ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ ᠪᠤᠬᠢᠷᠳᠤᠯ ᠦᠬᠡᠢ ᠬᠡᠷ ᠣᠷᠣᠨ ᠢᠶᠠᠨ ᠪᠥᠲᠥᠭᠡᠨ ᠪᠠᠶᠢᠭᠤᠯᠵᠥ ᠰᠢᠨ᠎ᠡ ᠴᠠᠭ ᠦᠶ᠎ᠡ ᠶᠢᠨ ᠰᠢᠨ᠎ᠡ ᠠᠶᠠᠨ ᠳᠤ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ᠎ᠠ
ᠨᠡᠶᠢᠲᠡᠯᠡᠭᠰᠡᠨ ᠴᠠᠭ᠄
2021/11/10
   — ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠢ ᠰᠤᠷᠪᠤᠯᠵᠢᠯᠠᠭᠰᠠᠨ ᠨᠢ   ︽ᠶᠡᠷᠦᠩᠬᠡᠢ ᠱᠦᠵᠢ ᠰᠢ ᠶᠢᠨ ᠫᠢᠩ ᠤᠨ ︿7 · 1﹀ ᠤ ᠴᠢᠬᠤᠯᠠ ᠶᠠᠷᠢᠶ᠎ᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠤᠢ ᠶᠢᠨ ᠴᠢᠬᠤᠯᠠ ᠶᠡᠭᠡ ᠴᠠᠭ ᠮᠥᠴᠡ ᠪᠣᠯᠤᠨ ︿ᠬᠤᠣᠰ ᠵᠠᠭᠤᠨ ᠵᠢᠯ﹀ ᠤᠨ ᠲᠡᠦᠬᠡ ᠶᠢᠨ ᠠᠭᠤᠯᠵᠠᠷ ᠤᠨ ᠵᠠᠩᠬᠢᠯᠠᠭ᠎ᠠ ᠶᠢᠨ ᠴᠡᠭ ᠲᠤ ᠰᠠᠭᠤᠷᠢᠯᠠᠵᠤ᠂ ᠲᠡᠦᠬᠡ᠂ ᠪᠣᠳᠠᠲᠤ ᠠᠬᠤᠢ᠂ ᠢᠷᠡᠭᠡᠳᠦᠶ ᠶᠢ ᠬᠤᠯᠪᠤᠵᠤ᠂ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ ᠶᠡᠭᠡ ᠬᠦᠰᠡᠯ ᠵᠡᠭᠦᠳᠦ ᠶᠢ ᠬᠠᠮᠤᠷᠴᠤ᠂ ᠥᠨᠳᠥᠷ ᠲᠤ ᠵᠣᠭᠰᠣᠨ ᠠᠯᠤᠰ ᠢ ᠪᠠᠷᠠᠯᠠᠨ᠂ ᠬᠠᠷᠠᠭ᠎ᠠ ᠦᠷᠬᠡᠨ ᠠᠭᠤᠳᠠᠮ᠂ ᠠᠭᠤᠯᠤᠭᠳᠠᠬᠤᠨ ᠡᠯᠪᠡᠭ ᠪᠠᠶᠠᠯᠢᠭ᠂ ᠦᠵᠡᠯ ᠰᠠᠨᠠᠭ᠎ᠠ ᠭᠦᠨ ᠭᠦᠨᠵᠡᠭᠡᠶ ᠪᠠᠶᠢᠵᠥ᠂ ᠮᠠᠨ ᠤ ᠨᠠᠮ ᠤᠨ ᠡᠪ ᠬᠠᠮᠲᠤ ᠨᠠᠮ ᠲᠥᠷᠥ ᠪᠠᠷᠢᠬᠤ ᠵᠢᠮ᠎ᠡ ᠶᠣᠰᠣ᠂ ᠨᠡᠶᠢᠭᠡᠮ ᠵᠢᠷᠤᠮᠲᠤ ᠪᠦ᠋ᠲᠦᠭᠡᠨ ᠪᠠᠶᠢᠭᠤᠯᠤᠯᠲᠠ ᠶᠢᠨ ᠵᠢᠮ᠎ᠡ ᠶᠣᠰᠣ᠂ ᠬᠥᠮᠦᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠵᠢᠮ᠎ᠡ ᠶᠣᠰᠣᠨ ᠤ ᠲᠤᠬᠠᠢ ᠲᠠᠨᠢᠯᠲᠠ ᠶᠢ ᠰᠢᠨ᠎ᠡ ᠦᠨᠳᠦᠷᠴᠡ ᠳᠤ ᠬᠦᠷᠬᠡᠪᠠ᠂ ᠴᠢᠬᠤᠯᠠ ᠶᠡᠭᠡ ᠤᠯᠤᠰ ᠲᠥᠷᠥ ᠶᠢᠨ ᠠᠴᠢ ᠬᠤᠯᠪᠣᠭᠳᠠᠯ᠂ ᠤᠨᠤᠯ ᠤᠨ ᠠᠴᠢ ᠬᠤᠯᠪᠣᠭᠳᠠᠯ᠂ ᠦᠢᠯᠡᠳᠦᠯᠭᠡ ᠶᠢᠨ ᠠᠴᠢ ᠬᠤᠯᠪᠣᠭᠳᠠᠯ ᠲᠠᠢ ᠶᠤᠮ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠪᠠ︾ ᠬᠡᠵᠥ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠣᠶᠢᠷ᠎ᠠ ᠳᠤ ᠳᠤᠰ ᠰᠣᠨᠢᠨ ᠤ ᠰᠤᠷᠪᠤᠯᠵᠢᠯᠠᠭᠴᠢ ᠶᠢᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠪᠡ᠃   ᠤᠯᠠᠭᠠᠨᠴᠠᠪ ᠬᠤᠳᠠ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ︽7 · 1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠡᠷᠬᠢᠨ ᠤᠯᠠᠮ ᠴᠢᠨᠠᠭᠰᠢᠳᠠ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠤᠬᠠᠢ ᠶᠠᠷᠢᠬᠤ ᠳᠠᠭᠠᠨ ᠰᠦᠢ ᠸᠧᠢ ᠵᠢᠶᠦ᠋ᠨ᠂ ︽ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠬᠦ︾ ᠪᠣᠯ ᠲᠡᠦᠬᠡ ᠶᠢᠨ ᠪᠣᠳᠠᠰᠴᠢ ᠦᠵᠡᠯ ᠤᠨ ᠢᠯᠡ ᠲᠣᠳᠣ ᠦᠵᠡᠯᠲᠡ ᠪᠣᠯᠤᠨ᠎ᠠ᠃ ᠶᠡᠷᠦᠩᠬᠡᠢ ᠱᠦᠵᠢ ᠴᠢᠬᠤᠯᠠ ᠲᠡᠦᠬᠡ ᠶᠢᠨ ᠵᠠᠩᠭᠢᠯᠠᠭ᠎ᠠ ᠶᠢᠨ ᠴᠡᠭ ᠲᠤ ᠲᠡᠦᠬᠡ ᠪᠠᠷ ᠲᠤᠯᠢ ᠪᠣᠯᠭᠠᠬᠤ᠂ ᠢᠷᠡᠭᠡᠳᠦᠢ ᠶᠢ ᠨᠡᠭᠡᠭᠡᠬᠦ ᠶᠢᠨ ᠴᠢᠩ ᠰᠡᠳᠬᠢᠯ ᠤᠨ ᠰᠡᠷᠡᠮᠵᠢᠯᠡᠭᠦᠯᠦᠯ ᠪᠠ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠳᠠᠬᠢᠨᠲᠠ ᠳᠤᠷᠠᠳᠴᠤ᠂ ᠨᠠᠮ ᠪᠠᠶᠢᠭᠤᠯᠬᠤ ᠶᠢᠨ ᠦᠨᠳᠦᠰᠦ ᠪᠠᠨ ᠦᠯᠦ ᠮᠠᠷᠳᠠᠵᠥ᠂ ᠤᠷᠤᠭᠰᠢᠯᠠᠯᠲᠠ ᠶᠢᠨ ᠴᠢᠭᠯᠡᠯ ᠢᠶᠠᠨ ᠠᠯᠳᠠᠵᠤ ᠪᠣᠯᠬᠤ ᠦᠭᠡᠢ᠂ ᠲᠠᠷᠢᠬᠢ ᠲᠣᠯᠣᠭᠠᠢ ᠪᠠᠨ ᠢᠮᠠᠭᠲᠠ ᠰᠡᠷᠭᠡᠭ ᠪᠠᠶᠢᠯᠭᠠᠵᠤ᠂ ᠬᠦᠰᠡᠯᠡᠩ ᠪᠠ ᠢᠲᠡᠭᠡᠯ ᠪᠢᠰᠢᠷᠡᠯ ᠢᠶᠠᠨ ᠪᠠᠲᠤᠳᠬᠠᠬᠤ ᠬᠡᠷᠡᠭᠲᠡᠢ ᠭᠡᠵᠦ ᠪᠢᠳᠡᠨ ᠳᠤ ᠰᠡᠷᠡᠮᠵᠢᠯᠡᠭᠦᠯᠪᠡ︔ ᠪᠢᠳᠡᠨ ᠢ ᠥᠩᠭᠡᠷᠡᠭᠰᠡᠨ ᠤ ︽ᠭᠠᠪᠢᠶ᠎ᠠ ᠵᠢᠳᠬᠦᠯ︾ ᠳᠡᠭᠡᠨ ᠦᠯᠦ ᠰᠣᠭᠲᠣᠭᠤᠷᠠᠵᠤ᠂ ᠴᠤᠭ ᠪᠠᠳᠠᠷᠠᠩᠭᠤᠢ ᠥᠭᠡᠳᠡᠯᠡᠨ ᠳᠠᠪᠰᠢᠬᠤ᠂ ᠴᠥᠬᠦᠷᠡᠰᠢ ᠦᠭᠡᠢ ᠲᠡᠮᠡᠴᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢᠶᠠᠨ ᠢᠮᠠᠭᠲᠠ ᠬᠠᠳᠠᠭᠠᠯᠠᠵᠤ᠂ ᠡᠷᠡᠮᠡᠬᠡᠶᠢᠯᠡᠨ ᠤᠷᠤᠭᠰᠢᠯᠠᠬᠤ ᠬᠡᠷᠡᠭᠳᠡᠢ ᠬᠡᠵᠥ ᠱᠠᠭᠠᠷᠳᠠᠪᠠ︔ ᠪᠢᠳᠡᠨ ᠢ ᠬᠡᠳᠦᠢ ᠬᠤᠯᠠ ᠶᠠᠪᠤᠬᠰᠠᠨ ᠴᠤ ᠢᠷᠡᠭᠰᠡᠨ ᠵᠠᠮ ᠢᠶᠠᠨ ᠮᠠᠷᠲᠠᠵᠤ ᠪᠣᠯᠬᠤ ᠦᠭᠡᠢ᠂ ᠥᠨᠢ ᠡᠭᠦᠷᠢᠳᠡ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠳᠤᠬᠠᠢ ᠬᠦᠰᠡᠯ ᠡᠷᠡᠮᠡᠯᠵᠡᠯ ᠢᠶᠠᠷ ᠲᠡᠮᠡᠴᠡᠬᠦ ᠬᠠᠷᠠᠯᠲᠠ ᠪᠠᠨ ᠪᠣᠯᠭᠠᠵᠤ᠂ ᠢᠮᠠᠭᠲᠠ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠲᠦᠷᠢ ᠪᠠᠶᠢᠳᠠᠯ ᠢᠶᠠᠨ ᠪᠠᠲᠤᠯᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠪᠦᠬᠦ ᠬᠦᠴᠦᠨ ᠢᠶᠠᠷ ᠢᠶᠠᠨ ᠤᠷᠤᠭᠰᠢᠯᠠᠬᠤ ᠳᠤ ᠵᠠᠮᠴᠢᠯᠠᠪᠠ᠃ ᠤᠯᠠᠭᠠᠨᠴᠠᠪ ᠬᠤᠳᠠ ᠶᠢᠨ ᠬᠢᠨ ᠶᠡᠷᠦᠩᠬᠡᠢ ᠱᠦᠵᠢ ᠶᠢᠨ ︽7 · 1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠬᠤᠪᠢᠰᠬᠠᠯ ᠤᠨ ᠤᠳᠤᠮᠰᠢᠯ ᠢ ᠰᠠᠶᠢᠲᠤᠷ ᠤᠯᠠᠮᠵᠢᠯᠠᠨ ᠵᠠᠯᠭᠠᠮᠵᠢᠯᠠᠵᠤ᠂ ᠪᠣᠬᠢᠷᠲᠤᠯ ᠦᠭᠡᠢ ᠭᠡᠷ ᠣᠷᠣᠨ ᠢᠶᠠᠨ ᠰᠠᠶᠢᠲᠤᠷ ᠪᠦᠳᠦᠭᠡᠨ ᠪᠠᠶᠢᠭᠤᠯᠵᠤ᠂ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠤᠨ᠎ᠠ᠃   ᠨᠢᠭᠡ ᠳᠤ᠂ ᠣᠨᠣᠯ ᠢᠶᠠᠷ ᠵᠡᠪᠰᠡᠭᠯᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠵᠡᠯ ᠰᠠᠨᠠᠭᠠᠨ ᠤ ᠵᠠᠯᠠᠭᠤᠷ ᠢ ᠯᠠᠪᠳᠠᠭᠤᠨ ᠡᠵᠡᠮᠳᠡᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠪᠠᠲᠤ ᠴᠢᠩᠭ᠎ᠠ ᠲᠡᠦᠬᠡ ᠶᠢᠨ ᠬᠠᠷᠢᠭᠤᠴᠠᠯᠭ᠎ᠠ᠂ ᠭᠦᠨ ᠭᠦᠨᠵᠡᠭᠡᠢ ᠲᠡᠦᠬᠡ ᠶᠢᠨ ᠬᠠᠷᠠᠭᠠᠰᠤ ᠪᠠᠷ᠂ ᠨᠠᠮ ᠤᠨ ᠵᠠᠭᠤᠨ ᠵᠢᠯ ᠤᠨ ᠲᠡᠦᠬᠡ ᠶᠢᠨ ᠠᠬᠢᠴᠠ ᠶᠢ ᠭᠦᠨ ᠰᠡᠳᠬᠢᠯᠭᠡ ᠲᠠᠢ ᠪᠠᠷ ᠡᠷᠭᠢᠴᠡᠭᠦᠯᠵᠦ᠂ ᠵᠠᠭᠤᠨ ᠵᠢᠯ ᠤᠨ ᠲᠡᠮᠡᠴᠡᠯ ᠤᠨ ᠠᠮᠵᠢᠯᠲᠠ ᠪᠦᠲᠦᠮᠵᠢ ᠶᠢ ᠰᠢᠰᠲ᠋ᠧᠮ ᠲᠠᠢ ᠳ᠋ᠦᠩᠨᠡᠵᠦ᠂ ᠵᠠᠭᠤᠨ ᠵᠢᠯ ᠤᠨ ᠬᠥᠭᠵᠢᠯᠲᠡ ᠶᠢᠨ ᠵᠢᠮ᠎ᠡ ᠶᠣᠰᠣ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠢᠷᠡᠭᠡᠳᠦᠢ ᠶᠢᠨ ᠬᠥᠭᠵᠢᠯᠲᠡ ᠶᠢᠨ ᠠᠤᠭ᠎ᠠ ᠲᠥᠰᠦᠪ ᠢ ᠰᠢᠨᠵᠢᠯᠡᠬᠦ ᠤᠬᠠᠭᠠᠨᠴᠢ ᠪᠠᠷ ᠵᠢᠷᠤᠭᠯᠠᠪᠠ᠃ ᠤᠯᠠᠭᠠᠨᠴᠠᠪ ᠪᠣᠯ ᠢᠷᠠᠭᠤ ᠠᠯᠳᠠᠷᠲᠤ ᠬᠤᠪᠢᠰᠬᠠᠯ ᠤᠨ ᠲᠡᠦᠬᠡ ᠲᠠᠢ ᠬᠤᠪᠢᠰᠬᠠᠯ ᠤᠨ ᠬᠠᠯᠠᠭᠤᠨ ᠦᠯᠦᠬᠡᠢ ᠮᠥᠨ᠂ ᠲᠤᠭ᠎ᠠ ᠲᠣᠮᠰᠢ ᠦᠭᠡᠢ ᠬᠤᠪᠢᠰᠬᠠᠯᠲᠤ ᠴᠢᠬᠡᠴᠢ ᠵᠢᠷᠤᠮᠲᠠᠨ ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ ᠲᠦᠮᠡᠨ ᠤ ᠴᠢᠯᠥᠭᠡᠯᠡᠯᠲᠡ ᠶᠢᠨ ᠲᠥᠯᠥᠭᠡ ᠡᠮᠦᠨᠡᠬᠢ ᠨᠢ ᠤᠨᠠᠲᠠᠯ᠎ᠠ ᠬᠤᠶᠢᠨᠠᠬᠢ ᠨᠢ ᠵᠠᠯᠭᠠᠮᠵᠢᠯᠠᠵᠤ᠂ ᠰᠢᠷᠭᠠᠭᠤ ᠬᠠᠲᠠᠭᠤᠵᠢᠯᠲᠠᠢ᠂ ᠮᠠᠭᠲᠠᠨ ᠳᠠᠭᠤᠯᠠᠭᠤᠰᠢᠲᠠᠢ ᠪᠠᠭᠠᠲᠤᠷᠯᠢᠭ ᠲᠡᠮᠡᠴᠡᠯ ᠬᠢᠵᠤ ᠦᠩᠬᠡᠷᠡᠪᠡ᠃ ᠭᠦᠨ ᠵᠤᠵᠠᠭᠠᠨ ᠬᠤᠪᠢᠰᠬᠠᠯ ᠤᠨ ᠤᠳᠤᠮᠰᠢᠯ ᠪᠣᠯ ᠪᠢᠳᠡᠨ ᠤ ᠬᠠᠮᠤᠭ ᠤᠨ ᠡᠷᠬᠢᠮ ᠨᠠᠨᠳᠢᠨ ᠣᠶᠤᠨ ᠰᠠᠨᠠᠭᠠᠨ ᠤ ᠥᠪ ᠬᠥᠷᠥᠩᠭᠡ ᠮᠥᠨ᠃ ᠶᠡᠷᠦᠩᠬᠡᠶ ᠱᠦᠵᠢ ᠰᠢ ᠶᠢᠨ ᠫᠢᠩ ᠤᠨ ︽7 · 1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ ᠳᠤ ᠪᠢᠳᠠ ᠵᠢᠨᠢᠩ ᠤᠨ ᠳᠠᠶᠢᠯᠠᠯᠳᠤᠭᠠᠨ᠂ ᠬᠤᠩᠬᠢᠯᠳᠤ ᠶᠢᠨ ᠳᠠᠶᠢᠯᠠᠯᠳᠤᠭᠠᠨ᠂ ᠰᠦᠶ᠋ᠶᠤᠸᠠᠨ ᠤ ᠲᠤᠮᠳᠠᠳᠤ ᠬᠡᠰᠡᠭ ᠤᠨ ᠶᠠᠫᠣᠨ ᠢ ᠡᠰᠡᠷᠭᠦᠴᠡᠬᠦ ᠰᠠᠭᠤᠷᠢᠨ ᠭᠠᠵᠠᠷ᠂ ᠰᠦᠶ᠋ᠶᠤᠸᠠᠨ ᠦᠪᠦᠷ ᠮᠤᠩᠭᠤᠯ ᠤᠨ ᠬᠤᠪᠢᠰᠬᠠᠯ ᠤᠨ ᠰᠠᠭᠤᠷᠢᠨ ᠭᠠᠵᠠᠷ ᠵᠡᠷᠭᠡ ᠬᠤᠪᠢᠰᠬᠠᠯ ᠤᠨ ᠲᠡᠦᠬᠡ ᠲᠠᠢ ᠤᠶᠠᠯᠳᠤᠭᠤᠯᠵᠤ᠂ ᠬᠤᠪᠢᠰᠬᠠᠯ ᠤᠨ ᠡᠬᠢ ᠪᠠᠶᠠᠯᠢᠭ ᠢ ᠭᠦᠶ᠋ᠴᠡᠳ ᠠᠭᠤᠳᠠᠯᠵᠤ᠂ ︽ᠨᠠᠮ ᠪᠠᠶᠢᠭᠤᠯᠤᠬᠰᠠᠨ ᠵᠣᠷᠢᠭ ᠰᠠᠨᠠᠭ᠎ᠠ︾ ᠶᠢ ᠶᠡᠭᠡ ᠪᠠᠷ ᠪᠠᠳᠠᠷᠠᠭᠤᠯᠵᠤ᠂ ᠰᠤᠷᠤᠯᠴᠠᠬᠤ ᠠᠴᠢᠶᠠᠯᠠᠪᠤᠷᠢ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠰᠤᠷᠤᠯᠴᠠᠨ ᠲᠤᠭᠤᠰᠢᠯᠠᠭᠤᠯᠤᠬᠰᠡᠨ ᠦᠷ᠎ᠡ ᠪᠦᠳᠤᠭᠡᠯ ᠢᠶᠠᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠦᠷᠨᠢᠬᠦᠯᠬᠦ ᠪᠣᠳᠠᠲᠠᠶ ᠠᠷᠭ᠎ᠠ ᠬᠡᠮᠵᠢᠶ᠎ᠡ ᠪᠤᠯᠭᠠᠨ ᠬᠤᠪᠢᠷᠠᠭᠤᠯᠵᠤ᠂ ︽ᠣᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ︽7 · 1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠦᠷ᠎ᠡ ᠪᠦᠳᠦᠮᠵᠢ ᠭᠠᠷᠭᠠᠬᠤ ᠶᠢ ᠠᠬᠢᠭᠤᠯᠤᠨ᠎ᠡ᠃   ᠬᠤᠶᠠᠷ ᠲᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠡᠷᠡᠮᠡᠬᠡᠶᠢᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠤᠨ᠎ᠠ᠃ ᠰᠢᠨ᠎ᠡ ᠲᠡᠦᠬᠡᠨ ᠴᠠᠭ ᠦᠶ᠎ᠡ ᠳᠤ᠂ ᠪᠢᠳᠡ ︽7 · 1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠤᠯᠠᠭᠠᠨᠴᠠᠪ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠬᠡᠷᠡᠭᠲᠡᠶ᠃ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠶᠢ ᠪᠠᠷᠢᠮᠲᠠᠯᠠᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠲᠠᠭ᠎ᠠ ᠶᠢᠨ ᠨᠠᠭᠤᠷ᠂ ᠴᠠᠭᠠᠨᠨᠠᠭᠤᠷ ᠤᠨ ᠤᠰᠤᠨ ᠤ ᠠᠮᠢ ᠠᠬᠤᠶ ᠶᠢ ᠶᠡᠷᠦᠩᠬᠡᠶᠢᠯᠡᠨ ᠵᠠᠰᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠭᠡᠷᠡᠭᠳᠠᠢ︔ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ︔ ︽ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠨᠧᠷᠭᠢ ᠶᠢᠨ ᠬᠤᠷᠣᠭᠳᠠᠯ ᠤᠨ ︽ᠬᠤᠶᠠᠷ ᠢ ᠬᠢᠵᠠᠭᠠᠷᠯᠠᠬᠤ︾ ᠶᠢ ᠦᠨᠡᠨ ᠬᠦ ᠰᠠᠶᠢᠲᠤᠷ ᠠᠳᠬᠤᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠵᠤ᠂ ᠪᠦᠲᠦᠴᠡ ᠶᠢ ᠲᠤᠬᠢᠷᠠᠭᠤᠯᠬᠤ᠂ ᠬᠥᠳᠡᠯᠭᠡᠬᠦ ᠡᠨᠧᠷᠭᠢ ᠶᠢ ᠬᠤᠪᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠪᠠᠷ ᠴᠢᠷᠮᠠᠶᠢᠨ᠎ᠠ᠃ ᠪᠣᠬᠢᠷᠲᠤᠯ ᠥᠬᠡᠶ ᠬᠥᠭᠵᠢᠯᠲᠡ ᠶᠢ ᠪᠠᠷᠢᠮᠲᠠᠯᠠᠬᠤ ᠳᠤ᠂ ᠰᠢᠨ᠎ᠡ ᠬᠥᠭᠵᠢᠯᠲᠡ ᠶᠢᠨ ᠣᠢᠢᠯᠠᠭᠠᠬᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢ ᠪᠦᠳᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠬᠦᠴᠦᠨ ᠢ ᠠᠰᠢᠬᠯᠡᠨ ᠪᠠᠶᠢᠳᠠᠯ ᠢ ᠠᠰᠢᠬᠯᠡᠵᠤ ᠠᠵᠤ ᠦᠶ᠋ᠯᠡᠰ ᠤᠨ ᠬᠥᠭᠵᠢᠯᠲᠡ ᠶᠢ ᠲᠥᠯᠥᠪᠵᠢᠭᠦᠯᠬᠦ ᠬᠡᠷᠡᠭᠳᠡᠢ᠃ ᠲᠣᠭᠠᠴᠢᠯᠠᠭᠰᠠᠨ ᠠᠵᠤ ᠠᠬᠤᠶ ᠶᠢ ᠬᠥᠭᠵᠢᠭᠦᠯᠬᠦ ᠲᠣᠭᠤᠷᠢᠨ ᠳᠤ ᠳ᠋ᠠᠶᠢᠲ᠋ᠠ ᠶᠢᠨ ᠲᠥᠪ ᠤᠨ ᠬᠡᠪᠴᠢᠶᠡᠵᠢᠯ ᠤᠨ ᠳᠠᠪᠠᠭᠤᠯᠢᠭ ᠢ ᠭᠦᠶ᠋ᠴᠡᠳ ᠪᠠᠳᠠᠷᠠᠭᠤᠯᠵᠤ᠂ ᠲᠣᠭᠠᠴᠢᠯᠠᠭᠰᠠᠨ ᠲᠣᠨᠣᠭᠯᠠᠯ  ᠦᠢᠯᠡᠳᠬᠦ ᠠᠵᠤ  ᠦᠢᠯᠡᠰ ᠤᠨ ᠬᠡᠯᠬᠢᠶ᠎ᠡ᠂ ᠡᠭᠦᠯᠡᠨ ᠬᠠᠳᠠᠭᠠᠯᠠᠯᠲᠠ ᠶᠢᠨ  ᠦᠢᠯᠡᠴᠢᠯᠡᠭᠡᠨ ᠤ ᠠᠵᠤ  ᠦᠢᠯᠡᠰ ᠤᠨ ᠬᠡᠯᠬᠢᠶ᠎ᠡ ᠪᠠᠷ ᠲᠤᠯᠭᠠᠭᠤᠷᠢᠯᠠᠯ ᠪᠣᠯᠭᠠᠭᠰᠠᠨ ᠲᠣᠭᠠᠴᠢᠯᠠᠭᠰᠠᠨ ᠠᠵᠤ  ᠦᠢᠯᠡᠰ ᠤᠨ ᠰᠦᠷᠦᠭᠵᠢᠯ ᠢ ᠲᠦᠷᠭᠡᠳᠬᠡᠨ ᠪᠠᠶᠢᠭᠤᠯᠤᠨ᠎ᠠ︔ ᠵᠠᠩᠭᠢᠯᠠᠭ᠎ᠠ ᠶᠢᠨ ᠠᠵᠤ ᠠᠬᠤᠶ ᠶᠢ ᠬᠥᠭᠵᠢᠭᠦᠯᠬᠦ ᠲᠣᠭᠤᠷᠢᠨ ᠳᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠳᠤ ᠠᠭᠤᠰᠤᠯᠴᠠᠬᠤ ᠪᠠᠷ ᠴᠢᠭᠯᠡᠯ ᠪᠣᠯᠭᠠᠵᠤ᠂ ᠳᠣᠲᠣᠭᠠᠳᠤ ᠭᠠᠳᠠᠭᠠᠳᠤ ᠶᠢ ᠬᠤᠯᠪᠣᠭᠰᠠᠨ ᠥᠨᠳᠥᠷ ᠦᠷ᠎ᠡ ᠪᠦᠲᠦᠮᠵᠢᠲᠡᠶ ᠣᠲᠣ ᠦᠶ᠎ᠡ ᠶᠢᠨ ᠭᠦᠶ᠋ᠯᠭᠡᠭᠡᠨ ᠤ ᠰᠢᠰᠲ᠋ᠧᠮ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠪᠠᠷᠠᠭᠠᠨ ᠤ ᠭᠦᠶ᠋ᠯᠭᠡᠭᠡᠨ ᠤ ᠲᠡᠭᠡᠭᠡᠪᠦᠷᠢ ᠶᠢᠨ ᠠᠵᠤ  ᠦᠢᠯᠡᠰ ᠤᠨ ᠬᠡᠯᠬᠢᠶ᠎ᠡ᠂ ᠠᠷᠠᠯᠵᠢᠶ᠎ᠠ ᠬᠤᠳᠠᠯᠳᠤᠭᠠᠨ ᠤ ᠭᠦᠶ᠋ᠯᠭᠡᠭᠡᠨ ᠤ ᠠᠵᠤ ᠦᠢᠯᠡᠰ ᠤᠨ ᠬᠡᠯᠬᠢᠶ᠎ᠡ ᠪᠠᠷ ᠲᠤᠯᠭᠠᠭᠤᠷᠢᠯᠠᠯ ᠪᠣᠯᠭᠠᠭᠰᠠᠨ ᠪᠠᠷᠠᠭᠠᠨ ᠤ ᠭᠦᠶ᠋ᠯᠭᠡᠭᠡᠨ ᠤ ᠠᠷᠠᠯᠵᠢᠶᠠᠨ ᠤ ᠠᠵᠤ  ᠦᠢᠯᠡᠰ ᠤᠨ ᠰᠦᠷᠦᠭᠵᠢᠯ ᠢ ᠱᠠᠯᠠᠪᠳᠠᠨ ᠪᠠᠶᠢᠭᠤᠯᠤᠨ᠎ᠠ︔ ᠪᠣᠬᠢᠷᠲᠤᠯ ᠥᠬᠡᠶ ᠠᠵᠤ ᠠᠬᠤᠶ ᠶᠢ ᠬᠥᠭᠵᠢᠭᠦᠯᠬᠦ ᠲᠣᠭᠤᠷᠢᠨ ᠳᠤ ᠤᠯᠠᠮᠵᠢᠯᠠᠯᠲᠤ ᠠᠵᠤ ᠦᠢᠯᠡᠰ ᠤᠨ ᠳᠠᠪᠠᠭᠤᠯᠢᠭ ᠢ ᠬᠦᠴᠦᠯᠡᠨ ᠪᠠᠬᠢᠵᠢᠭᠦᠯᠵᠦ᠂ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠰ ᠤᠨ ᠬᠡᠯᠬᠢᠶ᠎ᠡ᠂ ᠰᠣᠶᠣᠯ ᠵᠢᠭᠤᠯᠴᠢᠯᠠᠯ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠤᠨ ᠬᠡᠯᠬᠢᠶ᠎ᠡ ᠪᠠᠷ ᠲᠤᠯᠭᠠᠭᠤᠷᠢᠯᠠᠯ ᠪᠣᠯᠭᠠᠭᠰᠠᠨ ᠢᠳᠡᠭᠡᠨ ᠤ ᠡᠷᠡᠭᠦᠯ ᠮᠡᠨᠳᠦ ᠶᠢᠨ ᠠᠵᠤ ᠦᠢᠯᠡᠰ ᠤᠨ ᠰᠦᠷᠦᠭᠵᠢᠯ ᠢ ᠱᠠᠯᠠᠪᠳᠠᠨ ᠪᠠᠶᠢᠭᠤᠯᠤᠨ᠎ᠠ︔ ᠳᠣᠣᠷ᠎ᠠ ᠨᠡᠭᠦᠷᠡᠰᠦᠲᠥ᠋ᠷᠥᠭᠴᠢᠲᠦ ᠡᠷᠬᠢᠯᠳᠡᠳᠤ ᠠᠵᠤ ᠠᠬᠤᠢ ᠶᠢ ᠬᠥᠭᠵᠢᠭᠦᠯᠬᠦ ᠲᠠᠢ ᠤᠶᠠᠯᠳᠤᠭᠤᠯᠤᠨ᠂ ᠡᠨᠧᠷᠭᠢ ᠠᠷᠪᠢᠯᠠᠨ ᠪᠣᠬᠢᠷᠲᠤᠯ ᠪᠣᠳᠠᠰ ᠭᠠᠳᠠᠭᠰᠢᠯᠠᠭᠤᠯᠬᠤ  ᠬᠡᠮᠵᠢᠶ᠎ᠡ ᠶᠢ ᠪᠠᠭᠠᠰᠬᠠᠬᠤ ᠶᠢ ᠠᠬᠢᠭᠤᠯᠬᠤ ᠪᠠᠷ ᠭᠤᠣᠯᠳᠠᠯᠭ᠎ᠠ ᠪᠣᠯᠭᠠᠵᠤ᠂ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ᠂ ᠬᠠᠶᠠᠭᠳᠠᠮᠠᠯ ᠡᠬᠢ ᠪᠠᠶᠠᠯᠢᠭ ᠢ ᠲᠠᠬᠢᠨ ᠠᠰᠢᠬᠯᠠᠬᠤ ᠠᠵᠤ ᠦᠢᠯᠡᠰ ᠤᠨ ᠬᠡᠯᠬᠢᠶ᠎ᠡ ᠪᠠᠷ ᠲᠤᠯᠭᠠᠭᠤᠷᠢᠯᠠᠯ ᠪᠣᠯᠭᠠᠭᠰᠠᠨ ᠡᠬᠢ ᠪᠠᠶᠠᠯᠢᠭ ᠢ ᠠᠰᠢᠬᠯᠠᠬᠤ ᠠᠵᠤ ᠦᠢᠯᠡᠰ ᠤᠨ ᠰᠦᠷᠦᠭᠵᠢᠯ ᠢ ᠱᠠᠯᠠᠪᠳᠠᠨ ᠪᠠᠶᠢᠭᠤᠯᠤᠨ᠎ᠠ︔ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢ ᠬᠥᠭᠵᠢᠭᠦᠯᠬᠦ ᠲᠣᠭᠤᠷᠢᠨ ᠳᠤ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ᠂ ᠬᠡᠷᠡᠯᠴᠢ ᠴᠡᠨᠡᠭ ᠢᠶᠠᠷ ᠲᠥᠯᠥᠭᠡᠯᠡᠭᠦᠯᠦᠭᠰᠡᠨ ᠴᠡᠪᠡᠷ ᠡᠨᠧᠷᠭᠢ ᠶᠢᠨ ᠡᠬᠢ ᠪᠠᠶᠠᠯᠢᠭ ᠢ ᠶᠡᠭᠡ ᠪᠠᠷ ᠨᠡᠭᠡᠭᠡᠨ ᠬᠥᠭᠵᠢᠭᠦᠯᠵᠦ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠠᠵᠤ  ᠦᠢᠯᠡᠰ ᠤᠨ ᠬᠡᠯᠬᠢᠶ᠎ᠡ᠂ ᠬᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠠᠵᠤ  ᠦᠢᠯᠡᠰ ᠤᠨ ᠬᠡᠯᠬᠢᠶ᠎ᠡ ᠪᠠᠷ ᠲᠤᠯᠭᠠᠭᠤᠷᠢᠯᠠᠯ ᠪᠣᠯᠭᠠᠭᠰᠠᠨ ᠰᠠᠯᠬᠢᠨ ᠭᠡᠷᠡᠯ ᠤᠨ ᠡᠬᠢ ᠪᠠᠶᠠᠯᠢᠭ ᠤᠨ ᠲᠤᠤᠷᠵᠢᠯ ᠴᠡᠨᠡᠭ ᠨᠥᠭᠡᠴᠡᠯᠡᠯ ᠤᠨ ᠠᠵᠤ  ᠦᠢᠯᠡᠰ ᠤᠨ ᠰᠦᠷᠦᠭᠵᠢᠯ ᠢ ᠱᠠᠯᠠᠪᠳᠠᠭᠤᠯᠤᠨ ᠪᠠᠶᠢᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠰᠠᠶᠢᠲᠤᠷ ᠵᠠᠮᠨᠠᠨ᠎ᠠ᠃   ᠭᠤᠷᠪᠠ ᠳᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠢᠮᠠᠭᠲᠠ ᠪᠠᠲᠤ ᠴᠡᠭᠡᠵᠢᠯᠡᠵᠦ᠂ ᠠᠷᠠᠳ ᠲᠦᠮᠡᠨ ᠤ ᠲᠥᠯᠥᠭᠡ ᠵᠢᠳᠬᠦᠬᠦ ᠰᠡᠳᠬᠢᠯ ᠢ ᠪᠠᠲᠤ ᠰᠠᠬᠢᠨ᠎ᠠ᠃ ᠶᠡᠷᠦᠩᠬᠡᠢ ᠱᠦᠵᠢ ᠰᠢ ᠶᠢᠨ ᠫᠢᠩ ︽7 · 1︾ ᠤ ᠶᠠᠷᠢᠶᠠᠨ ᠳᠠᠭᠠᠨ᠂ ᠲᠦᠷᠦ ᠵᠠᠰᠠᠭ ᠪᠣᠯ ᠲᠠᠷᠤᠢ ᠠᠷᠠᠳ ᠲᠦᠮᠡᠨ ᠮᠦᠨ᠂ ᠠᠷᠠᠳ ᠲᠦᠮᠡᠨ ᠪᠣᠯ ᠲᠠᠷᠤᠢ ᠲᠦᠷᠦ ᠵᠠᠰᠠᠭ ᠮᠦᠨ᠂ ᠲᠦᠷᠦ ᠵᠠᠰᠠᠭ ᠢ ᠪᠠᠶᠢᠭᠤᠯᠵᠤ᠂ ᠲᠦᠷᠦ ᠵᠠᠰᠠᠭ ᠢ ᠰᠠᠬᠢᠬᠤ ᠨᠢ ᠠᠷᠠᠳ ᠲᠦᠮᠡᠨ ᠤ ᠰᠡᠳᠬᠢᠯ ᠢ ᠰᠠᠬᠢᠵᠤ ᠪᠠᠶᠢᠭ᠎ᠠ ᠶᠠᠪᠤᠳᠠᠯ ᠪᠤᠯᠤᠨ᠎ᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠭᠤᠷᠢ ᠨᠢ ᠠᠷᠠᠳ ᠲᠦᠮᠡᠨ ᠳᠤ ᠪᠤᠢ᠂ ᠠᠮᠢᠨ ᠰᠤᠳᠠᠰᠤ ᠨᠢ ᠠᠷᠠᠳ ᠲᠦᠮᠡᠨ ᠳᠤ ᠪᠤᠢ᠂ ᠬᠦᠴᠦᠨ ᠴᠢᠳᠠᠯ ᠨᠢ ᠠᠷᠠᠳ ᠲᠦᠮᠡᠨ ᠳᠤ ᠪᠤᠢ ᠭᠡᠵᠤ ᠵᠢᠭᠠᠵᠤ ᠭᠠᠷᠭᠠᠪᠠ᠃ ᠪᠢᠳᠡ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠦᠢᠯᠡᠳᠦᠯᠭᠡᠵᠢᠭᠦᠯᠵᠦ᠂ ᠵᠣᠷᠢᠯᠲᠠ ᠶᠢᠨ ᠤᠬᠠᠮᠰᠠᠷ ᠢᠶᠠᠨ ᠪᠠᠲᠤ ᠴᠡᠭᠡᠵᠢᠯᠡᠵᠦ᠂ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠠᠷᠠᠳ ᠤᠨ ᠵᠣᠪᠠᠨᠢᠯ ᠢ ᠴᠢᠷᠮᠠᠶᠢᠨ ᠰᠢᠢᠳᠪᠦᠷᠢᠯᠡᠵᠦ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ ᠵᠡᠷᠭᠡ ᠤᠯᠠᠨ ᠲᠦᠮᠡᠨ ᠲᠠᠢ ᠨᠢᠭᠲᠠ ᠬᠤᠯᠪᠣᠭ᠎ᠠ ᠲᠠᠢ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠬᠦᠷᠢ᠊ ᠡᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠲᠦᠷᠭᠡᠨ ᠢᠶᠠᠷ ᠨᠥᠬᠦᠪᠥᠷᠢᠯᠡᠬᠦ ᠬᠡᠷᠡᠭᠲᠡᠢ᠃ ᠬᠤᠲᠠ ᠪᠠᠯᠭᠠᠰᠤ ᠶᠢᠨ ᠳᠦᠬᠦᠮ ᠪᠦᠳᠦᠴᠡᠳᠤ ᠤᠷᠤᠨ ᠰᠠᠭᠤᠴᠠ ᠶᠢᠨ ᠳᠤᠭᠤᠷᠢᠬ᠂ ᠬᠠᠭᠤᠴᠢᠨ ᠪᠠᠭ᠎ᠠ ᠲᠣᠭᠤᠷᠢᠭ ᠪᠣᠯᠤᠨ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠬᠡᠨ ᠪᠠᠶᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠠᠷᠠᠳ ᠤᠨ ᠬᠦᠴᠢᠷᠳᠡᠯ ᠢ ᠬᠦᠴᠦᠯᠡᠨ ᠰᠢᠶ᠋ᠳᠪᠦᠷᠢᠯᠡᠵᠦ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠤᠨ ᠵᠥᠷᠢᠴᠡᠯ ᠵᠠᠭᠤᠷᠠᠯᠳᠤᠭᠠᠨ ᠢ ᠵᠢᠬᠰᠠᠭᠠᠨ ᠪᠠᠶᠢᠴᠠᠭᠠᠨ ᠰᠢᠢᠳᠪᠦᠷᠢᠯᠡᠬᠦ ᠠᠵᠢᠯ ᠢ ᠦᠷᠭᠦᠯᠵᠢᠯᠡᠨ ᠥᠷᠨᠢᠭᠦᠯᠵᠦ᠂ ᠭᠡᠷ ᠭᠠᠵᠠᠷ ᠤᠨ ᠬᠦᠷᠦᠩᠭᠡ ᠶᠢᠨ ᠬᠦᠷᠢᠶᠡᠨ ᠳᠠᠬᠢ ︽ᠲᠦᠪᠬᠢᠨᠡᠬᠦᠯᠦᠭᠰᠡᠨ ᠠᠰᠠᠷ ᠪᠠᠶᠢᠰᠢᠩ ᠳᠤ ᠨᠡᠭᠦᠬᠦ ᠳᠤ ᠬᠦᠴᠢᠷᠲᠡᠶ︾᠂ ︽ᠦᠨᠡᠮᠯᠡᠯ ᠠᠪᠬᠤ ᠳᠤ ᠬᠦᠴᠢᠷᠲᠡᠶ︾᠂ ︽ᠣᠷᠣᠵᠤ ᠰᠠᠭᠤᠬᠤ ᠳᠤ ᠬᠦᠴᠢᠷᠲᠡᠶ︾ ᠵᠡᠷᠭᠡ ᠦᠯᠡᠳᠡᠭᠳᠡᠯ ᠠᠰᠠᠭᠤᠳᠠᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠰᠢᠢᠳᠪᠦᠷᠢᠯᠡᠨ᠎ᠡ︔ ᠬᠥᠳᠡᠭᠡ ᠲᠣᠰᠬᠤᠨ ᠤ ᠭᠡᠷ ᠤᠨ ᠵᠣᠷᠯᠣᠩ ᠤᠨ ᠠᠰᠠᠭᠤᠳᠠᠯ ᠢ ᠵᠢᠭᠰᠠᠭᠠᠨ ᠪᠠᠶᠢᠴᠠᠭᠠᠬᠤ ᠪᠠ ᠰᠡᠯᠪᠢᠨ ᠵᠠᠰᠠᠵᠤ ᠬᠠᠮᠢᠶᠠᠷᠤᠨ ᠬᠠᠮᠠᠭᠠᠯᠠᠬᠤ ᠶᠢ ᠯᠠᠪᠳᠠᠭᠤᠨ ᠢᠶᠠᠷ ᠠᠬᠢᠭᠤᠯᠵᠤ᠂ ᠬᠡᠷᠡᠭᠯᠡᠬᠦ ᠳᠤ ᠰᠠᠶᠢᠨ᠂ ᠪᠤᠳᠠᠳᠤ ᠬᠡᠷᠡᠭᠯᠡᠭᠡᠨ ᠲᠠᠢ ᠪᠠᠶᠢᠬᠤ ᠶᠢ ᠪᠡᠶᠡᠯᠡᠭᠦᠯᠵᠤ᠂ ᠣᠯᠠᠨ ᠲᠦᠮᠡᠨ ᠳᠤ ᠲᠥᠬᠦᠮ ᠦᠵᠡᠭᠦᠯᠬᠦ ᠶᠢ ᠪᠡᠶᠡᠯᠡᠭᠦᠯᠦᠨ᠎ᠡ᠃ ᠠᠷᠠᠳ ᠤᠨ ᠰᠡᠳᠬᠢᠯ ᠢ ᠬᠦᠴᠦᠯᠡᠨ ᠳᠤᠯᠠᠭᠠᠴᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠤᠯᠠᠨ ᠳᠤ ᠨᠡᠩ ᠤᠯᠠᠨ ᠨᠡᠩ ᠥᠷᠭᠡᠨ ᠳᠡᠯᠭᠡᠷᠡᠩᠭᠦᠢ ᠪᠠᠷ ᠬᠦᠷᠲᠡᠭᠡᠵᠦ᠂ ︽ᠠᠷᠠᠳ ᠲᠦᠮᠡᠨ ᠤ ᠬᠦᠰᠡᠯ ᠱᠠᠭᠠᠷᠳᠠᠯᠭ᠎ᠠ ᠳᠤ ᠪᠢ ᠬᠠᠷᠢᠭᠤ ᠦᠭᠬᠦ︾᠂ ︽ᠠᠷᠠᠳ ᠲᠦᠮᠡᠨ ᠤ ᠬᠦᠰᠡᠯ ᠱᠠᠭᠠᠷᠳᠠᠯᠭ᠎ᠠ ᠪᠠᠷ ᠠᠵᠢᠯ ᠢᠶᠠᠨ ᠬᠢᠬᠦ︾ ᠶᠢ ᠦᠨᠡᠨ ᠬᠦ ᠪᠡᠶᠡᠯᠡᠭᠦᠯᠦᠨ᠎ᠡ᠃   ᠲᠦᠷᠪᠡ ᠳᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠢᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠪᠦᠯᠬᠦᠮᠳᠡᠯ ᠲᠠᠪᠰᠢᠯᠳᠠ ᠶᠢᠨ ᠰᠦᠭ ᠰᠦᠨᠡᠰᠦ ᠶᠢ ᠪᠠᠲᠤ ᠱᠤᠭᠤᠨ᠎ᠠ᠃ ᠨᠠᠮ ᠤᠨ ᠤᠳᠤᠷᠢᠳᠤᠯᠭ᠎ᠠ ᠶᠢ ᠦᠨᠳᠦᠰᠦᠲᠡᠨ ᠤ ᠠᠵᠢᠯ ᠤᠨ ᠪᠥᠬᠦ ᠶᠠᠪᠤᠴᠠ ᠶᠢᠨ ᠡᠯ᠎ᠡ ᠲᠠᠯ᠎ᠠ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ ᠪᠥᠬᠦ ᠬᠤᠲᠠ ᠶᠢᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠨᠠᠮ ᠤᠨ ᠲᠥᠪ ᠬᠤᠷᠢᠶ᠎ᠠ ᠶᠢᠨ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ ᠶᠢ ᠡᠯ᠎ᠡ ᠬᠦᠷᠢᠶ᠎ᠡ ᠴᠠᠷᠠᠭ᠎ᠠ᠂ ᠡᠯ᠎ᠡ ᠹᠷᠣᠨᠲ᠂ ᠡᠯ᠎ᠡ  ᠵᠦᠢᠯ ᠤᠨ ᠠᠵᠢᠯ ᠳᠤ ᠠᠭᠤᠰᠬᠠᠨ ᠣᠷᠣᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠳᠤ ᠴᠤᠬᠴᠠᠯᠠᠬᠤ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠲᠠᠢ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠤᠨ ᠬᠥᠮᠦᠵᠢᠯ ᠤᠨ ︽ᠵᠢᠷᠭᠤᠭ᠎ᠠ ᠳᠤ ᠤᠷᠤᠬᠤ +︾ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠦᠨᠳᠦᠰᠦᠲᠡᠨ ᠤ ᠠᠵᠢᠯ ᠤᠨ ᠶᠡᠭᠡ ᠲᠠᠯ᠎ᠠ ᠠᠴᠠ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠤᠬᠠᠮᠰᠠᠷ ᠠᠴᠠ ᠪᠠᠨ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠬᠦᠳᠦᠯᠦᠨ ᠲᠠᠭᠠᠭᠤᠯᠵᠤ ᠵᠥᠪ ᠣᠨᠣᠪᠴᠢᠲᠠᠢ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠲᠠᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠤᠨ ᠶᠡᠭᠡ ᠰᠠᠶᠢᠨ ᠪᠠᠶᠢᠳᠠᠯ ᠢ ᠦᠷᠭᠦᠯᠵᠢᠯᠡᠨ ᠪᠠᠬᠢᠵᠢᠭᠦᠯᠦᠨ ᠬᠥᠭᠵᠢᠭᠦᠯᠦᠨ᠎ᠡ᠃   ᠲᠠᠪᠤ ᠳᠤ᠂ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠲᠦᠷᠦ ᠪᠠᠷᠢᠬᠤ ᠰᠠᠭᠤᠷᠢ ᠶᠢ ᠪᠠᠲᠤᠳᠬᠠᠨ᠎ᠠ᠃ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠬᠤ ᠶᠢ ᠪᠠᠷᠢᠮᠲᠠᠯᠠᠵᠤ᠂ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠬᠦᠳᠦᠯᠦᠨ ᠲᠠᠭᠠᠭᠤᠯᠵᠤ ᠪᠠᠶᠢᠭᠠᠳ ︽ᠲᠦᠷᠪᠡᠨ ᠤᠬᠠᠮᠰᠠᠷ︾ ᠢ ᠨᠢ ᠴᠢᠩᠭᠠᠤᠨᠬᠠᠵᠤ᠂ ︽ᠲᠦᠷᠪᠡᠨ ᠢᠲᠡᠭᠡᠯ︾ ᠢ ᠨᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠶᠢᠨ ᠬᠠᠮᠲᠤ ᠤᠬᠠᠮᠰᠠᠷ ᠠᠴᠠ ᠪᠠᠨ ᠡᠯ᠎ᠡ ᠵᠦᠢᠯ ᠤᠨ ᠠᠵᠢᠯ ᠤᠨ ᠳᠤᠮᠳᠠ ᠪᠠᠨ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠪᠠ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠭᠦᠨᠵᠡᠭᠡᠢ ᠲᠤᠭᠤᠰᠢᠯᠠᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠪᠣᠯᠤᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠭᠦᠢᠴᠡᠳ ᠪᠠᠳᠠᠷᠠᠭᠤᠯᠵᠤ᠂ ᠦᠨᠡᠨᠴᠢ ᠰᠢᠳᠤᠷᠭᠤ ᠴᠡᠪᠡᠷ ᠴᠢᠬᠡᠴᠢ ᠬᠠᠷᠢᠭᠤᠴᠠᠯᠭ᠎ᠠ ᠲᠠᠢ ᠺᠠᠳ᠋ᠷ ᠤᠨ ᠡᠩᠨᠡᠭᠡ ᠶᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠤᠨ᠎ᠠ᠃ ᠬᠤᠲᠠ ᠰᠢᠶᠠᠨ ᠰᠢᠶᠠᠩ ᠤᠨ ᠬᠤᠭᠤᠴᠠᠭ᠎ᠠ ᠰᠣᠯᠢᠬᠤ ᠪᠠᠷ ᠠᠵᠠ ᠲᠣᠬᠢᠶᠠᠯ ᠪᠣᠯᠭᠠᠵᠤ᠂ ᠦᠨᠳᠦᠰᠦᠨ ᠱᠠᠲᠤᠨ ᠤ ᠨᠠᠮ ᠤᠨ ᠡᠭᠦᠷ ᠤᠨ ᠪᠠᠷᠢᠮᠵᠢᠶᠠᠵᠢᠭᠤᠯᠤᠯᠲᠠ ᠵᠢᠷᠤᠮᠵᠢᠯᠲᠠ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠥᠪᠯᠡᠷᠡᠭᠦᠯᠬᠦ ᠬᠦᠴᠦᠨ᠂ ᠵᠣᠬᠢᠶᠠᠨ ᠪᠠᠶᠢᠭᠤᠯᠤᠯᠲᠠ ᠶᠢᠨ ᠬᠦᠴᠦᠨ᠂ ᠨᠢᠭᠲᠠᠷᠠᠯ ᠤᠨ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠤᠨ᠎ᠠ᠃ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠲᠠᠭᠠᠭᠤᠯᠵᠤ ᠪᠠᠶᠢᠭᠠᠳ ᠢᠳᠡᠪᠬᠢᠲᠡᠢ ᠪᠠᠷ ᠥᠭᠡᠳᠡᠯᠡᠨ ᠲᠠᠪᠰᠢᠬᠤ᠂ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠮᠠᠭᠲᠠ ᠪᠠᠲᠤᠯᠠᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠴᠢᠳᠠᠪᠤᠷᠢ ᠬᠡᠪ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠪᠦᠬᠦ ᠬᠤᠳᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠡᠩᠨᠡᠭᠡ ᠶᠢᠨ ᠠᠮᠢᠵᠢᠷᠠᠯ ᠤᠨ ᠬᠦᠴᠦᠨ ᠪᠠ ᠬᠦᠴᠦᠷᠬᠡᠭ ᠶᠡᠭᠡ ᠲᠠᠶᠢᠴᠢᠨ ᠬᠦᠴᠦᠨ ᠢᠶᠠᠨ ᠡᠭᠦᠷᠢᠳᠡ ᠬᠠᠳᠠᠭᠠᠯᠠᠬᠤ ᠶᠢ ᠪᠠᠲᠤᠯᠠᠵᠤ᠂ ᠤᠯᠠᠭᠠᠨᠴᠠᠪ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2