︽ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠰᠢᠷᠢᠰ ᠮᠡᠳᠡᠭᠡᠯᠡᠯ ︵ᠳᠥᠷᠪᠡ︶
ᠨᠡᠶᠢᠲᠡᠯᠡᠭᠰᠡᠨ ᠴᠠᠭ᠄
2021/11/22
   ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠤᠮᠳᠠ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠠᠵᠢᠯᠯᠠᠭ᠎ᠠ ᠥᠷᠨᠢᠭᠦᠯᠬᠦ ᠲᠤᠬᠠᠶ ᠨᠠᠮ ᠤᠨ ᠲᠥᠪ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠢᠨ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ᠂ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ ᠠᠰᠠᠭᠤᠬᠤ᠂ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ ︽ᠭᠤᠷᠪᠠ ᠶᠢ ᠠᠰᠠᠭᠤᠬᠤ︾ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠨᠡᠶᠢᠭᠡᠮ ᠤᠨ ᠡᠯ᠎ᠡ ᠡᠲᠡᠭᠡᠳ ᠪᠠ ᠥᠷᠭᠡᠨ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠠᠰᠠᠭᠤᠳᠠᠯ ᠤᠨ ᠨᠠᠷᠢᠨ ᠲᠠᠩᠰᠠ ᠶᠢ ᠬᠤᠷᠢᠶᠠᠩᠭᠤᠶᠢᠯᠠᠨ ᠡᠮᠬᠢᠯᠡᠵᠦ᠂ ᠡᠭᠦᠨ ᠤ ᠤᠯᠠᠮ ᠠᠴᠠ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ ᠶᠢᠨ ︽ᠭᠤᠷᠪᠠ ᠶᠢ ᠠᠰᠠᠭᠤᠬᠤ︾ ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠ ᠶᠢ ᠲᠣᠭᠲᠠᠭᠠᠭᠰᠠᠨ ᠪᠠᠶᠢᠨ᠎ᠠ᠃ ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠣᠲᠣ ᠨᠡᠶᠢᠭᠡᠮ ᠲᠠᠶᠠᠭᠠᠷ ᠲᠤ ︽ᠪᠢ ᠣᠯᠠᠨ ᠲᠦᠮᠡᠨ ᠳᠤ ᠪᠣᠳᠠᠳᠤ ᠶᠠᠪᠤᠳᠠᠯ ᠬᠢᠬᠦ︾ ᠦᠢᠯᠡᠳᠦᠯᠭᠡ ᠶᠢᠨ ᠠᠵᠢᠯᠯᠠᠭ᠎ᠠ ᠶᠢᠨ ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠ ᠶᠢ ᠨᠡᠶᠢᠲᠡᠯᠡᠬᠦ ᠶᠢᠨ ᠬᠠᠮᠲᠤ ᠠᠰᠠᠭᠤᠳᠠᠯ ᠢ ᠰᠢᠢᠳᠪᠦᠷᠢᠯᠡᠭᠰᠡᠨ ᠦᠷ᠎ᠡ ᠳ᠋ᠦᠩ ᠢ ᠨᠡᠶᠢᠲᠡᠯᠡᠵᠦ᠂ ᠠᠷᠠᠳ ᠣᠯᠠᠨ ᠤ ᠬᠢᠨᠠᠯᠲᠠ ᠪᠠ ᠦᠨᠡᠯᠡᠯᠲᠡ ᠶᠢ ᠤᠬᠠᠮᠰᠠᠷ ᠠᠴᠠ ᠪᠠᠨ ᠬᠦᠯᠢᠶᠡᠬᠦ ᠪᠤᠯᠤᠨ᠎ᠠ᠃      ︽ᠭᠤᠷᠪᠠ ᠶᠢ ᠠᠰᠠᠭᠤᠬᠤ︾ ᠠᠵᠢᠯᠯᠠᠭ᠎ᠠ ᠶᠢᠨ ᠠᠰᠠᠭᠤᠳᠠᠯ ᠤᠨ ᠨᠠᠷᠢᠨ ᠲᠠᠩᠰᠠ     1. ᠵᠢᠨᠢᠩ ᠲᠣᠭᠤᠷᠢᠭ ᠤᠨ ᠰᠢᠨ ᠲᠢ ᠵᠠᠮ ᠤᠨ ᠪᠠᠭ᠎ᠠ ᠰᠤᠷᠭᠠᠭᠤᠯᠢ ᠶᠢᠨ ᠡᠭᠦᠳᠡᠨ ᠳᠤ᠂ ᠰᠤᠷᠭᠠᠭᠤᠯᠢ ᠳᠤ ᠤᠴᠢᠬᠤ ᠪᠤᠶᠤ ᠰᠤᠷᠭᠠᠭᠤᠯᠢ ᠲᠠᠷᠬᠠᠬᠤ ᠦᠶ᠎ᠡ ᠳᠤ ᠲᠡᠷᠭᠡ ᠤᠨᠤᠭ᠎ᠠ ᠪᠠᠭᠰᠢᠷᠠᠯᠳᠤᠵᠤ᠂ ᠡᠷᠭᠢᠨ ᠲᠣᠭᠤᠷᠢᠨ ᠤ ᠰᠠᠭᠤᠭᠠᠯᠢ ᠠᠷᠠᠳ ᠭᠡᠷ ᠲᠡᠭᠡᠨ ᠬᠠᠷᠢᠬᠤ ᠳᠤ ᠬᠦᠴᠢᠷᠲᠡᠶ ᠪᠠᠶᠢᠨ᠎ᠠ᠂ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠤᠨ ᠬᠢᠨ ᠡᠨᠡᠬᠦ ᠬᠤᠭᠤᠴᠠᠭᠠᠨ ᠳᠠᠬᠢ ᠵᠠᠮ ᠬᠠᠷᠢᠯᠴᠠᠭᠠᠨ ᠤ ᠰᠠᠭᠠᠳ ᠦᠭᠡᠢ ᠨᠡᠪᠳᠡᠷᠡᠬᠦ ᠶᠢ ᠪᠠᠲᠤᠯᠠᠵᠤ᠂ ᠰᠤᠷᠭᠠᠭᠤᠯᠢ ᠶᠢᠨ ᠡᠭᠦᠳᠡᠨ ᠳᠤ ᠲᠦᠷ ᠴᠠᠭ ᠤᠨ ᠲᠡᠷᠭᠡᠨ ᠵᠣᠭᠰᠣᠭᠠᠯ ᠭᠠᠷᠭᠠᠬᠤ ᠶᠢ ᠬᠦᠰᠡᠵᠦ ᠪᠠᠶᠢᠨ᠎ᠠ᠃     2. ᠹᠧᠩᠵᠧᠨ ᠬᠤᠲᠠ ᠶᠢᠨ ᠱᠢ ᠶᠢᠤ ᠵᠠᠮ ᠤᠨ ᠬᠠᠵᠠᠭᠤ ᠶᠢᠨ ᠪᠣᠬᠢᠷ ᠤᠰᠤ ᠭᠠᠳᠠᠭᠰᠢᠯᠠᠭᠤᠯᠬᠤ ᠬᠤᠭᠤᠯᠠᠶ ᠪᠥᠭᠯᠡᠷᠡᠵᠦ᠂ ᠪᠣᠬᠢᠷ ᠤᠰᠤ ᠨᠢ ᠨᠢᠭᠡᠨᠲᠡ ᠬᠤᠳᠠᠯᠳᠤᠭᠠᠨ ᠤ ᠫᠦᠰᠡᠨ ᠳᠤ ᠨᠡᠪᠴᠢᠨ ᠤᠷᠤᠭᠰᠠᠨ ᠪᠣᠯᠬᠤᠷ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠲᠦᠷᠭᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃     3. ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠱᠠᠨ ᠱᠦᠶ ᠶᠤᠸᠠᠨ ᠰᠠᠭᠤᠭᠠᠯᠢ ᠲᠣᠭᠤᠷᠢᠭ ᠪᠣᠯᠤᠨ ᠹᠸᠢ ᠯᠢ ᠵᠤᠸᠠᠩ ᠶᠤᠸᠠᠨ ᠰᠠᠭᠤᠭᠠᠯᠢ ᠲᠣᠭᠤᠷᠢᠭ ᠤᠨ ᠣᠶᠢᠷ᠎ᠠ ᠬᠠᠪᠢ ᠳᠤ ᠨᠡᠶᠢᠲᠡ ᠶᠢᠨ ᠮᠠᠰᠢᠨ ᠲᠡᠷᠭᠡᠨ ᠤ ᠥᠷᠲᠡᠭᠡ ᠪᠠᠶᠢᠭᠤᠯᠤᠭᠰᠠᠨ ᠥᠬᠡᠶ ᠪᠣᠯᠬᠤᠷ ᠰᠠᠭᠤᠭᠠᠯᠢ ᠠᠷᠠᠳ ᠶᠠᠪᠤᠵᠤ ᠰᠠᠭᠤᠬᠤ ᠳᠤ ᠳᠥᠭᠦᠮ ᠦᠭᠡᠢ ᠪᠠᠶᠢᠨ᠎ᠠ᠃     4. ᠹᠧᠩᠵᠧᠨ ᠬᠤᠲᠠ ᠶᠢᠨ ᠬᠤᠲᠠ ᠲᠣᠭᠤᠷᠢᠭ ᠠᠴᠠ ᠳ᠋ᠠᠨ ᠵᠧᠤ ᠶᠢᠩ ᠲᠣᠰᠬᠤᠨ ᠬᠦᠷᠬᠦ ᠵᠠᠮ ᠤᠨ ᠬᠤᠶᠠᠷ ᠬᠠᠵᠠᠭᠤ ᠪᠠᠷ ᠵᠠᠮ ᠤᠨ ᠳ᠋ᠧᠩ ᠤᠭᠰᠠᠷᠠᠭᠰᠠᠨ ᠥᠬᠡᠶ ᠪᠠ ᠵᠠᠮ ᠳᠠᠭᠠᠤ ᠰᠠᠭᠤᠭᠠᠯᠢ ᠠᠷᠠᠳ ᠨᠡᠯᠢᠶᠡᠳ ᠣᠯᠠᠨ ᠵᠢᠴᠢ ᠰᠦᠨᠢ ᠣᠷᠣᠶ ᠲᠣᠰ ᠵᠠᠮ ᠤᠨ ᠬᠡᠰᠡᠭ ᠤᠨ ᠲᠡᠷᠭᠡᠨ ᠤᠷᠤᠰᠬᠠᠯ ᠶᠡᠭᠡ ᠵᠡᠷᠭᠡ ᠤᠴᠢᠷ ᠠᠴᠠ ᠵᠠᠮ ᠬᠠᠷᠢᠯᠴᠠᠭᠠᠨ ᠤ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠤᠢ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠵᠠᠮ ᠤᠨ ᠬᠤᠶᠠᠷ ᠬᠠᠵᠠᠭᠤ ᠪᠠᠷ ᠵᠠᠮ ᠤᠨ ᠳ᠋ᠧᠩ ᠨᠡᠮᠡᠵᠦ ᠤᠭᠰᠠᠷᠠᠬᠤ ᠶᠢ ᠬᠦᠰᠡᠵᠦ ᠪᠠᠶᠢᠨ᠎ᠠ᠃     5.ᠵᠢᠨᠢᠩ ᠲᠣᠭᠤᠷᠢᠭ ᠤᠨ ᠵᠢᠶᠠᠨ ᠰᠢᠩ ᠨᠡᠶᠢᠲᠡ ᠶᠢᠨ ᠪᠠᠶᠢᠷᠢ ᠶᠢᠨ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠤᠰᠤ ᠲᠠᠲᠠᠷᠠᠭᠤᠯᠬᠤ ᠬᠤᠭᠤᠯᠠᠶ ᠤᠭᠰᠠᠷᠠᠭᠰᠠᠨ ᠥᠬᠡᠶ᠂ ᠴᠠᠬᠢᠯᠭᠠᠨ ᠤᠲᠠᠰᠤᠨ ᠤ ᠬᠤᠪᠢᠯ ᠢ ᠡᠮᠬᠢᠯᠡᠭᠰᠡᠨ ᠥᠬᠡᠶ᠂ ᠵᠠᠮ ᠨᠢ ᠲᠡᠭᠰᠢ ᠥᠬᠡᠶ ᠵᠡᠷᠭᠡ ᠪᠠᠶᠢᠳᠠᠯ ᠮᠥᠨᠬᠦ ᠣᠷᠣᠰᠢᠵᠤ ᠪᠤᠢ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠲᠥᠷᠭᠡᠭᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃     6. ᠰᠢᠩ ᠾᠧ ᠰᠢᠶᠠᠨ ᠤ ᠴᠧᠩ ᠭᠤᠸᠠᠨ ᠪᠠᠯᠭᠠᠰᠤ ᠶᠢᠨ ᠬᠠᠭᠤᠴᠢᠨ ᠬᠤᠳᠠ ᠲᠣᠭᠤᠷᠢᠭ ᠤᠨ ᠬᠡᠰᠡᠭ ᠪᠠᠶᠢᠰᠢᠩ ᠭᠡᠷ ᠤᠨ ᠲᠣᠭᠤᠷᠢᠭ ᠲᠤ ᠬᠤᠶᠠᠷ ᠰᠠᠷ᠎ᠠ ᠤᠰᠤ ᠵᠣᠭᠰᠣᠵᠤ᠂ ᠰᠠᠭᠤᠭᠠᠯᠢ ᠠᠷᠠᠳ ᠤᠨ ᠠᠮᠢᠳᠤᠷᠠᠯ ᠢ ᠨᠥᠯᠥᠭᠡᠯᠡᠪᠡ᠂ ᠡᠭᠦᠨ ᠢ ᠴᠠᠭ ᠲᠤᠬᠠᠶ ᠳᠤᠨᠢ ᠰᠢᠢᠳᠪᠦᠷᠢᠯᠡᠬᠦ ᠶᠢ ᠬᠦᠰᠡᠵᠦ ᠪᠠᠶᠢᠨ᠎ᠠ᠃     7. ᠰᠢᠩ ᠾᠧ ᠰᠢᠶᠠᠨ ᠤ ᠠᠨ ᠺᠠᠩ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡᠨ ᠤ ᠭᠤᠤᠯ ᠨᠡᠭᠡᠯᠡᠬᠡᠢ ᠨᠢ ᠡᠪᠳᠡᠷᠡᠭᠰᠡᠨ ᠠᠴᠠ ᠰᠢᠩ ᠮᠢᠨ ᠰᠠᠭᠤᠭᠠᠯᠢ ᠲᠣᠭᠤᠷᠢᠭ ᠤᠨ ᠰᠠᠭᠤᠭᠠᠯᠢ ᠠᠷᠠᠳ ᠤᠨ ᠴᠠᠬᠢᠯᠭᠠᠨ ᠬᠡᠷᠡᠭᠰᠡᠯ ᠢ ᠡᠪᠳᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠢᠯᠲᠠᠭᠠᠨ ᠢ ᠨᠢ ᠪᠠᠶᠢᠴᠠᠭᠠᠨ ᠲᠤᠳᠤᠯᠠᠬᠤ ᠶᠢᠨ ᠬᠠᠮᠲᠤ ᠬᠤᠬᠢᠷᠠᠯ ᠢ ᠲᠦᠯᠦᠬᠦ ᠶᠢ ᠬᠦᠰᠡᠵᠦ ᠪᠠᠶᠢᠨ᠎ᠠ᠃     8. ᠵᠢᠨᠢᠩ ᠲᠣᠭᠤᠷᠢᠭ ᠤᠨ ᠦ᠋ ᠶᠤᠸᠠᠢ ᠠᠭᠤᠳᠠᠮ ᠲᠠᠯᠠᠪᠠᠢ ᠶᠢᠨ ᠬᠢᠨ ᠨᠡᠶᠢᠲᠡ ᠶᠢᠨ ᠴᠠᠬᠢᠯᠭᠠᠨ ᠤ ᠰᠦᠢᠳᠬᠡᠯ ᠢ ᠬᠤᠳᠠᠯᠳᠤᠭᠠᠨ ᠤ ᠡᠷᠦᠬᠡ ᠶᠢᠨ ᠴᠠᠬᠢᠯᠭᠠᠨ ᠤ ᠰᠦᠢᠳᠬᠡᠯ ᠳᠤ ᠬᠤᠪᠢᠶᠠᠨ ᠨᠣᠭᠳᠠᠭᠤᠯᠤᠭᠰᠠᠨ ᠠᠴᠠ ᠬᠤᠳᠠᠯᠳᠤᠭᠠᠨ ᠤ ᠫᠦᠰᠡ ᠶᠢᠨ ᠴᠠᠬᠢᠯᠭᠠᠨ ᠤ ᠰᠦᠢᠳᠬᠡᠯ ᠢ ᠨᠡᠮᠡᠭᠳᠡᠭᠦᠯᠪᠡ︔ ᠵᠢᠨᠢᠩ ᠲᠣᠭᠤᠷᠢᠭ ᠤᠨ ᠲᠢᠶᠧ ᠳ᠋ᠦᠩ ᠵᠢᠶᠠ ᠶᠤᠸᠠᠨ ᠰᠠᠭᠤᠭᠠᠯᠢ ᠲᠣᠭᠤᠷᠢᠭ ᠤᠨ ᠠᠳᠠᠯ ᠠᠬᠤᠢ ᠶᠢᠨ ᠭᠠᠵᠠᠷ ᠤᠨ ᠬᠢᠨ ᠥᠮᠴᠢᠲᠡᠨ ᠤ ᠴᠠᠬᠢᠯᠭᠠᠨ ᠤ ᠰᠦᠢᠳᠬᠡᠯ ᠲᠤᠰᠢᠶᠠᠬᠤ ᠶᠢ ᠬᠢᠵᠠᠭᠠᠷᠯᠠᠭᠰᠠᠨ ᠠᠰᠠᠭᠤᠳᠠᠯ᠃     9. ᠵᠢᠨᠢᠩ ᠲᠣᠭᠤᠷᠢᠭ ᠤᠨ ᠶᠠ ᠵᠢᠶᠠᠩ ᠰᠠᠭᠤᠭᠠᠯᠢ ᠲᠣᠭᠤᠷᠢᠭ ᠤᠨ ᠬᠢᠨ ᠬᠡᠷ ᠪᠠᠶᠢᠰᠢᠩ ᠤᠨ ᠭᠡᠷᠡᠴᠢ ᠦᠨᠡᠮᠯᠡᠯ ᠢ ᠭᠦᠢᠴᠡᠳᠬᠡᠬᠦ ᠳᠤ ᠡᠷᠬᠡᠪᠰᠢ ᠠᠳᠠᠯ ᠠᠬᠤᠶ ᠶᠢᠨ ᠰᠦᠢᠳᠬᠡᠯ ᠢ 2021 ᠣᠨ ᠤ 7 ᠰᠠᠷ᠎ᠠ ᠪᠣᠯᠲᠠᠯ᠎ᠠ ᠲᠤᠰᠢᠶᠠᠬᠤ ᠬᠡᠷᠡᠭᠲᠡᠶ᠂ ᠡᠰᠡ ᠲᠡᠭᠡᠪᠡᠯ ᠬᠡᠷ ᠪᠠᠶᠢᠰᠢᠩ ᠤᠨ ᠡᠷᠬᠡ ᠶᠢ ᠨᠤᠲᠠᠯᠠᠨ ᠲᠣᠭᠲᠠᠭᠠᠭᠰᠠᠨ ᠦᠨᠡᠮᠯᠡᠯ ᠣᠯᠭᠤᠬᠤ ᠥᠬᠡᠶ ᠪᠠᠶᠢᠨ᠎ᠠ᠃     10. ᠵᠢᠨᠢᠩ ᠲᠣᠭᠤᠷᠢᠭ ᠤᠨ ᠶᠤᠸᠠᠨ ᠹᠧᠩ ᠵᠢᠶᠠ ᠶᠤᠸᠠᠨ ᠰᠠᠭᠤᠭᠠᠯᠢ ᠲᠣᠭᠤᠷᠢᠭ ᠤᠨ ᠬᠢᠨ ᠲᠦᠭᠡᠭᠡᠯ ᠤᠰᠤᠨ ᠤ ᠺᠣᠮᠫᠠᠨᠢ ᠶᠢᠨ 40 ᠭᠠᠷᠤᠶ ᠲᠦᠮᠡᠨ ᠲᠦᠭᠦᠷᠢᠭ ᠤᠨ ᠤᠰᠤᠨ ᠤ ᠰᠦᠢᠳᠬᠡᠯ ᠢ ᠥᠷᠢᠲᠦᠭᠰᠡᠨ ᠠᠴᠠ ᠪᠣᠯᠵᠤ ᠤᠰᠤ ᠵᠤᠭᠰᠤᠪᠠ᠂ ᠰᠠᠭᠤᠭᠠᠯᠢ ᠠᠷᠠᠳ ᠤᠰᠤᠨ ᠤ ᠰᠦᠢᠳᠬᠡᠯ ᠢᠶᠠᠨ ᠴᠥᠮ ᠠᠳᠠᠯ ᠠᠬᠤᠶ ᠶᠢᠨ ᠭᠠᠵᠠᠷ ᠲᠤ ᠲᠤᠰᠢᠶᠠᠭᠰᠠᠨ ᠪᠠᠶᠢᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠰᠤ ᠬᠡᠷᠡᠭᠯᠡᠬᠦ ᠠᠰᠠᠭᠤᠳᠠᠯ ᠢ ᠲᠦᠷᠭᠡᠬᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃     ︽ᠭᠤᠷᠪᠠ ᠶᠢ ᠠᠰᠠᠭᠤᠬᠤ︾ ᠠᠵᠢᠯᠯᠠᠭ᠎ᠠ ᠶᠢᠨ ᠠᠰᠠᠭᠤᠳᠠᠯ ᠤᠨ ᠨᠠᠷᠢᠨ ᠲᠠᠩᠰᠠ ᠶᠢ ᠰᠢᠢᠳᠪᠦᠷᠢᠯᠡᠵᠦ ᠳᠠᠭᠤᠰᠬᠠᠭᠰᠠᠨ ᠪᠠᠶᠢᠳᠠᠯ     1 . ᠵᠢᠨᠢᠩ ᠲᠣᠭᠤᠷᠢᠭ ᠤᠨ ᠰᠢᠨ ᠲᠢ ᠵᠠᠮ ᠤᠨ ᠪᠠᠭ᠎ᠠ ᠰᠤᠷᠭᠠᠭᠤᠯᠢ ᠶᠢᠨ ᠡᠭᠦᠳᠡᠨ ᠳᠤ᠂ ᠰᠤᠷᠭᠠᠭᠤᠯᠢ ᠳᠤ ᠤᠴᠢᠬᠤ ᠪᠤᠶᠤ ᠰᠤᠷᠭᠠᠭᠤᠯᠢ ᠲᠠᠷᠬᠠᠬᠤ ᠦᠶ᠎ᠡ ᠳᠤ ᠲᠡᠷᠭᠡ ᠤᠨᠤᠭ᠎ᠠ ᠪᠠᠭᠰᠢᠷᠠᠯᠳᠤᠵᠤ᠂ ᠡᠷᠭᠢᠨ ᠲᠣᠭᠤᠷᠢᠨ ᠤ ᠰᠠᠭᠤᠭᠠᠯᠢ ᠠᠷᠠᠳ ᠭᠡᠷ ᠲᠡᠭᠡᠨ ᠬᠠᠷᠢᠬᠤ ᠳᠤ ᠬᠦᠴᠢᠷᠲᠡᠶ ᠪᠠᠶᠢᠨ᠎ᠠ᠂ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠤᠨ ᠬᠢᠨ ᠡᠨᠡ ᠬᠤᠭᠤᠴᠠᠭᠠᠨ ᠳᠠᠬᠢ ᠵᠠᠮ ᠬᠠᠷᠢᠯᠴᠠᠭᠠᠨ ᠤ ᠰᠠᠭᠠᠳ ᠦᠭᠡᠢ ᠨᠡᠪᠳᠡᠷᠡᠬᠦ ᠶᠢ ᠪᠠᠲᠤᠯᠠᠵᠤ᠂ ᠰᠤᠷᠭᠠᠭᠤᠯᠢ ᠶᠢᠨ ᠡᠭᠦᠳᠡᠨ ᠳᠤ ᠲᠦᠷ ᠴᠠᠭ ᠤᠨ ᠲᠡᠷᠭᠡᠨ ᠵᠣᠭᠰᠣᠭᠠᠯ ᠭᠠᠷᠭᠠᠬᠤ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠰᠢᠨ ᠲᠢ ᠵᠠᠮ ᠤᠨ ᠪᠠᠭ᠎ᠠ ᠰᠤᠷᠭᠠᠭᠤᠯᠢ ᠶᠢᠨ ᠣᠶᠢᠷ᠎ᠠ ᠬᠠᠪᠢ ᠳᠤ ᠲᠦᠷ ᠴᠠᠭ ᠤᠨ ᠲᠡᠷᠭᠡ ᠵᠣᠭᠰᠣᠭᠠᠯ ᠭᠠᠷᠭᠠᠬᠤ ᠨᠢ ᠵᠠᠮ ᠬᠠᠷᠢᠯᠴᠠᠭᠠᠨ ᠤ ᠠᠮᠤᠷ ᠲᠦᠪᠰᠢᠨ ᠤ ᠳᠠᠯᠳᠠ ᠬᠡᠮ ᠢ ᠲᠦᠷᠭᠡᠨ ᠨᠡᠮᠡᠭᠳᠡᠭᠦᠯᠬᠦ ᠪᠠᠷ ᠪᠠᠷᠠᠬᠤ ᠥᠬᠡᠶ᠂ ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠨᠠᠩ ᠳᠥᠭᠦᠮ ᠦᠭᠡᠢ ᠪᠣᠯᠭᠠᠬᠤ ᠪᠤᠯᠤᠨ᠎ᠠ᠃ ᠵᠠᠮ ᠬᠠᠷᠢᠯᠴᠠᠭᠠᠨ ᠤ ᠲᠦᠭᠵᠢᠷᠡᠯ ᠤᠨ ᠠᠰᠠᠭᠤᠳᠠᠯ ᠢ ᠨᠠᠮᠳᠠᠭᠤᠯᠬᠤ ᠶᠢᠨ ᠲᠥᠯᠥᠭᠡ᠂ ᠵᠢᠨᠢᠩ ᠲᠣᠭᠤᠷᠢᠭ ᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠶᠢᠨ ᠬᠢᠨ ᠴᠠᠭᠳᠠᠭᠠᠨ ᠤ ᠬᠦᠴᠦᠨ ᠢᠶᠠᠨ ᠨᠡᠮᠡᠨ ᠲᠣᠮᠢᠯᠠᠵᠤ᠂ ᠵᠠᠯᠠᠵᠤ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠵᠢᠵᠢᠭᠦᠷᠯᠡᠬᠦ ᠴᠠᠭ ᠢᠶᠠᠨ ᠤᠷᠲᠤᠳᠬᠠᠪᠠ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶     2 . ᠹᠧᠩᠵᠧᠨ ᠬᠤᠲᠠ ᠶᠢᠨ ᠱᠢ ᠶᠢᠤ ᠵᠠᠮ ᠤᠨ ᠬᠠᠵᠠᠭᠤ ᠶᠢᠨ ᠪᠣᠬᠢᠷ ᠤᠰᠤ ᠭᠠᠳᠠᠭᠰᠢᠯᠠᠭᠤᠯᠬᠤ ᠬᠤᠭᠤᠯᠠᠶ ᠪᠥᠭᠯᠡᠷᠡᠵᠦ᠂ ᠪᠣᠬᠢᠷ ᠤᠰᠤ ᠨᠢ ᠨᠢᠭᠡᠨᠲᠡ ᠬᠤᠳᠠᠯᠳᠤᠭᠠᠨ ᠤ ᠫᠦᠰᠡᠨ ᠳᠤ ᠨᠡᠪᠴᠢᠨ ᠤᠷᠤᠭᠰᠠᠨ ᠪᠣᠯᠬᠤᠷ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠲᠦᠷᠭᠡᠨ ᠰᠢᠢᠳᠪᠦᠷᠢᠯᠡᠬᠦ ᠶᠢ ᠬᠦᠰᠡᠵᠤ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠤ ᠳᠠᠭᠠᠭᠠᠯᠭᠠᠨ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠯᠭᠡᠬᠦ ᠶᠢᠨ ᠬᠠᠮᠳᠤ ᠠᠵᠢᠯᠴᠢᠳ ᠢ ᠵᠣᠬᠢᠶᠠᠨ ᠪᠠᠶᠢᠭᠤᠯᠤᠨ ᠪᠣᠬᠢᠷ ᠤᠰᠤ ᠭᠠᠳᠠᠭᠰᠢᠯᠠᠭᠤᠯᠬᠤ ᠬᠤᠭᠤᠯᠠᠶ ᠶᠢ ᠴᠡᠪᠡᠷᠯᠡᠨ ᠨᠡᠪᠲᠡᠷᠡᠭᠦᠯᠵᠦ᠂ ᠪᠣᠬᠢᠷ ᠤᠰᠤ ᠨᠡᠪᠴᠢᠬᠦ ᠠᠰᠠᠭᠤᠳᠠᠯ ᠢ ᠨᠢᠭᠡᠨᠲᠡ ᠰᠢᠢᠳᠪᠦᠷᠢᠯᠡᠪᠡ᠃ ︵ᠳᠠᠭᠠᠭᠠᠨ  ᠭᠦᠢᠴᠡᠳᠬᠡᠬᠦ ᠨᠢᠭᠡᠴᠢ᠄ ᠹᠧᠩᠵᠧᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ︶    3. ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠱᠠᠨ ᠱᠦᠶ ᠶᠤᠸᠠᠨ ᠰᠠᠭᠤᠭᠠᠯᠢ ᠲᠣᠭᠤᠷᠢᠭ ᠪᠣᠯᠤᠨ ᠹᠸᠢ ᠯᠢ ᠵᠤᠸᠠᠩ ᠶᠤᠸᠠᠨ ᠰᠠᠭᠤᠭᠠᠯᠢ ᠲᠣᠭᠤᠷᠢᠭ ᠤᠨ ᠣᠶᠢᠷ᠎ᠠ ᠬᠠᠪᠢ ᠳᠤ ᠨᠡᠶᠢᠲᠡ ᠶᠢᠨ ᠮᠠᠰᠢᠨ ᠲᠡᠷᠭᠡᠨ ᠤ ᠥᠷᠲᠡᠭᠡ ᠪᠠᠶᠢᠭᠤᠯᠤᠭᠰᠠᠨ ᠥᠬᠡᠶ ᠪᠣᠯᠬᠤᠷ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠳᠥᠭᠦᠮ ᠦᠭᠡᠢ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ ᠲᠠᠢ ᠵᠣᠬᠢᠴᠠᠭᠤᠯᠬᠤ ᠪᠠᠷ ᠳᠡᠮᠵᠢᠨ᠂ 33 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠤ ᠱᠤᠭᠤᠮ ᠢ ᠳᠡᠭᠡᠷᠡᠬᠢ ᠬᠤᠶᠠᠷ ᠰᠠᠭᠤᠭᠠᠯᠢ ᠲᠣᠭᠤᠷᠢᠭ ᠲᠤ ᠬᠤᠶᠠᠷ ᠥᠷᠲᠡᠭᠡ ᠨᠡᠮᠡᠵᠤ ᠪᠠᠶᠢᠭᠤᠯᠬᠤ ᠪᠠᠷ ᠲᠣᠭᠲᠠᠵᠤ᠂ ᠵᠢᠱᠢᠯᠲᠡ ᠪᠠᠷ 8 ᠳ᠋ᠤᠭᠠᠷ ᠰᠠᠷ᠎ᠠ ᠳᠤ ᠨᠡᠪᠲᠡᠷᠡᠬᠦ ᠪᠤᠯᠤᠨ᠎ᠠ᠃ ︵ᠲᠠᠭᠠᠭᠠᠨ ᠭᠦᠢᠴᠡᠳᠭᠡᠬᠦ ᠨᠢᠭᠡᠴᠢ᠄ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ︶    4 . ᠹᠧᠩᠵᠧᠨ ᠬᠤᠲᠠ ᠶᠢᠨ ᠬᠤᠲᠠ ᠲᠣᠭᠤᠷᠢᠭ ᠠᠴᠠ ᠳ᠋ᠠᠨ ᠵᠧᠤ ᠶᠢᠩ ᠲᠣᠰᠬᠤᠨ ᠬᠦᠷᠬᠦ ᠵᠠᠮ ᠤᠨ ᠬᠤᠶᠠᠷ ᠬᠠᠵᠠᠭᠤ ᠪᠠᠷ ᠵᠠᠮ ᠤᠨ ᠳ᠋ᠧᠩ ᠤᠭᠰᠠᠷᠠᠭᠰᠠᠨ ᠥᠬᠡᠶ ᠪᠠ ᠵᠠᠮ ᠳᠠᠭᠠᠤ ᠰᠠᠭᠤᠭᠠᠯᠢ ᠠᠷᠠᠳ ᠨᠡᠯᠢᠶᠡᠳ ᠣᠯᠠᠨ ᠵᠢᠴᠢ ᠰᠦᠨᠢ ᠣᠷᠣᠶ ᠲᠣᠰ ᠵᠠᠮ ᠤᠨ ᠬᠡᠰᠡᠭ ᠤᠨ ᠲᠡᠷᠭᠡᠨ ᠤᠷᠤᠰᠬᠠᠯ ᠶᠡᠭᠡ ᠵᠡᠷᠭᠡ ᠤᠴᠢᠷ ᠠᠴᠠ ᠵᠠᠮ ᠬᠠᠷᠢᠯᠴᠠᠭᠠᠨ ᠤ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠤᠢ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠵᠠᠮ ᠤᠨ ᠬᠤᠶᠠᠷ ᠬᠠᠵᠠᠭᠤ ᠪᠠᠷ ᠵᠠᠮ ᠤᠨ ᠳ᠋ᠧᠩ ᠨᠡᠮᠡᠵᠦ ᠤᠭᠰᠠᠷᠠᠬᠤ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠹᠧᠩᠵᠧᠨ ᠬᠤᠲᠠ ᠶᠢᠨ ᠵᠠᠰᠠᠭ ᠤᠨ ᠣᠷᠳᠣᠨ ᠠᠴᠠ ᠵᠢᠤᠢ ᠪᠦᠦ ᠵᠤᠸᠠᠩ ᠪᠠᠯᠭᠠᠰᠤᠨ ᠤ ᠵᠠᠰᠠᠭ ᠤᠨ ᠣᠷᠳᠣᠨ ᠳᠤ ᠠᠵᠢᠯᠳᠠᠳ ᠢᠶᠠᠨ ᠵᠣᠬᠢᠶᠠᠨ ᠪᠠᠶᠢᠭᠤᠯᠵᠤ ᠲᠤᠬᠠᠶ ᠶᠢᠨ ᠭᠠᠵᠠᠷ ᠲᠤᠨᠢ ᠬᠦᠷᠴᠦ ᠪᠠᠶᠢᠴᠠᠭᠠᠬᠤ ᠶᠢᠨ ᠬᠠᠮᠲᠤ ᠢᠳᠡᠪᠬᠢᠲᠡᠶ ᠪᠠᠷ ᠪᠠᠯᠠ ᠮᠥᠩᠭᠦ ᠴᠤᠭᠯᠠᠭᠤᠯᠵᠤ᠂ 7 ᠰᠠᠷ᠎ᠠ ᠶᠢᠨ ᠰᠡᠭᠦᠯᠴᠢ ᠠᠴᠠ ᠡᠮᠦᠨ᠎ᠡ ᠵᠠᠮ ᠤᠨ ᠳ᠋ᠧᠩ ᠤᠭᠰᠠᠷᠠᠵᠤ ᠳᠠᠭᠤᠰᠬᠠᠬᠤ ᠶᠢ ᠦᠨᠡᠨᠬᠦ ᠪᠠᠲᠤᠯᠠᠵᠤ᠂ ᠣᠯᠠᠨ ᠲᠦᠮᠡᠨ ᠤ ᠬᠦᠴᠢᠷᠳᠡᠯ ᠢ ᠦᠨᠡᠨᠬᠦ ᠰᠢᠢᠳᠪᠦᠷᠢᠯᠡᠨ᠂ ᠨᠡᠶᠢᠭᠡᠮ ᠤᠨ ᠠᠩᠬᠠᠷᠤᠯ ᠳᠤ ᠬᠠᠷᠢᠭᠤ ᠥᠭᠬᠦ ᠬᠡᠷᠡᠭᠲᠡᠶ ᠭᠡᠵᠦ ᠳᠠᠭᠠᠭᠠᠯᠭᠠᠪᠠ᠃ ︵ᠲᠠᠭᠠᠭᠠᠨ ᠭᠦᠢᠴᠡᠳᠭᠡᠬᠦ ᠨᠢᠭᠡᠴᠢ᠄ ᠹᠧᠩᠵᠧᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ︶    5. ᠵᠢᠨᠢᠩ ᠲᠣᠭᠤᠷᠢᠭ ᠤᠨ ᠵᠢᠶᠠᠨ ᠰᠢᠩ ᠨᠡᠶᠢᠲᠡ ᠶᠢᠨ ᠪᠠᠶᠢᠷᠢ ᠶᠢᠨ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠤᠰᠤ ᠲᠠᠲᠠᠷᠠᠭᠤᠯᠬᠤ ᠬᠤᠭᠤᠯᠠᠶ ᠤᠭᠰᠠᠷᠠᠭᠰᠠᠨ ᠥᠬᠡᠶ᠂ ᠤᠲᠠᠰᠤᠨ ᠤ ᠬᠤᠪᠢᠯ ᠢ ᠡᠮᠬᠢᠯᠡᠭᠰᠡᠨ ᠥᠬᠡᠶ᠂ ᠵᠠᠮ ᠨᠢ ᠲᠡᠭᠰᠢ ᠥᠬᠡᠶ ᠵᠡᠷᠭᠡ ᠪᠠᠶᠢᠳᠠᠯ ᠮᠥᠨᠬᠦ ᠣᠷᠣᠰᠢᠵᠤ ᠪᠠᠶᠢᠨ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠲᠦᠷᠭᠡᠬᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠠᠴᠠ ᠨᠢᠭᠡᠨᠲᠡ ᠭᠦᠸᠧ ᠷᠦᠩ ᠺᠣᠮᠫᠠᠨᠢ ᠳᠤ ᠬᠦᠨᠳᠦ ᠨᠣᠴᠢᠲᠠᠶ ᠡᠪᠳᠡᠭᠳᠡᠭᠰᠡᠨ ᠬᠡᠰᠡᠭ ᠲᠤ ᠵᠣᠬᠢᠴᠠᠩᠭᠤᠶ ᠨᠦᠬᠦᠨ ᠵᠠᠰᠠᠯᠲᠠ᠂ ᠴᠡᠭᠴᠡᠯᠡᠯᠲᠡ ᠬᠢᠯᠭᠡᠬᠦ ᠪᠠᠷ ᠳᠠᠭᠠᠭᠠᠯᠭᠠᠵᠤ᠂ 2021 ᠣᠨ ᠳᠤ ᠬᠠᠭᠤᠴᠢᠨ ᠵᠢᠵᠢᠭ ᠲᠣᠭᠤᠷᠢᠭ ᠢ ᠰᠠᠯᠪᠢᠨ ᠵᠠᠰᠠᠬᠤ ᠪᠠᠨ ᠵᠢᠩᠬᠢᠨᠢ ᠪᠠᠷ ᠠᠵᠢᠯ ᠡᠬᠢᠯᠡᠭᠦᠯᠦᠭᠰᠡᠨ ᠤ ᠳᠠᠷᠠᠭ᠎ᠠ ᠵᠢᠵᠢᠭ ᠲᠣᠭᠤᠷᠢᠭ ᠤᠨ ᠡᠯ᠎ᠡ ᠵᠦᠢᠯ ᠤᠨ ᠰᠠᠭᠤᠷᠢ ᠲᠥᠬᠦᠭᠡᠷᠦᠮᠵᠢ ᠶᠢ ᠪᠥᠬᠦ ᠲᠠᠯ᠎ᠠ ᠪᠠᠷ ᠲᠡᠭᠦᠯᠳᠡᠷᠵᠢᠭᠦᠯᠬᠦ ᠪᠠᠷ ᠲᠥᠯᠥᠪᠯᠡᠵᠦ ᠪᠠᠶᠢᠨ᠎ᠠ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶    6. ᠰᠢᠩ ᠾᠧ ᠰᠢᠶᠠᠨ ᠤ ᠴᠧᠩ ᠭᠤᠸᠠᠨ ᠪᠠᠯᠭᠠᠰᠤ ᠶᠢᠨ ᠬᠠᠭᠤᠴᠢᠨ ᠬᠤᠳᠠ ᠲᠣᠭᠤᠷᠢᠭ ᠤᠨ ᠬᠡᠰᠡᠭ ᠪᠠᠶᠢᠰᠢᠩ ᠭᠡᠷ ᠤᠨ ᠲᠣᠭᠤᠷᠢᠭ ᠲᠤ ᠬᠤᠶᠠᠷ ᠰᠠᠷ᠎ᠠ ᠤᠰᠤ ᠵᠣᠭᠰᠣᠵᠤ᠂ ᠰᠠᠭᠤᠭᠠᠯᠢ ᠠᠷᠠᠳ ᠤᠨ ᠠᠮᠢᠳᠤᠷᠠᠯ ᠢ ᠨᠥᠯᠥᠭᠡᠯᠡᠪᠡ᠂ ᠡᠭᠦᠨ ᠢ ᠴᠠᠭ ᠲᠤᠬᠠᠶ ᠳᠤᠨᠢ ᠰᠢᠢᠳᠪᠦᠷᠢᠯᠡᠬᠦ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠬᠡᠰᠡᠭ ᠬᠡᠷ ᠪᠠᠶᠢᠰᠢᠩ ᠳᠤ ᠬᠥᠮᠦᠨ ᠰᠠᠭᠤᠵᠤ ᠥᠬᠡᠶ ᠠᠴᠠ ᠤᠰᠤ ᠳᠠᠮᠵᠢᠭᠤᠯᠬᠤ ᠬᠤᠭᠤᠯᠠᠶ ᠨᠢ ᠣᠷᠳᠣ ᠬᠤᠭᠤᠴᠠᠭ᠎ᠠ ᠪᠠᠷ ᠤᠰᠤ ᠭᠤᠭᠤᠵᠢᠭᠰᠠᠨ ᠠᠴᠠ ᠪᠣᠯᠵᠣ ᠤᠰᠤ ᠳᠤᠲᠠᠭᠳᠠᠨ ᠤᠰᠤ ᠵᠣᠭᠰᠣᠬᠤ ᠦᠵᠡᠭᠳᠡᠯ ᠭᠠᠷᠪᠠ᠂ ᠣᠲᠣ ᠤᠰᠤ ᠳᠠᠮᠵᠢᠭᠤᠯᠬᠤ ᠬᠤᠭᠤᠯᠠᠶ ᠶᠢ ᠦᠭᠡᠷᠡᠴᠢᠯᠡᠨ ᠵᠠᠰᠠᠭᠰᠠᠨ ᠠᠴᠠ ᠰᠠᠭᠤᠭᠠᠯᠢ ᠠᠷᠠᠳ ᠤᠨ ᠢᠳᠡᠬᠦ ᠤᠰᠤᠨ ᠤ ᠬᠦᠴᠢᠷᠳᠡᠯᠳᠤ ᠠᠰᠠᠭᠤᠳᠠᠯ ᠢ ᠨᠢᠭᠡᠨᠲᠡ  ᠰᠢᠢᠳᠪᠦᠷᠢᠯᠡᠪᠡ᠃ ︵ᠲᠠᠭᠠᠭᠠᠨ ᠭᠦᠢᠴᠡᠳᠭᠡᠬᠦ ᠨᠢᠭᠡᠴᠢ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ︶    7. ᠰᠢᠩ ᠾᠧ ᠰᠢᠶᠠᠨ ᠤ ᠠᠨ ᠺᠠᠩ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡᠨ ᠤ ᠭᠤᠤᠯ ᠨᠡᠭᠡᠯᠡᠭᠡᠢ ᠨᠢ ᠡᠪᠳᠡᠷᠡᠭᠰᠡᠨ ᠠᠴᠠ ᠰᠢᠩ ᠮᠢᠨ ᠰᠠᠭᠤᠭᠠᠯᠢ ᠲᠣᠭᠤᠷᠢᠭ ᠤᠨ ᠰᠠᠭᠤᠭᠠᠯᠢ ᠠᠷᠠᠳ ᠤᠨ ᠴᠠᠬᠢᠯᠭᠠᠨ ᠬᠡᠷᠡᠭᠰᠡᠯ ᠢ ᠡᠪᠳᠡᠵᠤ᠂ ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠬᠢᠨ ᠰᠢᠯᠲᠠᠭᠠᠨ ᠢ ᠨᠢ ᠪᠠᠶᠢᠴᠠᠭᠠᠨ ᠳᠣᠲᠣᠯᠠᠬᠤ ᠶᠢᠨ ᠬᠠᠮᠲᠤ ᠬᠤᠬᠢᠷᠠᠯ ᠢ ᠳᠥᠯᠥᠬᠦ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠳᠠᠭᠠᠳᠬᠠᠯ ᠤᠨ ᠺᠣᠮᠫᠠᠨᠢ ᠨᠢᠭᠡᠨᠲᠡ ᠴᠠᠬᠢᠯᠭᠠᠨ ᠬᠠᠩᠭᠠᠬᠤ ᠬᠠᠷᠢᠭᠤᠴᠠᠯᠭ᠎ᠠ ᠶᠢᠨ ᠳᠠᠭᠠᠳᠬᠠᠯ ᠢ  ᠰᠢᠢᠳᠪᠦᠷᠢᠯᠡᠬᠦ ᠪᠠᠷ ᠭᠥᠯᠢᠶᠡᠨ ᠠᠪᠤᠭᠰᠠᠨ ᠪᠥᠭᠡᠳ ᠲᠥᠯᠥᠪᠦᠷᠢ ᠥᠭᠬᠦ ᠬᠡᠯᠡᠯᠴᠡᠭᠡᠷ ᠲᠣᠭᠲᠠᠵᠤ᠂ ᠵᠢᠱᠢᠯᠲᠡ ᠪᠠᠷ ᠵᠢᠷᠭᠤᠳᠤᠭᠠᠷ ᠰᠠᠷ᠎ᠠ ᠶᠢᠨ ᠳᠤᠮᠳᠠᠴᠢ ᠪᠠᠷ ᠰᠢᠢᠳᠪᠦᠷᠢᠯᠡᠵᠦ ᠳᠠᠭᠤᠰᠬᠠᠬᠤ ᠶᠢᠨ ᠬᠠᠮᠲᠤ ᠬᠡᠷᠡᠭᠯᠡᠭᠴᠢ ᠳᠤ ᠲᠥᠯᠥᠪᠦᠷᠢ ᠥᠭᠭᠦ ᠪᠤᠯᠤᠨ᠎ᠠ᠃ ︵ᠲᠠᠭᠠᠭᠠᠨ ᠭᠦᠢᠴᠡᠳᠭᠡᠬᠦ ᠨᠢᠭᠡᠴᠢ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ︶    8. ᠵᠢᠨᠢᠩ ᠲᠣᠭᠤᠷᠢᠭ ᠤᠨ ᠦ᠋ ᠶᠤᠸᠠᠢ ᠠᠭᠤᠳᠠᠮ ᠲᠠᠯᠠᠪᠠᠢ ᠶᠢᠨ ᠬᠢᠨ ᠨᠡᠶᠢᠲᠡ ᠶᠢᠨ ᠴᠠᠬᠢᠯᠭᠠᠨ ᠤ ᠰᠦᠢᠳᠬᠡᠯ ᠢ ᠬᠤᠳᠠᠯᠳᠤᠭᠠᠨ ᠤ ᠡᠷᠦᠬᠡ ᠶᠢᠨ ᠴᠠᠬᠢᠯᠭᠠᠨ ᠤ ᠰᠦᠢᠳᠬᠡᠯ ᠳᠤ ᠬᠤᠪᠢᠶᠠᠨ ᠨᠣᠭᠳᠠᠭᠤᠯᠤᠭᠰᠠᠨ ᠠᠴᠠ ᠬᠤᠳᠠᠯᠳᠤᠭᠠᠨ ᠤ ᠫᠦᠰᠡ ᠶᠢᠨ ᠴᠠᠬᠢᠯᠭᠠᠨ ᠤ ᠰᠦᠢᠳᠬᠡᠯ ᠢ ᠨᠡᠮᠡᠭᠳᠡᠭᠦᠯᠪᠡ︔ ᠵᠢᠨᠢᠩ ᠲᠣᠭᠤᠷᠢᠭ ᠤᠨ ᠲᠢᠶᠧ ᠳ᠋ᠦᠩ ᠵᠢᠶᠠ ᠶᠤᠸᠠᠨ ᠰᠠᠭᠤᠭᠠᠯᠢ ᠲᠣᠭᠤᠷᠢᠭ ᠤᠨ ᠠᠳᠠᠯ ᠠᠬᠤᠢ ᠶᠢᠨ ᠭᠠᠵᠠᠷ ᠤᠨ ᠬᠢᠨ ᠥᠮᠴᠢᠲᠡᠨ ᠤ ᠴᠠᠬᠢᠯᠭᠠᠨ ᠤ ᠰᠦᠢᠳᠬᠡᠯ ᠲᠤᠰᠢᠶᠠᠬᠤ ᠶᠢ ᠬᠢᠵᠠᠭᠠᠷᠯᠠᠭᠰᠠᠨ ᠠᠰᠠᠭᠤᠳᠠᠯ᠃     ᠰᠢᠢᠳᠪᠦᠷᠢᠯᠡᠭᠰᠡᠨ ᠪᠠᠶᠢᠳᠠᠯ᠄ ᠬᠢᠨᠠᠨ ᠨᠤᠳᠠᠯᠠᠭᠰᠠᠨ ᠢᠶᠠᠷ᠂ ᠵᠢᠨᠢᠩ ᠲᠣᠭᠤᠷᠢᠭ ᠤᠨ ᠦ᠋ ᠶᠤᠸᠠᠢ ᠲᠠᠯᠠᠪᠠᠶ ᠶᠢᠨ ᠬᠡᠰᠡᠭ ᠬᠤᠳᠠᠯᠳᠤᠭᠠᠴᠢᠨ ᠤᠤᠯ ᠤᠨ ᠴᠠᠬᠢᠯᠭᠠᠨ ᠤ ᠰᠦᠢᠳᠬᠡᠯ ᠤᠨ ᠦᠨ᠎ᠡ ᠶᠢ ᠭᠦᠢᠴᠡᠳᠬᠡᠬᠦ ᠳᠡᠭᠡᠨ ᠦ᠋ ᠶᠤᠸᠠᠢ ᠲᠠᠯᠠᠪᠠᠶ ᠶᠢᠨ ᠬᠤᠳᠠᠯᠳᠤᠭᠠᠨ ᠤ ᠬᠠᠮᠢᠶᠠᠷᠤᠯᠲᠠ ᠶᠢᠨ ᠺᠣᠮᠫᠠᠨᠢ ᠲᠠᠢ ᠴᠠᠬᠢᠯᠭᠠᠨ ᠤ ᠦᠨ᠎ᠡ ᠶᠢ ᠬᠤᠪᠢᠷᠠᠭᠤᠯᠬᠤ ᠭᠠᠷ ᠭᠦᠢᠴᠡᠳᠬᠡᠯ ᠢ ᠭᠦᠢᠴᠡᠳᠬᠡᠭᠰᠡᠨ ᠥᠬᠡᠶ ᠪᠠᠶᠢᠨ᠎ᠠ᠂ ᠬᠤᠳᠠᠯᠳᠤᠭᠠᠨ ᠤ ᠡᠷᠤᠬᠡ ᠶᠢᠨ ᠬᠢᠨ ᠳᠠᠷᠤᠶ ᠲᠦᠷᠭᠡᠨ ᠢᠶᠠᠷ ᠬᠤᠪᠢᠷᠠᠭᠤᠯᠬᠤ ᠭᠠᠷ ᠭᠦᠢᠴᠡᠳᠬᠡᠯ ᠬᠢᠵᠦ᠂ ᠭᠦᠢᠴᠡᠳᠬᠡᠭᠰᠡᠨ ᠤ ᠳᠠᠷᠠᠭ᠎ᠠ ᠣᠲᠣ ᠶᠢᠨ ᠬᠡᠷᠡᠭᠵᠢᠭᠦᠯᠵᠦ ᠪᠠᠶᠢᠭ᠎ᠠ ᠬᠠᠷᠠᠭᠠᠯᠵᠠᠯᠲᠤ ᠴᠠᠬᠢᠯᠭᠠᠨ ᠤ ᠦᠨ᠎ᠡ ᠶᠢ ᠬᠡᠷᠡᠭᠵᠢᠭᠦᠯᠬᠦ ᠪᠣᠯᠤᠨ᠎ᠠ︔ ᠲᠢᠶᠧ ᠳ᠋ᠦᠩ ᠵᠢᠶᠠ ᠶᠤᠸᠠᠨ ᠰᠠᠭᠤᠭᠠᠯᠢ ᠲᠣᠭᠤᠷᠢᠭ ᠤᠨ ᠬᠡᠰᠡᠭ ᠠᠰᠠᠷ ᠤᠨ ᠴᠠᠬᠢᠯᠭᠠᠨ ᠨᠢ ᠲᠦᠷ ᠴᠠᠭ ᠬᠡᠷᠡᠭᠯᠡᠬᠦ ᠴᠠᠬᠢᠯᠭᠠᠨ ᠳᠤ ᠲᠣᠭᠠᠴᠠᠭᠳᠠᠨ᠎ᠠ᠂ ᠵᠢᠩᠬᠢᠨᠢ ᠬᠡᠷᠡᠭᠯᠡᠬᠡᠨ ᠤ ᠴᠠᠬᠢᠯᠭᠠᠨ ᠢ ᠵᠠᠯᠭᠠᠵᠤ ᠣᠷᠣᠭᠤᠯᠬᠤ ᠴᠠᠭ ᠨᠢ ᠲᠣᠭᠲᠠᠭ᠎ᠠ ᠦᠭᠡᠢ ᠤᠴᠢᠷ ᠠᠴᠠ ᠠᠳᠠᠯ ᠠᠬᠤᠢ ᠶᠢᠨ ᠭᠠᠵᠠᠷ ᠤᠨ ᠬᠢᠨ ᠰᠠᠭᠤᠭᠠᠯᠢ ᠡᠷᠦᠬᠡ ᠶᠢ ᠪᠠᠭ᠎ᠠ ᠬᠡᠮᠵᠢᠶ᠎ᠡ ᠪᠠᠷ᠂ ᠤᠯᠠᠨ ᠤᠳᠠᠭ᠎ᠠ ᠬᠤᠳᠠᠯᠳᠤᠨ ᠠᠪᠬᠤ ᠶᠢ ᠰᠠᠨᠠᠭᠤᠯᠵᠤ ᠪᠠᠶᠢᠨ᠎ᠠ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶     9. ᠵᠢᠨᠢᠩ ᠲᠣᠭᠤᠷᠢᠭ ᠤᠨ ᠶᠠ ᠵᠢᠶᠠᠩ ᠰᠠᠭᠤᠭᠠᠯᠢ ᠲᠣᠭᠤᠷᠢᠭ ᠤᠨ ᠬᠢᠨ ᠬᠡᠷ ᠪᠠᠶᠢᠰᠢᠩ ᠤᠨ ᠭᠡᠷᠡᠴᠢ ᠦᠨᠡᠮᠯᠡᠯ ᠢ ᠭᠦᠢᠴᠡᠳᠬᠡᠬᠦ ᠳᠤ ᠡᠷᠬᠡᠪᠰᠢ ᠠᠳᠠᠯ ᠠᠬᠤᠶ ᠶᠢᠨ ᠰᠦᠢᠳᠬᠡᠯ ᠢ 2021 ᠣᠨ ᠤ 7 ᠰᠠᠷ᠎ᠠ ᠪᠣᠯᠲᠠᠯ᠎ᠠ ᠲᠤᠰᠢᠶᠠᠬᠤ ᠬᠡᠷᠡᠭᠲᠡᠶ᠂ ᠡᠰᠡ ᠲᠡᠭᠡᠪᠡᠯ ᠬᠡᠷ ᠪᠠᠶᠢᠰᠢᠩ ᠤᠨ ᠡᠷᠬᠡ ᠶᠢ ᠨᠤᠲᠠᠯᠠᠨ ᠲᠣᠭᠲᠠᠭᠠᠭᠰᠠᠨ ᠦᠨᠡᠮᠯᠡᠯ ᠣᠯᠭᠤᠬᠤ ᠥᠬᠡᠶ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠬᠢᠨ ᠨᠢᠭᠡᠨᠲᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠲᠠᠢ ᠪᠣᠯᠵᠣᠨ ᠶᠠᠷᠢᠯᠴᠠᠵᠤ᠂ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠢ ︽ᠵᠠᠷᠤᠳᠠᠯ ᠪᠠ ᠦᠨᠡᠮᠯᠡᠯ ᠢ ᠰᠠᠯᠭᠠᠬᠤ︾ ᠵᠠᠷᠴᠢᠮ ᠶᠣᠰᠣᠭᠠᠷ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ᠃ ᠣᠳᠣᠬᠠᠨ ᠳᠤ ᠪᠣᠭᠤᠵᠢᠯᠠᠬᠤ ᠮᠠᠶ᠋ᠢᠭ ᠤᠨ ᠰᠦᠢᠳᠬᠡᠯ ᠬᠤᠷᠢᠶᠠᠬᠤ ᠶᠢ ᠨᠢᠭᠡᠨᠲᠡ ᠵᠣᠭᠰᠣᠭᠠᠭᠰᠠᠨ ᠪᠣᠯᠬᠤᠷ ᠰᠠᠭᠤᠭᠠᠯᠢ ᠠᠷᠠᠳ ᠲᠤ ᠬᠡᠷ ᠪᠠᠶᠢᠰᠢᠩ ᠤᠨ ᠡᠷᠬᠡ ᠶᠢ ᠨᠤᠲᠠᠯᠠᠨ ᠲᠣᠭᠲᠠᠭᠠᠭᠰᠠᠨ ᠦᠨᠡᠮᠯᠡᠯ ᠣᠯᠭᠤᠵᠤ ᠪᠣᠯᠤᠨ᠎ᠠ᠃    ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶    10. ᠵᠢᠨᠢᠩ ᠲᠣᠭᠤᠷᠢᠭ ᠤᠨ ᠶᠤᠸᠠᠨ ᠹᠧᠩ ᠵᠢᠶᠠ ᠶᠤᠸᠠᠨ ᠰᠠᠭᠤᠭᠠᠯᠢ ᠲᠣᠭᠤᠷᠢᠭ ᠤᠨ ᠬᠢᠨ ᠲᠦᠭᠡᠭᠡᠯ ᠤᠰᠤᠨ ᠤ ᠺᠣᠮᠫᠠᠨᠢ ᠶᠢᠨ 40 ᠭᠠᠷᠤᠶ ᠲᠦᠮᠡᠨ ᠲᠦᠭᠦᠷᠢᠭ ᠤᠨ ᠤᠰᠤᠨ ᠤ ᠰᠦᠢᠳᠬᠡᠯ ᠢ ᠥᠷᠢᠲᠦᠭᠰᠡᠨ ᠠᠴᠠ ᠪᠣᠯᠵᠣ ᠤᠰᠤ ᠵᠣᠭᠰᠣᠪᠠ᠂ ᠰᠠᠭᠤᠭᠠᠯᠢ ᠠᠷᠠᠳ ᠤᠰᠤᠨ ᠤ  ᠰᠦᠢᠳᠬᠡᠯ ᠢᠶᠠᠨ ᠴᠥᠮ ᠠᠳᠠᠯ ᠠᠬᠤᠶ ᠶᠢᠨ ᠭᠠᠵᠠᠷ ᠲᠤ ᠲᠤᠰᠢᠶᠠᠭᠰᠠᠨ ᠪᠠᠶᠢᠨ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠤᠰᠤ ᠬᠡᠷᠡᠭᠯᠡᠬᠦ ᠠᠰᠠᠭᠤᠳᠠᠯ ᠢ ᠲᠦᠷᠭᠡᠬᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠬᠢᠨᠠᠨ ᠨᠤᠳᠠᠯᠠᠭᠰᠠᠨ ᠢᠶᠠᠷ᠂ ᠶᠤᠸᠠᠨ ᠹᠧᠩ ᠵᠢᠶᠠ ᠶᠤᠸᠠᠨ ᠰᠠᠭᠤᠭᠠᠯᠢ ᠲᠣᠭᠤᠷᠢᠭ ᠤᠨ ᠬᠢᠨ ᠨᠡᠶᠢᠲᠡ 4.4 ᠲᠦᠮᠡᠨ ᠲᠥᠭᠦᠷᠢᠭ ᠤᠨ ᠤᠰᠤᠨ ᠤ ᠰᠦᠢᠳᠬᠡᠯ ᠥᠷᠢᠲᠦᠵᠦ ᠪᠤᠢ᠃ ᠰᠠᠭᠤᠭᠠᠯᠢ ᠠᠷᠠᠳ ᠤᠨ ᠲᠣᠭᠤᠷᠢᠭ ᠤᠨ ᠲᠦᠭᠡᠭᠡᠯ ᠤᠰᠤᠨ ᠤ ᠬᠤᠭᠤᠯᠠᠶ ᠡᠪᠳᠡᠷᠡᠵᠦ ᠭᠤᠭᠤᠵᠢᠭᠰᠠᠨ ᠠᠴᠠ ᠪᠣᠯᠵᠣ ᠤᠰᠤ ᠵᠣᠭᠰᠣᠭᠰᠠᠨ ᠪᠠᠶᠢᠨ᠎ᠠ᠂ ᠣᠲᠣ ᠨᠢᠭᠡᠨᠲᠡ ᠤᠰᠤᠨ ᠤ ᠬᠤᠭᠤᠯᠠᠶ ᠶᠢ ᠰᠡᠯᠪᠢᠨ ᠵᠠᠰᠠᠵᠤ ᠳᠠᠭᠤᠰᠬᠠᠭᠠᠳ ᠤᠰᠤᠨ ᠤ ᠬᠠᠩᠭᠠᠯᠭ᠎ᠠ ᠶᠢ ᠰᠡᠷᠭᠦᠭᠡᠵᠦ᠂ ᠤᠰᠤᠨ ᠤ ᠰᠦᠢᠳᠬᠡᠯ ᠢ ᠥᠷᠢᠲᠦᠵᠦ ᠪᠠᠶᠢᠭ᠎ᠠ ᠠᠰᠠᠭᠤᠳᠠᠯ ᠢ ᠬᠠᠮᠢᠶ᠎ᠠ ᠪᠥᠬᠦᠶ  ᠨᠢᠭᠡᠴᠢ ᠶᠢᠨ ᠬᠢᠨ ᠬᠠᠮᠲᠤᠪᠠᠷ ᠵᠥᠪᠳᠡᠯᠴᠡᠨ ᠰᠢᠢᠳᠪᠦᠷᠢᠯᠡᠬᠦ ᠪᠤᠯᠤᠨ᠎ᠠ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶
 
ᠢᠷᠡᠯᠲᠡ᠄ ᠤᠯᠠᠭᠠᠨᠴᠠᠪ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2