︽ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠵᠤ ᠦᠶᠯᠡᠰ ᠤᠨ ᠬᠥᠭᠵᠢᠯᠲᠡ ᠶᠢ ᠱᠠᠩᠨᠠᠨ ᠲᠡᠳᠬᠦᠬᠦ ᠠᠷᠭ᠎ᠠ ︵ᠲᠤᠷᠰᠢᠨ ᠬᠡᠷᠡᠭᠵᠢᠭᠦᠯᠬᠦ︶︾ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/11/22
     ᠤᠯᠠᠭᠠᠨᠴᠠᠪ ᠵᠠᠰᠠᠭ ᠠᠯᠪᠠᠨ ᠲᠠᠷᠬᠠᠭᠠᠭᠰᠠᠨ 2021 ﹇30﹈  ᠳ᠋ᠤᠭᠠᠷ ᠲᠣᠭᠠᠲᠤ      ︽ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠵᠤ ᠦᠶᠯᠡᠰ ᠤᠨ ᠬᠥᠭᠵᠢᠯᠲᠡ ᠶᠢ ᠱᠠᠩᠨᠠᠨ ᠲᠡᠳᠬᠦᠬᠦ ᠠᠷᠭ᠎ᠠ ︵ᠲᠤᠷᠰᠢᠨ ᠬᠡᠷᠡᠭᠵᠢᠭᠦᠯᠬᠦ︶︾ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      ︽ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠵᠤ ᠦᠶᠯᠡᠰ ᠤᠨ ᠬᠥᠭᠵᠢᠯᠲᠡ ᠶᠢ ᠱᠠᠩᠨᠠᠨ ᠲᠡᠳᠬᠦᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠨᠢᠭᠡᠨᠲᠡ ᠬᠤᠲᠠ ᠶᠢᠨ ᠵᠠᠰᠠᠭ ᠤᠨ ᠣᠷᠳᠣᠨ ᠤ 11ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 44 ᠳ᠋ᠦ᠋ᠭᠡᠷ ᠤᠳᠠᠭᠠᠨ ᠤ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ  ᠲᠤᠭᠤᠰᠢᠯᠠᠭᠤᠯᠤᠨ ᠬᠡᠷᠡᠭᠵᠢᠭᠦᠯᠲᠦᠭᠡᠶ᠃                                           2021 ᠣᠨ ᠤ 9 ᠰᠠᠷ᠎ᠠ ᠶᠢᠨ 29 ᠤ ᠡᠳᠦᠷ                                           ︵ᠲᠤᠰ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶      ︽ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠵᠤ ᠦᠶᠯᠡᠰ ᠤᠨ ᠬᠥᠭᠵᠢᠯᠲᠡ ᠶᠢ ᠱᠠᠩᠨᠠᠨ ᠲᠡᠳᠬᠦᠬᠦ ᠠᠷᠭ᠎ᠠ ︵ᠲᠤᠷᠰᠢᠨ ᠬᠡᠷᠡᠭᠵᠢᠭᠦᠯᠬᠦ︶︾      ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠳᠠᠯᠳᠠ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠲᠤᠬᠠᠶ ᠰᠠᠨᠠᠯ︾ ᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠵᠤ ᠦᠶᠯᠡᠰ ᠤᠨ ᠴᠢᠨᠠᠷ ᠰᠠᠶᠢᠲᠠᠶ ᠠᠭᠤᠰᠤᠯᠴᠠᠨ ᠬᠥᠭᠵᠢᠬᠦ ᠶᠢ ᠠᠬᠢᠭᠤᠯᠬᠤ ᠶᠢᠨ ᠲᠤᠰᠠᠳᠠ᠂ ᠣᠨᠴᠠᠭᠠᠶᠢᠯᠠᠨ ᠲᠣᠰ ᠠᠷᠭ᠎ᠠ ᠶᠢ ᠲᠣᠭᠲᠠᠭᠠᠪᠠ᠃      ᠨᠢᠭᠡᠳᠦᠭᠡᠷ ᠵᠦᠢᠯ     ᠰᠣᠶᠣᠯ ᠤᠨ ᠲᠣᠭᠯᠠᠯᠲᠠ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ᠂ ᠪᠡᠶ᠎ᠡ ᠶᠢᠨ ᠲᠠᠮᠢᠷ ᠤᠨ ᠬᠡᠷᠡᠭᠰᠡᠯ ᠦᠢᠯᠡᠳᠬᠦ ᠲᠥᠷᠥᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠢ 3000 ᠲᠦᠮᠡᠨ ᠲᠥᠭᠦᠷᠢᠭ ᠠᠴᠠ ᠳᠡᠭᠡᠭᠰᠢ᠂ ᠵᠢᠯ ᠤᠨ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠨᠢ 2000 ᠲᠦᠮᠡ ᠠᠴᠠ ᠳᠡᠭᠡᠭᠰᠢ ᠲᠥᠷᠥᠯ ᠵᠦᠢᠯ ᠳᠤ ᠤᠯᠤᠰ ᠤᠨ ᠪᠠᠷᠢᠮᠵᠢᠶᠠᠲᠤ ᠵᠢᠭᠡᠯᠡᠯᠭᠡ ᠶᠢᠨ ᠬᠦᠦ ᠶᠢᠨ ᠨᠣᠷᠮ᠎ᠠ ᠶᠢᠨ ᠪᠠᠷᠢᠮᠵᠢᠶ᠎ᠠ ᠶᠢᠨ ᠵᠢᠭᠡᠯᠡᠯᠭᠡ ᠶᠢᠨ ᠵᠢᠯ ᠤᠨ ᠬᠦᠦ ᠮᠥᠩᠭᠦ ᠶᠢᠨ 50 % ᠶᠢᠨ ᠨᠥᠬᠦᠪᠥᠷᠢ ︵ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠬᠤᠳᠠᠯᠳᠤᠭᠠᠨ ᠤ ᠪᠠᠩᠬᠢ ᠳᠤ ᠬᠢᠵᠠᠭᠠᠷᠯᠠᠨ᠎ᠠ᠂ ᠪᠠᠭ᠎ᠠ ᠬᠡᠮᠵᠢᠶᠡᠨ ᠤ ᠵᠢᠭᠡᠯᠡᠯᠭᠡ ᠶᠢᠨ ᠺᠣᠮᠫᠠᠨᠢ ᠶᠢ ᠪᠠᠭᠲᠠᠭᠠᠬᠤ ᠦᠭᠡᠶ︶ ᠣᠯᠭᠤᠵᠤ᠂ ᠲᠥᠷᠥᠯ ᠨᠢᠭᠡᠪᠦᠷᠢ ᠶᠢᠨ ᠬᠠᠮᠤᠭ ᠥᠨᠳᠥᠷ ᠳᠠᠮ ᠬᠦᠦ ᠮᠥᠩᠭᠦ ᠶᠢ 100 ᠲᠦᠮᠡᠨ ᠲᠥᠭᠦᠷᠢᠭ ᠠᠴᠠ ᠳᠠᠪᠠᠭᠤᠯᠬᠤ ᠦᠭᠡᠶ᠃      ᠬᠤᠶᠠᠳᠤᠭᠠᠷ ᠵᠦᠶᠯ     ᠨᠡᠶᠢᠭᠡᠮ ᠤᠨ ᠬᠥᠷᠥᠩᠭᠡ ᠶᠢᠨ ᠰᠣᠶᠣᠯ ᠤᠨ ᠲᠣᠭᠯᠠᠯᠲᠠ ᠶᠢᠨ ᠠᠵᠤ ᠦᠶᠯᠡᠰ ᠲᠤ ᠪᠠᠯᠠ ᠣᠷᠣᠭᠤᠯᠬᠤ ᠶᠢ ᠳᠡᠮᠵᠢᠵᠦ᠂ A ᠲᠠᠰ ᠤᠨ ᠦᠵᠡᠮᠵᠢ ᠶᠢᠨ ᠣᠷᠣᠨ ᠳᠤ ᠤᠯᠠᠭᠠᠨᠴᠠᠪ ᠤᠨ ᠲᠡᠦᠬᠡ ᠰᠣᠶᠣᠯ᠂ ᠵᠠᠩ ᠦᠶᠯᠡ ᠶᠢᠨ ᠰᠣᠶᠣᠯ᠂ ᠣᠷᠣᠨ ᠨᠤᠲᠤᠭ ᠤᠨ ᠰᠣᠶᠣᠯ ᠢ ᠲᠤᠰᠬᠠᠭᠰᠠᠨ᠂ ᠭᠤᠤᠯ ᠰᠡᠳᠦᠪ ᠨᠢ ᠢᠯᠡ ᠲᠣᠳᠣ᠂ ᠡᠷᠡᠭᠦᠯ ᠥᠭᠡᠳᠡᠷᠬᠡᠭ ᠲᠣᠭᠯᠠᠯᠲᠠ ᠶᠢᠨ ᠲᠥᠷᠥᠯ ᠵᠦᠶᠯ ᠢ ᠰᠢᠨ᠎ᠡ ᠪᠠᠷ ᠡᠭᠦᠳᠦᠨ ᠲᠣᠭᠯᠠᠵᠤ᠂ ᠪᠦᠬᠦ ᠵᠢᠯ ᠳᠤ 60 ᠡᠳᠦᠷ ᠠᠴᠠ ᠳᠡᠭᠡᠭᠰᠢ ᠲᠣᠭᠯᠠᠯᠲᠠ ᠭᠠᠷᠭᠠᠵᠤ᠂ ᠤᠳᠠᠭ᠎ᠠ ᠪᠦᠷᠢ ᠶᠢᠨ ᠲᠣᠭᠯᠠᠯᠲᠠ ᠶᠢᠨ ᠴᠠᠭ ᠨᠢ 40 ᠮᠢᠨᠦ᠋ᠲ ᠠᠴᠠ ᠳᠡᠭᠡᠭᠰᠢ᠂ ᠰᠠᠭᠤᠳᠠᠯ ᠨᠢ 300 ᠠᠴᠠ ᠳᠡᠭᠡᠭᠰᠢ ᠪᠠᠶᠢᠪᠠᠯ᠂ ᠵᠢᠯ ᠪᠦᠷᠢ 20 ᠲᠦᠮᠡᠨ ᠲᠥᠭᠦᠷᠢᠭ ᠤᠨ ᠨᠥᠬᠦᠪᠦᠷᠢ ᠣᠯᠭᠤᠨ᠎ᠠ︔ ᠵᠢᠨᠢᠩ ᠲᠣᠭᠤᠷᠢᠭ ᠲᠤ ᠪᠦᠬᠦ ᠵᠢᠯ ᠳᠤ ᠲᠠᠯᠠᠪᠠᠢ ᠳᠤ ᠰᠠᠭᠤᠵᠤ 100 ᠡᠳᠦᠷ ᠠᠴᠠ ᠳᠡᠭᠡᠭᠰᠢ ᠲᠣᠭᠯᠠᠯᠲᠠ ᠭᠠᠷᠭᠠᠵᠤ᠂ ᠲᠣᠭᠯᠠᠯᠲᠠ ᠭᠠᠷᠭᠠᠬᠤ ᠴᠠᠭ ᠨᠢ 40 ᠮᠢᠨᠦ᠋ᠲ ᠠᠴᠠ ᠳᠡᠭᠡᠭᠰᠢ᠂ ᠰᠠᠭᠤᠳᠠᠯ ᠨᠢ 300 ᠠᠴᠠ ᠳᠡᠭᠡᠭᠰᠢ ᠪᠠᠶᠢᠪᠠᠯ᠂ ᠵᠢᠯ ᠪᠦᠷᠢ 30 ᠲᠦᠮᠡᠨ ᠲᠥᠭᠦᠷᠢᠭ ᠤᠨ ᠨᠥᠬᠦᠪᠦᠷᠢ ᠣᠯᠭᠤᠨ᠎ᠠ᠃      ᠭᠤᠷᠪᠠᠳᠤᠭᠠᠷ ᠵᠦᠢᠯ     ᠤᠯᠤᠰ ᠤᠨ ᠲᠡᠰ ᠤᠨ ᠪᠦᠬᠦ ᠬᠡᠪᠴᠢᠶᠡᠲᠦ ᠬᠠᠮ ᠵᠤᠭᠠᠴᠠᠯ ᠤᠨ ᠵᠢᠱᠢᠶ᠎ᠡ ᠦᠵᠡᠭᠦᠯᠬᠦ ᠲᠣᠭᠤᠷᠢᠭ᠂ ᠵᠢᠭᠤᠯᠴᠢᠯᠠᠯ ᠠᠮᠠᠷᠠᠯᠲᠠ ᠶᠢᠨ ᠲᠣᠭᠤᠷᠢᠭ᠂ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ︵ᠪᠤᠶᠤ ᠰᠠᠭᠤᠷᠢᠨ ᠭᠠᠵᠠᠷ︶᠂ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠰᠠᠭᠤᠷᠢᠨ ᠭᠠᠵᠠᠷ ᠢ ᠡᠭᠦᠳᠦᠨ ᠪᠠᠶᠢᠭᠤᠯᠤᠭᠰᠠᠨ ᠨᠢᠭᠡᠴᠢ ᠪᠤᠶᠤ ᠠᠵᠤ ᠠᠬᠤᠶᠢᠯᠠᠯ ᠲᠤ 50 ᠲᠦᠮᠡᠨ ᠲᠥᠭᠦᠷᠢᠭ ᠤᠨ ᠱᠠᠩᠨᠠᠯ ᠣᠯᠭᠤᠵᠤ᠂ ᠥᠪᠡᠷᠲᠡᠭᠡᠨ ᠵᠠᠰᠠᠭ ᠣᠷᠣᠨ ᠤ ᠲᠡᠰ ᠢᠶᠠᠷ ᠰᠢᠨ᠎ᠡ ᠪᠠᠷ ᠰᠢᠯᠭᠠᠷᠠᠭᠤᠯᠤᠭᠰᠠᠨ ᠪᠣᠯ 20 ᠲᠦᠮᠡᠨ ᠲᠥᠭᠦᠷᠢᠭ ᠱᠠᠩᠨᠠᠵᠤ᠂ ᠳᠡᠰ ᠳᠡᠪᠰᠢᠭᠰᠡᠨ ᠳᠤ ᠨᠢ ᠪᠠᠷᠢᠮᠵᠢᠶ᠎ᠠ ᠶᠣᠰᠣᠭᠠᠷ ᠣᠯᠬᠤ ᠵᠦᠢᠲᠡᠢ ᠬᠡᠰᠡᠭ ᠢ ᠨᠢ ᠭᠦᠢᠴᠡᠳ ᠨᠥᠬᠦᠪᠥᠷᠢᠯᠡᠨ᠎ᠡ᠃      ᠳᠥᠷᠪᠡᠳᠦᠭᠡᠷ ᠵᠦᠶᠯ     ᠤᠯᠤᠰ ᠤᠨ ᠬᠥᠬᠡ ᠳᠡᠰ᠂ ᠬᠥᠬᠡᠭᠴᠢᠨ ᠳᠡᠰ᠂ ᠤᠯᠠᠭᠠᠨ ᠲᠡᠰ ᠤᠨ ᠵᠢᠭᠤᠯᠴᠢᠯᠠᠯ ᠤᠨ ᠠᠷᠠᠳ ᠤᠨ ᠪᠠᠭᠤᠳᠠᠯ ᠪᠠᠷ ᠰᠢᠨ᠎ᠡ ᠪᠠᠷ ᠦᠨᠡᠯᠡᠭᠳᠡᠭᠰᠡᠨ ᠪᠠᠶᠢᠪᠠᠯ᠂ ᠲᠤᠰ ᠲᠤᠰ 15 ᠲᠦᠮᠡᠨ ᠲᠥᠭᠦᠷᠢᠭ᠂ 10 ᠲᠦᠮᠡᠨ ᠲᠥᠭᠦᠷᠢᠭ᠂ 5 ᠲᠦᠮᠡᠨ ᠲᠥᠭᠦᠷᠢᠭ ᠢᠶᠠᠷ ᠱᠠᠩᠨᠠᠵᠤ᠂ ᠳᠡᠰ ᠳᠡᠪᠰᠢᠭᠰᠡᠨ ᠪᠠᠶᠢᠪᠠᠯ ᠪᠠᠷᠢᠮᠵᠢᠶ᠎ᠠ ᠶᠣᠰᠣᠭᠠᠷ ᠣᠯᠬᠤ ᠵᠦᠢᠲᠡᠢ ᠬᠡᠰᠡᠭ ᠢ ᠨᠢ ᠨᠥᠬᠦᠪᠥᠷᠢᠯᠡᠨ᠎ᠡ᠃      ᠲᠠᠪᠤᠳᠤᠭᠠᠷ ᠵᠦᠶᠯ     ᠳᠤᠮᠳᠠᠳᠤ ᠶᠢᠨ ᠤᠯᠠᠮᠵᠢᠯᠠᠯᠲᠤ ᠭᠠᠷ ᠤᠷᠠᠯᠠᠯ ᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠶᠢ ᠳᠡᠮᠵᠢᠵᠦ᠂ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ ᠵᠢᠭᠤᠯᠴᠢᠯᠠᠯ ᠤᠨ ᠳᠤᠷᠠᠰᠬᠠᠯ ᠤᠨ ᠡᠳ᠋ ᠨᠢ ᠪᠦᠬᠦ ᠤᠯᠤᠰ ᠤᠨ ᠵᠢᠭᠤᠯᠴᠢᠯᠠᠯ ᠤᠨ ᠲᠠᠸᠠᠷ ᠤᠨ ᠵᠢᠷᠤᠭᠯᠠᠨ ᠲᠥᠯᠥᠪᠯᠡᠬᠦ ᠤᠷᠤᠯᠳᠤᠭᠠᠨ ᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠢ ᠬᠦᠷᠲᠡᠪᠡᠯ᠂ ᠲᠤᠰ ᠲᠤᠰ 0 . 8 ᠲᠦᠮᠡᠨ ᠲᠥᠭᠦᠷᠢᠭ᠂ 0 . 5 ᠲᠦᠮᠡᠨ ᠲᠥᠭᠦᠷᠢᠭ᠂ 0 . 3 ᠲᠦᠮᠡᠨ ᠲᠥᠭᠦᠷᠢᠭ ᠱᠠᠩᠨᠠᠨ᠎ᠠ︔ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠭᠤᠯᠴᠢᠯᠠᠯ ᠤᠨ ᠲᠠᠸᠠᠷ ᠤᠨ ᠵᠢᠷᠤᠭ ᠲᠥᠯᠥᠪᠯᠡᠭᠡ ᠶᠢᠨ ᠤᠷᠤᠯᠳᠤᠭᠠᠨ ᠤ ᠨᠢᠭᠡᠳᠦᠭᠡᠷ᠂ ᠬᠤᠶᠠᠳᠤᠭᠠᠷ ᠳᠡᠰ ᠤᠨ ᠱᠠᠩᠨᠠᠯ ᠢ ᠬᠦᠷᠲᠡᠪᠡᠯ᠂ ᠲᠣᠰ ᠲᠣᠰ 0 . 5 ᠲᠦᠮᠡᠨ ᠲᠥᠭᠦᠷᠢᠭ᠂ 0 . 3 ᠲᠦᠮᠡᠨ ᠲᠥᠭᠦᠷᠢᠭ ᠱᠠᠩᠨᠠᠨ᠎ᠠ᠃      ᠵᠢᠷᠭᠤᠳᠤᠭᠠᠷ ᠵᠦᠢᠯ     ᠵᠢᠯ ᠤᠨ ᠬᠦᠯᠢᠶᠡᠨ ᠠᠪᠤᠭᠰᠠᠨ ᠵᠤᠭᠠᠴᠠᠭᠴᠢ ︵ᠪᠠᠭᠤᠳᠠᠯ ᠳᠤ 1 ᠰᠥᠨᠢ ᠠᠴᠠ ᠢᠯᠡᠭᠦᠦ ᠰᠠᠭᠤᠭᠰᠠᠨ᠂ 3 A ᠲᠡᠰ ᠠᠴᠠ ᠳᠡᠭᠡᠭᠰᠢᠬᠢ ᠰᠦᠢᠳᠬᠡᠯ ᠬᠤᠷᠢᠶᠠᠬᠤ ᠵᠢᠭᠤᠯᠴᠢᠯᠠᠯ ᠤᠨ ᠦᠵᠡᠮᠵᠢ ᠶᠢᠨ ᠣᠷᠣᠨ ᠳᠤ 1 ᠤᠳᠠᠭ᠎ᠠ ᠠᠴᠠ ᠢᠯᠡᠭᠦᠦ ᠣᠷᠣᠵᠤ ᠵᠤᠭᠠᠴᠠᠭᠰᠠᠨ︶ ᠶᠢᠨ ᠶᠡᠷᠦᠩᠬᠡᠢ ᠲᠤᠭ᠎ᠠ ᠨᠢ 5000 ᠬᠥᠮᠦᠨ ᠤᠳᠠᠭ᠎ᠠ ᠠᠴᠠ ᠳᠡᠭᠡᠭᠰᠢ ᠪᠠᠶᠢᠬᠤ ᠬᠤᠲᠠ ᠶᠢᠨ ᠵᠢᠭᠤᠯᠴᠢᠨ ᠤ ᠭᠠᠵᠠᠷ ︵ᠬᠤᠪᠢᠶᠠᠷᠢ ᠭᠠᠵᠠᠷ ᠪᠠᠭᠲᠠᠨ᠎ᠠ︶ ᠲᠤ ᠨᠡᠷᠡᠰ ᠤᠨ ᠵᠢᠭᠰᠠᠭᠠᠯᠲᠠ ᠬᠢᠵᠦ᠂ ᠨᠢᠭᠡᠳᠦᠭᠡᠷ ᠨᠡᠷ᠎ᠡ ᠨᠢ 30 ᠲᠦᠮᠡᠨ ᠲᠥᠭᠦᠷᠢᠭ᠂ ᠬᠤᠶᠠᠳᠤᠭᠠᠷ ᠨᠡᠷ᠎ᠡ 20 ᠲᠦᠮᠡᠨ ᠲᠥᠭᠦᠷᠢᠭ᠂ ᠭᠤᠷᠪᠠᠳᠤᠭᠠᠷ ᠨᠡᠷ᠎ᠡ 15 ᠲᠦᠮᠡᠨ ᠲᠥᠭᠦᠷᠢᠭ᠂ ᠳᠥᠷᠪᠡᠳᠦᠭᠡᠷ ᠨᠡᠷ᠎ᠡ 10 ᠲᠦᠮᠡᠨ ᠲᠥᠭᠦᠷᠢᠭ᠂ ᠲᠠᠪᠤᠳᠤᠭᠠᠷ ᠨᠡᠷ᠎ᠡ 5 ᠲᠦᠮᠡᠨ ᠲᠥᠭᠦᠷᠢᠭ ᠱᠠᠩᠨᠠᠨ᠎ᠠ᠃      ᠳᠣᠯᠣᠳᠤᠭᠠᠷ ᠵᠦᠶᠯ     ᠵᠢᠯ ᠳᠤ ᠬᠤᠲᠠ ᠶᠢᠨ ᠭᠠᠳᠠᠨᠠᠬᠢ ᠵᠢᠭᠤᠯᠴᠢᠯᠠᠭᠰᠠᠳ ᠢ ᠵᠣᠬᠢᠶᠠᠨ ᠪᠠᠶᠢᠭᠤᠯᠵᠤ ︵ᠪᠠᠭᠤᠳᠠᠯ ᠳᠤ 1 ᠰᠥᠨᠢ ᠠᠴᠠ ᠢᠯᠡᠭᠦᠦ ᠰᠠᠭᠤᠭᠰᠠᠨ᠂ 3 A ᠲᠡᠰ ᠠᠴᠠ ᠳᠡᠭᠡᠭᠰᠢᠬᠢ ᠰᠦᠢᠳᠬᠡᠯ ᠬᠤᠷᠢᠶᠠᠬᠤ ᠵᠢᠭᠤᠯᠴᠢᠯᠠᠯ ᠤᠨ ᠦᠵᠡᠮᠵᠢ ᠶᠢᠨ ᠣᠷᠣᠨ ᠳᠤ 1 ᠤᠳᠠᠭ᠎ᠠ ᠠᠴᠠ ᠢᠯᠡᠭᠦᠦ ᠣᠷᠣᠵᠤ ᠵᠤᠭᠠᠴᠠᠭᠰᠠᠨ︶ ᠶᠡᠷᠦᠩᠬᠡᠶ ᠲᠤᠭ᠎ᠠ ᠨᠢ 3000 ᠬᠥᠮᠦᠨ ᠤᠳᠠᠭ᠎ᠠ ᠠᠴᠠ ᠳᠡᠭᠡᠭᠰᠢ ᠬᠤᠲᠠ ᠶᠢᠨ ᠭᠠᠳᠠᠨᠠᠬᠢ ᠪᠦᠯᠬᠦᠮ ᠪᠠᠶᠢᠭᠤᠯᠤᠭᠰᠠᠨ ᠵᠢᠭᠤᠯᠴᠢᠨ ᠤ ᠭᠠᠵᠠᠷ ᠲᠤ ᠨᠡᠷᠡᠰ ᠤᠨ ᠵᠢᠭᠰᠠᠭᠠᠯᠲᠠ ᠬᠢᠵᠦ᠂ ᠨᠢᠭᠡᠳᠦᠭᠡᠷ ᠨᠡᠷ᠎ᠡ ᠳᠤ 30 ᠲᠦᠮᠡᠨ ᠲᠥᠭᠦᠷᠢᠭ᠂ ᠬᠤᠶᠠᠳᠤᠭᠠᠷ ᠨᠡᠷ᠎ᠡ ᠳᠤ 20 ᠲᠦᠮᠡᠨ ᠲᠥᠭᠦᠷᠢᠭ᠂ ᠭᠤᠷᠪᠠᠳᠤᠭᠠᠷ ᠨᠡᠷ᠎ᠡ ᠳᠤ 15 ᠲᠦᠮᠡᠨ ᠲᠥᠭᠦᠷᠢᠭ᠂ ᠳᠥᠷᠪᠡᠳᠦᠭᠡᠷ ᠨᠡᠷ᠎ᠡ ᠳᠤ 10 ᠲᠦᠮᠡᠨ ᠲᠥᠭᠦᠷᠢᠭ᠂ ᠲᠠᠪᠤᠳᠤᠭᠠᠷ ᠨᠡᠷ᠎ᠡ ᠳᠤ 5 ᠲᠦᠮᠡᠨ ᠲᠥᠭᠦᠷᠢᠭ ᠱᠠᠩᠨᠠᠨ᠎ᠠ᠃ ︵ᠲᠤᠰ ᠵᠤᠷᠪᠤᠰ ᠬᠢᠭᠡᠳ ᠵᠢᠷᠭᠤᠳᠤᠭᠠᠷ ᠵᠤᠷᠪᠤᠰ ᠢ ᠳᠠᠪᠬᠤᠷᠳᠠᠭᠤᠯᠤᠨ ᠶᠠᠪᠤᠭᠳᠠᠭᠤᠯᠬᠤ ᠦᠭᠡᠢ︶᠃      ᠨᠠᠶᠢᠮᠠᠳᠤᠭᠠᠷ ᠵᠦᠶᠯ     ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠳᠡᠮᠵᠢᠵᠦ᠂ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠰᠡᠯᠡᠭᠦᠴᠡᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠡᠷᠬᠢᠯᠡᠵᠦ᠂ 1000 ᠬᠥᠮᠦᠨ ᠠᠴᠠ ᠳᠡᠭᠡᠭᠰᠢ ᠬᠥᠮᠦᠨ ᠣᠷᠣᠯᠴᠠᠬᠤ ᠶᠢᠨ ᠬᠠᠮᠲᠤ ᠲᠤᠰ ᠭᠠᠵᠠᠷ ᠲᠤ 1 ᠰᠥᠨᠢ ᠠᠴᠠ ᠢᠯᠡᠭᠦᠦ ᠬᠤᠨᠣᠭᠰᠠᠨ ᠪᠠᠶᠢᠪᠠᠯ᠂ ᠲᠥᠷᠥᠯ ᠪᠦᠷᠢ ᠶᠢᠨ ᠤᠷᠤᠯᠳᠤᠭᠠᠨ ᠳᠤ 10 ᠲᠦᠮᠡᠨ ᠲᠥᠭᠦᠷᠢᠭ ᠤᠨ ᠨᠥᠬᠦᠪᠥᠷᠢ ᠥᠭᠭᠦᠨ᠎ᠡ᠃ ᠪᠡᠶ᠎ᠡ ᠶᠢᠨ ᠲᠠᠮᠢᠷ ᠤᠨ ᠨᠡᠶᠢᠭᠡᠮᠯᠢᠭ ᠪᠤᠶᠤ ᠺᠯᠦ᠋ᠪ ᠤᠷᠤᠯᠳᠤᠭᠠᠨ ᠤ ᠠᠵᠢᠯᠯᠠᠭ᠎ᠠ ᠡᠷᠭᠢᠯᠡᠵᠦ᠂ 300 - 500 ᠬᠥᠮᠦᠨ ︵ᠪᠠᠭᠲᠠᠭᠠᠨ᠎ᠠ︶ ᠣᠷᠣᠯᠴᠠᠭᠰᠠᠨ ᠪᠥᠭᠡᠳ ᠲᠣᠰ ᠭᠠᠵᠠᠷ ᠲᠤ 1 ᠰᠥᠨᠢ ᠠᠴᠠ ᠢᠯᠡᠭᠦᠦ ᠬᠤᠨᠣᠭᠰᠠᠨ ᠪᠠᠶᠢᠪᠠᠯ᠂ ᠲᠥᠷᠥᠯ ᠪᠦᠷᠢ ᠶᠢᠨ ᠤᠷᠤᠯᠳᠤᠭᠠᠨ ᠳᠤ 5 ᠲᠦᠮᠡᠨ ᠲᠥᠭᠦᠷᠢᠭ ᠤᠨ ᠨᠥᠬᠦᠪᠦᠷᠢ ᠥᠭᠭᠦᠨ᠎ᠡ ︔ ᠣᠷᠣᠯᠴᠠᠭᠰᠠᠨ ᠬᠥᠮᠦᠨ ᠤ ᠲᠤᠭ᠎ᠠ ᠨᠢ 500 ᠬᠥᠮᠦᠨ ᠠᠴᠠ ᠳᠡᠭᠡᠭᠰᠢ ᠪᠠᠶᠢᠪᠠᠯ᠂ 8 ᠲᠦᠮᠡᠨ ᠲᠥᠭᠦᠷᠢᠭ ᠤᠨ ᠨᠥᠬᠦᠪᠦᠷᠢ ᠥᠭᠭᠦᠨ᠎ᠡ᠃ ᠤᠯᠤᠰ ᠤᠨ ᠳᠡᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠤᠷᠤᠯᠳᠤᠭᠠᠨ ᠳᠤ ᠬᠠᠷᠢᠶᠠᠯᠠᠭᠳᠠᠪᠠᠯ᠂ ᠳᠠᠬᠢᠭᠠᠳ ᠲᠤᠰ ᠲᠤᠰ 20 ᠲᠦᠮᠡᠨ ᠲᠥᠭᠦᠷᠢᠭ᠂ 10 ᠲᠦᠮᠡᠨ ᠲᠥᠭᠦᠷᠢᠭ ᠤᠨ ᠨᠥᠬᠦᠪᠦᠷᠢ ᠥᠭᠭᠦᠨ᠎ᠡ᠃      ᠲᠣᠰ ᠠᠷᠭ᠎ᠠ ᠶᠢᠨ ᠱᠠᠩᠨᠠᠬᠤ ᠴᠠᠭ ᠤᠨ ᠬᠢᠵᠠᠭᠠᠷ ᠢ ᠴᠥᠮ ᠣᠨ ᠢᠶᠠᠷ ᠪᠤᠳᠤᠵᠤ᠂ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠬᠦ᠂ ᠲᠥᠪᠯᠡᠷᠡᠭᠦᠯᠦᠨ ᠬᠢᠨᠠᠨ ᠬᠠᠷᠭᠤᠭᠤᠯᠬᠤ᠂ ᠳᠠᠷᠠᠭ᠎ᠠ ᠵᠢᠯ ᠳᠤ ᠨᠢ ᠱᠠᠩᠨᠠᠬᠤ ᠵᠠᠷᠴᠢᠮ ᠶᠣᠰᠣᠭᠠᠷ ᠬᠡᠷᠡᠭᠵᠢᠭᠦᠯᠵᠦ᠂ ᠲᠣᠰ ᠱᠠᠩᠨᠠᠬᠤ ᠲᠥᠷᠥ ᠶᠢᠨ ᠪᠣᠳᠣᠯᠭ᠎ᠠ ᠶᠢ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠵᠤ᠂ ᠪᠣᠳᠠᠲᠠᠶ ᠬᠡᠷᠡᠭᠵᠢᠭᠦᠯᠬᠦ ᠨᠠᠷᠢᠨ ᠲᠦᠷᠢᠮ ᠢ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠠᠴᠠ ᠲᠣᠭᠲᠠᠭᠠᠵᠤ᠂ ᠭᠤᠷᠪᠠᠳᠠᠬᠢ ᠡᠲᠡᠭᠡᠳ ᠢ ᠤᠷᠢᠨ ᠬᠢᠨᠠᠯᠲᠠ ᠳᠡᠯᠪᠢᠨ ᠬᠡᠷᠡᠭᠵᠢᠭᠦᠯᠵᠦ᠂ 2024 ᠣᠨ ᠤ 8 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠬᠦᠴᠦᠨ ᠲᠠᠢ ᠪᠣᠯᠣᠨ᠎ᠠ᠃      ᠬᠠᠭᠤᠯᠤᠨ ᠢᠯᠡᠭᠡᠬᠦ ᠨᠢ᠄ ᠬᠤᠲᠠ ᠶᠢᠨ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠤᠯᠠᠭᠠᠨᠴᠠᠪ ᠤᠨ ᠴᠡᠷᠢᠭ ᠤᠨ ᠬᠤᠪᠢᠶᠠᠷᠢ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠤᠯᠠᠭᠠᠨᠴᠠᠪ ᠤᠨ ᠰᠠᠯᠪᠤᠷᠢ ᠠᠩᠭᠢ᠃      ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠤᠯᠤᠰ ᠲᠥᠷᠦ ᠶᠢᠨ ᠵᠥᠪᠯᠡᠯᠭᠡᠨ ᠤ ᠠᠯᠪᠠᠨ ᠭᠡᠷ᠂ ᠬᠤᠲᠠ ᠶᠢᠨ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃      ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃                                                ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                      2021ᠣᠨ ᠤ 9 ᠰᠠᠷ᠎ᠠ ᠶᠢᠨ 29 ᠤ ᠡᠳᠦᠷ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2