ᠹᠧᠩᠵᠧᠨ ᠬᠤᠲᠠ 1 — 10 ᠰᠠᠷ᠎ᠠ ᠳᠤ ︽ᠪᠦᠷᠢᠨ ᠴᠢᠳᠠᠮᠵᠢᠳᠦ ᠺᠠᠷᠲ︾ ᠢᠶᠠᠷ ᠳᠠᠮᠵᠢᠨ 37548.06 ᠲᠦᠮᠡᠨ ᠲᠥᠭᠦᠷᠢᠭ ᠤᠨ ᠡᠳ᠋ ᠤᠨ ᠵᠠᠰᠠᠭ ᠤᠨ ᠨᠥᠬᠦᠪᠥᠷᠢ ᠮᠥᠩᠭᠦ ᠲᠠᠷᠬᠠᠭᠠᠪᠠ
ᠨᠡᠶᠢᠲᠡᠯᠡᠭᠰᠡᠨ ᠴᠠᠭ᠄
2021/11/17
     1 — 10 ᠰᠠᠷ᠎ᠠ ᠳᠤ᠂ ᠹᠧᠩᠵᠧᠨ ᠬᠤᠲᠠ ︽ᠪᠦᠷᠢᠨ ᠴᠢᠳᠠᠮᠵᠢᠳᠦ ᠺᠠᠷᠲ︾ ᠢᠶᠠᠷ ᠳᠡᠮᠵᠢᠨ ᠡᠳ᠋ ᠤᠨ ᠵᠠᠰᠠᠭ ᠤᠨ ᠨᠥᠬᠦᠪᠥᠷᠢ ᠪᠠᠯᠠ ᠮᠥᠩᠭᠦ ᠶᠢ ᠨᠡᠶᠢᠲᠡ 37548.06 ᠲᠦᠮᠡᠨ ᠲᠥᠭᠦᠷᠢᠭ ᠲᠠᠷᠬᠠᠭᠠᠵᠤ᠂ ᠨᠥᠬᠦᠪᠥᠷᠢ ᠪᠠᠯᠠ ᠮᠥᠩᠭᠦ ᠨᠢ 6 ᠬᠦᠷᠢᠶ᠎ᠡ ᠴᠠᠷᠠᠭ᠎ᠠ ᠳᠠᠬᠢ 31 ᠲᠥᠷᠥᠯ ᠤᠨ 35 ᠵᠦᠢᠯ ᠳᠤ ᠬᠤᠯᠪᠣᠭᠳᠠᠵᠤ᠂ ᠬᠤᠲᠠ ᠬᠥᠳᠡᠭᠡ ᠶᠢᠨ 123.0963 ᠲᠦᠮᠡᠨ ᠬᠥᠮᠦᠨ ︵ᠤᠳᠠᠭ᠎ᠠ︶ ᠳᠤ ᠠᠰᠢᠭ ᠬᠦᠷᠲᠡᠭᠡᠪᠡ᠃ ᠡᠭᠦᠨ ᠳᠤ᠄ ᠪᠥᠲᠥᠭᠡᠨ ᠪᠠᠶᠢᠭᠤᠯᠤᠯᠲᠠ ᠶᠢᠨ ᠲᠥᠷᠥᠯ ᠤᠨ ᠨᠥᠬᠦᠪᠥᠷᠢ ᠪᠠᠯᠠ ᠮᠥᠩᠭᠦ 51.56 ᠲᠦᠮᠡᠨ ᠲᠥᠭᠦᠷᠢᠭ᠂ ᠲᠠᠷᠢᠶᠠᠯᠠᠩ ᠤᠨ ᠲᠥᠷᠥᠯ ᠤᠨ ᠨᠥᠬᠦᠪᠥᠷᠢ ᠪᠠᠯᠠ ᠮᠥᠩᠭᠦ 7202.20 ᠲᠦᠮᠡᠨ ᠲᠥᠭᠦᠷᠢᠭ᠂ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠨᠥᠬᠦᠪᠥᠷᠢ ᠪᠠᠯᠠ ᠮᠥᠩᠭᠦ 28487.79 ᠲᠦᠮᠡᠨ ᠲᠥᠭᠦᠷᠢᠭ᠂ ᠣᠶ ᠰᠢᠭᠤᠶ ᠶᠢᠨ ᠲᠥᠷᠥᠯ ᠤᠨ ᠨᠥᠬᠦᠪᠥᠷᠢ 691.66 ᠲᠦᠮᠡᠨ ᠲᠥᠭᠦᠷᠢᠭ᠂ ᠰᠤᠷᠭᠠᠨ ᠬᠥᠮᠦᠵᠢᠯ ᠤᠨ ᠲᠥᠷᠥᠯ ᠤᠨ ᠨᠥᠬᠦᠪᠥᠷᠢ 24.30 ᠲᠦᠮᠡᠨ ᠲᠥᠭᠦᠷᠢᠭ᠂ ᠴᠠᠯᠢᠩ ᠤᠨ ᠨᠥᠬᠦᠪᠥᠷᠢ ᠶᠢᠨ ᠲᠥᠷᠥᠯ 1090.56 ᠲᠦᠮᠡᠨ ᠲᠥᠭᠦᠷᠢᠭ ᠲᠠᠷᠬᠠᠭᠠᠪᠡ᠃                         ᠤᠷᠴᠢᠭᠤᠯᠤᠭᠴᠢ᠄ ᠬᠦᠰᠡᠯ                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2