ᠤᠯᠠᠭᠠᠨᠬᠠᠳᠠ ᠭᠠᠯᠲᠤ ᠠᠭᠤᠯᠠ ᠶᠢᠨ ᠲᠠᠯ᠎ᠠ ᠨᠤᠲᠤᠭ ᠤᠨ ᠵᠢᠭᠤᠯᠴᠢᠯᠠᠯ ᠤᠨ ᠣᠷᠣᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/11/17
    ︽ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ︾ ᠣᠶᠢᠯᠠᠭᠠᠭᠳᠠᠬᠤᠨ ᠢ ᠭᠦᠨᠵᠡᠭᠡᠶ  ᠦᠢᠯᠡᠳᠦᠯᠭᠡᠵᠢᠭᠦᠯᠵᠦ᠂ ᠤᠯᠠᠭᠠᠨᠬᠠᠳᠠ ᠭᠠᠵᠠᠷ ᠰᠢᠨᠵᠢᠯᠡᠭᠡᠨ ᠤ ᠴᠡᠴᠡᠷᠯᠢᠭ ᠤᠨ ᠬᠠᠮᠠᠭᠠᠯᠠᠯᠲᠠ ᠶᠢᠨ ᠴᠢᠨᠠᠷᠲᠠᠶ ᠨᠡᠭᠡᠭᠡᠨ ᠬᠥᠭᠵᠢᠭᠦᠯᠦᠯᠲᠡ ᠶᠢ ᠠᠬᠢᠭᠤᠯᠬᠤ ᠶᠢᠨ ᠲᠥᠯᠥᠭᠡ᠂ 11 ᠰᠠᠷ᠎ᠠ ᠶᠢᠨ 15 ᠤ ᠡᠳᠦᠷ᠂ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠸᠧᠨ ᠪᠢᠶᠤᠤ ᠨᠠᠷ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠬᠦᠷᠴᠦ ᠤᠯᠠᠭᠠᠨᠬᠠᠳᠠ ᠭᠠᠯᠲᠤ ᠠᠭᠤᠯᠠ ᠶᠢᠨ ᠲᠠᠯ᠎ᠠ ᠨᠤᠲᠤᠭ ᠤᠨ ᠵᠢᠭᠤᠯᠴᠢᠯᠠᠯ ᠤᠨ ᠣᠷᠣᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠠᠷᠢᠯᠴᠠᠬᠤ ᠬᠤᠷᠠᠯ ᠳᠤ ᠣᠷᠣᠯᠴᠠᠵᠤ᠂ ᠤᠯᠠᠭᠠᠨᠬᠠᠳᠠ ᠭᠠᠯᠲᠤ ᠠᠭᠤᠯᠠ ᠶᠢᠨ ᠲᠠᠯ᠎ᠠ ᠨᠤᠲᠤᠭ ᠤᠨ ᠵᠢᠭᠤᠯᠴᠢᠯᠠᠯ ᠤᠨ ᠣᠷᠣᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠵᠢᠯᠣᠭᠤᠳᠪᠠ᠃      ᠬᠤᠷᠠᠯ ᠳᠡᠭᠡᠷ᠎ᠡ᠂ AECOM ᠺᠣᠮᠫᠠᠨᠢ ︽ᠤᠯᠠᠭᠠᠨᠬᠠᠳᠠ ᠭᠠᠯᠲᠤ ᠠᠭᠤᠯᠠ ᠶᠢᠨ ᠭᠠᠵᠠᠷ ᠰᠢᠨᠵᠢᠯᠡᠭᠡᠨ ᠤ ᠴᠡᠴᠡᠷᠯᠢᠭ ᠤᠨ ᠲᠥᠷᠥᠯ  ᠵᠦᠢᠯ ᠤᠨ ᠠᠵᠤ ᠠᠬᠤᠶ ᠶᠢᠨ ᠲᠦᠰᠦᠪᠯᠡᠯ ᠵᠢᠴᠢ ᠤᠬᠠᠭᠳᠠᠬᠤᠨ ᠤ ᠲᠥᠯᠥᠪᠵᠢᠭᠦᠯᠭᠡ ᠶᠢᠨ ᠪᠣᠷᠣ ᠲᠥᠯᠥᠪ︾ ᠤᠨ ᠨᠢᠭᠡᠳᠦᠭᠡᠷ ᠱᠠᠲᠤᠨ ᠤ ᠨᠠᠶᠢᠷᠠᠭᠤᠯᠤᠨ ᠵᠣᠬᠢᠶᠠᠭᠰᠠᠨ ᠦᠷ᠎ᠡ ᠪᠦᠲᠦᠭᠡᠯ ᠢ ᠨᠠᠷᠢᠨ ᠲᠠᠨᠢᠯᠴᠠᠭᠤᠯᠵᠤ᠂ ᠤᠯᠠᠭᠠᠨᠬᠠᠳᠠ ᠭᠠᠯᠲᠤ ᠠᠭᠤᠯᠠ ᠶᠢᠨ ᠲᠠᠯ᠎ᠠ ᠨᠤᠲᠤᠭ ᠤᠨ ᠵᠢᠭᠤᠯᠴᠢᠯᠠᠯ ᠤᠨ ᠣᠷᠣᠨ ᠤ ᠬᠥᠭᠵᠢᠯᠲᠡ ᠳᠤ ᠠᠩᠬ᠎ᠠ ᠠᠯᠬᠤᠮ ᠤᠨ ᠪᠣᠳᠣᠯᠬᠢᠯᠠᠯ ᠳᠤᠷᠠᠳᠪᠠ᠃      ᠸᠧᠨ ᠪᠢᠶᠤᠤ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠵᠢᠴᠢ ᠲᠥᠷᠥᠯ ᠵᠦᠢᠯ ᠤᠨ ᠵᠢᠷᠤᠭ ᠲᠥᠯᠥᠪᠯᠡᠭᠡ ᠶᠢ ᠰᠠᠶᠢᠲᠤᠷ ᠬᠢᠬᠦ ᠳᠤ᠂ ᠨᠢᠭᠡ ᠳᠤ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠣᠨᠣᠯᠵᠢᠬᠤᠨ ᠢ ᠲᠣᠳᠣᠷᠬᠠᠶᠢᠯᠠᠵᠤ᠂ ᠬᠠᠮᠠᠭᠠᠯᠠᠯᠲᠠ ᠶᠢᠨ ᠴᠢᠨᠠᠷᠲᠠᠶ ᠨᠡᠭᠡᠭᠡᠨ ᠠᠰᠢᠭᠯᠠᠬᠤ ᠵᠠᠷᠴᠢᠮ ᠢ ᠪᠠᠷᠢᠮᠲᠠᠯᠠᠬᠤ ᠬᠡᠷᠡᠭᠲᠡᠶ︔ ᠬᠤᠶᠠᠷ ᠲᠤ ︽ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ︾ ᠰᠡᠳᠬᠢᠴᠡ ᠶᠣᠰᠣᠭᠠᠷ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠤ ᠶᠠᠰᠤ ᠴᠢᠨᠠᠷ ᠤᠨ ᠬᠤᠷᠢᠭ᠎ᠠ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ ᠱᠤᠭᠤᠮ ᠢ ᠰᠠᠶᠢᠲᠤᠷ ᠰᠠᠬᠢᠵᠤ᠂ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ︔ ᠭᠤᠷᠪᠠ ᠳᠤ ᠲᠥᠯᠥᠪᠵᠢᠭᠦᠯᠭᠡ ᠶᠢᠨ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠠᠶᠢᠬᠤ ᠶᠢ ᠪᠠᠲᠤᠯᠠᠵᠤ᠂ ᠢᠵᠢᠯᠰᠢᠭᠦᠯᠦᠨ ᠨᠡᠭᠡᠭᠡᠨ ᠬᠥᠭᠵᠢᠭᠦᠯᠬᠦ᠂ ᠳᠠᠪᠲᠠᠯᠲᠠ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠬᠢᠬᠦ ᠠᠴᠠ ᠵᠠᠶᠢᠯᠠᠰᠬᠢᠵᠦ᠂ ᠲᠥᠪ ᠶᠣᠰᠣ ᠶᠢ ᠪᠠᠷᠢᠮᠲᠠᠯᠠᠬᠤ ᠪᠠ ᠰᠢᠨ᠎ᠡ ᠶᠢ ᠡᠭᠦᠳᠬᠦ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠲᠤᠬᠠᠢ ᠶᠢᠨ ᠭᠠᠵᠠᠷ ᠤᠨ ᠨᠡᠶᠢᠭᠡᠮ ᠠᠵᠤ ᠠᠬᠤᠢ ᠶᠢᠨ ᠬᠥᠭᠵᠢᠯᠲᠡ ᠶᠢᠨ ᠣᠳᠣᠬᠢ ᠪᠠᠶᠢᠳᠠᠯ ᠲᠠᠢ ᠤᠶᠠᠯᠳᠤᠭᠤᠯᠵᠤ᠂ ᠠᠷᠠᠳ ᠤᠨ ᠪᠠᠭᠤᠳᠠᠯ ᠤᠨ ᠵᠤᠭᠠᠴᠠᠯ ᠢ ᠶᠡᠬᠡᠪᠡᠷ ᠬᠥᠭᠵᠢᠭᠦᠯᠵᠦ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠢᠳᠡᠪᠬᠢᠲᠡᠢ ᠨᠡᠭᠡᠭᠡᠨ ᠬᠥᠭᠵᠢᠭᠦᠯᠵᠦ᠂ ᠵᠤᠭᠠᠴᠠᠯ ᠤᠨ ᠦᠢᠯᠡᠰ ᠤᠨ ᠪᠠᠶᠢᠳᠠᠯ ᠢ ᠴᠢᠨᠠᠭᠰᠢᠳᠠ ᠪᠠᠶᠠᠯᠢᠭᠵᠢᠭᠤᠯᠵᠤ᠂ ᠵᠤᠭᠠᠴᠠᠯ᠂ ᠰᠡᠯᠡᠭᠦᠴᠡᠯ᠂ ᠠᠮᠠᠷᠠᠯᠲᠠ᠂ ᠡᠷᠡᠭᠦᠯᠵᠢᠯ ᠰᠤᠪᠢᠯᠠᠯᠲᠠ ︽ᠲᠦᠷᠪᠡ ᠶᠢ ᠨᠢᠭᠡ ᠴᠤᠬᠴᠠᠵᠢᠭᠤᠯᠤᠭᠰᠠᠨ︾ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃      ᠸᠧᠨ ᠪᠢᠶᠤᠤ ᠨᠠᠷ ᠪᠠᠰᠠ ᠱᠠᠩᠳᠤ ᠰᠢᠶᠠᠨ ᠤ ᠳ᠋ᠦᠩ ᠵᠢᠶᠠ ᠽᠦᠨ ᠲᠣᠰᠬᠤᠨ ᠤ ᠬᠥᠳᠡᠭᠡ ᠲᠣᠰᠬᠤᠨ ᠤ ᠵᠤᠭᠠᠴᠠᠯ ᠤᠨ ᠨᠡᠭᠡᠭᠡᠨ ᠬᠥᠭᠵᠢᠭᠦᠯᠦᠯᠲᠡ ᠪᠦᠳᠦᠭᠡᠨ ᠪᠠᠶᠢᠭᠤᠯᠤᠯᠲᠠ᠂ ᠪᠦᠳᠦᠭᠦᠨᠭᠤᠣᠯ ᠠᠮᠢ ᠠᠬᠤᠢ ᠶᠢᠨ ᠵᠤᠭᠠᠴᠠᠯ ᠤᠨ ᠣᠷᠣᠨ ᠤ ᠳᠡᠰ ᠢ ᠳᠡᠭᠡᠭᠰᠢᠯᠡᠭᠦᠯᠵᠦ ᠳᠡᠪᠰᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ ᠂ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠬᠤ ᠪᠣᠳᠠᠲᠠᠢ ᠰᠠᠨᠠᠯ ᠳᠤᠷᠠᠳᠴᠠᠢ᠃
 
ᠢᠷᠡᠯᠲᠡ᠄ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2