| ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠬᠡᠷ ᠠᠴᠠ ᠣᠶᠢᠯᠠᠭᠠᠭᠰᠠᠨ ᠢᠶᠠᠷ᠂ 4 ᠰᠠᠷ᠎ᠠ ᠶᠢᠨ 19 ᠤ ᠡᠳᠦᠷ ᠠᠴᠠ ᠡᠬᠢᠯᠡᠨ᠂ | ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠬᠡᠷ ᠠᠴᠠ ᠭᠠᠷᠠᠭ ᠪᠦᠷᠢ ᠨᠢᠭᠡ ᠪᠦᠯᠦᠭ ︽ᠣᠯᠠᠨ ᠲᠦᠮᠡᠨ ᠳᠤ ᠪᠣᠳᠠᠲᠠᠶ ᠶᠠᠪᠤᠳᠠᠯ ᠬᠢᠬᠦ︾ | ᠦᠢᠯᠡᠳᠦᠯᠭᠡ ᠶᠢᠨ ᠠᠵᠢᠯᠯᠠᠭ᠎ᠠ ᠶᠢᠨ ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠ᠂ ᠠᠰᠠᠭᠤᠳᠠᠯ ᠢ | ᠰᠢᠢᠳᠪᠦᠷᠢᠯᠡᠭᠰᠡᠨ ᠦᠷ᠎ᠡ ᠳ᠋ᠦᠩ ᠢ ᠬᠠᠮᠲᠤ ᠳᠤᠨᠢ ᠨᠡᠶᠢᠲᠡᠯᠡᠵᠦ᠂ ᠠᠷᠠᠳ ᠣᠯᠠᠨ ᠤ ᠬᠢᠨᠠᠯᠲᠠ ᠪᠠ ᠦᠨᠡᠯᠡᠯᠲᠡ ᠶᠢ | ᠤᠬᠠᠮᠰᠠᠷ ᠠᠴᠠ ᠪᠠᠨ ᠬᠦᠯᠢᠶᠡᠬᠦ ᠪᠤᠯᠤᠨ᠎ᠠ᠃ | ᠣᠶᠢᠯᠠᠭᠠᠯᠳᠠ ᠪᠠᠷ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠤᠮᠳᠠ ︽ᠪᠢ ᠣᠯᠠᠨ ᠲᠦᠮᠡᠨ ᠳᠤ | ᠪᠣᠳᠠᠲᠤ ᠶᠠᠪᠤᠳᠠᠯ ᠬᠢᠬᠦ︾ ᠠᠵᠢᠯᠯᠠᠭ᠎ᠠ ᠥᠷᠨᠢᠭᠦᠯᠬᠦ ᠲᠤᠬᠠᠶ ᠨᠠᠮ ᠤᠨ ᠲᠥᠪ ᠬᠤᠷᠢᠶᠠᠨ ᠤ ᠲᠣᠬᠢᠷᠠᠭᠤᠯᠤᠯᠲᠠ | ᠪᠠᠶᠢᠷᠢᠯᠠᠭᠤᠯᠤᠯᠲᠠ ᠶᠣᠰᠣᠭᠠᠷ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ | ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠢᠨ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ᠂ ᠬᠡᠷᠡᠭᠴᠡᠭᠡ | ᠱᠠᠭᠠᠷᠳᠠᠯᠭ᠎ᠠ ᠶᠢ ᠠᠷᠠᠳ ᠠᠴᠠ ᠠᠰᠠᠭᠤᠬᠤ᠂ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ ︽ᠭᠤᠷᠪᠠ ᠶᠢ | ᠠᠰᠠᠭᠤᠬᠤ︾ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠨᠡᠶᠢᠭᠡᠮ ᠤᠨ ᠡᠯ᠎ᠡ ᠡᠲᠡᠭᠡᠳ ᠪᠠ ᠥᠷᠭᠡᠨ ᠣᠯᠠᠨ | ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠠᠰᠠᠭᠤᠳᠠᠯ ᠤᠨ ᠨᠠᠷᠢᠨ ᠲᠠᠩᠰᠠ ᠶᠢ | ᠬᠤᠷᠢᠶᠠᠩᠭᠤᠶᠢᠯᠠᠨ ᠡᠮᠬᠢᠯᠡᠵᠦ᠂ ᠡᠭᠦᠨ ᠤ ᠤᠯᠠᠮ ᠠᠴᠠ ᠣᠯᠠᠨ ᠲᠦᠮᠡᠨ ᠳᠤ ᠪᠣᠳᠠᠲᠠᠶ ᠶᠠᠪᠤᠳᠠᠯ ᠬᠢᠬᠦ ᠶᠢᠨ ︽ | ᠭᠤᠷᠪᠠ ᠶᠢ ᠠᠰᠠᠭᠤᠬᠤ︾ ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠ ᠶᠢ ᠲᠣᠭᠲᠠᠭᠠᠬᠤ ᠪᠤᠯᠤᠨ᠎ᠠ᠃ | ︽ᠭᠤᠷᠪᠠ ᠶᠢ ᠠᠰᠠᠭᠤᠬᠤ︾ ᠠᠵᠢᠯᠯᠠᠭ᠎ᠠ ᠶᠢᠨ ᠠᠰᠠᠭᠤᠳᠠᠯ ᠤᠨ ᠨᠠᠷᠢᠨ ᠲᠠᠩᠰᠠ ᠨᠢ ᠳᠣᠤᠷᠠᠬᠢ ᠮᠡᠲᠦ᠄ | 1 . ᠵᠢᠨᠢᠩ ᠲᠣᠭᠤᠷᠢᠭ ᠤᠨ ᠲᠡᠷᠭᠡ ᠬᠠᠮᠢᠶᠠᠷᠬᠤ ᠭᠠᠵᠠᠷ ᠤᠨ ᠲᠡᠷᠭᠡ ᠰᠢᠯᠭᠠᠨ ᠪᠠᠶᠢᠴᠠᠭᠠᠬᠤ ᠬᠤᠷᠳᠤᠴᠠ ᠨᠢ | ᠨᠡᠯᠢᠶᠡᠳ ᠤᠳᠠᠭᠠᠨ ᠪᠤᠢ᠂ ᠡᠳᠦᠷ ᠲᠤ ᠬᠡᠳᠦᠬᠡᠨ ᠲᠡᠷᠭᠡ ᠶᠢ ᠰᠢᠯᠭᠠᠨ ᠪᠠᠶᠢᠴᠠᠭᠠᠵᠤ᠂ ᠠᠵᠢᠯ ᠤᠨ ᠦᠷ᠎ᠡ | ᠪᠦᠲᠦᠮᠵᠢ ᠪᠠᠨ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠃ | 2 . ᠵᠢᠨᠢᠩ ᠲᠣᠭᠤᠷᠢᠭ ᠤᠨ ᠴᠢᠶᠠᠨ ᠶᠢᠨ ᠮᠢᠩ ᠶᠤᠸᠠᠨ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠨᠢ | ᠰᠠᠭᠤᠭᠠᠯᠢ ᠠᠷᠠᠳ ᠲᠤ ᠲᠦᠯᠬᠢᠭᠦᠷ ᠢ ᠨᠢ ᠥᠭᠬᠦ ᠥᠬᠡᠶ ᠪᠠᠶᠢᠨ᠎ᠠ᠂ ᠵᠠᠰᠠᠭ ᠤᠨ ᠣᠷᠳᠣᠨ ᠤ ᠬᠠᠮᠢᠶ᠎ᠠ ᠪᠥᠬᠦᠶ | ᠰᠠᠯᠠᠭ᠎ᠠ ᠮᠥᠴᠢᠷ ᠠᠴᠠ ᠦᠳᠳᠡᠷ ᠲᠦᠷᠭᠡᠨ ᠰᠢᠢᠳᠪᠦᠷᠢᠯᠡᠵᠦ᠂ ᠣᠯᠠᠨ ᠲᠦᠮᠡᠨ ᠤ ᠬᠠᠤᠯᠢ ᠶᠣᠰᠣᠨ ᠤ ᠡᠷᠬᠡ | ᠠᠰᠢᠭ ᠢ ᠬᠠᠮᠠᠭᠠᠯᠠᠬᠤ ᠶᠢ ᠬᠦᠰᠡᠵᠦ ᠪᠠᠶᠢᠨ᠎ᠠ᠃ | 3 . ᠵᠢᠨᠢᠩ ᠲᠣᠭᠤᠷᠢᠭ ᠤᠨ ᠾᠧ ᠱᠦᠨ ᠰᠠᠭᠤᠭᠠᠯᠢ ᠲᠣᠭᠤᠷᠢᠭ ᠤᠨ ᠬᠠᠵᠠᠭᠤ ᠳᠠᠬᠢ ᠬᠡᠷ ᠪᠠᠶᠢᠰᠢᠩ ᠤᠨ | ᠬᠠᠮᠢᠶᠠᠷᠤᠯᠲᠠ ᠶᠢᠨ ᠥᠷᠲᠡᠭᠡ ᠶᠢᠨ ᠨᠣᠮᠧᠷ ᠲᠠᠷᠬᠠᠭᠠᠭᠰᠠᠨ ᠲᠤᠭ᠎ᠠ ᠨᠢ ᠴᠥᠭᠡᠨ ᠤᠴᠢᠷ ᠠᠴᠠ ᠰᠦᠢᠳᠬᠡᠯ | ᠲᠤᠰᠢᠶᠠᠬᠤ ᠳᠤ ᠬᠦᠴᠢᠷᠲᠡᠶ ᠪᠣᠯᠵᠣ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠃ | 4 . ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ | ᠡᠮᠦᠨ᠎ᠡ ᠡᠭᠦᠳᠡᠨ ᠤ ᠬᠠᠵᠠᠭᠤ ᠳᠠᠬᠢ ᠺᠠᠶᠢᠳᠢᠰ ᠰᠤᠷᠭᠠᠭᠤᠯᠢ ᠶᠢᠨ ᠡᠭᠦᠳᠡᠨ ᠳᠤ᠂ ᠰᠤᠷᠭᠠᠭᠤᠯᠢ ᠲᠠᠷᠬᠠᠬᠤ ᠦᠶ᠎ᠡ ᠳᠤ | ᠪᠦᠬᠦ᠋ᠢᠯᠡ ᠵᠡᠭᠡᠯᠢ ᠶᠢᠨ ᠲᠡᠷᠭᠡᠨ ᠤ ᠲᠤᠭ᠎ᠠ ᠨᠡᠯᠢᠶᠡᠳ ᠶᠡᠭᠡ ᠪᠠᠶᠢᠵᠤ᠂ ᠰᠠᠭᠤᠭᠠᠯᠢ ᠲᠣᠭᠤᠷᠢᠭ ᠤᠨ ᠠᠷᠠᠳ | ᠭᠡᠷ ᠲᠡᠭᠡᠨ ᠬᠠᠷᠢᠬᠤ ᠳᠤ ᠬᠦᠴᠢᠷᠲᠡᠶ ᠪᠠᠶᠢᠳᠠᠭ᠂ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠤᠨ ᠬᠢᠨ | ᠰᠤᠷᠭᠠᠭᠤᠯᠢ ᠲᠠᠷᠬᠠᠬᠤ ᠦᠶ᠎ᠡ ᠳᠤ ᠵᠠᠮ ᠬᠠᠷᠢᠯᠴᠠᠭᠠᠨ ᠤ ᠡᠮᠬᠢ ᠲᠢᠭᠯᠢᠮ ᠢ ᠵᠦᠭᠰᠢᠷᠡᠭᠦᠯᠵᠤ᠂ ᠵᠠᠮ ᠬᠠᠷᠢᠯᠴᠠᠭ᠎ᠠ ᠶᠢ | ᠰᠠᠭᠠᠳ ᠥᠬᠡᠶ ᠨᠡᠪᠲᠡᠷᠡᠭᠦᠯᠬᠦ ᠶᠢ ᠬᠦᠰᠡᠵᠦ ᠪᠠᠶᠢᠨ᠎ᠠ᠃ | 5 . ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠭᠡᠷ ᠪᠦᠯᠢ ᠶᠢᠨ ᠰᠠᠭᠤᠭᠠᠯᠢ ᠲᠤᠭᠤᠷᠢᠭ ᠢᠢ | ᠶᠤᠸᠠᠨ ᠰᠠᠭᠤᠭᠠᠯᠢ ᠲᠤᠭᠤᠷᠢᠭ ᠤᠨ ᠭᠡᠷ ᠪᠠᠶᠢᠰᠢᠩ ᠤᠨ ᠬᠥᠷᠥᠩᠭᠡ ᠶᠢᠨ ᠦᠨᠡᠮᠯᠡᠯ ᠢ ᠬᠡᠵᠢᠶ᠎ᠡ ᠭᠦᠢᠴᠡᠳᠬᠡᠵᠦ ᠪᠣᠯᠬᠤ | ᠲᠤᠬᠠᠶ ᠬᠤᠲᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠰᠢᠪᠠᠳᠠᠨ | ᠰᠢᠢᠳᠪᠦᠷᠢᠯᠡᠭᠦᠯᠵᠦ᠂ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠦᠯᠡᠳᠡᠭᠳᠡᠯ ᠤᠨ ᠠᠰᠠᠭᠤᠳᠠᠯ ᠢ | ᠲᠦᠷᠭᠡᠬᠡᠨ ᠰᠢᠢᠳᠪᠤᠷᠢᠯᠡᠵᠤ ᠦᠭᠬᠦ ᠶᠢ ᠬᠦᠰᠡᠵᠤ ᠪᠠᠶᠢᠨ᠎ᠠ᠃ | 6 . ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠺᠠᠯᠢᠹᠤᠷᠨᠢᠶ᠎ᠠ ᠬᠤᠸᠠ ᠹᠦ᠋ ᠶᠢᠨ ᠡᠮᠦᠨ᠎ᠡ ᠲᠠᠯ᠎ᠠ ︵ | ᠬᠤᠸᠠᠢ ᠶᠤᠸᠠᠨ ᠡᠮᠦᠨ᠎ᠡ ᠵᠠᠮ ᠠᠴᠠ 208 ᠤᠯᠤᠰ ᠤᠨ ᠵᠠᠮ ᠬᠦᠷᠲᠡᠯ᠎ᠡ︶ ᠳᠤ ᠵᠠᠮ ᠤᠨ ᠳ᠋ᠧᠩ ᠨᠢᠭᠡᠨᠲᠡ | ᠲᠠᠭᠠᠷᠠᠭᠤᠯᠤᠭᠰᠠᠨ ᠪᠣᠯᠪᠠᠴᠤ ᠶᠡᠷᠤᠨᠢ ᠬᠡᠷᠡᠭᠯᠡᠭᠡ ᠦᠭᠡᠶ ᠪᠠᠶᠢᠨ᠎ᠠ᠂ ᠦᠳᠡᠰᠢ ᠣᠷᠣᠶ ᠰᠤᠷᠤᠭᠴᠢᠳ ᠰᠤᠷᠭᠠᠭᠤᠯᠢ | ᠲᠠᠷᠬᠠᠭᠠᠳ ᠶᠠᠪᠤᠵᠤ ᠰᠠᠭᠤᠬᠤ ᠳᠤ ᠳᠥᠭᠦᠮ ᠦᠭᠡᠶ ᠪᠣᠯᠬᠤᠷ ᠵᠠᠮ ᠤᠨ ᠳ᠋ᠧᠩ ᠢ ᠬᠡᠷᠡᠭᠯᠡᠬᠦ ᠶᠢ ᠬᠦᠰᠡᠵᠦ ᠪᠠᠶᠢᠨ᠎ᠠ᠃ | 7 . ᠯᠢᠶᠠᠩᠴᠧᠩ ᠰᠢᠶᠠᠨ ᠤ ᠶᠢᠨ ᠬᠠᠶ ᠠᠨ ᠰᠠᠭᠤᠭᠠᠯᠢ ᠲᠣᠭᠤᠷᠢᠭ ᠤᠨ ᠡᠮᠦᠨ᠎ᠡ ᠡᠭᠦᠳᠡᠨ ᠳᠠᠬᠢ ᠮᠠᠰᠢᠨ | ᠲᠡᠷᠭᠡᠨ ᠤ ᠵᠠᠮ ᠪᠠ ᠮᠠᠰᠢᠨ ᠲᠡᠷᠭᠡᠨ ᠤ ᠪᠤᠰᠤ ᠵᠠᠮ ᠳᠤᠮᠳᠠᠬᠢ ᠨᠣᠭᠤᠭᠠᠷᠠᠭᠤᠯᠤᠯᠲᠠ ᠶᠢᠨ ᠮᠣᠳᠣ ᠨᠡᠯᠢᠶᠡᠳ | ᠥᠨᠳᠥᠷ ᠠᠴᠠ ᠬᠠᠷᠠᠭ᠎ᠠ ᠶᠢ ᠬᠠᠯᠬᠠᠯᠠᠬᠤ ᠪᠠ ᠣᠷᠣᠬᠤ ᠵᠠᠮ ᠨᠢ ᠢᠪᠴᠤᠤ ᠠᠴᠠ ᠦᠷᠭᠦᠯᠵᠢ ᠵᠠᠮ ᠬᠠᠷᠢᠯᠴᠠᠭᠠᠨ ᠤ | ᠠᠳᠡᠯ ᠭᠠᠷᠳᠠᠭ᠂ ᠡᠭᠦᠨ ᠢ ᠰᠢᠢᠳᠪᠦᠷᠢᠯᠡᠬᠦ ᠶᠢ ᠬᠦᠰᠡᠵᠤ ᠪᠠᠶᠢᠨ᠎ᠠ᠃ | 8 . ᠹᠧᠩᠵᠧᠨ ᠬᠤᠲᠠ ᠶᠢᠨ ᠠᠵᠤ ᠦᠢᠯᠡᠳᠪᠦᠷᠢ ᠶᠢᠨ ᠲᠣᠭᠤᠷᠢᠭ ᠤᠨ ᠳ᠋ᠤᠤ ᠰᠢᠤ ᠯᠦ ᠨᠡᠶᠢᠭᠡᠮ | ᠲᠣᠭᠤᠷᠢᠭ ᠤᠨ ᠪᠠᠷᠠᠭᠤᠨ ︵ᠾᠸᠢ ᠾᠧ ᠭᠤᠤᠯ ᠤᠨ ᠬᠠᠵᠠᠭᠤ︶ ᠳᠠᠬᠢ ᠵᠣᠷᠯᠣᠩ ᠢ ᠨᠡᠶᠢᠳᠡᠮ ᠬᠠᠭᠠᠨ ᠬᠡᠷᠡᠭᠯᠡᠭᠦᠯᠬᠦ | ᠥᠬᠡᠶ ᠪᠠᠶᠢᠨ᠎ᠠ᠂ ᠬᠡᠪ ᠤᠨ ᠪᠠᠶᠢᠳᠠᠯ ᠢᠶᠠᠷ ᠬᠡᠷᠡᠭᠯᠡᠬᠦ ᠶᠢ ᠱᠠᠭᠠᠷᠳᠠᠵᠤ ᠪᠠᠶᠢᠨ᠎ᠠ᠃ | 9 . ᠱᠠᠩᠳᠤ ᠰᠢᠶᠠᠨ ᠤ ᠵᠢᠶ ᠰᠢᠨ ᠶᠠ ᠶᠤᠸᠠᠨ ᠬᠤᠶᠠᠳᠤᠭᠠᠷ ᠬᠤᠭᠤᠴᠠᠭᠠᠨ ᠤ 13 ᠳ᠋ᠤᠭᠠᠷ ᠠᠰᠠᠷ ᠤᠨ 1 | ᠳ᠋ᠤᠭᠡᠷ ᠤᠷᠤᠴᠠ ᠶᠢᠨ 1 ᠳ᠋ᠤᠭᠡᠷ ᠲᠠᠪᠬᠤᠷᠯᠢᠭ ᠲᠤ ᠤᠰᠤ ᠭᠤᠭᠤᠵᠢᠨ ᠨᠢᠭᠡᠨᠲᠡ ᠬᠤᠶᠠᠷ ᠵᠢᠯ ᠪᠤᠯᠵᠤ᠂ ᠠᠮᠤᠷ | ᠲᠦᠪᠰᠢᠨ ᠤ ᠳᠠᠯᠳᠠ ᠬᠡᠮ ᠣᠷᠣᠰᠢᠵᠤ ᠪᠠᠶᠢᠨ᠎ᠠ᠂ ᠲᠦᠷᠭᠡᠬᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃ | 10 . ᠤᠯᠠᠭᠠᠨᠴᠠᠪ ᠶᠡᠭᠡ ᠵᠡᠭᠡᠯᠢ ᠶᠢᠨ ᠬᠤᠶᠠᠷ ᠲᠠᠯ᠎ᠠ ᠶᠢᠨ ᠶᠠᠪᠠᠭᠠᠨ ᠬᠥᠮᠦᠨ ᠤ ᠵᠠᠮ ᠳᠠᠬᠢ ᠨᠠᠷᠠᠰᠤᠨ | ᠮᠣᠳᠣᠨ ᠤ ᠰᠠᠯᠠᠭ᠎ᠠ ᠶᠢ ᠵᠠᠰᠠᠬᠤ ᠴᠢᠬᠤᠯᠠᠲᠠᠶ ᠪᠠᠶᠢᠨ᠎ᠠ ︵ᠶᠠᠪᠠᠭᠠᠨ ᠬᠥᠮᠦᠨ ᠢ ᠣᠯᠠᠨ ᠤᠳᠠᠭ᠎ᠠ ᠱᠦᠷᠭᠦᠭᠡᠵᠦ | ᠰᠢᠷᠬᠠᠲᠤᠭᠤᠯᠪᠠ︶᠂ ᠬᠤᠲᠠ ᠶᠢᠨ ᠰᠣᠨᠢᠨ ᠤ ᠬᠤᠷᠢᠶ᠎ᠠ ᠶᠢᠨ ᠡᠭᠦᠳᠡᠨ ᠡᠮᠦᠨᠡᠬᠢ ᠲᠡᠷᠭᠡᠨ ᠵᠣᠭᠰᠣᠭᠠᠯ ᠨᠢ ᠶᠠᠪᠠᠭᠠᠨ | ᠬᠥᠮᠦᠨ ᠤ ᠵᠠᠮ ᠪᠠ ᠰᠣᠬᠤᠷ ᠬᠥᠮᠦᠨ ᠤ ᠵᠠᠮ ᠢ ᠡᠵᠡᠯᠡᠨ ᠬᠡᠷᠡᠭᠯᠡᠭᠰᠡᠨ ᠪᠠᠶᠢᠨ᠎ᠠ᠂ ᠡᠲᠡᠭᠡᠷ ᠨᠢ ᠴᠥᠮ ᠪᠣᠯᠪᠠᠰᠤᠨ | ᠬᠤᠲᠠ ᠶᠢᠨ ᠱᠠᠭᠠᠷᠳᠠᠯᠭ᠎ᠠ ᠳᠤ ᠨᠡᠶᠢᠴᠡᠬᠦ ᠥᠬᠡᠶ ᠪᠣᠯᠬᠤᠷ ᠲᠦᠷᠭᠡᠨ ᠴᠡᠪᠡᠷᠯᠡᠬᠦ ᠬᠡᠷᠡᠭᠲᠡᠶ ᠪᠠᠶᠢᠨ᠎ᠠ᠃ | ︽ᠭᠤᠷᠪᠠ ᠶᠢ ᠠᠰᠠᠭᠤᠬᠤ︾ ᠠᠵᠢᠯᠯᠠᠭ᠎ᠠ ᠶᠢᠨ ᠠᠰᠠᠭᠤᠳᠠᠯ ᠤᠨ ᠨᠠᠷᠢᠨ ᠲᠠᠩᠰᠠ ᠶᠢ ᠰᠢᠢᠳᠪᠦᠷᠢᠯᠡᠵᠦ | ᠳᠠᠭᠤᠰᠬᠠᠭᠰᠠᠨ ᠪᠠᠶᠢᠳᠠᠯ᠄ | 1. ᠵᠢᠨᠢᠩ ᠲᠣᠭᠤᠷᠢᠭ ᠤᠨ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠤᠨ ᠲᠡᠷᠭᠡ ᠪᠠᠶᠢᠴᠠᠭᠠᠬᠤ | ᠬᠤᠷᠳᠤᠴᠠ ᠨᠢ ᠨᠡᠯᠢᠶᠡᠳ ᠤᠳᠠᠭᠠᠨ ᠪᠠᠶᠢᠵᠤ᠂ ᠡᠳᠦᠷ ᠲᠤ ᠬᠡᠳᠦᠬᠡᠨ ᠲᠡᠷᠭᠡ ᠶᠢ ᠰᠢᠯᠭᠠᠨ ᠪᠠᠶᠢᠴᠠᠭᠠᠵᠤ᠂ | ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠃ | ᠰᠢᠢᠳᠪᠦᠷᠢᠯᠡᠭᠰᠡᠨ ᠪᠠᠶᠢᠳᠠᠯ᠄ ᠵᠢᠨᠢᠩ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ | ᠣᠯᠠᠨ ᠲᠦᠮᠡᠨ ᠤ ᠲᠤᠰᠬᠠᠭᠰᠠᠨ ᠠᠰᠠᠭᠤᠳᠠᠯ ᠳᠤ ᠴᠢᠭᠯᠡᠭᠦᠯᠦᠨ᠂ ᠴᠠᠭ ᠲᠤᠬᠠᠶ ᠳᠤᠨᠢ ᠪᠠᠶᠢᠴᠠᠭᠠᠨ ᠵᠠᠯᠠᠷᠠᠭᠤᠯᠵᠤ | ᠴᠡᠭᠴᠡᠯᠡᠨ ᠰᠠᠶᠢᠵᠢᠷᠠᠭᠤᠯᠵᠤ᠂ ᠪᠥᠬᠦ ᠬᠤᠲᠠ ᠶᠢᠨ ︽ᠶᠡᠭᠡ ᠰᠤᠷᠭᠠᠭᠤᠯᠢᠯᠠᠯ︾ ᠤᠨ ᠠᠵᠢᠯᠯᠠᠭ᠎ᠠ ᠲᠠᠢ | ᠤᠶᠠᠯᠳᠤᠭᠤᠯᠤᠨ᠂ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ ᠠᠵᠢᠯ ᠤᠨ ᠪᠠᠶᠢᠷᠢ ᠪᠠ ᠮᠠᠰᠢᠨ ᠲᠡᠷᠭᠡ ᠶᠢ | ᠪᠠᠶᠢᠴᠠᠭᠠᠨ ᠰᠢᠯᠭᠠᠬᠤ ᠠᠵᠢᠯ ᠤᠨ ᠪᠠᠶᠢᠷᠢ ᠶᠢᠨ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ | ᠴᠢᠩᠭᠠᠳᠬᠠᠬᠤ ᠶᠢᠨ ᠬᠠᠮᠲᠤ ᠭᠥᠯᠢᠶᠡᠨ ᠠᠪᠴᠤ ᠰᠢᠢᠳᠪᠦᠷᠢᠯᠡᠬᠦ ᠴᠣᠩᠬᠤᠪᠴᠢ ᠵᠢᠴᠢ ᠠᠵᠢᠯᠲᠠᠨ ᠢᠶᠠᠨ ᠵᠦᠶ | ᠵᠣᠬᠢᠰᠲᠠᠶ ᠳᠣᠭᠢᠷᠠᠭᠤᠯᠤᠨ ᠨᠡᠮᠡᠭᠳᠡᠭᠦᠯᠵᠦ᠂ ᠣᠲᠣ ᠨᠢᠭᠡᠨᠲᠡ ᠴᠡᠭᠴᠡᠯᠡᠨ ᠥᠭᠡᠷᠡᠴᠢᠯᠡᠵᠦ ᠳᠠᠭᠤᠰᠬᠠᠭᠠᠳ ᠡᠳᠦᠷ | ᠪᠦᠷᠢ ᠳᠤᠮᠳᠠᠴᠢ ᠪᠠᠷ ᠪᠠᠷᠤᠭ 38 ᠮᠠᠰᠢᠨ ᠲᠡᠷᠭᠡ ᠶᠢ ᠰᠢᠯᠭᠠᠨ ᠪᠠᠶᠢᠴᠠᠭᠠᠬᠤ ᠪᠤᠯᠪᠠ᠃ ︵ᠳᠠᠭᠠᠭᠠᠨ ᠭᠦᠢᠴᠡᠳᠬᠡᠬᠦ | ᠨᠢᠭᠡᠴᠢ᠄ ᠵᠢᠨᠢᠩ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ︶ | 2. ᠵᠢᠨᠢᠩ ᠲᠣᠭᠤᠷᠢᠭ ᠤᠨ ᠴᠢᠶᠠᠨ ᠶᠢᠨ ᠮᠢᠩ ᠶᠤᠸᠠᠨ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠨᠢ | ᠰᠠᠭᠤᠭᠠᠯᠢ ᠠᠷᠠᠳ ᠲᠤ ᠲᠦᠯᠬᠢᠭᠦᠷ ᠢ ᠨᠢ ᠥᠭᠬᠦ ᠥᠬᠡᠶ ᠪᠠᠶᠢᠨ᠎ᠠ᠂ ᠵᠠᠰᠠᠭ ᠤᠨ ᠣᠷᠳᠣᠨ ᠤ ᠬᠠᠮᠢᠶ᠎ᠠ ᠪᠥᠬᠦᠶ | ᠰᠠᠯᠠᠭ᠎ᠠ ᠮᠥᠴᠢᠷ ᠠᠴᠠ ᠦᠳᠳᠡᠷ ᠲᠦᠷᠭᠡᠨ ᠰᠢᠢᠳᠪᠦᠷᠢᠯᠡᠵᠦ᠂ ᠣᠯᠠᠨ ᠲᠦᠮᠡᠨ ᠤ ᠬᠠᠤᠯᠢ ᠶᠣᠰᠣᠨ ᠤ ᠡᠷᠬᠡ | ᠠᠰᠢᠭ ᠢ ᠬᠠᠮᠠᠭᠠᠯᠠᠬᠤ ᠶᠢ ᠬᠦᠰᠡᠵᠦ ᠪᠠᠶᠢᠨ᠎ᠠ᠃ | ᠰᠢᠢᠳᠪᠦᠷᠢᠯᠡᠭᠰᠡᠨ ᠪᠠᠶᠢᠳᠠᠯ᠄ ᠣᠳᠣᠬᠠᠨ ᠳᠤ᠂ ᠴᠢᠶᠠᠨ ᠶᠢᠨ ᠮᠢᠩ ᠶᠤᠸᠠᠨ ᠰᠠᠭᠤᠭᠠᠯᠢ ᠲᠣᠭᠤᠷᠢᠭ ᠤᠨ 1 ᠪᠠ | 3 ᠳ᠋ᠤᠭᠠᠷ ᠨᠤᠮᠧᠷᠳᠤ ᠠᠰᠠᠷ ᠤᠨ ᠬᠢᠨ ᠲᠦᠯᠬᠢᠭᠦᠷ ᠢᠶᠠᠨ ᠵᠠᠯᠭᠠᠭᠠᠪᠡᠷ ᠲᠤᠰᠢᠶᠠᠨ ᠦᠭᠴᠤ ᠪᠤᠢ᠂ ᠣᠷᠣᠵᠤ ᠰᠠᠭᠤᠬᠤ | ᠨᠥᠬᠦᠴᠡᠯ ᠳᠤ ᠨᠡᠶᠢᠴᠡᠪᠡᠯ ᠴᠥᠮ ᠲᠦᠯᠬᠢᠭᠦᠷ ᠢᠶᠠᠨ ᠠᠪᠴᠤ ᠪᠣᠯᠤᠨ᠎ᠠ᠃ ᠡᠭᠦᠨ ᠤ ᠬᠠᠮᠲᠤ ᠲᠣᠭᠤᠷᠢᠭ ᠤᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠴᠢᠶᠠᠨ ᠶᠢᠨ ᠵᠠᠮ ᠤᠨ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠣᠰ ᠲᠣᠰ ᠨᠢᠭᠡ ᠠᠵᠢᠯᠲᠠᠨ ᠲᠣᠮᠢᠯᠠᠨ ᠨᠡᠭᠡᠭᠡᠨ ᠬᠥᠭᠵᠢᠭᠦᠯᠬᠦ ᠠᠵᠤ | ᠠᠬᠤᠶᠢᠯᠠᠯ ᠲᠠᠢ ᠬᠠᠮᠲᠤ ᠪᠠᠷ ᠲᠤᠰᠢᠶᠠᠨ ᠥᠭᠬᠦ ᠭᠠᠷᠳᠠᠮ ᠢ ᠭᠦᠢᠴᠡᠳᠬᠡᠵᠦ᠂ ᠲᠣᠰ ᠠᠵᠢᠯ ᠤᠨ ᠤᠷᠤᠭᠰᠢᠲᠠᠶ | ᠶᠠᠪᠤᠭᠳᠠᠬᠤ ᠶᠢ ᠪᠠᠲᠤᠯᠠᠭᠰᠠᠨ ᠪᠠᠶᠢᠨ᠎ᠠ᠃ ︵ᠳᠠᠭᠠᠭᠠᠨ ᠭᠦᠢᠴᠡᠳᠬᠡᠬᠦ ᠨᠢᠭᠡᠴᠢ᠄ ᠵᠢᠨᠢᠩ ᠲᠣᠭᠤᠷᠢᠭ ᠤᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︶ | 3. ᠵᠢᠨᠢᠩ ᠲᠣᠭᠤᠷᠢᠭ ᠤᠨ ᠾᠧ ᠱᠦᠨ ᠰᠠᠭᠤᠭᠠᠯᠢ ᠲᠣᠭᠤᠷᠢᠭ ᠤᠨ ᠬᠠᠵᠠᠭᠤ ᠳᠠᠬᠢ ᠬᠡᠷ ᠪᠠᠶᠢᠰᠢᠩ ᠤᠨ | ᠬᠠᠮᠢᠶᠠᠷᠤᠯᠲᠠ ᠶᠢᠨ ᠥᠷᠲᠡᠭᠡ ᠶᠢᠨ ᠨᠣᠮᠧᠷ ᠲᠠᠷᠬᠠᠭᠠᠭᠰᠠᠨ ᠲᠤᠭ᠎ᠠ ᠨᠢ ᠴᠥᠭᠡᠨ ᠤᠴᠢᠷ ᠠᠴᠠ ᠰᠦᠢᠳᠬᠡᠯ | ᠲᠤᠰᠢᠶᠠᠬᠤ ᠳᠤ ᠬᠦᠴᠢᠷᠲᠡᠶ ᠪᠣᠯᠵᠣ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠃ | ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠬᠡᠷ ᠪᠠᠶᠢᠰᠢᠩ ᠤᠨ ᠬᠠᠮᠢᠶᠠᠷᠤᠯᠲᠠ ᠶᠢᠨ | ᠲᠣᠪᠴᠢᠶ᠎ᠠ ᠶᠢᠨ ᠬᠢᠨ ᠲᠤᠰᠬᠠᠭᠰᠠᠨ ᠠᠰᠠᠭᠤᠳᠠᠯ ᠳᠤ ᠴᠢᠭᠯᠡᠭᠦᠯᠦᠨ᠂ ᠲᠣᠭᠤᠷᠢᠭ ᠬᠤᠪᠢᠶᠠᠨ ᠰᠦᠢᠳᠬᠡᠯ ᠢᠶᠠᠨ | ᠵᠠᠯᠭᠠᠨ ᠲᠤᠰᠢᠶᠠᠬᠤ ᠠᠷᠭ᠎ᠠ ᠮᠠᠶ᠋ᠢᠭ ᠢ ᠠᠪᠴᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ | ᠪᠠᠲᠤᠯᠠᠭ᠎ᠠ ᠶᠢᠨ ᠡᠷᠦᠬᠡ ᠶᠢᠨ ᠦᠷᠭᠦᠯᠵᠢᠯᠡᠨ ᠰᠦᠢᠳᠬᠡᠯ ᠬᠤᠷᠢᠶᠠᠬᠤ ᠳᠤ ᠬᠦᠴᠢᠷᠲᠡᠶ ᠪᠠᠶᠢᠬᠤ ᠠᠰᠠᠭᠤᠳᠠᠯ ᠢ | ᠨᠠᠮᠳᠠᠭᠤᠯᠪᠠ᠃ ᠲᠠᠷᠠᠭᠠᠴᠢ ᠶᠢᠨ ᠠᠯᠬᠤᠮ ᠳᠤ ᠪᠠᠲᠤᠯᠠᠭ᠎ᠠ ᠶᠢᠨ ᠣᠷᠣᠨ ᠰᠠᠭᠤᠴᠠ ᠲᠥᠪᠯᠡᠷᠡᠭᠰᠡᠨ ᠰᠠᠭᠤᠭᠠᠯᠢ | ᠲᠣᠭᠤᠷᠢᠭ ᠲᠤ ᠬᠠᠮᠢᠶᠠᠷᠤᠯᠲᠠ ᠶᠢᠨ ᠥᠷᠲᠡᠭᠡ ᠭᠠᠷᠭᠠᠵᠤ᠂ ᠪᠠᠲᠤᠯᠠᠭ᠎ᠠ ᠶᠢᠨ ᠡᠷᠦᠬᠡ ᠶᠢ ᠰᠠᠭᠤᠭᠠᠯᠢ | ᠲᠣᠭᠤᠷᠢᠭ ᠠᠴᠠ ᠪᠠᠨ ᠭᠠᠷᠬᠤ ᠦᠭᠡᠶ ᠪᠠᠷ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠵᠠᠷᠤᠳᠠᠯ ᠢ | ᠦᠷᠭᠦᠯᠵᠢᠯᠡᠭᠦᠯᠬᠦ ᠲᠤᠬᠠᠶᠢᠯᠠᠭᠰᠠᠨ ᠠᠵᠢᠯ ᠢ ᠭᠦᠢᠴᠡᠳᠬᠡᠵᠦ᠂ ᠣᠯᠠᠨ ᠲᠦᠮᠡᠨ ᠤ ᠤᠴᠢᠷ ᠶᠠᠪᠤᠳᠠᠯ | ᠰᠢᠢᠳᠪᠦᠷᠢᠯᠡᠬᠦ ᠳᠤ ᠨᠡᠩ ᠳᠥᠭᠦᠮ ᠳᠥᠲᠡ ᠪᠣᠯᠭᠠᠬᠤ ᠪᠤᠯᠤᠨ᠎ᠠ᠃ ︵ᠳᠠᠭᠠᠭᠠᠨ ᠭᠦᠢᠴᠡᠳᠬᠡᠬᠦ ᠨᠢᠭᠡᠴᠢ᠄ ᠵᠢᠨᠢᠩ | ᠲᠣᠭᠤᠷᠢᠭ ᠤᠨ ᠬᠡᠷ ᠪᠠᠶᠢᠰᠢᠩ ᠤᠨ ᠬᠠᠮᠢᠶᠠᠷᠤᠯᠲᠠ ᠶᠢᠨ ᠲᠣᠪᠴᠢᠶ᠎ᠠ︶ | 4. ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ | ᠡᠮᠦᠨ᠎ᠡ ᠡᠭᠦᠳᠡᠨ ᠤ ᠬᠠᠵᠠᠭᠤ ᠳᠠᠬᠢ ᠺᠠᠶᠢᠳᠢᠰ ᠰᠤᠷᠭᠠᠭᠤᠯᠢ ᠶᠢᠨ ᠡᠭᠦᠳᠡᠨ ᠳᠤ᠂ ᠰᠤᠷᠭᠠᠭᠤᠯᠢ ᠲᠠᠷᠬᠠᠬᠤ ᠦᠶ᠎ᠡ ᠳᠤ | ᠪᠦᠬᠦ᠋ᠢᠯᠡ ᠵᠡᠭᠡᠯᠢ ᠶᠢᠨ ᠲᠡᠷᠭᠡᠨ ᠤ ᠲᠤᠭ᠎ᠠ ᠨᠡᠯᠢᠶᠡᠳ ᠶᠡᠭᠡ ᠪᠠᠶᠢᠵᠤ᠂ ᠰᠠᠭᠤᠭᠠᠯᠢ ᠲᠣᠭᠤᠷᠢᠭ ᠤᠨ ᠠᠷᠠᠳ | ᠭᠡᠷ ᠲᠡᠭᠡᠨ ᠬᠠᠷᠢᠬᠤ ᠳᠤ ᠬᠦᠴᠢᠷᠲᠡᠶ ᠪᠠᠶᠢᠳᠠᠭ᠂ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠤᠨ ᠬᠢᠨ | ᠰᠤᠷᠭᠠᠭᠤᠯᠢ ᠲᠠᠷᠬᠠᠬᠤ ᠦᠶ᠎ᠡ ᠳᠤ ᠵᠠᠮ ᠬᠠᠷᠢᠯᠴᠠᠭᠠᠨ ᠤ ᠡᠮᠬᠢ ᠲᠢᠭᠯᠢᠮ ᠢ ᠵᠦᠭᠰᠢᠷᠡᠭᠦᠯᠵᠤ᠂ ᠵᠠᠮ ᠬᠠᠷᠢᠯᠴᠠᠭ᠎ᠠ ᠶᠢ | ᠰᠠᠭᠠᠳ ᠥᠬᠡᠶ ᠨᠡᠪᠲᠡᠷᠡᠭᠦᠯᠬᠦ ᠶᠢ ᠬᠦᠰᠡᠵᠦ ᠪᠠᠶᠢᠨ᠎ᠠ᠃ | ᠰᠢᠢᠳᠪᠦᠷᠢᠯᠡᠭᠰᠡᠨ ᠪᠠᠶᠢᠳᠠᠯ᠄ ᠵᠢᠨᠢᠩ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ | ᠰᠤᠷᠭᠠᠭᠤᠯᠢ ᠳᠤ ᠤᠴᠢᠬᠤ ᠪᠠ ᠰᠤᠷᠭᠠᠭᠤᠯᠢ ᠲᠠᠷᠬᠠᠬᠤ ᠬᠤᠭᠤᠴᠠᠭᠠᠨ ᠳᠠᠬᠢ ᠺᠠᠶᠢᠳᠢᠰ ᠬᠡᠤᠬᠡᠳ ᠤᠨ | ᠴᠡᠴᠡᠷᠯᠢᠭ ᠤᠨ ᠡᠷᠬᠢᠨ ᠲᠣᠭᠤᠷᠢᠨ ᠤ ᠵᠠᠮ ᠢ ᠴᠠᠭᠳᠠᠨ ᠲᠣᠭᠤᠷᠢᠵᠤ ᠬᠠᠮᠢᠶᠠᠷᠤᠨ ᠡᠵᠡᠮᠳᠡᠬᠦ ᠡᠷᠴᠢᠮ ᠢᠶᠠᠨ | ᠴᠢᠩᠭᠠᠷᠠᠭᠤᠯᠬᠤ ᠶᠢᠨ ᠬᠠᠮᠲᠤ ᠰᠤᠷᠭᠠᠭᠤᠯᠢ ᠶᠢᠨ ᠲᠠᠯ᠎ᠠ ᠶᠢᠨ ᠬᠢᠨ ᠲᠠᠢ ᠢᠳᠡᠪᠬᠢᠲᠡᠶ ᠪᠠᠷ ᠬᠠᠷᠢᠯᠴᠠᠨ ᠲᠦᠷ ᠴᠠᠭ ᠤᠨ | ᠲᠡᠷᠭᠡ ᠵᠤᠭᠰᠤᠭᠠᠯ ᠭᠠᠷᠭᠠᠵᠤ᠂ ︽ᠰᠤᠷᠭᠠᠭᠤᠯᠢ ᠬᠡᠷ ᠴᠠᠭᠳᠠᠭ᠎ᠠ︾ ᠶᠢᠨ ᠵᠠᠭᠪᠤᠷ ᠢᠶᠠᠷ ᠳᠠᠮᠵᠢᠭᠤᠯᠤᠨ᠂ | ᠰᠣᠷᠣᠭᠴᠢ ᠶᠢᠨ ᠬᠡᠷ ᠤᠨ ᠠᠬᠠᠮᠠᠳ ᠢ ᠵᠢᠯᠣᠭᠤᠳᠴᠤ ᠪᠠᠶᠢᠭᠠᠳ ᠲᠡᠷᠭᠡ ᠵᠣᠭᠰᠣᠭᠠᠬᠤ ᠶᠢ ᠲᠦᠷᠢᠮᠵᠢᠭᠦᠯᠵᠤ᠂ | ᠰᠤᠷᠭᠠᠭᠤᠯᠢ ᠶᠢᠨ ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠰᠠᠭᠠᠳ ᠥᠬᠡᠶ ᠨᠡᠪᠲᠡᠷᠡᠬᠦ ᠶᠢ ᠪᠠᠲᠤᠯᠠᠪᠠ᠃ ︵ | ᠳᠠᠭᠠᠭᠠᠨ ᠭᠦᠢᠴᠡᠳᠬᠡᠬᠦ ᠨᠢᠭᠡᠴᠢ᠄ ᠵᠢᠨᠢᠩ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ︶ | 5. ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠭᠡᠷ ᠪᠦᠯᠢ ᠶᠢᠨ ᠰᠠᠭᠤᠭᠠᠯᠢ ᠲᠣᠭᠤᠷᠢᠭ ᠢᠢ | ᠶᠤᠸᠠᠨ ᠰᠠᠭᠤᠭᠠᠯᠢ ᠲᠤᠭᠤᠷᠢᠭ ᠤᠨ ᠭᠡᠷ ᠪᠠᠶᠢᠰᠢᠩ ᠤᠨ ᠬᠥᠷᠥᠩᠭᠡ ᠶᠢᠨ ᠦᠨᠡᠮᠯᠡᠯ ᠢ ᠬᠡᠵᠢᠶ᠎ᠡ ᠭᠦᠢᠴᠡᠳᠬᠡᠵᠦ ᠪᠣᠯᠬᠤ | ᠲᠤᠬᠠᠶ ᠬᠤᠲᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠰᠢᠪᠠᠳᠠᠨ | ᠰᠢᠢᠳᠪᠦᠷᠢᠯᠡᠭᠦᠯᠵᠦ᠂ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠦᠯᠡᠳᠡᠭᠳᠡᠯ ᠤᠨ ᠠᠰᠠᠭᠤᠳᠠᠯ ᠢ | ᠲᠦᠷᠭᠡᠬᠡᠨ ᠰᠢᠢᠳᠪᠤᠷᠢᠯᠡᠵᠤ ᠦᠭᠬᠦ ᠶᠢ ᠬᠦᠰᠡᠵᠤ ᠪᠠᠶᠢᠨ᠎ᠠ᠃ | ᠰᠢᠢᠳᠪᠦᠷᠢᠯᠡᠭᠰᠡᠨ ᠪᠠᠶᠢᠳᠠᠯ᠄ ᠣᠳᠣᠬᠠᠨ ᠳᠤ ᠵᠢᠨᠢᠩ ᠲᠣᠭᠤᠷᠢᠭ ᠤᠨ ᠬᠡᠷ ᠬᠥᠷᠥᠩᠭᠡ ᠶᠢᠨ ᠠᠳᠠᠯ ᠠᠬᠤᠶ ᠶᠢᠨ | ᠬᠠᠮᠢᠶᠠᠷᠤᠯᠲᠠ ᠶᠢᠨ ᠲᠣᠪᠴᠢᠶ᠎ᠠ ᠨᠢᠭᠡᠨᠲᠡ ᠬᠠᠮᠢᠶ᠎ᠠ ᠪᠥᠬᠦᠶ ᠮᠠᠲ᠋ᠧᠷᠢᠶᠠᠯ ᠢ ᠲᠤᠰᠢᠶᠠᠵᠤ᠂ ᠵᠢᠨᠢᠩ ᠲᠣᠭᠤᠷᠢᠭ ᠤᠨ | ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠠᠴᠠ ᠲᠤᠬᠠᠶ ᠶᠢᠨ ᠭᠠᠵᠠᠷ ᠲᠤᠨᠢ ᠭᠡᠷᠡᠴᠢᠯᠡᠯ ᠬᠢᠬᠦ ᠪᠠ | ᠮᠠᠲ᠋ᠧᠷᠢᠶᠠᠯ ᠢ ᠬᠢᠨᠠᠨ ᠬᠠᠷᠭᠤᠭᠤᠯᠵᠤ᠂ ᠵᠢᠱᠢᠯᠲᠡ ᠪᠠᠷ 5 ᠰᠠᠷ᠎ᠠ ᠶᠢᠨ ᠰᠡᠭᠦᠯᠴᠢ ᠠᠴᠠ ᠡᠮᠦᠨ᠎ᠡ ᠥᠯᠥ ᠬᠥᠳᠡᠯᠬᠦ | ᠬᠥᠷᠥᠩᠭᠡ ᠶᠢᠨ ᠠᠩᠬᠠᠨ ᠤ ᠳᠡᠩᠰᠡᠯᠡᠯᠲᠡ ᠶᠢ ᠳᠠᠭᠤᠰᠬᠠᠵᠤ᠂ ᠳᠠᠷᠠᠭ᠎ᠠ ᠨᠢ ᠡᠷᠬᠡᠲᠦ ᠬᠥᠮᠦᠨ ᠬᠠᠮᠢᠶ᠎ᠠ ᠪᠥᠬᠦᠶ | ᠮᠠᠲ᠋ᠧᠷᠢᠶᠠᠯ ᠢᠶᠠᠨ ᠠᠪᠴᠤ ᠥᠯᠥ ᠬᠥᠳᠡᠯᠬᠦ ᠬᠥᠷᠥᠩᠭᠡ ᠶᠢᠨ ᠦᠨᠡᠮᠯᠡᠯ ᠢᠶᠠᠨ ᠠᠪᠴᠤ ᠪᠣᠯᠤᠨ᠎ᠠ᠃ ︵ᠳᠠᠭᠠᠭᠠᠨ | ᠭᠦᠢᠴᠡᠳᠬᠡᠬᠦ ᠨᠢᠭᠡᠴᠢ᠄ ᠵᠢᠨᠢᠩ ᠲᠣᠭᠤᠷᠢᠭ ᠤᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ︶ | 6. ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠺᠠᠯᠢᠹᠤᠷᠨᠢᠶ᠎ᠠ ᠬᠤᠸᠠ ᠹᠦ᠋ ᠶᠢᠨ ᠡᠮᠦᠨ᠎ᠡ ᠲᠠᠯ᠎ᠠ ︵ | ᠬᠤᠸᠠᠢ ᠶᠤᠸᠠᠨ ᠡᠮᠦᠨ᠎ᠡ ᠵᠠᠮ ᠠᠴᠠ 208 ᠤᠯᠤᠰ ᠤᠨ ᠵᠠᠮ ᠬᠦᠷᠲᠡᠯ᠎ᠡ︶ ᠳᠤ ᠵᠠᠮ ᠤᠨ ᠳ᠋ᠧᠩ ᠢ ᠨᠢᠭᠡᠨᠲᠡ | ᠲᠠᠭᠠᠷᠠᠭᠤᠯᠤᠭᠰᠠᠨ ᠪᠣᠯᠪᠠᠴᠤ ᠬᠡᠷᠡᠭᠯᠡᠭᠡ ᠦᠭᠡᠶ ᠪᠠᠶᠢᠨ᠎ᠠ᠂ ᠦᠳᠡᠰᠢ ᠤᠷᠤᠢ ᠰᠤᠷᠤᠭᠴᠢᠳ ᠰᠤᠷᠭᠠᠭᠤᠯᠢ ᠲᠠᠷᠬᠠᠭᠠᠳ | ᠶᠠᠪᠤᠵᠤ ᠰᠠᠭᠤᠬᠤ ᠳᠤ ᠳᠥᠭᠦᠮ ᠦᠭᠡᠶ ᠪᠣᠯᠬᠤᠷ ᠵᠠᠮ ᠤᠨ ᠳ᠋ᠧᠩ ᠢ ᠬᠡᠷᠡᠭᠯᠡᠬᠦ ᠶᠢ ᠬᠦᠰᠡᠵᠦ ᠪᠠᠶᠢᠨ᠎ᠠ᠃ | ᠰᠢᠢᠳᠪᠦᠷᠢᠯᠡᠭᠰᠡᠨ ᠪᠠᠶᠢᠳᠠᠯ᠄ ᠠᠰᠠᠭᠤᠳᠠᠯ ᠤᠨ ᠨᠠᠷᠢᠨ ᠲᠠᠩᠰᠠ ᠶᠢ ᠣᠯᠤᠭᠰᠠᠨ ᠤ ᠳᠠᠷᠠᠭ᠎ᠠ᠂ ᠴᠠᠬᠠᠷ | ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠲᠡᠷᠡ ᠳᠠᠷᠤᠶ ᠳᠤᠨᠢ ᠬᠠᠮᠢᠶ᠎ᠠ ᠪᠥᠬᠦᠶ ᠰᠠᠯᠠᠭ᠎ᠠ | ᠮᠥᠴᠢᠷ ᠢ ᠵᠣᠬᠢᠶᠠᠨ ᠪᠠᠶᠢᠭᠤᠯᠤᠨ ᠬᠤᠷᠠᠯ ᠬᠤᠷᠠᠯᠳᠤᠨ ᠲᠤᠰᠬᠠᠶ ᠰᠡᠳᠦᠪᠲᠦ ᠰᠤᠳᠤᠯᠭᠠᠨ ᠬᠢᠵᠦ᠂ ᠬᠡᠷᠡᠭᠵᠢᠭᠦᠯᠬᠦ | ᠲᠥᠰᠦᠯ ᠢᠶᠠᠨ ᠲᠣᠭᠲᠠᠭᠠᠨ᠂ 7 ᠳ᠋ᠤᠭᠠᠷ ᠰᠠᠷ᠎ᠠ ᠳᠤ ᠭᠡᠷᠡᠯᠲᠦᠭᠦᠯᠭᠡ ᠶᠢᠨ ᠲᠥᠬᠦᠭᠡᠷᠦᠮᠵᠢ ᠳᠡᠭᠡᠨ ᠴᠠᠬᠢᠯᠭᠠᠨ | ᠨᠡᠪᠲᠡᠷᠡᠭᠦᠯᠦᠨ ᠬᠡᠷᠡᠭᠯᠡᠬᠦ ᠪᠠᠷ ᠵᠢᠱᠢᠵᠦ ᠪᠣᠶ᠃ ︵ᠳᠠᠭᠠᠭᠠᠨ ᠭᠦᠢᠴᠡᠳᠬᠡᠬᠦ ᠨᠢᠭᠡᠴᠢ᠄ ᠴᠠᠬᠠᠷ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ︶ | 7. ᠯᠢᠶᠠᠩᠴᠧᠩ ᠰᠢᠶᠠᠨ ᠤ ᠶᠢᠨ ᠬᠠᠶ ᠠᠨ ᠰᠠᠭᠤᠭᠠᠯᠢ ᠲᠣᠭᠤᠷᠢᠭ ᠤᠨ ᠡᠮᠦᠨ᠎ᠡ ᠡᠭᠦᠳᠡᠨ ᠳᠠᠬᠢ ᠮᠠᠰᠢᠨ | ᠲᠡᠷᠭᠡᠨ ᠤ ᠵᠠᠮ ᠪᠠ ᠮᠠᠰᠢᠨ ᠪᠤᠰᠤ ᠲᠡᠷᠭᠡᠨ ᠤ ᠵᠠᠮ ᠳᠤᠮᠳᠠᠬᠢ ᠨᠣᠭᠤᠭᠠᠷᠠᠭᠤᠯᠤᠯᠲᠠ ᠶᠢᠨ ᠮᠣᠳᠣ ᠨᠡᠯᠢᠶᠡᠳ | ᠥᠨᠳᠥᠷ ᠠᠴᠠ ᠬᠠᠷᠠᠭ᠎ᠠ ᠶᠢ ᠬᠠᠯᠬᠠᠯᠠᠬᠤ ᠪᠠ ᠣᠷᠣᠬᠤ ᠠᠮᠠᠰᠠᠷ ᠨᠢ ᠢᠪᠴᠤᠤ ᠠᠴᠠ ᠦᠷᠭᠦᠯᠵᠢ ᠵᠠᠮ | ᠬᠠᠷᠢᠯᠴᠠᠭᠠᠨ ᠤ ᠠᠳᠡᠯ ᠭᠠᠷᠳᠠᠭ᠂ ᠡᠭᠦᠨ ᠢ ᠰᠢᠢᠳᠪᠦᠷᠢᠯᠡᠬᠦ ᠶᠢ ᠬᠦᠰᠡᠵᠤ ᠪᠠᠶᠢᠨ᠎ᠠ᠃ | ᠰᠢᠢᠳᠪᠦᠷᠢᠯᠡᠭᠰᠡᠨ ᠪᠠᠶᠢᠳᠠᠯ᠄ ᠯᠢᠶᠠᠩᠴᠧᠩ ᠰᠢᠶᠠᠨ ᠤ ᠴᠡᠴᠡᠷᠯᠢᠭ ᠤᠨ ᠬᠠᠮᠢᠶᠠᠷᠤᠯᠳᠠ ᠶᠢᠨ ᠲᠥᠪ ᠠᠴᠠ | ᠲᠤᠬᠠᠶ ᠶᠢᠨ ᠲᠠᠯᠠᠪᠤᠷ ᠲᠤ ᠪᠠᠶᠢᠴᠠᠭᠠᠨ ᠦᠵᠡᠬᠦ ᠪᠠᠷ ᠳᠡᠮᠵᠢᠨ᠂ ᠮᠡᠷᠭᠡᠵᠢᠯᠳᠡᠳ ᠨᠢ ᠤᠯᠠᠷᠢᠯ ᠤᠨ ᠰᠢᠯᠲᠠᠭᠠᠨ ᠠᠴᠠ | ᠪᠣᠯᠵᠣ᠂ ᠨᠣᠭᠤᠭᠠᠷᠠᠭᠤᠯᠤᠯᠳᠠ ᠶᠢᠨ ᠮᠣᠳᠣ ᠶᠢ ᠬᠠᠶᠢᠴᠢᠯᠠᠨ ᠵᠠᠰᠠᠬᠤ ᠳᠤ ᠳᠣᠭᠢᠷᠠᠬᠤ ᠥᠬᠡᠶ ᠪᠠᠶᠢᠨ᠎ᠠ᠂ | ᠵᠢᠱᠢᠯᠲᠡ ᠪᠠᠷ 7 ᠰᠠᠷ᠎ᠠ ᠶᠢᠨ ᠰᠡᠭᠦᠯᠴᠢ ᠠᠴᠠ ᠡᠮᠦᠨ᠎ᠡ᠂ ᠬᠠᠷᠠᠭ᠎ᠠ ᠶᠢ ᠬᠠᠯᠬᠠᠯᠠᠬᠤ ᠮᠣᠳᠣ ᠶᠢ ᠬᠠᠶᠢᠴᠢᠯᠠᠨ ᠵᠠᠰᠠᠵᠤ᠂ | ᠠᠮᠤᠷ ᠲᠦᠪᠰᠢᠨ ᠤ ᠬᠡᠮ ᠰᠣᠭᠤᠭ ᠢ ᠠᠷᠢᠯᠭᠠᠨ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠬᠠᠷᠰᠢ ᠰᠠᠭᠠᠳ | ᠥᠬᠡᠶ ᠪᠣᠯᠭᠠᠵᠤ᠂ ᠣᠯᠠᠨ ᠲᠦᠮᠡᠨ ᠳᠤ ᠠᠮᠤᠷ ᠲᠦᠪᠰᠢᠨ ᠣᠷᠣᠵᠤ ᠭᠠᠷᠬᠤ ᠣᠷᠴᠢᠨ ᠲᠣᠭᠤᠷᠢᠨ ᠢ ᠬᠠᠩᠭᠠᠨ᠎ᠠ | ᠭᠡᠵᠤ ᠢᠯᠡᠷᠬᠡᠶᠢᠯᠡᠪᠡ᠃ ︵ᠳᠠᠭᠠᠭᠠᠨ ᠭᠦᠢᠴᠡᠳᠬᠡᠬᠦ ᠨᠢᠭᠡᠴᠢ᠄ ᠯᠢᠶᠠᠩᠴᠧᠩ ᠰᠢᠶᠠᠨ ᠤ ᠵᠠᠰᠠᠭ ᠤᠨ ᠣᠷᠳᠣᠨ ᠤ | ᠠᠯᠪᠠᠨ ᠬᠡᠷ︶ | 8. ᠹᠧᠩᠵᠧᠨ ᠬᠤᠲᠠ ᠶᠢᠨ ᠠᠵᠤ ᠦᠢᠯᠡᠳᠪᠦᠷᠢ ᠶᠢᠨ ᠲᠣᠭᠤᠷᠢᠭ ᠤᠨ ᠳ᠋ᠤᠤ ᠰᠢᠤ ᠯᠦ ᠨᠡᠶᠢᠭᠡᠮ | ᠲᠣᠭᠤᠷᠢᠭ ᠤᠨ ᠪᠠᠷᠠᠭᠤᠨ ︵ᠾᠸᠢ ᠾᠧ ᠭᠤᠤᠯ ᠤᠨ ᠬᠠᠵᠠᠭᠤ︶ ᠳᠠᠬᠢ ᠵᠣᠷᠯᠣᠩ ᠢ ᠨᠡᠶᠢᠳᠡᠮ ᠬᠠᠭᠠᠨ ᠬᠡᠷᠡᠭᠯᠡᠭᠦᠯᠬᠦ | ᠥᠬᠡᠶ ᠪᠠᠶᠢᠨ᠎ᠠ᠂ ᠬᠡᠪ ᠤᠨ ᠪᠠᠶᠢᠳᠠᠯ ᠢᠶᠠᠷ ᠬᠡᠷᠡᠭᠯᠡᠬᠦ ᠶᠢ ᠱᠠᠭᠠᠷᠳᠠᠵᠤ ᠪᠠᠶᠢᠨ᠎ᠠ᠃ | ᠰᠢᠢᠳᠪᠦᠷᠢᠯᠡᠭᠰᠡᠨ ᠪᠠᠶᠢᠳᠠᠯ᠄ ᠹᠧᠩᠵᠧᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ | ᠠᠰᠠᠭᠤᠳᠠᠯ ᠤᠨ ᠨᠠᠷᠢᠨ ᠲᠠᠩᠰᠠ ᠶᠢ ᠣᠯᠤᠭᠰᠠᠨ ᠤ ᠳᠠᠷᠠᠭ᠎ᠠ᠂ ᠲᠡᠷᠡ ᠳᠠᠷᠦ᠋ᠢᠬᠠᠨ ᠬᠤᠯᠪᠣᠭᠳᠠᠯ ᠪᠥᠬᠦᠶ ᠰᠠᠯᠠᠭ᠎ᠠ | ᠮᠥᠴᠢᠷ ᠲᠤ ᠨᠡᠶᠢᠲᠡ ᠶᠢᠨ ᠵᠣᠷᠯᠣᠩ ᠢ ᠰᠡᠯᠪᠢᠨ ᠵᠠᠰᠠᠬᠤ ᠬᠡᠷᠡᠭᠲᠡᠶ ᠭᠡᠵᠦ ᠳᠠᠭᠠᠭᠠᠯᠭᠠᠪᠠ᠃ ᠲᠦᠷᠦᠭᠦᠬᠡᠨ ᠲᠣᠰ | ᠨᠡᠶᠢᠲᠡ ᠶᠢᠨ ᠵᠣᠷᠯᠣᠩ ᠢ ᠨᠢᠭᠡᠨᠲᠡ 24 ᠴᠠᠭ ᠢᠶᠠᠷ ᠬᠡᠷᠡᠭᠯᠡᠵᠤ ᠪᠤᠯᠬᠤ ᠪᠤᠯᠪᠠ᠃ ᠲᠠᠷᠠᠭᠠᠴᠢ ᠪᠠᠷ ᠹᠧᠩᠵᠧᠨ | ᠬᠤᠲᠠ ᠶᠢᠨ ᠬᠤᠳᠠ ᠲᠣᠭᠤᠷᠢᠭ ᠤᠨ ᠪᠣᠶ ᠪᠥᠬᠦᠶ ᠨᠡᠶᠢᠲᠡ ᠶᠢᠨ ᠵᠣᠷᠯᠣᠩ ᠢ ᠪᠠᠶᠢᠴᠠᠭᠠᠨ ᠰᠡᠯᠪᠢᠬᠤ ᠠᠵᠢᠯ ᠢ | ᠴᠢᠩᠭᠠᠳᠬᠠᠵᠤ᠂ ᠡᠶᠢᠮᠦᠷᠬᠦ ᠠᠰᠠᠭᠤᠳᠠᠯ ᠭᠠᠷᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠪᠤᠯᠤᠨ᠎ᠠ᠃ ︵ᠳᠠᠭᠠᠭᠠᠨ | ᠭᠦᠢᠴᠡᠳᠬᠡᠬᠦ ᠨᠢᠭᠡᠴᠢ᠄ ᠹᠧᠩᠵᠧᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ︶ | 9. ᠱᠠᠩᠳᠤ ᠰᠢᠶᠠᠨ ᠤ ᠵᠢᠶ ᠰᠢᠨ ᠶᠠ ᠶᠤᠸᠠᠨ ᠬᠤᠶᠠᠳᠤᠭᠠᠷ ᠬᠤᠭᠤᠴᠠᠭᠠᠨ ᠤ 13 ᠳ᠋ᠤᠭᠠᠷ ᠠᠰᠠᠷ ᠤᠨ 1 | ᠳ᠋ᠤᠭᠡᠷ ᠤᠷᠤᠴᠠ ᠶᠢᠨ 1 ᠳ᠋ᠤᠭᠡᠷ ᠲᠠᠪᠬᠤᠷᠯᠢᠭ ᠲᠤ ᠤᠰᠤ ᠭᠤᠭᠤᠵᠢᠨ ᠨᠢᠭᠡᠨᠲᠡ ᠬᠤᠶᠠᠷ ᠵᠢᠯ ᠪᠤᠯᠵᠤ᠂ ᠠᠮᠤᠷ | ᠲᠦᠪᠰᠢᠨ ᠤ ᠳᠠᠯᠳᠠ ᠬᠡᠮ ᠣᠷᠣᠰᠢᠵᠤ ᠪᠠᠶᠢᠨ᠎ᠠ᠂ ᠲᠥᠷᠭᠡᠭᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃ | ᠰᠢᠢᠳᠪᠦᠷᠢᠯᠡᠭᠰᠡᠨ ᠪᠠᠶᠢᠳᠠᠯ᠄ ᠲᠦᠷᠦᠭᠦᠬᠡᠨ᠂ ᠱᠠᠩᠳᠤ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ ᠠᠴᠠ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠠᠮᠤᠷ ᠲᠦᠪᠰᠢᠨ ᠤ ᠳᠠᠯᠳᠠ ᠬᠡᠮ ᠤᠨ ᠠᠰᠠᠭᠤᠳᠠᠯ ᠣᠷᠣᠰᠢᠵᠤ ᠪᠠᠶᠢᠭ᠎ᠠ | ᠣᠷᠣᠨ ᠰᠠᠭᠤᠴᠠ ᠶᠢ ᠰᠡᠯᠪᠢᠨ ᠵᠠᠰᠠᠵᠤ ᠰᠢᠢᠳᠪᠦᠷᠢᠯᠡᠬᠦ ᠶᠢ ᠳᠠᠭᠠᠭᠠᠯᠭᠠᠵᠤ᠂ ᠬᠡᠷ ᠪᠠᠶᠢᠰᠢᠩ ᠤᠨ ᠤᠰᠤ | ᠭᠤᠭᠤᠵᠢᠬᠤ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃ ︵ᠳᠠᠭᠠᠭᠠᠨ ᠭᠦᠢᠴᠡᠳᠬᠡᠬᠦ ᠨᠢᠭᠡᠴᠢ᠄ ᠱᠠᠩᠳᠤ | ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ︶ | 10. ᠴᠠᠬᠠᠷ ᠶᠡᠭᠡ ᠵᠡᠭᠡᠯᠢ ᠶᠢᠨ ᠬᠤᠶᠠᠷ ᠲᠠᠯ᠎ᠠ ᠶᠢᠨ ᠶᠠᠪᠠᠭᠠᠨ ᠬᠥᠮᠦᠨ ᠤ ᠵᠠᠮ ᠳᠡᠭᠡᠷᠡᠬᠢ ᠨᠠᠷᠠᠰᠤᠨ | ᠮᠣᠳᠣᠨ ᠤ ᠰᠠᠯᠠᠭ᠎ᠠ ᠶᠢ ᠵᠠᠰᠠᠬᠤ ᠴᠢᠬᠤᠯᠠᠲᠠᠶ ᠪᠠᠶᠢᠨ᠎ᠠ ︵ᠶᠠᠪᠠᠭᠠᠨ ᠬᠥᠮᠦᠨ ᠢ ᠣᠯᠠᠨᠲᠠ ᠱᠦᠷᠭᠦᠭᠡᠵᠦ | ᠰᠢᠷᠬᠠᠲᠤᠭᠤᠯᠪᠠ︶᠂ ᠬᠤᠲᠠ ᠶᠢᠨ ᠰᠣᠨᠢᠨ ᠤ ᠬᠤᠷᠢᠶ᠎ᠠ ᠶᠢᠨ ᠡᠭᠦᠳᠡᠨ ᠡᠮᠦᠨᠡᠬᠢ ᠲᠡᠷᠭᠡᠨ ᠵᠣᠭᠰᠣᠭᠠᠯ ᠨᠢ ᠶᠠᠪᠠᠭᠠᠨ | ᠬᠥᠮᠦᠨ ᠤ ᠵᠠᠮ ᠪᠠ ᠰᠣᠬᠤᠷ ᠬᠥᠮᠦᠨ ᠤ ᠵᠠᠮ ᠢ ᠡᠵᠡᠯᠡᠨ ᠬᠡᠷᠡᠭᠯᠡᠭᠰᠡᠨ ᠪᠠᠶᠢᠨ᠎ᠠ᠂ ᠡᠲᠡᠭᠡᠷ ᠨᠢ ᠴᠥᠮ ᠪᠣᠯᠪᠠᠰᠤᠨ | ᠬᠤᠲᠠ ᠶᠢᠨ ᠱᠠᠭᠠᠷᠳᠠᠯᠭ᠎ᠠ ᠳᠤ ᠨᠡᠶᠢᠴᠡᠬᠦ ᠥᠬᠡᠶ ᠪᠣᠯᠬᠤᠷ ᠲᠦᠷᠭᠡᠨ ᠴᠡᠪᠡᠷᠯᠡᠬᠦ ᠬᠡᠷᠡᠭᠲᠡᠶ ᠪᠠᠶᠢᠨ᠎ᠠ᠃ | ᠰᠢᠢᠳᠪᠦᠷᠢᠯᠡᠭᠰᠡᠨ ᠪᠠᠶᠢᠳᠠᠯ᠄ ᠣᠶᠢᠷ᠎ᠠ ᠳᠤ ᠵᠢᠨᠢᠩ ᠲᠣᠭᠤᠷᠢᠭ ᠤᠨ ᠴᠡᠴᠡᠷᠯᠢᠭ ᠤᠨ ᠬᠠᠮᠢᠶᠠᠷᠤᠯᠳᠠ ᠶᠢᠨ | ᠲᠥᠪ ᠠᠴᠠ ᠶᠠᠪᠠᠭᠠᠨ ᠬᠥᠮᠦᠨ ᠤ ᠵᠠᠮ ᠤᠨ ᠤᠨᠵᠢᠢᠭᠰᠠᠨ ᠮᠣᠳᠣᠨ ᠰᠠᠯᠠᠭ᠎ᠠ ᠵᠢᠴᠢ ᠶᠠᠪᠠᠭᠠᠨ ᠬᠥᠮᠦᠨ ᠤ | ᠥᠩᠭᠡᠷᠡᠬᠦ ᠶᠢ ᠨᠥᠯᠥᠭᠡᠯᠡᠬᠦ ᠨᠠᠷᠠᠰᠤᠨ ᠮᠣᠳᠣᠨ ᠤ ᠰᠠᠯᠠᠭ᠎ᠠ ᠶᠢ ᠨᠢᠭᠡᠳᠦᠯᠲᠡᠶ ᠵᠠᠰᠠᠵᠤ᠂ ᠶᠠᠪᠠᠭᠠᠨ ᠬᠥᠮᠦᠨ ᠤ ᠠᠮᠤᠷ | ᠲᠦᠪᠰᠢᠨ ᠢᠶᠠᠷ ᠶᠠᠪᠤᠵᠤ ᠰᠠᠭᠤᠬᠤ ᠶᠢ ᠦᠨᠡᠨᠬᠦ ᠪᠠᠲᠤᠯᠠᠪᠠ ︵ᠳᠠᠭᠠᠭᠠᠨ ᠭᠦᠢᠴᠡᠳᠬᠡᠬᠦ ᠨᠢᠭᠡᠴᠢ᠄ ᠵᠢᠨᠢᠩ | ᠲᠣᠭᠤᠷᠢᠭ ᠤᠨ ᠴᠡᠴᠡᠷᠯᠢᠭ ᠤᠨ ᠬᠠᠮᠢᠶᠠᠷᠤᠯᠳᠠ ᠶᠢᠨ ᠲᠥᠪ︶︔ ᠵᠢᠨᠢᠩ ᠤᠨ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠶᠡᠭᠡ ᠠᠩᠭᠢ ᠬᠤᠲᠠ ᠶᠢᠨ ᠡᠳᠦᠷ ᠤᠨ ᠰᠣᠨᠢᠨ ᠤ ᠬᠤᠷᠢᠶᠠᠨ ᠤ ᠡᠭᠦᠳᠡᠨ ᠡᠮᠦᠨᠡᠬᠢ ᠰᠣᠬᠤᠷ | ᠬᠦᠮᠦᠨ ᠤ ᠵᠠᠮ᠂ ᠶᠠᠪᠠᠭᠠᠨ ᠬᠥᠮᠦᠨ ᠤ ᠵᠠᠮ ᠳᠠᠬᠢ ᠲᠡᠷᠭᠡᠨ ᠵᠣᠭᠰᠣᠭᠠᠯ ᠢ ᠨᠢᠭᠡᠨᠲᠡ ᠴᠡᠪᠡᠷᠯᠡᠵᠦ ᠳᠠᠭᠤᠰᠬᠠᠪᠠ᠃ ︵ | ᠳᠠᠭᠠᠭᠠᠨ ᠭᠦᠢᠴᠡᠳᠬᠡᠬᠦ ᠨᠢᠭᠡᠴᠢ᠄ ᠵᠢᠨᠢᠩ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ︶ | | | ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ | ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ | 2021 ᠣᠨ ᠤ 4 ᠰᠠᠷ᠎ᠠ ᠶᠢᠨ 26 ᠤ ᠡᠳᠦᠷ |