ᠰᠦᠢ ᠸᠧᠢ ᠵᠢᠶᠦ᠋ᠨ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/11/19
    11 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ  ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠵᠠᠰᠠᠭ ᠤᠨ ᠤᠳᠤᠷᠢᠳᠬᠤ ᠪᠠᠭ ᠤᠨ ᠪᠠᠶᠢᠭᠤᠯᠤᠯᠲᠠ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠬᠡᠷᠡᠭᠵᠢᠭᠦᠯᠦᠯᠲᠡ᠂ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠪᠠ ᠰᠦᠯᠵᠢᠶᠡᠨ ᠤ ᠠᠮᠤᠷ ᠲᠦᠪᠰᠢᠨ ᠵᠡᠷᠭᠡ ᠬᠤᠯᠪᠣᠭᠳᠠᠯ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ᠃     ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠪᠣᠯ ᠬᠤᠣᠰ ᠵᠠᠭᠤᠨ ᠵᠢᠯ ᠤᠨ ᠠᠭᠤᠯᠵᠠᠷ ᠤᠨ ᠵᠠᠩᠭᠢᠯᠠᠭ᠎ᠠ ᠶᠢᠨ ᠴᠠᠭ ᠮᠥᠴᠡ ᠳᠤ ᠬᠤᠷᠠᠯᠳᠤᠭᠰᠠᠨ ᠨᠢᠭᠡ ᠤᠳᠠᠭᠠᠨ ᠤ ᠡᠭᠦᠳᠦᠯᠲᠡ ᠶᠢᠨ ᠴᠢᠨᠠᠷᠲᠠᠢ᠂ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠴᠢᠬᠤᠯᠠ ᠬᠤᠷᠠᠯ ᠪᠣᠯᠤᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠰᠠᠶᠢᠲᠤᠷ ᠲᠤᠭᠤᠰᠢᠯᠠᠭᠤᠯᠬᠤ ᠶᠠᠪᠤᠳᠠᠯ ᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠬᠤ ᠬᠡᠷᠡᠭᠲᠡᠶ᠃ ᠬᠤᠳᠠ ᠶᠢᠨ ᠱᠠᠲᠤᠨ ᠤ ᠤᠳᠤᠷᠢᠳᠬᠤ ᠺᠠᠳ᠋ᠷ ᠲᠦᠷᠦᠭᠦᠯᠡᠨ ᠬᠢᠵᠦ᠂ ᠲᠡᠷᠡ ᠬᠡᠪ ᠢᠶᠠᠷ ᠨᠢ ᠰᠤᠷᠤᠯᠴᠠᠵᠤ᠂ ᠭᠦᠨᠵᠡᠭᠡᠢ ᠰᠡᠳᠬᠢᠨ ᠪᠣᠳᠣᠯᠬᠢᠯᠠᠵᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠵᠤ᠂ ᠳᠠᠭᠤᠷᠢᠶᠠᠯ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢᠶᠠᠨ ᠴᠢᠩᠭᠠᠳᠬᠠᠵᠤ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠬᠤ ᠬᠡᠷᠡᠭᠲᠡᠢ᠃ ᠰᠤᠷᠤᠯᠴᠠᠬᠤ ᠰᠤᠳᠤᠯᠤᠨ ᠶᠠᠷᠢᠯᠴᠠᠬᠤ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ᠂ ᠪᠦᠬᠦᠳᠡ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠪᠠ ᠭᠤᠣᠯ ᠴᠢᠬᠤᠯᠠ ᠠᠭᠤᠯᠭ᠎ᠠ ᠶᠢ ᠭᠦᠨᠵᠡᠭᠡᠢ ᠣᠶᠢᠯᠠᠭᠠᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠡᠳᠬᠢᠯ ᠵᠢᠷᠦᠬᠡᠨ ᠳᠤ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠢ︔ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠤᠬᠠᠭᠤᠯᠭ᠎ᠠ ᠶᠢ ᠰᠠᠶᠢᠲᠤᠷ ᠠᠳᠬᠤᠵᠤ᠂ ᠤᠬᠠᠭᠤᠯᠬᠤ ᠪᠠ ᠲᠠᠶᠢᠯᠪᠤᠷᠢᠯᠠᠬᠤ ᠡᠷᠴᠢᠮ ᠢᠶᠠᠨ ᠴᠢᠩᠭᠠᠷᠠᠭᠤᠯᠵᠤ᠂ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠬᠤ ᠬᠡᠷᠡᠭᠲᠡᠢ︔ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠣᠳᠣᠬᠠᠨ ᠤ ᠠᠵᠢᠯ ᠢᠶᠠᠨ ᠰᠠᠶᠢᠲᠤᠷ ᠬᠢᠬᠦ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠪᠦᠬᠦ ᠬᠤᠲᠠ ᠶᠢᠨ ᠠᠵᠤ ᠠᠬᠤᠢ᠂ ᠠᠷᠠᠳ ᠤᠨ ᠠᠮᠢᠳᠤᠷᠠᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ ᠠᠳᠬᠤᠵᠤ᠂ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠮᠠᠨ ᠤ ᠬᠤᠲᠠ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃     ᠬᠤᠷᠠᠯ ᠠᠴᠠ᠂ ᠪᠥᠬᠦ ᠬᠤᠲᠠ ᠶᠢᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠪᠠᠷ ᠭᠤᠤᠯ ᠰᠢᠵᠢᠮ ᠪᠣᠯᠭᠠᠵᠤ᠂ ︽ᠳᠥᠷᠪᠡᠨ ᠬᠠᠷᠢᠴᠠᠭ᠎ᠠ︾ ᠶᠢ ᠵᠥᠪ ᠡᠵᠡᠮᠳᠡᠵᠦ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠶᠢ ᠪᠠᠷᠢᠮᠲᠠᠯᠠᠨ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠴᠢᠩᠭᠠᠳᠬᠠᠪᠠ᠃     ᠬᠤᠷᠠᠯ ᠠᠴᠠ᠂ ᠨᠠᠮ ᠵᠠᠰᠠᠭ ᠤᠨ ᠤᠳᠤᠷᠢᠳᠬᠤ ᠪᠠᠭ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ ᠂ ᠤᠯᠤᠰ ᠲᠦᠷᠦ ᠦᠵᠡᠯ ᠰᠠᠨᠠᠭᠠᠨ ᠤ ᠬᠥᠮᠦᠵᠢᠯ ᠪᠣᠯᠤᠨ ᠲᠤᠰᠬᠠᠢ ᠮᠡᠷᠭᠡᠵᠢᠯ ᠤᠨ ᠬᠦᠷᠢᠶᠡᠨ ᠤ ᠪᠣᠯᠪᠠᠰᠤᠷᠠᠯ ᠢ ᠴᠢᠨᠠᠭᠰᠢᠳᠠ ᠴᠢᠩᠭᠠᠳᠬᠠᠵᠤ᠂ ᠤᠳᠤᠷᠢᠳᠤᠯᠭ᠎ᠠ ᠶᠢᠨ ᠡᠭᠦᠷᠭᠡ  ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ︔ ᠮᠣᠷᠠᠯ ᠴᠢᠳᠠᠪᠤᠷᠢ ᠠᠵᠢᠯᠴᠢ ᠬᠥᠳᠡᠯᠮᠦᠷᠢᠴᠢ ᠠᠮᠵᠢᠯᠲᠠ ᠪᠦᠲᠦᠮᠵᠢ ᠠᠷᠢᠭᠤᠨ ᠴᠢᠬᠡᠴᠢ ᠶᠢᠨ ᠪᠠᠷᠢᠮᠵᠢᠶ᠎ᠠ ᠶᠢ ᠪᠠᠷᠢᠮᠲᠠᠯᠠᠵᠤ᠂ ᠤᠷᠮᠠᠰᠢᠭᠤᠯᠤᠨ ᠵᠣᠷᠢᠭᠵᠢᠭᠤᠯᠬᠤ ᠪᠠ ᠬᠢᠵᠠᠭᠠᠷᠯᠠᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠬᠥᠮᠦᠨ ᠰᠣᠩᠭᠤᠵᠤ ᠬᠡᠷᠡᠭᠯᠡᠬᠦ ᠢᠯᠡ ᠲᠣᠳᠣ ᠤᠳᠤᠷᠢᠳᠤᠮᠵᠢ ᠶᠢ ᠪᠤᠢ ᠪᠣᠯᠭᠠᠵᠤ ᠂ ᠠᠵᠢᠯ ᠬᠢᠵᠦ ᠦᠢᠯᠡᠰ ᠴᠣᠭᠴᠠᠯᠠᠬᠤ ᠳᠤ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠤᠳᠤᠷᠢᠳᠬᠤ ᠪᠠᠭ ᠢ ᠪᠠᠶᠢᠭᠤᠯᠬᠤ ᠬᠡᠷᠡᠭᠲᠡᠢ᠃ ᠨᠠᠮ ᠤᠨ ᠰᠤᠷᠭᠠᠭᠤᠯᠢ ᠪᠣᠯ ᠨᠠᠮ ᠤᠨ ᠬᠢ ᠭᠡᠳᠡᠭ ᠢ ᠥᠴᠦᠬᠡᠨ ᠴᠦ ᠭᠤᠶᠢᠪᠢᠰᠢ ᠦᠭᠡᠢ ᠪᠠᠷᠢᠮᠲᠠᠯᠠᠵᠤ᠂ ᠭᠤᠣᠯ ᠱᠤᠭᠤᠮ ᠢᠶᠠᠨ ᠪᠠᠲᠤᠳᠬᠠᠵᠤ ᠰᠤᠷᠭᠠᠭᠤᠯᠢ ᠡᠷᠬᠢᠯᠡᠬᠦ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠲᠦᠪᠰᠢᠨ ᠢᠶᠠᠨ ᠳᠡᠭᠡᠭᠰᠢᠯᠡᠭᠦᠯᠵᠦ ᠶᠠᠰᠤ ᠴᠢᠨᠠᠷ ᠢᠶᠠᠷ ᠰᠤᠷᠭᠠᠭᠤᠯᠢ ᠪᠠᠶᠢᠭᠤᠯᠬᠤ ᠶᠢ ᠪᠠᠷᠢᠮᠲᠠᠯᠠᠵᠤ᠂ ᠰᠢᠨ᠎ᠡ ᠪᠠᠶᠢᠳᠠᠯ ᠳᠣᠣᠷᠠᠬᠢ ᠨᠠᠮ ᠤᠨ ᠰᠤᠷᠭᠠᠭᠤᠯᠢ ᠶᠢᠨ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠬᠡᠷᠡᠭᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠬᠠᠭᠤᠯᠭ᠎ᠠ ᠪᠠ ᠪᠣᠯᠪᠠᠰᠤᠷᠠᠭᠤᠯᠤᠯ ᠢ ᠤᠯᠠᠮ ᠴᠢᠨᠠᠭᠰᠢᠳᠠ ᠴᠢᠩᠭᠠᠳᠬᠠᠵᠤ᠂ ᠬᠢᠨᠠᠨ ᠪᠠᠶᠢᠴᠠᠭᠠᠬᠤ ᠪᠠ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠨᠠᠮ ᠤᠨ ᠳᠣᠲᠣᠭᠠᠳᠤ ᠶᠢᠨ ᠡᠯ᠎ᠡ ᠵᠦᠢᠯ ᠤᠨ ᠬᠠᠤᠯᠢ ᠲᠣᠭᠲᠠᠭᠠᠯ ᠢ ᠲᠡᠷᠡ ᠬᠡᠪ ᠢᠶᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠤᠯᠤᠰ ᠲᠦᠷᠦ ᠪᠠᠷ ᠬᠦᠳᠦᠯᠦᠨ ᠳᠠᠭᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂  ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠦᠨᠡᠨᠬᠦ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂  ᠶᠡᠷᠦᠩᠬᠡᠢ ᠱᠦᠵᠢ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠰᠦᠯᠵᠢᠶᠡᠨ ᠤ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠦᠵᠡᠯ ᠰᠠᠨᠠᠭᠠᠨ ᠤ ᠤᠬᠠᠮᠰᠠᠷ᠂ ᠠᠵᠢᠯᠯᠠᠭᠠᠨ ᠤ ᠤᠬᠠᠮᠰᠠᠷ ᠢᠶᠠᠨ ᠴᠢᠩᠭᠠᠳᠬᠠᠵᠤ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠪᠣᠯᠤᠨ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢᠨ ᠲᠦᠷᠢᠮ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦ ᠬᠤᠳᠠ ᠶᠢᠨ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ  ᠃ ᠡᠯ᠎ᠡ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠤᠯᠠᠨ ᠲᠦᠮᠡᠨ ᠤ ᠪᠦᠯᠬᠦᠮ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠤᠶᠤᠨ ᠤᠬᠠᠭᠠᠨ ᠠᠪᠢᠶᠠᠰ ᠴᠢᠳᠠᠪᠤᠷᠢ ᠪᠠᠨ ᠡᠷᠭᠦᠵᠦ᠂ ᠬᠦᠴᠦᠷᠬᠡᠭ ᠶᠡᠭᠡ ᠬᠦᠴᠦᠨ ᠨᠡᠮᠡᠷᠢᠯᠡᠬᠦ ᠬᠡᠷᠡᠭᠲᠡᠢ ᠭᠡᠵᠦ ᠱᠠᠭᠠᠷᠳᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                                            ᠣᠷᠴᠢᠭᠤᠯᠤᠭᠴᠢ᠄ ᠭᠤᠸ᠎ᠠ                                                            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2