| ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠤᠯᠤᠰ ᠤᠨ ᠵᠠᠰᠠᠭ ᠤᠨ | ᠶᠠᠪᠤᠳᠠᠯ ᠤᠨ ᠮᠡᠳᠡᠭᠡ ᠵᠠᠩᠭᠢᠵᠢᠯᠲᠠ ᠶᠢ ᠠᠬᠢᠭᠤᠯᠬᠤ ᠲᠥᠯᠥᠪᠵᠢᠭᠦᠯᠭᠡ ᠶᠢ ᠬᠢᠨᠠᠨ ᠪᠠᠲᠤᠯᠠᠵᠤ ᠲᠣᠭᠠᠴᠢᠯᠠᠭᠰᠠᠨ | ᠵᠠᠰᠠᠭ ᠤᠨ ᠣᠷᠳᠣᠨ ᠢ ᠲᠦᠷᠭᠡᠪᠴᠢᠯᠡᠨ ᠪᠠᠶᠢᠭᠤᠯᠵᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪᠰᠢᠨ ᠢ | ᠳᠡᠭᠡᠭᠰᠢᠯᠡᠭᠦᠯᠪᠡ | ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠶ ᠠᠰᠢᠭᠯᠠᠬᠤ ᠶᠢ ᠳᠡᠮᠵᠢᠬᠦ ᠲᠤᠰᠬᠠᠶ ᠵᠦᠢᠯ ᠤᠨ | ᠳᠠᠬᠢᠨ ᠵᠢᠭᠡᠯᠡᠯᠭᠡ ᠶᠢ ᠲᠣᠬᠢᠷᠠᠭᠤᠯᠵᠤ ᠪᠣᠬᠢᠷᠲᠤᠯ ᠥᠬᠡᠶ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ | ᠠᠬᠢᠭᠤᠯᠬᠤ ᠪᠠᠷ ᠲᠣᠭᠲᠠᠪᠠ | ᠰᠢᠨᠬᠤᠸᠠ ᠬᠤᠷᠢᠶᠠᠨ ᠤ ᠪᠡᠭᠡᠵᠢᠩ ᠤᠨ 11 ᠳ᠋ᠦ᠋ᠭᠡᠷ ᠰᠠᠷ᠎ᠠ ᠶᠢᠨ 17 ᠤ ᠡᠳᠦᠷ ᠤᠨ ᠴᠠᠬᠢᠯᠭᠠᠨ ᠮᠡᠳᠡᠭᠡ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 11 ᠳ᠋ᠦ᠋ᠭᠡᠷ ᠰᠠᠷ᠎ᠠ ᠶᠢᠨ 17 ᠤ | ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠪᠡ ᠶᠢᠨ ᠬᠤᠭᠤᠴᠠᠭᠠᠨ ᠤ ᠤᠯᠤᠰ ᠤᠨ ᠵᠠᠰᠠᠭ ᠤᠨ ᠶᠠᠪᠤᠳᠠᠯ ᠤᠨ | ᠮᠡᠳᠡᠭᠡ ᠵᠠᠩᠭᠢᠵᠢᠯᠲᠠ ᠶᠢ ᠠᠬᠢᠭᠤᠯᠬᠤ ᠲᠥᠯᠥᠪᠵᠢᠭᠦᠯᠭᠡ ᠶᠢ ᠬᠢᠨᠠᠨ ᠪᠠᠲᠤᠯᠠᠵᠤ᠂ ᠲᠣᠭᠠᠴᠢᠯᠠᠭᠰᠠᠨ ᠵᠠᠰᠠᠭ ᠤᠨ | ᠣᠷᠳᠣᠨ ᠢ ᠲᠦᠷᠭᠡᠳᠬᠡᠨ ᠪᠠᠶᠢᠭᠤᠯᠵᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠵᠦ︔ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠢ ᠠᠰᠢᠭᠯᠠᠬᠤ ᠶᠢ ᠳᠡᠮᠵᠢᠬᠦ ᠲᠤᠰᠬᠠᠢ | ᠵᠦᠢᠯ ᠤᠨ ᠲᠠᠬᠢᠨ ᠵᠢᠭᠡᠯᠡᠯᠭᠡ ᠶᠢ ᠲᠣᠬᠢᠷᠠᠭᠤᠯᠵᠤ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ | ᠬᠥᠭᠵᠢᠯᠲᠡ ᠶᠢ ᠠᠬᠢᠭᠤᠯᠬᠤ ᠪᠠᠷ ᠲᠣᠭᠲᠠᠵᠠᠢ᠃ | ᠬᠤᠷᠠᠯ ᠳᠤ ᠵᠢᠭᠠᠭᠰᠠᠨ ᠨᠢ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢ ᠠᠬᠢᠭᠤᠯᠬᠤ ᠪᠣᠯ | ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠨᠥᠯᠥᠭᠡ ᠦᠢᠯᠡᠳᠦᠯ ᠪᠣᠯᠤᠨ ᠦᠢᠯᠡᠴᠢᠯᠡᠭᠡᠨ ᠤ ᠲᠦᠪᠰᠢᠨ ᠢ | ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠤᠭᠤᠴᠠᠭᠠᠨ ᠳᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠬᠤ ᠲᠠᠢ | ᠤᠶᠠᠯᠳᠤᠭᠤᠯᠤᠨ᠂ ᠮᠠᠨ ᠤ ᠤᠯᠤᠰ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ | ᠪᠠᠶᠢᠭᠤᠯᠤᠯᠲᠠ᠂ ᠬᠡᠷᠡᠭᠯᠡᠯᠲᠡ ᠲᠦᠷᠭᠡᠨ ᠠᠬᠢᠴᠠ ᠲᠠᠢ ᠪᠣᠯᠵᠣ᠂ ︽ᠬᠠᠮᠤᠭ ᠤᠨ ᠣᠯᠠᠨ ᠳᠤ ᠪᠠᠨ ᠨᠢᠭᠡ ᠤᠳᠠᠭ᠎ᠠ | ᠭᠦᠶᠦᠬᠦ︾᠂ ︽ᠨᠢᠭᠤᠷᠳᠠᠬᠤ ᠥᠬᠡᠶ ᠪᠠᠷ ᠬᠢᠨᠠᠨ ᠵᠥᠪᠰᠢᠶᠡᠷᠡᠭᠦᠯᠬᠦ︾᠂ ︽ᠠᠯᠠᠭᠠᠨ ᠳᠡᠭᠡᠷ᠎ᠡ ᠪᠠᠨ ᠭᠦᠢᠴᠡᠳᠬᠡᠬᠦ︾ | ᠵᠡᠷᠭᠡ ᠦᠢᠯᠡᠴᠢᠯᠡᠭᠡᠨ ᠤ ᠰᠢᠨ᠎ᠡ ᠵᠠᠭᠪᠤᠷ ᠲᠠᠰᠤᠷᠠᠯᠲᠠ ᠥᠬᠡᠶ ᠢᠯᠡᠷᠡᠵᠦ᠂ ᠠᠵᠤ ᠠᠬᠤᠶᠢᠯᠠᠯ ᠪᠠ ᠣᠯᠠᠨ ᠲᠦᠮᠡᠨ ᠤ | ᠠᠵᠢᠯ ᠶᠠᠪᠤᠳᠠᠯ ᠭᠦᠢᠴᠡᠳᠬᠡᠬᠦ ᠲᠥᠬᠦᠮ ᠤᠨ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠪᠡ᠃ ᠠᠷᠪᠠᠨ ᠳᠥᠷᠪᠡᠳᠦᠭᠡᠷ | ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠠᠵᠤ ᠠᠬᠤᠶᠢᠯᠠᠯ ᠤᠨ ᠬᠡᠷᠡᠭᠴᠡᠭᠡ ᠪᠠ ᠤᠯᠠᠨ | ᠲᠦᠮᠡᠨ ᠤ ᠬᠦᠰᠡᠯ ᠡᠷᠡᠮᠡᠯᠵᠡᠯ ᠢ ᠨᠡᠩ ᠰᠠᠶᠢᠲᠤᠷ ᠬᠠᠩᠭᠠᠬᠤ ᠳᠤ ᠬᠠᠨᠳᠤᠭᠤᠯᠤᠨ᠂ ᠵᠠᠰᠠᠭ ᠤᠨ ᠶᠠᠪᠤᠳᠠᠯ ᠤᠨ ᠮᠡᠳᠡᠭᠡ | ᠵᠠᠩᠭᠢ ᠶᠢ ᠬᠠᠮᠲᠤ ᠳᠤ ᠪᠠᠨ ᠬᠦᠷᠲᠡᠬᠦ ᠶᠢ ᠠᠬᠢᠭᠤᠯᠬᠤ᠂ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠪᠦᠲᠦᠮᠵᠢ ᠶᠢ ᠳᠡᠭᠡᠭᠰᠢᠯᠡᠭᠦᠯᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ | ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠵᠤ᠂ ᠵᠠᠰᠠᠭ ᠤᠨ ᠣᠷᠳᠣᠨ ᠤ ᠡᠭᠦᠷᠭᠡ | ᠴᠢᠳᠠᠮᠵᠢ ᠶᠢ ᠲᠦᠷᠭᠡᠪᠴᠢᠯᠡᠨ ᠬᠤᠪᠢᠷᠠᠭᠤᠯᠵᠤ᠂ ᠵᠠᠬ᠎ᠠ ᠳᠡᠯᠭᠡᠭᠦᠷ ᠤᠨ ᠭᠤᠣᠯᠴᠢ ᠥᠷᠢᠰᠥᠯᠳᠦᠭᠡᠨ ᠢ ᠠᠬᠢᠭᠤᠯᠬᠤ | ᠬᠡᠷᠡᠭᠲᠡᠶ᠃ ᠨᠢᠭᠡ ᠳᠤ᠂ ᠤᠯᠤᠰ ᠤᠨ ᠡᠯᠧᠺᠲᠷᠣᠨ ᠵᠠᠰᠠᠭ ᠤᠨ ᠶᠠᠪᠤᠳᠠᠯ ᠤᠨ ᠨᠢᠭᠡᠳᠦᠯᠲᠡᠶ ᠰᠦᠯᠵᠢᠶᠡᠨ ᠤ | ᠲᠣᠭᠲᠠᠯᠴᠠᠭ᠎ᠠ ᠶᠢ ᠪᠠᠶᠢᠭᠤᠯᠵᠤ᠂ ᠣᠷᠣᠨ ᠨᠤᠲᠤᠭ᠂ ᠰᠠᠯᠠᠭ᠎ᠠ ᠮᠥᠴᠢᠷ ᠤᠨ ᠡᠯ᠎ᠡ ᠲᠦᠷᠦᠯ ᠤᠨ ᠵᠠᠰᠠᠭ ᠤᠨ | ᠶᠠᠪᠤᠳᠠᠯ ᠤᠨ ᠲᠤᠰᠬᠠᠶ ᠰᠦᠯᠵᠢᠶ᠎ᠡ ᠶᠢ ᠡᠯᠧᠺᠲᠷᠣᠨ ᠵᠠᠰᠠᠭ ᠤᠨ ᠶᠠᠪᠤᠳᠠᠯ ᠤᠨ ᠨᠢᠭᠡᠳᠦᠯᠲᠡᠶ ᠰᠦᠯᠵᠢᠶ᠎ᠡ ᠳᠤ | ᠨᠢᠭᠡᠳᠦᠭᠦᠯᠬᠦ ᠶᠢ ᠠᠬᠢᠭᠤᠯᠵᠤ᠂ ᠮᠡᠳᠡᠭᠡ ᠵᠠᠩᠭᠢ ᠶᠢᠨ ᠭᠠᠭᠴᠠᠭᠠᠷᠳᠠᠯ ᠢ ᠡᠪᠳᠡᠵᠦ᠂ ᠬᠤᠯᠪᠣᠭᠠᠯᠠᠪᠠᠰᠤ ᠵᠣᠬᠢᠬᠤ ᠶᠢ ᠨᠢ | ᠴᠥᠮ ᠬᠤᠯᠪᠣᠭᠠᠯᠠᠬᠤ᠂ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ ᠪᠡᠶᠡᠯᠡᠭᠦᠯᠬᠦ ᠬᠡᠷᠡᠭᠲᠡᠶ᠃ ᠬᠤᠶᠠᠷ ᠲᠤ᠂ | ᠪᠦᠬᠦ ᠤᠯᠤᠰ ᠤᠨ ᠨᠢᠭᠡ ᠴᠤᠬᠴᠠᠵᠢᠭᠤᠯᠤᠬᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ | ᠴᠢᠳᠠᠪᠬᠢ ᠶᠢ ᠪᠠᠶᠠᠯᠢᠭᠵᠢᠭᠤᠯᠵᠤ᠂ ᠨᠢᠭᠡᠳᠦᠯᠲᠡᠢ ᠡᠯᠧᠺᠲᠷᠣᠨ ᠦᠨᠡᠮᠯᠡᠯ ᠤᠨ ᠬᠥᠮᠥᠷᠭᠡ ᠶᠢ ᠪᠠᠶᠢᠭᠤᠯᠵᠤ᠂ | ᠡᠯᠧᠺᠲᠷᠣᠨ ᠭᠡᠷ᠎ᠡ᠂ ᠲᠠᠮᠠᠭ᠎ᠠ ᠳᠠᠷᠤᠬᠤ ᠵᠡᠷᠭᠡ ᠬᠡᠷᠡᠭᠯᠡᠯᠲᠡ ᠶᠢ ᠳᠡᠯᠭᠡᠷᠡᠭᠦᠯᠵᠦ᠂ ᠨᠡᠶᠢᠭᠡᠮ ᠤᠨ ᠪᠠᠲᠤᠯᠠᠭ᠎ᠠ᠂ ᠡᠮ | ᠡᠮᠨᠡᠯᠭᠡ᠂ ᠰᠤᠷᠭᠠᠨ ᠬᠥᠮᠦᠵᠢᠯ᠂ ᠠᠵᠢᠯ ᠣᠯᠭᠤᠯᠲᠠ ᠵᠡᠷᠭᠡ ᠲᠠᠯ᠎ᠠ ᠪᠠᠷ ᠨᠡᠩ ᠳᠥᠭᠦᠮ ᠳᠥᠲᠡ ᠤᠯᠠᠨ | ᠨᠡᠶᠢᠲᠡ ᠶᠢᠨ ᠦᠢᠯᠡᠴᠢᠯᠡᠭᠡ ᠬᠠᠩᠭᠠᠵᠤ᠂ ᠨᠡᠩ ᠤᠯᠠᠨ ᠬᠡᠷᠡᠭ ᠶᠠᠪᠤᠳᠠᠯ ᠢ ᠨᠢᠭᠡ ᠰᠦᠯᠵᠢᠶ᠎ᠡ ᠪᠠᠷ ᠪᠦᠬᠦᠨ ᠢ | ᠰᠢᠢᠳᠪᠦᠷᠢᠯᠡᠬᠦ᠂ ᠮᠤᠵᠢ ᠠᠯᠤᠰᠯᠠᠨ ᠪᠦᠬᠦᠨ ᠢ ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠢ᠃ ᠭᠤᠷᠪᠠ ᠳᠤ᠂ | ᠤᠯᠤᠰ ᠤᠨ ᠬᠥᠮᠦᠨ ᠠᠮᠠ᠂ ᠬᠠᠤᠯᠢ ᠶᠢᠨ ᠡᠷᠬᠡᠲᠡᠨ᠂ ᠪᠠᠶᠢᠭᠠᠯᠢ ᠶᠢᠨ ᠡᠬᠢ ᠪᠠᠶᠠᠯᠢᠭ᠂ ᠠᠵᠤ ᠠᠬᠤᠢ ᠶᠢᠨ ᠲᠤᠭ᠎ᠠ | ᠪᠠᠷᠢᠮᠲᠠ ᠵᠡᠷᠭᠡ ᠰᠠᠭᠤᠷᠢ ᠮᠡᠳᠡᠭᠡ ᠵᠠᠩᠭᠢ ᠶᠢᠨ ᠬᠥᠮᠥᠷᠭᠡ ᠶᠢ ᠲᠡᠭᠦᠯᠳᠡᠷᠵᠢᠭᠦᠯᠵᠦ᠂ ᠲᠤᠭ᠎ᠠ ᠪᠠᠷᠢᠮᠲᠠ ᠶᠢᠨ ᠡᠬᠢ | ᠪᠠᠶᠠᠯᠢᠭ ᠢ ᠨᠡᠭᠡᠭᠡᠨ ᠠᠰᠢᠭᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠤᠯᠠᠨ ᠨᠡᠶᠢᠲᠡ ᠶᠢᠨ ᠡᠷᠡᠭᠦᠯ | ᠬᠠᠮᠠᠭᠠᠯᠠᠯ᠂ ᠪᠠᠶᠢᠭᠠᠯᠢ ᠶᠢᠨ ᠭᠠᠮᠰᠢᠭ᠂ ᠡ᠊ᠨᠳᠡᠯ ᠤᠨ ᠭᠠᠶ ᠭᠠᠮᠰᠢᠭ ᠵᠡᠷᠭᠡ ᠬᠦᠨᠳᠦ ᠶᠡᠭᠡ ᠭᠡᠨᠡᠳᠲᠡ ᠶᠢᠨ ᠬᠡᠷᠡᠭ ᠤᠨ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠠᠪᠤᠴᠠ ᠳᠠᠬᠢ ᠲᠣᠭᠠᠴᠢᠯᠠᠭᠰᠠᠨ ᠮᠡᠷᠭᠡᠵᠢᠯ ᠤᠨ ᠬᠡᠷᠡᠭᠯᠡᠯᠲᠡ ᠶᠢ | ᠭᠦᠨᠵᠡᠭᠡᠶᠢᠷᠡᠭᠦᠯᠬᠦ ᠬᠡᠷᠡᠭᠲᠡᠢ᠃ ᠲᠦᠷᠪᠡ ᠳᠤ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠵᠠᠰᠠᠭ ᠤᠨ | ᠶᠠᠪᠤᠳᠠᠯ ᠢ ᠢᠯᠡ ᠪᠣᠯᠭᠠᠬᠤ ᠲᠦᠷᠢᠮ ᠶᠣᠰᠣᠭᠠᠷ ᠬᠠᠤᠯᠢ ᠲᠣᠭᠲᠠᠭᠠᠯ ᠢ ᠵᠢᠷᠤᠮᠯᠠᠨ ᠨᠡᠶᠢᠭᠡᠮ ᠳᠤ ᠨᠡᠭᠡᠭᠡᠯᠲᠡ ᠬᠢᠬᠦ ᠶᠢ | ᠠᠬᠢᠭᠤᠯᠵᠤ᠂ ᠠᠵᠤ ᠠᠬᠤᠶᠢᠯᠠᠯ ᠢ ᠳᠠᠩᠰᠠᠯᠠᠬᠤ ᠪᠠ ᠬᠢᠨᠠᠨ ᠬᠠᠮᠢᠶᠠᠷᠬᠤ᠂ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ | ᠂ ᠵᠠᠮ ᠬᠠᠷᠢᠯᠴᠠᠭ᠎ᠠ᠂ ᠴᠠᠭ ᠠᠭᠤᠷ ᠵᠡᠷᠭᠡ ᠲᠤᠭ᠎ᠠ ᠪᠠᠷᠢᠮᠲᠠ ᠶᠢ ᠨᠡᠭᠡᠭᠡᠬᠦ ᠶᠢ ᠡᠩ ᠲᠡᠷᠢᠭᠦᠨ ᠳᠤ ᠠᠬᠢᠭᠤᠯᠬᠤ | ᠬᠡᠷᠡᠭᠲᠡᠢ᠃ ᠲᠦᠷᠢᠮ ᠢ ᠲᠡᠭᠦᠯᠳᠡᠷᠵᠢᠭᠦᠯᠵᠦ᠂ ᠬᠤᠳᠠᠯᠳᠤᠭᠠᠨ ᠤ ᠨᠢᠭᠤᠴᠠ ᠪᠠ ᠬᠤᠪᠢ ᠬᠥᠮᠦᠨ ᠤ ᠨᠢᠭᠤᠴᠠ ᠶᠢ | ᠴᠢᠩᠭ᠎ᠠ ᠬᠠᠮᠠᠭᠠᠯᠠᠬᠤ ᠬᠡᠷᠡᠭᠲᠡᠢ᠃ ᠲᠠᠪᠤ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠮᠡᠳᠡᠭᠡ | ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠬᠤᠶᠠᠷ ᠢ ᠲᠠᠰᠢᠷᠠᠮ ᠢᠶᠠᠷ ᠪᠠᠶᠢᠴᠠᠭᠠᠬᠤ᠂ ᠨᠢᠭᠡ ᠶᠢ ᠢᠯᠡ | ᠪᠣᠯᠭᠠᠬᠤ︾ ᠬᠢᠨᠠᠯᠲᠠ ᠬᠠᠮᠢᠶᠠᠷᠤᠯᠲᠠ᠂ ︽ᠢᠨᠲ᠋ᠧᠷ ᠰᠦᠯᠵᠢᠶ᠎ᠡ + ᠬᠢᠨᠠᠨ ᠬᠠᠮᠢᠶᠠᠷᠤᠯᠲᠠ︾᠂ ᠢᠲᠡᠭᠡᠮᠵᠢ ᠶᠢᠨ | ᠬᠢᠨᠠᠨ ᠬᠠᠮᠢᠶᠠᠷᠤᠯᠲᠠ ᠵᠡᠷᠭᠡ ᠲᠣᠭᠲᠠᠴᠠ ᠶᠢ ᠲᠡᠭᠦᠯᠳᠡᠷᠵᠢᠭᠦᠯᠵᠦ᠂ ᠢᠳᠡᠭᠡᠨ ᠤ ᠵᠦᠢᠯ ᠪᠠ ᠡᠮ ᠤᠨ ᠵᠦᠢᠯ᠂ | ᠲᠠᠷᠢᠶᠠᠯᠠᠩ ᠤᠨ ᠪᠦᠲᠦᠭᠡᠭᠳᠡᠬᠦᠨ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠵᠡᠷᠭᠡ ᠶᠢᠨ ᠬᠠᠮᠵᠢᠯᠴᠠᠨ ᠬᠢᠨᠠᠨ | ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠵᠢᠷᠭᠤᠭ᠎ᠠ ᠳᠤ᠂ ᠰᠦᠯᠵᠢᠶᠡᠨ ᠤ ᠠᠮᠤᠷ ᠲᠦᠪᠰᠢᠨ ᠤ | ᠪᠠᠲᠤᠯᠠᠭ᠎ᠠ ᠶᠢ ᠴᠢᠩᠭᠠᠳᠬᠠᠵᠤ᠂ ᠳᠡᠰ ᠬᠤᠪᠢᠶᠠᠨ ᠬᠠᠮᠠᠭᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠰᠠᠭᠤᠷᠢ ᠪᠡᠯᠡᠳᠬᠡᠮᠵᠢ ᠪᠠ ᠰᠢᠰᠲ᠋ᠧᠮ᠂ ᠲᠤᠭ᠎ᠠ ᠪᠠᠷᠢᠮᠲᠠ ᠶᠢᠨ | ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠬᠤ ᠬᠡᠷᠡᠭᠲᠡᠢ ᠭᠡᠵᠡᠢ᠃ | ᠬᠤᠷᠠᠯ ᠳᠤ ᠵᠢᠭᠠᠭᠰᠠᠨ ᠨᠢ᠂ ᠮᠠᠨ ᠤ ᠤᠯᠤᠰ ᠤᠨ ᠡᠨᠧᠷᠭᠢ ᠶᠢᠨ ᠡᠬᠢ ᠪᠠᠶᠠᠯᠢᠭ ᠨᠢ ᠨᠡᠭᠦᠷᠡᠰᠦ ᠪᠠᠷ ᠭᠤᠣᠯ | ᠪᠣᠯᠭᠠᠵᠤ ᠪᠤᠢ᠂ ᠤᠯᠤᠰ ᠤᠨ ᠪᠣᠳᠠᠲᠤ ᠪᠠᠶᠢᠳᠠᠯ ᠠᠴᠠ ᠡᠭᠦᠰᠴᠦ᠂ ᠨᠡᠭᠦᠷᠡᠰᠦ ᠶᠢ ᠠᠷᠢᠭᠤᠨ ᠴᠡᠪᠡᠷ ᠪᠥᠭᠡᠳ | ᠥᠨᠳᠥᠷ ᠪᠦᠲᠦᠮᠵᠢᠲᠡᠢ ᠠᠰᠢᠭᠯᠠᠬᠤ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠪᠣᠯᠪᠠᠰᠤᠷᠠᠩᠭᠤᠢ ᠮᠡᠷᠭᠡᠵᠢᠯ ᠢ | ᠬᠤᠳᠠᠯᠳᠤᠭᠠᠴᠢᠯᠠᠨ ᠬᠡᠷᠡᠭᠯᠡᠬᠦ ᠶᠢ ᠲᠦᠷᠭᠡᠨ ᠳᠡᠯᠭᠡᠷᠡᠭᠦᠯᠬᠦ ᠬᠡᠷᠡᠭᠲᠡᠢ ᠭᠡᠵᠡᠢ᠃ ᠬᠤᠷᠠᠯ ᠳᠤ ᠡᠮᠦᠨᠡᠬᠢ | ᠬᠤᠭᠤᠴᠠᠭᠠᠨ ᠳᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠮᠥᠩᠭᠦᠨ ᠭᠦᠢᠯᠭᠡᠭᠡᠨ ᠤ | ᠳᠡᠮᠵᠢᠯᠭᠡ ᠶᠢᠨ ᠪᠠᠭᠠᠵᠢ ᠶᠢ ᠪᠠᠶᠢᠭᠤᠯᠤᠭᠰᠠᠨ ᠰᠠᠭᠤᠷᠢᠨ ᠳᠡᠭᠡᠷ᠎ᠡ᠂ ᠨᠡᠭᠦᠷᠡᠰᠦ ᠶᠢ ᠠᠷᠢᠭᠤᠨ ᠴᠡᠪᠡᠷ ᠪᠥᠭᠡᠳ | ᠥᠨᠳᠥᠷ ᠪᠦᠲᠦᠮᠵᠢᠲᠡᠢ ᠠᠰᠢᠭᠯᠠᠬᠤ ᠶᠢ ᠳᠡᠮᠵᠢᠬᠦ ᠲᠤᠰᠬᠠᠢ ᠵᠦᠢᠯ ᠤᠨ 2000 ᠳ᠋ᠦᠩᠰᠢᠭᠤᠷ ᠲᠥᠭᠦᠷᠢᠭ ᠤᠨ | ᠲᠠᠬᠢᠨ ᠵᠢᠭᠡᠯᠡᠯᠭᠡ ᠶᠢ ᠳᠠᠬᠢᠨᠲᠠ ᠲᠣᠬᠢᠷᠠᠭᠤᠯᠵᠤ᠂ ᠲᠦᠷᠦ ᠶᠢᠨ ᠪᠤᠳᠤᠯᠭ᠎ᠠ ᠶᠢᠨ ᠬᠡᠪᠴᠢᠶᠡᠵᠢᠯ ᠢ ᠪᠦᠷᠢᠯᠳᠦᠭᠦᠯᠵᠦ᠂ | ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠬᠤ ᠪᠠᠷ ᠲᠣᠭᠲᠠᠪᠠ᠃ ᠲᠤᠰ | ᠤᠳᠠᠭ᠎ᠠ ᠶᠢᠨ ᠲᠣᠬᠢᠷᠠᠭᠤᠯᠤᠭᠰᠠᠨ 2000 ᠳ᠋ᠦᠩᠰᠢᠭᠤᠷ ᠲᠥᠭᠦᠷᠢᠭ ᠤᠨ ᠲᠤᠰᠬᠠᠶ ᠵᠦᠢᠯ ᠤᠨ ᠳᠠᠬᠢᠨ | ᠵᠢᠭᠡᠯᠡᠯᠭᠡ ᠶᠢᠨ ᠮᠥᠩᠭᠦ ᠶᠢ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠬᠦ᠂ ᠨᠡᠩ ᠢᠯᠡᠭᠦᠦ ᠬᠡᠷᠡᠭᠵᠢᠭᠦᠯᠵᠦ | ᠪᠣᠯᠬᠤ ᠱᠠᠭᠠᠷᠳᠠᠯᠭ᠎ᠠ ᠪᠠ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭᠠᠷ᠂ ᠨᠡᠭᠦᠷᠡᠰᠦ ᠶᠢ ᠠᠮᠤᠷ ᠲᠦᠪᠰᠢᠨ ᠪᠥᠭᠡᠳ | ᠥᠨᠳᠥᠷ ᠪᠦᠲᠦᠮᠵᠢᠲᠡᠶ ᠪᠣᠬᠢᠷᠲᠤᠯ ᠦᠭᠡᠢ ᠣᠶᠤᠨᠯᠢᠭ ᠢᠶᠠᠷ ᠨᠡᠭᠡᠭᠡᠨ ᠮᠠᠯᠲᠠᠬᠤ᠂ ᠨᠡᠭᠦᠷᠡᠰᠦ ᠶᠢ ᠠᠷᠢᠭᠤᠨ ᠴᠡᠪᠡᠷ | ᠪᠥᠭᠡᠳ ᠥᠨᠳᠥᠷ ᠪᠦᠲᠦᠮᠵᠢᠲᠡᠶ ᠪᠣᠯᠪᠠᠰᠤᠷᠠᠭᠤᠯᠬᠤ᠂ ᠨᠡᠭᠦᠷᠡᠰᠦ ᠴᠠᠬᠢᠯᠭᠠᠨ ᠢ ᠠᠷᠢᠭᠤᠨ ᠴᠡᠪᠡᠷ ᠥᠨᠳᠥᠷ | ᠪᠦᠲᠦᠮᠵᠢᠲᠡᠶ ᠠᠰᠢᠭᠯᠠᠬᠤ᠂ ᠠᠵᠤ ᠦᠢᠯᠡᠳᠪᠦᠷᠢ ᠶᠢᠨ ᠠᠷᠢᠭᠤᠨ ᠴᠡᠪᠡᠷ ᠢᠶᠠᠷ ᠰᠢᠲᠠᠭᠠᠬᠤ ᠪᠠ ᠠᠷᠢᠭᠤᠨ | ᠴᠡᠪᠡᠷ ᠢᠶᠠᠷ ᠢᠯᠴᠢ ᠬᠠᠩᠭᠠᠬᠤ᠂ ᠠᠷᠠᠳ ᠤᠨ ᠬᠡᠷᠡᠭᠯᠡᠭᠡᠨ ᠤ ᠠᠷᠢᠭᠤᠨ ᠴᠡᠪᠡᠷ ᠢᠶᠠᠷ ᠳᠤᠯᠠᠭᠠᠯᠠᠬᠤ᠂ ᠨᠡᠭᠦᠷᠡᠰᠦᠨ ᠤ | ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠪᠠ ᠨᠡᠭᠦᠷᠡᠰᠦᠨ ᠳᠠᠪᠬᠤᠷᠭ᠎ᠠ ᠶᠢᠨ ᠬᠡᠢ ᠶᠢ ᠨᠡᠭᠡᠭᠡᠨ ᠠᠰᠢᠭᠯᠠᠬᠤ ᠶᠢ | ᠶᠡᠭᠡ ᠪᠠᠷ ᠠᠬᠢᠭᠤᠯᠬᠤ ᠶᠢ ᠲᠤᠰᠬᠠᠶᠢᠯᠠᠨ ᠳᠡᠮᠵᠢᠨ᠎ᠡ᠃ ᠪᠣᠳᠠᠲᠠᠶ ᠠᠷᠭ᠎ᠠ ᠨᠢ ᠭᠡᠪᠡᠯ᠂ ᠪᠥᠬᠦ ᠤᠯᠤᠰ ᠤᠨ ᠴᠢᠨᠠᠷᠲᠠᠶ | ᠪᠠᠩᠬᠢ ᠨᠢ ᠳᠡᠮᠵᠢᠯᠭᠡ ᠦᠵᠡᠭᠦᠯᠬᠦ ᠬᠡᠪᠴᠢᠶᠡᠨ ᠳᠠᠬᠢ ᠪᠠᠷᠢᠮᠵᠢᠶ᠎ᠠ ᠳᠤ ᠨᠡᠶᠢᠴᠡᠭᠰᠡᠨ ᠵᠦᠢᠯᠡᠰ ᠲᠤ ᠬᠠᠷᠠᠭᠠᠯᠵᠠᠯᠲᠤ | ᠵᠢᠭᠡᠯᠡᠯᠭᠡ ᠶᠢ ᠪᠡᠶ᠎ᠡ ᠪᠠᠨ ᠳᠠᠭᠠᠭᠠᠨ ᠲᠠᠯᠪᠢᠵᠤ᠂ ᠬᠦᠤ ᠮᠥᠩᠭᠦ ᠶᠢᠨ ᠨᠣᠷᠮ᠎ᠠ ᠶᠢ ᠠᠳᠠᠯᠢ ᠬᠤᠭᠤᠴᠠᠭᠠᠨ ᠤ ᠲᠠᠰ | ᠬᠢᠵᠠᠭᠠᠷᠯᠠᠬᠤ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠦᠨ᠎ᠡ ᠮᠡᠳᠡᠭᠦᠯᠬᠦ ᠬᠦᠤ ᠮᠥᠩᠭᠦ ᠶᠢᠨ ᠨᠣᠷᠮ᠎ᠠ ᠲᠠᠢ ᠶᠡᠭᠡ | ᠲᠥᠯᠥᠪ ᠠᠳᠠᠯᠢ ᠪᠠᠶᠢᠯᠭᠠᠵᠤ᠂ ᠠᠷᠠᠳ ᠤᠨ ᠪᠠᠩᠬᠢ ᠵᠢᠭᠡᠯᠡᠯᠭᠡ ᠶᠢᠨ ᠡᠬᠡ ᠮᠥᠩᠭᠦ ᠶᠢᠨ ᠲᠡᠩᠴᠡᠭᠦᠤ ᠲᠤᠭ᠎ᠠ ᠪᠠᠷ | ᠳᠠᠬᠢᠨ ᠵᠢᠭᠡᠯᠡᠯᠭᠡ ᠶᠢᠨ ᠳᠡᠮᠵᠢᠯᠭᠡ ᠬᠠᠩᠭᠠᠵᠤ ᠪᠣᠯᠤᠨ᠎ᠠ᠃ ᠡᠭᠦᠨ ᠤ ᠵᠡᠷᠭᠡ ᠳᠤ ᠬᠤᠷᠠᠯ ᠳᠤ ᠱᠠᠭᠠᠷᠳᠠᠭᠰᠠᠨ ᠨᠢ᠂ | ᠲᠥᠷᠥᠯ ᠵᠦᠢᠯ ᠤᠨ ᠬᠥᠷᠥᠩᠭᠡ ᠮᠥᠩᠭᠦ ᠶᠢᠨ ᠬᠠᠷᠢᠴᠠᠯ ᠢ ᠵᠣᠬᠢᠰᠲᠠᠶ ᠪᠠᠭᠤᠷᠠᠭᠤᠯᠬᠤ᠂ ᠭᠠᠶᠢᠯᠢ ᠲᠠᠲᠠᠪᠤᠷᠢ ᠶᠢᠨ | ᠬᠠᠷᠠᠭᠠᠯᠵᠠᠯ ᠦᠵᠡᠭᠦᠯᠬᠦ᠂ ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ ᠪᠠᠯᠠ ᠮᠥᠩᠭᠦ ᠶᠢᠨ | ᠳᠡᠮᠵᠢᠯᠭᠡ ᠶᠢ ᠴᠢᠩᠭᠠᠳᠬᠠᠬᠤ᠂ ᠡᠯᠡᠭᠳᠡᠯ ᠢ ᠲᠦᠷᠭᠡᠪᠴᠢᠯᠡᠨ ᠪᠤᠳᠤᠬᠤ ᠵᠡᠷᠭᠡ ᠠᠷᠭ᠎ᠠ ᠬᠡᠮᠵᠢᠶ᠎ᠡ ᠶᠢ ᠨᠢᠭᠡᠳᠦᠯᠲᠡᠶ | ᠲᠥᠯᠥᠪᠯᠡᠨ ᠰᠤᠳᠤᠯᠵᠤ᠂ ᠨᠡᠭᠦᠷᠡᠰᠦ ᠶᠢ ᠠᠷᠢᠭᠤᠨ ᠴᠡᠪᠡᠷ ᠪᠥᠭᠡᠳ ᠥᠨᠳᠥᠷ ᠪᠦᠲᠦᠮᠵᠢᠲᠡᠶ ᠪᠠᠷ ᠠᠰᠢᠭᠯᠠᠬᠤ | ᠲᠥᠷᠥᠯ ᠵᠦᠢᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ ᠭᠡᠵᠡᠢ᠃ | ᠬᠤᠷᠠᠯ ᠳᠤ ᠪᠠᠰᠠ ᠪᠤᠰᠤᠳ ᠵᠦᠢᠯ ᠢ ᠰᠤᠳᠤᠯᠵᠠᠢ᠃ |