ᠬᠠᠮᠲᠤᠷᠠᠨ ᠬᠥᠳᠡᠯᠦᠯᠴᠡᠵᠦ ᠨᠠᠷᠢᠯᠢᠭ ᠣᠨᠣᠴᠠᠲᠠᠶ ᠪᠠᠷ ᠦᠢᠯᠡᠴᠢᠯᠡᠵᠦ ᠠᠵᠤ ᠠᠬᠤᠶᠢᠯᠠᠯ ᠳᠤ ᠪᠣᠳᠠᠲᠠᠶ ᠠᠵᠢᠯ ᠬᠢᠵᠦ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠭᠦᠨ᠎ᠡ
ᠨᠡᠶᠢᠲᠡᠯᠡᠭᠰᠡᠨ ᠴᠠᠭ᠄
2021/11/17
     — ᠬᠤᠲᠠ ᠶᠢᠨ ᠰᠢᠨ᠎ᠡ ᠡᠨᠧᠷᠭᠢ ᠶᠢᠨ ᠬᠥᠭᠵᠢᠯᠲᠡ ᠶᠢᠨ ᠲᠥᠪ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢᠶᠠᠨ ᠰᠢᠯᠢᠳᠡᠭᠵᠢᠭᠦᠯᠵᠦ  ᠦᠢᠯᠡᠴᠢᠯᠡᠭᠡᠨ ᠤ ᠦᠢᠯᠡᠳᠦᠯ ᠴᠢᠳᠠᠪᠤᠷᠢ ᠪᠠᠨ ᠳᠡᠭᠡᠭᠰᠢᠯᠡᠭᠦᠯᠪᠡ            ᠤᠯᠠᠭᠠᠨᠴᠠᠪ ᠬᠤᠳᠠ ᠶᠢᠨ ᠰᠢᠨ᠎ᠡ ᠡᠨᠧᠷᠭᠢ ᠶᠢᠨ ᠬᠥᠭᠵᠢᠯᠲᠡ ᠶᠢᠨ ᠲᠥᠪ ᠪᠠᠶᠢᠭᠤᠯᠤᠭᠳᠠᠭᠰᠠᠨ ᠠᠴᠠ ᠨᠠᠰᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠡᠨᠧᠷᠭᠢ ᠶᠢᠨ ᠬᠤᠷᠣᠭᠳᠠᠯ ᠤᠨ ︽ᠬᠤᠣᠰ ᠡᠵᠡᠮᠳᠡᠯ︾ ᠪᠠ ︽ᠨᠡᠭᠦᠷᠡᠰᠦᠲᠥ᠋ᠷᠥᠭᠴᠢ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ︾ ᠠᠵᠢᠯ ᠤᠨ ᠱᠠᠭᠠᠷᠳᠠᠯᠭ᠎ᠠ ᠶᠢ ᠢᠳᠡᠪᠬᠢᠲᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠨᠧᠷᠭᠢ ᠶᠢᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠰᠢᠨ᠎ᠡ ᠡᠨᠧᠷᠭᠢ ᠶᠢᠨ ᠲᠦᠷᠦᠯ ᠵᠦᠢᠯ ᠢ ᠳᠡᠮᠵᠢᠬᠦ ᠪᠠᠨ ᠴᠢᠩᠭᠠᠳᠬᠠᠵᠤ᠂ ᠮᠠᠨ ᠤ ᠬᠤᠳᠠ ᠶᠢᠨ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠪᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠳᠤᠮᠳᠠ᠂ ᠬᠤᠳᠠ ᠶᠢᠨ ᠰᠢᠨ᠎ᠡ ᠡᠨᠧᠷᠭᠢ ᠶᠢᠨ ᠬᠥᠭᠵᠢᠯᠲᠡ ᠶᠢᠨ ᠲᠥᠪ ᠨᠢ ᠠᠵᠢᠯ ᠤᠨ ᠪᠠᠶᠢᠷᠢ ᠶᠢᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠦᠨᠡᠨᠬᠦ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠶᠢᠨ ᠦᠷ᠎ᠡ ᠪᠦᠲᠦᠭᠡᠯ ᠢ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠣᠷᠴᠢᠯ ᠬᠥᠭᠵᠢᠯᠲᠡ ᠶᠢ ᠠᠬᠢᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠪᠣᠯᠭᠠᠨ ᠬᠦᠴᠦᠲᠡᠢ ᠬᠤᠪᠢᠷᠠᠭᠤᠯᠪᠠ᠃      ᠣᠶᠢᠷ᠎ᠠ ᠶᠢᠨ ᠵᠢᠯ ᠳᠤ᠂ ᠮᠠᠨ ᠤ ᠬᠤᠲᠠ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠨᠢᠭᠡ ᠪᠦᠯᠦᠭ ᠰᠠᠭᠤᠷᠢᠨ ᠭᠠᠵᠠᠷ ᠤᠨ ᠬᠡᠯᠪᠡᠷᠢ ᠶᠢᠨ᠂ ᠵᠢᠯᠣᠭᠤ ᠪᠣᠯᠬᠤ ᠬᠡᠯᠪᠡᠷᠢ ᠶᠢᠨ᠂ ᠳᠠᠭᠠᠭᠤᠯᠤᠭᠴᠢ ᠬᠡᠯᠪᠡᠷᠢ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠭᠰᠠᠨ ᠪᠠᠶᠢᠨ᠎ᠠ᠃ ᠠᠵᠤ ᠠᠬᠤᠶᠢᠯᠠᠯ ᠤᠨ ᠮᠠᠨ ᠤ ᠬᠤᠳᠠ ᠳᠤ ᠨᠡᠩ ᠰᠠᠶᠢᠨ ᠨᠡᠩ ᠲᠦᠷᠭᠡᠨ ᠬᠥᠭᠵᠢᠬᠦ ᠶᠢ ᠦᠨᠡᠨᠬᠦ ᠬᠠᠪᠰᠤᠷᠬᠤ ᠶᠢᠨ ᠲᠥᠯᠥᠭᠡ᠂ ᠬᠤᠳᠠ ᠶᠢᠨ ᠰᠢᠨ᠎ᠡ ᠡᠨᠧᠷᠭᠢ ᠶᠢᠨ ᠬᠥᠭᠵᠢᠯᠲᠡ ᠶᠢᠨ ᠲᠥᠪ ᠠᠴᠠ ᠰᠢᠨ᠎ᠡ ᠡᠨᠧᠷᠭᠢ ᠶᠢᠨ ᠠᠵᠤ ᠠᠬᠤᠶᠢᠯᠠᠯ ᠤᠨ ᠬᠦᠰᠡᠵᠦ ᠪᠠᠶᠢᠭ᠎ᠠ ᠵᠦᠢᠯ ᠢ ᠭᠦᠨᠵᠡᠭᠡᠢ ᠣᠶᠢᠯᠠᠭᠠᠵᠤ᠂ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠲᠤᠬᠢᠷᠠᠭᠤᠯᠵᠤ᠂ ᠠᠵᠤ ᠠᠬᠤᠶᠢᠯᠠᠯ ᠤᠨ ᠪᠣᠳᠠᠲᠠᠢ ᠬᠦᠴᠢᠷᠳᠡᠯ ᠢ ᠪᠦᠬᠦ ᠬᠦᠴᠦᠨ ᠢᠶᠠᠷ ᠢᠶᠠᠨ ᠵᠣᠬᠢᠴᠠᠭᠤᠯᠤᠨ ᠰᠢᠢᠳᠪᠦᠷᠢᠯᠡᠪᠡ᠃ 5 ᠳ᠋ᠤᠭᠠᠷ ᠰᠠᠷ᠎ᠠ ᠶᠢᠨ ᠡᠬᠢ ᠪᠠᠷ᠂ ᠰᠠᠨ ᠰᠢᠶᠠ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠬᠦᠷᠢᠶᠡᠯᠡᠩ ᠤᠨ ᠲᠦᠷᠦᠯ ᠵᠦᠢᠯ ᠨᠢ ᠲᠦᠷᠦᠯ ᠵᠦᠢᠯ ᠤᠨ ᠲᠠᠯᠠᠪᠤᠷ ᠤᠨ ᠬᠠᠮᠢᠶ᠎ᠠ ᠪᠦᠬᠦᠢ ᠭᠠᠷᠳᠠᠮ ᠢ ᠭᠦᠢᠴᠡᠳᠬᠡᠬᠦ ᠦᠶ᠎ᠡ ᠳᠤ᠂ ᠳᠡᠭᠡᠭᠰᠢ ᠮᠡᠳᠡᠭᠦᠯᠦᠭᠰᠡᠨ ᠮᠠᠲ᠋ᠧᠷᠢᠶᠠᠯ ᠳᠠᠬᠢ ᠲᠦᠷᠦᠯ ᠵᠦᠢᠯ ᠤᠨ ᠲᠠᠨᠢᠯᠴᠠᠭᠤᠯᠭ᠎ᠠ ᠨᠢ ᠨᠠᠷᠢᠨ ᠲᠣᠳᠣᠷᠬᠠᠢ ᠦᠭᠡᠢ ᠠᠴᠠ ᠪᠤᠯᠵᠤ᠂ ᠲᠤᠬᠠᠢ ᠶᠢᠨ ᠲᠠᠯᠠᠪᠠᠢ ᠶᠢᠨ ᠬᠠᠶᠢᠨ ᠪᠠᠶᠢᠴᠠᠭᠠᠯᠲᠠ ᠶᠢ ᠥᠷᠨᠢᠭᠦᠯᠬᠦ ᠶᠢᠨ ᠠᠷᠭ᠎ᠠ ᠦᠭᠡᠢ ᠪᠤᠯᠵᠤ᠂ ᠠᠬᠢᠴᠠ ᠨᠢ ᠤᠳᠠᠭᠠᠰᠢᠷᠠᠵᠠᠢ᠃ ᠬᠤᠲᠠ ᠶᠢᠨ ᠰᠢᠨ᠎ᠡ ᠡᠨᠧᠷᠭᠢ ᠶᠢᠨ ᠬᠥᠭᠵᠢᠯᠲᠡ ᠶᠢᠨ ᠲᠥᠪ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠴᠧᠨ ᠸᠧᠶ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠢᠳᠡᠪᠬᠢᠲᠡᠶ ᠪᠠᠷ ᠵᠣᠬᠢᠴᠠᠭᠤᠯᠵᠤ᠂ ᠠᠵᠤ ᠠᠬᠤᠶᠢᠯᠠᠯ ᠤᠨ ᠬᠢᠨ ᠲᠡᠷᠡ ᠳᠠᠷᠤᠶ ᠳᠤᠨᠢ ᠲᠦᠷᠦᠯ ᠵᠦᠢᠯ ᠤᠨ ᠮᠠᠲ᠋ᠧᠷᠢᠶᠠᠯ ᠢ ᠨᠥᠬᠦᠪᠥᠷᠢᠯᠡᠭᠰᠡᠨ ᠤ ᠳᠠᠷᠠᠭ᠎ᠠ ᠲᠤᠬᠠᠶ ᠶᠢᠨ ᠲᠠᠯᠠᠪᠠᠶ ᠶᠢᠨ ᠬᠠᠶᠢᠨ ᠪᠠᠶᠢᠴᠠᠭᠠᠯᠲᠠ ᠶᠢ ᠴᠠᠭ ᠲᠤᠬᠠᠶ ᠳᠤᠨᠢ ᠥᠷᠨᠢᠭᠦᠯᠵᠦ᠂ ᠬᠤᠯᠪᠣᠭᠳᠠᠯ ᠪᠦᠬᠦᠢ ᠰᠠᠨᠠᠯ ᠭᠠᠷᠭᠠᠵᠤ᠂ ᠰᠠᠨ ᠰᠢᠶᠠ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠬᠦᠷᠢᠶᠡᠯᠡᠩ ‍ᠤᠨ‌‍ᠲ᠋ᠥ᠋ᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠤᠨ ᠠᠬᠢᠴᠠ ᠶᠢ ᠤᠷᠤᠭᠰᠢᠲᠠᠶ ᠠᠬᠢᠭᠤᠯᠤᠭᠰᠠᠨ ᠪᠠᠶᠢᠨ᠎ᠠ᠃ 7 ᠳ᠋ᠤᠭᠠᠷ ᠰᠠᠷ᠎ᠠ ᠶᠢᠨ ᠳᠤᠮᠳᠠᠴᠢ ᠪᠠᠷ᠂ ᠶᠤᠸᠠᠨ ᠵᠢᠩ ᠨᠡᠭᠦᠷᠡᠰᠦᠲᠥ᠋ᠷᠥᠭᠴᠢ ᠥᠯᠥ ᠭᠠᠳᠠᠭᠰᠢᠯᠠᠭᠤᠯᠬᠤ ᠠᠵᠤ ᠠᠬᠤᠶ ᠶᠢᠨ ᠠᠵᠤ ᠦᠢᠯᠡᠰ ᠤᠨ ᠬᠦᠷᠢᠶᠡᠯᠡᠩ ᠤᠨ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠵᠣᠭᠤᠰ ᠢ ᠨᠠᠶᠢᠳᠠᠪᠤᠷᠢᠵᠢᠭᠤᠯᠤᠭᠰᠠᠨ ᠥᠬᠡᠶ ᠠᠴᠠ ᠪᠣᠯᠵᠣ᠂ ᠪᠠᠷᠢᠯᠭ᠎ᠠ ᠶᠢᠨ ᠠᠵᠢᠯ ᠡᠬᠢᠯᠡᠬᠦ ᠠᠴᠠ ᠡᠮᠦᠨᠡᠬᠢ ᠪᠡᠯᠡᠳᠬᠡᠯ ᠠᠵᠢᠯ ᠨᠢ ᠬᠠᠷᠰᠢᠯᠠᠭᠳᠠᠵᠠᠢ᠂ ᠰᠢᠯᠲᠠᠭᠠᠨ ᠢ ᠨᠢ ᠨᠠᠷᠢᠨ ᠣᠶᠢᠯᠠᠭᠠᠭᠰᠠᠨ ᠤ ᠳᠠᠷᠠᠭ᠎ᠠ᠂ ᠬᠤᠲᠠ ᠶᠢᠨ ᠰᠢᠨ᠎ᠡ ᠡᠨᠧᠷᠭᠢ ᠶᠢᠨ ᠬᠥᠭᠵᠢᠯᠲᠡ ᠶᠢᠨ ᠲᠥᠪ ᠤᠨ ᠲᠣᠨᠤᠭ ᠲᠥᠬᠦᠭᠡᠷᠦᠮᠵᠢ ᠶᠢᠨ ᠠᠵᠤ ᠦᠢᠯᠡᠰ ᠤᠨ ᠰᠠᠯᠠᠭ᠎ᠠ ᠣᠯᠠᠨ ᠲᠠᠯ᠎ᠠ ᠶᠢ ᠵᠣᠬᠢᠴᠠᠭᠤᠯᠤᠨ᠂ ᠵᠣᠭᠤᠰ ᠤᠨ ᠨᠠᠶᠢᠳᠠᠪᠤᠷᠢᠵᠢᠭᠤᠯᠤᠯᠲᠠ ᠶᠢ ᠢᠳᠡᠪᠬᠢᠲᠡᠶ ᠠᠬᠢᠭᠤᠯᠵᠤ᠂ ᠶᠤᠸᠠᠨ ᠵᠢᠩ ᠨᠡᠭᠦᠷᠡᠰᠦᠲᠥ᠋ᠷᠥᠭᠴᠢ ᠥᠯᠥ ᠭᠠᠳᠠᠭᠰᠢᠯᠠᠭᠤᠯᠬᠤ ᠠᠵᠤ ᠠᠬᠤᠶ ᠶᠢᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠤᠷᠤᠭᠰᠢᠲᠠᠶ ᠠᠵᠢᠯ ᠡᠬᠢᠯᠡᠬᠦ ᠶᠢ ᠠᠬᠢᠭᠤᠯᠪᠠ᠃ 10 ᠳ᠋ᠤᠭᠠᠷ ᠰᠠᠷ᠎ᠠ ᠶᠢᠨ ᠰᠡᠭᠦᠯᠴᠢ ᠪᠠᠷ᠂ ᠬᠤᠳᠠ ᠶᠢᠨ ᠰᠢᠨ᠎ᠡ ᠡᠨᠧᠷᠭᠢ ᠶᠢᠨ ᠬᠥᠭᠵᠢᠯᠲᠡ ᠶᠢᠨ ᠲᠥᠪ ᠤᠨ ᠬᠠᠷᠢᠭᠤᠴᠠᠯᠭᠠᠲᠠᠨ ᠪᠦᠯᠬᠦᠮ ᠳᠠᠭᠠᠭᠤᠯᠤᠨ ᠱᠠᠩᠲᠤ ᠶᠢᠨ ᠵᠢᠶᠠ ᠷᠦᠨ ᠰᠢᠨ᠎ᠡ ᠶᠢ ᠡᠭᠦᠳᠬᠦ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠲᠢᠶᠠᠨ ᠨᠧᠩ ᠬᠦᠨᠳᠦ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠲᠢᠶᠠᠨ ᠱᠦᠨ ᠰᠠᠯᠬᠢᠨ ᠬᠦᠴᠦᠨ ᠤ ᠴᠠᠬᠢᠯᠭᠠᠨ ᠤ ᠲᠥᠬᠦᠭᠡᠷᠦᠮᠵᠢ ᠶᠢᠨ ᠬᠢᠵᠠᠭᠠᠷᠲᠤ ᠺᠣᠮᠫᠠᠨᠢ ᠵᠡᠷᠭᠡ ᠳᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠢᠨᠵᠧᠨᠧᠷᠢᠩ ᠤᠨ ᠠᠬᠢᠴᠠ ᠶᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠣᠶᠢᠯᠠᠭᠠᠬᠤ ᠶᠢᠨ ᠬᠠᠮᠲᠤ ᠡᠯ᠎ᠡ ᠠᠵᠤ ᠠᠬᠤᠶᠢᠯᠠᠯ ᠤᠨ ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠪᠣᠳᠠᠲᠠᠢ ᠬᠦᠴᠢᠷᠳᠡᠯ ᠢ ᠵᠢᠯᠣᠭᠤᠳᠤᠨ ᠬᠠᠪᠰᠤᠷᠪᠠ︔ ᠶᠢᠨ ᠹᠧᠩ ᠰᠢᠨᠵᠢᠯᠡᠬᠦ ᠤᠬᠠᠭᠠᠨ ᠮᠡᠷᠭᠡᠵᠢᠯ ᠤᠨ ᠤᠯᠠᠭᠠᠨᠴᠠᠪ ᠤᠨ ᠰᠠᠯᠬᠢᠨ ᠬᠦᠴᠦᠨ ᠤ ᠴᠠᠬᠢᠯᠭᠠᠨ ᠦᠢᠯᠡᠳᠬᠦ ᠰᠠᠭᠤᠷᠢᠨ ᠭᠠᠵᠠᠷ ᠤᠨ ᠲᠥᠷᠥᠯ ᠵᠦᠢᠯ ᠤᠨ ᠬᠠᠷᠢᠭᠤᠴᠠᠯᠭᠠᠲᠠᠨ ᠪᠣᠯᠤᠨ ᠭᠦᠸᠧ ᠾᠧ ᠰᠠᠯᠬᠢᠨ ᠬᠦᠴᠦᠨ ᠤ ᠴᠠᠬᠢᠯᠭᠠᠨ ᠤ ᠬᠢᠵᠠᠭᠠᠷᠲᠤ ᠺᠣᠮᠫᠠᠨᠢ ᠶᠢᠨ ᠬᠠᠮᠢᠶ᠎ᠠ ᠪᠦᠬᠦᠢ ᠠᠵᠢᠯᠲᠠᠨ ᠬᠤᠲᠠ ᠶᠢᠨ ᠡᠨᠧᠷᠭᠢ ᠶᠢᠨ ᠲᠥᠪ ᠲᠤ ᠬᠦᠷᠴᠦ ᠭᠠᠵᠠᠷ ᠰᠢᠷᠣᠶ ᠶᠢ ᠮᠡᠳᠡᠭᠦᠯᠦᠨ ᠵᠥᠪᠰᠢᠶᠡᠷᠡᠭᠦᠯᠬᠦ ᠭᠠᠷᠳᠠᠮ ᠢ ᠭᠦᠢᠴᠡᠳᠬᠡᠭᠰᠡᠨ ᠪᠠᠶᠢᠳᠠᠯ ᠪᠣᠯᠤᠨ ᠭᠠᠳᠠᠭᠰᠢ ᠬᠦᠷᠭᠡᠬᠦ ᠵᠠᠮ ᠱᠤᠭᠤᠮ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ  ᠣᠶᠢᠯᠠᠭᠠᠵᠤ᠂ ᠬᠤᠲᠠ ᠶᠢᠨ ᠰᠢᠨ᠎ᠡ ᠡᠨᠧᠷᠭᠢ ᠶᠢᠨ ᠬᠥᠭᠵᠢᠯᠲᠡ ᠶᠢᠨ ᠲᠥᠪ ᠤᠨ ᠲᠣᠨᠤᠭ ᠲᠥᠬᠦᠭᠡᠷᠦᠮᠵᠢ ᠶᠢᠨ ᠠᠵᠤ ᠦᠢᠯᠡᠰ ᠤᠨ ᠰᠠᠯᠠᠭ᠎ᠠ ᠪᠠ  ᠰᠠᠯᠬᠢᠨ ᠪᠠ ᠭᠡᠷᠡᠯ ᠢ ᠨᠡᠭᠡᠭᠡᠨ ᠬᠥᠭᠵᠢᠭᠦᠯᠬᠦ ᠰᠠᠯᠠᠭ᠎ᠠ ᠨᠢ ᠠᠶᠢᠯᠴᠢᠯᠠᠬᠤ ᠪᠠᠷ ᠢᠷᠡᠭᠰᠡᠨ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠵᠦ᠂ ᠭᠠᠷ ᠭᠦᠢᠴᠡᠳᠬᠡᠯ ᠬᠢᠬᠦ ᠶᠢ ᠨᠢ ᠵᠢᠯᠤᠭᠤᠳᠴᠤ᠂ ᠠᠵᠤ ᠠᠬᠤᠶᠢᠯᠠᠯ ᠳᠤ ᠰᠡᠳᠬᠢᠯ ᠲᠠᠯᠪᠢᠨ ᠦᠢᠯᠡᠴᠢᠯᠡᠵᠦ᠂ ᠠᠵᠤ ᠠᠬᠤᠶᠢᠯᠠᠯ ᠤᠨ ᠬᠥᠭᠵᠢᠯᠲᠡ ᠳᠤ ᠪᠥᠬᠦ ᠬᠦᠴᠦᠨ ᠢᠶᠠᠷ ᠢᠶᠠᠨ ᠬᠦᠴᠦ ᠨᠡᠮᠡᠷᠢᠯᠡᠪᠡ᠃      ᠬᠤᠲᠠ ᠶᠢᠨ ᠰᠢᠨ᠎ᠡ ᠡᠨᠧᠷᠭᠢ ᠶᠢᠨ ᠬᠥᠭᠵᠢᠯᠲᠡ ᠶᠢᠨ ᠲᠥᠪ ᠨᠢ ᠠᠵᠤ ᠠᠬᠤᠶᠢᠯᠠᠯ ᠤᠨ ︽ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠤ ᠶᠠᠪᠤᠳᠠᠯ ᠪᠦᠲᠦᠭᠡᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠲᠠᠰᠤᠷᠠᠯᠲᠠ ᠦᠭᠡᠶ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠤᠷᠢᠳ ᠬᠤᠵᠢᠳ ᠪᠦᠬᠦ ᠬᠤᠲᠠ ᠶᠢᠨ 29 ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠭᠡᠷᠡᠯ ᠸᠣᠯᠲ᠂ ᠲᠣᠨᠤᠭ ᠲᠥᠬᠦᠭᠡᠷᠦᠮᠵᠢ ᠶᠢᠨ ᠠᠵᠤ ᠦᠢᠯᠡᠰ ᠤᠨ ᠲᠥᠷᠥᠯ ᠵᠦᠢᠯ ᠤᠨ ᠭᠠᠷ ᠭᠦᠢᠴᠡᠳᠬᠡᠯ ᠢ ᠭᠦᠢᠴᠡᠳᠬᠡᠭᠰᠡᠨ ᠪᠠᠶᠢᠳᠠᠯ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠡᠮᠬᠢᠯᠡᠨ ᠵᠣᠯᠭᠠᠭᠤᠯᠵᠤ᠂ ᠲᠣᠳᠣᠷᠬᠠᠶ ᠬᠠᠭᠤᠳᠠᠰᠤᠨ ᠳᠤ ᠣᠷᠣᠭᠤᠯᠤᠭᠰᠠᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢᠨ ᠰᠢᠨ᠎ᠡ ᠡᠨᠧᠷᠭᠢ ᠶᠢᠨ ᠲᠥᠷᠥᠯ ᠵᠦᠢᠯ ᠢ ᠪᠦᠷᠢᠳᠬᠡᠵᠦ᠂ ᠠᠵᠤ ᠠᠬᠤᠶᠢᠯᠠᠯ ᠤᠨ ᠬᠡᠷᠡᠭᠴᠡᠭᠡ ᠲᠠᠢ ᠤᠶᠠᠯᠳᠤᠭᠤᠯᠤᠨ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠬᠠᠭᠠᠰ ᠰᠠᠷ᠎ᠠ ᠪᠦᠷᠢ ᠲᠣᠭᠲᠠᠮᠠᠯ ᠬᠤᠭᠤᠴᠠᠭ᠎ᠠ ᠲᠠᠢ ᠪᠠᠷ ᠲᠤᠬᠢᠷᠠᠭᠤᠯᠤᠯᠲᠠ ᠬᠢᠵᠦ᠂ ᠠᠵᠤ ᠠᠬᠤᠶᠢᠯᠠᠯ ᠢ ᠬᠠᠪᠰᠤᠷᠤᠨ ᠡᠨᠧᠷᠭᠢ ᠶᠢᠨ ᠦᠨᠡᠯᠡᠯᠲᠡ᠂ ᠣᠷᠴᠢᠨ ᠲᠣᠭᠤᠷᠢᠨ ᠤ ᠦᠨᠡᠯᠡᠯᠲᠡ᠂ ᠬᠥᠷᠥᠰᠥ ᠰᠢᠷᠣᠢ ᠶᠢᠨ ᠬᠠᠮᠠᠭᠠᠯᠠᠯᠲᠠ᠂ ᠭᠠᠵᠠᠷ ᠰᠢᠷᠣᠢ ᠶᠢᠨ ᠭᠠᠷᠳᠠᠮ᠂ ᠨᠡᠶᠢᠭᠡᠮ ᠤᠨ ᠲᠣᠭᠲᠠᠭᠤᠨ ᠤ ᠭᠠᠷᠳᠠᠮ ᠵᠡᠷᠭᠡ ᠭᠤᠭᠴᠤᠭ᠎ᠠ ᠳᠤ ᠴᠠᠭ ᠲᠤᠬᠠᠢ ᠳᠤᠨᠢ ᠠᠬᠢᠭᠤᠯᠵᠤ᠂ ᠴᠢᠨᠠᠭᠰᠢᠯᠠᠪᠠᠯ ᠰᠢᠢᠳᠪᠦᠷᠢᠯᠡᠵᠦ᠂ ᠪᠠᠶᠢᠩᠭᠤᠵᠢᠭᠰᠠᠨ ᠵᠣᠬᠢᠴᠠᠭᠤᠯᠬᠤ ᠦᠢᠯᠡᠴᠢᠯᠡᠭᠡᠨ ᠤ ᠲᠣᠭᠲᠠᠴᠠ ᠶᠢ ᠪᠦᠷᠢᠯᠳᠦᠭᠦᠯᠵᠦ᠂ ᠰᠢᠨ᠎ᠡ ᠡᠨᠧᠷᠭᠢ ᠶᠢᠨ ᠲᠦᠷᠦᠯ ᠵᠦᠢᠯ ᠤᠨ ᠨᠡᠭᠡᠭᠡᠨ ᠬᠥᠭᠵᠢᠭᠦᠯᠦᠯᠲᠡ᠂ ᠪᠦᠳᠦᠭᠡᠨ ᠪᠠᠶᠢᠭᠤᠯᠤᠯᠲᠠ᠂ ᠠᠵᠢᠯᠯᠠᠭᠠᠨ ᠤ ᠵᠢᠷᠤᠮᠵᠢᠯ ᠲᠠᠢ ᠡᠮᠬᠢ ᠳᠢᠭᠯᠢᠮ ᠲᠠᠢ ᠪᠠᠶᠢᠬᠤ ᠶᠢ ᠪᠠᠲᠤᠯᠠᠪᠠ᠃ ᠡᠭᠦᠨ ᠤ ᠬᠠᠮᠲᠤ᠂ ᠬᠤᠲᠠ ᠶᠢᠨ ᠰᠢᠨ᠎ᠡ ᠡᠨᠧᠷᠭᠢ ᠶᠢᠨ ᠬᠥᠭᠵᠢᠯᠲᠡ ᠶᠢᠨ ᠲᠥᠪ ᠤᠨ ᠬᠢᠨ ᠰᠢᠨᠵᠢᠯᠡᠬᠦ ᠤᠬᠠᠭᠠᠨᠴᠢ ᠪᠠᠷ ᠠᠷᠭ᠎ᠠ ᠤᠬᠠᠭᠠᠨ ᠰᠦᠪᠡᠭᠴᠢᠯᠡᠵᠦ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠶᠢ ᠡᠭᠦᠷᠭᠡ ᠳᠤᠮᠳᠠ ᠪᠠᠨ ᠦᠷᠭᠦᠯᠵᠢᠯᠡᠭᠦᠯᠦᠨ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠡᠨᠧᠷᠭᠢ ᠶᠢᠨ ᠲᠣᠭᠠᠴᠢᠯᠠᠭᠰᠠᠨ ᠰᠢᠰᠲ᠋ᠧᠮ ᠤᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠣᠲᠣ ᠶᠠᠭ ᠡᠨᠧᠷᠭᠢ ᠶᠢᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠠᠵᠢᠯ ᠢ ᠪᠡᠯᠡᠳᠬᠡᠵᠦ᠂ ᠲᠠᠪᠴᠠᠩ ᠤᠨ ᠪᠠᠶᠢᠭᠤᠯᠤᠯᠲᠠ ᠶᠢᠨ ᠠᠩᠬᠠᠨ ᠤ ᠲᠥᠰᠦᠯ ᠢ ᠨᠠᠶᠢᠷᠠᠭᠤᠯᠤᠨ ᠵᠣᠬᠢᠶᠠᠭᠰᠠᠨ ᠪᠥᠭᠡᠳ ᠬᠤᠯᠪᠣᠭᠳᠠᠯ ᠪᠥᠬᠦᠶ ᠵᠥᠪᠯᠡᠯ ᠠᠯᠪᠠᠨ ᠬᠡᠷ ᠲᠣᠪᠴᠢᠶ᠎ᠠ ᠶᠢ ᠵᠣᠬᠢᠴᠠᠭᠤᠯᠤᠨ ᠲᠥᠰᠦᠯ ᠢ ᠰᠤᠳᠤᠯᠤᠨ ᠶᠠᠷᠢᠯᠴᠠᠵᠤ᠂ ᠲᠠᠪᠴᠠᠩ ᠤᠨ ᠪᠠᠶᠢᠭᠤᠯᠤᠯᠲᠠ ᠶᠢᠨ ᠲᠤᠬᠠᠶ ᠡᠯ᠎ᠡ ᠨᠢᠭᠡᠴᠢ ᠶᠢᠨ ᠰᠠᠨᠠᠯ ᠰᠠᠨᠠᠭᠤᠯᠭ᠎ᠠ ᠶᠢ ᠬᠤᠷᠢᠶᠠᠨ ᠴᠤᠭᠯᠠᠭᠤᠯᠪᠠ᠃ ᠲᠣᠰ ᠲᠠᠪᠴᠠᠩ ᠨᠢ ᠵᠠᠰᠠᠭ ᠤᠨ ᠶᠠᠪᠤᠳᠠᠯ ᠤᠨ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠡᠬᠢ ᠪᠠᠶᠠᠯᠢᠭ ᠢ ᠭᠦᠢᠴᠡᠳ ᠠᠰᠢᠭᠯᠠᠨ᠂ ᠲᠣᠮᠣ ᠳ᠋ᠠᠶᠢᠲ᠋ᠠ ᠶᠢᠨ ᠦᠢᠯᠡᠴᠢᠯᠡᠭᠡᠨ ᠤ ᠲᠠᠪᠴᠠᠩ ᠤᠨ ᠮᠡᠷᠭᠡᠵᠢᠯ ᠤᠨ ᠪᠣᠷᠣ ᠲᠥᠯᠥᠪ ᠢ ᠵᠢᠷᠤᠮᠯᠠᠵᠤ᠂ ᠳ᠋ᠠᠶᠢᠲ᠋ᠠ ᠶᠢᠨ ᠠᠷᠭ᠎ᠠ ᠵᠠᠮ ᠤᠨ ᠪᠠᠶᠢᠭᠤᠯᠤᠯᠲᠠ᠂ ᠳ᠋ᠠᠶᠢᠲ᠋ᠠ ᠶᠢᠨ ᠶᠠᠰᠤ ᠴᠢᠨᠠᠷ ᠢ ᠡᠵᠡᠮᠳᠡᠬᠦ᠂ ᠳ᠋ᠠᠶᠢᠲ᠋ᠠ ᠶᠢᠨ ᠠᠮᠤᠷ ᠲᠦᠪᠰᠢᠨ ᠢ ᠪᠠᠲᠤᠯᠠᠬᠤ ᠵᠡᠷᠭᠡ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠵᠦ᠂ ᠣᠳᠣᠬᠠᠨ ᠳᠤ ᠲᠣᠰ ᠲᠠᠪᠴᠠᠩ ᠤᠨ ᠪᠠᠶᠢᠭᠤᠯᠤᠯᠲᠠ ᠶᠢᠨ ᠠᠵᠢᠯ ᠨᠢ ᠰᠢᠨᠵᠢᠯᠡᠬᠦ ᠤᠬᠠᠭᠠᠨᠴᠢ᠂ ᠵᠦᠶ ᠵᠣᠬᠢᠰᠲᠠᠶ᠂ ᠵᠢᠷᠤᠮᠵᠢᠯ ᠲᠠᠢ᠂ ᠪᠦᠲᠦᠮᠵᠢᠲᠡᠶ ᠶᠠᠪᠤᠭᠳᠠᠵᠤ ᠪᠠᠶᠢᠨ᠎ᠠ᠃      ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠳᠠ ᠮᠥᠩᠭᠦᠨ ᠠᠭᠤᠯᠠ ᠶᠤᠮ᠃ ᠬᠤᠲᠠ ᠶᠢᠨ ᠰᠢᠨ᠎ᠡ ᠡᠨᠧᠷᠭᠢ ᠶᠢᠨ ᠬᠥᠭᠵᠢᠯᠲᠡ ᠶᠢᠨ ᠲᠥᠪ ᠨᠢ ᠶᠡᠷᠦᠩᠬᠡᠶ ᠱᠦᠵᠢ ᠰᠢ ᠶᠢᠨ ᠫᠢᠩ ᠤᠨ ᠡᠨᠧᠷᠭᠢ ᠶᠢᠨ ︽ᠳᠥᠷᠪᠡᠨ ᠬᠤᠪᠢᠰᠬᠠᠯ᠂ ᠨᠢᠭᠡ ᠬᠠᠮᠲᠤᠷᠠᠯᠴᠠᠭ᠎ᠠ︾ ᠶᠢᠨ ᠲᠤᠬᠠᠶ ᠴᠢᠬᠤᠯᠠ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠪᠢ ᠤᠯᠠᠨ ᠲᠦᠮᠡᠨ ᠳᠤ ᠪᠣᠳᠠᠳᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠬᠢᠵᠦ᠂ ᠡᠬᠢ ᠪᠠᠶᠠᠯᠢᠭ ᠤᠨ ᠬᠥᠭᠵᠢᠯᠲᠡ ᠶᠢᠨ ᠳᠠᠪᠠᠭᠤᠯᠢᠭ ᠲᠤ ᠲᠦᠰᠢᠭᠯᠡᠨ᠂ ᠠᠵᠢᠯ ᠤᠨ ᠪᠠᠶᠢᠷᠢ ᠶᠢᠨ ᠡᠭᠦᠷᠭᠡ ᠴᠢᠳᠠᠪᠬᠢ ᠳᠤ ᠰᠠᠭᠤᠷᠢᠯᠠᠵᠤ᠂ ᠡᠨᠧᠷᠭᠢ ᠶᠢᠨ ᠲᠣᠭᠠᠴᠢᠯᠠᠭᠰᠠᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠦᠢᠯᠡᠴᠢᠯᠡᠭᠡᠨ ᠤ ᠤᠬᠠᠮᠰᠠᠷ ᠢᠶᠠᠨ ᠰᠢᠯᠢᠳᠡᠭᠵᠢᠭᠦᠯᠵᠦ᠂ ︽ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ︾ ᠴᠢᠨᠠᠷ ᠰᠠᠶᠢᠲᠠᠢ ᠰᠢᠨ᠎ᠡ ᠶᠢ ᠡᠭᠦᠳᠬᠦ ᠬᠥᠭᠵᠢᠯᠲᠡ ᠶᠢᠨ ᠰᠢᠨ᠎ᠡ ᠵᠠᠮ ᠢ ᠢᠳᠡᠪᠬᠢᠲᠡᠢ ᠰᠦᠪᠡᠭᠴᠢᠯᠡᠵᠦ᠂ ᠪᠦᠬᠦ ᠬᠤᠳᠠ ᠶᠢᠨ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠡᠭᠦᠳᠦᠨ᠎ᠡ᠃                                                   ᠣᠷᠴᠢᠭᠤᠯᠤᠭᠴᠢ᠄ ᠭᠤᠸ᠎ᠠ                                                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2