ ᠵᠢᠶᠠ | ᠲᠠᠷᠢᠶᠠᠯᠠᠩ ᠤᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠨᠥᠭᠦᠭᠡ ᠨᠢ | ᠬᠤᠴᠠ ᠮᠠᠯᠵᠢᠬᠤ ᠤᠢᠢᠯᠡᠰ ᠡᠷᠬᠢᠯᠡᠵᠤ ᠪᠠᠶᠢᠭ᠎ᠠ ᠥᠪᠥᠷ ᠮᠣᠩᠭᠤᠯ ᠤᠨ ᠰᠠᠶ ᠨᠦᠸᠧ ᠡᠭᠦᠯᠳᠡᠷ ᠤᠨ ᠬᠤᠨᠢ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯᠤᠨ᠎ᠠ᠃ ᠳᠤᠰ ᠬᠤᠶᠠᠷ ᠲᠣᠮᠣ ᠳᠠᠭᠠᠭᠤᠯᠤᠭᠴᠢ ᠠᠵᠤ | ᠠᠬᠤᠶᠢᠯᠠᠯ ᠶᠠᠳᠠᠭᠤ ᠬᠦᠴᠢᠷᠳᠡᠯᠲᠡᠶ ᠡᠷᠦᠬᠡ ᠶᠢ ᠳᠠᠶᠢᠴᠢᠯᠠᠨ ᠶᠠᠳᠠᠭᠤ ᠠᠴᠠ ᠠᠩᠭᠢᠵᠢᠷᠠᠭᠤᠯᠤᠭᠰᠠᠨ ᠢᠶᠠᠷ ᠪᠠᠷᠠᠬᠤ | ᠥᠬᠡᠶ ᠪᠠᠰᠠ ᠪᠦᠬᠦ ᠬᠤᠰᠢᠭᠤᠨ ᠤ ᠬᠤᠰᠢᠭᠤ ᠬᠡᠪᠴᠢᠶᠡᠨ ᠤ ᠠᠵᠤ ᠠᠬᠤᠶ ᠳᠤ ᠳᠤᠯᠭᠠᠭᠤᠷᠢᠯᠠᠬᠤ ᠦᠢᠯᠡᠳᠤᠯ | ᠦᠵᠡᠬᠦᠯᠵᠦ ᠪᠤᠢ᠃ | ︽ᠵᠠᠰᠠᠭ ᠤᠨ ᠣᠷᠳᠣᠨ + ᠠᠵᠤ ᠠᠬᠤᠶᠢᠯᠠᠯ + ᠮᠠᠯᠴᠢᠠ ᠲᠠᠷᠢᠶᠠᠴᠢᠠ ᠡᠷᠦᠬᠡ︾ ᠶᠢᠨ ᠶᠠᠳᠠᠭᠤ ᠠᠴᠠ | ᠠᠩᠭᠢᠵᠢᠷᠠᠭᠤᠯᠬᠤ ᠵᠠᠭᠪᠤᠷ ᠢ ᠬᠡᠷᠡᠭᠵᠢᠭᠦᠯᠬᠦ ᠶᠠᠪᠤᠴᠠ ᠳᠤ᠂ ᠦ᠋ ᠢᠦᠶ ᠯᠢᠶᠠᠩ ᠮᠠᠯᠴᠢᠨ ᠲᠠᠷᠢᠶᠠᠴᠢᠨ ᠪᠣᠯᠤᠨ ᠠᠵᠤ | ᠠᠬᠤᠶᠢᠯᠠᠯ ᠳᠤ ᠬᠠᠮᠲᠤ ᠳᠤᠨᠢ ᠠᠰᠢᠭ ᠬᠦᠷᠲᠡᠭᠡᠬᠦ ᠵᠠᠷᠴᠢᠮ ᠢ ᠪᠠᠷᠢᠮᠲᠠᠯᠠᠬᠰᠠᠠ ᠢᠶᠠᠷ᠂ ᠥᠪᠥᠷ ᠮᠣᠩᠭᠤᠯ ᠤᠨ ᠵᠥᠩ | ᠵᠢᠶᠠ ᠲᠠᠷᠢᠶᠠᠯᠠᠩ ᠤᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ 1500 | ᠭᠠᠷᠤᠶ ᠶᠠᠳᠠᠭᠤ ᠬᠦᠴᠢᠷᠳᠡᠯᠲᠡᠶ ᠡᠷᠦᠬᠡ ᠶᠢ ᠳᠠᠶᠢᠴᠢᠯᠠᠨ ᠶᠠᠳᠠᠭᠤ ᠠᠴᠠ ᠠᠩᠭᠢᠵᠢᠷᠠᠭᠤᠯᠬᠤ ᠶᠢᠨ ᠵᠡᠷᠬᠡ ᠪᠠᠷ ᠪᠠᠰᠠ | 100 ᠭᠠᠷᠤᠶ ᠠᠵᠢᠯ ᠤᠨ ᠪᠠᠶᠢᠷᠢ ᠬᠠᠨᠭ᠍ᠭᠠᠪᠠ᠃ | ᠲᠣᠰ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠴᠢᠨ ᠭᠦᠸᠧ ᠬᠤᠸᠠ᠄ ︽ᠮᠠᠯᠴᠢᠨ ᠲᠠᠷᠢᠶᠠᠴᠢᠨ ᠤ | ᠣᠷᠣᠯᠭ᠎ᠠ ᠶᠢ ᠨᠡᠮᠡᠭᠳᠡᠭᠦᠯᠬᠦ ᠶᠢᠨ ᠲᠥᠯᠥᠭᠡ ᠦ᠋ ᠱᠦᠵᠢ ᠶᠠᠳᠠᠭᠤ ᠶᠢ ᠲᠡᠳᠬᠦᠬᠦ ᠪᠡᠯᠡ ᠮᠦᠡᠭᠬᠦ ᠪᠠᠷ ᠮᠠᠰᠢᠨ ᠲᠤᠨᠤᠭ | ᠬᠤᠳᠠᠯᠳᠤᠨ ᠠᠪᠴᠤ ᠮᠠᠨᠤᠰ ᠲᠤ ᠲᠦᠷᠢᠶᠠᠰᠦᠯᠡᠭᠦᠯᠵᠤ᠂ ᠲᠦᠷᠢᠶᠠᠰᠦᠨ ᠮᠦᠡᠭᠬᠦ ᠶᠢ ᠶᠠᠳᠠᠭᠤ ᠬᠦᠴᠢᠷᠳᠡᠯᠲᠠᠢ | ᠮᠠᠯᠴᠢᠨ ᠲᠠᠷᠢᠶᠠᠴᠢᠨ ᠳᠤ ᠬᠤᠪᠢᠶᠠᠠ ᠦᠭᠬᠦ ᠶᠢᠨ ᠬᠠᠮᠲᠤ ᠮᠠᠰᠢᠨ ᠲᠤᠨᠤᠭ ᠤᠨ ᠦᠮᠴᠢᠯᠡᠬᠦ ᠡᠷᠬᠡ ᠶᠢ ᠪᠠᠰᠠ | ᠲᠡᠳᠡᠨ ᠳᠤ ᠬᠠᠷᠢᠶᠠᠯᠠᠭᠤᠯᠬᠤ ︿ᠥᠮᠴᠢᠯᠡᠬᠦ ᠡᠷᠬᠡ + ᠬᠥᠳᠡᠯᠮᠦᠷᠢ ᠤᠢᠢᠯᠡᠴᠢᠯᠡᠭᠡ﹀ ᠵᠠᠭᠪᠤᠷ ᠢᠶᠠᠷ᠂ ᠶᠠᠳᠠᠭᠤ ᠠᠴᠠ | ᠠᠩᠭᠢᠵᠢᠷᠠᠭᠤᠯᠬᠤ ᠡᠭᠦᠷᠭᠡ ᠶᠢ ᠠᠵᠤ ᠠᠬᠤᠶᠢᠯᠠᠯ ᠳᠤ ᠨᠠᠶᠢᠳᠠᠵᠤ᠂ ᠪᠥᠬᠦ᠋ᠢᠯᠠ ᠲᠦᠭᠰᠢᠭᠦᠷᠢ ᠶᠢ ᠡᠭᠦᠷᠭᠡᠯᠡᠭᠰᠡᠨ | ᠪᠠᠶᠢᠨ᠎ᠠ︾ ᠬᠡᠵᠤ ᠤᠴᠢᠷᠯᠠᠨ᠎ᠠ᠃ | ︽ᠲᠦᠭᠰᠢᠭᠦᠷᠢ ᠶᠢ ᠡᠭᠦᠷᠭᠡᠯᠡᠬᠦ ᠦᠭᠡᠢ ᠪᠣᠯ ᠵᠠᠷᠢᠮ ᠶᠠᠪᠤᠳᠠᠯ ᠢ ᠪᠦᠲᠦᠭᠡᠵᠦ ᠳᠡᠶᠢᠯᠬᠦ ᠦᠭᠡᠢ᠂ ᠲᠦᠭᠰᠢᠭᠦᠷᠢ | ᠡᠭᠦᠷᠭᠡᠯᠡᠬᠦ ᠠᠴᠠ ᠠᠶᠤᠪᠠᠯ ᠶᠠᠳᠠᠭᠤ ᠠᠴᠠ ᠠᠩᠭᠢᠵᠢᠷᠠᠭᠤᠯᠬᠤ ᠠᠵᠢᠯ ᠢ ᠠᠬᠢᠭᠤᠯᠵᠤ ᠳᠡᠶᠢᠯᠬᠦ ᠦᠭᠡᠢ︾ ᠡᠨᠡ ᠪᠣᠯ | ᠦ᠋ ᠢᠦᠢ ᠯᠢᠶᠠᠩ ᠤᠨ ᠦᠨᠡᠨ ᠰᠡᠳᠬᠢᠯ ᠤᠨ ᠦᠭᠡ ᠪᠤᠯᠤᠨ᠎ᠠ᠃ | ᠡᠦ ᠢᠦᠢ ᠯᠢᠶᠠᠩ ᠤᠨ ᠠᠮᠠᠯᠠᠯᠳᠠ ᠪᠠᠲᠤᠯᠠᠭ᠎ᠠ ᠳᠣᠣᠷ᠎ᠠ᠂ ᠮᠠᠯᠴᠢᠨ ᠲᠠᠷᠢᠶᠠᠴᠢᠳ 7000 ᠲᠦᠮᠡᠨ ᠲᠥᠭᠦᠷᠢᠭ ᠤᠨ | ᠪᠡᠯᠡ ᠴᠤᠭᠯᠠᠭᠤᠯᠵᠤ ᠠᠵᠤ ᠠᠬᠤᠶᠢᠯᠠᠯ ᠳᠤ ᠬᠤᠪᠢ ᠤᠷᠤᠵᠤ᠂ ᠶᠡᠭᠡ ᠲᠦᠷᠭᠡᠨ ᠭᠤᠣᠯ ᠰᠢᠶᠠᠩ ᠤᠨ 2 ᠲᠦᠮᠡᠨ | ᠮᠦ ᠭᠠᠵᠠᠷ ᠲᠠᠷᠢᠶ᠎ᠠ ᠶᠢ ᠠᠵᠤ ᠠᠬᠤᠢᠢᠯᠠᠯ ᠳᠤ ᠲᠠᠭᠠᠭᠠᠴᠢᠯᠠᠭᠤᠯᠤᠭᠰᠠᠨ ᠪᠥᠭᠡᠳ ᠵᠦᠩ ᠵᠢᠶᠠ ᠺᠣᠮᠫᠠᠨᠢ ᠳᠤ | ᠰᠢᠭᠤᠳ ᠨᠡᠪᠳᠡᠷᠡᠬᠦ ᠵᠠᠮ ᠢ 5 ᠺᠢᠯᠣᠮᠧᠲᠷ ᠵᠠᠰᠠᠪᠠ᠃ | ᠶᠡᠭᠡ ᠲᠦᠷᠭᠡᠨ ᠭᠤᠣᠯ ᠰᠢᠶᠠᠩ ᠤᠨ ᠰᠧ ᠱᠢ ᠴᠢᠩ ᠳ᠋ᠢ ᠲᠣᠰᠬᠤᠨ ᠤ ᠯᠢ ᠵᠢᠶᠧ 40 ᠮᠦ ᠲᠡᠷᠢᠶᠠᠠ | ᠭᠠᠵᠠᠷ ᠢᠶᠠᠨ ᠲᠤᠰ ᠺᠣᠮᠫᠠᠨᠢ ᠳᠤ ᠲᠠᠭᠠᠭᠠᠴᠢᠯᠠᠭᠤᠯᠤᠭᠠᠳ ᠦᠪᠡᠷ ᠲᠡᠭᠡᠨ ᠺᠤᠮᠫᠠᠨᠢ ᠳᠤ ᠢᠷᠡᠵᠦ ᠬᠦᠯᠦᠰᠦᠨ ᠠᠵᠢᠯ | ᠬᠢᠵᠥ ᠡᠳᠦᠷ ᠲᠤ 300 ᠲᠥᠭᠦᠷᠢᠭ ᠤᠨ ᠪᠡᠯᠡᠡ ᠮᠦᠡᠭᠬᠦ ᠶᠢᠨ ᠴᠠᠯᠢᠩ ᠲᠠᠢ᠂ ᠵᠢᠯ ᠳᠤ 7 ᠰᠠᠷ᠎ᠠ ᠠᠵᠢᠯᠯᠠᠳᠠᠭ | ᠪᠤᠯᠬᠤᠷ ᠪᠤᠰᠤᠳ ᠴᠠᠭ ᠲᠤᠨᠢ ᠭᠠᠳᠠᠨ᠎ᠠ ᠬᠦᠯᠦᠰᠤᠨ ᠠᠵᠢᠯ ᠬᠢᠵᠥ ᠵᠢᠯ ᠤᠨ ᠤᠷᠤᠯᠭ᠎ᠠ ᠨᠢ 4 ᠲᠦᠮᠡᠨ | ᠲᠥᠭᠦᠷᠢᠭ ᠲᠤ ᠬᠦᠷᠦᠭᠰᠡᠨ ᠪᠠᠶᠢᠨ᠎ᠠ᠃ | ᠪᠡᠶ᠎ᠡ ᠪᠠᠷ ᠢᠶᠠᠨ ᠬᠡᠪ ᠲᠠᠭᠤᠷᠢᠶᠠᠯ ᠪᠤᠯᠵᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠨ᠎ᠠ | ᠬᠢᠯᠢ ᠬᠢᠵᠠᠭᠠᠷ ᠤᠨ ᠬᠤᠰᠢᠭᠤ ᠰᠢᠶᠠᠨ ᠤ ᠦᠨᠳᠦᠰᠦᠲᠡᠨ ᠤ ᠺᠠᠳ᠋ᠷ ᠪᠣᠯᠤᠭᠰᠠᠨ ᠤ ᠬᠤᠪᠢ ᠳᠤ᠂ ᠦ᠋ ᠢᠦᠶ | ᠯᠢᠶᠠᠩ ᠢᠮᠠᠭᠲᠠ ︽ᠬᠤᠶᠠᠷ ᠬᠠᠯᠬᠠᠪᠴᠢ︾ ᠶᠢ ᠪᠥᠲᠥᠭᠡᠨ ᠪᠠᠶᠢᠭᠤᠯᠬᠤ ᠶᠢ ᠲᠡᠷᠢᠭᠦᠨ ᠴᠢᠬᠤᠯᠠ ᠡᠭᠦᠷᠭᠡ ᠪᠣᠯᠭᠠᠵᠦ | ᠂ ᠢᠯᠡᠩᠭᠤᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠠᠯ᠎ᠠ ᠪᠠᠷ | ᠂ ᠰᠤᠷᠭᠠᠭᠤᠯᠢ ᠳᠤ ᠭᠦᠨᠵᠡᠭᠡᠶᠢᠷᠡᠨ᠂ ᠪᠠᠭᠰᠢ ᠰᠤᠷᠤᠭᠴᠢᠳ ᠲᠠᠢ ᠶᠠᠷᠢᠯᠴᠠᠵᠤ᠂ ᠰᠤᠷᠭᠠᠭᠤᠯᠢ ᠠᠴᠠ ᠡᠷᠭᠢᠯᠡᠭᠰᠡᠨ | ᠡᠯ᠎ᠡ ᠵᠦᠢᠯ ᠤᠨ ᠠᠵᠢᠯᠯᠠᠭ᠎ᠠ ᠳᠤ ᠣᠷᠣᠯᠴᠠᠳᠠᠭ᠃ ᠡᠳᠦᠭᠡ ᠲᠤᠰ ᠬᠤᠰᠢᠭᠤᠨ ᠤ ᠮᠣᠩᠭᠤᠯ ᠦᠨᠳᠦᠰᠦᠲᠡᠨ ᠤ | ᠪᠠᠭ᠎ᠠ ᠰᠤᠷᠭᠠᠭᠤᠯᠢ ᠶᠢᠨ ᠤᠨᠴᠠᠯᠢᠬᠳᠤ ᠬᠡᠯᠡ ᠪᠢᠴᠢᠭ ᠤᠨ ᠬᠢᠴᠢᠶᠡᠯ ᠰᠤᠷᠤᠭᠴᠢᠳ ᠤᠨ ᠬᠠᠮᠤᠭ ᠤᠨ | ᠬᠦᠷᠢᠶᠡᠯᠡᠯ ᠲᠠᠢ ᠬᠢᠴᠢᠶᠡᠯ ᠪᠣᠯᠵᠣ᠂ ᠳᠤᠤᠷ᠎ᠠ ᠠᠩᠭᠢ ᠶᠢᠨ ᠰᠤᠷᠤᠭᠴᠢᠳ ᠪᠠᠭᠰᠢ ᠶᠢᠨ ᠢᠶᠠᠨ ᠨᠠᠶᠢᠷᠠᠭᠤᠯᠤᠭᠰᠠᠨ | ᠴᠠᠭᠠᠨ ᠲᠣᠯᠣᠭᠠᠶ ᠶᠢᠨ ᠲᠠᠮᠢᠷ ᠢᠶᠠᠷ ᠪᠡᠶ᠎ᠡ ᠶᠢᠨ ᠲᠠᠮᠢᠷ ᠬᠢᠬᠦ ᠶᠢᠨ ᠳᠠᠭᠠᠤ ᠠᠪᠢᠶ᠎ᠠ ᠲᠡᠮᠳᠡᠭᠯᠡᠬᠦ ᠶᠢ ᠰᠤᠷᠴᠤ᠂ ᠳᠡᠭᠡᠷ᠎ᠡ | ᠠᠩᠭᠢ ᠶᠢᠨ ᠰᠤᠷᠤᠭᠴᠢᠳ ᠶᠠᠷᠢᠶ᠎ᠠ ᠢᠯᠡᠳᠬᠡᠯ ᠤᠨ ᠤᠷᠤᠯᠳᠤᠭᠠᠨ᠂ ᠰᠢᠯᠢᠳᠡᠭ ᠨᠣᠮ ᠰᠡᠳᠬᠦᠯ ᠢ ᠤᠡᠭᠰᠢᠵᠥ | ᠬᠤᠪᠢᠶᠠᠯᠴᠠᠬᠤ ᠨᠢ ᠰᠤᠷᠤᠭᠴᠢᠳ ᠤᠨ ᠬᠢᠴᠢᠶᠡᠯ ᠤᠨ ᠭᠠᠳᠠᠨᠠᠬᠢ ᠬᠥᠳᠡᠯᠭᠡᠭᠡᠨ ᠪᠣᠯᠵᠠᠶ᠃ | ᠲᠤᠰ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ ᠸᠧᠢ ᠹᠦ᠋ ᠬᠤ᠋᠄ ︽ | ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠳᠤ ᠦ᠋ ᠱᠦᠵᠢ | ᠡᠷᠤᠬᠡ ᠪᠠᠷ ᠬᠦᠨᠵᠡᠬᠡᠶᠢᠷᠡᠡ᠂ ᠥᠪᠡᠷ ᠤᠨ ᠪᠡᠶ᠎ᠡ ᠪᠡ ᠳᠡᠷᠭᠡᠳᠡᠬᠢ ᠬᠥᠮᠦᠰ ᠢᠶᠠᠷ ᠢᠶᠠᠨ ᠵᠢᠱᠢ᠊ ᠡᠶ᠎ᠡ ᠪᠣᠯᠭᠠᠵᠤ᠂ | ᠰᠤᠷᠤᠭᠴᠢ᠂ ᠭᠡᠷ ᠤᠨ ᠠᠬᠠᠮᠠᠳ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠶᠢᠨ ᠴᠢᠬᠤᠯᠠ ᠴᠢᠨᠠᠷ᠂ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢᠨ | ᠠᠰᠢᠭᠳᠠᠢ ᠲᠠᠯ᠎ᠠ ᠶᠢ ᠭᠡᠷ ᠤᠨ ᠠᠬᠠᠮᠠᠳ ᠲᠤ ᠲᠠᠶᠢᠯᠪᠤᠷᠢᠯᠠᠨ ᠶᠠᠷᠢᠵᠥ ᠦᠭᠳᠡᠭ︾ ᠬᠡᠵᠤ ᠶᠠᠷᠢᠨ᠎ᠠ᠃ | 6 ᠰᠠᠷ᠎ᠠ ᠶᠢᠨ 29 ᠤ ᠡᠳᠦᠷ᠂ ᠦ᠋ ᠢᠦᠶ ᠯᠢᠶᠠᠩ ︽ᠪᠥᠬᠦ ᠤᠯᠤᠰ ᠤᠨ ᠰᠢᠯᠢᠳᠡᠭ ᠰᠢᠶᠠᠨ ᠤ ᠨᠠᠮ ᠤᠨ | ᠬᠤᠷᠢᠶᠠᠨ ᠤ ᠱᠦᠵᠢ︾ ᠪᠠᠷ ᠴᠤᠯᠠᠯᠠᠭᠳᠠᠵᠥ᠂ 7 ᠰᠠᠷ᠎ᠠ ᠶᠢᠨ 1 ᠤ ᠡᠳᠦᠷ᠂ ᠲᠢᠶᠠᠨ ᠠᠨ ᠮᠧᠨ ᠠᠭᠤᠳᠠᠮ | ᠲᠠᠯᠠᠪᠠᠶ ᠳᠤ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ | ᠬᠤᠷᠠᠯ ᠳᠤ ᠣᠷᠣᠯᠴᠠᠪᠠ᠃ | ᠬᠠᠷᠢᠵᠥ ᠢᠷᠡᠭᠰᠡᠡ ᠤ ᠳᠠᠷᠠᠭ᠎ᠠ ᠴᠤ ᠡᠦ ᠢᠦᠢ ᠯᠢᠶᠠᠩ ᠤᠨ ᠰᠡᠳᠬᠢᠯ ᠰᠠᠨᠠᠭ᠎ᠠ ᠤᠳᠠᠲᠠᠯ᠎ᠠ ᠲᠣᠭᠲᠠᠭᠤᠨ ᠪᠤᠰᠤ | ᠪᠠᠶᠢᠯ᠎ᠠ᠃ ᠲᠡᠷᠡ᠄ ︽ᠪᠥᠬᠦ ᠤᠯᠤᠰ ᠤᠨ ᠰᠢᠯᠢᠳᠡᠭ ᠰᠢᠶᠠᠨ ᠤ ᠨᠠᠮ ᠤᠨ ᠬᠤᠷᠢᠶᠠᠨ ᠤ ᠱᠦᠵᠢ ᠶᠢᠨ ᠴᠣᠯᠠ ᠪᠣᠯ | ᠢᠷᠠᠭᠤ ᠠᠯᠳᠠᠷ ᠪᠣᠯᠬᠤ ᠮᠥᠷᠲᠡᠭᠡᠨ ᠪᠠᠰᠠ ᠬᠠᠷᠢᠭᠤᠴᠠᠯᠭ᠎ᠠ ᠮᠥᠨ᠂ ᠨᠠᠮᠠᠢᠢ ᠲᠤᠰᠢᠶᠠᠯ ᠬᠠᠷᠢᠭᠤᠴᠠᠯᠭ᠎ᠠ ᠪᠠᠨ ᠨᠠᠩ | ᠰᠠᠶᠢᠳᠤᠷ ᠬᠦᠢᠴᠡᠳᠭᠡᠨ ᠵᠣᠬᠢᠶᠠᠨ ᠪᠠᠶᠢᠭᠤᠯᠤᠯᠲᠠ ᠪᠠ ᠠᠷᠠᠳ ᠲᠦᠮᠡᠨ ᠠᠴᠠ ᠲᠤᠰᠢᠶᠠᠭᠰᠠᠨ ᠡᠭᠦᠷᠭᠡ ᠶᠢ | ᠪᠡᠶᠡᠯᠡᠭᠦᠯᠬᠦ ᠶᠢ ᠱᠠᠭᠠᠷᠳᠠᠵᠤ ᠪᠠᠶᠢᠨ᠎ᠠ᠃ ᠲᠠᠷᠠᠭ᠎ᠠ ᠠᠯᠬᠤᠮ ᠳᠤ᠂ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ | ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠪᠣᠯᠤᠨ ︿ | 7•1 ᠤ ᠭᠠᠪᠢᠶᠠᠨ ᠲᠡᠮᠳᠡᠭ﹀ ᠣᠯᠭᠤᠬᠤ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠶᠢᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ | ᠪᠠᠲᠤ ᠴᠡᠭᠡᠵᠢᠯᠡᠵᠦ᠂ ᠲᠡᠷᠢᠭᠦᠨ ᠤ ᠵᠢᠱᠢᠶᠡᠴᠢ ᠶᠢᠨ ᠥᠯᠢᠭᠡᠷ ᠳᠠᠭᠤᠷᠢᠶᠠᠯ ᠪᠠ ᠬᠥᠲᠥᠯᠥᠨ ᠳᠠᠭᠠᠭᠤᠯᠬᠤ | ᠤᠢᠢᠯᠡᠳᠦᠯ ᠢ ᠪᠠᠳᠠᠷᠠᠭᠤᠯᠵᠤ᠂ ᠨᠠᠮ ᠪᠠ ᠠᠷᠠᠳ ᠲᠦᠮᠡᠨ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠬᠦᠯᠦᠨ᠎ᠠ︾ | ᠬᠡᠵᠤ ᠵᠤᠷᠢᠬ ᠪᠤᠳᠤᠯ ᠢᠶᠠᠨ ᠶᠠᠷᠢᠨ᠎ᠠ᠃ |