ᠣᠶᠢᠷ᠎ᠠ ᠳᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ︽2021 ᠣᠨ ᠤ | ᠤᠯᠠᠭᠠᠨᠴᠠᠪ ᠬᠤᠲᠠ ᠶᠢᠨ ᠬᠠᠭᠤᠷᠠᠶ ᠪᠠᠷ ᠳᠠᠷᠢᠬᠤ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢᠨ | ᠬᠡᠷᠡᠭᠵᠢᠭᠦᠯᠬᠦ ᠲᠥᠰᠦᠯ︾ ︵ᠤᠯᠠᠭᠠᠨᠴᠠᠪ ᠵᠠᠰᠠᠭ ᠠᠯᠪᠠᠨ ᠥᠰᠥᠭ ︹ 2021 ︺16 ᠳ᠋ᠤᠭᠠᠷ ᠲᠣᠭᠠᠲᠤ︶᠂ | ︵ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠡᠳᠦᠭᠡ ᠬᠤᠯᠪᠣᠭᠳᠠᠯ ᠪᠥᠬᠦᠶ | ᠠᠭᠤᠯᠭ᠎ᠠ ᠶᠢᠨ ᠲᠤᠬᠠᠶ ᠳᠣᠤᠷᠠᠬᠢ ᠮᠡᠲᠦ ᠲᠠᠶᠢᠯᠤᠮᠵᠢ ᠬᠢᠶ᠎ᠡ᠄ | ᠨᠢᠭᠡ᠂ ᠲᠣᠭᠲᠠᠭᠠᠭᠰᠠᠨ ᠠᠬᠤᠶ ᠪᠠᠶᠢᠳᠠᠯ | 2019 ᠣᠨ ᠤ 2 ᠰᠠᠷ᠎ᠠ ᠳᠤ᠂ ᠶᠡᠷᠦᠩᠬᠡᠢ ᠰᠠᠶᠢᠳ ᠯᠢ ᠺᠧ ᠴᠢᠶᠠᠩ ᠮᠠᠨ ᠤ ᠬᠤᠳᠠ ᠳᠤ ᠰᠢᠨᠵᠢᠯᠡᠨ | ᠪᠠᠶᠢᠴᠠᠭᠠᠬᠤ ᠳᠠᠭᠠᠨ᠂ ᠮᠠᠨ ᠤ ᠬᠤᠳᠠ ᠶᠢᠨ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠳᠤ ᠴᠢᠬᠤᠯᠠ | ᠵᠢᠭᠠᠪᠤᠷᠢ ᠥᠭᠴᠦ᠂ ᠲᠠᠷᠢᠶᠠᠴᠢᠳ ᠤᠨ ᠴᠢᠨᠠᠷ ᠰᠠᠶᠢᠲᠠᠢ᠂ ᠳᠠᠪᠠᠭᠤᠯᠢᠭ ᠲᠠᠯ᠎ᠠ ᠲᠠᠢ ᠲᠥᠮᠥᠰᠥ ᠲᠠᠷᠢᠬᠤ ᠪᠠᠨ | ᠥᠷᠭᠡᠳᠬᠡᠬᠦ ᠶᠢ ᠲᠡᠮᠵᠢᠵᠤ᠂ ᠲᠥᠮᠥᠰᠥ ᠪᠠᠨ ᠲᠤᠮᠤ ᠠᠵᠤ ᠦᠢᠯᠡᠰ ᠪᠣᠯᠭᠠᠨ ᠬᠥᠭᠵᠢᠭᠦᠯᠵᠦ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ ᠶᠡᠷᠦᠩᠬᠡᠢ | ᠰᠠᠶᠢᠳ ᠯᠢ ᠺᠧ ᠴᠢᠶᠠᠩ ᠤᠨ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠨ ᠤ ᠬᠤᠳᠠ 2019 ᠣᠨ᠂ 2020 ᠣᠨ ᠳᠤ ᠬᠤᠶᠠᠷ ᠵᠢᠯ | ᠳᠠᠷᠠᠭᠠᠯᠠᠨ ᠲᠥᠮᠥᠰᠥ ᠶᠢᠨ ᠦᠷ᠎ᠡ ᠶᠢᠨ ᠲᠥᠮᠥᠰᠥ᠂ ᠰᠠᠶᠢᠨ ᠦᠷᠡᠵᠢᠯ ᠤᠨ ᠰᠢᠰᠲ᠋ᠧᠮ ᠤᠨ ᠪᠠᠶᠢᠭᠤᠯᠤᠯᠲᠠ ᠪᠣᠯᠤᠨ | ᠥᠨᠳᠥᠷ ᠪᠠᠷᠢᠮᠵᠢᠶᠠᠲᠤ ᠬᠥᠮᠥᠷᠭᠡ ᠶᠢᠨ ᠨᠥᠬᠦᠪᠥᠷᠢ ᠶᠢᠨ ᠲᠥᠰᠦᠯ ᠢ ᠨᠡᠶᠢᠲᠡᠯᠡᠵᠦ᠂ ᠮᠠᠨ ᠤ ᠬᠤᠳᠠ ᠶᠢᠨ | ᠲᠥᠮᠥᠰᠥ ᠶᠢᠨ ᠠᠵᠤ ᠦᠢᠯᠡᠰ ᠤᠨ ᠲᠦᠷᠭᠡᠨ ᠬᠥᠭᠵᠢᠯᠲᠡ ᠶᠢ ᠪᠦᠲᠦᠮᠵᠢᠲᠡᠢ ᠠᠬᠢᠭᠤᠯᠵᠠᠢ᠃ ᠮᠠᠨ ᠤ ᠬᠤᠲᠠ ᠶᠢᠨ | ᠤᠰᠤᠨ ᠤ ᠡᠬᠢ ᠪᠠᠶᠠᠯᠢᠭ ᠬᠦᠨᠳᠦ ᠨᠣᠴᠢᠲᠠᠶ ᠳᠤᠲᠠᠭᠳᠠᠵᠤ ᠪᠠᠶᠢᠭ᠎ᠠ ᠣᠳᠣᠬᠢ ᠪᠠᠶᠢᠳᠠᠯ ᠢ ᠦᠨᠳᠦᠰᠦᠯᠡᠪᠡᠯ᠂ | ᠤᠰᠤᠨ ᠲᠠᠷᠢᠮᠠᠯ ᠢ ᠬᠠᠭᠤᠷᠠᠢ ᠲᠠᠷᠢᠮᠠᠯ ᠪᠣᠯᠭᠠᠨ ᠥᠭᠡᠷᠡᠴᠢᠯᠡᠬᠦ ᠳᠠᠷᠤᠯᠲᠠ ᠳᠤ ᠲᠤᠯᠭᠠᠷᠠᠵᠤ᠂ ᠲᠠᠷᠢᠮᠠᠯ ᠤᠨ | ᠬᠠᠭᠤᠷᠠᠢ ᠪᠠᠷ ᠲᠠᠷᠢᠬᠤ ᠲᠠᠯᠠᠪᠠᠢ ᠵᠢᠯ ᠳᠠᠷᠠᠭᠠᠯᠠᠨ ᠨᠡᠮᠡᠭᠳᠡᠵᠦ ᠪᠠᠶᠢᠨ᠎ᠠ᠂ ᠣᠳᠣᠬᠠᠨ ᠳᠤ᠂ ᠬᠠᠭᠤᠷᠠᠢ ᠲᠠᠷᠢᠶᠠᠨ ᠤ | ᠲᠠᠯᠠᠪᠠᠢ ᠨᠢ ᠶᠡᠷᠦᠩᠬᠡᠶ ᠲᠠᠷᠢᠶᠠᠨ ᠭᠠᠵᠠᠷ ᠤᠨ ᠲᠠᠯᠠᠪᠠᠢ ᠶᠢᠨ 80% ᠠᠴᠠ ᠳᠡᠭᠡᠭᠰᠢᠬᠢ ᠶᠢ ᠡᠵᠡᠯᠡᠵᠦ ᠪᠠᠶᠢᠨ᠎ᠠ᠂ | ᠡᠶᠢᠮᠦ ᠠᠴᠠ ᠬᠠᠭᠤᠷᠠᠶᠢᠯᠠᠭ ᠲᠠᠷᠢᠶᠠᠯᠠᠩ ᠢ ᠬᠥᠭᠵᠢᠭᠦᠯᠬᠦ ᠪᠣᠯ ᠪᠢᠳᠡᠨ ᠤ ᠪᠠᠶᠢᠭᠠᠯᠢ ᠶᠢ ᠳᠠᠭᠠᠬᠤ ᠪᠠ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠦᠢᠯᠡᠳᠦᠯᠭᠡᠵᠢᠭᠦᠯᠬᠦ ᠶᠢᠨ ᠵᠠᠶᠢᠯᠠᠰᠢ ᠦᠭᠡᠢ ᠬᠠᠨᠳᠤᠰᠢ ᠮᠥᠨ᠃ | 2021 ᠣᠨ ᠳᠤ᠂ ᠮᠠᠨ ᠤ ᠬᠤᠲᠠ ᠶᠢᠨ ᠬᠠᠭᠤᠷᠠᠶ ᠪᠠᠷ ᠳᠠᠷᠢᠬᠤ ᠲᠥᠮᠥᠰᠥ ᠶᠢᠨ ᠬᠥᠭᠵᠢᠯᠲᠡ ᠶᠢᠨ ᠳᠠᠯᠳᠠ | ᠬᠦᠴᠦᠨ ᠢ ᠭᠦᠢᠴᠡᠳ ᠠᠭᠤᠳᠠᠯᠵᠤ᠂ ᠮᠠᠨ ᠤ ᠬᠤᠲᠠ ᠶᠢᠨ ᠲᠥᠮᠥᠰᠥ ᠶᠢᠨ ᠠᠵᠤ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ ᠣᠨᠴᠠᠭᠠᠶᠢᠯᠠᠨ ᠲᠣᠰ ᠲᠥᠰᠦᠯ ᠢ ᠲᠣᠭᠲᠠᠭᠠᠪᠠ᠃ | ᠬᠤᠶᠠᠷ᠂ ᠲᠣᠭᠲᠠᠭᠠᠬᠤ ᠦᠨᠳᠦᠰᠦᠯᠡᠯ | 2020 ᠣᠨ ᠤ 10 ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ︽ᠲᠥᠮᠥᠰᠥᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ︹2020︺35 ᠳ᠋ᠤᠭᠠᠷ | ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ | ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢ ᠤᠷᠢᠳ ᠢᠶᠠᠷ | ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ | ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠵᠦ᠂ ᠲᠥᠮᠥᠰᠥ ᠶᠢᠨ ᠳᠠᠪᠠᠭᠤᠯᠢᠭ ᠤᠨᠴᠠᠯᠢᠭᠳᠤ ᠠᠵᠤ ᠦᠢᠯᠡᠰ ᠤᠨ ᠪᠦᠰᠡ ᠶᠢᠨ | ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠲᠤᠰᠬᠠᠶᠢᠵᠢᠭᠰᠠᠨ ᠬᠡᠪᠴᠢᠶᠡᠵᠢᠭᠰᠡᠨ ᠠᠵᠤ ᠦᠢᠯᠡᠰ ᠤᠨ ᠪᠥᠭᠡᠮᠨᠡᠷᠡᠯ ᠢ | ᠪᠣᠶ ᠪᠣᠯᠭᠠᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ | ᠠᠬᠢᠭᠤᠯᠬᠤ ᠬᠡᠷᠡᠭᠲᠡᠢ᠃ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠴᠢᠩᠭᠠᠳᠬᠠᠵᠤ᠂ ᠰᠠᠭᠤᠷᠢ ᠪᠦᠳᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠪᠣᠳᠠᠰ ᠤᠨ ᠲᠤᠨᠤᠭ ᠲᠥᠬᠦᠭᠡᠷᠦᠮᠵᠢ ᠶᠢ ᠰᠠᠶᠢᠵᠢᠷᠠᠭᠤᠯᠵᠤ᠂ ᠲᠥᠮᠥᠰᠥ ᠶᠢᠨ | ᠠᠵᠤ ᠦᠢᠯᠡᠰ ᠤᠨ ᠬᠡᠪᠴᠢᠶᠡᠵᠢᠯᠲᠡ᠂ ᠪᠠᠷᠢᠮᠵᠢᠶᠠᠵᠢᠯᠲᠠ᠂ ᠮᠧᠬᠠᠨᠢᠭᠵᠢᠯᠲᠠ᠂ ᠲᠦᠷᠦᠯ ᠳᠡᠮᠳᠡᠭᠵᠢᠯᠲᠡ᠂ ᠮᠡᠳᠡᠭᠡ | ᠵᠠᠩᠭᠢᠵᠢᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ | ᠲᠦᠰᠢᠭᠯᠡᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠠᠷ | ᠪᠠᠶᠠᠵᠢᠯ ᠢ ᠳᠠᠶᠢᠴᠢᠯᠠᠬᠤ ᠴᠢᠳᠠᠪᠤᠷᠢ ᠶᠢ ᠴᠢᠨᠠᠭᠰᠢᠳᠠ ᠴᠢᠩᠭᠠᠳᠬᠠᠬᠤ ᠬᠡᠷᠡᠭᠲᠡᠢ᠃ ᠪᠥᠬᠦ ᠤᠯᠤᠰ ᠲᠤ ᠨᠠᠷᠠᠲᠠᠶ ᠴᠢᠨᠠᠷ | ᠰᠠᠶᠢᠲᠠᠶ ᠬᠤᠤᠷ ᠥᠬᠡᠶᠢᠳᠡᠭᠦᠯᠦᠭᠰᠡᠨ ᠦᠷ᠎ᠡ ᠶᠢᠨ ᠲᠥᠮᠥᠰᠥ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ᠂ | ᠪᠣᠬᠢᠷᠲᠤᠯ ᠥᠬᠡᠶ ᠰᠢᠨ᠎ᠡ ᠰᠣᠷᠭᠤᠭ ᠢᠳᠡᠭᠡᠨ ᠤ ᠲᠥᠮᠥᠰᠥ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ᠂ | ᠲᠥᠮᠥᠰᠥ ᠶᠢ ᠨᠠᠷᠢᠯᠢᠭ ᠭᠦᠨᠵᠡᠭᠡᠶ ᠡᠳ᠋ᠰᠢᠭᠦᠯᠬᠦ ᠪᠠ ᠪᠦᠲᠦᠭᠡᠭᠳᠡᠬᠦᠨ ᠢ ᠭᠠᠳᠠᠭᠰᠢ ᠭᠠᠷᠭᠠᠬᠤ ᠰᠠᠭᠤᠷᠢᠨ ᠭᠠᠵᠠᠷ ᠢ | ᠪᠠᠶᠢᠭᠤᠯᠵᠤ᠂ ᠪᠥᠬᠦ ᠣᠷᠣᠨ ᠤ ᠲᠥᠮᠥᠰᠥ ᠶᠢᠨ ᠳᠠᠪᠠᠭᠤᠯᠢᠭ ᠭᠠᠷᠤᠯᠲᠠ ᠶᠢᠨ ᠣᠷᠣᠨ ᠤ ᠭᠤᠤᠯᠯᠠᠬᠤ ᠪᠠᠶᠢᠷᠢ | ᠰᠠᠭᠤᠷᠢ ᠶᠢ ᠪᠠᠬᠢᠵᠢᠭᠦᠯᠦᠨ ᠳᠡᠭᠡᠭᠰᠢᠯᠡᠭᠦᠯᠬᠦ ᠭᠡᠵᠦ ᠲᠣᠳᠣᠷᠬᠠᠢ ᠳᠤᠷᠠᠳᠴᠠᠢ᠃ ᠡᠭᠦᠨ ᠤ ᠬᠠᠮᠲᠤ᠂ ᠬᠡᠷᠡᠭᠵᠢᠭᠦᠯᠬᠦ | ᠰᠠᠨᠠᠯ ᠳᠤ ᠭᠤᠷᠪᠠᠨ ᠵᠦᠢᠯ ᠤᠨ ᠳᠡᠮᠵᠢᠬᠦ ᠲᠥᠷᠥ ᠶᠢᠨ ᠪᠣᠳᠣᠯᠭ᠎ᠠ ᠶᠢ ᠳᠤᠷᠠᠳᠤᠨ ᠭᠠᠷᠭᠠᠪᠠ᠄ ᠲᠥᠮᠥᠰᠥ | ᠳᠠᠷᠢᠭᠰᠠᠳ ᠤᠨ ᠨᠥᠬᠦᠪᠥᠷᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠨᠥᠬᠦᠪᠥᠷᠢ ᠪᠠ ᠲᠥᠮᠥᠰᠥ | ᠪᠣᠯᠪᠠᠰᠤᠷᠠᠭᠤᠯᠬᠤ ᠵᠠᠬᠢᠶᠠᠯᠠᠭ᠎ᠠ ᠶᠢᠨ ᠨᠥᠬᠦᠪᠥᠷᠢ᠃ | ᠭᠤᠷᠪᠠ᠂ ᠭᠤᠣᠯ ᠠᠭᠤᠯᠭ᠎ᠠ | ︽ᠲᠥᠰᠦᠯ︾ ᠳᠤ ᠨᠡᠶᠢᠲᠡ ᠵᠢᠷᠭᠤᠭᠠᠨ ᠬᠡᠰᠡᠭ ᠪᠣᠳᠠᠲᠠᠶ ᠠᠭᠤᠯᠭ᠎ᠠ ᠶᠢ ᠪᠠᠭᠲᠠᠭᠠᠪᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠴᠢᠨᠠᠷ ᠰᠠᠶᠢᠲᠠᠢ ᠪᠠᠷ ᠲᠥᠮᠥᠰᠥ ᠶᠢ ᠬᠥᠭᠵᠢᠭᠦᠯᠬᠦ᠂ ᠪᠣᠬᠢᠷᠲᠤᠯ | ᠥᠬᠡᠶ ᠪᠠᠷ ᠲᠥᠮᠥᠰᠥ ᠶᠢ ᠬᠥᠭᠵᠢᠭᠦᠯᠬᠦ᠂ ᠨᠠᠷᠠᠲᠤ ᠲᠥᠷᠥᠯ ᠲᠡᠮᠳᠡᠭᠲᠦ ᠪᠠᠷ ᠲᠥᠮᠥᠰᠥ ᠶᠢ ᠬᠦᠴᠦᠷᠬᠡᠭᠵᠢᠭᠦᠯᠬᠦ ᠴᠢᠨᠠᠷ | ᠰᠠᠶᠢᠲᠠᠶ ᠬᠥᠭᠵᠢᠯᠲᠡ ᠶᠢᠨ ᠰᠡᠳᠬᠢᠮᠵᠢ ᠶᠣᠰᠣᠭᠠᠷ᠂ ᠲᠥᠮᠥᠰᠥ ᠶᠢᠨ ᠠᠵᠤ ᠦᠢᠯᠡᠰ ᠤᠨ ᠬᠠᠩᠭᠠᠯᠭ᠎ᠠ ᠶᠢᠨ ᠶᠠᠰᠤ | ᠴᠢᠨᠠᠷ ᠬᠢᠭᠡᠳ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠬᠦ ᠪᠠᠷ ᠭᠤᠤᠯ ᠪᠣᠯᠭᠠᠵᠤ᠂ ᠣᠷᠭᠠᠨᠢᠭ | ᠬᠠᠭᠤᠷᠠᠢ ᠪᠠᠷ ᠲᠠᠷᠢᠬᠤ ᠶᠢ ᠬᠥᠭᠵᠢᠭᠦᠯᠬᠦ ᠪᠠᠷ ᠰᠢᠨ᠎ᠡ ᠨᠡᠮᠡᠭᠳᠡᠯ ᠤᠨ ᠴᠡᠭ ᠪᠣᠯᠭᠠᠵᠤ᠂ ᠲᠠᠷᠢᠮᠠᠯ ᠤᠨ ᠪᠦᠲᠦᠴᠡ ᠶᠢ | ᠰᠢᠯᠢᠳᠡᠭᠵᠢᠭᠦᠯᠦᠨ᠂ ᠰᠢᠯᠢᠳᠡᠭ ᠡᠭᠦᠯᠳᠡᠷ ᠢ ᠰᠣᠩᠭᠤᠨ ᠪᠤᠶᠢᠵᠢᠭᠤᠯᠵᠤ᠂ ᠪᠠᠷᠢᠮᠵᠢᠶᠠᠵᠢᠭᠤᠯᠤᠭᠰᠠᠨ ᠰᠠᠭᠤᠷᠢᠨ | ᠭᠠᠵᠠᠷ ᠢ ᠪᠣᠶ ᠪᠣᠯᠭᠠᠵᠤ᠂ ᠣᠷᠭᠠᠨᠢᠭ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠵᠤ᠂ ᠭᠠᠩ ᠬᠠᠭᠰᠠᠷᠠᠭᠠᠨ | ᠲᠠᠢ ᠲᠡᠮᠡᠴᠡᠵᠦ ᠤᠰᠤ ᠠᠷᠪᠢᠯᠠᠬᠤ ᠮᠡᠷᠭᠡᠵᠢᠯ ᠢ ᠳᠡᠯᠭᠡᠷᠡᠭᠦᠯᠦᠨ᠎ᠡ᠃ ᠨᠢᠭᠡ ᠪᠦᠯᠦᠭ ᠬᠠᠭᠤᠷᠠᠶ ᠪᠠᠷ ᠳᠠᠷᠢᠭᠰᠠᠨ | ᠲᠥᠮᠥᠰᠥ ᠶᠢᠨ ᠵᠢᠱᠢᠶ᠎ᠡ ᠦᠵᠡᠭᠦᠯᠬᠦ ᠪᠠ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ | ᠮᠠᠨ ᠤ ᠬᠤᠲᠠ ᠶᠢᠨ ᠬᠠᠭᠤᠷᠠᠶ ᠪᠠᠷ ᠳᠠᠷᠢᠭᠰᠠᠨ ᠲᠥᠮᠥᠰᠥ ᠶᠢ ᠪᠥᠬᠦ ᠣᠷᠣᠨ᠂ ᠪᠥᠬᠦ ᠤᠯᠤᠰ ᠤᠨ ᠣᠲᠣ ᠦᠶ᠎ᠡ ᠶᠢᠨ | ᠲᠥᠮᠥᠰᠥ ᠶᠢᠨ ᠬᠠᠭᠤᠷᠠᠶ ᠪᠠᠷ ᠳᠠᠷᠢᠭᠰᠠᠨ ᠣᠷᠭᠠᠨᠢᠭ ᠴᠢᠬᠤᠯᠠ ᠨᠠᠷᠠᠲᠤ ᠲᠥᠷᠥᠯ ᠲᠡᠮᠳᠡᠭᠲᠦ ᠪᠠ ᠬᠥᠭᠵᠢᠯᠲᠡ ᠶᠢᠨ | ᠨᠡᠶᠢᠲᠡᠯᠢᠭ ᠵᠢᠱᠢᠶ᠎ᠡ ᠪᠣᠯᠭᠠᠨ᠎ᠠ᠃ | ︵ᠬᠤᠶᠠᠷ︶ ᠬᠥᠭᠵᠢᠯᠲᠡ ᠶᠢᠨ ᠬᠠᠷᠠᠯᠲᠠ᠃ ᠬᠠᠭᠤᠷᠠᠶ ᠪᠠᠷ ᠲᠠᠷᠢᠬᠤ ᠲᠥᠮᠥᠰᠥ ᠳᠠᠷᠢᠬᠤ ᠲᠠᠯᠠᠪᠠᠶ ᠶᠢ 200 | ᠲᠦᠮᠡᠨ ᠮᠥ ᠳᠤ ᠬᠦᠷᠦᠭᠦᠯᠵᠦ᠂ ᠨᠢᠭᠡᠴᠢ ᠲᠠᠯᠠᠪᠠᠶ ᠶᠢᠨ ᠤᠨᠠᠯᠲᠠ ᠶᠢ 800 ᠺᠢᠯᠣᠭ᠍ᠷᠠᠮ / ᠮᠥ ᠳᠤ ᠬᠦᠷᠦᠭᠦᠯᠦᠨ᠎ᠡ︔ | ᠣᠷᠭᠠᠨᠢᠭ ᠬᠠᠭᠤᠷᠠᠶᠢᠯᠠᠭ ᠲᠠᠷᠢᠶᠠᠯᠠᠩ ︵ᠲᠥᠮᠥᠰᠥ︶ ᠤᠨ ᠭᠡᠷᠡᠴᠢᠯᠡᠭᠡ ᠬᠢᠭᠰᠡᠨ ᠲᠠᠯᠠᠪᠠᠶ ᠶᠢ 35 ᠲᠦᠮᠡᠨ ᠮᠥ ᠳᠤ | ᠬᠦᠷᠦᠭᠦᠯᠦᠨ᠎ᠡ︔ ᠬᠠᠭᠤᠷᠠᠶ ᠪᠠᠷ ᠲᠠᠷᠢᠬᠤ ᠲᠥᠮᠥᠰᠥ ᠶᠢᠨ ᠬᠤᠤᠷ ᠥᠬᠡᠶᠢᠳᠡᠭᠦᠯᠦᠭᠰᠡᠨ ᠦᠷ᠎ᠡ ᠶᠢᠨ ᠲᠥᠮᠥᠰᠥ ᠶᠢᠨ | ᠪᠦᠷᠬᠦᠴᠡ ᠶᠢᠨ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠦᠨ᠎ᠡ᠃ ᠬᠠᠭᠤᠷᠠᠶ ᠪᠠᠷ ᠲᠠᠷᠢᠬᠤ ᠲᠥᠮᠥᠰᠥ ᠶᠢᠨ | ᠵᠠᠬᠢᠶᠠᠯᠠᠭ᠎ᠠ ᠶᠢᠨ ᠲᠠᠯᠠᠪᠠᠶ ᠶᠢ 30% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ | ︵ᠭᠤᠷᠪᠠ︶ ᠣᠷᠣᠨ ᠪᠦᠰᠡ ᠶᠢᠨ ᠪᠠᠶᠢᠷᠢᠰᠢᠭᠤᠯᠤᠯᠲᠠ᠃ ᠪᠥᠬᠦ ᠬᠤᠲᠠ ᠶᠢᠨ ᠬᠡᠪᠴᠢᠶᠡᠨ ᠳᠤ ᠭᠤᠷᠪᠠᠨ | ᠬᠠᠭᠤᠷᠠᠶ ᠪᠠᠷ ᠳᠠᠷᠢᠬᠤ ᠲᠥᠮᠥᠰᠥ ᠶᠢᠨ ᠴᠢᠳᠠᠮᠵᠢᠳᠣ ᠣᠷᠣᠨ ᠢ ᠪᠠᠶᠢᠭᠤᠯᠤᠨ᠎ᠠ᠄ ᠨᠢᠭᠡ ᠳᠤ ᠬᠠᠭᠤᠷᠠᠶ ᠪᠠᠷ ᠳᠠᠷᠢᠬᠤ | ᠣᠷᠭᠠᠨᠢᠭ ᠲᠠᠷᠢᠶᠠᠯᠠᠩ ︵ᠲᠥᠮᠥᠰᠥ︶ ᠤᠨ ᠲᠠᠷᠢᠮᠠᠯ ᠤᠨ ᠣᠷᠣᠨ᠂ ᠱᠠᠩᠳᠤ ᠰᠢᠶᠠᠨ᠂ ᠴᠠᠬᠠᠷ ᠪᠠᠷᠠᠭᠤᠨ ᠭᠠᠷᠤᠨ | ᠳᠤᠮᠳᠠᠳᠤ ᠬᠤᠰᠢᠭᠤ᠂ ᠳᠥᠷᠪᠡᠳ ᠬᠤᠰᠢᠭᠤ᠂ ᠬᠤᠸᠠᠳᠧ ᠰᠢᠶᠠᠨ᠂ ᠰᠢᠩ ᠾᠧ ᠰᠢᠶᠠᠨ ᠳᠤ ᠭᠤᠤᠯᠳᠠᠭᠤ ᠰᠢᠨ᠎ᠡ | ᠰᠣᠷᠭᠤᠭ ᠢᠳᠡᠭᠡᠨ ᠤ ᠲᠥᠮᠥᠰᠥ ᠦᠢᠯᠡᠳᠪᠦᠷᠢᠯᠡᠬᠦ ᠪᠠᠷ ᠭᠤᠤᠯ ᠪᠣᠯᠭᠠᠭᠰᠠᠨ ᠣᠷᠭᠠᠨᠢᠭ ᠬᠠᠭᠤᠷᠠᠶᠢᠯᠠᠭ | ᠲᠠᠷᠢᠶᠠᠯᠠᠩ ᠤᠨ ᠴᠢᠳᠠᠮᠵᠢᠳᠣ ᠣᠷᠣᠨ ᠢ 35 ᠲᠦᠮᠡᠨ ᠮᠥ ᠪᠥᠲᠥᠭᠡᠨ ᠪᠠᠶᠢᠭᠤᠯᠵᠤ᠂ ᠭᠤᠤᠯᠳᠠᠭᠤ ᠵᠠᠬ᠎ᠠ | ᠳᠡᠯᠭᠡᠭᠦᠷ ᠲᠤ ᠲᠠᠭᠠᠯᠠᠭᠳᠠᠬᠤ ᠠᠮᠲᠠ ᠪᠠᠷ ᠰᠠᠶᠢᠨ᠂ ᠭᠠᠩ ᠳᠠᠭᠠᠭᠠᠬᠤ ᠴᠢᠨᠠᠷ ᠢᠶᠠᠷ ᠴᠢᠩᠭ᠎ᠠ ᠡᠭᠦᠯᠳᠡᠷ ᠢ ᠳᠠᠷᠢᠨ᠎ᠠ᠃ | ᠬᠤᠶᠠᠷ ᠲᠤ ᠬᠠᠭᠤᠷᠠᠶ ᠪᠠᠷ ᠳᠠᠷᠢᠵᠤ ᠡᠳ᠋ᠰᠢᠭᠦᠯᠬᠦ ᠲᠤᠰᠬᠠᠶ ᠬᠡᠷᠡᠭᠯᠡᠭᠡᠨ ᠤ ᠲᠥᠮᠥᠰᠥ ᠶᠢᠨ ᠲᠠᠷᠢᠮᠠᠯ ᠤᠨ ᠣᠷᠣᠨ᠂ | ᠭᠤᠤᠯᠳᠠᠭᠤ ᠱᠠᠩᠳᠤ ᠰᠢᠶᠠᠨ᠂ ᠬᠤᠸᠠᠳᠧ ᠰᠢᠶᠠᠨ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠳᠥᠷᠪᠡᠳ | ᠬᠤᠰᠢᠭᠤᠨ ᠳᠤ ᠭᠠᠩ ᠳᠠᠭᠠᠭᠠᠬᠤ ᠴᠢᠨᠠᠷ ᠢᠶᠠᠷ ᠴᠢᠩᠭ᠎ᠠ᠂ ᠴᠠᠷᠳᠠᠭᠤᠯ ᠤᠨ ᠠᠭᠤᠯᠤᠭᠳᠠᠴᠠ ᠪᠠᠷ ᠥᠨᠳᠥᠷ | ᠡᠭᠦᠯᠳᠡᠷ ᠢᠶᠠᠷ ᠭᠤᠤᠯ ᠪᠣᠯᠭᠠᠭᠰᠠᠨ ᠴᠠᠷᠳᠠᠭᠤᠯ ᠤᠨ ᠡᠳ᠋ᠰᠢᠭᠦᠯᠬᠦ ᠴᠢᠳᠠᠮᠵᠢᠳᠤ ᠣᠷᠣᠨ ᠢ 65 ᠲᠦᠮᠡᠨ ᠮᠥ | ᠪᠥᠲᠥᠭᠡᠨ ᠪᠠᠶᠢᠭᠤᠯᠤᠨ᠎ᠠ᠃ ᠭᠤᠷᠪᠠ ᠳᠤ ᠬᠠᠭᠤᠷᠠᠶ ᠪᠠᠷ ᠲᠠᠷᠢᠬᠤ ᠰᠢᠨ᠎ᠡ ᠰᠣᠷᠭᠤᠭ ᠲᠥᠮᠥᠰᠥ ᠶᠢᠨ ᠲᠠᠷᠢᠮᠠᠯ ᠤᠨ | ᠣᠷᠣᠨ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ | ᠳᠥᠷᠪᠡᠳ ᠬᠤᠰᠢᠭᠤ᠂ ᠱᠠᠩᠳᠤ ᠰᠢᠶᠠᠨ᠂ ᠰᠢᠩ ᠾᠧ ᠰᠢᠶᠠᠨ ᠳᠤ ᠰᠢᠨ᠎ᠡ ᠰᠣᠷᠭᠤᠭ ᠲᠥᠮᠥᠰᠥ ᠪᠠᠷ ᠭᠤᠤᠯ | ᠪᠣᠯᠭᠠᠭᠰᠠᠨ ᠴᠢᠳᠠᠮᠵᠢᠳᠣ ᠣᠷᠣᠨ ᠢ 100 ᠲᠦᠮᠡᠨ ᠮᠥ ᠪᠠᠶᠢᠭᠤᠯᠵᠤ᠂ ᠭᠤᠤᠯᠳᠠᠭᠤ ᠠᠮᠲᠠ ᠰᠠᠶᠢᠲᠠᠶ᠂ | ᠲᠥᠮᠥᠰᠥ ᠶᠢᠨ ᠡᠭᠦᠯᠳᠡᠷ ᠰᠠᠶᠢᠲᠠᠶ᠂ ᠵᠠᠬ᠎ᠠ ᠳᠡᠯᠭᠡᠭᠦᠷ ᠤᠨ ᠬᠦᠷᠢᠶᠡᠯᠡᠯ ᠢ ᠣᠯᠤᠭᠰᠠᠨ ᠬᠤᠶᠢᠲᠤ ᠬᠤᠰᠢᠭᠤᠨ ᠤ | ᠤᠯᠠᠭᠠᠨ᠂ ᠰᠢᠵᠢᠷ ᠠᠯᠲᠠᠨ ᠲᠥᠮᠥᠰᠥ ᠲᠥᠮᠥᠰᠥ ᠵᠡᠷᠭᠡ ᠤᠯᠠᠭᠠᠨ ᠬᠠᠯᠢᠰᠤ᠂ ᠰᠢᠷ᠎ᠠ ᠬᠠᠯᠢᠰᠤ ᠰᠢᠷ᠎ᠠ ᠮᠢᠬᠠᠨ ᠤ | ᠲᠥᠷᠥᠯ ᠵᠦᠢᠯ ᠢᠶᠠᠷ ᠭᠤᠤᠯ ᠪᠣᠯᠭᠠᠨ᠎ᠠ᠃ | ︵ᠳᠥᠷᠪᠡ︶ ᠠᠬᠢᠭᠤᠯᠬᠤ ᠠᠷᠭ᠎ᠠ ᠬᠡᠮᠵᠢᠶ᠎ᠡ᠃ ᠭᠤᠣᠯᠳᠠᠭᠤ ᠨᠡᠶᠢᠲᠡᠯᠢᠭ ᠵᠢᠱᠢᠶ᠎ᠡ ᠪᠠᠷ ᠵᠢᠱᠢᠶ᠎ᠡ ᠦᠵᠡᠭᠦᠯᠦᠨ | ᠬᠥᠲᠥᠯᠥᠨ ᠳᠠᠭᠠᠭᠤᠯᠵᠤ ᠬᠡᠪᠴᠢᠶᠡᠲᠦ ᠡᠵᠡᠩᠨᠡᠯᠲᠡ ᠶᠢ ᠬᠥᠭᠵᠢᠭᠦᠯᠦᠨ᠎ᠡ︔ ᠭᠠᠩ ᠢ ᠡᠰᠡᠷᠭᠦᠴᠡᠬᠦ ᠡᠭᠦᠯᠳᠡᠷ ᠢ | ᠣᠷᠣᠭᠤᠯᠤᠨ ᠠᠪᠴᠢᠷᠠᠵᠤ᠂ ᠡᠭᠦᠯᠳᠡᠷ ᠢ ᠰᠣᠩᠭᠤᠨ ᠪᠤᠶᠢᠵᠢᠭᠤᠯᠬᠤ ᠠᠵᠢᠯ ᠢ ᠲᠦᠷᠭᠡᠳᠬᠡᠨ᠎ᠡ︔ ᠬᠠᠭᠤᠷᠠᠶ ᠪᠠᠷ | ᠲᠠᠷᠢᠬᠤ ᠮᠡᠷᠭᠡᠵᠢᠯ ᠢ ᠬᠤᠷᠠᠮᠳᠤᠭᠤᠯᠤᠨ ᠭᠠᠷᠭᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ︔ ᠪᠣᠬᠢᠷᠲᠤᠯ | ᠦᠭᠡᠢ ᠮᠡᠷᠭᠡᠵᠢᠯ ᠢ ᠠᠬᠢᠭᠤᠯᠵᠤ᠂ ᠣᠷᠭᠠᠨᠢᠭ ᠪᠦᠲᠦᠭᠡᠭᠳᠡᠬᠦᠨ ᠢ ᠦᠢᠯᠡᠳᠪᠦᠷᠢᠯᠡᠨ᠎ᠡ︔ ᠬᠥᠲᠥᠴᠢ ᠠᠵᠤ | ᠠᠬᠤᠶᠢᠯᠠᠯ ᠢ ᠪᠤᠶᠢᠵᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠎ᠠ︔ ᠣᠯᠠᠨ ᠵᠦᠢᠯ ᠤᠨ ᠠᠷᠭ᠎ᠠ | ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠵᠦ᠂ ᠣᠷᠭᠠᠨᠢᠭ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠵᠡᠷᠭᠡ | ᠲᠠᠯ᠎ᠠ ᠶᠢᠨ ᠲᠣᠭᠤᠷᠢᠨ ᠳᠤ ᠬᠠᠮᠢᠶ᠎ᠠ ᠪᠥᠬᠦᠶ ᠪᠣᠳᠠᠲᠠᠶ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠨ᠎ᠠ᠃ | ︵ᠲᠠᠪᠤ︶ ᠲᠥᠷᠥ ᠶᠢᠨ ᠪᠣᠳᠣᠯᠭ᠎ᠠ ᠶᠢᠨ ᠳᠡᠮᠵᠢᠯᠭᠡ᠃ 2021 ᠣᠨ ᠳᠤ ᠭᠤᠤᠯᠳᠠᠭᠤ ᠳᠣᠤᠷᠠᠬᠢ ᠮᠡᠲᠦ | ᠲᠥᠮᠥᠰᠥ ᠶᠢᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠂ ᠨᠢᠭᠡ ᠳᠤ ᠨᠢᠭᠡᠳᠦᠭᠡᠷ ᠳᠡᠰ ᠤᠨ | ᠦᠷ᠎ᠡ ᠶᠢᠨ ᠲᠥᠮᠥᠰᠥ ᠶᠢᠨ ᠨᠥᠬᠦᠪᠥᠷᠢ ︵ᠲᠥᠮᠥᠰᠥ ᠦᠢᠯᠡᠳᠪᠦᠷᠢᠯᠡᠭᠴᠢ ᠶᠢᠨ ᠨᠥᠬᠦᠪᠥᠷᠢ︶᠂ ᠨᠥᠬᠦᠪᠥᠷᠢ | ᠣᠯᠭᠤᠬᠤ ᠡᠲᠡᠭᠡᠳ᠄ ᠪᠥᠬᠦ ᠬᠤᠲᠠ ᠳᠤ ᠨᠢᠭᠡᠳᠦᠭᠡᠷ ᠳᠡᠰ ᠤᠨ ᠦᠷ᠎ᠡ ᠶᠢᠨ ᠲᠥᠮᠥᠰᠥ ᠠᠴᠠ ᠳᠡᠭᠡᠭᠰᠢᠬᠢ ᠲᠥᠮᠥᠰᠥ | ᠲᠠᠷᠢᠭᠰᠠᠳ︔ ᠨᠥᠬᠦᠪᠥᠷᠢ ᠥᠭᠬᠦ ᠪᠠᠷᠢᠮᠵᠢᠶ᠎ᠠ᠄ 40 ᠲᠥᠭᠦᠷᠢᠭ \ ᠮᠥ ᠣᠷᠴᠢᠮ᠃ ᠬᠤᠶᠠᠷ ᠲᠤ ᠣᠷᠭᠠᠨᠢᠭ | ᠬᠠᠭᠤᠷᠠᠶᠢᠯᠠᠭ ᠲᠠᠷᠢᠶᠠᠯᠠᠩ ︵ᠲᠥᠮᠥᠰᠥ︶ ᠤᠨ ᠨᠥᠬᠦᠪᠥᠷᠢ᠂ ᠨᠥᠬᠦᠪᠥᠷᠢ ᠣᠯᠭᠤᠬᠤ ᠡᠲᠡᠭᠡᠳ᠄ ᠣᠷᠭᠠᠨᠢᠭ | ᠬᠠᠭᠤᠷᠠᠶᠢᠯᠠᠭ ᠲᠠᠷᠢᠶᠠᠯᠠᠩ ︵ᠲᠥᠮᠥᠰᠥ︶ ᠤᠨ ᠵᠢᠱᠢᠶ᠎ᠡ ᠦᠵᠡᠭᠦᠯᠬᠦ ᠣᠷᠣᠨ ᠤ ᠳᠣᠲᠣᠷ᠎ᠠ᠂ ᠣᠷᠭᠠᠨᠢᠭ ᠭᠡᠷᠡᠴᠢᠯᠡᠭᠡ | ᠬᠢᠭᠰᠡᠨ ᠠᠵᠤ ᠠᠬᠤᠶᠢᠯᠠᠯ᠂ ᠬᠤᠷᠰᠢᠶ᠎ᠠ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ︔ | ᠨᠥᠬᠦᠪᠥᠷᠢ ᠥᠭᠬᠦ ᠪᠠᠷᠢᠮᠵᠢᠶ᠎ᠠ᠄ 150 ᠲᠥᠭᠦᠷᠢᠭ \ ᠮᠥ᠃ ︵ᠣᠷᠭᠠᠨᠢᠭ ᠬᠠᠭᠤᠷᠠᠶ ᠲᠠᠷᠢᠮᠠᠯ ᠤᠨ ᠨᠥᠬᠦᠪᠥᠷᠢ | ᠬᠦᠷᠲᠡᠵᠦ ᠪᠠᠶᠢᠭ᠎ᠠ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠨᠢ ᠦᠢᠯᠡᠳᠪᠦᠷᠢᠯᠡᠭᠴᠢ ᠶᠢᠨ | ᠨᠥᠬᠦᠪᠥᠷᠢ ᠶᠢ ᠭᠥᠷᠳᠡᠬᠦ ᠥᠬᠡᠶ︶᠃ ᠭᠤᠷᠪᠠ ᠳᠤ ᠰᠢᠨ᠎ᠡ ᠡᠭᠦᠯᠳᠡᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠮᠡᠷᠭᠡᠵᠢᠯ ᠢ ᠳᠡᠯᠭᠡᠷᠡᠭᠦᠯᠬᠦ ᠨᠥᠬᠦᠪᠥᠷᠢ᠂ ᠨᠥᠬᠦᠪᠥᠷᠢ ᠣᠯᠭᠤᠬᠤ ᠡᠲᠡᠭᠡᠳ᠄ ᠮᠠᠨ ᠤ ᠬᠤᠲᠠ ᠶᠢᠨ ᠬᠢᠯᠢ ᠶᠢᠨ | ᠳᠣᠲᠣᠷᠠᠬᠢ ᠦᠷ᠎ᠡ ᠶᠢᠨ ᠲᠥᠮᠥᠰᠥ ᠶᠢᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ | ᠭᠠᠵᠠᠷ ᠵᠡᠷᠭᠡ ᠲᠥᠮᠥᠰᠥ ᠶᠢᠨ ᠡᠭᠦᠯᠳᠡᠷ ᠢ ᠪᠤᠶᠢᠵᠢᠭᠤᠯᠬᠤ ᠪᠠᠶᠢᠭᠤᠯᠤᠮᠵᠢ︔ ᠨᠥᠬᠦᠪᠥᠷᠢ ᠶᠢᠨ ᠪᠠᠷᠢᠮᠵᠢᠶ᠎ᠠ᠄ | ᠪᠤᠶᠢᠵᠢᠭᠤᠯᠵᠤ ᠭᠠᠷᠭᠠᠭᠰᠠᠨ ᠲᠥᠮᠥᠰᠥ ᠶᠢᠨ ᠰᠢᠨ᠎ᠡ ᠡᠭᠦᠯᠳᠡᠷ ᠨᠢ ᠥᠪᠡᠷᠲᠡᠭᠡᠨ ᠵᠠᠰᠠᠬᠤ ᠣᠷᠣᠨ ᠤ ᠳᠣᠲᠣᠷ᠎ᠠ | ᠵᠢᠯ ᠤᠨ ᠳᠡᠯᠭᠡᠷᠡᠭᠦᠯᠬᠦ ᠲᠠᠯᠠᠪᠠᠶ ᠨᠢ 10 ᠲᠦᠮᠡᠨ ᠮᠥ ᠠᠴᠠ ᠳᠡᠭᠡᠭᠰᠢᠬᠢ ᠡᠭᠦᠯᠳᠡᠷ ᠢ ᠨᠢᠭᠡ ᠤᠳᠠᠭ᠎ᠠ ᠳᠤ 500 | ᠲᠦᠮᠡᠨ ᠲᠥᠭᠦᠷᠢᠭ ᠢᠶᠠᠷ ᠱᠠᠩᠨᠠᠨ᠎ᠠ︔ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠵᠢᠯ ᠤᠨ ᠳᠡᠯᠭᠡᠷᠡᠭᠦᠯᠬᠦ | ᠲᠠᠯᠠᠪᠠᠶ ᠨᠢ 30 ᠲᠦᠮᠡᠨ ᠮᠥ ᠠᠴᠠ ᠳᠡᠭᠡᠭᠰᠢᠬᠢ ᠡᠭᠦᠯᠳᠡᠷ ᠢ ᠨᠢᠭᠡ ᠤᠳᠠᠭ᠎ᠠ ᠳᠤ 1000 ᠲᠦᠮᠡᠨ ᠲᠥᠭᠦᠷᠢᠭ ᠢᠶᠠᠷ | ᠱᠠᠩᠨᠠᠨ᠎ᠠ᠃ ᠳᠥᠷᠪᠡ ᠳᠤ ᠲᠥᠮᠥᠰᠥ ᠡᠳ᠋ᠰᠢᠭᠦᠯᠬᠦ ᠵᠠᠬᠢᠶᠠᠯᠠᠭ᠎ᠠ ᠶᠢᠨ ᠨᠥᠬᠦᠪᠥᠷᠢ᠂ ᠨᠥᠬᠦᠪᠥᠷᠢ ᠣᠯᠭᠤᠬᠤ ᠡᠲᠡᠭᠡᠳ | ᠄ ᠪᠥᠬᠦ ᠬᠤᠲᠠ ᠶᠢᠨ ᠲᠤᠰᠬᠠᠶ ᠬᠡᠷᠡᠭᠯᠡᠭᠡᠨ ᠤ ᠲᠥᠮᠥᠰᠥ ᠲᠠᠷᠢᠭᠴᠢᠳ ︵ᠡᠷᠬᠡᠪᠰᠢ ᠡᠳ᠋ᠰᠢᠭᠦᠯᠬᠦ ᠠᠵᠤ | ᠠᠬᠤᠶᠢᠯᠠᠯ ᠲᠠᠢ ᠬᠦᠴᠦᠨ ᠪᠦᠬᠦᠢ ᠵᠠᠬᠢᠶᠠᠯᠠᠭ᠎ᠠ ᠶᠢᠨ ᠬᠠᠭᠤᠳᠠᠰᠤ ᠶᠢ ᠪᠦᠷᠢᠯᠳᠦᠭᠦᠯᠬᠦ ᠬᠡᠷᠡᠭᠲᠡᠶ︶︔ ᠨᠥᠬᠦᠪᠥᠷᠢ ᠶᠢᠨ | ᠪᠠᠷᠢᠮᠵᠢᠶ᠎ᠠ᠄ 150 ᠲᠥᠭᠦᠷᠢᠭ \ ᠮᠥ︔ ᠨᠥᠬᠦᠪᠥᠷᠢ ᠥᠭᠬᠦ ᠲᠥᠷᠥᠯ ᠵᠦᠢᠯ᠄ ᠳ᠋ᠠ ᠰᠢ ᠶᠠᠩ᠂ ᠰᠢᠶᠠ ᠫᠦᠸᠧ ᠳ᠋ᠢ | ᠂ ᠪᠦ᠋ ᠡᠯ ᠪᠠᠨ ᠺᠧ ᠵᠡᠷᠭᠡ ︵ᠡᠳ᠋ᠰᠢᠭᠦᠯᠬᠦ ᠠᠵᠤ ᠠᠬᠤᠶᠢᠯᠠᠯ ᠤᠨ ᠬᠡᠷᠡᠭᠰᠡᠬᠦ ᠡᠭᠦᠯᠳᠡᠷ︶᠃ ᠡᠭᠦᠨ ᠤ ᠬᠠᠮᠲᠤ | ᠳᠡᠭᠡᠷᠡᠬᠢ ᠬᠦᠴᠦᠨ ᠪᠥᠬᠦᠶ ᠵᠠᠬᠢᠶᠠᠯᠠᠭ᠎ᠠ ᠶᠢᠨ ᠬᠠᠭᠤᠳᠠᠰᠤ ᠶᠢ ᠪᠣᠶ ᠪᠣᠯᠭᠠᠭᠰᠠᠨ ᠡᠳ᠋ᠰᠢᠭᠦᠯᠬᠦ ᠠᠵᠤ ᠠᠬᠤᠶᠢᠯᠠᠯ ᠳᠤ | 20 ᠲᠥᠭᠦᠷᠢᠭ \ ᠲᠣᠨ ᠤ ᠨᠥᠬᠦᠪᠥᠷᠢ ᠣᠯᠭᠤᠨ᠎ᠠ᠃ ︵ᠡᠳ᠋ᠰᠢᠭᠦᠯᠵᠦ ᠪᠣᠯᠪᠠᠰᠤᠷᠠᠭᠤᠯᠬᠤ ᠵᠠᠬᠢᠶᠠᠯᠠᠭ᠎ᠠ ᠶᠢᠨ | ᠨᠥᠬᠦᠪᠥᠷᠢ ᠭᠥᠷᠳᠡᠵᠦ ᠪᠠᠶᠢᠭ᠎ᠠ ᠲᠠᠷᠢᠮᠠᠯ ᠤᠨ ᠡᠷᠦᠬᠡ ᠦᠢᠯᠡᠳᠪᠦᠷᠢᠯᠡᠭᠴᠢ ᠶᠢᠨ ᠨᠥᠬᠦᠪᠥᠷᠢ ᠶᠢ ᠭᠥᠷᠳᠡᠬᠦ ᠥᠬᠡᠶ᠃︶ | ︵ᠵᠢᠷᠭᠤᠭ᠎ᠠ︶ ᠪᠠᠲᠤᠯᠠᠭ᠎ᠠ ᠶᠢᠨ ᠠᠷᠭ᠎ᠠ ᠬᠡᠮᠵᠢᠶ᠎ᠡ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ | ᠴᠢᠩᠭᠠᠳᠬᠠᠬᠤ᠂ ᠮᠡᠷᠭᠡᠵᠢᠯ ᠤᠨ ᠦᠢᠯᠡᠴᠢᠯᠡᠭᠡ ᠶᠢ ᠴᠢᠩᠭᠠᠳᠬᠠᠬᠤ᠂ ᠮᠥᠩᠭᠦᠨ ᠭᠦᠢᠯᠭᠡᠭᠡᠨ ᠤ ᠳᠡᠮᠵᠢᠯᠭᠡ ᠶᠢ | ᠴᠢᠩᠭᠠᠳᠬᠠᠬᠤ᠂ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠭᠠᠳᠬᠠᠬᠤ᠂ ᠤᠬᠠᠭᠤᠯᠭ᠎ᠠ | ᠪᠣᠯᠪᠠᠰᠤᠷᠠᠭᠤᠯᠤᠯ ᠢ ᠴᠢᠩᠭᠠᠳᠬᠠᠬᠤ ᠵᠡᠷᠭᠡ ᠲᠠᠪᠤᠨ ᠲᠠᠯ᠎ᠠ ᠶᠢᠨ ᠲᠣᠭᠤᠷᠢᠨ ᠳᠤ᠂ 2021 ᠣᠨ ᠤ ᠬᠠᠭᠤᠷᠠᠶ ᠪᠠᠷ | ᠲᠠᠷᠢᠬᠤ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠬᠠᠮᠢᠶ᠎ᠠ ᠪᠥᠬᠦᠶ ᠪᠠᠲᠤᠯᠠᠭ᠎ᠠ ᠶᠢᠨ ᠠᠷᠭ᠎ᠠ | ᠬᠡᠮᠵᠢᠶ᠎ᠡ ᠶᠢ ᠳᠤᠷᠠᠳᠤᠨ ᠭᠠᠷᠭᠠᠨ᠎ᠠ᠃ | | | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |