︽ᠬᠤᠶᠠᠷ ᠬᠦᠷᠢᠶᠡᠯᠡᠩ ᠬᠤᠶᠠᠷ ᠳᠤᠭᠤᠷᠢᠬ︾ ᠢ ᠪᠦᠬᠦ ᠬᠦᠴᠦᠨ ᠢᠶᠠᠷ ᠴᠤᠬᠴᠠᠯᠠᠵᠤ ᠴᠢᠨᠠᠷ ᠰᠠᠶᠢᠳᠠᠢ ᠬᠦᠭᠵᠢᠯᠳᠡ ᠶᠢᠨ ᠰᠢᠨ᠎ᠠ ᠵᠠᠮ ᠢᠶᠠᠷ ᠰᠠᠶᠢᠳᠤᠷ ᠤᠷᠤᠬᠰᠢᠯᠠᠨᠠᠮ
ᠨᠡᠶᠢᠲᠡᠯᠡᠭᠰᠡᠨ ᠴᠠᠭ᠄
2021/11/18
  — ᠰᠢᠩ ᠾᠧ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠾᠦᠢ ᠢᠦᠢ ᠶᠢ ᠰᠤᠷᠪᠤᠯᠵᠢᠯᠠᠪᠠ   ︽ᠰᠢ ᠶᠢᠨ ᠫᠢᠩ ᠶᠡᠷᠦᠩᠭᠡᠢ ᠱᠦᠵᠢ ᠳᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠬᠳᠠᠬᠰᠠᠨ 100 ᠵᠢᠯ ᠤᠨ ᠤᠢ ᠶᠢ ᠪᠡᠯᠬᠡᠯᠡᠬᠦ ᠶᠡᠭᠡ ᠬᠤᠷᠠᠯ ᠳᠡᠭᠡᠷ᠎ᠠ ᠴᠢᠬᠤᠯᠠᠴᠢᠯᠠᠬᠰᠠᠨ ᠰᠢᠬ ᠠᠩᠬᠠᠨ ᠤ ᠵᠤᠷᠢᠯᠳᠠ ᠶᠢ ᠤᠯᠬᠤ ᠳᠤ ᠬᠢᠯᠪᠠᠷ ᠪᠤᠯᠪᠠᠴᠤ ᠰᠠᠬᠢᠬᠤ ᠳᠤ ᠪᠡᠷᠬᠡ ᠬᠡᠳᠡᠭᠴᠢᠯᠡᠨ ᠦᠨᠳᠦᠰᠦᠨ ᠱᠠᠳᠤᠨ ᠤ ᠨᠠᠮ ᠤᠨ ᠬᠡᠰᠢᠬᠦᠨ ᠤᠳᠤᠷᠢᠳᠬᠤ ᠺᠠᠳ᠋ᠷ ᠪᠤᠯᠤᠬᠰᠠᠨ ᠤ ᠬᠤᠪᠢ ᠳᠤ ᠠᠩᠬᠠᠨ ᠤ ᠵᠤᠷᠢᠯᠳᠠ ᠪᠤᠯᠤᠨ ᠡᠬᠦᠷᠭᠡ ᠬᠠᠷᠢᠭᠤᠴᠠᠯᠭ᠎ᠠ ᠪᠠᠨ ᠡᠷᠭᠡᠪᠰᠢ ᠰᠢᠭᠤᠷᠬᠠᠶᠢᠯᠠᠨ ᠤᠷᠤᠬᠰᠢᠯᠠᠬᠤ᠂ ᠨᠡᠭᠡᠭᠡᠯᠳᠡ ᠬᠢᠵᠤ ᠰᠢᠨ᠎ᠠ ᠶᠢ ᠡᠬᠦᠳᠬᠦ᠂ ᠦᠨᠡᠨ ᠢᠶᠠᠷ ᠠᠳᠬᠤᠵᠤ ᠪᠤᠳᠠᠳᠠᠢ ᠪᠠᠷ ᠠᠵᠢᠯᠯᠠᠬᠤ ᠵᠤᠷᠢᠬ ᠰᠠᠨᠠᠭᠠᠨ ᠤ ᠬᠦᠳᠡᠯᠭᠡᠭᠴᠢ ᠬᠦᠴᠦᠨ ᠪᠤᠯᠭᠠᠵᠤ᠂ ᠰᠢ ᠶᠢᠨ ᠫᠢᠩ ᠶᠡᠷᠦᠩᠭᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠬᠳᠠᠬᠰᠠᠨ 100 ᠵᠢᠯ ᠤᠨ ᠤᠢ ᠶᠢ ᠪᠡᠯᠬᠡᠯᠡᠬᠦ ᠶᠡᠭᠡ ᠬᠤᠷᠠᠯ ᠳᠡᠭᠡᠷ᠎ᠠ ᠬᠢᠭᠰᠡᠨ ᠴᠢᠬᠤᠯᠠ ᠶᠡᠷᠢᠶ᠎ᠠ ᠶᠢ ᠰᠤᠷᠤᠯᠴᠠᠬᠰᠠᠨ ᠦᠷ᠎ᠠ ᠪᠦᠳᠦᠭᠡᠯ ᠢᠶᠠᠨ ᠠᠩᠬᠠᠨ ᠤ ᠵᠤᠷᠢᠯᠳᠠ ᠪᠠᠨ ᠪᠠᠳᠤ ᠰᠠᠬᠢᠵᠤ᠂ ᠡᠬᠦᠷᠭᠡ ᠬᠠᠷᠢᠭᠤᠴᠠᠯᠭ᠎ᠠ ᠪᠠᠨ ᠡᠬᠦᠷᠬᠡᠯᠡᠬᠦ ᠪᠤᠳᠠᠳᠤ ᠠᠵᠢᠯᠯᠠᠭ᠎ᠠ ᠪᠤᠯᠭᠠᠨ ᠬᠤᠪᠢᠷᠠᠭᠤᠯᠤᠨ᠎ᠠ︾ ᠬᠡᠵᠤ ᠰᠢᠩ ᠾᠧ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠾᠦᠢ ᠢᠦᠢ ᠰᠤᠷᠪᠤᠯᠵᠢᠯᠠᠭ᠎ᠠ ᠬᠦᠯᠢᠶᠡᠬᠦ ᠳᠡᠭᠡᠨ ᠢᠯᠡᠷᠬᠡᠶᠢᠯᠡᠬᠦ ᠶᠢᠨ ᠳᠠᠭᠠᠤ ᠤᠳᠤᠬᠠᠨ ᠤ ᠪᠠ ᠬᠤᠶᠢᠰᠢᠳᠠ ᠶᠢᠨ ᠨᠢᠬᠡ ᠬᠤᠭᠤᠴᠠᠭᠠᠨ᠎ᠠ᠂ ᠪᠦᠬᠦ ᠰᠢᠶᠠᠨ ᠤ ᠡᠯ᠎ᠠ ᠦᠨᠳᠦᠰᠦᠳᠡᠨ ᠤ ᠺᠠᠳ᠋ᠷ ᠤᠯᠠᠨ ᠲᠦᠮᠡᠨ ᠢ ᠪᠦᠯᠬᠦᠮᠳᠡᠬᠦᠯᠦᠨ ᠳᠠᠭᠠᠭᠤᠯᠵᠤ᠂ ᠨᠠᠮ ᠪᠠᠶᠢᠭᠤᠯᠤᠬᠰᠠᠨ ᠠᠭᠤᠤ ᠶᠡᠭᠡ ᠵᠤᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠨᠠᠮ ᠪᠠᠶᠢᠭᠤᠯᠤᠬᠳᠠᠬᠰᠠᠨ 100 ᠵᠢᠯ ᠢᠶᠠᠷ ᠳᠡᠮᠡᠴᠡᠯ ᠤᠨ ᠡᠬᠢᠯᠡᠯᠳᠡ ᠶᠢᠨ ᠴᠡᠭ ᠪᠤᠯᠭᠠᠨ᠂ ︽ᠬᠤᠶᠠᠷ ᠬᠦᠷᠢᠶᠡᠯᠡᠩ ᠬᠤᠶᠠᠷ ᠳᠤᠭᠤᠷᠢᠬ︾ ᠤᠨ ᠪᠦᠳᠦᠭᠡᠨ ᠪᠠᠶᠢᠭᠤᠯᠤᠯᠳᠠ ᠶᠢ ᠪᠦᠬᠦ ᠬᠦᠴᠦ ᠪᠠᠷ ᠴᠤᠬᠴᠠᠯᠠᠵᠤ᠂ ᠠᠮᠢ ᠠᠬᠤᠢ ᠶᠢ ᠤᠷᠢᠳᠠᠪᠡᠷ ᠪᠤᠳᠤᠯᠬᠢᠯᠠᠨ ᠪᠤᠬᠢᠷᠳᠤᠯ ᠦᠬᠡᠢ ᠬᠦᠭᠵᠢᠯᠳᠡ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠠ ᠵᠠᠮ ᠢᠶᠠᠷ ᠡᠷᠡᠰ ᠭᠤᠶᠢᠪᠢᠰᠢ ᠦᠬᠡᠢ ᠪᠠᠷ ᠰᠠᠶᠢᠳᠤᠷ ᠤᠷᠤᠬᠰᠢᠯᠠᠨ᠎ᠠ ᠬᠡᠪᠡ᠃   ᠰᠢᠩ ᠾᠧ ᠰᠢᠶᠠᠨ ᠬᠡᠷᠬᠢᠨ ︽ᠬᠤᠶᠠᠷ ᠬᠦᠷᠢᠶᠡᠯᠡᠩ ᠬᠤᠶᠠᠷ ᠳᠤᠭᠤᠷᠢᠬ︾ ᠢ ᠪᠦᠬᠦ ᠬᠦᠴᠦ ᠪᠠᠷ ᠴᠤᠬᠴᠠᠯᠠᠬᠤ ᠳᠤᠬᠠᠢ ᠸᠠᠩ ᠾᠦᠢ ᠢᠦᠢ ᠰᠤᠷᠪᠤᠯᠵᠢᠯᠠᠬᠴᠢ ᠳᠤ ᠨᠠᠷᠢᠨ ᠳᠠᠶᠢᠯᠪᠤᠷᠢᠯᠠᠪᠠ᠃   ︽ᠳᠤᠮᠤ ᠢᠳᠡᠰᠢᠨ ᠨᠤᠭᠤᠭᠠᠨ︾ ᠤ ᠬᠦᠷᠢᠶᠡᠯᠡᠩ ᠢ ᠪᠦᠬᠦ ᠬᠦᠴᠦ ᠪᠠᠷ ᠴᠤᠬᠴᠠᠯᠠᠨ᠎ᠠ᠃ ᠰᠢᠩ ᠾᠧ ᠰᠢᠶᠠᠨ ᠤ ᠦᠪᠡᠷᠮᠢᠴᠡ ᠤᠷᠤᠨ ᠪᠠᠶᠢᠷᠢᠰᠢᠯ᠂ ᠵᠠᠮ ᠬᠠᠷᠢᠯᠴᠠᠭ᠎ᠠ᠂ ᠬᠦᠷᠦᠰᠦ ᠰᠢᠷᠦᠢ᠂ ᠤᠰᠤᠨ ᠤ ᠴᠢᠨᠠᠷ᠂ ᠴᠠᠬ ᠠᠭᠤᠷ ᠵᠡᠷᠬᠡ ᠳᠠᠪᠠᠭᠤᠯᠢᠬ ᠲᠠᠭᠠᠨ ᠲᠦᠰᠢᠭᠯᠡᠵᠤ᠂  ᠪᠡᠬᠡᠵᠢᠩ ᠤᠨ ᠳᠡᠭᠡᠳᠦ ᠳᠡᠰ ᠤᠨ ᠵᠠᠬ᠎ᠠ ᠳᠡᠯᠬᠡᠬᠦᠷ ᠲᠠᠢ ᠤᠨᠤᠴᠠᠳᠠᠢ ᠪᠠᠷ ᠵᠤᠯᠭᠠᠯᠴᠠᠭᠤᠯᠵᠤ᠂ ᠤᠨᠴᠠᠯᠢᠬᠳᠤ ᠬᠦᠢᠳᠡᠨ ᠰᠡᠷᠢᠬᠦᠨ ᠢᠳᠡᠰᠢᠨ ᠨᠤᠭᠤᠭ᠎ᠠ ᠳᠠᠷᠢᠵᠤ᠂ ᠪᠤᠯᠪᠠᠰᠤᠷᠠᠭᠤᠯᠤᠨ᠂ ᠬᠦᠮᠦᠷᠬᠡᠯᠡᠡ ᠬᠠᠳᠠᠭᠠᠯᠠᠬᠤ ᠪᠠ ᠬᠦᠢᠳᠡᠨ ᠰᠡᠷᠢᠬᠦᠨ ᠢᠳᠡᠰᠢᠨ ᠨᠤᠭᠤᠭᠠᠨ ᠤ ᠪᠠᠷᠠᠭ᠎ᠠ ᠬᠦᠢᠯᠬᠡᠬᠡᠨ ᠢ ᠶᠡᠭᠡ ᠬᠦᠴᠦ ᠪᠠᠷ ᠬᠦᠭᠵᠢᠬᠦᠯᠵᠤ᠂ ᠳᠤᠯᠤᠭᠠᠶᠢᠯᠠᠬᠴᠢ ᠠᠵᠤ ᠠᠬᠤᠶᠢᠯᠠᠯ ᠢ ᠤᠷᠢᠨ ᠤᠷᠤᠭᠤᠯᠵᠤ᠂ ᠵᠠᠭᠤᠴᠢᠯᠠᠬᠴᠢ ᠶᠢᠨ ᠵᠤᠬᠢᠶᠠᠨ ᠪᠠᠶᠢᠭᠤᠯᠤᠯᠳᠠ ᠶᠢ ᠪᠤᠶᠢᠵᠢᠭᠤᠯᠤᠨ᠂ ᠵᠠᠬᠢᠶᠠᠯᠠᠭ᠎ᠠ ᠶᠢᠨ ᠳᠠᠷᠢᠮᠠᠯ ᠢ ᠬᠦᠭᠵᠢᠬᠦᠯᠵᠤ᠂ ︽ᠲᠦᠪ ᠦᠢᠯᠡᠳᠭᠦᠢ︾ ᠶᠢ ᠪᠠᠶᠢᠭᠤᠯᠵᠤ᠂ ᠳᠠᠷᠢᠶᠠᠨ ᠭᠠᠵᠠᠷ ᠠᠴᠠ ᠬᠤᠭᠤᠯᠠᠨ ᠰᠢᠷᠡᠭᠡ ᠬᠦᠷᠳᠡᠯᠡᠬᠢ ᠪᠤᠬᠢᠷᠳᠤᠯ ᠦᠬᠡᠢ ᠤᠷᠭᠠᠨᠢᠭ ᠢᠳᠡᠰᠢᠨ ᠨᠤᠭᠤᠭᠠᠨ ᠤ ᠪᠦᠬᠦ ᠠᠵᠤ ᠦᠢᠯᠡᠰ ᠤᠨ ᠬᠡᠯᠬᠢᠶᠡᠰᠦ ᠶᠢ ᠳᠡᠬᠦᠯᠳᠡᠷᠵᠢᠬᠦᠯᠦᠨ᠎ᠠ᠃   ᠨᠡᠶᠢᠰᠯᠡᠯ ᠳᠤ ᠬᠠᠨᠳᠤᠭᠤᠯᠤᠬᠰᠠᠨ ︽ᠬᠤᠶᠢᠳᠤ ᠴᠡᠴᠡᠷᠯᠢᠭ︾ ᠢ ᠪᠦᠬᠦ ᠬᠦᠴᠦ ᠪᠠᠷ ᠴᠤᠬᠴᠠᠯᠠᠨ᠎ᠠ᠃ ᠰᠢᠩ ᠾᠧ ᠶᠢᠨ ᠭᠤᠶᠢᠳᠠ ᠰᠠᠶᠢᠬᠠᠨ ᠪᠠᠶᠢᠭᠠᠯᠢ ᠶᠢᠨ ᠠᠮᠢ ᠠᠬᠤᠢ ᠬᠢᠭᠡᠳ ᠳᠠᠪᠠᠭᠤᠯᠢᠬ ᠵᠠᠮ ᠬᠠᠷᠢᠯᠴᠠᠭᠠᠨ ᠤ ᠤᠷᠤᠨ ᠪᠠᠶᠢᠷᠢᠰᠢᠯ ᠳᠤ ᠰᠠᠭᠤᠷᠢᠯᠠᠵᠤ᠂ 2022 ᠤᠨ ᠤ ᠪᠡᠬᠡᠵᠢᠩ ᠤᠨ ᠡᠪᠤᠯ ᠤᠨ ᠤᠯᠠᠷᠢᠯ ᠤᠨ ᠤᠯᠢᠮᠫᠢᠺ ᠤᠨ ᠴᠤᠬᠯᠠᠭᠠᠨ ᠡᠷᠬᠢᠯᠡᠬᠦ ᠯᠤᠳᠤ ᠶᠡᠭᠡ ᠵᠠᠬ᠎ᠠ ᠳᠡᠯᠬᠡᠬᠦᠷ ᠤᠨ ᠠᠵᠠ ᠳᠤᠬᠢᠶᠠᠯ ᠢ ᠵᠠᠪᠳᠤᠨ ᠠᠳᠬᠤᠵᠤ᠂ ᠰᠤᠮᠤᠨ ᠠᠭᠤᠯᠠ᠂ ᠴᠠᠷ᠎ᠠ ᠨᠠᠭᠤᠷ᠂ ᠳᠠᠯᠠᠨ ᠬᠠᠷ᠎ᠠ ᠠᠭᠤᠯᠠ᠂ ᠯᠤᠤ ᠯᠢ ᠬᠠᠢ ᠠᠮᠢ ᠠᠬᠤᠢ ᠶᠢᠨ ᠬᠦᠷᠢᠶᠡᠯᠡᠩ᠂ ᠳᠤᠤ ᠵᠢᠦ ᠬᠤᠸᠠ ᠯᠢᠩ᠂ ᠴᠢ ᠵᠢᠶᠠ ᠶᠢᠩ ᠴᠦᠬᠦᠷᠦᠮ ᠵᠡᠷᠬᠡ ᠠᠮᠢ ᠠᠬᠤᠢ ᠶᠢᠨ ᠵᠤᠭᠠᠴᠠᠯ ᠤᠨ ᠡᠬᠢ ᠰᠤᠷᠪᠤᠯᠵᠢ ᠪᠤᠯᠤᠨ ᠳ᠋ᠠ ᠨᠠᠨ ᠱᠠᠨ ᠠᠭᠤᠯᠠ ᠶᠢᠨ ᠬᠤᠪᠢᠰᠬᠠᠯᠳᠤ ᠰᠤᠶᠤᠯ ᠬᠦᠮᠦᠵᠢᠯ ᠤᠨ ᠰᠠᠭᠤᠷᠢᠨ ᠤ ᠬᠤᠪᠢᠰᠬᠠᠯᠳᠤ ᠵᠤᠭᠠᠴᠠᠯ ᠤᠨ ᠡᠬᠢ ᠰᠤᠷᠪᠤᠯᠵᠢ ᠳᠤ ᠲᠦᠰᠢᠭᠯᠡᠵᠤ᠂ ᠯᠦ ᠵᠢᠶᠠ ᠶᠢᠩ ᠤᠨ ᠪᠦᠬᠦ ᠤᠯᠤᠰ ᠤᠨ ᠬᠦᠳᠡᠭᠡ ᠳᠤᠰᠬᠤᠨ ᠤ ᠵᠤᠭᠠᠴᠠᠯ ᠤᠨ ᠭᠤᠤᠯᠳᠠᠯᠭ᠎ᠠ ᠲᠠᠢ ᠳᠤᠰᠬᠤᠨ ᠤ ᠪᠦᠳᠦᠭᠡᠨ ᠪᠠᠶᠢᠭᠤᠯᠤᠯᠳᠠ ᠪᠠᠷ ᠤᠳᠤᠷᠢᠳᠤᠭᠤᠯᠵᠤ᠂ ᠤᠨᠴᠠᠯᠢᠬᠳᠤ ᠵᠢᠵᠢᠭ ᠪᠠᠯᠭᠠᠰᠤ᠂ ᠴᠡᠴᠡᠭ ᠤᠨ ᠳᠠᠯᠠᠢ ᠤᠯᠠᠭ᠎ᠠ ᠦᠷᠳᠡᠭᠡ ᠪᠤᠯᠤᠨ ᠦᠪᠡᠷᠳᠡᠭᠡᠨ ᠳᠡᠷᠬᠡ ᠵᠢᠯᠤᠭᠤᠳᠴᠤ ᠵᠤᠭᠠᠴᠠᠬᠤ ᠵᠤᠰᠠᠭᠠᠯ ᠤᠨ ᠭᠠᠵᠠᠷ ᠢ ᠵᠦᠢ ᠵᠤᠬᠢᠰᠳᠠᠢ ᠪᠠᠶᠢᠷᠢᠰᠢᠭᠤᠯᠵᠤ᠂ ᠰᠤᠶᠤᠯ ᠵᠤᠭᠠᠴᠠᠯ ᠡᠷᠡᠬᠦᠯᠵᠢᠯ ᠰᠤᠪᠢᠯᠠᠯ ᠤᠨ ᠠᠵᠤ ᠦᠢᠯᠡᠰ ᠢ ᠲᠦᠷᠭᠡᠳᠭᠡᠨ ᠬᠦᠭᠵᠢᠬᠦᠯᠵᠤ᠂ ᠪᠡᠬᠡᠵᠢᠩ ᠤᠨ ᠳᠡᠬᠦᠷᠭᠡ ᠳᠠᠬᠢ ᠴᠤᠯ ᠪᠠᠶᠢᠭᠠᠯᠢᠯᠢᠬ ᠰᠡᠯᠡᠬᠦᠴᠡᠯ ᠵᠤᠭᠠᠴᠠᠯ ᠤᠨ ᠤᠷᠤᠨ ᠪᠤᠯᠭᠠᠨ ᠴᠤᠬᠴᠠᠯᠠᠨ᠎ᠠ᠃   ᠰᠢᠨ᠎ᠠ ᠡᠨᠧᠷᠬᠢ ᠰᠢᠨ᠎ᠠ ᠮᠠᠲ᠋ᠧᠷᠢᠶᠠᠯ ᠤᠨ ᠠᠵᠤ ᠦᠢᠯᠡᠰ ᠤᠨ ︽ᠲᠦᠪᠯᠡᠷᠡᠭᠰᠡᠨ ᠳᠤᠭᠤᠷᠢᠬ︾ ᠢ ᠪᠦᠬᠦ ᠬᠦᠴᠦ ᠪᠠᠷ ᠴᠤᠬᠴᠠᠯᠠᠨ᠎ᠠ᠃ ᠪᠡᠬᠡᠵᠢᠩ ᠦᠪᠦᠷ ᠮᠤᠩᠭᠤᠯ ᠤᠨ ᠬᠠᠮᠵᠢᠯᠴᠠᠭᠠᠨ ᠢ ᠬᠦᠢᠴᠡᠳ ᠠᠰᠢᠬᠯᠠᠵᠤ᠂ ᠨᠡᠶᠢᠰᠯᠡᠯ ᠤᠨ ᠪᠤᠰᠤ ᠴᠢᠳᠠᠪᠬᠢ ᠶᠢ ᠳᠠᠷᠬᠠᠭᠠᠬᠤ ᠠᠵᠤ ᠦᠢᠯᠡᠰ ᠤᠨ ᠰᠢᠯᠵᠢᠯᠳᠡ ᠲᠠᠢ ᠢᠳᠡᠪᠬᠢᠳᠠᠢ ᠵᠤᠯᠭᠠᠭᠤᠯᠵᠤ᠂ ᠰᠠᠯᠬᠢᠨ ᠬᠡᠷᠡᠯ ᠤᠰᠤᠳᠦ᠋ᠷᠦᠭᠴᠢ ᠬᠡᠢ ᠶᠢᠨ ᠠᠵᠤ ᠦᠢᠯᠡᠰ ᠵᠢᠴᠢ ᠰᠢᠨ᠎ᠠ ᠡᠨᠧᠷᠬᠢ ᠶᠢᠨ ᠳ᠋ᠢᠶᠠᠨ ‍ᠤᠤᠢ᠂ ᠦᠨᠳᠦᠷ ᠳᠡᠰᠵᠢᠯ ᠤᠨ ᠱᠠᠭᠠᠵᠠᠩ ᠤᠨ ᠠᠵᠤ ᠦᠢᠯᠡᠰ ᠢ ᠶᠡᠭᠡ ᠬᠦᠴᠦ ᠪᠠᠷ ᠬᠦᠭᠵᠢᠬᠦᠯᠵᠤ᠂ ᠭᠤᠸᠠᠩ ᠬᠤᠸᠠ ᠵᠢᠩ ᠰᠢᠩ ᠰᠢᠨ᠎ᠠ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠰᠢᠨ᠎ᠠ ᠡᠨᠧᠷᠬᠢ ᠰᠢᠨ᠎ᠠ ᠮᠠᠲ᠋ᠧᠷᠢᠶᠠᠯ ᠢᠶᠠᠷ ᠭᠤᠤᠯᠯᠠᠭᠤᠯᠤᠬᠰᠠᠨ ᠪᠤᠬᠢᠷᠳᠤᠯ ᠦᠬᠡᠢ ᠬᠦᠭᠵᠢᠯᠳᠡ ᠶᠢᠨ ᠠᠵᠤ ᠦᠢᠯᠡᠰ ᠤᠨ ᠰᠢᠰᠲ᠋ᠧᠮ ᠢ ᠴᠤᠬᠴᠠᠯᠠᠨ᠎ᠠ᠃   ᠤᠳᠤ ᠦᠶ᠎ᠠ ᠶᠢᠨ ᠪᠠᠷᠠᠭ᠎ᠠ ᠬᠦᠢᠯᠬᠡᠬᠡᠨ ᠤ ᠠᠵᠤ ᠦᠢᠯᠡᠰ ᠤᠨ ︽ᠬᠦᠯᠢᠶᠡᠨ ᠠᠪᠬᠤ ᠳᠤᠭᠤᠷᠢᠬ︾ ᠢ ᠪᠦᠬᠦ ᠬᠦᠴᠦ ᠪᠠᠷ ᠴᠤᠬᠴᠠᠯᠠᠨ᠎ᠠ᠃ ᠤᠯᠠᠭᠠᠨᠴᠠᠪ — ᠡᠷᠢᠶᠡᠨ ᠬᠤᠳᠠ ᠶᠢᠨ ᠤᠯᠤᠰ ᠤᠨ ᠪᠠᠷᠠᠭ᠎ᠠ ᠬᠦᠢᠯᠬᠡᠬᠡᠨ ᠤ ᠬᠦᠢᠰᠦ ᠶᠢ ᠪᠠᠶᠢᠭᠤᠯᠬᠤ ᠪᠠ ᠪᠤᠭᠤᠮᠳᠠ ᠳᠤᠳᠤᠷ ᠭᠠᠵᠠᠷ ᠢ ᠨᠢᠬᠡ ᠴᠤᠬᠴᠠᠵᠢᠭᠤᠯᠤᠨ ᠬᠦᠭᠵᠢᠬᠦᠯᠬᠦ ᠠᠵᠠ ᠳᠤᠬᠢᠶᠠᠯ ᠳᠤ ᠲᠦᠰᠢᠭᠯᠡᠵᠤ᠂ ᠶᠡᠷᠦᠩᠭᠡᠶᠢᠯᠡᠭᠰᠡᠨ ᠪᠠᠷᠠᠭ᠎ᠠ ᠬᠦᠢᠯᠬᠡᠬᠡᠨ ᠤ ᠬᠦᠷᠢᠶᠡᠯᠡᠩ ᠤᠨ ᠴᠢᠳᠠᠪᠬᠢ ᠶᠢᠨ ᠪᠠᠶᠢᠷᠢ ᠳᠤᠬᠳᠠᠭᠠᠯᠳᠠ ᠪᠤᠯᠤᠨ ᠰᠠᠭᠤᠷᠢ ᠲᠦᠬᠦᠭᠡᠷᠦᠮᠵᠢ ᠶᠢ ᠤᠯᠠᠮ ᠨᠢᠬᠡ ᠠᠯᠬᠤᠮ ᠳᠡᠬᠦᠯᠳᠡᠷᠵᠢᠬᠦᠯᠵᠤ᠂ ᠠᠵᠤ ᠦᠢᠯᠡᠰ ᠤᠨ ᠲᠦᠷᠦᠯ ᠵᠦᠢᠯ ᠤᠨ ᠪᠠᠶᠢᠷᠢᠰᠢᠭᠤᠯᠤᠯᠳᠠ ᠶᠢ ᠰᠢᠯᠢᠳᠡᠭᠵᠢᠬᠦᠯᠵᠤ᠂ ᠬᠦᠷᠢᠶᠡᠯᠡᠩ ᠢ ᠳᠤᠮᠳᠠᠳᠤ ᠤᠷᠤᠰ ᠮᠤᠩᠭᠤᠯ ᠤᠯᠤᠰ ᠲᠤ ᠬᠠᠨᠳᠤᠭᠤᠯᠤᠬᠰᠠᠨ᠂ ᠪᠡᠬᠡᠵᠢᠩ ᠳᠢᠶᠠᠨᠵᠢᠨ ᠾᠧᠪᠸᠢ ᠪᠤᠯᠤᠨ ᠬᠦᠬᠡᠬᠤᠳᠠ ᠪᠤᠭᠤᠳᠤ ᠤᠷᠳᠤᠰ ᠤᠯᠠᠭᠠᠨᠴᠠᠪ ᠲᠤ ᠦᠢᠯᠡᠴᠢᠯᠡᠬᠦ ᠤᠳᠤ ᠦᠶ᠎ᠠ ᠶᠢᠨ ᠪᠠᠷᠠᠭ᠎ᠠ ᠬᠦᠢᠯᠭᠡᠭᠡᠨ ᠤ ᠠᠵᠤ ᠦᠢᠯᠡᠰ ᠤᠨ ︽ᠬᠦᠯᠢᠶᠡᠨ ᠠᠪᠬᠤ ᠳᠤᠭᠤᠷᠢᠬ︾ ᠪᠤᠯᠭᠠᠨ ᠬᠦᠭᠵᠢᠬᠦᠯᠦᠨ᠎ᠠ᠃   ᠰᠢᠨ᠎ᠠ ᠠᠶᠠᠯᠠᠯ ᠨᠢᠬᠡᠨᠳᠡ ᠡᠬᠢᠯᠡᠵᠤ᠂ ᠠᠭᠤᠤ ᠶᠡᠭᠡ ᠦᠢᠯᠡᠰ ᠬᠦᠮᠦᠰ ᠤᠨ ᠡᠷᠡᠮᠡᠭᠡᠶᠢᠯᠡᠨ ᠤᠷᠤᠬᠰᠢᠯᠠᠬᠤ ᠤᠷᠮ᠎ᠠ ᠶᠢ ᠬᠦᠭᠵᠢᠬᠡᠯ᠎ᠠ᠃ ᠸᠠᠩ ᠾᠦᠢ ᠢᠦᠢ᠂ ᠳᠡᠤᠭᠡ ᠶᠢᠨ ᠰᠢᠨ᠎ᠠ ᠡᠬᠢᠯᠡᠯᠳᠡ ᠶᠢᠨ ᠴᠡᠭ ᠳᠡᠭᠡᠷ᠎ᠠ ᠵᠤᠬᠰᠤᠵᠤ᠂ ᠰᠢᠩ ᠾᠧ ᠰᠢᠶᠠᠨ ᠨᠢ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶᠠᠨ ᠤ ᠳᠤᠭᠤᠷᠢᠨ ᠳᠤ ᠨᠡᠩ ᠨᠢᠬᠳᠠᠷᠠᠨ ᠪᠦᠯᠬᠦᠮᠳᠡᠵᠤ᠂ ᠠᠩᠬᠠᠨ ᠤ ᠵᠤᠷᠢᠯᠳᠠ ᠪᠠᠨ ᠤᠮᠠᠷᠳᠠᠯ ᠦᠬᠡᠢ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠤ᠂ ᠨᠢᠬᠡ ᠰᠡᠳᠬᠢᠯ ᠨᠢᠬᠡ ᠵᠤᠷᠢᠬ ᠢᠶᠠᠷ ᠡᠷᠡᠮᠡᠬᠡᠶᠢᠯᠡᠨ ᠤᠷᠤᠬᠰᠢᠯᠠᠵᠤ᠂ ᠨᠡᠩ ᠴᠢᠩᠭ᠎ᠠ ᠢᠳᠡᠭᠡᠯ ᠪᠢᠰᠢᠷᠠᠯ᠂ ᠨᠡᠩ ᠤᠷᠬᠢᠯᠤᠮ᠎ᠠ ᠬᠠᠯᠠᠭᠤᠨ ᠰᠡᠳᠬᠢᠯᠬᠡ᠂ ᠨᠡᠩ ᠤᠷᠬᠢᠯᠤᠮ᠎ᠠ ᠳᠡᠮᠡᠴᠡᠯ ᠤᠨ ᠡᠷᠴᠢ ᠵᠤᠷᠢᠬ ᠢᠶᠠᠷ ᠰᠢᠨ᠎ᠠ ᠬᠦᠭᠵᠢᠯᠳᠡ ᠶᠢᠨ ᠱᠠᠳᠤ ᠦᠶ᠎ᠠ ᠶᠢ ᠵᠦᠪ ᠤᠨᠤᠪᠴᠢᠳᠠᠢ ᠡᠵᠡᠮᠰᠢᠵᠤ᠂ ᠰᠢᠨ᠎ᠠ ᠬᠦᠭᠵᠢᠯᠳᠡ ᠶᠢᠨ ᠤᠶᠢᠯᠠᠭᠠᠬᠳᠠᠬᠤᠨ ᠢ ᠬᠦᠨᠵᠡᠬᠡᠢ ᠳᠤᠭᠤᠰᠢᠯᠠᠭᠤᠯᠵᠤ᠂ ᠰᠢᠨ᠎ᠠ ᠬᠦᠭᠵᠢᠯᠳᠡ ᠶᠢᠨ ᠵᠠᠬᠪᠤᠷ ᠲᠤ ᠠᠭᠤᠰᠤᠯᠴᠠᠬᠤ ᠶᠢ ᠲᠦᠷᠭᠡᠳᠭᠡᠵᠤ᠂ ᠰᠢᠩ ᠾᠧ ᠰᠢᠶᠠᠨ ᠤ ᠰᠢᠨ᠎ᠠ ᠴᠠᠬ ᠦᠶ᠎ᠠ ᠶᠢᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠠ ᠬᠠᠭᠤᠳᠠᠰᠤ ᠶᠢ ᠴᠢᠷᠮᠠᠶᠢᠨ ᠪᠢᠴᠢᠭᠯᠡᠨ᠎ᠠ ᠬᠡᠵᠤ ᠢᠯᠡᠷᠬᠡᠶᠢᠯᠡᠪᠡ᠃
 
ᠢᠷᠡᠯᠲᠡ᠄ ᠤᠯᠠᠭᠠᠨᠴᠠᠪ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2