ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠣᠷᠣᠰᠢᠭᠤᠯᠭ᠎ᠠ ᠶᠢᠨ ᠥᠭᠡᠷᠡᠴᠢᠯᠡᠯᠲᠡ ᠪᠠ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠳᠦᠷᠢᠮ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/11/22
   11 ᠰᠠᠷ᠎ᠠ ᠶᠢᠨ 19 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠤᠯᠠᠭᠠᠨᠴᠠᠪ ᠬᠤᠲᠠ ᠶᠢᠨ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠦᠷᠢᠮ ︵ᠲᠥᠰᠦᠯ︶︾ ︽ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︽ᠤᠯᠠᠭᠠᠨᠴᠠᠪ ᠬᠤᠲᠠ ᠶᠢᠨ ᠬᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠲᠦᠷᠭᠡᠳᠬᠡᠨ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ︾ ︽ᠤᠯᠠᠭᠠᠨᠴᠠᠪ ᠬᠤᠲᠠ ᠶᠢᠨ ᠨᠡᠶᠢᠭᠡᠮ ᠤᠨ ᠠᠪᠤᠷᠠᠨ ᠲᠤᠰᠠᠯᠠᠬᠤ ᠲᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠶ ᠬᠡᠷᠡᠭᠵᠢᠭᠦᠯᠬᠦ ᠲᠥᠰᠦᠯ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠤ᠂ ᠣᠷᠣᠰᠢᠭᠤᠯᠭ᠎ᠠ ᠶᠢᠨ ᠥᠭᠡᠷᠡᠴᠢᠯᠡᠯᠲᠡ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠨᠡᠶᠢᠭᠡᠮ ᠤᠨ ᠠᠪᠤᠷᠠᠨ ᠲᠤᠰᠠᠯᠠᠯᠲᠠ᠂ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠳᠦᠷᠢᠮ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃    ᠬᠤᠷᠠᠯ ᠠᠴᠠ᠂ ᠣᠷᠣᠰᠢᠭᠤᠯᠭ᠎ᠠ ᠶᠢᠨ ᠥᠭᠡᠷᠡᠴᠢᠯᠡᠯᠲᠡ ᠪᠣᠯ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠮᠥᠨ ᠂ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠲᠠᠢ ᠨᠢᠭᠲᠠ ᠬᠤᠯᠪᠣᠭ᠎ᠠ ᠲᠠᠢ ᠶᠤᠮ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠤᠷᠠᠯ ᠠᠴᠠ ᠳᠤᠷᠠᠳᠤᠭᠰᠠᠨ ᠰᠠᠨᠠᠯ ᠰᠠᠨᠠᠭᠤᠯᠭ᠎ᠠ ᠶᠣᠰᠣᠭᠠᠷ᠂ ︽ᠤᠯᠠᠭᠠᠨᠴᠠᠪ ᠬᠤᠲᠠ ᠶᠢᠨ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠦᠷᠢᠮ ︵ᠲᠥᠰᠦᠯ︶︾ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠵᠢᠷᠤᠮ ᠶᠣᠰᠣᠭᠠᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠳᠡᠪᠰᠢᠭᠦᠯᠵᠦ ᠬᠢᠨᠠᠨ ᠵᠥᠪᠯᠡᠭᠦᠯᠬᠦ ᠬᠡᠷᠡᠭᠲᠡᠶ᠃ ᠪᠣᠳᠠᠲᠠᠶ ᠬᠠᠷᠢᠶᠠᠯᠠᠭᠳᠠᠬᠤ ᠭᠠᠵᠠᠷ ᠣᠷᠣᠨ ᠤ ᠬᠠᠷᠢᠭᠤᠴᠠᠯᠭ᠎ᠠ ᠪᠠ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠵᠠᠮ ᠬᠠᠷᠢᠯᠴᠠᠭᠠᠨ ᠤ ᠭᠤᠤᠯ ᠱᠤᠭᠤᠮ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠬᠦᠷᠢᠶᠡᠯᠡᠩ ᠲᠣᠭᠤᠷᠢᠭ ᠵᠡᠷᠭᠡ ᠴᠢᠬᠤᠯᠠ ᠲᠠᠯᠠᠪᠤᠷ ᠤᠨ ᠰᠤᠯᠠ  ᠪᠤᠯᠠᠬᠤ ᠳᠤᠷ᠎ᠠ ᠪᠠᠷ ᠢᠶᠠᠨ ᠪᠤᠯᠠᠰᠢ ᠪᠤᠰᠬᠠᠬᠤ ᠶᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠣᠷᠣᠰᠢᠭᠤᠯᠭ᠎ᠠ ᠶᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠥᠲᠥᠯᠦᠨ ᠵᠢᠯᠣᠭᠤᠳᠬᠤ ᠶᠢ ᠴᠢᠩᠭᠠᠷᠠᠭᠤᠯᠵᠤ᠂ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠳᠦᠷᠢᠮᠵᠢᠯᠲᠡ᠂ ᠵᠢᠷᠤᠮᠵᠢᠭᠤᠯᠤᠯᠲᠠ ᠂ ᠪᠠᠶᠢᠩᠭᠤᠵᠢᠯᠲᠠ ᠶᠢ ᠠᠬᠢᠭᠤᠯᠤᠨ᠂ ᠠᠷᠠᠳ ᠣᠯᠠᠨ ᠳᠤ ᠬᠤᠪᠢᠷᠠᠯᠲᠠ ᠶᠢ ᠦᠵᠡᠭᠦᠯᠵᠦ᠂ ᠪᠣᠳᠠᠲᠤ ᠦᠷ᠎ᠡ ᠪᠦᠲᠦᠮᠵᠢ ᠶᠢ ᠦᠵᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠪᠣᠳᠠᠲᠠᠢ ᠳᠤ ᠰᠠᠭᠤᠷᠢᠯᠠᠵᠤ᠂ ᠲᠡᠷᠢᠭᠦᠨ ᠤ ᠭᠠᠵᠠᠷ ᠣᠷᠣᠨ ᠤ ᠰᠠᠶᠢᠨ ᠲᠤᠷᠰᠢᠯᠭ᠎ᠠ᠂ ᠰᠠᠶᠢᠨ ᠠᠷᠭ᠎ᠠ ᠶᠢ ᠰᠤᠷᠤᠯᠴᠠᠨ ᠲᠤᠯᠢᠳᠠᠵᠤ᠂ ᠳᠤᠲᠠᠭᠤᠳᠠᠯ ᠪᠠᠭᠤᠷᠠᠢ ᠲᠠᠯ᠎ᠠ ᠪᠠᠨ ᠲᠦᠷᠭᠡᠨ ᠨᠥᠬᠦᠪᠥᠷᠢᠯᠡᠵᠦ᠂ ᠨᠡᠶᠢᠭᠡᠮ ᠲᠣᠭᠤᠷᠢᠭ ᠭᠡᠷ ᠲᠡᠭᠡᠨ ᠰᠠᠭᠤᠵᠤ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠰᠢᠨ᠎ᠡ ᠵᠠᠭᠪᠤᠷ ᠢ ᠰᠦᠪᠡᠭᠴᠢᠯᠡᠨ ᠪᠠᠶᠢᠭᠤᠯᠵᠤ᠂ ᠨᠠᠰᠤᠵᠢᠯ ᠤᠨ ᠠᠰᠠᠷᠠᠮᠵᠢ ᠶᠢᠨ ᠠᠵᠢᠯ ᠦᠢᠯᠡᠰ ᠪᠣᠯᠤᠨ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ ᠬᠠᠮᠵᠢᠯᠴᠠᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠪᠥᠬᠦ ᠬᠤᠲᠠ ᠪᠠᠷ ᠢᠶᠠᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠬᠠᠮᠵᠢᠯᠴᠠᠭ᠎ᠠ ᠪᠠᠨ ᠴᠢᠩᠭᠠᠳᠬᠠᠨ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠢ ᠪᠠᠲᠤᠯᠠᠬᠤ ᠲᠣᠤᠷ ᠢ ᠪᠠᠲᠤ ᠪᠠᠬᠢ ᠪᠠᠶᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ᠂ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠪᠣᠯ ᠬᠤᠳᠠᠯᠳᠤᠭ᠎ᠠ ᠡᠷᠬᠢᠯᠡᠬᠦ ᠣᠷᠴᠢᠨ  ᠨᠦᠬᠦᠴᠡᠯ ᠢ ᠰᠢᠯᠢᠳᠡᠭᠵᠢᠭᠦᠯᠬᠦ ᠪᠣᠳᠠᠲᠠᠢ ᠠᠷᠭ᠎ᠠ ᠬᠡᠮᠵᠢᠶ᠎ᠡ ᠮᠥᠨ᠃ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠪᠦᠲᠦᠭᠡᠵᠦ ᠠᠳᠠᠯ ᠦᠢᠯᠡᠰ ᠴᠣᠭᠴᠠᠯᠠᠬᠤ ᠶᠢᠨ ᠬᠦᠴᠢᠷᠳᠡᠯ᠂ ᠲᠦᠭᠵᠢᠷᠡᠯ᠂ ᠡᠪᠡᠷᠰᠢᠶᠡᠯ ᠳᠤ ᠠᠩᠬᠠᠷᠤᠯ ᠢᠶᠠᠨ ᠲᠥᠪᠯᠡᠷᠡᠭᠦᠯᠦᠨ᠂ ︽ᠦᠨᠡᠮᠯᠡᠯ ᠢ ᠴᠥᠭᠡᠳᠬᠡᠨ ᠠᠷᠠᠳ ᠲᠤ ᠲᠥᠬᠦᠮ ᠦᠵᠡᠭᠦᠯᠬᠦ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠣᠯᠠᠨ ᠲᠦᠮᠡᠨ ᠪᠠ ᠠᠵᠤ ᠠᠬᠤᠶᠢᠯᠠᠯ ᠤᠨ ᠠᠵᠢᠯ ᠶᠠᠪᠤᠳᠠᠯ ᠬᠦᠢᠴᠡᠳᠬᠡᠬᠦ ᠳᠤ ᠬᠦᠴᠢᠷᠲᠡᠶ᠂ ᠠᠵᠢᠯ ᠶᠠᠪᠤᠳᠠᠯ ᠬᠦᠢᠴᠡᠳᠬᠡᠬᠦ ᠳᠤ ᠤᠳᠠᠭᠠᠨ᠂ ᠣᠯᠠᠨ ᠲᠠᠯ᠎ᠠ ᠠᠴᠠ ᠭᠦᠶᠦᠯᠭᠡᠬᠦ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠵᠤ᠂ ᠨᠠᠩ ᠴᠢᠨᠠᠷ ᠰᠠᠶᠢᠲᠠᠶ᠂ ᠨᠠᠩ ᠥᠨᠳᠥᠷ ᠪᠦᠲᠦᠮᠵᠢᠲᠡᠶ᠂ ᠨᠠᠩ ᠳᠥᠭᠦᠮ ᠳᠥᠲᠡ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠬᠡᠷᠡᠭᠲᠡᠶ ᠭᠡᠵᠤ ᠵᠢᠭᠠᠵᠤ ᠭᠠᠷᠭᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ ︵ᠰᠤᠷᠪᠤᠯᠵᠢᠯᠠᠭᠴᠢ ᠯᠢᠦ ᠶᠠᠩ︶                   ᠤᠷᠴᠢᠭᠤᠯᠤᠭᠴᠢ᠄ ᠬᠦᠰᠡᠯ                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2