︽ᠳᠤᠮᠳᠠᠳᠤ ᠤᠯᠤᠰ ᠤᠨ ᠨᠣᠬᠠᠶ ᠶᠢᠨ ᠬᠤᠰᠢᠭᠤ ᠶᠢᠨ ᠬᠤᠲᠠ︾ ᠤᠯᠠᠭᠠᠨᠴᠠᠪ ᠨᠣᠬᠠᠶ ᠶᠢᠨ ᠬᠤᠰᠢᠭᠤ ᠶᠢᠨ ᠠᠵᠤ ᠦᠶᠯᠡᠰ ᠢ ᠪᠤᠵᠠᠭᠠᠶᠢᠷᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠪᠣᠢ
ᠨᠡᠶᠢᠲᠡᠯᠡᠭᠰᠡᠨ ᠴᠠᠭ᠄
2021/11/17
   ︽ᠳᠤᠮᠳᠠᠳᠤ ᠤᠯᠤᠰ ᠤᠨ ᠨᠣᠬᠠᠶ ᠶᠢᠨ ᠬᠤᠰᠢᠭᠤ ᠶᠢᠨ ᠬᠤᠲᠠ︾ ᠬᠡᠮᠡᠭᠳᠡᠭᠰᠡᠨ ᠥᠪᠥᠷ ᠮᠣᠩᠭᠤᠯ ᠤᠨ ᠤᠯᠠᠭᠠᠨᠴᠠᠪ ᠬᠤᠲᠠ ᠣᠲᠣ ᠶᠠᠭ ᠡᠯᠳᠡᠪ ᠠᠮᠤ ᠶᠢᠨ ᠨᠣᠬᠠᠶ ᠶᠢᠨ ᠬᠤᠰᠢᠭᠤ ᠶᠢ ᠲᠣᠮᠣ ᠠᠵᠤ ᠦᠶᠯᠡᠰ ᠪᠣᠯᠭᠠᠨ ᠬᠤᠪᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠪᠠᠶᠢᠨ᠎ᠠ᠃     7 ᠰᠠᠷ᠎ᠠ ᠶᠢᠨ 26 ᠤ ᠡᠳᠦᠷ᠂ ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠨᠣᠬᠠᠶ ᠶᠢᠨ ᠬᠤᠰᠢᠭᠤ ᠰᠠᠭᠠᠭ ᠤᠨ ᠠᠵᠤ ᠦᠶᠯᠡᠰ ᠤᠨ ᠶᠡᠭᠡ ᠬᠤᠷᠠᠯ ᠤᠯᠠᠭᠠᠨᠴᠠᠪ ᠬᠤᠲᠠ ᠳᠤ ᠶᠠᠪᠤᠭᠳᠠᠪᠠ᠃ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠡᠬᠢᠯᠡᠯᠲᠡ ᠶᠢᠨ ᠶᠣᠰᠣᠯᠠᠯ ᠤᠨ ᠪᠠᠶᠠᠷ ᠤᠨ ᠦᠭᠡᠨ ᠳᠡᠭᠡᠨ ᠲᠠᠨᠢᠯᠴᠠᠭᠤᠯᠬᠤ ᠳᠠᠭᠠᠨ᠂ ᠤᠯᠠᠭᠠᠨᠴᠠᠪ ᠬᠤᠲᠠ ᠪᠣᠯ ᠮᠠᠨ ᠤ ᠤᠯᠤᠰ ᠤᠨ ᠨᠣᠬᠠᠶ ᠶᠢᠨ ᠬᠤᠰᠢᠭᠤ ᠳᠠᠷᠢᠬᠤ ᠭᠤᠤᠯ ᠰᠠᠭᠤᠷᠢᠨ ᠭᠠᠵᠠᠷ ᠮᠥᠨ᠂ ᠣᠶᠢᠷ᠎ᠠ ᠶᠢᠨ ᠵᠢᠯ ᠤᠳ ᠲᠤ᠂ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠪᠠ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ ᠬᠤᠶᠠᠷ ᠡᠭᠡᠯᠵᠢ ᠶᠢᠨ ᠬᠥᠳᠡᠯᠭᠡᠯᠲᠡ ᠳᠣᠤᠷ᠎ᠠ᠂ ᠪᠥᠬᠦ ᠬᠤᠲᠠ ᠶᠢᠨ ᠨᠣᠬᠠᠶ ᠶᠢᠨ ᠬᠤᠰᠢᠭᠤ ᠶᠢᠨ ᠠᠵᠤ ᠦᠶᠯᠡᠰ ᠲᠤ ᠬᠦᠴᠦᠷᠬᠡᠭ ᠶᠡᠭᠡ ᠬᠥᠭᠵᠢᠯᠲᠡ ᠶᠢᠨ ᠬᠠᠨᠳᠤᠰᠢ  ᠢᠯᠡᠷᠡᠵᠡᠢ᠃ ᠵᠠᠯᠭᠠᠭᠠᠳ ᠤᠯᠠᠭᠠᠨᠴᠠᠪ ᠨᠣᠬᠠᠶ ᠶᠢᠨ ᠬᠤᠰᠢᠭᠤ ᠶᠢᠨ ᠠᠵᠤ ᠦᠶᠯᠡᠰ ᠤᠨ ᠬᠥᠭᠵᠢᠯᠲᠡ ᠶᠢᠨ ᠰᠢᠨ᠎ᠡ ᠵᠠᠮ ᠢ ᠤᠯᠠᠮ ᠨᠢᠭᠡ ᠠᠯᠬᠤᠮ ᠬᠠᠶᠢᠨ ᠰᠦᠪᠡᠭᠴᠢᠯᠡᠵᠦ᠂ ᠰᠢᠨᠵᠢᠯᠡᠭᠡ ᠮᠡᠷᠭᠡᠵᠢᠯᠵᠢᠭᠦᠯᠬᠦ᠂ ᠬᠡᠪᠴᠢᠶᠡᠵᠢᠭᠦᠯᠬᠦ᠂ ᠨᠠᠷᠠᠲᠤ ᠲᠡᠮᠳᠡᠭᠵᠢᠭᠦᠯᠬᠦ ᠪᠠᠷ ᠬᠦᠴᠦᠯᠡᠬᠦ ᠴᠡᠭ ᠪᠣᠯᠭᠠᠵᠤ᠂ ᠨᠣᠬᠠᠶ ᠶᠢᠨ ᠬᠤᠰᠢᠭᠤ ᠶᠢᠨ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠨᠠᠩ ᠣᠯᠠᠨ ᠲᠠᠷᠢᠶᠠᠴᠢᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠨ᠎ᠡ ᠭᠡᠵᠡᠢ᠃    ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠤᠯᠠᠭᠠᠨᠴᠠᠪ ᠬᠤᠲᠠ ᠶᠢᠨ ᠨᠣᠬᠠᠶ ᠶᠢᠨ ᠬᠤᠰᠢᠭᠤ ᠶᠢᠨ ᠵᠢᠯ ᠤᠨ ᠳᠠᠷᠢᠬᠤ ᠲᠠᠯᠠᠪᠠᠶ ᠨᠢ 150 ᠲᠦᠮᠡᠨ ᠮᠥ ᠣᠷᠴᠢᠮ ᠳᠤ ᠲᠣᠭᠲᠠᠪᠤᠷᠢᠵᠢᠵᠤ᠂ ᠳᠠᠷᠢᠬᠤ ᠲᠠᠯᠠᠪᠠᠶ ᠪᠠ ᠭᠠᠷᠤᠯᠲᠠ ᠨᠢ ᠴᠥᠮ ᠪᠥᠬᠦ ᠤᠯᠤᠰ ᠤᠨ ᠭᠠᠵᠠᠷ ᠤᠨ ᠲᠠᠰ ᠤᠨ ᠬᠤᠲᠠ ᠶᠢᠨ ᠲᠡᠷᠢᠭᠦᠨ ᠳᠤ ᠣᠷᠣᠵᠤ᠂ ᠨᠣᠬᠠᠶ ᠶᠢᠨ ᠬᠤᠰᠢᠭᠤ ᠶᠢᠨ ᠠᠵᠤ ᠦᠶᠯᠡᠰ ᠨᠢ ᠨᠢᠭᠡᠨᠲᠡ ᠪᠥᠬᠦ ᠠᠵᠤ ᠦᠶᠯᠡᠰ ᠤᠨ ᠬᠡᠯᠬᠢᠶ᠎ᠡ ᠶᠢᠨ ᠪᠠᠶᠢᠷᠢᠰᠢᠯ ᠢ ᠪᠦᠷᠢᠯᠳᠦᠭᠦᠯᠵᠦ᠂ ᠣᠳᠣᠬᠠᠨ ᠳᠤ ᠪᠥᠬᠦ ᠬᠤᠲᠠ ᠳᠤ ᠨᠣᠬᠠᠶ ᠶᠢᠨ ᠬᠤᠰᠢᠭᠤ ᠶᠢᠨ ᠠᠵᠤ ᠦᠶᠯᠡᠰ ᠤᠨ ᠡᠵᠡᠩᠨᠡᠵᠦ ᠰᠤᠳᠤᠯᠤᠨ ᠨᠡᠭᠡᠭᠡᠬᠦ᠂ ᠪᠣᠯᠪᠠᠰᠤᠷᠠᠭᠤᠯᠬᠤ᠂ ᠪᠣᠷᠣᠯᠠᠭᠤᠯᠬᠤ ᠶᠢ ᠨᠢᠭᠡ ᠴᠤᠭᠴᠠᠵᠢᠭᠤᠯᠤᠭᠰᠠᠨ 6 ᠲᠣᠮᠣ ᠬᠡᠯᠪᠡᠷᠢ ᠶᠢᠨ ᠠᠵᠤ ᠠᠬᠤᠶᠢᠯᠠᠯ ᠪᠠᠶᠢᠵᠤ᠂ ᠪᠣᠯᠪᠠᠰᠤᠷᠠᠭᠤᠯᠵᠤ ᠪᠣᠷᠣᠯᠠᠭᠤᠯᠬᠤ ᠳᠤᠮᠳᠠ ᠵᠢᠵᠢᠭ ᠠᠵᠤ ᠠᠬᠤᠶᠢᠯᠠᠯ 200 ᠭᠠᠷᠤᠶ ᠪᠣᠶ᠃ 2018 ᠣᠨ ᠳᠤ᠂ ᠳᠤᠮᠳᠠᠳᠤ ᠤᠯᠤᠰ ᠤᠨ ᠢᠳᠡᠭᠡᠨ ᠤ ᠠᠵᠤ ᠦᠶᠯᠡᠳᠪᠦᠷᠢ ᠶᠢᠨ ᠨᠡᠶᠢᠭᠡᠮᠯᠢᠭ ᠠᠴᠠ ᠤᠯᠠᠭᠠᠨᠴᠠᠪ ᠬᠤᠲᠠ ᠳᠤ ︽ᠳᠤᠮᠳᠠᠳᠤ ᠤᠯᠤᠰ ᠤᠨ ᠨᠣᠬᠠᠶ ᠶᠢᠨ ᠬᠤᠰᠢᠭᠤ ᠶᠢᠨ ᠬᠤᠲᠠ︾ ᠭᠡᠬᠦ ᠴᠣᠯᠠ ᠣᠯᠭᠤᠪᠠ᠃                                                     ᠣᠷᠴᠢᠭᠤᠯᠤᠭᠴᠢ᠄ ᠭᠤᠸ᠎ᠠ                                                     ᠬᠢᠨᠠᠭᠴᠢ᠄ ᠠᠷᠢᠭᠤᠨ
 
ᠢᠷᠡᠯᠲᠡ᠄ ᠰᠢᠨᠬᠤᠸᠠ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2