︽ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠰᠢᠷᠢᠰ ᠮᠡᠳᠡᠭᠡᠯᠡᠯ ︵ᠭᠤᠷᠪᠠ︶
ᠨᠡᠶᠢᠲᠡᠯᠡᠭᠰᠡᠨ ᠴᠠᠭ᠄
2021/11/19
    ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠤᠮᠳᠠ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠠᠵᠢᠯᠯᠠᠭ᠎ᠠ ᠥᠷᠨᠢᠭᠦᠯᠬᠦ ᠲᠤᠬᠠᠶ ᠨᠠᠮ ᠤᠨ ᠲᠥᠪ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠢᠨ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ᠂ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ ᠠᠰᠠᠭᠤᠬᠤ᠂ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ ︽ᠭᠤᠷᠪᠠ ᠶᠢ ᠠᠰᠠᠭᠤᠬᠤ︾ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠨᠡᠶᠢᠭᠡᠮ ᠤᠨ ᠡᠯ᠎ᠡ ᠡᠲᠡᠭᠡᠳ ᠪᠠ ᠥᠷᠭᠡᠨ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠠᠰᠠᠭᠤᠳᠠᠯ ᠤᠨ ᠨᠠᠷᠢᠨ ᠲᠠᠩᠰᠠ ᠶᠢ ᠬᠤᠷᠢᠶᠠᠩᠭᠤᠶᠢᠯᠠᠨ ᠡᠮᠬᠢᠯᠡᠵᠦ᠂ ᠡᠭᠦᠨ ᠤ ᠤᠯᠠᠮ ᠠᠴᠠ ᠣᠯᠠᠨ ᠲᠦᠮᠡᠨ ᠳᠤ ᠪᠣᠳᠠᠲᠠᠶ ᠶᠠᠪᠤᠳᠠᠯ ᠬᠢᠬᠦ ᠶᠢᠨ ︽ᠭᠤᠷᠪᠠ ᠶᠢ ᠠᠰᠠᠭᠤᠬᠤ︾ ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠ ᠶᠢ ᠲᠣᠭᠲᠠᠭᠠᠭᠰᠠᠨ ᠪᠠᠶᠢᠨ᠎ᠠ᠃ ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠣᠲᠣ ᠨᠡᠶᠢᠭᠡᠮ ᠲᠠᠶᠠᠭᠠᠷ ᠲᠤ ︽ᠪᠢ ᠣᠯᠠᠨ ᠲᠦᠮᠡᠨ ᠳᠤ ᠪᠣᠳᠠᠳᠤ ᠶᠠᠪᠤᠳᠠᠯ ᠬᠢᠬᠦ︾ ᠦᠢᠯᠡᠳᠦᠯᠭᠡ ᠶᠢᠨ ᠠᠵᠢᠯᠯᠠᠭ᠎ᠠ ᠶᠢᠨ ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠ ᠪᠠ ᠠᠰᠠᠭᠤᠳᠠᠯ ᠢ ᠰᠢᠢᠳᠪᠦᠷᠢᠯᠡᠭᠰᠡᠨ ᠦᠷ᠎ᠡ ᠳ᠋ᠦᠩ ᠢ ᠨᠡᠶᠢᠲᠡᠯᠡᠵᠦ᠂ ᠠᠷᠠᠳ ᠣᠯᠠᠨ ᠤ ᠬᠢᠨᠠᠯᠲᠠ ᠪᠠ ᠦᠨᠡᠯᠡᠯᠲᠡ ᠶᠢ ᠤᠬᠠᠮᠰᠠᠷ ᠠᠴᠠ ᠪᠠᠨ ᠬᠦᠯᠢᠶᠡᠬᠦ ᠪᠤᠯᠤᠨ᠎ᠠ᠃     ︽ᠭᠤᠷᠪᠠ ᠶᠢ ᠠᠰᠠᠭᠤᠬᠤ︾ ᠠᠵᠢᠯᠯᠠᠭ᠎ᠠ ᠶᠢᠨ ᠠᠰᠠᠭᠤᠳᠠᠯ ᠤᠨ ᠨᠠᠷᠢᠨ ᠲᠠᠩᠰᠠ     1 . ᠳᠤᠮᠳᠠᠳᠤ ᠤᠯᠤᠰ ᠤᠨ ᠨᠡᠭᠦᠳᠡᠯ ᠬᠤᠯᠪᠤᠭ᠎ᠠ ᠲᠡᠮᠦᠷ ᠵᠠᠮ ᠤᠨ ᠴᠢᠮᠡᠭᠡ ᠬᠠᠷᠢᠯᠴᠠᠭᠠᠨ ᠤ ᠺᠣᠮᠫᠠᠨᠢ ᠶᠢᠨ ᠤᠯᠠᠭᠠᠨᠴᠠᠪ ᠤᠨ ᠬᠤᠪᠢᠶᠠᠷᠢ ᠺᠣᠮᠫᠠᠨᠢ᠂ ᠵᠢᠨᠢᠩ ᠲᠣᠭᠤᠷᠢᠭ ᠤᠨ ᠲᠤᠸᠠᠨ ᠵᠢᠶᠧ ᠵᠠᠮ ᠤᠨ ᠳ᠋ᠢᠩ ᠰᠢᠶᠠᠩ ᠶᠤᠸᠠᠨ ᠰᠠᠭᠤᠭᠠᠯᠢ ᠲᠣᠭᠤᠷᠢᠭ ᠤᠨ ᠰᠠᠭᠤᠭᠠᠯᠢ ᠠᠷᠠᠳ ᠤᠨ ᠠᠰᠠᠷ ᠤᠨ ᠬᠤᠭᠤᠷᠣᠨᠳᠣ ᠣᠯᠠᠨ ᠪᠦᠯᠦᠭ ᠲᠣᠮᠣ ᠬᠡᠯᠪᠡᠷᠢ ᠶᠢᠨ ᠢᠯᠴᠢ ᠰᠠᠷᠨᠢᠭᠤᠯᠬᠤ ᠮᠠᠰᠢᠨ ᠤᠭᠰᠠᠷᠠᠵᠤ᠂ 15 ᠮᠢᠨᠦ᠋ᠲ ᠠᠯᠤᠰᠯᠠᠬᠤ ᠪᠦᠷᠢ ᠨᠢᠭᠡ ᠤᠳᠠᠭ᠎ᠠ ᠠᠵᠢᠯᠯᠠᠭᠤᠯᠵᠤ᠂ ᠰᠠᠭᠤᠭᠠᠯᠢ ᠠᠷᠠᠳ ᠤᠨ ᠬᠡᠪ ᠤᠨ ᠠᠵᠢᠯᠯᠠᠵᠤ ᠠᠮᠠᠷᠠᠬᠤ ᠶᠢ ᠬᠠᠷᠰᠢᠯᠠᠵᠤ ᠪᠤᠢ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠤᠯᠢ ᠶᠣᠰᠣᠭᠠᠷ  ᠰᠢᠢᠳᠪᠦᠷᠢᠯᠡᠬᠦ ᠶᠢ ᠬᠦᠰᠡᠵᠦ ᠪᠠᠶᠢᠨ᠎ᠠ᠃     2 . ᠵᠢᠨᠢᠩ ᠲᠣᠭᠤᠷᠢᠭ ᠤᠨ ᠱᠧᠩ ᠱᠢ ᠰᠢᠨ᠎ᠡ ᠬᠤᠲᠠ ᠶᠢᠨ ᠵᠡᠭᠦᠨ ᠡᠭᠦᠳᠡᠨ ᠤ ᠬᠠᠵᠠᠭᠤ ᠶᠢᠨ ᠵᠠᠮ ᠢᠶᠠᠷ ᠦᠩᠭᠡᠷᠡᠬᠦ ᠲᠡᠷᠭᠡᠨ ᠤ ᠤᠷᠤᠰᠬᠠᠯ ᠤᠨ ᠬᠡᠮᠵᠢᠶ᠎ᠡ ᠶᠡᠭᠡ ᠮᠥᠷᠲᠡᠭᠡᠨ ᠬᠤᠷᠳᠤᠴᠠ ᠨᠢ ᠲᠦᠷᠭᠡᠨ᠂ ᠣᠶᠢᠷ᠎ᠠ ᠬᠠᠪᠢ ᠶᠢᠨ ᠰᠠᠭᠤᠭᠠᠯᠢ ᠠᠷᠠᠳ ᠤᠨ ᠲᠣᠭᠤᠷᠢᠭ ᠲᠤ ᠪᠠᠶᠢᠩᠭᠤ ᠰᠠᠭᠤᠭ᠎ᠠ ᠰᠠᠭᠤᠭᠠᠯᠢ ᠠᠷᠠᠳ ᠨᠡᠯᠢᠶᠡᠳ ᠣᠯᠠᠨ ᠪᠠᠶᠢᠵᠤ᠂ ᠦᠳᠡᠰᠢ ᠣᠷᠣᠶ ᠳᠠᠭᠠᠨ ᠮᠠᠰᠢ ᠶᠡᠭᠡ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠤᠢ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠵᠣᠬᠢᠴᠠᠩᠭᠤᠶ ᠠᠷᠭ᠎ᠠ ᠬᠡᠮᠵᠢᠶ᠎ᠡ ᠠᠪᠴᠤ ᠪᠠᠶᠢᠭᠠᠳ ᠠᠳᠡᠯ ᠭᠠᠷᠬᠤ ᠶᠢ ᠪᠠᠭᠠᠰᠬᠠᠬᠤ ᠶᠢ ᠬᠦᠰᠡᠵᠦ ᠪᠠᠶᠢᠨ᠎ᠠ᠃     3 . ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠤᠤ ᠶᠤᠸᠠᠨ ᠰᠠᠭᠤᠭᠠᠯᠢ ᠲᠣᠭᠤᠷᠢᠭ ᠤᠨ 1 ᠳ᠋ᠤᠭᠡᠷ ᠨᠣᠮᠧᠷᠲᠤ ᠠᠰᠠᠷ ᠤᠨ ᠡᠭᠦᠳᠡᠨ ᠬᠠᠵᠠᠭᠤᠳᠡᠬᠢ ᠭᠠᠵᠠᠷ ᠤᠨ ᠭᠠᠳᠠᠷᠭᠤ ᠨᠢ ᠴᠥᠮᠥᠷᠡᠭᠰᠡᠨ ᠠᠴᠠ ᠪᠣᠷᠣᠭᠠᠨ ᠤ ᠤᠰᠤ ᠤᠷᠤᠰᠤᠨ ᠭᠠᠷᠴᠤ ᠳᠡᠶᠢᠯᠬᠦ ᠥᠬᠡᠶ ᠪᠣᠯᠵᠣ᠂ ᠶᠡᠬᠡᠩᠬᠢ ᠬᠡᠰᠡᠭ ᠨᠢ ᠠᠰᠠᠷ ᠤᠨ ᠬᠤᠩᠭᠢᠯ ᠪᠠ ᠠᠰᠠᠷ ᠤᠨ ᠰᠠᠭᠤᠷᠢ ᠳᠤ ᠤᠷᠤᠰᠤᠨ ᠣᠷᠣᠵᠤ᠂ ᠮᠠᠰᠢ ᠶᠡᠭᠡ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠤᠢ᠂ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠰᠡᠯᠪᠢᠨ ᠵᠠᠰᠠᠬᠤ ᠶᠢ ᠬᠦᠰᠡᠵᠦ ᠪᠠᠶᠢᠨ᠎ᠠ᠃     4 . ᠹᠧᠩᠵᠧᠨ ᠬᠤᠲᠠ ᠶᠢᠨ ᠬᠦᠶ ᠶᠤᠸᠠᠨ ᠶᠠᠩ ᠭᠤᠸᠠᠩ ᠴᠧᠩ ᠰᠠᠭᠤᠭᠠᠯᠢ ᠠᠷᠠᠳ ᠤᠨ ᠲᠣᠭᠤᠷᠢᠭ ᠲᠤ ᠡᠳᠦᠷ ᠪᠦᠷᠢ ᠬᠡᠳᠦᠬᠡᠨ ᠴᠠᠭ ᠤᠨ ᠤᠰᠤ ᠬᠠᠩᠭᠠᠵᠤ᠂ ᠡᠨᠡ ᠨᠢ ᠨᠢᠭᠡᠨᠲᠡ ᠬᠠᠭᠠᠰ ᠵᠢᠯ ᠦᠷᠭᠦᠯᠵᠢᠯᠡᠵᠦ᠂ ᠰᠠᠭᠤᠭᠠᠯᠢ ᠠᠷᠠᠳ ᠤᠨ ᠠᠮᠢᠳᠤᠷᠠᠯ ᠢ ᠬᠦᠨᠳᠦ ᠨᠣᠴᠢᠲᠠᠶ ᠨᠥᠯᠥᠭᠡᠯᠡᠵᠦ ᠪᠠᠶᠢᠨ᠎ᠠ᠃     5 . ᠵᠢᠨᠢᠩ ᠲᠣᠭᠤᠷᠢᠭ ᠤᠨ ᠲᠢᠶᠠᠨ ᠴᠧᠩ ᠶᠢᠨ ᠰᠢᠶᠠᠩ ᠰᠠᠭᠤᠭᠠᠯᠢ ᠲᠤᠭᠤᠷᠢᠭ ᠤᠨ 22 ᠳ᠋ᠤᠭᠠᠷ ᠨᠣᠮᠧᠷᠲᠤ ᠠᠰᠠᠷ ᠤᠨ ᠪᠤᠴᠠᠨ ᠰᠠᠭᠤᠬᠤ ᠪᠠᠶᠢᠰᠢᠩ ᠤᠨ ᠬᠤᠲᠠ ᠶᠢᠨ ᠠᠷᠠᠳ ᠬᠠᠭᠠᠰ ᠵᠢᠯ ᠰᠠᠭᠤᠭᠰᠠᠨ ᠪᠣᠯᠪᠠᠴᠤ ᠴᠠᠬᠢᠯᠭᠠᠨ ᠨᠡᠪᠲᠡᠷᠡᠭᠡ ᠦᠭᠡᠢ ᠪᠠᠶᠢᠨ᠎ᠠ᠃ ᠠᠳᠠᠯ ᠠᠬᠤᠶ ᠶᠢᠨ ᠺᠣᠮᠫᠠᠨᠢ ᠨᠢ ᠴᠠᠬᠢᠯᠭᠠᠨ ᠤ ᠦᠢᠯᠡᠰ ᠤᠨ ᠰᠠᠯᠠᠭ᠎ᠠ ᠮᠥᠴᠢᠷ ᠲᠠᠢ 2020 ᠣᠨ ᠤ ᠡᠴᠦᠰ ᠲᠤ ᠴᠠᠬᠢᠯᠭᠠᠨ ᠨᠡᠪᠲᠡᠷᠡᠭᠦᠯᠬᠦ ᠪᠠᠷ ᠵᠥᠪᠳᠡᠯᠴᠡᠨ᠎ᠡ ᠭᠡᠵᠦ ᠢᠯᠡᠷᠬᠡᠶᠢᠯᠡᠭᠰᠡᠨ ᠪᠣᠯᠪᠠᠴᠤ ᠣᠲᠣ ᠪᠣᠯᠲᠠᠯ᠎ᠠ ᠦᠷ᠎ᠡ ᠳ᠋ᠦᠩ ᠭᠠᠷᠤᠭᠰᠠᠨ ᠥᠬᠡᠶ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠲᠣᠰ ᠠᠰᠠᠭᠤᠳᠠᠯ ᠳᠤ ᠠᠯᠢ ᠲᠦᠷᠭᠡᠨ ᠢᠶᠠᠷ ᠣᠷᠣᠯᠴᠠᠨ ᠰᠢᠢᠳᠪᠦᠷᠢᠯᠡᠵᠦ ᠦᠭᠬᠦ ᠶᠢ ᠬᠦᠰᠡᠵᠦ ᠪᠠᠶᠢᠨ᠎ᠠ᠃     6. ᠳᠥᠷᠪᠡᠳ ᠬᠤᠰᠢᠭᠤᠨ ᠤ ᠶᠢᠨ ᠲᠠᠢ ᠵᠢᠶᠠ ᠶᠤᠸᠠᠨ ᠵᠠᠮ ᠤᠨ ᠵᠡᠭᠦᠨᠳᠡᠬᠢ ᠪᠤᠴᠠᠨ ᠰᠠᠭᠤᠬᠤ ᠪᠠᠶᠢᠰᠢᠩ ᠢ 2020 ᠣᠨ ᠳᠤ ᠨᠢᠭᠡᠨᠲᠡ ᠵᠠᠰᠠᠨ ᠴᠢᠮᠡᠭᠯᠡᠵᠤ ᠲᠠᠭᠤᠰᠬᠠᠭᠰᠠᠨ ᠪᠣᠯᠪᠠᠴᠤ ᠠᠰᠠᠷ ᠤᠨ ᠡᠭᠦᠳᠡ ᠪᠠᠨ ᠣᠨᠢᠰᠤᠯᠠᠵᠤ ᠤᠳᠤ ᠪᠤᠯᠳᠠᠯ᠎ᠠ ᠰᠠᠭᠤᠯᠭᠠᠬᠤ ᠥᠬᠡᠶ ᠪᠠᠶᠢᠨ᠎ᠠ︔ ᠣᠷᠣᠨ ᠰᠠᠭᠤᠴᠠ ᠲᠦᠷᠢᠶᠡᠰᠦᠯᠡᠬᠦ ᠨᠥᠬᠦᠪᠥᠷᠢ ᠥᠭᠬᠦ ᠪᠠᠷ ᠠᠮᠠᠯᠠᠭᠰᠠᠨ ᠪᠤᠯᠪᠠᠴᠤ ᠶᠡᠷᠦ ᠠᠴᠠ ᠣᠯᠭᠤᠭᠰᠠᠨ ᠦᠭᠡᠶ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠠᠴᠠ ᠰᠢᠪᠠᠳᠠᠨ ᠱᠠᠭᠠᠷᠳᠠᠵᠤ ᠪᠠᠶᠢᠭᠠᠳ ᠲᠦᠷᠭᠡᠬᠡᠨ ᠰᠢᠢᠳᠪᠦᠷᠢᠯᠡᠭᠦᠯᠬᠦ ᠶᠢ ᠬᠦᠰᠡᠵᠦ ᠪᠠᠶᠢᠨ᠎ᠠ᠃     7. ᠵᠢᠨᠢᠩ ᠲᠣᠭᠤᠷᠢᠭ ᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠬᠡᠷ ᠪᠦᠯᠢ ᠶᠢᠨ ᠬᠦᠷᠢᠶᠡᠨ ᠤ ᠰᠠᠭᠤᠭᠠᠯᠢ ᠲᠣᠭᠤᠷᠢᠭ ᠤᠨ ᠡᠭᠦᠳᠡᠨ ᠳᠠᠬᠢ ᠥᠨᠳᠥᠷ ᠲᠠᠪᠴᠠᠩ ᠤᠨ ᠨᠣᠭᠤᠭᠠᠷᠠᠭᠤᠯᠤᠯᠲᠠ ᠶᠢᠨ ᠪᠦᠰᠡ ᠡᠪᠳᠡᠭᠳᠡᠵᠦ᠂ ᠵᠠᠮ ᠤᠨ ᠨᠢᠭᠤᠷ ᠢ ᠤᠳᠠᠭᠠᠨ ᠵᠢᠯ ᠵᠠᠰᠠᠭᠰᠠᠨ ᠥᠬᠡᠶ ᠠᠴᠠ ᠪᠣᠯᠵᠣ ᠬᠤᠲᠠ ᠶᠢᠨ ᠳᠦᠷᠰᠦ ᠪᠠᠶᠢᠳᠠᠯ ᠢ ᠨᠥᠯᠥᠭᠡᠯᠡᠪᠡ᠃ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠥᠨᠳᠥᠷ ᠲᠠᠪᠴᠠᠩ ᠢ ᠨᠤᠷᠠᠭᠠᠨ᠂ ᠰᠢᠨ᠎ᠡ ᠪᠠᠷ ᠵᠢᠷᠤᠵᠤ ᠲᠥᠯᠥᠪᠯᠡᠨ ᠰᠡᠯᠪᠢᠨ ᠵᠠᠰᠠᠵᠤ᠂ ᠲᠡᠷᠭᠡᠨ ᠵᠤᠭᠰᠤᠭᠠᠯ ᠨᠡᠮᠡᠵᠦ ᠪᠠᠶᠢᠭᠤᠯᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃    8 . ᠹᠧᠩᠵᠧᠨ ᠬᠤᠲᠠ ᠶᠢᠨ ᠠᠵᠢᠯ ᠮᠡᠷᠭᠡᠵᠢᠯ ᠤᠨ ᠳᠤᠮᠳᠠᠳᠤ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ 2020 ᠣᠨ ᠤ ᠨᠠᠮᠤᠷ ᠠᠴᠠ ᠣᠳᠣ ᠪᠣᠯᠲᠠᠯ᠎ᠠ ᠰᠤᠷᠤᠭᠴᠢᠳ ᠲᠤ ᠰᠤᠷᠤᠯᠭ᠎ᠠ ᠶᠢᠨ ᠨᠥᠬᠦᠪᠥᠷᠢ ᠮᠥᠩᠭᠦ ᠣᠯᠭᠤᠭᠰᠠᠨ ᠦᠭᠡᠶ ᠪᠠᠶᠢᠨ᠎ᠠ᠂ ᠵᠠᠰᠠᠭ ᠤᠨ ᠣᠷᠳᠣᠨ ᠠᠴᠠ ᠠᠯᠢ ᠲᠦᠷᠭᠡᠨ ᠢᠶᠠᠷ ᠣᠯᠭᠤᠬᠤ ᠶᠢ ᠬᠦᠰᠡᠵᠦ ᠪᠠᠶᠢᠨ᠎ᠠ᠃    9 . ᠵᠢᠨᠢᠩ ᠲᠣᠭᠤᠷᠢᠭ ᠤᠨ ᠵᠢᠶᠧ ᠹᠠᠩ ᠵᠠᠮ ᠤᠨ ᠠᠷᠠᠰᠤ ᠨᠤᠤᠰᠤ ᠶᠢᠨ ᠬᠤᠳᠠᠯᠳᠤᠭᠠᠨ ᠤ ᠬᠤᠲᠠ ᠶᠢᠨ ᠪᠠᠷᠢᠯᠭ᠎ᠠ ᠶᠢᠨ ᠺᠣᠮᠫᠠᠨᠢ ᠶᠢᠨ ᠬᠡᠷ ᠪᠦᠯᠢ ᠶᠢᠨ ᠠᠰᠠᠷ ᠤᠨ ᠪᠠᠭᠠᠰᠤᠨ ᠲᠠᠲᠠᠭᠠᠯ ᠨᠢᠭᠡᠨᠲᠡ ᠳᠦᠭᠦᠷᠴᠦ᠂ ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠠᠴᠠ ᠬᠠᠮᠢᠶ᠎ᠠ ᠪᠥᠬᠦᠶ  ᠰᠦᠢᠳᠬᠡᠯ ᠬᠤᠷᠢᠶᠠᠵᠤ᠂ ᠣᠲᠣ ᠪᠣᠯᠲᠠᠯ᠎ᠠ ᠰᠢᠢᠳᠪᠦᠷᠢᠯᠡᠭᠡ ᠥᠬᠡᠶ ᠪᠠᠶᠢᠨ᠎ᠠ᠂ ᠲᠦᠷᠭᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃    10 . ᠵᠢᠨᠢᠩ ᠲᠣᠭᠤᠷᠢᠭ ᠤᠨ ᠴᠠᠬᠠᠷ ᠮᠦᠩᠭᠦᠨ ᠰᠠᠭᠤᠳᠠᠯ ᠰᠠᠭᠤᠭᠠᠯᠢ ᠲᠣᠭᠤᠷᠢᠭ ᠤᠨ ᠶᠡᠭᠡ ᠬᠠᠭᠠᠯᠭ᠎ᠠ ᠶᠢ ᠵᠢᠷᠤᠵᠤ ᠲᠥᠯᠥᠪᠯᠡᠭᠰᠡᠨ ᠨᠢ ᠵᠣᠬᠢᠰ ᠥᠬᠡᠶ ᠠᠴᠠ ᠮᠠᠰᠢᠨ ᠲᠡᠷᠭᠡ ᠣᠷᠣᠵᠤ ᠭᠠᠷᠬᠤ ᠳᠤ ᠵᠥᠪᠬᠡᠨ ᠲᠣᠭᠲᠠᠭᠠᠯ ᠢ ᠵᠥᠷᠢᠴᠡᠨ ᠮᠠᠰᠢᠨ ᠪᠤᠰᠤ ᠲᠡᠷᠭᠡᠨ ᠤ ᠵᠠᠮ ᠢᠶᠠᠷ ᠵᠢᠯᠣᠭᠤᠳᠬᠤ ᠶᠢᠨ ᠬᠠᠮᠲᠤ ᠰᠠᠭᠤᠭᠠᠯᠢ ᠲᠣᠭᠤᠷᠢᠭ ᠤᠨ ᠳᠣᠲᠣᠭᠠᠳᠤ ᠵᠠᠮ ᠨᠢ ᠬᠦᠨᠳᠦ ᠨᠣᠴᠢᠲᠠᠶ ᠡᠪᠳᠡᠷᠡᠵᠦ ᠰᠦᠢᠳᠦᠭᠰᠡᠨ ᠪᠣᠯᠬᠤᠷ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠰᠢᠪᠠᠳᠠᠨ ᠰᠢᠢᠳᠪᠦᠷᠢᠯᠡᠵᠦ᠂ ᠣᠯᠠᠨ ᠲᠦᠮᠡᠨ ᠤ ᠶᠠᠪᠤᠵᠤ ᠰᠠᠭᠤᠬᠤ ᠳᠤ ᠲᠥᠬᠦᠮ ᠦᠵᠡᠭᠦᠯᠬᠦ ᠶᠢ ᠬᠦᠰᠡᠵᠦ ᠪᠠᠶᠢᠨ᠎ᠠ᠃    ︽ᠭᠤᠷᠪᠠ ᠶᠢ ᠠᠰᠠᠭᠤᠬᠤ︾ ᠠᠵᠢᠯᠯᠠᠭ᠎ᠠ ᠶᠢᠨ ᠠᠰᠠᠭᠤᠳᠠᠯ ᠤᠨ ᠨᠠᠷᠢᠨ ᠲᠠᠩᠰᠠ ᠶᠢ ᠰᠢᠢᠳᠪᠦᠷᠢᠯᠡᠵᠦ ᠳᠠᠭᠤᠰᠬᠠᠭᠰᠠᠨ ᠪᠠᠶᠢᠳᠠᠯ    1. ᠳᠤᠮᠳᠠᠳᠤ ᠤᠯᠤᠰ ᠤᠨ ᠨᠡᠭᠦᠳᠡᠯ ᠬᠤᠯᠪᠤᠭ᠎ᠠ ᠲᠡᠮᠦᠷ ᠵᠠᠮ ᠤᠨ ᠴᠢᠮᠡᠭᠡ ᠬᠠᠷᠢᠯᠴᠠᠭᠠᠨ ᠤ ᠺᠣᠮᠫᠠᠨᠢ ᠶᠢᠨ ᠤᠯᠠᠭᠠᠨᠴᠠᠪ ᠤᠨ ᠬᠤᠪᠢᠶᠠᠷᠢ ᠺᠣᠮᠫᠠᠨᠢ ᠨᠢ ᠵᠢᠨᠢᠩ ᠲᠣᠭᠤᠷᠢᠭ ᠤᠨ ᠲᠤᠸᠠᠨ ᠵᠢᠶᠧ ᠵᠠᠮ ᠤᠨ ᠳ᠋ᠢᠩ ᠰᠢᠶᠠᠩ ᠶᠤᠸᠠᠨ ᠰᠠᠭᠤᠭᠠᠯᠢ ᠲᠣᠭᠤᠷᠢᠭ ᠤᠨ ᠰᠠᠭᠤᠭᠠᠯᠢ ᠠᠷᠠᠳ ᠤᠨ ᠠᠰᠠᠷ ᠤᠨ ᠬᠤᠭᠤᠷᠣᠨᠳᠣ ᠣᠯᠠᠨ ᠪᠦᠯᠦᠭ ᠲᠣᠮᠣ ᠬᠡᠯᠪᠡᠷᠢ ᠶᠢᠨ ᠢᠯᠴᠢ ᠰᠠᠷᠨᠢᠭᠤᠯᠬᠤ ᠮᠠᠰᠢᠨ ᠤᠭᠰᠠᠷᠠᠵᠤ᠂ 15 ᠮᠢᠨᠦ᠋ᠲ ᠠᠯᠤᠰᠯᠠᠬᠤ ᠪᠦᠷᠢ ᠠᠵᠢᠯᠯᠠᠭᠤᠯᠵᠤ᠂ ᠰᠠᠭᠤᠭᠠᠯᠢ ᠠᠷᠠᠳ ᠤᠨ ᠬᠡᠪ ᠤᠨ ᠠᠵᠢᠯᠯᠠᠵᠤ ᠠᠮᠠᠷᠠᠬᠤ ᠶᠢ ᠬᠠᠷᠰᠢᠯᠠᠵᠤ ᠪᠤᠢ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠤᠯᠢ ᠶᠣᠰᠣᠭᠠᠷ ᠰᠢᠢᠳᠪᠦᠷᠢᠯᠡᠬᠦ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠬᠤᠯᠪᠣᠭᠳᠠᠯ ᠪᠥᠬᠦᠶ ᠨᠢᠭᠡᠴᠢ ᠶᠢ ᠳᠤᠮᠳᠠᠳᠤ ᠤᠯᠤᠰ ᠤᠨ ᠨᠡᠭᠦᠳᠡᠯ ᠬᠤᠯᠪᠤᠭ᠎ᠠ ᠲᠡᠮᠦᠷ ᠵᠠᠮ ᠤᠨ ᠴᠢᠮᠡᠭᠡ ᠬᠠᠷᠢᠯᠴᠠᠭᠠᠨ ᠤ ᠺᠣᠮᠫᠠᠨᠢ ᠶᠢᠨ ᠤᠯᠠᠭᠠᠨᠴᠠᠪ ᠤᠨ ᠬᠤᠪᠢᠶᠠᠷᠢ ᠺᠣᠮᠫᠠᠨᠢ ᠲᠠᠢ ᠵᠣᠯᠭᠠᠭᠤᠯᠵᠤ᠂ 5 ᠰᠠᠷ᠎ᠠ ᠶᠢᠨ 17 ᠤ ᠡᠳᠦᠷ ᠢᠯᠴᠢ ᠰᠠᠷᠨᠢᠭᠤᠯᠬᠤ ᠮᠠᠰᠢᠨ ᠳᠤ ᠲᠠᠭᠤ ᠦᠯᠦ ᠨᠡᠪᠳᠡᠷᠡᠭᠦᠯᠬᠦ ᠲᠥᠬᠦᠭᠡᠷᠦᠮᠵᠢ ᠤᠭᠰᠠᠷᠠᠬᠤ ᠪᠠᠷ ᠲᠥᠯᠥᠪᠯᠡᠵᠦ᠂ 5 ᠰᠠᠷ᠎ᠠ ᠶᠢᠨ 23 ᠤ ᠡᠳᠦᠷ ᠤᠭᠰᠠᠷᠠᠵᠤ ᠳᠠᠭᠤᠰᠬᠠᠬᠤ ᠪᠠᠷ ᠵᠢᠱᠢᠵᠦ ᠪᠣᠶ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶     2 . ᠵᠢᠨᠢᠩ ᠲᠣᠭᠤᠷᠢᠭ ᠤᠨ ᠱᠧᠩ ᠱᠢ ᠰᠢᠨ᠎ᠡ ᠬᠤᠲᠠ ᠶᠢᠨ ᠵᠡᠭᠦᠨ ᠡᠭᠦᠳᠡᠨ ᠤ ᠬᠠᠵᠠᠭᠤ ᠶᠢᠨ ᠵᠠᠮ ᠢᠶᠠᠷ ᠦᠩᠭᠡᠷᠡᠬᠦ ᠲᠡᠷᠭᠡᠨ ᠤᠷᠤᠰᠬᠠᠯ ᠤᠨ ᠬᠡᠮᠵᠢᠶ᠎ᠡ ᠶᠡᠭᠡ ᠮᠥᠷᠲᠡᠭᠡᠨ ᠬᠤᠷᠳᠤᠴᠠ ᠨᠢ ᠲᠦᠷᠭᠡᠨ᠂ ᠣᠶᠢᠷ᠎ᠠ ᠬᠠᠪᠢ ᠶᠢᠨ ᠰᠠᠭᠤᠭᠠᠯᠢ ᠠᠷᠠᠳ ᠤᠨ ᠲᠣᠭᠤᠷᠢᠭ ᠲᠤ ᠪᠠᠶᠢᠩᠭᠤ ᠰᠠᠭᠤᠭ᠎ᠠ ᠰᠠᠭᠤᠭᠠᠯᠢ ᠠᠷᠠᠳ ᠨᠡᠯᠢᠶᠡᠳ ᠣᠯᠠᠨ ᠪᠠᠶᠢᠵᠤ᠂ ᠦᠳᠡᠰᠢ ᠣᠷᠣᠶ ᠳᠠᠭᠠᠨ ᠮᠠᠰᠢ ᠶᠡᠭᠡ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠤᠢ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠵᠣᠬᠢᠴᠠᠩᠭᠤᠶ ᠠᠷᠭ᠎ᠠ ᠬᠡᠮᠵᠢᠶ᠎ᠡ ᠠᠪᠴᠤ ᠪᠠᠶᠢᠭᠠᠳ ᠠᠳᠡᠯ ᠭᠠᠷᠬᠤ ᠶᠢ ᠪᠠᠭᠠᠰᠬᠠᠬᠤ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠶᠢᠨ ᠬᠢᠨ ᠲᠠᠢ ᠴᠠᠩ ᠵᠠᠮ ᠤᠨ ᠪᠥᠬᠦ ᠱᠤᠭᠤᠮ ᠳᠤ ᠲᠤᠰᠠᠭᠠᠷᠯᠠᠬᠤ ᠬᠠᠰᠢᠯᠭ᠎ᠠ ᠨᠡᠮᠡᠵᠦ ᠤᠭᠰᠠᠷᠠᠬᠤ ᠶᠢᠨ ᠬᠠᠮᠲᠤ ᠱᠧᠩ ᠱᠢ ᠰᠢᠨ᠎ᠡ ᠬᠤᠲᠠ ᠶᠢᠨ ᠵᠡᠭᠦᠨ ᠡᠭᠦᠳᠡ ᠬᠢᠭᠡᠳ ᠪᠠᠶ ᠸᠠᠩ ᠵᠢᠶᠠ ᠶᠤᠸᠠᠨ D ᠲᠣᠭᠤᠷᠢᠭ ᠤᠨ ᠬᠤᠭᠤᠷᠤᠨᠳᠤᠬᠢ ᠵᠠᠮ ᠤᠨ ᠡᠮᠦᠨ᠎ᠡ ᠬᠤᠶᠢᠨ᠎ᠠ ᠲᠠᠯ᠎ᠠ ᠳᠤ ᠬᠤᠷᠳᠤᠴᠠ ᠪᠠᠭᠤᠷᠠᠭᠤᠯᠬᠤ ᠪᠦᠰᠡ ᠪᠠ ᠤᠳᠠᠭᠠᠨ ᠶᠠᠪᠤᠬᠤ ᠰᠠᠨᠠᠭᠤᠯᠤᠮᠵᠢ ᠶᠢᠨ ᠲᠡᠮᠳᠡᠭ ᠫᠠᠶᠢᠰᠠ ᠤᠭᠰᠠᠷᠠᠬᠤ ᠪᠠᠷ ᠪᠣᠶ᠂ ᠵᠢᠱᠢᠯᠲᠡ ᠪᠠᠷ ᠲᠠᠪᠤᠨ ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠨ᠎ᠠ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ︶    3. ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠤᠤ ᠶᠤᠸᠠᠨ ᠰᠠᠭᠤᠭᠠᠯᠢ ᠲᠣᠭᠤᠷᠢᠭ ᠤᠨ 1 ᠳ᠋ᠤᠭᠡᠷ ᠨᠣᠮᠧᠷᠲᠤ ᠠᠰᠠᠷ ᠤᠨ ᠡᠭᠦᠳᠡᠨ ᠬᠠᠵᠠᠭᠤᠳᠡᠬᠢ ᠭᠠᠵᠠᠷ ᠤᠨ ᠭᠠᠳᠠᠷᠭᠤ ᠨᠢ ᠴᠥᠮᠥᠷᠡᠭᠰᠡᠨ ᠠᠴᠠ ᠪᠣᠷᠣᠭᠠᠨ ᠤ ᠤᠰᠤ ᠤᠷᠤᠰᠤᠨ ᠭᠠᠷᠴᠤ ᠳᠡᠶᠢᠯᠬᠦ ᠥᠬᠡᠶ ᠪᠣᠯᠵᠣ᠂ ᠶᠡᠬᠡᠩᠬᠢ ᠬᠡᠰᠡᠭ ᠨᠢ ᠠᠰᠠᠷ ᠤᠨ ᠬᠤᠩᠭᠢᠯ ᠪᠠ ᠠᠰᠠᠷ ᠤᠨ ᠰᠠᠭᠤᠷᠢ ᠳᠤ ᠤᠷᠤᠰᠤᠨ ᠣᠷᠣᠵᠤ᠂ ᠮᠠᠰᠢ ᠶᠡᠭᠡ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠤᠢ᠂ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠰᠡᠯᠪᠢᠨ ᠵᠠᠰᠠᠬᠤ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠰᠠᠭᠤᠭᠠᠯᠢ ᠲᠣᠭᠤᠷᠢᠭ ᠤᠨ ᠪᠠᠷᠢᠯᠭ᠎ᠠ ᠶᠢᠨ ᠨᠢᠭᠡᠴᠢ ᠶᠢᠨ ᠬᠠᠷᠢᠭᠤᠴᠠᠯᠭᠠᠲᠠᠨ ᠲᠠᠢ ᠵᠥᠪᠳᠡᠯᠴᠡᠬᠦ ᠪᠠᠷ ᠳᠡᠮᠵᠢᠨ᠂ ᠠᠰᠠᠷ ᠤᠨ ᠵᠠᠮ ᠤᠨ ᠬᠠᠵᠠᠭᠤᠳᠡᠬᠢ ᠴᠦᠮᠦᠷᠡᠭᠰᠡᠨ ᠬᠡᠰᠡᠭ ᠢ ᠪᠥᠭᠯᠡᠵᠦ ᠬᠠᠲᠠᠭᠤᠷᠠᠭᠤᠯᠬᠤ ᠶᠢᠨ ᠬᠠᠮᠲᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠲᠤᠰᠬᠠᠶ ᠬᠥᠮᠦᠨ ᠢᠶᠠᠷ ᠬᠠᠷᠠᠭᠤᠯᠤᠨ ᠰᠢᠢᠳᠪᠦᠷᠢᠯᠡᠭᠦᠯᠵᠦ᠂ ᠨᠢᠭᠡ ᠭᠠᠷᠠᠭ ᠤᠨ ᠳᠣᠲᠣᠷ᠎ᠠ ᠵᠠᠰᠠᠵᠤ ᠳᠠᠭᠤᠰᠬᠠᠬᠤ ᠪᠠᠷ ᠵᠢᠱᠢᠵᠦ ᠪᠣᠶ᠃ ︵ᠲᠠᠭᠠᠭᠠᠨ ᠭᠦᠢᠴᠡᠳᠭᠡᠬᠦ ᠨᠢᠭᠡᠴᠢ᠄ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ︶    4 . ᠹᠧᠩᠵᠧᠨ ᠬᠤᠲᠠ ᠶᠢᠨ ᠬᠦᠶ ᠶᠤᠸᠠᠨ ᠶᠠᠩ ᠭᠤᠸᠠᠩ ᠴᠧᠩ ᠰᠠᠭᠤᠭᠠᠯᠢ ᠠᠷᠠᠳ ᠤᠨ ᠲᠣᠭᠤᠷᠢᠭ ᠲᠤ ᠡᠳᠦᠷ ᠪᠦᠷᠢ ᠬᠡᠳᠦᠬᠡᠨ ᠴᠠᠭ ᠤᠨ ᠤᠰᠤ ᠬᠠᠩᠭᠠᠵᠤ᠂ ᠡᠨᠡ ᠨᠢ ᠨᠢᠭᠡᠨᠲᠡ ᠬᠠᠭᠠᠰ ᠵᠢᠯ ᠦᠷᠭᠦᠯᠵᠢᠯᠡᠵᠦ᠂ ᠰᠠᠭᠤᠭᠠᠯᠢ ᠠᠷᠠᠳ ᠤᠨ ᠠᠮᠢᠳᠤᠷᠠᠯ ᠢ ᠬᠦᠨᠳᠦ ᠨᠣᠴᠢᠲᠠᠶ ᠨᠥᠯᠥᠭᠡᠯᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠪᠠᠶᠢᠴᠠᠭᠠᠯᠳᠠ ᠪᠠᠷ ᠳᠡᠮᠵᠢᠨ᠂ ᠰᠠᠭᠤᠭᠠᠯᠢ ᠲᠣᠭᠤᠷᠢᠭ ᠤᠨ ᠰᠠᠯᠪᠤᠷᠢ ᠬᠤᠭᠤᠯᠠᠶ ᠶᠢᠨ ᠨᠡᠭᠡᠯᠡᠬᠡᠶ ᠬᠠᠭᠠᠰ ᠬᠠᠭᠠᠭᠳᠠᠭᠰᠠᠨ ᠪᠠᠶᠢᠳᠠᠯ ᠳᠤ ᠪᠠᠶᠢᠬᠤ ᠶᠢ ᠣᠯᠵᠤ ᠮᠡᠳᠡᠵᠡᠶ᠂ ᠣᠲᠣ ᠨᠢᠭᠡᠨᠲᠡ ᠪᠦᠷᠢᠮᠦᠰᠦᠨ ᠨᠡᠭᠡᠭᠡᠭᠳᠡᠵᠦ᠂ ᠰᠠᠭᠤᠭᠠᠯᠢ ᠲᠣᠭᠤᠷᠢᠭ ᠤᠨ ᠤᠰᠤᠨ ᠤ ᠬᠠᠩᠭᠠᠯᠭ᠎ᠠ ᠬᠡᠪ ᠤᠨ ᠪᠠᠶᠢᠳᠠᠯ ᠳᠠᠭᠠᠨ ᠣᠷᠣᠪᠠ ᠃ ︵ᠲᠠᠭᠠᠭᠠᠨ ᠭᠦᠢᠴᠡᠳᠭᠡᠬᠦ ᠨᠢᠭᠡᠴᠢ᠄ ᠹᠧᠩᠵᠧᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ︶    5 . ᠵᠢᠨᠢᠩ ᠲᠣᠭᠤᠷᠢᠭ ᠤᠨ ᠲᠢᠶᠠᠨ ᠴᠧᠩ ᠶᠢᠨ ᠰᠢᠶᠠᠩ ᠰᠠᠭᠤᠭᠠᠯᠢ ᠲᠤᠭᠤᠷᠢᠭ ᠤᠨ 22 ᠳ᠋ᠤᠭᠠᠷ ᠨᠣᠮᠧᠷᠲᠤ ᠠᠰᠠᠷ ᠤᠨ ᠪᠤᠴᠠᠨ ᠰᠠᠭᠤᠬᠤ ᠪᠠᠶᠢᠰᠢᠩ ᠤᠨ ᠬᠤᠲᠠ ᠶᠢᠨ ᠠᠷᠠᠳ ᠬᠠᠭᠠᠰ ᠵᠢᠯ ᠰᠠᠭᠤᠭᠰᠠᠨ ᠪᠣᠯᠪᠠᠴᠤ ᠴᠠᠬᠢᠯᠭᠠᠨ ᠨᠡᠪᠲᠡᠷᠡᠭᠡ ᠦᠭᠡᠢ ᠪᠠᠶᠢᠨ᠎ᠠ᠃ ᠠᠳᠠᠯ ᠠᠬᠤᠶ ᠶᠢᠨ ᠺᠣᠮᠫᠠᠨᠢ ᠨᠢ ᠴᠠᠬᠢᠯᠭᠠᠨ ᠤ ᠦᠢᠯᠡᠰ ᠤᠨ ᠰᠠᠯᠠᠭ᠎ᠠ ᠮᠥᠴᠢᠷ ᠲᠠᠢ 2020 ᠣᠨ ᠤ ᠡᠴᠦᠰ ᠲᠤ ᠴᠠᠬᠢᠯᠭᠠᠨ ᠨᠡᠪᠲᠡᠷᠡᠭᠦᠯᠬᠦ ᠪᠠᠷ ᠵᠥᠪᠳᠡᠯᠴᠡᠨ᠎ᠡ ᠭᠡᠵᠦ ᠢᠯᠡᠷᠬᠡᠶᠢᠯᠡᠭᠰᠡᠨ ᠪᠣᠯᠪᠠᠴᠤ ᠣᠲᠣ ᠪᠣᠯᠲᠠᠯ᠎ᠠ ᠦᠷ᠎ᠡ ᠳ᠋ᠦᠩ ᠭᠠᠷᠤᠭᠰᠠᠨ ᠥᠬᠡᠶ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠲᠣᠰ ᠠᠰᠠᠭᠤᠳᠠᠯ ᠳᠤ ᠠᠯᠢ ᠲᠦᠷᠭᠡᠨ ᠢᠶᠠᠷ ᠣᠷᠣᠯᠴᠠᠨ ᠰᠢᠢᠳᠪᠦᠷᠢᠯᠡᠵᠦ ᠦᠭᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠲᠣᠰ ᠠᠰᠠᠭᠤᠳᠠᠯ ᠳᠤ ᠴᠢᠭᠯᠡᠭᠦᠯᠦᠨ᠂ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠨᠢᠭᠡᠨᠲᠡ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠢ ᠴᠠᠬᠢᠯᠭᠠᠨ ᠬᠠᠩᠭᠠᠬᠤ ᠰᠠᠯᠠᠭ᠎ᠠ ᠮᠥᠴᠢᠷ ᠲᠠᠢ ᠵᠣᠯᠭᠠᠭᠤᠯᠵᠤ᠂ ᠣᠲᠣ ᠶᠠᠭ ᠬᠤᠯᠪᠣᠭᠳᠠᠯ ᠪᠥᠬᠦᠶ ᠭᠠᠷᠳᠠᠮ ᠤᠨ  ᠭᠦᠢᠴᠡᠳᠬᠡᠯ ᠢ ᠠᠬᠢᠭᠤᠯᠵᠤ ᠪᠠᠶᠢᠨ᠎ᠠ᠂ ᠵᠢᠱᠢᠯᠲᠡ ᠪᠠᠷ 7 ᠰᠠᠷ᠎ᠠ ᠶᠢᠨ ᠰᠡᠭᠦᠯᠴᠢ ᠪᠠᠷ ᠪᠥᠬᠦ ᠲᠠᠯ᠎ᠠ ᠪᠠᠷ ᠴᠠᠬᠢᠯᠭᠠᠨ ᠨᠡᠪᠲᠡᠷᠡᠭᠦᠯᠬᠦ ᠪᠣᠯᠤᠨ᠎ᠠ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶     6 . ᠳᠥᠷᠪᠡᠳ ᠬᠤᠰᠢᠭᠤᠨ ᠤ ᠶᠢᠨ ᠲᠠᠢ ᠵᠢᠶᠠ ᠶᠤᠸᠠᠨ ᠵᠠᠮ ᠤᠨ ᠵᠡᠭᠦᠨᠳᠡᠬᠢ ᠪᠤᠴᠠᠨ ᠰᠠᠭᠤᠬᠤ ᠪᠠᠶᠢᠰᠢᠩ ᠢ 2020 ᠣᠨ ᠳᠤ ᠨᠢᠭᠡᠨᠲᠡ ᠵᠠᠰᠠᠨ ᠴᠢᠮᠡᠭᠯᠡᠵᠤ ᠲᠠᠭᠤᠰᠬᠠᠭᠰᠠᠨ ᠪᠣᠯᠪᠠᠴᠤ ᠠᠰᠠᠷ ᠤᠨ ᠡᠭᠦᠳᠡ ᠪᠠᠨ ᠣᠨᠢᠰᠤᠯᠠᠵᠤ ᠤᠳᠤ ᠪᠤᠯᠳᠠᠯ᠎ᠠ ᠰᠠᠭᠤᠯᠭᠠᠬᠤ ᠥᠬᠡᠶ ᠪᠠᠶᠢᠨ᠎ᠠ︔ ᠣᠷᠣᠨ ᠰᠠᠭᠤᠴᠠ ᠲᠦᠷᠢᠶᠡᠰᠦᠯᠡᠬᠦ ᠨᠥᠬᠦᠪᠥᠷᠢ ᠥᠭᠬᠦ ᠪᠠᠷ ᠠᠮᠠᠯᠠᠭᠰᠠᠨ ᠪᠤᠯᠪᠠᠴᠤ ᠶᠡᠷᠦ ᠠᠴᠠ ᠣᠯᠭᠤᠭᠰᠠᠨ ᠦᠭᠡᠶ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠠᠴᠠ ᠰᠢᠪᠠᠳᠠᠨ ᠱᠠᠭᠠᠷᠳᠠᠵᠤ ᠪᠠᠶᠢᠭᠠᠳ ᠲᠦᠷᠭᠡᠬᠡᠨ ᠰᠢᠢᠳᠪᠦᠷᠢᠯᠡᠭᠦᠯᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠳᠥᠷᠪᠡᠳ ᠬᠤᠰᠢᠭᠤᠨ ᠤ ᠬᠡᠷ ᠪᠠᠶᠢᠰᠢᠩ ᠲᠠᠲᠠᠪᠤᠷᠢᠯᠠᠬᠤ ᠲᠥᠪ ᠬᠢᠭᠡᠳ ᠰᠠᠭᠤᠭᠠᠯᠢ ᠡᠷᠦᠬᠡ ᠶᠢᠨ ᠬᠢᠨ ᠵᠥᠪᠳᠡᠯᠴᠡᠭᠰᠡᠨ ᠤ ᠳᠠᠷᠠᠭ᠎ᠠ᠂ ᠣᠲᠣ ᠨᠢᠭᠡᠨᠲᠡ ᠣᠷᠣᠵᠤ ᠰᠠᠭᠤᠪᠠ᠃ ᠬᠤᠶᠠᠷ ᠲᠠᠯ᠎ᠠ ᠪᠠᠷ ᠢᠶᠠᠨ ᠦᠯᠡᠳᠡᠭᠰᠡᠨ ᠭᠠᠷ ᠭᠦᠢᠴᠡᠳᠬᠡᠯ ᠢ ᠭᠦᠢᠴᠡᠳᠬᠡᠬᠦ ᠦᠶ᠎ᠡ ᠳᠤ ᠭᠡᠷ ᠲᠦᠷᠢᠶᠡᠰᠦᠯᠡᠬᠦ ᠨᠥᠬᠦᠪᠥᠷᠢ ᠶᠢ ᠬᠠᠮᠲᠤ ᠳᠤᠨᠢ ᠵᠥᠪᠳᠡᠯᠴᠡᠨ ᠰᠢᠢᠳᠪᠦᠷᠢᠯᠡᠬᠦ ᠪᠠᠷ ᠰᠠᠨᠠᠯ ᠨᠢᠭᠡᠲᠡᠶ ᠵᠥᠪᠰᠢᠶᠡᠷᠡᠪᠡ᠃ ︵ᠳᠠᠭᠠᠭᠠᠨ  ᠭᠦᠢᠴᠡᠳᠬᠡᠬᠦ ᠨᠢᠭᠡᠴᠢ᠄ ᠳᠥᠷᠪᠡᠳ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ︶    7. ᠵᠢᠨᠢᠩ ᠲᠣᠭᠤᠷᠢᠭ ᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠬᠡᠷ ᠪᠦᠯᠢ ᠶᠢᠨ ᠬᠦᠷᠢᠶᠡᠨ ᠤ ᠰᠠᠭᠤᠭᠠᠯᠢ ᠲᠣᠭᠤᠷᠢᠭ ᠤᠨ ᠡᠭᠦᠳᠡᠨ ᠳᠠᠬᠢ ᠥᠨᠳᠥᠷ ᠲᠠᠪᠴᠠᠩ ᠤᠨ ᠨᠣᠭᠤᠭᠠᠷᠠᠭᠤᠯᠤᠯᠲᠠ ᠶᠢᠨ ᠪᠦᠰᠡ ᠡᠪᠳᠡᠭᠳᠡᠵᠦ᠂ ᠵᠠᠮ ᠤᠨ ᠨᠢᠭᠤᠷ ᠢ ᠤᠳᠠᠭᠠᠨ ᠵᠢᠯ ᠵᠠᠰᠠᠭᠰᠠᠨ ᠥᠬᠡᠶ ᠠᠴᠠ ᠪᠣᠯᠵᠣ ᠬᠤᠲᠠ ᠶᠢᠨ ᠳᠦᠷᠰᠦ ᠪᠠᠶᠢᠳᠠᠯ ᠢ ᠨᠥᠯᠥᠭᠡᠯᠡᠪᠡ᠃ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠥᠨᠳᠥᠷ ᠲᠠᠪᠴᠠᠩ ᠢ ᠨᠤᠷᠠᠭᠠᠨ᠂ ᠰᠢᠨ᠎ᠡ ᠪᠠᠷ ᠵᠢᠷᠤᠵᠤ ᠲᠥᠯᠥᠪᠯᠡᠨ ᠰᠡᠯᠪᠢᠨ ᠵᠠᠰᠠᠵᠤ᠂ ᠲᠡᠷᠭᠡᠨ ᠵᠤᠭᠰᠤᠭᠠᠯ ᠨᠡᠮᠡᠵᠦ ᠪᠠᠶᠢᠭᠤᠯᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠭᠡᠷ ᠪᠦᠯᠢ ᠶᠢᠨ ᠰᠠᠭᠤᠭᠠᠯᠢ ᠲᠣᠭᠤᠷᠢᠭ ᠤᠨ ᠡᠭᠦᠳᠡᠨ ᠡᠮᠦᠨᠡᠬᠢ ᠨᠣᠭᠤᠭᠠᠷᠠᠭᠤᠯᠤᠯᠲᠠ ᠶᠢᠨ ᠲᠠᠪᠴᠠᠩ ᠢ ᠨᠤᠷᠠᠭᠠᠬᠤ ᠶᠢᠨ ᠬᠠᠮᠲᠤ ᠰᠡᠯᠪᠢᠨ ᠵᠠᠰᠠᠵᠤ᠂ ᠲᠡᠷᠭᠡ ᠶᠠᠪᠤᠬᠤ ᠵᠠᠮ ᠢ ᠥᠷᠭᠡᠳᠬᠡᠵᠦ᠂ ᠲᠡᠷᠭᠡ ᠵᠣᠭᠰᠣᠭᠠᠬᠤ ᠳᠤ ᠬᠦᠴᠢᠷ ᠠᠰᠠᠭᠤᠳᠠᠯ ᠢ ᠰᠢᠢᠳᠪᠦᠷᠢᠯᠡᠪᠡ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶    8 . ᠹᠧᠩᠵᠧᠨ ᠬᠤᠲᠠ ᠶᠢᠨ ᠠᠵᠢᠯ ᠮᠡᠷᠭᠡᠵᠢᠯ ᠤᠨ ᠳᠤᠮᠳᠠᠳᠤ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ 2020 ᠣᠨ ᠤ ᠨᠠᠮᠤᠷ ᠠᠴᠠ ᠣᠳᠣ ᠪᠣᠯᠲᠠᠯ᠎ᠠ ᠰᠤᠷᠤᠭᠴᠢᠳ ᠲᠤ ᠰᠤᠷᠤᠯᠭ᠎ᠠ ᠶᠢᠨ ᠨᠥᠬᠦᠪᠥᠷᠢ ᠮᠥᠩᠭᠦ ᠣᠯᠭᠤᠭᠰᠠᠨ ᠦᠭᠡᠶ ᠪᠠᠶᠢᠨ᠎ᠠ᠂ ᠵᠠᠰᠠᠭ ᠤᠨ ᠣᠷᠳᠣᠨ ᠠᠴᠠ ᠠᠯᠢ ᠲᠦᠷᠭᠡᠨ ᠢᠶᠠᠷ ᠣᠯᠭᠤᠬᠤ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠹᠧᠩᠵᠧᠨ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠰᠤᠷᠤᠯᠭ᠎ᠠ ᠶᠢᠨ ᠨᠥᠬᠦᠪᠥᠷᠢ ᠮᠥᠩᠭᠦ ᠶᠢᠨ ᠲᠤᠭ᠎ᠠ ᠶᠢ ᠬᠠᠷᠭᠤᠭᠤᠯᠤᠨ ᠳᠣᠲᠣᠯᠠᠭᠰᠠᠨ ᠤ ᠬᠠᠮᠲᠤ ᠡᠳ᠋ ᠤᠨ ᠵᠠᠰᠠᠭ ᠤᠨ ᠲᠣᠪᠴᠢᠶ᠎ᠠ ᠨᠢᠭᠡᠨᠲᠡ ᠨᠥᠬᠦᠪᠥᠷᠢ ᠮᠥᠩᠭᠦ ᠶᠢ ᠣᠶᠢᠷ᠎ᠠ ᠶᠢᠨ ᠬᠤᠭᠤᠴᠠᠭᠠᠨ ᠳᠤ ᠰᠢᠯᠵᠢᠭᠦᠯᠦᠨ ᠥᠭᠬᠦ ᠪᠠᠨ ᠲᠥᠯᠥᠪᠯᠡᠭᠡ ᠳᠤ ᠣᠷᠣᠭᠤᠯᠤᠭᠰᠠᠨ ᠪᠠᠶᠢᠨ᠎ᠠ᠂ ᠵᠢᠱᠢᠯᠲᠡ ᠪᠠᠷ 5 ᠰᠠᠷ᠎ᠠ ᠶᠢᠨ ᠡᠴᠦᠰ ᠲᠤ ᠥᠷᠢᠲᠦᠵᠦ ᠪᠠᠶᠢᠭ᠎ᠠ ᠨᠥᠬᠦᠪᠥᠷᠢ ᠮᠥᠩᠭᠦ ᠶᠢ ᠰᠢᠯᠵᠢᠭᠦᠯᠦᠨ ᠥᠭᠬᠦ ᠠᠵᠢᠯ ᠢ ᠪᠣᠳᠠᠲᠠᠶ ᠪᠠᠷ ᠪᠡᠶᠡᠯᠡᠭᠦᠯᠬᠦ ᠪᠤᠯᠤᠨ᠎ᠠ᠃ ︵ᠲᠠᠭᠠᠭᠠᠨ ᠭᠦᠢᠴᠡᠳᠭᠡᠬᠦ ᠨᠢᠭᠡᠴᠢ᠄ ᠹᠧᠩᠵᠧᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ︶     9 . ᠵᠢᠨᠢᠩ ᠲᠣᠭᠤᠷᠢᠭ ᠤᠨ ᠵᠢᠶᠧ ᠹᠠᠩ ᠵᠠᠮ ᠤᠨ ᠠᠷᠠᠰᠤ ᠨᠤᠤᠰᠤ ᠶᠢᠨ ᠬᠤᠳᠠᠯᠳᠤᠭᠠᠨ ᠤ ᠬᠤᠲᠠ ᠶᠢᠨ ᠪᠠᠷᠢᠯᠭ᠎ᠠ ᠶᠢᠨ ᠺᠣᠮᠫᠠᠨᠢ ᠶᠢᠨ ᠬᠡᠷ ᠪᠦᠯᠢ ᠶᠢᠨ ᠠᠰᠠᠷ ᠤᠨ ᠪᠠᠭᠠᠰᠤᠨ ᠲᠠᠲᠠᠭᠠᠯ ᠨᠢᠭᠡᠨᠲᠡ ᠳᠦᠭᠦᠷᠴᠦ᠂ ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠠᠴᠠ ᠬᠠᠮᠢᠶ᠎ᠠ ᠪᠥᠬᠦᠶ  ᠰᠦᠢᠳᠬᠡᠯ ᠬᠤᠷᠢᠶᠠᠭᠰᠠᠨ ᠪᠤᠯᠪᠠᠴᠤ ᠣᠲᠣ ᠪᠣᠯᠲᠠᠯ᠎ᠠ ᠰᠢᠢᠳᠪᠦᠷᠢᠯᠡᠭᠡ ᠥᠬᠡᠶ ᠪᠠᠶᠢᠨ᠎ᠠ᠂ ᠲᠦᠷᠭᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠠᠴᠠ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠳᠠᠭᠠᠭᠠᠯᠭᠠᠵᠤ᠂ ᠰᠥᠨᠢ ᠪᠠᠷ ᠪᠠᠭᠠᠰᠤᠨ ᠲᠠᠲᠠᠭᠠᠯ ᠳᠤ ᠴᠡᠪᠡᠷᠯᠡᠨ ᠮᠠᠯᠲᠠᠬᠤ ᠠᠵᠢᠯ ᠬᠢᠯᠭᠡᠭᠰᠡᠨ ᠤ ᠬᠠᠮᠲᠤ ᠪᠣᠬᠢᠷ ᠤᠰᠤᠨ ᠤ ᠬᠤᠭᠤᠯᠠᠶ ᠶᠢ ᠪᠥᠬᠦ ᠲᠠᠯ᠎ᠠ ᠪᠠᠷ ᠰᠡᠯᠪᠢᠨ ᠵᠠᠰᠠᠵᠤ᠂ ᠲᠣᠰ ᠠᠰᠠᠭᠤᠳᠠᠯ ᠢ ᠨᠢᠭᠡᠨᠲᠡ ᠲᠦᠢᠯᠪᠤᠷᠢᠲᠠᠶ ᠰᠢᠢᠳᠪᠦᠷᠢᠯᠡᠪᠡ᠃ ᠬᠢᠨᠠᠨ ᠨᠤᠳᠠᠯᠠᠭᠰᠠᠨ ᠤ ᠳ᠋ᠦᠩ ᠳᠤ᠂ ᠪᠠᠭᠠᠰᠤᠨ ᠲᠠᠲᠠᠭᠠᠯ ᠢ ᠴᠡᠪᠡᠷᠯᠡᠨ ᠮᠠᠯᠳᠠᠬᠤ ᠵᠠᠷᠤᠳᠠᠯ ᠢ ᠰᠠᠭᠤᠭᠠᠯᠢ ᠠᠷᠠᠳ ᠥᠪᠡᠰᠦᠪᠡᠨ ᠵᠣᠬᠢᠶᠠᠨ ᠪᠠᠶᠢᠭᠤᠯᠵᠤ ᠬᠤᠷᠢᠶᠠᠭᠰᠠᠨ ᠪᠠᠶᠢᠨ᠎ᠠ᠂ ᠨᠡᠶᠢᠭᠡᠮ ᠲᠣᠭᠤᠷᠢᠭ ᠤᠨ ᠬᠢᠨ ᠵᠠᠷᠤᠳᠠᠯ ᠬᠤᠷᠢᠶᠠᠬᠤ ᠳᠤ ᠶᠡᠷᠦ ᠠᠴᠠ ᠣᠷᠣᠯᠴᠠᠭᠰᠠᠨ ᠦᠭᠡᠶ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶     10 . ᠵᠢᠨᠢᠩ ᠲᠣᠭᠤᠷᠢᠭ ᠤᠨ ᠴᠠᠬᠠᠷ ᠮᠦᠩᠭᠦᠨ ᠰᠠᠭᠤᠳᠠᠯ ᠰᠠᠭᠤᠭᠠᠯᠢ ᠲᠣᠭᠤᠷᠢᠭ ᠤᠨ ᠶᠡᠭᠡ ᠬᠠᠭᠠᠯᠭ᠎ᠠ ᠶᠢ ᠵᠢᠷᠤᠵᠤ ᠲᠥᠯᠥᠪᠯᠡᠭᠰᠡᠨ ᠨᠢ ᠵᠣᠬᠢᠰ ᠥᠬᠡᠶ ᠠᠴᠠ ᠮᠠᠰᠢᠨ ᠲᠡᠷᠭᠡ ᠣᠷᠣᠵᠤ ᠭᠠᠷᠬᠤ ᠳᠤ ᠵᠥᠪᠬᠡᠨ ᠲᠣᠭᠲᠠᠭᠠᠯ ᠢ ᠵᠥᠷᠢᠴᠡᠨ ᠮᠠᠰᠢᠨᠲᠤ ᠪᠤᠰᠤ ᠲᠡᠷᠭᠡᠨ ᠤ ᠵᠠᠮ ᠢᠶᠠᠷ ᠵᠢᠯᠣᠭᠤᠳᠬᠤ ᠶᠢᠨ ᠬᠠᠮᠲᠤ ᠵᠢᠵᠢᠭ ᠲᠣᠭᠤᠷᠢᠭ ᠤᠨ ᠳᠣᠲᠣᠭᠠᠳᠤ ᠵᠠᠮ ᠨᠢ ᠬᠦᠨᠳᠦ ᠨᠣᠴᠢᠲᠠᠶ ᠡᠪᠳᠡᠷᠡᠵᠦ ᠰᠦᠢᠳᠦᠭᠰᠡᠨ ᠪᠣᠯᠬᠤᠷ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠰᠢᠪᠠᠳᠠᠨ ᠰᠢᠢᠳᠪᠦᠷᠢᠯᠡᠵᠦ᠂ ᠣᠯᠠᠨ ᠲᠦᠮᠡᠨ ᠤ ᠶᠠᠪᠤᠵᠤ ᠰᠠᠭᠤᠬᠤ ᠳᠤ ᠲᠥᠬᠦᠮ ᠦᠵᠡᠭᠦᠯᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ︽ᠵᠢᠨᠢᠩ ᠲᠣᠭᠤᠷᠢᠭ ᠤᠨ ᠠᠵᠤ ᠦᠶ᠋ᠯᠡᠰ ᠤᠨ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠶᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠷᠭ᠎ᠠ ᠳᠤ ᠲᠣᠬᠢᠷᠠᠭᠤᠯᠤᠯᠲᠠ ᠬᠢᠬᠦ ᠶᠢ ᠵᠥᠪᠰᠢᠶᠡᠷᠡᠬᠦ ᠲᠤᠬᠠᠶ ᠴᠣᠬᠤᠯᠠᠪᠤᠷᠢ︾ ᠶᠢᠨ ᠲᠣᠭᠲᠠᠭᠠᠯ ᠢ ᠦᠨᠳᠦᠰᠦᠯᠡᠪᠡᠯ ︽110 ᠤᠯᠤᠰ ᠤᠨ ᠵᠠᠮ ᠠᠴᠠ ᠡᠮᠦᠨᠡᠰᠢᠬᠢ ᠰᠢᠨ᠎ᠡ ᠣᠷᠣᠨ ᠪᠦᠰᠡ ᠶᠢᠨ ᠲᠥᠯᠥᠪᠵᠢᠭᠦᠯᠭᠡ ᠨᠢ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠠᠮᠢᠶᠠᠷᠬᠤ ᠬᠡᠪᠴᠢᠶᠡᠨ ᠳᠤ ᠬᠠᠷᠢᠶᠠᠯᠠᠭᠳᠠᠨ᠎ᠠ︾᠃ ᠲᠣᠰ ᠠᠰᠠᠭᠤᠳᠠᠯ ᠳᠤ ᠴᠢᠭᠯᠡᠭᠦᠯᠦᠨ᠂ ᠵᠢᠨᠢᠩ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠪᠣᠳᠠᠲᠠᠶ ᠪᠠᠶᠢᠳᠠᠯ ᠢᠶᠠᠨ ᠦᠨᠳᠦᠰᠦᠯᠡᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠭᠤᠶᠤᠴᠢᠯᠠᠯ ᠭᠠᠷᠭᠠᠵᠤ᠂ ᠴᠤᠬᠤᠯᠠᠪᠤᠷᠢᠯᠠᠵᠤ ᠪᠠᠷᠠᠭᠰᠠᠨ ᠤ ᠳᠠᠷᠠᠭ᠎ᠠ᠂ ᠵᠢᠨᠢᠩ ᠲᠣᠭᠤᠷᠢᠭ ᠤᠨ ᠬᠢᠨ ᠪᠣᠳᠠᠲᠠᠶ ᠪᠠᠶᠢᠳᠠᠯ ᠢᠶᠠᠨ ᠦᠨᠳᠦᠰᠦᠯᠡᠨ ᠨᠣᠭᠤᠭᠠᠷᠠᠭᠤᠯᠤᠯᠲᠠ ᠶᠢᠨ ᠪᠦᠰᠡ ᠶᠢᠨ ᠪᠠᠶᠢᠷᠢᠯᠠᠭᠤᠯᠤᠯᠲᠠ ᠳᠤ ᠲᠣᠬᠢᠷᠠᠭᠤᠯᠤᠯᠲᠠ ᠬᠢᠵᠦ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠳᠥᠭᠦᠮ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠪᠤᠯᠤᠨ᠎ᠠ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶
 
ᠢᠷᠡᠯᠲᠡ᠄ ᠤᠯᠠᠭᠠᠨᠴᠠᠪ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2