ᠵᠦᠸᠧᠽᠢ ᠰᠢᠶᠠᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠪᠤᠢ
ᠨᠡᠶᠢᠲᠡᠯᠡᠭᠰᠡᠨ ᠴᠠᠭ᠄
2021/11/17
     ᠵᠦᠸᠧᠽᠢ ᠰᠢᠶᠠᠨ ᠤ ᠬᠢᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠪᠠᠶᠢᠨ᠎ᠠ᠃ 2900.25 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠭᠤᠸᠠᠶ ᠵᠢᠶᠤᠤ ᠫᠦ᠋ ᠭᠤᠤᠯ ᠠᠴᠠ ᠶᠡᠭᠡ ᠲᠦᠷᠭᠡᠨ ᠭᠤᠤᠯ ᠳᠤ ᠴᠢᠳᠬᠤᠬᠤ ᠴᠢ ᠰᠢᠶᠠ ᠶᠢᠩ ᠤᠨ ᠬᠡᠰᠡᠭ ᠢ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠲᠣᠰ ᠢᠨᠵᠧᠨᠧᠷᠢᠩ ᠢ 2020 ᠣᠨ ᠤ 9 ᠰᠠᠷ᠎ᠠ ᠶᠢᠨ ᠳᠤᠮᠳᠠᠴᠢ ᠪᠠᠷ ᠡᠬᠢᠯᠡᠨ ᠪᠠᠶᠢᠭᠤᠯᠵᠤ᠂ 2021 ᠣᠨ ᠤ 9 ᠰᠠᠷ᠎ᠠ ᠶᠢᠨ ᠰᠡᠭᠦᠯᠴᠢ ᠪᠠᠷ ᠪᠦᠬᠦᠨ ᠢ ᠪᠠᠷᠢᠵᠤ ᠳᠠᠭᠤᠰᠬᠠᠪᠠ︔ 800 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠴᠢ ᠰᠢᠶᠠ ᠶᠢᠩ ᠤᠨ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠲᠣᠰ ᠢᠨᠵᠧᠨᠧᠷᠢᠩ ᠢ 2020 ᠣᠨ ᠤ 9 ᠰᠠᠷ᠎ᠠ ᠶᠢᠨ ᠳᠤᠮᠳᠠᠴᠢ ᠪᠠᠷ ᠡᠬᠢᠯᠡᠨ ᠪᠠᠶᠢᠭᠤᠯᠵᠤ᠂ 2021 ᠣᠨ ᠤ 10 ᠰᠠᠷ᠎ᠠ ᠶᠢᠨ ᠰᠡᠭᠦᠯᠴᠢ ᠪᠠᠷ ᠪᠦᠬᠦᠨ ᠢ ᠪᠠᠷᠢᠵᠤ ᠳᠠᠭᠤᠰᠬᠠᠪᠠ︔ 1800.21 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠳ᠋ᠠ ᠢᠦᠢ ᠱᠤ᠋ ᠾᠧ ᠭᠤᠣᠯ ᠤᠨ ᠵᠠᠮ ᠢ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠲᠤᠰ ᠢᠨᠵᠧᠨᠧᠷᠢᠩ ᠢ 2021 ᠣᠨ ᠤ 8 ᠰᠠᠷ᠎ᠠ ᠶᠢᠨ 15 ᠤ ᠡᠳᠦᠷ ᠠᠴᠠ ᠡᠬᠢᠯᠡᠨ ᠪᠠᠶᠢᠭᠤᠯᠵᠤ ᠂ 2022 ᠣᠨ ᠤ 6 ᠰᠠᠷ᠎ᠠ ᠶᠢᠨ 15 ᠤ ᠡᠳᠦᠷ ᠠᠴᠠ ᠡᠮᠦᠨ᠎ᠡ ᠪᠦᠬᠦᠨ ᠢ ᠳᠠᠭᠤᠰᠬᠠᠬᠤ ᠪᠠᠷ ᠲᠥᠯᠥᠪᠯᠡᠵᠦ ᠪᠤᠢ︔ 4319 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠴᠢ ᠰᠢᠶᠠ ᠶᠢᠩ ᠪᠠᠯᠭᠠᠰᠤᠨ ᠤ ᠵᠢᠶ ᠴᠢᠩ ᠶᠢᠩ ᠭᠧᠤ ᠶᠢᠨ ᠦᠶᠡᠷ ᠢ ᠰᠡᠷᠭᠡᠶᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠲᠣᠰ ᠢᠨᠵᠧᠨᠧᠷᠢᠩ ᠢ 2021 ᠣᠨ ᠤ 8 ᠰᠠᠷ᠎ᠠ ᠶᠢᠨ ᠰᠡᠭᠦᠯᠴᠢ ᠪᠠᠷ ᠡᠬᠢᠯᠡᠨ ᠪᠠᠶᠢᠭᠤᠯᠵᠤ᠂ 2022 ᠣᠨ ᠤ 6 ᠰᠠᠷ᠎ᠠ ᠶᠢᠨ ᠳᠤᠮᠳᠠᠴᠢ ᠠᠴᠠ ᠡᠮᠦᠨ᠎ᠡ ᠪᠦᠬᠦᠨ ᠢ ᠳᠠᠭᠤᠰᠬᠠᠬᠤ ᠪᠠᠷ ᠲᠥᠯᠥᠪᠯᠡᠵᠦ ᠪᠣᠶ︔ ᠯᠦᠩ ᠱᠧᠩ ᠤᠰᠤᠨ ᠴᠥᠭᠦᠷᠥᠮ ᠤᠨ ᠬᠠᠷᠢᠶ᠎ᠠ ᠪᠠᠷᠢᠯᠭ᠎ᠠ ᠶᠢ ᠬᠡᠷᠡᠭᠵᠢᠭᠦᠯᠵᠦ᠂ ᠲᠤᠰ ᠪᠠᠷᠢᠯᠭ᠎ᠠ ᠶᠢ 2021 ᠣᠨ ᠤ 10 ᠰᠠᠷ᠎ᠠ ᠶᠢᠨ ᠳᠤᠮᠳᠠᠴᠢ ᠪᠠᠷ ᠪᠦᠬᠦᠨ ᠢ ᠪᠠᠷᠢᠵᠤ ᠳᠠᠭᠤᠰᠬᠠᠪᠠ᠃        ᠤᠷᠴᠢᠭᠤᠯᠤᠭᠴᠢ᠄ ᠬᠦᠰᠡᠯ        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2