︽ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠰᠢᠷᠢᠰ ᠮᠡᠳᠡᠭᠡᠯᠡᠯ ︵ᠬᠤᠶᠠᠷ︶
ᠨᠡᠶᠢᠲᠡᠯᠡᠭᠰᠡᠨ ᠴᠠᠭ᠄
2021/11/19
     ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠤᠮᠳᠠ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠠᠵᠢᠯᠯᠠᠭ᠎ᠠ ᠥᠷᠨᠢᠭᠦᠯᠬᠦ ᠲᠤᠬᠠᠶ ᠨᠠᠮ ᠤᠨ ᠲᠥᠪ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠢᠨ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ᠂ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ ᠠᠰᠠᠭᠤᠬᠤ᠂ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ ︽ᠭᠤᠷᠪᠠ ᠶᠢ ᠠᠰᠠᠭᠤᠬᠤ︾ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠨᠡᠶᠢᠭᠡᠮ ᠤᠨ ᠡᠯ᠎ᠡ ᠡᠲᠡᠭᠡᠳ ᠪᠠ ᠥᠷᠭᠡᠨ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠠᠰᠠᠭᠤᠳᠠᠯ ᠤᠨ ᠨᠠᠷᠢᠨ ᠲᠠᠩᠰᠠ ᠶᠢ ᠬᠤᠷᠢᠶᠠᠩᠭᠤᠶᠢᠯᠠᠨ ᠡᠮᠬᠢᠯᠡᠵᠦ᠂ ᠡᠭᠦᠨ ᠤ ᠤᠯᠠᠮ ᠠᠴᠠ ᠣᠯᠠᠨ ᠲᠦᠮᠡᠨ ᠳᠤ ᠪᠣᠳᠠᠲᠠᠶ ᠶᠠᠪᠤᠳᠠᠯ ᠬᠢᠬᠦ ᠶᠢᠨ ︽ᠭᠤᠷᠪᠠ ᠶᠢ ᠠᠰᠠᠭᠤᠬᠤ︾ ᠦᠢᠯᠡᠴᠢᠯᠡᠭᠡᠨ ᠤ  ᠵᠦᠢᠯᠡᠰ ᠤᠨ ᠨᠠᠷᠢᠨ ᠲᠠᠩᠰᠠ ᠶᠢ ᠲᠣᠭᠲᠠᠭᠠᠭᠰᠠᠨ ᠪᠠᠶᠢᠨ᠎ᠠ᠃ ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠣᠲᠣ ᠨᠡᠶᠢᠭᠡᠮ ᠲᠠᠶᠠᠭᠠᠷ ᠲᠤ ︽ᠪᠢ ᠣᠯᠠᠨ ᠲᠦᠮᠡᠨ ᠳᠤ ᠪᠣᠳᠠᠳᠤ ᠶᠠᠪᠤᠳᠠᠯ ᠬᠢᠬᠦ︾ ᠦᠢᠯᠡᠳᠦᠯᠭᠡ ᠶᠢᠨ ᠠᠵᠢᠯᠯᠠᠭ᠎ᠠ ᠶᠢᠨ ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠ᠂ ᠠᠰᠠᠭᠤᠳᠠᠯ ᠢ ᠰᠢᠢᠳᠪᠦᠷᠢᠯᠡᠭᠰᠡᠨ ᠦᠷ᠎ᠡ ᠳ᠋ᠦᠩ ᠢ ᠨᠡᠶᠢᠲᠡᠯᠡᠵᠦ᠂ ᠠᠷᠠᠳ ᠣᠯᠠᠨ ᠤ ᠬᠢᠨᠠᠯᠲᠠ ᠪᠠ ᠦᠨᠡᠯᠡᠯᠲᠡ ᠶᠢ ᠤᠬᠠᠮᠰᠠᠷ ᠠᠴᠠ ᠪᠠᠨ ᠬᠦᠯᠢᠶᠡᠬᠦ ᠪᠤᠯᠤᠨ᠎ᠠ᠃     ︽ᠭᠤᠷᠪᠠ ᠶᠢ ᠠᠰᠠᠭᠤᠬᠤ︾ ᠠᠵᠢᠯᠯᠠᠭ᠎ᠠ ᠶᠢᠨ ᠠᠰᠠᠭᠤᠳᠠᠯ ᠤᠨ ᠨᠠᠷᠢᠨ ᠲᠠᠩᠰᠠ     1 . ᠵᠢᠨᠢᠩ ᠲᠣᠭᠤᠷᠢᠭ ᠤᠨ ᠰᠢᠨ ᠲᠠᠢ ᠰᠠᠭᠤᠭᠠᠯᠢ ᠲᠣᠭᠤᠷᠢᠭ ᠤᠨ 1 ᠳ᠋ᠤᠭᠡᠷ ᠨᠣᠮᠧᠷᠲᠤ ᠠᠰᠠᠷ ᠤᠨ ᠪᠠᠷᠠᠭᠤᠨ ᠲᠣᠭᠤᠷᠢᠭ ᠤᠨ ᠭᠠᠳᠠᠨᠠᠬᠢ ᠵᠠᠮ ᠤᠨ ᠭᠠᠳᠠᠷᠭᠤ ᠶᠢᠨ ᠪᠣᠬᠢᠷ ᠤᠰᠤᠨ ᠤ ᠬᠤᠳᠳᠤᠭ ᠤᠨ ᠬᠠᠪᠬᠠᠭᠠᠰᠤ ᠡᠪᠳᠡᠷᠡᠪᠡ︔ ᠵᠢᠨᠢᠩ ᠲᠣᠭᠤᠷᠢᠭ ᠤᠨ ᠲᠤᠸᠠᠨ ᠵᠢᠶᠧ ᠵᠠᠮ ᠤᠨ ᠷᠦᠢ ᠰᠢᠨ ᠶᠤᠸᠠᠨ ᠰᠠᠭᠤᠭᠠᠯᠢ ᠲᠣᠭᠤᠷᠢᠭ ᠤᠨ ᠡᠭᠦᠳᠡᠨ ᠡᠮᠤᠨᠡᠬᠢ ᠵᠠᠮ ᠤᠨ ᠭᠠᠳᠠᠷᠭᠤ ᠳᠣᠷᠣᠭᠰᠢ ᠰᠠᠭᠤᠭᠳᠠᠪᠠ︔ ᠵᠢᠨᠢᠩ ᠲᠣᠭᠤᠷᠢᠭ ᠤᠨ ᠵᠢᠵᠢᠭ ᠲᠠᠸᠠᠷ ᠤᠨ ᠵᠠᠬ᠎ᠠ ᠳᠡᠯᠭᠡᠭᠦᠷ ᠤᠨ ᠡᠭᠦᠳᠡᠨ ᠡᠮᠦᠨᠡᠬᠢ ᠵᠠᠮ ᠳᠤ 7᠂ 8 ᠨᠦᠭᠡ ᠪᠠᠶᠢᠵᠤ᠂ ᠲᠡᠷᠭᠡᠨ ᠤ ᠠᠮᠤᠷ ᠲᠦᠪᠰᠢᠨ ᠢ ᠨᠥᠯᠥᠭᠡᠯᠡᠵᠤ ᠪᠤᠢ᠃      2 . ᠤᠯᠠᠭᠠᠨᠴᠠᠪ ᠬᠤᠲᠠ ᠶᠢᠨ ᠵᠠᠮ ᠬᠠᠷᠢᠯᠴᠠᠭᠠᠨ ᠤ ᠠᠵᠢᠯ ᠮᠡᠷᠭᠡᠵᠢᠯ ᠤᠨ ᠰᠤᠷᠭᠠᠭᠤᠯᠢ ᠶᠢᠨ ᠬᠦᠷᠢᠶᠡᠨ ᠳᠤ ᠡᠳᠦᠷ ᠪᠦᠷᠢ ᠶᠢᠨ ᠦᠳᠡ ᠳᠤ ᠪᠠᠷᠢᠯᠭ᠎ᠠ ᠪᠠᠷᠢᠬᠤ ᠨᠢ ᠰᠤᠷᠤᠭᠴᠢᠳ ᠤᠨ ᠦᠳᠡ ᠶᠢᠨ ᠠᠮᠠᠷᠠᠯᠲᠠ ᠶᠢ ᠨᠥᠯᠥᠭᠡᠯᠡᠵᠤ ᠪᠤᠢ︔ ᠵᠢᠨᠢᠩ ᠲᠣᠭᠤᠷᠢᠭ ᠤᠨ ᠸᠧᠨ ᠬᠤᠸᠠ ᠰᠢᠤᠸᠠᠢ ᠹᠥ᠋ ᠰᠠᠭᠤᠭᠠᠯᠢ ᠲᠤᠭᠤᠷᠢᠭ ᠲᠤ ᠰᠥᠨᠢ ᠪᠠᠷ ᠪᠠᠷᠢᠯᠭ᠎ᠠ ᠶᠢᠨ ᠠᠵᠢᠯ ᠬᠢᠵᠤ ᠲᠠᠭᠤ ᠱᠤᠤᠭᠢᠶᠠᠨ ᠨᠢ ᠠᠷᠠᠳ ᠢ ᠦᠢᠮᠡᠭᠦᠯᠵᠤ ᠪᠤᠢ᠃      3 . ᠹᠧᠩᠵᠧᠨ ᠬᠤᠲᠠ ᠶᠢᠨ 1 ᠳ᠋ᠤᠭᠡᠷ ᠵᠠᠮ ᠤᠨ ᠨᠡᠶᠢᠲᠡ ᠶᠢᠨ ᠮᠠᠰᠢᠨ ᠲᠡᠷᠭᠡ ᠶᠢᠨ ᠬᠥᠳᠡᠯᠬᠦ ᠴᠠᠭ ᠨᠢ ᠬᠤᠭᠤᠷᠤᠨᠳᠤ ᠪᠠᠨ 1 ᠴᠠᠭ ᠠᠯᠤᠰᠯᠠᠵᠤ᠂ ᠰᠠᠭᠤᠭᠠᠯᠢ ᠠᠷᠠᠳ ᠤᠨ ᠲᠡᠷᠭᠡ ᠬᠦᠯᠢᠶᠡᠬᠦ ᠴᠠᠭ ᠨᠢ ᠲᠤᠩ ᠣᠷᠳᠣ ᠪᠠᠶᠢᠳᠠᠭ ᠪᠣᠯᠬᠤᠷ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠡᠷᠭᠡ ᠬᠥᠳᠡᠯᠬᠦ ᠵᠠᠶ ᠶᠢ ᠨᠢ ᠰᠢᠯᠢᠳᠡᠭᠵᠢᠭᠦᠯᠵᠦ᠂ ᠣᠯᠠᠨ ᠲᠦᠮᠡᠨ ᠤ ᠶᠠᠪᠤᠵᠤ ᠰᠠᠭᠤᠬᠤ ᠳᠤ ᠲᠥᠬᠦᠮ ᠦᠵᠡᠭᠦᠯᠬᠦ ᠶᠢ ᠰᠠᠨᠠᠭᠤᠯᠵᠤ ᠪᠠᠶᠢᠨ᠎ᠠ᠃      4 . ᠵᠢᠨᠢᠩ ᠲᠣᠭᠤᠷᠢᠭ ᠤᠨ ᠬᠦᠭᠦᠷᠭᠡ ᠶᠢᠨ ᠪᠠᠷᠠᠭᠤᠨᠳᠡᠬᠢ ᠲᠦᠩ ᠵᠢᠶᠠ ᠨᠡᠶᠢᠭᠡᠮ ᠲᠣᠭᠤᠷᠢᠭ ᠤᠨ ᠪᠠᠷᠠᠭᠤᠨ ᠶᠡᠭᠡ ᠬᠦᠷᠢᠶᠡᠨ ᠤ ᠵᠣᠷᠯᠣᠩ ᠢ ᠨᠢᠭᠡᠨᠲᠡ ᠨᠤᠷᠠᠭᠠᠵᠤ᠂ ᠣᠶᠢᠷ᠎ᠠ ᠬᠠᠪᠢ ᠶᠢᠨ ᠰᠠᠭᠤᠭᠠᠯᠢ ᠠᠷᠠᠳ ᠵᠣᠷᠯᠣᠩ ᠳᠤ ᠣᠷᠣᠬᠤ ᠳᠤ ᠳᠥᠭᠦᠮ ᠦᠭᠡᠢ ᠪᠤᠯᠪᠠ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠬᠢᠨ ᠨᠤᠷᠠᠭᠠᠵᠤ ᠨᠡᠭᠦᠯᠭᠡᠵᠦ ᠥᠭᠡᠷᠡᠴᠢᠯᠡᠬᠦ ᠳᠡᠭᠡᠨ ᠨᠢᠭᠡᠳᠦᠯᠲᠡᠶ ᠲᠥᠯᠥᠪᠯᠡᠨ ᠪᠣᠳᠣᠯᠬᠢᠯᠠᠬᠤ ᠶᠢ ᠬᠦᠰᠡᠵᠦ ᠪᠠᠶᠢᠨ᠎ᠠ᠃      5 . ᠯᠢᠶᠠᠩᠴᠧᠩ ᠰᠢᠶᠠᠨ ᠤ ᠡᠮᠨᠡᠯᠭᠡ ᠶᠢᠨ ᠬᠤᠷᠢᠶᠠᠨ ᠤ ᠵᠢᠷᠦᠬᠡ ᠴᠢᠰᠤᠨ ᠰᠤᠳᠠᠯ ᠤᠨ ᠡᠪᠡᠳᠴᠢᠨ ᠢ ᠵᠠᠰᠠᠬᠤ ᠡᠮ ᠨᠢ ᠦᠷᠭᠦᠯᠵᠢ ᠪᠠᠶᠢᠬᠤ ᠥᠬᠡᠶ ᠪᠣᠯᠬᠤᠷ ᠡᠪᠡᠳᠴᠢᠲᠡᠨ ᠥᠪᠡᠷ ᠤᠨ ᠵᠠᠷᠤᠳᠠᠯ ᠢᠶᠠᠷ ᠢᠶᠠᠨ ᠡᠮ ᠤᠨ ᠳᠡᠯᠭᠡᠭᠦᠷ ᠠᠴᠠ ᠬᠤᠳᠠᠯᠳᠤᠨ ᠠᠪᠴᠤ ᠪᠤᠢ᠂ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠡᠪᠡᠳᠴᠢᠲᠡᠨ ᠤ ᠡᠪᠡᠳᠴᠢᠨ ᠦᠵᠡᠭᠦᠯᠵᠦ ᠡᠮ ᠬᠡᠷᠡᠭᠯᠡᠬᠦ ᠶᠢ ᠪᠦᠲᠦᠮᠵᠢᠲᠡᠶ ᠪᠠᠲᠤᠯᠠᠬᠤ ᠶᠢ ᠬᠦᠰᠡᠵᠦ ᠪᠠᠶᠢᠨ᠎ᠠ᠃      6 . ᠱᠠᠩᠳᠤ ᠰᠢᠶᠠᠨ ᠤ 1 ᠳ᠋ᠤᠭᠡᠷ ᠵᠠᠮ᠂ 2 ᠳ᠋ᠤᠭᠠᠷ ᠵᠠᠮ᠂ 3 ᠳ᠋ᠤᠭᠠᠷ ᠵᠠᠮ᠂ 4 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡ 2021 ᠣᠨ ᠠᠴᠠ ᠬᠤᠶᠢᠰᠢ ᠡᠵᠡᠩᠨᠡᠯᠲᠡ ᠪᠠᠨ ᠵᠤᠭᠰᠤᠭᠠᠵᠤ᠂ ᠣᠶᠢᠷ᠎ᠠ ᠬᠠᠪᠢ ᠶᠢᠨ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠳᠥᠭᠦᠮ ᠦᠭᠡᠢ ᠪᠤᠯᠪᠠ᠃      7 . ᠵᠢᠨᠢᠩ ᠲᠣᠭᠤᠷᠢᠭ ᠠᠴᠠ ᠱᠠᠩᠳᠤ ᠰᠢᠶᠠᠨ ᠬᠥᠷᠬᠦ ᠵᠠᠰᠠᠮᠠᠯ ᠵᠠᠮ ᠳᠤ ᠰᠦᠢᠳᠬᠡᠯ ᠬᠤᠷᠢᠶᠠᠬᠤ ᠥᠷᠲᠡᠭᠡ ᠪᠠᠶᠢᠭᠤᠯᠵᠤ᠂ 10 ᠲᠥᠭᠦᠷᠢᠭ ᠤᠨ ᠵᠠᠮ ᠥᠩᠭᠡᠷᠡᠬᠦ ᠰᠦᠢᠳᠬᠡᠯ ᠬᠤᠷᠢᠶᠠᠵᠤ ᠪᠤᠢ᠃ ᠡᠭᠦᠨ ᠢ ᠬᠤᠲᠠ ᠶᠢᠨ ᠠᠷᠠᠳ ᠵᠦᠶ ᠵᠣᠬᠢᠰ ᠦᠭᠡᠶ ᠭᠡᠵᠦ ᠦᠵᠡᠵᠤ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠡᠨᠡᠬᠦ ᠵᠦᠶ ᠵᠣᠬᠢᠰ ᠦᠭᠡᠶ ᠰᠦᠢᠳᠬᠡᠯ ᠢ ᠬᠦᠴᠦᠨ ᠦᠭᠡᠶ ᠪᠣᠯᠭᠠᠬᠤ ᠶᠢ ᠰᠠᠨᠠᠭᠤᠯᠵᠤ ᠪᠠᠶᠢᠨ᠎ᠠ᠃      8 . ᠯᠢᠶᠠᠩᠴᠧᠩ ᠰᠢᠶᠠᠨ ᠤ ᠳᠠᠭ᠎ᠠ ᠶᠢᠨ ᠨᠠᠭᠤᠷ ᠤᠨ ᠵᠢᠭᠤᠯᠴᠢᠯᠠᠯ ᠤᠨ ᠲᠣᠭᠤᠷᠢᠭ ᠤᠨ ᠬᠢᠨ ᠬᠥᠮᠦᠨ ᠪᠦᠷᠢ ᠠᠴᠠ 28 ᠲᠥᠭᠦᠷᠢᠭ ᠤᠨ ᠬᠠᠮᠢᠶᠠᠷᠤᠯᠲᠠ ᠶᠢᠨ ᠰᠦᠢᠳᠬᠡᠯ ᠬᠤᠷᠢᠶᠠᠬᠤ ᠪᠤᠯᠪᠠᠴᠤ ᠪᠠᠷᠢᠮᠲᠠ ᠬᠠᠩᠭᠠᠬᠤ ᠶᠢᠨ ᠠᠷᠭ᠎ᠠ ᠥᠬᠡᠶ ᠪᠣᠯᠬᠤᠷ᠂ ᠬᠤᠲᠠ ᠶᠢᠨ ᠠᠷᠠᠳ ᠰᠦᠢᠳᠬᠡᠯ ᠬᠤᠷᠢᠶᠠᠬᠤ ᠬᠠᠤᠯᠢ ᠪᠠᠷ ᠲᠣᠭᠲᠠᠭᠠᠭᠰᠠᠨ ᠦᠨᠳᠦᠰᠦ ᠪᠠᠷᠢᠮᠲᠠ ᠪᠠᠨ ᠢᠯᠡ ᠪᠣᠯᠭᠠᠵᠤ᠂ ᠬᠡᠷᠪᠡ ᠬᠠᠤᠯᠢ ᠶᠣᠰᠣᠨ ᠤ ᠦᠨᠳᠦᠰᠦ ᠪᠠᠷᠢᠮᠲᠠ ᠥᠬᠡᠶ ᠪᠣᠯ ᠬᠠᠤᠯᠢ ᠶᠣᠰᠣᠭᠠᠷ ᠬᠦᠴᠦᠨ ᠥᠬᠡᠶ ᠪᠣᠯᠭᠠᠬᠤ ᠶᠢ ᠱᠠᠭᠠᠷᠳᠠᠪᠠ᠃      9 . ᠵᠢᠨᠢᠩ ᠲᠣᠭᠤᠷᠢᠭ ᠤᠨ ᠪᠦᠬᠦᠯᠢ 65 ᠨᠠᠰᠤᠨ ᠠᠴᠠ ᠳᠡᠭᠡᠭᠰᠢᠬᠢ ᠨᠠᠰᠤᠲᠠᠳ ᠰᠦᠢᠳᠬᠡᠯ ᠬᠤᠷᠢᠶᠠᠬᠤ ᠥᠬᠡᠶ ᠪᠠᠷ ᠨᠡᠶᠢᠲᠡ ᠶᠢᠨ ᠮᠠᠰᠢᠨ ᠲᠡᠷᠭᠡᠨ ᠤ ᠺᠠᠷᠲ ᠠᠪᠴᠤ ᠪᠣᠯᠳᠠᠭ᠂ ᠪᠤᠰᠤᠳ ᠬᠤᠲᠠ ᠳᠤ ᠪᠦᠬᠦᠯᠢ 60 ᠨᠠᠰᠤᠨ ᠠᠴᠠ ᠳᠡᠭᠡᠭᠰᠢᠬᠢ ᠬᠥᠮᠦᠰ ᠳᠠᠷᠤᠶ ᠭᠦᠢᠴᠡᠳᠬᠡᠵᠦ ᠪᠣᠯᠤᠨ᠎ᠠ᠂ ᠮᠠᠨ ᠤ ᠲᠤᠭᠤᠷᠢᠭ ᠤᠨ ᠬᠢᠨ ᠪᠦᠬᠦᠯᠢ 60 ᠨᠠᠰᠤᠨ ᠠᠴᠠ ᠳᠡᠭᠡᠭᠰᠢᠬᠢ ᠬᠥᠮᠦᠰ ᠢ ᠰᠦᠢᠳᠭᠡᠯ ᠬᠤᠷᠢᠶᠠᠬᠤ ᠦᠭᠡᠢ ᠪᠠᠷ ᠨᠡᠶᠢᠲᠡ ᠶᠢᠨ ᠮᠠᠰᠢᠨ ᠲᠡᠷᠭᠡᠨ ᠳᠤ ᠰᠠᠭᠤᠬᠤ ᠬᠡᠪᠴᠢᠶᠡᠨ ᠳᠤ ᠣᠷᠣᠭᠤᠯᠬᠤ ᠶᠢᠨ ᠬᠠᠮᠲᠤ ᠵᠢᠨᠢᠩ ᠲᠣᠭᠤᠷᠢᠭ ᠤᠨ ᠡᠷᠦᠬᠡ ᠠᠮᠠ ᠶᠢᠨ ᠬᠠᠷᠢᠶ᠎ᠠ ᠳᠤ ᠬᠢᠵᠠᠭᠠᠷᠯᠠᠭᠳᠠᠬᠤ ᠥᠬᠡᠶ ᠪᠠᠶᠢᠬᠤ ᠶᠢ ᠰᠠᠨᠠᠭᠤᠯᠪᠠ᠃      10 . ᠵᠢᠨᠢᠩ ᠤᠨ ᠤᠷᠭᠤᠮᠠᠯ ᠤᠨ ᠬᠦᠷᠢᠶᠡᠯᠡᠩ ᠳᠣᠲᠣᠷᠠᠬᠢ ᠤᠯᠠᠩᠬᠢ ᠵᠠᠮ ᠤᠨ ᠳ᠋ᠧᠩ ᠡᠪᠳᠡᠷᠡᠵᠦ᠂ ᠬᠡᠰᠡᠭ ᠮᠣᠳᠣᠳ ᠨᠢ ᠬᠠᠳᠠᠵᠤ ᠥᠭᠦᠪᠡ᠂ ᠴᠡᠴᠡᠷᠯᠢᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠰᠣᠯᠢᠨ ᠵᠠᠰᠠᠵᠤ᠂ ᠬᠤᠲᠠ ᠶᠢᠨ ᠠᠷᠠᠳ ᠲᠤ ᠨᠢᠭᠡᠨ ᠰᠠᠶᠢᠨ ᠰᠠᠶᠢᠬᠠᠨ ᠰᠡᠯᠡᠭᠦᠴᠡᠯ ᠤᠨ ᠲᠠᠯᠠᠪᠤᠷ ᠬᠠᠩᠭᠠᠬᠤ ᠶᠢ ᠬᠦᠰᠡᠵᠦ ᠪᠠᠶᠢᠨ᠎ᠠ᠃      11 . ᠵᠢᠨᠢᠩ ᠲᠣᠭᠤᠷᠢᠭ ᠤᠨ ᠶᠠᠩ ᠭᠤᠸᠠᠩ ᠬᠤᠸᠠ ᠴᠧᠩ ᠲᠣᠭᠤᠷᠢᠭ ᠤᠨ ᠣᠶᠢᠷ᠎ᠠ ᠬᠠᠪᠢ ᠶᠢᠨ ᠪᠠᠶᠢᠰᠢᠩ ᠬᠡᠷ ᠤᠨ ᠲᠣᠭᠤᠷᠢᠭ ᠤᠨ ᠲᠦᠭᠡᠭᠡᠯ ᠤᠰᠤᠨ ᠤ ᠬᠤᠭᠤᠯᠠᠶ ᠳᠡᠯᠪᠡᠷᠡᠭᠰᠡᠨ ᠠᠴᠠ ᠪᠣᠯᠵᠣ ᠤᠰᠤ ᠵᠣᠭᠰᠤᠪᠠ᠂ ᠪᠠᠶᠢᠰᠢᠩ ᠬᠡᠷ ᠤᠨ ᠲᠣᠭᠤᠷᠢᠭ ᠤᠨ ᠰᠠᠭᠤᠭᠠᠯᠢ ᠠᠷᠠᠳ ᠣᠷᠳᠣ ᠬᠤᠭᠤᠴᠠᠭ᠎ᠠ ᠪᠠᠷ ᠤᠰᠤ ᠤᠮᠳᠠ ᠶᠢᠨ ᠬᠦᠴᠢᠷᠳᠡᠯ ᠳᠤ ᠲᠤᠯᠭᠠᠷᠠᠭᠰᠠᠨ ᠠᠴᠠ ᠵᠠᠰᠠᠭ ᠤᠨ ᠣᠷᠳᠣᠨ ᠠᠴᠠ ᠰᠢᠢᠳᠪᠦᠷᠢᠯᠡᠵᠦ ᠦᠭᠬᠦ ᠶᠢ ᠬᠦᠰᠡᠵᠦ ᠪᠠᠶᠢᠨ᠎ᠠ᠃     ︽ᠭᠤᠷᠪᠠ ᠶᠢ ᠠᠰᠠᠭᠤᠬᠤ︾ ᠠᠵᠢᠯᠯᠠᠭ᠎ᠠ ᠶᠢᠨ ᠠᠰᠠᠭᠤᠳᠠᠯ ᠤᠨ ᠨᠠᠷᠢᠨ ᠲᠠᠩᠰᠠ ᠶᠢ ᠰᠢᠢᠳᠪᠦᠷᠢᠯᠡᠵᠦ ᠳᠠᠭᠤᠰᠬᠠᠭᠰᠠᠨ ᠪᠠᠶᠢᠳᠠᠯ     1 . ᠵᠢᠨᠢᠩ ᠲᠣᠭᠤᠷᠢᠭ ᠤᠨ ᠰᠢᠨ ᠲᠠᠢ ᠰᠠᠭᠤᠭᠠᠯᠢ ᠲᠣᠭᠤᠷᠢᠭ ᠤᠨ 1 ᠳ᠋ᠤᠭᠡᠷ ᠨᠣᠮᠧᠷᠲᠤ ᠠᠰᠠᠷ ᠤᠨ ᠪᠠᠷᠠᠭᠤᠨ ᠲᠣᠭᠤᠷᠢᠭ ᠤᠨ ᠭᠠᠳᠠᠨᠠᠬᠢ ᠵᠠᠮ ᠤᠨ ᠭᠠᠳᠠᠷᠭᠤ ᠶᠢᠨ ᠪᠣᠬᠢᠷ ᠤᠰᠤᠨ ᠤ ᠬᠤᠳᠳᠤᠭ ᠤᠨ ᠬᠠᠪᠬᠠᠭᠠᠰᠤ ᠡᠪᠳᠡᠷᠡᠪᠡ︔ ᠵᠢᠨᠢᠩ ᠲᠣᠭᠤᠷᠢᠭ ᠤᠨ ᠲᠤᠸᠠᠨ ᠵᠢᠶᠧ ᠵᠠᠮ ᠤᠨ ᠷᠦᠢ ᠰᠢᠨ ᠶᠤᠸᠠᠨ ᠰᠠᠭᠤᠭᠠᠯᠢ ᠲᠣᠭᠤᠷᠢᠭ ᠤᠨ ᠡᠭᠦᠳᠡᠨ ᠡᠮᠤᠨᠡᠬᠢ ᠵᠠᠮ ᠤᠨ ᠭᠠᠳᠠᠷᠭᠤ ᠳᠣᠷᠣᠭᠰᠢ ᠰᠠᠭᠤᠭᠳᠠᠪᠠ︔ ᠵᠢᠨᠢᠩ ᠲᠣᠭᠤᠷᠢᠭ ᠤᠨ ᠵᠢᠵᠢᠭ ᠲᠠᠸᠠᠷ ᠤᠨ ᠵᠠᠬ᠎ᠠ ᠳᠡᠯᠭᠡᠭᠦᠷ ᠤᠨ ᠡᠭᠦᠳᠡᠨ ᠡᠮᠦᠨᠡᠬᠢ ᠵᠠᠮ ᠳᠤ 7᠂ 8 ᠨᠦᠭᠡ ᠪᠠᠶᠢᠵᠤ᠂ ᠲᠡᠷᠭᠡᠨ ᠤ ᠠᠮᠤᠷ ᠲᠦᠪᠰᠢᠨ ᠢ ᠨᠥᠯᠥᠭᠡᠯᠡᠵᠤ ᠪᠤᠢ᠃     ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢ ᠲᠤᠬᠠᠶ ᠶᠢᠨ ᠲᠠᠯᠠᠪᠤᠷ ᠲᠤᠨᠢ ᠬᠢᠨᠠᠨ ᠬᠠᠷᠭᠤᠭᠤᠯᠵᠤ ᠰᠢᠢᠳᠪᠦᠷᠢᠯᠡᠭᠦᠯᠪᠡ᠃ ᠰᠢᠨ ᠲᠠᠢ ᠰᠠᠭᠤᠭᠠᠯᠢ ᠲᠣᠭᠤᠷᠢᠭ ᠤᠨ ᠡᠪᠳᠡᠷᠡᠵᠦ ᠰᠦᠢᠳᠦᠭᠰᠡᠨ ᠬᠤᠳᠳᠤᠭ ᠤᠨ ᠬᠠᠪᠬᠠᠭᠠᠰᠤ ᠨᠢ ᠨᠢᠭᠡᠳᠤᠮᠡᠯ ᠴᠢᠮᠡᠭᠡ ᠬᠠᠷᠢᠯᠴᠠᠭᠠᠨ ᠤ ᠬᠤᠯᠪᠤᠭ᠎ᠠ ᠶᠢᠨ ᠰᠤᠯᠠ ᠴᠠᠬᠢᠯᠭᠠᠨ ᠱᠤᠭᠤᠮ ᠤᠨ ᠪᠠᠶᠢᠴᠠᠭᠠᠯᠲᠠ ᠶᠢᠨ ᠬᠤᠳᠳᠤᠭ ᠪᠠᠶᠢᠵᠤ᠂ ᠤᠳᠤ ᠨᠢᠭᠡᠨᠲᠡ ᠰᠣᠯᠢᠪᠠ︔ ᠷᠦᠢ ᠰᠢᠨ ᠶᠤᠸᠠᠨ ᠰᠠᠭᠤᠭᠠᠯᠢ ᠲᠣᠭᠤᠷᠢᠭ ᠤᠨ ᠡᠭᠦᠳᠡᠨ ᠡᠮᠤᠨᠡᠬᠢ ᠪᠠ ᠵᠢᠵᠢᠭ ᠲᠠᠸᠠᠷ ᠤᠨ ᠵᠠᠬ᠎ᠠ ᠳᠡᠯᠭᠡᠭᠦᠷ ᠤᠨ ᠡᠭᠦᠳᠡᠨ ᠡᠮᠦᠨᠡᠬᠢ ᠵᠠᠮ ᠤᠨ ᠭᠠᠳᠠᠷᠭᠤ ᠶᠢ ᠨᠢᠭᠡᠨᠲᠡ ᠰᠡᠯᠪᠢᠨ ᠵᠠᠰᠠᠵᠤ ᠳᠠᠭᠤᠰᠬᠠᠪᠠ᠃ ︵ᠳᠠᠭᠠᠭᠠᠨ ᠭᠦᠢᠴᠡᠳᠬᠡᠬᠦ ᠨᠢᠭᠡᠴᠢ᠄ ᠵᠢᠨᠢᠩ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︶     2. ᠤᠯᠠᠭᠠᠨᠴᠠᠪ ᠬᠤᠲᠠ ᠶᠢᠨ ᠵᠠᠮ ᠬᠠᠷᠢᠯᠴᠠᠭᠠᠨ ᠤ ᠠᠵᠢᠯ ᠮᠡᠷᠭᠡᠵᠢᠯ ᠤᠨ ᠰᠤᠷᠭᠠᠭᠤᠯᠢ ᠶᠢᠨ ᠬᠦᠷᠢᠶᠡᠨ ᠳᠤ ᠡᠳᠦᠷ ᠪᠦᠷᠢ ᠶᠢᠨ ᠦᠳᠡ ᠳᠤ ᠪᠠᠷᠢᠯᠭ᠎ᠠ ᠪᠠᠷᠢᠬᠤ ᠨᠢ ᠰᠤᠷᠤᠭᠴᠢᠳ ᠤᠨ ᠦᠳᠡ ᠶᠢᠨ ᠠᠮᠠᠷᠠᠯᠲᠠ ᠶᠢ ᠨᠥᠯᠥᠭᠡᠯᠡᠵᠤ ᠪᠤᠢ︔ ᠵᠢᠨᠢᠩ ᠲᠣᠭᠤᠷᠢᠭ ᠤᠨ ᠸᠧᠨ ᠬᠤᠸ᠋ᠨ ᠰᠢᠤᠸᠠᠢ ᠹᠥ᠋ ᠰᠠᠭᠤᠭᠠᠯᠢ ᠲᠤᠭᠤᠷᠢᠭ ᠲᠤ ᠰᠥᠨᠢ ᠪᠠᠷ ᠪᠠᠷᠢᠯᠭ᠎ᠠ ᠶᠢᠨ ᠠᠵᠢᠯ ᠬᠢᠵᠤ ᠲᠠᠭᠤ ᠱᠤᠤᠭᠢᠶᠠᠨ ᠨᠢ ᠠᠷᠠᠳ ᠢ ᠦᠢᠮᠡᠭᠦᠯᠵᠤ ᠪᠤᠢ᠃      ᠰᠢᠢᠳᠪᠦᠷᠢᠯᠡᠭᠰᠡᠨ ᠪᠠᠶᠢᠳᠠᠯ᠄ ᠲᠦᠷᠦᠭᠦᠬᠡᠨ᠂ ᠵᠢᠨᠢᠩ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠨᠢᠭᠡᠨᠲᠡ ᠬᠤᠯᠪᠣᠭᠳᠠᠯ ᠪᠥᠬᠦᠶ ᠪᠠᠷᠢᠯᠭ᠎ᠠ ᠶᠢᠨ ᠠᠵᠢᠯ ᠤᠨ ᠨᠢᠭᠡᠴᠢ ᠳᠤ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠭᠰᠠᠨ ᠪᠥᠭᠡᠳ ᠲᠣᠭᠲᠠᠭᠠᠯ ᠢ ᠴᠢᠩᠭ᠎ᠠ ᠵᠢᠷᠤᠮᠯᠠᠨ ᠪᠣᠯᠪᠠᠰᠤᠨ ᠢᠶᠠᠷ ᠪᠠᠷᠢᠯᠭ᠎ᠠ ᠶᠢᠨ ᠠᠵᠢᠯ ᠬᠢᠵᠤ᠂ ᠡᠶᠢᠮᠦᠷᠬᠦ ᠪᠠᠶᠢᠳᠠᠯ ᠳᠠᠭᠢᠵᠤ ᠡᠭᠦᠰᠬᠦ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ︵ᠳᠠᠭᠠᠭᠠᠨ ᠭᠦᠢᠴᠡᠳᠬᠡᠬᠦ ᠨᠢᠭᠡᠴᠢ᠄ ᠵᠢᠨᠢᠩ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ︶      3. ᠹᠧᠩᠵᠧᠨ ᠬᠤᠲᠠ ᠶᠢᠨ 1 ᠳ᠋ᠤᠭᠡᠷ ᠵᠠᠮ ᠤᠨ ᠨᠡᠶᠢᠲᠡ ᠶᠢᠨ ᠮᠠᠰᠢᠨ ᠲᠡᠷᠭᠡ ᠶᠢᠨ ᠬᠥᠳᠡᠯᠬᠦ ᠴᠠᠭ ᠨᠢ ᠬᠤᠭᠤᠷᠤᠨᠳᠤ ᠪᠠᠨ 1 ᠴᠠᠭ ᠠᠯᠤᠰᠯᠠᠵᠤ᠂ ᠰᠠᠭᠤᠭᠠᠯᠢ ᠠᠷᠠᠳ ᠤᠨ ᠲᠡᠷᠭᠡ ᠬᠦᠯᠢᠶᠡᠬᠦ ᠴᠠᠭ ᠨᠢ ᠲᠤᠩ ᠣᠷᠳᠣ ᠪᠠᠶᠢᠳᠠᠭ ᠪᠣᠯᠬᠤᠷ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠡᠷᠭᠡ ᠬᠥᠳᠡᠯᠬᠦ ᠴᠠᠭ ᠢ ᠨᠢ ᠰᠢᠯᠢᠳᠡᠭᠵᠢᠭᠦᠯᠵᠦ᠂ ᠣᠯᠠᠨ ᠲᠦᠮᠡᠨ ᠤ ᠶᠠᠪᠤᠵᠤ ᠰᠠᠭᠤᠬᠤ ᠳᠤ ᠲᠥᠬᠦᠮ ᠦᠵᠡᠭᠦᠯᠬᠦ ᠶᠢ ᠰᠠᠨᠠᠭᠤᠯᠵᠤ ᠪᠠᠶᠢᠨ᠎ᠠ᠃      ᠰᠢᠢᠳᠪᠦᠷᠢᠯᠡᠭᠰᠡᠨ ᠪᠠᠶᠢᠳᠠᠯ᠄ ᠹᠧᠩᠵᠧᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠠᠴᠠ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ ᠳᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠴᠤ᠂ ᠲᠡᠷᠭᠡ ᠬᠦᠳᠡᠯᠬᠦ ᠴᠠᠭ ᠤᠨ ᠠᠯᠤᠰᠯᠠᠬᠤ ᠵᠠᠢ ᠶᠢ 20 ᠮᠢᠨᠦ᠋ᠲ ᠣᠷᠴᠢᠮ ᠪᠠᠶᠢᠯᠭᠠᠬᠤ ᠶᠢ ᠦᠨᠡᠨᠬᠦ ᠪᠠᠲᠤᠯᠠᠬᠤ ᠪᠤᠯᠤᠨ᠎ᠠ᠃ ᠲᠠᠷᠠᠭᠠᠴᠢ ᠪᠠᠷ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ ᠶᠢᠨ ᠮᠠᠰᠢᠨ ᠲᠡᠷᠭᠡᠨ ᠤ ᠡᠵᠡᠩᠨᠡᠯᠲᠡ ᠶᠢᠨ ᠴᠠᠭ ᠲᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠢᠨᠠᠯᠲᠠ ᠲᠠᠯᠪᠢᠵᠤ᠂ ᠬᠤᠲᠠ ᠶᠢᠨ ᠠᠷᠠᠳ ᠤᠨ ᠶᠠᠪᠤᠵᠤ ᠰᠠᠭᠤᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠤᠯᠤᠨ᠎ᠠ ︵ᠳᠠᠭᠠᠭᠠᠨ ᠭᠦᠢᠴᠡᠳᠬᠡᠬᠦ ᠨᠢᠭᠡᠴᠢ᠄ ᠹᠧᠩᠵᠧᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ︶     4 . ᠵᠢᠨᠢᠩ ᠲᠣᠭᠤᠷᠢᠭ ᠤᠨ ᠬᠦᠭᠦᠷᠭᠡ ᠶᠢᠨ ᠪᠠᠷᠠᠭᠤᠨᠳᠡᠬᠢ ᠲᠦᠩ ᠵᠢᠶᠠ ᠨᠡᠶᠢᠭᠡᠮ ᠲᠣᠭᠤᠷᠢᠭ ᠤᠨ ᠪᠠᠷᠠᠭᠤᠨ ᠶᠡᠭᠡ ᠬᠦᠷᠢᠶᠡᠨ ᠤ ᠵᠣᠷᠯᠣᠩ ᠢ ᠨᠢᠭᠡᠨᠲᠡ ᠨᠤᠷᠠᠭᠠᠵᠤ᠂ ᠣᠶᠢᠷ᠎ᠠ ᠬᠠᠪᠢ ᠶᠢᠨ ᠰᠠᠭᠤᠭᠠᠯᠢ ᠠᠷᠠᠳ ᠵᠣᠷᠯᠣᠩ ᠳᠤ ᠣᠷᠣᠬᠤ ᠳᠤ ᠳᠥᠭᠦᠮ ᠦᠭᠡᠢ ᠪᠤᠯᠪᠠ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠬᠢᠨ ᠨᠤᠷᠠᠭᠠᠵᠤ ᠨᠡᠭᠦᠯᠭᠡᠵᠦ ᠥᠭᠡᠷᠡᠴᠢᠯᠡᠬᠦ ᠳᠡᠭᠡᠨ ᠨᠢᠭᠡᠳᠦᠯᠲᠡᠶ ᠲᠥᠯᠥᠪᠯᠡᠨ ᠨᠡᠶᠢᠳᠡ ᠳᠤᠨᠢ ᠪᠣᠳᠣᠯᠬᠢᠯᠠᠬᠤ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠬᠥᠭᠦᠷᠭᠡ ᠶᠢᠨ ᠪᠠᠷᠠᠭᠤᠨᠳᠠᠬᠢ ᠪᠠᠷᠠᠭᠤᠨ ᠶᠡᠭᠡ ᠬᠦᠷᠢᠶᠡᠨ ᠤ ᠵᠣᠷᠯᠣᠩ ᠢ ᠨᠤᠷᠠᠭᠠᠬᠤ ᠶᠢᠨ ᠬᠠᠮᠲᠤ ᠨᠢᠭᠡᠨᠲᠡ ᠲᠣᠭᠲᠠᠭᠰᠠᠨ ᠬᠡᠪᠴᠢᠶᠡᠨ ᠳᠣᠲᠣᠷ᠎ᠠ ᠣᠷᠴᠢᠨ ᠠᠬᠤᠶ ᠶᠢᠨ ᠬᠠᠮᠠᠭᠠᠯᠠᠯᠲᠠ ᠶᠢᠨ ᠨᠡᠶᠢᠲᠡ ᠶᠢᠨ ᠵᠣᠷᠯᠣᠩ ᠢ ᠤᠭᠰᠠᠷᠠᠨ ᠲᠠᠯᠪᠢᠭᠰᠠᠨ ᠪᠠᠶᠢᠨ᠎ᠠ᠃    ᠲᠠᠷᠠᠭᠠᠴᠢ ᠶᠢᠨ ᠠᠯᠬᠤᠮ ᠳᠤ᠂ ᠪᠣᠳᠠᠲᠠᠶ ᠬᠡᠷᠡᠭᠴᠡᠭᠡ ᠪᠠᠨ ᠦᠨᠳᠦᠰᠦᠯᠡᠨ ᠣᠷᠴᠢᠨ ᠠᠬᠤᠶ ᠶᠢ ᠬᠠᠮᠠᠭᠠᠯᠠᠬᠤ ᠵᠣᠷᠯᠣᠩ ᠤᠭᠰᠠᠷᠠᠵᠤ᠂ ᠰᠠᠭᠤᠭᠠᠯᠢ ᠠᠷᠠᠳ ᠲᠤ ᠲᠥᠬᠦᠮ ᠦᠵᠡᠭᠦᠯᠬᠦ ᠪᠤᠯᠤᠨ᠎ᠠ᠃ ︵ᠳᠠᠭᠠᠭᠠᠨ ᠭᠦᠢᠴᠡᠳᠬᠡᠬᠦ ᠨᠢᠭᠡᠴᠢ᠄ ᠵᠢᠨᠢᠩ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ︶    5 . ᠯᠢᠶᠠᠩᠴᠧᠩ ᠰᠢᠶᠠᠨ ᠤ ᠡᠮᠨᠡᠯᠭᠡ ᠶᠢᠨ ᠬᠤᠷᠢᠶᠠᠨ ᠤ ᠵᠢᠷᠦᠬᠡ ᠴᠢᠰᠤᠨ ᠰᠤᠳᠠᠯ ᠤᠨ ᠡᠪᠡᠳᠴᠢᠨ ᠢ ᠵᠠᠰᠠᠬᠤ ᠡᠮ ᠨᠢ ᠦᠷᠬᠦᠯᠵᠢ ᠪᠠᠶᠢᠬᠤ ᠥᠬᠡᠶ ᠪᠣᠯᠬᠤᠷ ᠡᠪᠡᠳᠴᠢᠲᠡᠨ ᠥᠪᠡᠷ ᠤᠨ ᠵᠠᠷᠤᠳᠠᠯ ᠢᠶᠠᠷ ᠢᠶᠠᠨ ᠡᠮ ᠤᠨ ᠳᠡᠯᠭᠡᠭᠦᠷ ᠠᠴᠠ ᠬᠤᠳᠠᠯᠳᠤᠨ ᠠᠪᠴᠤ ᠪᠤᠢ᠂ ᠡᠭᠦᠨ ᠳᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠡᠪᠡᠳᠴᠢᠲᠡᠨ ᠤ ᠡᠪᠡᠳᠴᠢᠨ ᠦᠵᠡᠭᠦᠯᠵᠦ ᠡᠮ ᠬᠡᠷᠡᠭᠯᠡᠬᠦ ᠶᠢ ᠪᠦᠲᠦᠮᠵᠢᠲᠡᠶ ᠪᠠᠲᠤᠯᠠᠬᠤ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠯᠢᠶᠠᠩᠴᠧᠩ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ ᠠᠴᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠪᠠᠶᠢᠴᠠᠭᠠᠨ ᠰᠢᠢᠳᠪᠦᠷᠢᠯᠡᠭᠦᠯᠬᠦ ᠪᠠᠷ ᠳᠠᠭᠠᠭᠠᠯᠭᠠᠵᠤ᠂ ᠣᠲᠣ ᠬᠡᠰᠡᠭ ᠪᠠᠷᠠᠭ᠎ᠠ ᠲᠠᠰᠤᠷᠠᠭᠰᠠᠨ ᠡᠮ ᠤᠨ ᠵᠦᠢᠯ ᠤᠨ ᠬᠠᠩᠭᠠᠯᠭ᠎ᠠ ᠶᠢ ᠨᠢᠭᠡᠨᠲᠡ ᠰᠡᠷᠭᠦᠭᠡᠵᠦ᠂ ᠪᠤᠰᠤᠳ ᠡᠮ ᠤᠨ ᠵᠦᠢᠯ ᠢ ᠰᠢᠶᠠᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠠᠭ ᠢᠳᠡᠪᠬᠢᠲᠡᠶ ᠪᠠᠷ ᠵᠣᠬᠢᠴᠠᠭᠤᠯᠤᠨ ᠬᠤᠳᠠᠯᠳᠤᠨ ᠠᠪᠴᠤ᠂ ᠡᠪᠡᠳᠴᠢᠲᠡᠨ ᠤ ᠡᠪᠡᠳᠴᠢᠨ ᠦᠵᠡᠭᠦᠯᠵᠦ ᠡᠮ ᠬᠡᠷᠡᠭᠯᠡᠬᠦ ᠶᠢ ᠪᠠᠲᠤᠯᠠᠭ᠎ᠠ ᠲᠠᠢ ᠪᠣᠯᠭᠠᠵᠤ ᠪᠠᠶᠢᠨ᠎ᠠ᠃ ︵ᠳᠠᠭᠠᠭᠠᠨ ᠭᠦᠢᠴᠡᠳᠬᠡᠬᠦ ᠨᠢᠭᠡᠴᠢ᠄ ᠯᠢᠶᠠᠩᠴᠧᠩ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ︶     6 . ᠱᠠᠩᠳᠤ ᠰᠢᠶᠠᠨ ᠤ 1 ᠳ᠋ᠦ᠋ᠭᠡᠷ ᠵᠠᠮ᠂ 2 ᠳ᠋ᠤᠭᠠᠷ ᠵᠠᠮ᠂ 3 ᠳ᠋ᠤᠭᠠᠷ ᠵᠠᠮ᠂ 4 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡ 2021 ᠣᠨ ᠠᠴᠠ ᠬᠤᠶᠢᠰᠢ ᠡᠵᠡᠩᠨᠡᠯᠲᠡ ᠪᠠᠨ ᠵᠤᠭᠰᠤᠭᠠᠵᠤ᠂ ᠣᠶᠢᠷ᠎ᠠ ᠬᠠᠪᠢ ᠶᠢᠨ ᠰᠠᠭᠤᠭᠠᠯᠢ ᠠᠷᠠᠳ ᠶᠠᠪᠤᠵᠤ ᠰᠠᠭᠤᠬᠤ ᠳᠤ ᠳᠥᠭᠦᠮ ᠦᠭᠡᠢ ᠪᠤᠯᠪᠠ᠃     ᠰᠢᠢᠳᠪᠦᠷᠢᠯᠡᠭᠰᠡᠨ ᠪᠠᠶᠢᠳᠠᠯ᠄ ᠱᠠᠩᠳᠤ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ ᠠᠴᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠬᠢᠨᠠᠨ ᠨᠤᠳᠠᠯᠠᠵᠤ ᠰᠢᠢᠳᠪᠦᠷᠢᠯᠡᠭᠦᠯᠬᠦ ᠪᠠᠷ ᠳᠠᠭᠠᠭᠠᠯᠭᠠᠪᠠ᠂ ᠣᠲᠣ 1 ᠳ᠋ᠤᠭᠡᠷ ᠵᠠᠮ ᠤᠨ ᠨᠡᠶᠢᠲᠡ ᠶᠢᠨ ᠮᠠᠰᠢᠨ ᠲᠡᠷᠭᠡ ᠨᠢᠭᠡᠨᠲᠡ ᠬᠡᠪ ᠤᠨ ᠡᠵᠡᠩᠨᠡᠯᠲᠡ ᠪᠠᠨ ᠰᠡᠷᠭᠦᠭᠡᠵᠦ᠂ ᠪᠤᠰᠤᠳ ᠵᠠᠮ ᠱᠤᠭᠤᠮ ᠢ ᠶᠠᠭ ᠢᠳᠡᠪᠬᠢᠲᠡᠶ ᠵᠣᠬᠢᠴᠠᠭᠤᠯᠵᠤ ᠪᠠᠶᠢᠨ᠎ᠠ᠃ ︵ᠳᠠᠭᠠᠭᠠᠨ ᠭᠦᠢᠴᠡᠳᠬᠡᠬᠦ ᠨᠢᠭᠡᠴᠢ᠄ ᠱᠠᠩᠳᠤ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ︶     7. ᠵᠢᠨᠢᠩ ᠲᠣᠭᠤᠷᠢᠭ ᠠᠴᠠ ᠱᠠᠩᠳᠤ ᠰᠢᠶᠠᠨ ᠬᠥᠷᠬᠦ ᠵᠠᠰᠠᠮᠠᠯ ᠵᠠᠮ ᠳᠤ ᠰᠦᠢᠳᠬᠡᠯ ᠬᠤᠷᠢᠶᠠᠬᠤ ᠥᠷᠲᠡᠭᠡ ᠪᠠᠶᠢᠭᠤᠯᠵᠤ᠂ 10 ᠲᠥᠭᠦᠷᠢᠭ ᠤᠨ ᠵᠠᠮ ᠥᠩᠭᠡᠷᠡᠬᠦ ᠰᠦᠢᠳᠬᠡᠯ ᠬᠤᠷᠢᠶᠠᠵᠤ ᠪᠤᠢ᠃ ᠡᠭᠦᠨ ᠢ ᠬᠤᠲᠠ ᠶᠢᠨ ᠠᠷᠠᠳ ᠵᠦᠶ ᠵᠣᠬᠢᠰ ᠦᠭᠡᠶ ᠭᠡᠵᠦ ᠦᠵᠡᠵᠤ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠡᠨᠡᠬᠦ ᠵᠦᠶ ᠵᠣᠬᠢᠰ ᠦᠭᠡᠶ ᠰᠦᠢᠳᠬᠡᠯ ᠢ ᠬᠦᠴᠦᠨ ᠦᠭᠡᠶ ᠪᠣᠯᠭᠠᠬᠤ ᠶᠢ ᠰᠠᠨᠠᠭᠤᠯᠵᠤ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠬᠢᠨᠠᠨ ᠨᠤᠳᠠᠯᠠᠬᠤ ᠪᠠᠷ ᠲᠠᠮᠵᠢᠨ᠂ ᠲᠣᠰ ᠵᠠᠰᠠᠮᠠᠯ ᠵᠠᠮ ᠨᠢ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠢᠨᠢᠩ ᠠᠴᠠ ᠱᠠᠩᠳᠤ ᠬᠥᠷᠬᠦ ᠬᠤᠶᠠᠳᠤᠭᠠᠷ ᠳᠡᠰ ᠤᠨ ᠵᠠᠰᠠᠮᠠᠯ ᠵᠠᠮ ᠢᠶᠠᠷ ᠦᠩᠭᠡᠷᠡᠬᠦ ᠲᠡᠷᠭᠡ ᠬᠥᠰᠬᠡ ᠠᠴᠠ ᠰᠦᠢᠳᠬᠡᠯ ᠬᠤᠷᠢᠶᠠᠬᠤ ᠪᠠᠷᠢᠮᠵᠢᠶ᠎ᠠ ᠶᠢᠨ ᠲᠤᠬᠠᠶ ᠴᠣᠬᠤᠯᠠᠪᠤᠷᠢ ︾ ︵ᠥᠪᠥᠷ ᠬᠥᠭᠵᠢᠭᠦᠯᠦᠯᠲᠡ ᠥᠭᠡᠷᠡᠴᠢᠯᠡᠯᠲᠡ ᠰᠦᠢᠳᠬᠡᠯ︹ 2011 ︺2715 ᠳ᠋ᠤᠭᠠᠷ ᠲᠣᠭᠠᠲᠤ︶ ᠶᠢᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ ᠰᠦᠢᠳᠬᠡᠯ ᠬᠤᠷᠢᠶᠠᠵᠤ ᠪᠤᠢ᠃ ᠰᠦᠢᠳᠬᠡᠯ ᠬᠤᠷᠢᠶᠠᠬᠤ ᠬᠤᠭᠤᠴᠠᠭ᠎ᠠ ᠨᠢ 2011 ᠣᠨ ᠤ 12 ᠰᠠᠷ᠎ᠠ ᠶᠢᠨ 20 ᠤ ᠡᠳᠦᠷ ᠠᠴᠠ 2036 ᠣᠨ ᠤ 12 ᠰᠠᠷ᠎ᠠ ᠶᠢᠨ 20 ᠤ ᠡᠳᠦᠷ ᠪᠣᠯᠲᠠᠯ᠎ᠠ 25 ᠵᠢᠯ ᠪᠣᠯᠤᠨ᠎ᠠ᠃ ︵ᠳᠠᠭᠠᠭᠠᠨ  ᠭᠦᠢᠴᠡᠳᠬᠡᠬᠦ ᠨᠢᠭᠡᠴᠢ᠄ ᠤᠯᠠᠭᠠᠨᠴᠠᠪ ᠬᠤᠲᠠ ᠶᠢᠨ ᠵᠠᠮ ᠬᠠᠷᠢᠯᠴᠠᠭ᠎ᠠ ᠠᠴᠢᠶ᠎ᠠ ᠲᠡᠭᠡᠭᠡᠪᠦᠷᠢ ᠶᠢᠨ ᠲᠣᠪᠴᠢᠶ᠎ᠠ︶    8. ᠯᠢᠶᠠᠩᠴᠧᠩ ᠰᠢᠶᠠᠨ ᠤ ᠳᠠᠭ᠎ᠠ ᠶᠢᠨ ᠨᠠᠭᠤᠷ ᠤᠨ ᠵᠢᠭᠤᠯᠴᠢᠯᠠᠯ ᠤᠨ ᠲᠣᠭᠤᠷᠢᠭ ᠤᠨ ᠬᠢᠨ ᠬᠥᠮᠦᠨ ᠪᠦᠷᠢ ᠠᠴᠠ 28 ᠲᠥᠭᠦᠷᠢᠭ ᠤᠨ ᠬᠠᠮᠢᠶᠠᠷᠤᠯᠲᠠ ᠶᠢᠨ ᠰᠦᠢᠳᠬᠡᠯ ᠬᠤᠷᠢᠶᠠᠬᠤ ᠪᠤᠯᠪᠠᠴᠤ ᠪᠠᠷᠢᠮᠲᠠ ᠬᠠᠩᠭᠠᠬᠤ ᠶᠢᠨ ᠠᠷᠭ᠎ᠠ ᠥᠬᠡᠶ ᠪᠣᠯᠬᠤᠷ᠂ ᠬᠤᠲᠠ ᠶᠢᠨ ᠠᠷᠠᠳ ᠰᠦᠢᠳᠬᠡᠯ ᠬᠤᠷᠢᠶᠠᠬᠤ ᠬᠠᠤᠯᠢ ᠪᠠᠷ ᠲᠣᠭᠲᠠᠭᠠᠭᠰᠠᠨ ᠦᠨᠳᠦᠰᠦ ᠪᠠᠷᠢᠮᠲᠠ ᠪᠠᠨ ᠢᠯᠡ ᠪᠣᠯᠭᠠᠬᠤ ᠶᠢ ᠱᠠᠭᠠᠷᠳᠠᠵᠤ᠂ ᠬᠡᠷᠪᠡ ᠬᠠᠤᠯᠢ ᠶᠣᠰᠣᠨ ᠤ ᠦᠨᠳᠦᠰᠦ ᠪᠠᠷᠢᠮᠲᠠ ᠥᠬᠡᠶ ᠪᠣᠯ ᠬᠠᠤᠯᠢ ᠶᠣᠰᠣᠭᠠᠷ ᠬᠦᠴᠦᠨ ᠥᠬᠡᠶ ᠪᠣᠯᠭᠠᠬᠤ ᠶᠢ ᠱᠠᠭᠠᠷᠳᠠᠪᠠ᠃   ᠰᠢᠢᠳᠪᠦᠷᠢᠯᠡᠭᠰᠡᠨ ᠪᠠᠶᠢᠳᠠᠯ᠄ ᠯᠢᠶᠠᠩᠴᠧᠩ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ ᠤᠨ ᠪᠠᠶᠢᠴᠠᠭᠠᠨ ᠨᠤᠳᠠᠯᠠᠭᠰᠠᠨ ᠢᠶᠠᠷ᠂ ᠬᠠᠮᠢᠶᠠᠷᠤᠯᠲᠠ ᠶᠢᠨ ᠰᠦᠢᠳᠬᠡᠯ ᠢ ᠵᠢᠵᠢᠭᠦᠷᠯᠡᠭᠴᠢ ᠳᠤᠷ᠎ᠠ ᠪᠠᠷ ᠢᠶᠠᠨ ᠬᠤᠷᠢᠶᠠᠵᠤ᠂ ᠲᠠᠭ᠎ᠠ ᠶᠢᠨ ᠨᠠᠭᠤᠷ ᠦᠵᠡᠮᠵᠢ ᠶᠢᠨ ᠣᠷᠣᠨ ᠤ ᠬᠢᠨ ᠲᠣᠰ ᠵᠢᠵᠢᠭᠦᠷᠯᠡᠭᠴᠢ ᠶᠢ ᠨᠢᠭᠡᠨᠲᠡ ᠠᠵᠢᠯ ᠠᠴᠠ ᠨᠢ ᠬᠥᠭᠡᠭᠡᠬᠦ ᠶᠢᠨ ᠬᠠᠮᠲᠤ ᠵᠢᠭᠤᠯᠴᠢᠯᠠᠯ ᠤᠨ ᠠᠵᠢᠯ ᠡᠷᠭᠢᠯᠡᠭᠰᠡᠳ ᠢ ᠪᠣᠯᠪᠠᠰᠤᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠢᠯ ᠡᠷᠭᠢᠯᠡᠭᠰᠡᠳ ᠤᠨ ᠠᠵᠢᠯ ᠲᠦᠷᠦᠯ ᠤᠨ ᠶᠣᠰᠣ ᠮᠣᠷᠠᠯ᠂ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃ ︵ᠳᠠᠭᠠᠭᠠᠨ ᠭᠦᠢᠴᠡᠳᠬᠡᠬᠦ ᠨᠢᠭᠡᠴᠢ᠄ ᠯᠢᠶᠠᠩᠴᠧᠩ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ︶     9 . ᠵᠢᠨᠢᠩ ᠲᠣᠭᠤᠷᠢᠭ ᠤᠨ ᠪᠦᠬᠦᠯᠢ 65 ᠨᠠᠰᠤᠨ ᠠᠴᠠ ᠳᠡᠭᠡᠭᠰᠢᠬᠢ ᠨᠠᠰᠤᠲᠠᠳ ᠰᠦᠢᠳᠬᠡᠯ ᠬᠤᠷᠢᠶᠠᠬᠤ ᠥᠬᠡᠶ ᠪᠠᠷ ᠨᠡᠶᠢᠲᠡ ᠶᠢᠨ ᠮᠠᠰᠢᠨ ᠲᠡᠷᠭᠡᠨ ᠤ ᠺᠠᠷᠲ ᠠᠪᠴᠤ ᠪᠣᠯᠳᠠᠭ᠂ ᠪᠤᠰᠤᠳ ᠬᠤᠲᠠ ᠳᠤ ᠪᠦᠬᠦᠯᠢ 60 ᠨᠠᠰᠤᠨ ᠠᠴᠠ ᠳᠡᠭᠡᠭᠰᠢᠬᠢ ᠬᠥᠮᠦᠰ ᠢ ᠳᠠᠷᠤᠶ ᠭᠦᠢᠴᠡᠳᠬᠡᠵᠦ ᠪᠣᠯᠤᠨ᠎ᠠ᠂ ᠮᠠᠨ ᠤ ᠲᠤᠭᠤᠷᠢᠭ ᠤᠨ ᠬᠢᠨ ᠪᠦᠬᠦᠯᠢ 60 ᠨᠠᠰᠤᠨ ᠠᠴᠠ ᠳᠡᠭᠡᠭᠰᠢᠬᠢ ᠬᠥᠮᠦᠰ ᠢ ᠰᠦᠢᠳᠭᠡᠯ ᠬᠤᠷᠢᠶᠠᠬᠤ ᠦᠭᠡᠢ ᠪᠠᠷ ᠨᠡᠶᠢᠲᠡ ᠶᠢᠨ ᠮᠠᠰᠢᠨ ᠲᠡᠷᠭᠡᠨ ᠳᠤ ᠰᠠᠭᠤᠬᠤ ᠬᠡᠪᠴᠢᠶᠡᠨ ᠳᠤ ᠣᠷᠣᠭᠤᠯᠬᠤ ᠶᠢᠨ ᠬᠠᠮᠲᠤ ᠵᠢᠨᠢᠩ ᠲᠣᠭᠤᠷᠢᠭ ᠤᠨ ᠡᠷᠦᠬᠡ ᠠᠮᠠ ᠶᠢᠨ ᠬᠠᠷᠢᠶ᠎ᠠ ᠳᠤ ᠬᠢᠵᠠᠭᠠᠷᠯᠠᠭᠳᠠᠬᠤ ᠥᠬᠡᠶ ᠪᠠᠶᠢᠬᠤ ᠶᠢ ᠰᠠᠨᠠᠭᠤᠯᠪᠠ᠃     ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠲᠤ ᠣᠳᠣᠬᠠᠨ᠎ᠠ ᠪᠦᠬᠦᠯᠢ 60 — 65 ᠨᠠᠰᠤᠨ ᠤ ᠨᠠᠰᠤᠲᠠᠶᠢᠴᠤᠳ ᠤᠨ ᠰᠦᠢᠳᠬᠡᠯ ᠥᠯᠥ ᠬᠤᠷᠢᠶᠠᠬᠤ ᠨᠡᠶᠢᠲᠡ ᠶᠢᠨ ᠮᠠᠰᠢᠨ ᠲᠡᠷᠭᠡᠨ ᠤ ᠺᠠᠷᠲ ᠤᠨ ᠲᠤᠬᠠᠶᠢᠯᠠᠭᠰᠠᠨ ᠠᠵᠢᠯ ᠢ ᠬᠠᠷᠠᠬᠠᠨ ᠨᠡᠪᠲᠡᠷᠡᠭᠦᠯᠦᠭᠡᠳᠦᠶ︔ ᠵᠢᠨᠢᠩ ᠲᠣᠭᠤᠷᠢᠭ ᠲᠤ ᠪᠠᠶᠢᠩᠭᠤ ᠰᠠᠭᠤᠭ᠎ᠠ ᠪᠥᠭᠡᠳ ᠵᠢᠨᠢᠩ ᠲᠣᠭᠤᠷᠢᠭ ᠤᠨ ᠬᠡᠷ ᠬᠥᠷᠥᠩᠭᠡ ᠶᠢᠨ ᠦᠨᠡᠮᠯᠡᠯ ᠪᠤᠶᠤ ᠲᠦᠷ ᠰᠠᠭᠤᠬᠤ ᠦᠨᠡᠮᠯᠡᠯ ᠲᠠᠢ ᠪᠦᠬᠦᠯᠢ 65 ᠨᠠᠰᠤᠨ ᠠᠴᠠ ᠳᠡᠭᠡᠭᠰᠢᠬᠢ ᠨᠠᠰᠤᠲᠠᠳ 5 ᠰᠠᠷ᠎ᠠ ᠶᠢᠨ 18 ᠤ ᠡᠳᠦᠷ ᠠᠴᠠ ᠡᠬᠢᠯᠡᠨ ᠰᠦᠢᠳᠬᠡᠯ ᠬᠤᠷᠢᠶᠠᠬᠤ ᠥᠬᠡᠶ ᠪᠠᠷ ᠲᠡᠷᠭᠡᠨ ᠳᠤ ᠰᠠᠭᠤᠬᠤ ᠺᠠᠷᠲ ᠠᠪᠴᠤ ᠪᠣᠯᠤᠨ᠎ᠠ᠃ ︵ᠳᠠᠭᠠᠭᠠᠨ ᠭᠦᠢᠴᠡᠳᠬᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶    10 . ᠵᠢᠨᠢᠩ ᠤᠨ ᠤᠷᠭᠤᠮᠠᠯ ᠤᠨ ᠬᠦᠷᠢᠶᠡᠯᠡᠩ ᠳᠣᠲᠣᠷᠠᠬᠢ ᠤᠯᠠᠩᠬᠢ ᠵᠠᠮ ᠤᠨ ᠳ᠋ᠧᠩ ᠡᠪᠳᠡᠷᠡᠵᠦ᠂ ᠬᠡᠰᠡᠭ ᠮᠣᠳᠣᠳ ᠨᠢ ᠬᠠᠳᠠᠵᠤ ᠥᠭᠦᠪᠡ᠂ ᠴᠡᠴᠡᠷᠯᠢᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠰᠣᠯᠢᠨ ᠵᠠᠰᠠᠵᠤ᠂ ᠬᠤᠲᠠ ᠶᠢᠨ ᠠᠷᠠᠳ ᠲᠤ ᠨᠢᠭᠡᠨ ᠰᠠᠶᠢᠨ ᠰᠠᠶᠢᠬᠠᠨ ᠰᠡᠯᠡᠭᠦᠴᠡᠯ ᠤᠨ ᠲᠠᠯᠠᠪᠤᠷ ᠬᠠᠩᠭᠠᠬᠤ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠨᠢᠭᠡᠨᠲᠡ ᠤᠷᠭᠤᠮᠠᠯ ᠤᠨ ᠬᠦᠷᠢᠶᠡᠯᠡᠩ ᠤᠨ ᠡᠪᠳᠡᠷᠡᠭᠰᠡᠨ ᠵᠠᠮ ᠤᠨ ᠳ᠋ᠧᠩ ᠢ ᠵᠠᠰᠠᠨ ᠰᠣᠯᠢᠵᠤ᠂ ᠬᠤᠪᠠᠭ᠋ᠠᠶ ᠮᠣᠳᠣ ᠶᠢ ᠰᠢᠯᠵᠢᠭᠦᠯᠦᠨ ᠠᠷᠢᠯᠭᠠᠵᠤ ᠨᠥᠬᠦᠵᠦ ᠵᠠᠶᠢᠯᠠᠪᠠ᠃ ᠬᠤᠶᠢᠰᠢᠳᠠ ᠣᠶ ᠮᠣᠳᠣ ᠶᠢ ᠠᠷᠠᠴᠢᠯᠠᠨ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠬᠤᠲᠠ ᠶᠢᠨ ᠠᠷᠠᠳ ᠲᠤ ᠨᠢᠭᠡᠨ ᠰᠠᠶᠢᠨ ᠰᠠᠶᠢᠬᠠᠨ ᠰᠡᠯᠡᠭᠦᠴᠡᠯ ᠤᠨ ᠲᠠᠯᠠᠪᠤᠷ ᠬᠠᠩᠭᠠᠬᠤ ᠪᠤᠯᠤᠨ᠎ᠠ᠃ ︵ᠳᠠᠭᠠᠭᠠᠨ ᠭᠦᠢᠴᠡᠳᠬᠡᠬᠦ ᠨᠢᠭᠡᠴᠢ᠄ ᠵᠢᠨᠢᠩ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︶     11. ᠵᠢᠨᠢᠩ ᠲᠣᠭᠤᠷᠢᠭ ᠤᠨ ᠶᠠᠩ ᠭᠤᠸᠠᠩ ᠬᠤᠸᠠ ᠴᠧᠩ ᠲᠣᠭᠤᠷᠢᠭ ᠤᠨ ᠣᠶᠢᠷ᠎ᠠ ᠬᠠᠪᠢ ᠶᠢᠨ ᠪᠠᠶᠢᠰᠢᠩ ᠬᠡᠷ ᠤᠨ ᠲᠣᠭᠤᠷᠢᠭ ᠤᠨ ᠲᠦᠭᠡᠭᠡᠯ ᠤᠰᠤᠨ ᠤ ᠬᠤᠭᠤᠯᠠᠶ ᠳᠡᠯᠪᠡᠷᠡᠭᠰᠡᠨ ᠠᠴᠠ ᠪᠣᠯᠵᠣ ᠤᠰᠤ ᠵᠣᠭᠰᠣᠪᠠ᠂ ᠪᠠᠶᠢᠰᠢᠩ ᠬᠡᠷ ᠤᠨ ᠲᠣᠭᠤᠷᠢᠭ ᠤᠨ ᠰᠠᠭᠤᠭᠠᠯᠢ ᠠᠷᠠᠳ ᠣᠷᠳᠣ ᠬᠤᠭᠤᠴᠠᠭ᠎ᠠ ᠪᠠᠷ ᠤᠰᠤ ᠤᠮᠳᠠ ᠶᠢᠨ ᠬᠦᠴᠢᠷᠳᠡᠯ ᠳᠤ ᠲᠤᠯᠭᠠᠷᠠᠵᠤ᠂ ᠡᠭᠦᠨ ᠢ ᠵᠠᠰᠠᠭ ᠤᠨ ᠣᠷᠳᠣᠨ ᠠᠴᠠ ᠰᠢᠢᠳᠪᠦᠷᠢᠯᠡᠵᠦ ᠦᠭᠬᠦ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠠᠷᠯᠢᠭᠳᠠᠵᠤ᠂ ᠶᠠᠩ ᠭᠤᠸᠠᠩ ᠬᠤᠸᠠ ᠴᠧᠩ ᠰᠠᠭᠤᠭᠠᠯᠢ ᠲᠣᠭᠤᠷᠢᠭ ᠤᠨ ᠲᠦᠭᠡᠭᠡᠯ ᠤᠰᠤᠨ ᠤ ᠬᠤᠭᠤᠯᠠᠶ ᠶᠢᠨ ᠲᠣᠤᠷ ᠢ ᠰᠡᠯᠪᠢᠨ ᠵᠠᠰᠠᠵᠤ ᠥᠭᠡᠷᠡᠴᠢᠯᠡᠭᠡᠳ ᠣᠲᠣ ᠨᠢᠭᠡᠨᠲᠡ ᠬᠡᠪ ᠤᠨ ᠤᠰᠤᠨ ᠤ ᠬᠠᠩᠭᠠᠯᠭ᠎ᠠ ᠶᠢ ᠰᠡᠷᠭᠦᠭᠡᠪᠡ᠃ ︵ᠳᠠᠭᠠᠭᠠᠨ ᠭᠦᠢᠴᠡᠳᠬᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶
 
ᠢᠷᠡᠯᠲᠡ᠄ ᠤᠯᠠᠭᠠᠨᠴᠠᠪ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2