ᠮᠠᠨ ᠤ ᠬᠤᠲᠠ 2020 ᠣᠨ ᠳᠤ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠬᠤᠶᠠᠷ ᠰᠠᠭᠤᠷᠢᠨ ᠭᠠᠵᠠᠷ ᠢᠶᠠᠷ ᠵᠥᠪᠰᠢᠶᠡᠷᠡᠭᠳᠡᠪᠡ
ᠨᠡᠶᠢᠲᠡᠯᠡᠭᠰᠡᠨ ᠴᠠᠭ᠄
2021/11/15
    ᠮᠠᠨ ᠤ ᠬᠤᠲᠠ ᠶᠢᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠲᠦᠭᠡᠮᠡᠯᠵᠢᠭᠦᠯᠬᠦ ᠪᠠ ᠤᠯᠠᠮᠵᠢᠯᠠᠬᠤ ᠲᠠᠯ᠎ᠠ ᠪᠠᠷ ᠬᠢ ᠵᠢᠱᠢᠶ᠎ᠡ ᠦᠵᠡᠭᠦᠯᠬᠦ᠂ ᠬᠥᠲᠥᠯᠥᠨ ᠳᠠᠭᠠᠭᠤᠯᠬᠤ ᠪᠠ ᠳᠠᠶᠢᠴᠢᠯᠠᠬᠤ ᠦᠶᠯᠡᠳᠦᠯ ᠢ ᠨᠠᠩ ᠰᠠᠶᠢᠨ ᠪᠠᠳᠠᠷᠠᠭᠤᠯᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ  ᠲᠦᠭᠡᠮᠡᠯᠵᠢᠭᠦᠯᠦᠯᠲᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ ᠶᠢ ᠦᠨᠳᠦᠰᠦᠯᠡᠨ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠠᠲᠤᠯᠠᠨ ᠲᠠᠨᠢᠯᠴᠠᠭᠤᠯᠬᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠲᠤᠰᠬᠠᠶ ᠮᠡᠷᠭᠡᠵᠢᠯᠲᠡᠨ ᠦᠨᠡᠯᠡᠨ ᠬᠢᠨᠠᠬᠤ᠂ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠪᠠ ᠨᠡᠶᠢᠲᠡ ᠳᠤ ᠵᠠᠷᠯᠠᠬᠤ ᠪᠠᠷ ᠳᠡᠮᠵᠢᠨ᠂ ᠮᠠᠨ ᠤ ᠬᠤᠲᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠵᠢᠱᠢᠶ᠎ᠡ ᠦᠵᠡᠭᠦᠯᠬᠦ 2 ᠰᠠᠭᠤᠷᠢᠨ ᠭᠠᠵᠠᠷ ᠢ ᠰᠢᠨ᠎ᠡ ᠪᠠᠷ ᠵᠥᠪᠰᠢᠶᠡᠷᠡᠭᠦᠯᠪᠡ     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳ ᠬᠤᠰᠢᠭᠤᠨ ᠤ ᠴᠠᠭ ᠠᠭᠤᠷ ᠤᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠵᠢᠱᠢᠶ᠎ᠡ ᠦᠵᠡᠭᠦᠯᠬᠦ ᠰᠠᠭᠤᠷᠢᠨ ᠭᠠᠵᠠᠷ︾ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳ ᠬᠤᠰᠢᠭᠤᠨ ᠤ ᠴᠠᠭ ᠠᠭᠤᠷ ᠤᠨ ᠲᠣᠪᠴᠢᠶ᠎ᠠ ᠳᠤ ᠲᠦᠰᠢᠭᠯᠡᠨ᠂ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠴᠠᠭ ᠠᠭᠤᠷ ᠤᠨ ᠮᠡᠳᠡᠯᠭᠡ ᠶᠢ ᠲᠦᠭᠡᠮᠡᠯᠵᠢᠭᠦᠯᠬᠦ ᠪᠠᠷ ᠭᠤᠣᠯ ᠰᠡᠳᠦᠪ ᠪᠣᠯᠭᠠᠭᠰᠠᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠤᠨ᠎ᠠ︔ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠯᠢᠦᠶ ᠺᠠᠩ ᠶᠤᠸᠠᠨ ᠠᠮᠢ ᠠᠬᠤᠶ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ︾ ᠪᠣᠯ ᠥᠪᠥᠷ ᠮᠣᠩᠭᠤᠯ ᠤᠨ ᠯᠢᠦᠶ ᠺᠠᠩ ᠶᠤᠸᠠᠨ ᠠᠮᠢ ᠠᠬᠤᠶ ᠶᠢᠨ ᠲᠠᠷᠢᠶᠠᠯᠠᠩ ᠤᠨ ᠬᠢᠵᠠᠭᠠᠷᠲᠤ ᠺᠣᠮᠫᠠᠨᠢ ᠳᠤ ᠲᠦᠰᠢᠭᠯᠡᠨ᠂ ᠢᠳᠡᠰᠢᠨ ᠨᠣᠭᠤᠭᠠᠨ ᠤ ᠲᠠᠷᠢᠮᠠᠯ᠂ ᠬᠡᠷ ᠤᠨ ᠭᠠᠳᠠᠨᠠᠬᠢ ᠥᠷᠭᠡᠳᠭᠡᠯ᠂ ᠰᠤᠳᠤᠯᠤᠨ ᠰᠤᠷᠤᠯᠴᠠᠬᠤ ᠰᠤᠷᠭᠠᠨ ᠬᠥᠮᠦᠵᠢᠯ ᠢᠶᠠᠷ ᠭᠤᠤᠯ ᠰᠡᠳᠦᠪ ᠪᠣᠯᠭᠠᠭᠰᠠᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠤᠨ᠎ᠠ᠃ 2018 ᠣᠨ ᠳᠤ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠰᠢᠨᠵᠢᠯᠡᠬᠦ ᠤᠬᠠᠭᠠᠨ ᠮᠡᠷᠭᠡᠵᠢᠯ ᠤᠨ  ᠲᠦᠭᠡᠮᠡᠯᠵᠢᠭᠦᠯᠦᠯᠲᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠭᠤᠶᠤᠴᠢᠯᠠᠨ ᠮᠡᠳᠡᠭᠦᠯᠬᠦ ᠠᠵᠢᠯ ᠢ ᠥᠷᠨᠢᠭᠦᠯᠦᠭᠰᠡᠨ ᠠᠴᠠ ᠨᠠᠰᠢ᠂ ᠮᠠᠨ ᠤ ᠬᠤᠲᠠ ᠲᠠᠯᠠᠪᠠᠶ ᠣᠷᠳᠣᠨ ᠤ ᠲᠥᠷᠥᠯ ᠪᠠ ᠲᠠᠯᠠᠪᠠᠶ ᠣᠷᠳᠣᠨ ᠤ ᠪᠤᠰᠤ ᠲᠥᠷᠥᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ  ᠲᠦᠭᠡᠮᠡᠯᠵᠢᠭᠦᠯᠦᠯᠲᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ 5 ᠪᠠᠶᠢᠵᠤ᠂ ᠲᠡᠤᠬᠡ ᠶᠢᠨ ᠳᠤᠷᠠᠰᠬᠠᠯᠲᠤ ᠵᠦᠶᠯᠡᠰ ᠡᠷᠲᠡᠨ ᠤ ᠵᠦᠶᠯᠡᠰ ᠤᠨ ᠦᠵᠡᠭᠦᠯᠦᠯᠭᠡ᠂ ᠴᠠᠭ ᠠᠭᠤᠷ ᠤᠨ ᠮᠡᠳᠡᠯᠭᠡ᠂ ᠢᠳᠡᠰᠢᠨ ᠨᠣᠭᠤᠭᠠᠨ ᠤ ᠲᠠᠷᠢᠮᠠᠯ ᠵᠡᠷᠭᠡ ᠬᠦᠷᠢᠶ᠎ᠡ ᠶᠢ ᠬᠠᠮᠤᠷᠴᠠᠶ᠃     ᠬᠤᠶᠢᠰᠢᠳᠠ᠂ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠨᠢ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠬᠡᠯᠪᠡᠷᠢ ᠶᠢᠨ ᠰᠢᠨ᠎ᠡ ᠶᠢ ᠡᠭᠦᠳᠴᠦ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠭᠤᠯᠭ᠎ᠠ ᠪᠠᠨ ᠪᠠᠶᠠᠯᠢᠭᠵᠢᠭᠤᠯᠵᠤ᠂ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠵᠢᠱᠢᠶ᠎ᠡ ᠦᠵᠡᠭᠦᠯᠬᠦ ᠬᠥᠲᠥᠯᠥᠨ ᠳᠠᠭᠠᠭᠤᠯᠬᠤ ᠦᠶᠯᠡᠳᠦᠯ ᠢᠶᠠᠨ ᠪᠠᠳᠠᠷᠠᠭᠤᠯᠵᠤ᠂ ᠰᠢᠨᠵᠢᠯᠡᠬᠦ ᠤᠬᠠᠭᠠᠨ ᠤ  ᠲᠦᠭᠡᠮᠡᠯᠵᠢᠭᠦᠯᠦᠯᠲᠡ ᠶᠢᠨ ᠦᠶᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠵᠦ᠂ ᠮᠠᠨ ᠤ ᠬᠤᠲᠠ ᠶᠢᠨ ᠰᠢᠨᠵᠢᠯᠡᠬᠦ ᠤᠬᠠᠭᠠᠨ ᠲᠦᠭᠡᠮᠡᠯᠵᠢᠭᠦᠯᠦᠯᠲᠡ ᠶᠢᠨ ᠦᠶᠯᠡᠰ ᠤᠨ ᠬᠥᠭᠵᠢᠯᠲᠡ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠦᠨ᠎ᠡ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2