ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠣᠨᠣᠯ ᠤᠨ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/11/16
   11 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ᠂ ᠢᠳᠡᠭᠡᠨ ᠤ ᠠᠮᠤᠷ ᠲᠦᠪᠰᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠤᠴᠢᠷ ᠶᠠᠪᠤᠳᠠᠯ ᠢ ᠰᠤᠳᠤᠯᠤᠨ ᠪᠠᠶᠢᠷᠢᠯᠠᠭᠤᠯᠪᠠ᠃     ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠯᠢᠶᠠᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠶ ᠬᠤᠤ ᠵᠢᠴᠢ ︽ᠳᠥᠷᠪᠡᠨ ᠶᠡᠭᠡ ᠤᠳᠤᠷᠢᠳᠬᠤ ᠪᠠᠭ︾ ᠤᠨ ᠤᠳᠤᠷᠢᠳᠤᠯᠭ᠎ᠠ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠪᠣᠯᠤᠨ ᠬᠤᠲᠠ ᠶᠢᠨ ᠰᠢᠭᠤᠳ ᠬᠠᠷᠢᠶ᠎ᠠ ᠡᠯ᠎ᠡ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ ᠰᠤᠷᠤᠯᠴᠠᠯᠭ᠎ᠠ ᠳᠤ ᠣᠷᠣᠯᠴᠠᠪᠠ᠃     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠣᠯ ᠪᠢᠳᠡᠨ ᠤ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠶᠢᠨ ᠦᠨᠳᠦᠰᠦᠨ ᠵᠢᠷᠤᠮᠯᠠᠯ ᠮᠥᠨ᠃ ᠪᠦᠬᠦ ᠬᠤᠳᠠ ᠪᠠᠷ ᠢᠶᠠᠨ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠵᠤ᠂ ᠵᠠᠩᠭᠢᠯᠠᠭ᠎ᠠ ᠶᠢᠨ ᠭᠤᠣᠯᠳᠠᠯᠭ᠎ᠠ ᠶᠢ ᠣᠨᠣᠪᠴᠢᠲᠠᠢ ᠡᠵᠡᠮᠳᠡᠵᠦ᠂ ᠰᠤᠷᠤᠯᠴᠠᠨ ᠤᠬᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠵᠦ ᠰᠠᠶᠢᠲᠤᠷ ᠲᠥᠯᠥᠪᠯᠡᠬᠦ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠮᠠᠨ ᠤ ᠬᠤᠲᠠ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠦᠨᠡᠨᠬᠦ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠵᠠᠢ᠃     ᠬᠤᠷᠠᠯ ᠠᠴᠠ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠪᠣᠯᠤᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ︔ ᠬᠠᠤᠯᠢᠵᠢᠯ ᠤᠨ ᠪᠠᠶᠢᠭᠤᠯᠤᠯᠲᠠ ᠶᠢ ᠴᠢᠩᠭᠠᠳᠬᠠᠵᠤ᠂ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠬᠢ ᠪᠠᠶᠠᠯᠢᠭ ᠢ ᠨᠡᠶᠢᠳᠬᠡᠬᠦ ᠡᠷᠴᠢᠮ ᠢ ᠴᠢᠩᠭᠠᠷᠠᠭᠤᠯᠵᠤ᠂ ᠴᠡᠷᠢᠭ ᠠᠷᠠᠳ ᠤᠨ ᠬᠡᠷᠡᠭᠯᠡᠭᠡ ᠶᠢᠨ ᠠᠭᠤᠰᠤᠯᠴᠠᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠦᠵᠡᠯ ᠰᠠᠨᠠᠭ᠎ᠠ ᠪᠠᠷ ᠬᠦᠳᠦᠯᠦᠨ ᠳᠠᠭᠠᠭᠤᠯᠬᠤ ᠶᠢ ᠴᠢᠬᠤᠯᠠᠴᠢᠯᠠᠵᠤ᠂ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠪᠤᠳᠤᠯ ᠢᠶᠠᠨ ᠦᠨᠡᠨᠬᠦ ᠴᠢᠩᠭᠠᠳᠬᠠᠬᠤ ᠬᠡᠷᠡᠭᠲᠡᠢ︔ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠴᠢᠬᠤᠯᠠᠴᠢᠯᠠᠵᠤ᠂ ᠬᠠᠤᠯᠢᠵᠢᠯ ᠤᠨ ᠤᠬᠠᠭᠤᠯᠭ᠎ᠠ ᠬᠥᠮᠦᠵᠢᠯ ᠤᠨ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ︔ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠬᠤᠯᠠᠴᠢᠯᠠᠵᠤ᠂ ᠬᠠᠤᠯᠢᠵᠢᠯ ᠤᠨ ᠤᠬᠠᠭᠤᠯᠭ᠎ᠠ ᠬᠥᠮᠦᠵᠢᠯ ᠤᠨ ᠭᠦᠢᠴᠡᠳᠬᠡᠬᠦ ᠬᠦᠴᠦᠨ ᠪᠠ ᠪᠠᠲᠤᠯᠠᠬᠤ ᠬᠦᠴᠦᠨ ᠢ ᠦᠨᠡᠨ ᠬᠦ ᠴᠢᠩᠭᠠᠳᠬᠠᠬᠤ ᠬᠡᠷᠡᠭᠲᠡᠶ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠪᠣᠯᠤᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠦᠵᠡᠯ ᠰᠠᠨᠠᠭᠠᠴᠢ ᠴᠢᠨᠠᠷ᠂ ᠤᠨᠤᠯᠴᠢ ᠴᠢᠨᠠᠷ ᠂ ᠬᠠᠨᠳᠤᠯᠭᠠᠲᠤ ᠴᠢᠨᠠᠷ ᠪᠣᠯᠤᠨ ᠳᠣᠲᠣᠨᠣᠰᠤᠭ ᠪᠠᠶᠢᠬᠤ ᠶᠢ ᠬᠦᠴᠦᠯᠡᠨ ᠴᠢᠩᠭᠠᠳᠬᠠᠵᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠢᠮᠠᠭᠲᠠ ᠴᠢᠩᠭ᠎ᠠ ᠱᠠᠭᠠᠷᠳᠠᠯᠭ᠎ᠠ᠂ ᠪᠣᠳᠠᠲᠠᠢ ᠠᠷᠭ᠎ᠠ ᠬᠡᠮᠵᠢᠶ᠎ᠡ ᠪᠠᠷ ᠬᠤᠭᠤᠴᠠᠭ᠎ᠠ ᠰᠣᠯᠢᠬᠤ ᠰᠤᠷᠲᠠᠯ ᠳᠤ ᠬᠢᠨᠠᠯᠲᠠ ᠲᠠᠯᠪᠢᠬᠤ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠬᠤᠭᠤᠴᠠᠭ᠎ᠠ ᠰᠣᠯᠢᠬᠤ ᠠᠵᠢᠯ ᠤᠨ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠪᠠᠲᠤᠯᠠᠵᠤ᠂ ᠬᠤᠭᠤᠴᠠᠭ᠎ᠠ ᠰᠣᠯᠢᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠬᠥᠮᠦᠵᠢᠭᠦᠯᠬᠦ᠂ ᠰᠡᠷᠡᠮᠵᠢᠯᠡᠭᠦᠯᠬᠦ ᠂ ᠰᠡᠷᠭᠡᠶᠢᠯᠡᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢᠨ ᠤᠬᠠᠭᠤᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠢ ᠃ ᠬᠥᠮᠦᠨ ᠬᠡᠷᠡᠭᠯᠡᠬᠦ ᠵᠥᠪ ᠤᠳᠤᠷᠢᠳᠤᠮᠵᠢ ᠶᠢ ᠪᠠᠷᠢᠮᠲᠠᠯᠠᠵᠤ᠂ ᠰᠠᠶᠢᠨ ᠺᠠᠳ᠋ᠷ ᠤᠨ ᠪᠠᠷᠢᠮᠵᠢᠶ᠎ᠠ ᠶᠢ ᠪᠠᠷᠢᠮᠲᠠᠯᠠᠵᠤ᠂ ᠠᠵᠢᠯ ᠦᠢᠯᠡᠰ ᠢᠶᠠᠨ ᠳᠡᠭᠡᠳᠦᠯᠡᠬᠦ ᠶᠢ ᠪᠠᠷᠢᠮᠲᠠᠯᠠᠵᠤ᠂ ᠤᠯᠤᠰ ᠲᠦᠷᠦ᠂ ᠠᠷᠢᠭᠤᠨ ᠴᠢᠬᠡᠴᠢ᠂ ᠬᠡᠪ ᠴᠢᠨᠠᠷ ᠤᠨ ᠪᠣᠭᠤᠮᠲᠠ ᠶᠢ ᠴᠢᠩᠭ᠎ᠠ ᠰᠠᠬᠢᠵᠤ᠂ ᠦᠨᠡᠨᠴᠢ ᠰᠢᠳᠤᠷᠭᠤ ᠴᠡᠪᠡᠷ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠰᠠᠶᠢᠨ ᠺᠠᠳ᠋ᠷ ᠢ ᠰᠣᠩᠭᠤᠨ ᠬᠡᠷᠡᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠢᠳᠡᠭᠡᠨ ᠤ ᠦᠢᠯᠡᠳᠪᠦᠷᠢᠯᠡᠯ᠂ ᠭᠦᠢᠯᠭᠡᠭᠡ᠂ ᠢᠳᠡᠭᠡᠨ ᠤᠮᠳᠠᠭᠠᠨ ᠤ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠬᠤᠶᠠᠷ ᠢ ᠰᠤᠭᠤᠴᠢᠵᠤ᠂ ᠨᠢᠭᠡ ᠶᠢ ᠢᠯᠡ ᠪᠠᠷ ᠬᠢᠬᠦ︾ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠤᠲᠠ᠂ ᠰᠢᠶᠠᠨ᠂ ᠰᠢᠶᠠᠩ᠂ ᠲᠣᠰᠬᠤᠨ ᠲᠦᠷᠪᠡᠨ ᠱᠠᠲᠤᠨ ᠤ ᠢᠳᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠣᠷ ᠢ ᠪᠠᠶᠢᠭᠤᠯᠤᠨ ᠪᠦᠷᠢᠨᠰᠢᠬᠦᠯᠵᠦ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠠᠷᠠᠳ ᠤᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠠᠲᠤᠯᠠᠬᠤ ᠬᠡᠷᠡᠭᠲᠡᠢ᠃ ᠢᠳᠡᠭᠡᠨ ᠤ ᠠᠮᠤᠷ ᠲᠦᠪᠰᠢᠨ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠬᠥᠮᠦᠨ᠂ ᠪᠣᠳᠠᠰ᠂ ᠣᠷᠴᠢᠨ ᠲᠣᠭᠤᠷᠢᠨ ᠢ ᠵᠡᠷᠭᠡᠪᠡᠷ ᠰᠡᠷᠭᠡᠶᠢᠯᠡᠬᠦ ᠶᠢ ᠪᠠᠷᠢᠮᠲᠠᠯᠠᠵᠤ᠂ ᠬᠦᠢᠳᠡᠨ ᠬᠡᠯᠬᠢᠶᠡᠲᠦ ᠪᠠᠷᠠᠭ᠎ᠠ ᠭᠦᠢᠯᠭᠡᠭᠡ᠂ ᠰᠢᠦᠳᠠᠨ ᠤ ᠵᠦᠢᠯ ᠲᠦᠷᠭᠡᠨ ᠬᠦᠷᠭᠡᠯᠲᠡ ᠵᠡᠷᠭᠡ ᠠᠵᠢᠯ ᠲᠦᠷᠦᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ ᠪᠠᠰᠠ ᠪᠤᠰᠤᠳ ᠵᠦᠢᠯ ᠢ ᠬᠢᠨᠠᠨ ᠵᠥᠪᠯᠡᠵᠦ ᠪᠠᠲᠤᠯᠠᠪᠠ᠃                                                       ᠣᠷᠴᠢᠭᠤᠯᠤᠭᠴᠢ᠄ ᠭᠤᠸ᠎ᠠ                                                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2