ᠠᠤᠭ᠎ᠠ ᠵᠢᠷᠤᠭ ᠰᠢᠨ᠎ᠡ ᠬᠠᠭᠤᠳᠠᠰᠤ ᠶᠢ ᠪᠢᠴᠢᠭᠯᠡᠵᠦ ᠡᠷᠡᠯᠬᠡᠭᠯᠡᠨ ᠤᠷᠤᠭᠰᠢᠯᠠᠵᠤ ᠬᠥᠭᠵᠢᠯᠲᠡ ᠶᠢ ᠡᠷᠢᠯᠬᠢᠯᠡᠨ᠎ᠡ
ᠨᠡᠶᠢᠲᠡᠯᠡᠭᠰᠡᠨ ᠴᠠᠭ᠄
2021/11/18
    - ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠶᠦᠩ ᠢ ᠰᠤᠷᠪᠤᠯᠵᠢᠯᠠᠭᠰᠠᠨ ᠨᠢ     ︽ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠢᠯᠡᠳᠬᠡᠯ ᠳᠤ ᠥᠩᠭᠡᠷᠡᠭᠰᠡᠨ ᠲᠠᠪᠤᠨ ᠵᠢᠯ ᠤᠨ ᠤᠯᠠᠭᠠᠨᠴᠠᠪ ᠤᠨ ᠣᠯᠤᠭᠰᠠᠨ ᠯᠤᠲᠤ ᠶᠡᠭᠡ ᠠᠮᠵᠢᠯᠲᠠ ᠶᠢ ᠪᠥᠬᠦ ᠲᠠᠯ᠎ᠠ ᠪᠠᠷ ᠪᠤᠰᠤᠳᠴᠢ ᠪᠠᠷ ᠳ᠋ᠦᠩᠨᠡᠵᠦ᠂ ᠮᠠᠨ ᠤ ᠣᠮᠤᠭ ᠵᠤᠷᠢᠭ ᠢ ᠤᠯᠠᠮ ᠪᠠᠲᠤᠳᠬᠠᠪᠠ︔ ᠬᠤᠶᠢᠰᠢᠳᠠ ᠶᠢᠨ ᠲᠠᠪᠤᠨ ᠵᠢᠯ ᠤᠨ ᠤᠷᠤᠭᠰᠢᠯᠠᠯᠲᠠ ᠶᠢᠨ ᠴᠢᠭᠯᠡᠯ᠂ ᠠᠯᠤᠰ ᠬᠡᠲᠦ ᠶᠢᠨ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠲᠣᠳᠣᠷᠬᠠᠶ ᠵᠢᠭᠠᠨ ᠭᠠᠷᠭᠠᠪᠠ︔ ᠢᠷᠡᠭᠡᠳᠦᠶ ᠶᠢᠨ ᠬᠥᠭᠵᠢᠯᠲᠡ ᠶᠢᠨ ᠠᠷᠭ᠎ᠠ ᠵᠠᠮ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠷᠭ᠎ᠠ ᠬᠡᠮᠵᠢᠶ᠎ᠡ ᠶᠢ ᠨᠠᠷᠢᠯᠢᠭ ᠣᠨᠣᠴᠠᠲᠠᠶ᠂ ᠦᠨᠡᠨ ᠬᠦ ᠬᠡᠷᠡᠭᠵᠢᠭᠦᠯᠵᠦ ᠪᠣᠯᠬᠤ ᠪᠣᠯᠭᠠᠪᠠ︾᠃  ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠶᠦᠩ ᠰᠤᠷᠪᠤᠯᠵᠢᠯᠠᠭ᠎ᠠ  ᠬᠦᠯᠢᠶᠡᠬᠦ ᠳᠡᠭᠡᠨ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠢᠨ ᠬᠤᠲᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠡᠷᠡᠰ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠡᠷᠢᠭᠦᠨ ᠳᠤ ᠣᠷᠣᠬᠤ ᠰᠥᠰᠥ ᠵᠣᠷᠢᠭ᠂ ᠬᠤᠷᠳᠤᠨ ᠮᠣᠷᠢᠨ ᠳᠤ ᠲᠠᠰᠢᠭᠤᠷ ᠨᠡᠮᠡᠬᠦ ᠡᠷᠴᠢ ᠵᠣᠷᠢᠭ᠂ ᠲᠦᠮᠡᠨ ᠠᠭᠲᠠ ᠶᠢᠨ ᠲᠦᠪᠡᠷᠭᠡᠨ ᠤ ᠰᠦᠷ ᠬᠦᠴᠦᠨ ᠢ ᠪᠠᠳᠠᠷᠠᠭᠤᠯᠵᠤ᠂ ᠡᠷᠡᠯᠬᠡᠭᠯᠡᠨ ᠤᠷᠤᠭᠰᠢᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠣᠳᠣᠬᠢᠴᠢᠯᠠᠭᠰᠠᠨ ᠤᠯᠠᠭᠠᠨᠴᠠᠪ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠬᠡᠯᠡᠪᠡ᠃   ᠼᠦᠢ ᠶᠦᠩ  ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠰᠢᠨ᠎ᠡ ᠵᠣᠷᠢᠭ ᠰᠠᠨᠠᠭ᠎ᠠ ᠪᠠᠷ ᠠᠬᠤᠶ ᠪᠠᠶᠢᠳᠠᠯ ᠢᠶᠠᠨ ᠳᠡᠭᠡᠭᠰᠢᠯᠡᠭᠦᠯᠵᠦ᠂ ᠪᠥᠬᠦ ᠬᠤᠰᠢᠭᠤᠨ ᠳᠤ  ᠬᠤᠲᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ  ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠤᠯᠭᠠᠵᠦ᠂ ᠪᠦᠭᠦ ᠬᠤᠰᠢᠭᠤᠨ ᠤ ᠥᠷᠭᠡᠨ ᠤᠯᠠᠨ ᠺᠠᠳ᠋ᠷ ᠤᠯᠠᠨ ᠲᠦᠮᠡᠨ ᠤ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢ ᠶᠡᠭᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠢᠯᠡᠳᠬᠡᠯ ᠤᠨ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ ᠂  ᠬᠤᠲᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠨᠢ ᠬᠠᠮᠲᠤ ᠶᠢᠨ ᠲᠠᠨᠢᠯᠲᠠ ᠶᠢ ᠨᠢᠬᠲᠠᠷᠠᠭᠤᠯᠤᠨ᠂ ᠡᠷᠴᠢ ᠵᠣᠷᠢᠭ ᠢ ᠬᠥᠪᠴᠢᠯᠡᠵᠦ᠂  ᠦᠢᠯᠡᠳᠦᠯᠭᠡ ᠶᠢ ᠵᠢᠯᠣᠭᠤᠳᠤᠨ᠂ ᠣᠷᠭᠢᠯᠤᠮ᠎ᠠ ᠰᠡᠳᠬᠢᠯᠭᠡ ᠪᠠᠷ ᠠᠵᠢᠯ ᠬᠢᠵᠦ ᠬᠥᠭᠵᠢᠯᠲᠡ ᠶᠢ ᠡᠷᠢᠯᠬᠢᠯᠡᠵᠦ᠂ ᠯᠠᠪᠳᠠᠭᠤᠨ ᠲᠣᠭᠲᠠᠭᠤᠨ ᠢᠶᠠᠷ ᠰᠢᠨ᠎ᠡ ᠬᠠᠭᠤᠳᠠᠰᠤ ᠶᠢ ᠪᠢᠴᠢᠭᠯᠡᠵᠦ᠂ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠪᠤᠯᠤᠨ᠎ᠠ ᠬᠡᠵᠦ ᠢᠯᠡᠷᠬᠡᠶᠢᠯᠡᠪᠡ᠃   ᠰᠢᠨ᠎ᠡ ᠠᠵᠠ ᠲᠣᠬᠢᠶᠠᠯ ᠰᠢᠨ᠎ᠡ ᠥᠷᠢᠰᠥᠯᠳᠦᠭᠡᠨ ᠤ ᠡᠮᠦᠨ᠎ᠡ᠂ ᠼᠦᠢ ᠶᠦᠩ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠥᠭᠵᠢᠯᠲᠡ ᠳᠤ ᠢᠲᠡᠭᠡᠯ ᠲᠦᠬᠦᠷᠡᠩ ᠪᠠᠶᠢᠨ᠎ᠠ᠂ ᠲᠡᠷᠡ᠄ ︽ᠨᠠᠮ ᠤᠨ ᠲᠥᠪ ᠬᠤᠷᠢᠶ᠎ᠡ ᠠᠴᠠ ᠥᠪᠡᠷᠲᠡᠭᠡᠨ ᠵᠠᠰᠠᠬᠤ ᠣᠷᠣᠨ ᠳᠤ ᠣᠯᠭᠤᠭᠰᠠᠨ  ﹇ᠬᠤᠶᠠᠷ ᠬᠠᠯᠬᠠᠪᠴᠢ﹈  ﹇ᠬᠤᠶᠠᠷ ᠰᠠᠭᠤᠷᠢᠨ ᠭᠠᠵᠠᠷ﹈ ᠪᠣᠯᠤᠨ  ﹇ᠨᠢᠭᠡ ᠪᠠᠬᠢᠯᠡᠯᠲᠡ﹈  ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠦᠬᠦ ᠬᠤᠳᠠ ᠶᠢᠨ ᠬᠥᠭᠵᠢᠯᠲᠡ ᠳᠠᠬᠢ ᠡᠭᠦᠷᠭᠡ ᠬᠠᠷᠢᠭᠤᠴᠠᠯᠭ᠎ᠠ ᠶᠢ ᠲᠣᠭᠲᠠᠭᠠᠵᠠᠢ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠣᠷᠣᠨ ᠪᠠᠶᠢᠷᠢ ᠪᠠᠨ ᠣᠨᠣᠪᠴᠢᠲᠠᠶ ᠣᠯᠵᠤ᠂ ᠳᠠᠪᠠᠭᠤᠯᠢᠭ ᠢᠶᠠᠨ ᠪᠠᠳᠠᠷᠠᠭᠤᠯᠤᠨ᠂  ﹇ᠨᠢᠬᠡᠲᠤᠯᠲᠠᠢ ᠤᠲᠤᠷᠢᠲᠤᠭᠤᠯᠬᠤ﹈  ﹇ᠭᠤᠷᠪᠠᠨ  ᠲᠦᠯᠦᠪᠵᠢᠬᠦᠯᠬᠡ﹈  ﹇ᠭᠤᠷᠪᠠᠨ ᠬᠤᠷᠢᠭ᠎ᠠ ᠱᠤᠭᠤᠮ﹈  ﹇ᠭᠤᠷᠪᠠᠨ ᠶᠡᠭᠡ ᠠᠵᠤ  ᠦᠢᠯᠡᠰ﹈ ᠤᠨ ᠲᠣᠭᠤᠷᠢᠨ ᠳᠤ  ᠂ ᠲᠦᠯᠦᠪᠯᠡᠨ ᠪᠠᠶᠢᠷᠢᠯᠠᠭᠤᠯᠵᠦ᠂ ᠵᠠᠮ ᠨᠡᠭᠡᠭᠡᠨ ᠡᠷᠡᠯᠬᠡᠭᠯᠡᠨ ᠤᠷᠤᠭᠰᠢᠯᠠᠨ᠎ᠠ ︾ ᠬᠡᠪᠡ᠃   ᠼᠦᠢ ᠶᠦᠩ ᠥᠭᠦᠯᠡᠬᠦ ᠳᠡᠭᠡᠨ᠂ ︽ ᠨᠢᠬᠡᠲᠦᠯᠲᠠᠢ ᠤᠲᠤᠷᠢᠲᠤᠭᠤᠯᠬᠤ︾ ᠨᠢ ᠨᠠᠮ ᠤᠨ ᠪᠠᠶᠢᠭᠤᠯᠤᠯᠲᠠ ᠪᠠᠷ ᠶᠡᠷᠦᠩᠬᠡᠶᠢᠯᠡᠨ ᠤᠲᠤᠷᠢᠲᠤᠭᠤᠯᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠰᠢ ᠶᠢᠨ ᠫᠢᠩ  ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ  ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠭᠤᠶᠢᠪᠢᠰᠢ ᠦᠭᠡᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ ︽ᠭᠤᠷᠪᠠᠨ ᠲᠥᠯᠥᠪᠵᠢᠭᠦᠯᠭᠡ︾ ᠨᠢ ᠰᠢᠨ᠎ᠡ ᠬᠥᠭᠵᠢᠯᠲᠡ ᠶᠢᠨ ᠪᠠᠶᠢᠷᠢᠰᠢᠯ ᠤᠨ ᠲᠣᠭᠤᠷᠢᠨ ᠳᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ᠂ ᠰᠢᠰᠲ᠋ᠧᠮᠲᠤ ᠤᠢᠢᠯᠠᠭᠠᠭᠳᠠᠬᠤᠨ ᠢ ᠪᠠᠷᠢᠮᠲᠠᠯᠠᠵᠤ᠂ ᠲᠥᠯᠥᠪᠵᠢᠭᠦᠯᠭᠡ ᠪᠠᠷ ᠵᠢᠯᠣᠭᠤᠳᠤᠮᠵᠢ ᠪᠣᠯᠭᠠᠵᠤ᠂ ᠥᠨᠳᠥᠷ ᠡᠬᠢᠯᠡᠯᠲᠡ ᠶᠢᠨ ᠴᠡᠭ᠂ ᠥᠨᠳᠥᠷ ᠪᠠᠷᠢᠮᠵᠢᠶ᠎ᠠ᠂ ᠥᠨᠳᠥᠷ ᠲᠦᠪᠰᠢᠨ ᠢᠶᠠᠷ ᠵᠤᠭᠠᠴᠠᠯ ᠤᠨ ᠶᠡᠷᠦᠩᠬᠡᠢ ᠲᠥᠯᠥᠪᠵᠢᠭᠦᠯᠭᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠯᠥᠪᠵᠢᠭᠦᠯᠭᠡ᠂ ᠬᠤᠲᠠ ᠪᠠᠯᠭᠠᠰᠤ ᠶᠢᠨ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠰᠠᠶᠢᠲᠤᠷ ᠬᠢᠵᠦ᠂ ᠰᠣᠶᠣᠯ ᠵᠤᠭᠠᠴᠠᠯ ᠤᠨ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠬᠤᠳᠠ ᠬᠥᠳᠡᠭᠡ ᠶᠢ ᠠᠭᠤᠰᠤᠯᠴᠠᠭᠤᠯᠤᠨ  ᠬᠦᠭᠵᠢᠬᠦᠯᠦᠨ᠂ ᠬᠤᠳᠠ  ᠪᠠᠯᠭᠠᠰᠤᠨ ᠤ ᠰᠢᠨᠡᠴᠢᠯᠡᠯᠲᠠ᠂ ᠬᠥᠳᠡᠭᠡ ᠲᠣᠰᠬᠤᠨ ᠢ ᠬᠦᠭᠵᠢᠬᠦᠯᠦᠨ ᠮᠠᠨᠲᠤᠭᠤᠯᠬᠤ  ᠶᠢ ᠪᠡᠶᠡᠯᠡᠭᠦᠯᠦᠨ᠎ᠡ᠃ ︽ᠭᠤᠷᠪᠠᠨ ᠬᠤᠷᠢᠭ᠎ᠠ ᠱᠤᠭᠤᠮ︾ ᠨᠢ ᠬᠤᠷᠢᠭ᠎ᠠ ᠱᠤᠭᠤᠮ ᠤᠨ ᠰᠡᠳᠬᠢᠬᠦᠶ ᠶᠢ ᠪᠠᠷᠢᠮᠲᠠᠯᠠᠬᠤ ᠪᠠᠷ ᠪᠠᠷᠠᠬᠤ ᠦᠭᠡᠶ᠂ ᠵᠣᠪᠠᠨᠢᠯ ᠤᠨ ᠤᠬᠠᠮᠰᠠᠷ᠂ ᠠᠶᠤᠯ ᠲᠦᠭᠰᠢᠭᠦᠷᠢ ᠶᠢᠨ ᠥᠷᠢᠰᠥᠯᠳᠦᠭᠡᠨ ᠢ ᠰᠡᠷᠬᠡᠶᠢᠯᠡᠬᠦ ᠤᠬᠠᠮᠰᠠᠷ ᠢ ᠨᠡᠮᠡᠭᠳᠡᠬᠦᠯᠵᠦ᠂ ᠶᠠᠳᠠᠭᠤ ᠠᠴᠠ ᠠᠩᠬᠢᠵᠢᠷᠠᠭᠤᠯᠵᠦ ᠪᠣᠭᠤᠮᠲᠠ ᠰᠢᠪᠲᠤᠯᠬᠤ ᠪᠠ ᠬᠦᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ  ᠪᠠ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠳᠤ ᠬᠠᠨᠳᠤᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠠᠲᠤᠯᠠᠪᠤᠷᠢ ᠶᠢᠨ ᠰᠠᠭᠤᠷᠢ ᠶᠢ ᠰᠠᠬᠢᠵᠤ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠶᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠨᠡᠩ ᠴᠢᠨᠠᠷ ᠰᠠᠶᠢᠲᠠᠢ ᠪᠠᠷ ᠦᠷᠭᠦᠯᠵᠢᠯᠡᠨ ᠬᠥᠭᠵᠢᠬᠦ᠂ ᠨᠡᠩ ᠠᠮᠤᠷ ᠲᠦᠪᠰᠢᠨ ᠬᠥᠭᠵᠢᠯᠲᠡ ᠶᠢ ᠪᠡᠶᠡᠯᠡᠬᠦᠯᠦᠨ᠎ᠠ᠃ ︽ᠭᠤᠷᠪᠠᠨ ᠶᠡᠭᠡ ᠠᠵᠤ ᠦᠢᠯᠡᠰ︾ ᠭᠡᠳᠡᠭ ᠨᠢ ᠳᠠᠷᠤᠶ ᠡᠬᠢ ᠪᠠᠶᠠᠯᠢᠭ ᠤᠨ ᠳᠠᠪᠠᠭᠤᠯᠢᠭ ᠪᠠ ᠠᠵᠤ ᠦᠢᠯᠡᠰ ᠤᠨ ᠰᠠᠭᠤᠷᠢ ᠲᠠᠢ ᠤᠶᠠᠯᠳᠤᠭᠤᠯᠤᠨ᠂  ᠬᠡᠯᠬᠢᠶ᠎ᠡ  ᠶᠢ ᠤᠷᠲᠤᠳᠬᠠᠨ ᠨᠥᠬᠦᠪᠥᠷᠢᠯᠡᠬᠦ ᠬᠦᠴᠦᠷᠬᠡᠭ ᠶᠡᠭᠡ ᠬᠡᠯᠬᠢᠶ᠎ᠡ  ᠶᠢ ᠰᠠᠶᠢᠲᠤᠷ ᠬᠢᠵᠦ᠂ ᠡᠬᠢ ᠪᠠᠶᠠᠯᠢᠭ ᠢ ᠠᠵᠦ ᠦᠢᠯᠡᠰ ᠪᠠ ᠦᠷ᠎ᠡ ᠠᠰᠢᠭ ᠪᠣᠯᠭᠠᠨ  ᠬᠤᠪᠢᠷᠠᠭᠤᠯᠤᠨ᠎ᠠ  ᠂ ᠨᠢᠭᠡ ᠳᠤ᠂ ︽ᠠᠯᠠᠰᠢᠨ ᠦᠬᠡᠷ ᠤᠨ ᠰᠦᠷᠦᠭ ᠢ ᠥᠷᠭᠡᠳᠬᠡᠨ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ︾ ᠶᠢ ᠬᠡᠷᠡᠭᠵᠢᠭᠦᠯᠵᠦ᠂ ᠲᠡᠵᠢᠭᠡᠬᠦ ᠶᠢᠨ ᠲᠥᠯᠥᠭᠡ ᠲᠠᠷᠢᠵᠦ᠂ ᠲᠠᠷᠢᠵᠤ ᠲᠡᠵᠢᠭᠡᠬᠦ ᠶᠢ  ᠤᠶᠠᠯᠲᠤᠭᠤᠯᠤᠨ᠂ ᠠᠮᠢ ᠠᠬᠤᠢ ᠶᠢᠨ ᠡᠷᠬᠢᠯᠳᠡᠳᠦ ᠠᠵᠤ ᠦᠢᠯᠡᠰ ᠤᠨ  ᠬᠡᠯᠬᠢᠶ᠎ᠡ ᠶᠢ ᠪᠠᠶᠢᠭᠤᠯᠵᠤ᠂ ᠨᠡᠩ ᠤᠯᠠᠨ ︽ᠭᠤᠷᠪᠠᠨ ᠪᠦᠲᠦᠭᠡᠭᠳᠡᠬᠦᠨ ᠨᠢᠭᠡ ᠪᠠᠷᠢᠮᠵᠢᠶ᠎ᠠ︾ ᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠭᠦᠳᠬᠦ ᠬᠡᠷᠡᠭᠲᠡᠢ︔ ᠬᠤᠶᠠᠷ ᠲᠤ᠂ ᠠᠵᠤ ᠦᠢᠯᠡᠳᠪᠦᠷᠢ ᠶᠢᠨ ᠰᠠᠭᠤᠷᠢ ᠠᠵᠤ ᠦᠢᠯᠡᠰ ᠤᠨ ᠬᠡᠯᠬᠢᠶ᠎ᠡ ᠶᠢ ᠬᠥᠭᠵᠢᠭᠦᠯᠵᠦ᠂ ᠴᠠᠬᠢᠯᠠᠭᠤᠷ ᠴᠢᠯᠠᠭᠤ᠂ PVA ᠵᠡᠷᠭᠡ ᠬᠦᠷᠢᠶᠡᠨ ᠳᠤ ᠦᠷᠭᠦᠯᠵᠢᠯᠡᠨ ᠪᠠᠬᠢᠯᠡᠯᠲᠠ ᠶᠢ ᠰᠢᠪᠲᠤᠯᠵᠤ᠂ ᠠᠷᠠᠯᠵᠢᠶ᠎ᠠ ᠡᠷᠬᠢᠯᠡᠬᠦ ᠤᠷᠴᠢᠨ ᠢ ᠰᠢᠯᠢᠳᠡᠭᠵᠢᠬᠦᠯᠦᠨ᠂ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠤ᠂ ᠲᠣᠭᠲᠠᠵᠤ ᠳᠡᠶᠢᠯᠬᠦ ᠠᠵᠤ ᠦᠢᠯᠡᠰ ᠤᠨ ᠪᠦᠯᠦᠭᠵᠢᠯ ᠢ ᠪᠠᠶᠢᠭᠤᠯᠤᠨ᠎ᠠ︔ ᠭᠤᠷᠪᠠ ᠳᠤ᠂ ᠤᠳᠤ ᠦᠶ᠎ᠡ ᠶᠢᠨ ᠵᠤᠭᠠᠴᠠᠯ ᠤᠨ ᠰᠢᠨ᠎ᠡ ᠬᠠᠨᠳᠤᠰᠢ ᠳᠤ ᠵᠣᠬᠢᠴᠠᠵᠤ᠂ ᠭᠠᠷᠠᠭ ᠤᠨ ᠰᠡᠭᠦᠯᠴᠢ ᠶᠢᠨ ᠰᠡᠯᠡᠭᠦᠴᠡᠯ ᠵᠤᠭᠠᠴᠠᠯ ᠤᠨ ᠵᠣᠷᠢᠯᠭ᠎ᠠ ᠪᠠᠷ ᠬᠡᠷᠡᠭᠯᠡᠬᠦ ᠭᠠᠵᠠᠷ ᠢ ᠴᠣᠭᠴᠠᠯᠠᠵᠤ᠂ ᠰᠣᠶᠣᠯ ᠵᠤᠭᠠᠴᠠᠯ᠂ ᠪᠡᠶ᠎ᠡ ᠲᠠᠮᠢᠷ᠂ ᠪᠡᠶ᠎ᠡ ᠰᠤᠪᠢᠯᠠᠯᠲᠠ ᠶᠢᠨ ᠠᠵᠤ ᠦᠢᠯᠡᠰ ᠤᠨ  ᠬᠡᠯᠬᠢᠶ᠎ᠡ ᠶᠢ ᠴᠣᠭᠴᠠᠯᠠᠵᠤ᠂  ᠨᠡᠷᠡᠲᠤ ᠵᠤᠭᠠᠴᠠᠯ ᠤᠨ ᠲᠦᠷᠦᠯ ᠲᠡᠮᠳᠡᠭ ᠢ ᠡᠭᠦᠳᠦᠨ᠎ᠡ᠃   ᠢᠷᠡᠭᠡᠳᠦᠢ ᠶᠢ ᠪᠠᠷᠠᠯᠠᠬᠤᠶ᠎ᠠ᠂ ᠤᠬ ᠰᠠᠨᠠᠭ᠎ᠠ ᠪᠠᠨ ᠦᠯᠦ ᠮᠠᠷᠲᠠᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠰᠤᠭᠠᠢ᠃ ᠼᠦᠢ ᠶᠦᠩ  ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠲᠠᠪᠤᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠷᠤᠭᠰᠢᠯᠠᠯᠳᠠ ᠶᠢᠨ ᠪᠦᠷᠢᠶ᠎ᠡ ᠶᠢ ᠬᠠᠩᠭᠢᠨᠠᠭᠤᠯᠵᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠨᠠᠩ ᠪᠠᠲᠤ ᠴᠢᠩᠭ᠎ᠠ ᠢᠲᠡᠭᠡᠯ ᠵᠣᠷᠢᠭ ᠢᠶᠠᠷ ᠣᠳᠣᠬᠢᠴᠢᠯᠠᠭᠰᠠᠨ ᠬᠤᠲᠠ ᠪᠠᠯᠭᠠᠰᠤ ᠶᠢ ᠪᠥᠲᠥᠭᠡᠨ ᠪᠠᠶᠢᠭᠤᠯᠬᠤ ᠰᠢᠨ᠎ᠡ ᠠᠶᠠᠨ ᠳᠤ ᠢᠲᠡᠷᠡᠬᠦᠨ ᠠᠯᠬᠤᠭ᠎ᠠ ᠪᠠᠷ ᠤᠷᠤᠬᠰᠢᠯᠠᠨ᠎ᠠ ᠬᠡᠵᠦ ᠢᠯᠡᠷᠬᠡᠶᠢᠯᠡᠪᠡ᠃
 
ᠢᠷᠡᠯᠲᠡ᠄ ᠤᠯᠠᠭᠠᠨᠴᠠᠪ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2