ᠪᠦᠬᠦ ᠬᠤᠲᠠ ᠶᠢᠨ ᠠᠵᠤ ᠠᠬᠤᠢ ᠶᠢᠨ ᠪᠠᠶᠢᠳᠠᠯ ᠢ ᠵᠠᠳᠠᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/11/15
    11 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠪᠥᠬᠦ ᠬᠤᠲᠠ ᠶᠢᠨ ᠠᠵᠤ ᠠᠬᠤᠶ ᠶᠢᠨ ᠪᠠᠶᠢᠳᠠᠯ ᠢ ᠵᠠᠳᠠᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠳᠤ ᠲᠣᠬᠢᠷᠠᠭᠤᠯᠤᠯᠲᠠ ᠬᠢᠵᠦ᠂ ᠳᠤᠲᠠᠭᠤᠳᠠᠯ ᠪᠠᠭᠤᠷᠠᠶ ᠲᠠᠯ᠎ᠠ ᠶᠢ ᠡᠮᠬᠢᠯᠡᠨ ᠳᠢᠭᠯᠡᠵᠦ᠂ ᠪᠥᠬᠦ ᠬᠤᠲᠠ ᠶᠢᠨ ᠡᠯ᠎ᠡ ᠱᠠᠲᠤ ᠡᠯ᠎ᠡ ᠰᠠᠯᠠᠭ᠎ᠠ ᠮᠥᠴᠢᠷ ᠢ ᠳᠠᠶᠢᠴᠢᠯᠠᠨ ᠬᠠᠷᠠᠯᠲᠠ ᠡᠭᠦᠷᠭᠡ ᠶᠢ ᠴᠢᠩᠭ᠎ᠠ ᠠᠳᠬᠤᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠨ᠂ ᠪᠥᠬᠦ ᠵᠢᠯ ᠤᠨ ᠬᠠᠷᠠᠯᠲᠠ ᠡᠭᠦᠷᠭᠡ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠦᠨ᠎ᠡ᠃     ᠬᠤᠳᠠ ᠶᠢᠨ ᠤᠳᠤᠷᠢᠳᠤᠯᠭ᠎ᠠ ᠶᠦᠨ ᠫᠧᠩ ᠭᠠᠩ᠂ ᠯᠢ ᠶᠦᠩ᠂ ᠴᠠᠢ ᠶᠤᠸᠠᠢ᠂ ᠼᠤᠤ ᡁᠢ᠂ ᠹᠠᠩ ᠽᠧ᠂ ᠯᠢ ᠵᠢᠶᠠᠨ ᠸᠧᠨ᠂ ᠯᠢ ᠵᠢᠶᠠᠨ ᠵᠢᠶᠦ᠋ᠨ᠂ ᠭᠦᠩ ᠵᠢᠶᠠᠨ ᠬᠤᠷᠠᠯ ᠳᠤ ᠣᠷᠣᠯᠴᠠᠪᠠ᠃     ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠵᠠᠳᠠᠯᠤᠯᠲᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠴᠢ ᠹᠸᠢ ᠶᠦᠨ ᠂ ᠡᠨᠡ ᠵᠢᠯ ᠠᠴᠠ ᠨᠠᠰᠢ᠂ ᠪᠥᠬᠦ ᠬᠤᠲᠠ ᠪᠠᠷ ᠢᠶᠠᠨ ᠠᠯᠢ ᠣᠯᠠᠨ ᠠᠰᠢᠭ ᠥᠬᠡᠶ ᠨᠥᠯᠥᠭᠡ ᠶᠢ ᠴᠢᠷᠮᠠᠶᠢᠨ ᠠᠷᠭᠠᠴᠠᠬᠤ ᠪᠠ ᠢᠯᠠᠨ ᠳᠠᠪᠠᠵᠤ᠂ ᠡᠯ᠎ᠡ ᠵᠦᠢᠯ ᠤᠨ ᠠᠵᠢᠯ ᠳᠤ ᠢᠳᠡᠪᠬᠢᠲᠡᠶ ᠦᠷ᠎ᠡ ᠪᠦᠲᠦᠮᠵᠢ ᠣᠯᠵᠤ᠂ ᠠᠵᠤ ᠠᠬᠤᠶ ᠶᠢᠨ ᠠᠵᠢᠯᠯᠠᠭᠠᠨ ᠳᠤ ᠲᠣᠭᠲᠠᠭᠤᠨ ᠢᠶᠠᠷ ᠰᠡᠷᠭᠦᠬᠦ᠂ ᠲᠣᠭᠲᠠᠭᠤᠨ ᠤ ᠳᠤᠮᠳᠠ ᠤᠷᠤᠭᠰᠢᠯᠠᠬᠤ ᠪᠠᠶᠢᠳᠠᠯ ᠢᠯᠡᠷᠡᠵᠡᠶ ᠭᠡᠵᠦ ᠵᠢᠭᠠᠵᠤ ᠭᠠᠷᠭᠠᠪᠠ᠃      ᠴᠢ ᠹᠸᠢ ᠶᠦᠨ᠂ ᠣᠳᠣᠬᠠᠨ ᠳᠤ ᠵᠢᠯ ᠤᠨ ᠡᠴᠦᠰ ᠪᠣᠯᠲᠠᠯ᠎ᠠ ᠵᠥᠪᠬᠡᠨ ᠰᠠᠷ᠎ᠠ ᠬᠠᠭᠠᠰ ᠤᠨ ᠴᠠᠭ ᠦᠯᠡᠳᠡᠵᠦ ᠪᠠᠶᠢᠨ᠎ᠠ᠂ ᠪᠥᠬᠦ ᠬᠤᠲᠠ ᠶᠢᠨ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠡᠨᠡ ᠵᠢᠯ ᠠᠴᠠ ᠨᠠᠰᠢᠬᠢ ᠠᠵᠢᠯ ᠢᠶᠠᠨ ᠨᠠᠷᠢᠨ ᠬᠢᠨᠠᠮᠠᠭᠠᠶ ᠪᠠᠶᠢᠴᠠᠭᠠᠨ ᠡᠮᠬᠢᠯᠡᠵᠦ᠂ ︽ᠪᠠᠷᠤᠭ︾ ᠭᠡᠳᠡᠭ ᠢ ᠳᠤᠲᠠᠭᠤ ᠶᠠᠷᠢᠵᠤ᠂ ︽ᠬᠡᠳᠦᠶ ᠵᠥᠷᠢᠬᠦ ᠪᠣᠢ︾ ︽ᠶᠠᠭᠤᠨ ᠳᠤ︾ ︽ᠶᠠᠭᠠᠬᠢᠬᠤ ᠪᠣᠶ︾ ᠭᠡᠳᠡᠭ ᠢ ᠢᠯᠡᠭᠦᠤ ᠠᠰᠠᠭᠤᠬᠤ ᠬᠡᠷᠡᠭᠲᠡᠶ ᠭᠡᠵᠦ ᠴᠢᠬᠤᠯᠠᠴᠢᠯᠠᠵᠠᠢ᠃ ᠨᠢᠭᠡ ᠳᠤ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠲᠣᠭᠲᠠᠭᠠᠭᠰᠠᠨ ᠬᠠᠷᠠᠯᠲᠠ ᠡᠭᠦᠷᠭᠡ ᠶᠢ ᠬᠡᠳᠦᠶ ᠪᠡᠶᠡᠯᠡᠭᠦᠯᠦᠭᠰᠡᠨ ᠪᠣᠢ᠂ ᠤᠷᠢᠳᠠᠭᠤᠷ ᠣᠷᠣᠬᠤ ᠶᠢ ᠬᠡᠷᠬᠢᠨ ᠤᠯᠠᠮ ᠨᠢᠭᠡ ᠠᠯᠬᠤᠮ ᠪᠡᠶᠡᠯᠡᠭᠦᠯᠬᠦ ᠪᠣᠶ︖ ᠬᠤᠶᠠᠷ ᠲᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠨᠥᠭᠡᠴᠡᠯᠡᠯᠲᠡ ᠶᠢᠨ ᠶᠠᠰᠤ ᠴᠢᠨᠠᠷ ᠭᠦᠢᠴᠡᠳ ᠰᠠᠶᠢᠨ ᠡᠰᠡᠬᠦ᠂ ᠬᠡᠷᠬᠢᠨ ᠤᠯᠠᠮ ᠴᠢᠨᠠᠭᠰᠢᠳᠠ ᠪᠠᠲᠤᠳᠬᠠᠨ ᠳᠡᠭᠡᠭᠰᠢᠯᠡᠭᠦᠯᠬᠦ ᠪᠤᠢ︖ ᠭᠤᠷᠪᠠ ᠳᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠠᠯᠬᠤᠭ᠎ᠠ ᠶᠢ ᠪᠣᠳᠠᠲᠠᠢ ᠪᠡᠶᠡᠯᠡᠭᠦᠯᠦᠭᠰᠡᠨ ᠡᠰᠡᠬᠦ᠂ ᠬᠡᠷᠬᠢᠨ ᠤᠯᠠᠮ ᠨᠢᠭᠡ ᠠᠯᠬᠤᠮ  ᠰᠢᠯᠢᠳᠡᠭᠵᠢᠭᠦᠯᠦᠨ ᠦᠷ᠎ᠡ ᠠᠰᠢᠭ ᠢ ᠨᠡᠮᠡᠭᠳᠡᠭᠦᠯᠬᠦ ᠪᠤᠢ︖ ᠲᠦᠷᠪᠡ ᠳᠤ᠂ ᠳᠡᠭᠡᠳᠦ ᠱᠠᠲᠤᠨ ᠤ ᠲᠣᠭᠤᠷᠢᠨ  ᠪᠠᠶᠢᠴᠠᠭᠠᠵᠤ᠂ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠨᠢ ᠴᠠᠭ ᠤᠨ ᠬᠢᠵᠠᠭᠠᠷ ᠤᠨ ᠠᠬᠢᠴᠠ ᠶᠢᠨ ᠱᠠᠭᠠᠷᠳᠠᠯᠭ᠎ᠠ ᠳᠤ ᠬᠦᠷᠦᠭᠰᠡᠨ ᠡᠰᠡᠬᠦ᠂ ᠬᠡᠷᠬᠢᠨ ᠴᠢᠨᠠᠭᠰᠢᠳᠠ ᠲᠦᠷᠭᠡᠳᠬᠡᠨ ᠠᠬᠢᠭᠤᠯᠬᠤ ᠪᠤᠢ︖ ᠲᠠᠪᠤ ᠳᠤ᠂ ᠡᠨᠡ ᠵᠢᠯ ᠣᠯᠠᠨ ᠲᠦᠮᠡᠨ ᠤ ᠲᠥᠯᠥᠭᠡ ᠬᠡᠳᠦᠢ ᠪᠣᠳᠠᠲᠠᠢ ᠠᠵᠢᠯ  ᠬᠢᠭᠰᠡᠨ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠬᠠᠨᠤᠮᠵᠢ ᠶᠢᠨ ᠬᠡᠮᠵᠢᠶ᠎ᠡ ᠶᠢ ᠬᠡᠷᠬᠢᠨ ᠤᠯᠠᠮ ᠴᠢᠨᠠᠭᠰᠢᠳᠠ ᠳᠡᠭᠡᠭᠰᠢᠯᠡᠭᠦᠯᠬᠦ ᠪᠤᠢ︖ ᠵᠢᠷᠭᠤᠭ᠎ᠠ ᠳᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠢ ᠰᠠᠬᠢᠵᠤ ᠳᠡᠶᠢᠯᠬᠦ ᠡᠰᠡᠬᠦ᠂ ᠬᠡᠷᠬᠢᠨ ᠤᠯᠠᠮ ᠴᠢᠨᠠᠭᠰᠢᠳᠠ ᠰᠡᠷᠭᠡᠶᠢᠯᠡᠨ ᠰᠢᠢᠳᠪᠦᠷᠢᠯᠡᠬᠦ ᠪᠤᠢ︖ ᠳᠣᠯᠤᠭ᠎ᠠ ᠳᠤ᠂ ᠢᠷᠡᠬᠦ ᠵᠢᠯ ᠤᠨ ᠠᠵᠢᠯ ᠢᠶᠠᠨ ᠬᠢᠷᠢ ᠵᠡᠷᠭᠡ ᠲᠥᠯᠥᠪᠯᠡᠵᠦ᠂ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠬᠡᠷᠬᠢᠨ ᠤᠯᠠᠮ ᠨᠢᠭᠡ ᠠᠯᠬᠤᠮ ᠡᠵᠡᠮᠳᠡᠬᠦ ᠪᠣᠶ︖      ᠴᠢ ᠹᠸᠢ ᠶᠦᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠵᠢᠯ ᠤᠨ ᠡᠬᠢᠨ ᠤ ᠬᠠᠷᠠᠯᠲᠠ ᠲᠠᠢ ᠪᠠᠨ ᠬᠠᠷᠢᠴᠠᠭᠤᠯᠵᠤ᠂ ᠪᠥᠬᠦ ᠲᠠᠯ᠎ᠠ ᠪᠠᠷ ᠲᠣᠭᠠᠯᠠᠨ ᠪᠦᠷᠢᠳᠬᠡᠵᠦ᠂ ᠨᠠᠷᠢᠯᠢᠭ ᠣᠨᠣᠴᠠᠲᠠᠶ ᠪᠠᠷ ᠬᠦᠴᠦᠯᠡᠨ ᠴᠢᠷᠮᠠᠶᠢᠵᠤ᠂ ᠠᠬᠢᠴᠠ ᠪᠠᠨ ᠴᠢᠷᠮᠠᠶᠢᠨ ᠲᠥᠷᠭᠡᠳᠬᠡᠵᠦ᠂ ᠡᠭᠦᠷᠭᠡ ᠪᠠᠨ ᠰᠠᠶᠢᠲᠤᠷ ᠪᠡᠶᠡᠯᠡᠭᠦᠯᠵᠦ᠂ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠬᠡᠷᠡᠭᠲᠡᠶ᠃ ᠤᠶᠤᠨ ᠴᠢᠳᠠᠯ ᠢᠶᠠᠨ ᠲᠥᠪᠯᠡᠷᠡᠭᠦᠯᠦᠨ ᠲᠦᠷᠦᠯ ᠵᠦᠢᠯ ᠢ ᠠᠳᠬᠤᠵᠤ᠂ ᠪᠡᠯᠡ ᠣᠷᠣᠭᠤᠯᠤᠯᠲᠠ ᠶᠢ ᠠᠬᠢᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠨᠥᠭᠡᠴᠡ ᠪᠣᠯᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠬᠠᠨᠳᠤᠯᠭᠠᠲᠤ ᠴᠢᠨᠠᠷᠲᠠᠢ ᠪᠠᠷ ᠰᠠᠶᠢᠲᠤᠷ ᠠᠳᠬᠤᠬᠤ ᠬᠡᠷᠡᠭᠲᠡᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ  ᠲᠤᠭᠤᠰᠢᠯᠠᠭᠤᠯᠵᠤ᠂ ᠰᠠᠶᠢᠨ ᠲᠠᠢ ᠲᠠᠯ᠎ᠠ ᠪᠠᠨ ᠪᠠᠳᠠᠷᠠᠭᠤᠯᠤᠨ ᠰᠠᠭᠠᠷᠠᠤ ᠲᠠᠯ᠎ᠠ ᠪᠠᠨ ᠲᠡᠪᠴᠢᠵᠦ᠂ ᠰᠢᠯᠢᠳᠡᠭ ᠢ ᠪᠤᠶᠢᠵᠢᠭᠤᠯᠤᠨ ᠦᠷ᠎ᠡ ᠠᠰᠢᠭ ᠢ ᠨᠡᠮᠡᠭᠳᠡᠭᠦᠯᠵᠦ᠂ ᠠᠵᠤ ᠦᠢᠯᠡᠰ ᠤᠨ ᠪᠦᠲᠦᠴᠡ ᠶᠢ ᠲᠦᠷᠭᠡᠨ ᠳᠤᠬᠢᠷᠠᠭᠤᠯᠵᠤ᠂ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠴᠢᠩᠭ᠎ᠠ ᠡᠵᠡᠮᠳᠡᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠡᠯ᠎ᠡ ᠲᠦᠷᠦᠯ ᠤᠨ ᠲᠣᠭᠤᠷᠢᠨ ᠪᠠᠶᠢᠴᠠᠭᠠᠵᠤ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠢᠨᠠᠷ ᠰᠠᠶᠢᠲᠠᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠨᠠᠷᠢᠨ ᠳᠠᠩᠰᠠ ᠲᠠᠢ ᠬᠠᠷᠢᠴᠠᠭᠤᠯᠵᠤ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠳᠤᠯᠠᠭᠠᠴᠠᠯᠭ᠎ᠠ᠂ ᠨᠡᠶᠢᠭᠡᠮ ᠤᠨ ᠪᠠᠲᠤᠯᠠᠭ᠎ᠠ ᠵᠡᠷᠭᠡ ᠡᠯ᠎ᠡ ᠵᠦᠢᠯ ᠤᠨ ᠠᠷᠠᠳ ᠤᠨ ᠠᠮᠢᠳᠤᠷᠠᠯ ᠤᠨ ᠠᠵᠢᠯ ᠢ ᠰᠡᠳᠬᠢᠯ ᠲᠠᠯᠪᠢᠨ ᠦᠨᠡᠨ ᠰᠡᠳᠬᠢᠯ ᠠᠴᠠ ᠪᠠᠨ ᠰᠠᠶᠢᠲᠤᠷ ᠠᠳᠬᠤᠵᠤ᠂ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠬᠤ ᠬᠡᠷᠡᠭᠲᠡᠢ᠃ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠥᠷᠢ ᠰᠢᠷᠢ ᠶᠢ ᠠᠷᠢᠯᠭᠠᠬᠤ᠂ ᠦᠷᠢᠲᠦᠬᠦ ᠶᠢ ᠰᠡᠷᠭᠡᠶᠢᠯᠡᠵᠦ ᠵᠠᠷᠤᠯᠭ᠎ᠠ ᠶᠢ ᠪᠠᠲᠤᠯᠠᠬᠤ᠂ ᠠᠮᠤᠷ ᠲᠦᠪᠰᠢᠨ ᠲᠣᠭᠲᠠᠭᠤᠨ ᠪᠠᠶᠢᠯᠭᠠᠬᠤ ᠵᠡᠷᠭᠡ ᠠᠵᠢᠯ ᠢ ᠦᠨᠡᠨᠬᠦ ᠰᠠᠶᠢᠲᠤᠷ ᠠᠳᠬᠤᠬᠤ ᠬᠡᠷᠡᠭᠲᠡᠢ᠃ ᠪᠠᠷᠠᠭᠠᠯᠬᠢᠯᠠᠯ ᠤᠨ ᠴᠢᠨᠠᠷᠲᠠᠢ ᠪᠣᠳᠣᠯᠬᠢᠯᠠᠯ ᠢᠶᠠᠨ ᠴᠢᠩᠭᠠᠳᠬᠠᠵᠤ᠂ ᠪᠦᠬᠦ ᠲᠠᠯ᠎ᠠ ᠶᠢᠨ ᠴᠢᠨᠠᠷᠲᠠᠢ ᠲᠥᠯᠥᠪᠵᠢᠭᠦᠯᠵᠦ᠂ ᠬᠠᠷᠠᠯᠲᠠ ᠡᠭᠦᠷᠭᠡ ᠪᠣᠯᠤᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠲᠣᠳᠣᠷᠬᠠᠢ᠂ ᠪᠣᠳᠠᠳᠠᠢ᠂ ᠣᠨᠣᠪᠴᠢᠲᠠᠢ ᠲᠥᠯᠥᠪᠵᠢᠭᠦᠯᠵᠦ᠂ ᠢᠷᠡᠬᠦ ᠵᠢᠯ ᠤᠨ ᠠᠵᠢᠯ ᠢᠶᠠᠨ ᠰᠠᠶᠢᠲᠤᠷ ᠡᠬᠢᠯᠡᠭᠦᠯᠬᠦ᠂ ᠰᠠᠶᠢᠨ ᠠᠯᠬᠤᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠦ ᠱᠠᠭᠠᠷᠳᠠᠪᠠ᠃                                                     ᠣᠷᠴᠢᠭᠤᠯᠤᠭᠴᠢ᠄ ᠭᠤᠸ᠎ᠠ                                                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2