︽ᠤᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠰᠢᠷᠢᠰ ᠮᠡᠳᠡᠭᠡᠯᠡᠯ ︵ᠲᠠᠪᠤ︶
ᠨᠡᠶᠢᠲᠡᠯᠡᠭᠰᠡᠨ ᠴᠠᠭ᠄
2021/11/22
     ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠤᠮᠳᠠ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠠᠵᠢᠯᠯᠠᠭ᠎ᠠ ᠥᠷᠨᠢᠭᠦᠯᠬᠦ ᠲᠤᠬᠠᠶ ᠨᠠᠮ ᠤᠨ ᠲᠥᠪ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠢᠨ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ᠂ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ ᠠᠰᠠᠭᠤᠬᠤ᠂ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ ︽ᠭᠤᠷᠪᠠ ᠶᠢ ᠠᠰᠠᠭᠤᠬᠤ︾ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠨᠡᠶᠢᠭᠡᠮ ᠤᠨ ᠡᠯ᠎ᠡ ᠡᠲᠡᠭᠡᠳ ᠪᠠ ᠥᠷᠭᠡᠨ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠠᠰᠠᠭᠤᠳᠠᠯ ᠤᠨ ᠨᠠᠷᠢᠨ ᠲᠠᠩᠰᠠ ᠶᠢ ᠬᠤᠷᠢᠶᠠᠩᠭᠤᠶᠢᠯᠠᠨ ᠡᠮᠬᠢᠯᠡᠵᠦ᠂ ᠡᠭᠦᠨ ᠤ ᠤᠯᠠᠮ ᠠᠴᠠ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ ᠶᠢᠨ ︽ᠭᠤᠷᠪᠠ ᠶᠢ ᠠᠰᠠᠭᠤᠬᠤ︾ ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠ ᠶᠢ ᠲᠣᠭᠲᠠᠭᠠᠭᠰᠠᠨ ᠪᠠᠶᠢᠨ᠎ᠠ᠃ ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠣᠳᠣ ᠨᠡᠶᠢᠭᠡᠮ ᠲᠠᠶᠠᠭᠠᠷ ᠲᠤ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠦᠢᠯᠡᠳᠦᠯᠭᠡ ᠶᠢᠨ ᠠᠵᠢᠯᠯᠠᠭ᠎ᠠ ᠶᠢᠨ ᠦᠢᠯᠡᠴᠢᠯᠡᠭᠡᠨ ᠤ ᠵᠦᠢᠯᠡᠰ ᠤᠨ ᠨᠠᠷᠢᠨ ᠳᠠᠩᠰᠠ ᠪᠠ ᠠᠰᠠᠭᠤᠳᠠᠯ ᠢ  ᠰᠢᠢᠳᠪᠦᠷᠢᠯᠡᠭᠰᠡᠨ ᠦᠷ᠎ᠡ ᠳ᠋ᠦᠩ ᠢ ᠨᠡᠶᠢᠲᠡᠯᠡᠵᠦ᠂ ᠠᠷᠠᠳ ᠣᠯᠠᠨ ᠤ ᠬᠢᠨᠠᠯᠲᠠ ᠪᠠ ᠦᠨᠡᠯᠡᠯᠲᠡ ᠶᠢ ᠤᠬᠠᠮᠰᠠᠷ ᠠᠴᠠ ᠪᠠᠨ ᠬᠦᠯᠢᠶᠡᠬᠦ ᠪᠤᠯᠤᠨ᠎ᠠ᠃     ︽ᠭᠤᠷᠪᠠ ᠶᠢ ᠠᠰᠠᠭᠤᠬᠤ︾ ᠠᠵᠢᠯᠯᠠᠭ᠎ᠠ ᠶᠢᠨ ᠠᠰᠠᠭᠤᠳᠠᠯ ᠤᠨ ᠨᠠᠷᠢᠨ ᠲᠠᠩᠰᠠ     1 . ᠵᠢᠨᠢᠩ ᠲᠣᠭᠤᠷᠢᠭ ᠤᠨ ᠱᠧᠩ ᠱᠢ ᠰᠢᠨ᠎ᠡ ᠬᠤᠲᠠ ᠶᠢᠨ ᠵᠡᠭᠦᠨ ᠡᠭᠦᠳᠡᠨ ᠳᠤ ᠬᠠᠮᠲᠤ ᠪᠠᠷ ᠡᠳ᠋ᠯᠡᠬᠦ ᠶᠡᠭᠡ ᠬᠡᠮᠵᠢᠶᠡᠨ ᠤ ᠴᠠᠬᠢᠯᠭᠠᠨ ᠬᠥᠳᠡᠯᠭᠡᠭᠦᠷᠲᠦ ᠲᠡᠷᠭᠡ ᠲᠠᠯᠪᠢᠵᠤ᠂ ᠲᠡᠷᠭᠡ ᠬᠥᠰᠬᠡ ᠣᠷᠣᠵᠤ ᠭᠠᠷᠬᠤ ᠶᠢᠨ ᠠᠷᠭ᠎ᠠ ᠥᠬᠡᠶ ᠪᠣᠯᠤᠭᠰᠠᠨ ᠪᠠᠶᠢᠨ᠎ᠠ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠢᠨ ᠲᠡᠷᠭᠡ ᠵᠣᠭᠰᠣᠭᠠᠬᠤ ᠭᠠᠵᠠᠷ ᠢᠶᠠᠨ ᠰᠢᠯᠵᠢᠭᠦᠯᠵᠦ᠂ ᠣᠯᠠᠨ ᠲᠦᠮᠡᠨ ᠤ ᠶᠠᠪᠤᠵᠤ ᠰᠠᠭᠤᠬᠤ ᠳᠤ ᠲᠥᠬᠦᠮ ᠦᠵᠡᠭᠦᠯᠬᠦ ᠶᠢ ᠬᠦᠰᠡᠵᠦ ᠪᠠᠶᠢᠨ᠎ᠠ᠃     2 . ᠰᠢᠩ ᠾᠧ ᠰᠢᠶᠠᠨ ᠤ ᠶᠦᠩ ᠴᠧᠩ ᠰᠠᠭᠤᠭᠠᠯᠢ ᠲᠣᠭᠤᠷᠢᠭ ᠤᠨ ᠢᠵᠢ ᠪᠦᠷᠢᠳᠦᠭᠦᠯᠬᠦ ᠲᠥᠬᠦᠭᠡᠷᠦᠮᠵᠢ ᠨᠢ ᠤᠷᠳᠤ ᠬᠤᠭᠤᠴᠠᠭ᠎ᠠ ᠪᠠᠷ ᠲᠡᠭᠦᠯᠳᠡᠷᠵᠢᠭᠡ ᠦᠭᠡᠢ ᠪᠠᠶᠢᠭᠰᠠᠭᠠᠷ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠦᠷᠭᠡᠬᠡᠨ ᠲᠡᠭᠦᠯᠳᠡᠷᠵᠢᠭᠦᠯᠬᠦ ᠶᠢ ᠬᠦᠰᠡᠵᠦ ᠪᠠᠶᠢᠨ᠎ᠠ᠃     3 . ᠵᠢᠨᠢᠩ ᠲᠣᠭᠤᠷᠢᠭ ᠤᠨ ᠰᠢᠨ ᠶᠤᠸᠠᠨ ᠴᠧᠩ ᠬᠡᠤᠬᠡᠳ ᠤᠨ ᠴᠡᠴᠡᠷᠯᠢᠭ ᠤᠨ ᠬᠢᠨ ᠰᠠᠨᠠᠭᠠᠨ ᠲᠠᠪᠠ ᠪᠠᠷ ᠢᠶᠠᠨ ᠲᠡᠮᠤᠷ ᠬᠡᠷᠡᠰᠭᠡ ᠭᠠᠩᠨᠠᠵᠤ᠂ ᠰᠠᠭᠤᠭᠠᠯᠢ ᠲᠣᠭᠤᠷᠢᠭ ᠤᠨ ᠳᠣᠲᠣᠭᠠᠳᠤ ᠳᠠᠬᠢ ᠣᠯᠠᠨ ᠨᠡᠶᠢᠲᠡ ᠶᠢᠨ ᠲᠣᠭᠤᠷᠢᠭ ᠢ ᠡᠵᠡᠯᠡᠨ ᠬᠡᠷᠡᠭᠯᠡᠵᠦ᠂ ᠰᠠᠭᠤᠭᠠᠯᠢ ᠠᠷᠠᠳ ᠤᠨ ᠣᠷᠣᠵᠤ ᠭᠠᠷᠬᠤ ᠶᠢ ᠨᠥᠯᠥᠭᠡᠯᠡᠵᠤ ᠪᠠᠶᠢᠨ᠎ᠠ᠃     4 . ᠵᠢᠨᠢᠩ ᠲᠣᠭᠤᠷᠢᠭ ᠤᠨ ᠶᠢᠨ ᠬᠤᠸᠠ ᠱᠢ ᠳ᠋ᠠᠢ ᠰᠠᠭᠤᠭᠠᠯᠢ ᠲᠣᠭᠤᠷᠢᠭ ᠤᠨ ᠠᠭᠤᠯᠠᠨ ᠬᠤᠲᠠ ᠶᠢᠨ ᠦᠪᠡᠳᠡᠭᠰᠢ ᠳᠠᠶᠢᠯᠠᠯᠭ᠎ᠠ ᠬᠤᠭᠤᠯᠠᠨ ᠭᠡᠷ ᠤᠨ ᠪᠤᠬᠢᠷ ᠤᠰᠤᠨ ᠤ ᠬᠤᠭᠤᠯᠠᠶ ᠪᠥᠭᠯᠡᠷᠡᠵᠦ᠂ ᠪᠣᠬᠢᠷ ᠤᠰᠤ ᠨᠢ ᠰᠠᠭᠤᠭᠠᠯᠢ ᠠᠷᠠᠳ ᠤᠨ ᠬᠤᠶᠠᠳᠤᠭᠠᠷ ᠳᠠᠪᠬᠤᠷᠯᠢᠭ ᠤᠨ ᠬᠡᠷᠡᠮ ᠠᠴᠠ ᠨᠡᠷᠪᠡᠨ ᠭᠠᠷᠴᠤ᠂ ᠪᠦᠬᠦ᠋ᠢᠯᠡ ᠤᠷᠤᠴᠠ ᠶᠢᠨ ᠲᠣᠭᠤᠭᠠᠨ ᠬᠡᠷ ᠤᠨ ᠬᠢᠨ ᠪᠤᠬᠢᠷ ᠤᠰᠤ ᠪᠠᠨ ᠭᠠᠳᠠᠭᠰᠢᠯᠠᠭᠤᠯᠵᠤ ᠪᠣᠯᠬᠤ ᠥᠬᠡᠶ ᠪᠠᠶᠢᠨ᠎ᠠ᠃     5 . ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠯᠠᠨ ᠼᠦᠢ ᠶᠤᠸᠠᠨ ᠰᠠᠭᠤᠭᠠᠯᠢ ᠲᠣᠭᠤᠷᠢᠭ ᠲᠤ ᠪᠠᠶᠢᠭᠠᠯᠢ ᠶᠢᠨ ᠰᠢᠲᠠᠮᠠᠬᠠᠶ ᠬᠡᠶ ᠨᠡᠪᠲᠡᠷᠡᠭᠡᠳᠦᠶ ᠪᠠᠶᠢᠨ᠎ᠠ᠂ ᠤᠳᠤ ᠪᠠᠰᠠ ᠪᠠᠷᠢᠯᠭ᠎ᠠ ᠶᠢᠨ ᠴᠠᠬᠢᠯᠭᠠᠨ ᠬᠡᠮᠵᠢᠭᠦᠷ ᠢ ᠬᠡᠷᠡᠭᠯᠡᠵᠦ ᠪᠠᠶᠢᠨ᠎ᠠ᠂ ᠴᠠᠬᠢᠯᠭᠠᠨ ᠤ ᠰᠦᠢᠳᠬᠡᠯ ᠢ ᠠᠳᠠᠯ ᠠᠬᠤᠶ ᠶᠢᠨ ᠬᠢᠨ ᠣᠷᠣᠯᠠᠨ ᠬᠤᠷᠢᠶᠠᠵᠤ ︵ᠵᠢᠷᠤᠮᠵᠢᠭᠤᠨ ᠪᠤᠰᠤ︶ ᠪᠤᠢ᠂ ᠲᠦᠭᠡᠭᠡᠯ ᠤᠰᠤᠨ ᠤ ᠲᠠᠷᠤᠯᠳᠠ ᠨᠢ ᠲᠤᠤᠷ᠎ᠠ ᠪᠦᠭᠡᠳ ᠦᠷᠭᠦᠯᠵᠢ ᠤᠰᠤ ᠵᠣᠭᠰᠣᠳᠠᠭ᠂ ᠠᠳᠠᠯ ᠠᠬᠤᠶ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠨᠢ ᠳᠣᠤᠷ᠎ᠠ ᠪᠦᠭᠡᠳ ᠬᠤᠷᠢᠶᠠᠬᠤ ᠰᠦᠢᠳᠬᠡᠯ ᠨᠢ ᠶᠡᠭᠡ ᠵᠡᠷᠭᠡ ᠠᠰᠠᠭᠤᠳᠠᠯ ᠢ  ᠰᠢᠢᠳᠪᠦᠷᠢᠯᠡᠬᠦ ᠴᠢᠬᠤᠯᠠᠲᠠᠶ᠃     6 . ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠠᠭᠤᠭᠠᠯᠢ ᠲᠣᠭᠤᠷᠢᠭ ᠤᠨ ᠡᠪᠦᠯ ᠤᠨ ᠤᠯᠠᠷᠢᠯ ᠤᠨ ᠳᠤᠯᠠᠭᠠᠯᠭ᠎ᠠ ᠶᠢᠨ ᠢᠯᠴᠢ ᠬᠦᠷᠦᠯᠴᠡᠬᠦ ᠥᠬᠡᠶ᠂ ᠵᠣᠨ ᠤ ᠤᠯᠠᠷᠢᠯ ᠳᠤ ᠬᠡᠷ ᠤᠨ ᠣᠷᠣᠶ ᠠᠴᠠ ᠨᠢ ᠪᠣᠷᠣᠭᠠᠨ ᠤ ᠤᠰᠤ ᠭᠤᠭᠤᠵᠢᠵᠤ᠂ ᠵᠠᠮ ᠨᠢ ᠬᠦᠨᠳᠦ ᠨᠣᠴᠢᠲᠠᠶ ᠡᠪᠳᠡᠭᠳᠡᠵᠤ ᠰᠦᠢᠳᠦᠭᠰᠡᠨ ᠪᠣᠯᠬᠤᠷ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠰᠢᠢᠳᠪᠦᠷᠢᠯᠡᠵᠦ ᠥᠭᠬᠦ ᠶᠢ ᠬᠦᠰᠡᠵᠦ ᠪᠠᠶᠢᠨ᠎ᠠ᠃     7 . ᠵᠢᠨᠢᠩ ᠲᠣᠭᠤᠷᠢᠭ ᠤᠨ ᠵᠢᠶᠠᠨ ᠴᠢᠶᠣᠤ ᠵᠠᠮ ᠤᠨ 14 ᠳ᠋ᠤᠭᠡᠷ ᠨᠣᠮᠧᠷᠲᠤ ᠪᠠᠶᠢᠰᠢᠩ ᠭᠡᠷ ᠤᠨ ᠲᠣᠭᠤᠷᠢᠭ ᠤᠨ ᠴᠠᠬᠢᠯᠭᠠᠨ ᠤᠲᠠᠰᠤ ᠨᠢ ᠬᠠᠭᠤᠴᠢᠷᠠᠵᠤ ᠣᠯᠠᠩᠬᠢ ᠠᠶᠢᠯ ᠤᠨ ᠬᠢᠨ ᠦᠷᠭᠦᠯᠵᠢ ᠴᠠᠬᠢᠯᠭᠠᠨ ᠵᠣᠭᠰᠣᠳᠠᠭ᠃     8 . ᠳᠥᠷᠪᠡᠳ ᠬᠤᠰᠢᠭᠤᠨ ᠤ ᠰᠢᠤᠸᠠᠢ ᠹᠦ᠋ ᠴᠡᠴᠡᠷᠯᠢᠭ ᠰᠠᠭᠤᠭᠠᠯᠢ ᠲᠣᠭᠤᠷᠢᠭ ᠤᠨ 4 ᠳ᠋ᠤᠭᠡᠷ ᠨᠣᠮᠧᠷᠲᠤ ᠠᠰᠠᠷ ᠤᠨ ᠬᠢᠨ 2020 ᠣᠨ ᠤ ᠡᠪᠦᠯ ᠲᠦᠯᠬᠢᠭᠦᠷ ᠢᠶᠠᠨ ᠲᠤᠰᠢᠶᠠᠭᠰᠠᠨ ᠪᠤᠯᠪᠠᠴᠤ ᠤᠳᠤ ᠪᠣᠯᠲᠠᠯ᠎ᠠ ᠤᠰᠤ ᠴᠠᠬᠢᠯᠭᠠᠨ ᠨᠡᠪᠲᠡᠷᠡᠭᠡ ᠦᠭᠡᠢ ᠠᠴᠠ ᠵᠠᠰᠠᠵᠤ ᠴᠢᠮᠡᠭᠯᠡᠬᠦ ᠶᠢᠨ ᠠᠷᠭ᠎ᠠ ᠦᠭᠡᠢ ᠪᠠᠶᠢᠵᠤ᠂ ᠳᠠᠷᠤᠢ ᠲᠦᠷᠭᠡᠨ ᠢᠵᠢ ᠪᠦᠷᠢᠳᠦᠭᠦᠯᠵᠦ ᠥᠮᠴᠢᠲᠡᠨ ᠤ ᠣᠷᠣᠵᠤ ᠰᠠᠭᠤᠬᠤ ᠳᠤ ᠲᠦᠬᠦᠮ ᠦᠵᠡᠭᠦᠯᠬᠦ ᠶᠢ ᠬᠦᠰᠡᠵᠦ ᠪᠠᠶᠢᠨ᠎ᠠ᠃     9 . ᠬᠤᠲᠠ ᠶᠢᠨ ᠠᠷᠠᠳ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠢᠯᠢ ᠰᠢᠶᠠᠩ ᠳᠤ ᠰᠠᠭᠤᠵᠤ ᠪᠠᠶᠢᠳᠠᠭ᠂ ᠡᠳᠦᠷ ᠪᠦᠷᠢ ᠬᠡᠦᠬᠡᠳ ᠢᠶᠠᠨ ᠵᠢᠨᠢᠩ ᠤᠨ ᠰᠤᠷᠭᠠᠭᠤᠯᠢ ᠳᠤ ᠬᠦᠷᠭᠡᠬᠦ ᠳᠤ ᠰᠢᠶᠤᠤ ᠬᠤᠩ ᠱᠠᠨ ᠰᠦᠢᠳᠬᠡᠯ ᠬᠤᠷᠢᠶᠠᠬᠤ ᠥᠷᠲᠡᠭᠡ ᠪᠠᠷ ᠥᠩᠭᠡᠷᠡᠵᠦ᠂ 30 ᠲᠥᠭᠦᠷᠢᠭ ᠤᠨ ᠰᠦᠢᠳᠬᠡᠯ ᠲᠤᠰᠢᠶᠠᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠰᠦᠢᠳᠬᠡᠯ ᠬᠤᠷᠢᠶᠠᠬᠤ ᠦᠭᠡᠶ ᠪᠠᠷ ᠵᠠᠮ ᠥᠩᠭᠡᠷᠡᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠬᠡᠷᠡᠭᠵᠢᠭᠦᠯᠬᠦ ᠶᠢ ᠬᠦᠰᠡᠵᠦ ᠪᠠᠶᠢᠨ᠎ᠠ᠃     10 . ᠰᠢᠩ ᠾᠧ ᠰᠢᠶᠠᠨ ᠤ ᠶᠡᠭᠡ ᠬᠦᠷᠢᠶ᠎ᠡ ᠰᠢᠶᠠᠩ ᠤᠨ ᠶᠡᠭᠡ ᠬᠦᠷᠢᠶ᠎ᠡ ᠲᠣᠰᠬᠤᠨ ᠳᠤ ᠤᠰᠤ ᠵᠤᠭᠰᠤᠭᠠᠳ 2 ᠰᠠᠷ᠎ᠠ ᠰᠢᠬᠠᠮ ᠪᠤᠯᠵᠤ ᠪᠤᠢ᠂ ᠰᠢᠯᠲᠠᠭᠠᠨ ᠢ ᠨᠢ ᠲᠦᠷᠭᠡᠬᠡᠨ ᠪᠠᠶᠢᠴᠠᠭᠠᠨ ᠳᠣᠲᠣᠯᠠᠵᠤ ᠬᠡᠪ ᠤᠨ ᠤᠰᠤᠨ ᠤ ᠬᠠᠩᠭᠠᠯᠭ᠎ᠠ ᠪᠠᠨ ᠰᠡᠷᠭᠦᠭᠡᠬᠦ ᠶᠢ ᠬᠦᠰᠡᠵᠦ ᠪᠠᠶᠢᠨ᠎ᠠ᠃     ︽ᠭᠤᠷᠪᠠ ᠶᠢ ᠠᠰᠠᠭᠤᠬᠤ︾ ᠠᠵᠢᠯᠯᠠᠭ᠎ᠠ ᠶᠢᠨ ᠠᠰᠠᠭᠤᠳᠠᠯ ᠤᠨ ᠨᠠᠷᠢᠨ ᠲᠠᠩᠰᠠ ᠶᠢ ᠰᠢᠢᠳᠪᠦᠷᠢᠯᠡᠵᠦ ᠳᠠᠭᠤᠰᠬᠠᠭᠰᠠᠨ ᠪᠠᠶᠢᠳᠠᠯ    1. ᠵᠢᠨᠢᠩ ᠲᠣᠭᠤᠷᠢᠭ ᠤᠨ ᠱᠧᠩ ᠱᠢ ᠰᠢᠨ᠎ᠡ ᠬᠤᠲᠠ ᠶᠢᠨ ᠵᠡᠭᠦᠨ ᠡᠭᠦᠳᠡᠨ ᠳᠤ ᠬᠠᠮᠲᠤ ᠪᠠᠷ ᠡᠳ᠋ᠯᠡᠬᠦ ᠶᠡᠭᠡ ᠬᠡᠮᠵᠢᠶᠡᠨ ᠤ ᠴᠠᠬᠢᠯᠭᠠᠨ ᠬᠥᠳᠡᠯᠭᠡᠭᠦᠷᠲᠦ ᠲᠡᠷᠭᠡ ᠲᠠᠯᠪᠢᠵᠤ᠂ ᠲᠡᠷᠭᠡ ᠬᠥᠰᠬᠡ ᠣᠷᠣᠵᠤ ᠭᠠᠷᠬᠤ ᠶᠢᠨ ᠠᠷᠭ᠎ᠠ ᠥᠬᠡᠶ ᠪᠣᠯᠤᠭᠰᠠᠨ ᠪᠠᠶᠢᠨ᠎ᠠ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠢᠨ ᠲᠡᠷᠭᠡ ᠵᠣᠭᠰᠣᠭᠠᠬᠤ ᠭᠠᠵᠠᠷ ᠢᠶᠠᠨ ᠰᠢᠯᠵᠢᠭᠦᠯᠵᠦ᠂ ᠣᠯᠠᠨ ᠲᠦᠮᠡᠨ ᠤ ᠶᠠᠪᠤᠵᠤ ᠰᠠᠭᠤᠬᠤ ᠳᠤ ᠲᠥᠬᠦᠮ ᠦᠵᠡᠭᠦᠯᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠬᠢᠭᠡᠳ ᠬᠠᠮᠲᠤ ᠪᠠᠷ ᠡᠳ᠋ᠯᠡᠬᠦ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠡᠵᠡᠩᠨᠡᠭᠴᠢ ᠲᠠᠢ ᠵᠥᠪᠳᠡᠯᠴᠡᠭᠰᠡᠨ ᠤ ᠳᠠᠷᠠᠭ᠎ᠠ᠂ ᠠᠳᠡ ᠵᠤᠭᠰᠤᠭᠠᠵᠤ ᠪᠠᠶᠢᠭᠰᠠᠨ ᠬᠠᠮᠲᠤ ᠪᠠᠷ ᠡᠳ᠋ᠯᠡᠬᠦ ᠴᠠᠬᠢᠯᠭᠠᠨ ᠬᠥᠳᠡᠯᠭᠡᠭᠦᠷᠲᠦ ᠲᠡᠷᠭᠡ ᠶᠢ ᠪᠦᠬᠦᠨ ᠢ ᠪᠤᠴᠠᠭᠠᠨ ᠠᠪᠠᠴᠢᠭᠰᠠᠨ ᠤ ᠬᠠᠮᠲᠤ ᠲᠡᠷᠭᠡ ᠵᠣᠭᠰᠣᠭᠠᠬᠤ ᠭᠠᠵᠠᠷ ᠢ ᠬᠦᠴᠦᠨ ᠥᠬᠡᠶ ᠪᠣᠯᠭᠠᠪᠠ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶    2 . ᠵᠢᠨᠢᠩ ᠲᠣᠭᠤᠷᠢᠭ ᠤᠨ ᠰᠢᠨ ᠶᠤᠸᠠᠨ ᠴᠧᠩ ᠬᠡᠤᠬᠡᠳ ᠤᠨ ᠴᠡᠴᠡᠷᠯᠢᠭ ᠤᠨ ᠬᠢᠨ ᠰᠠᠨᠠᠭᠠᠨ ᠲᠠᠪᠠ ᠪᠠᠷ ᠢᠶᠠᠨ ᠲᠡᠮᠦᠷ ᠬᠡᠷᠡᠰᠭᠡ ᠭᠠᠩᠨᠠᠵᠤ᠂ ᠰᠠᠭᠤᠭᠠᠯᠢ ᠲᠣᠭᠤᠷᠢᠭ ᠤᠨ ᠳᠣᠲᠣᠭᠠᠳᠤ ᠳᠠᠬᠢ ᠣᠯᠠᠨ ᠨᠡᠶᠢᠲᠡ ᠶᠢᠨ ᠲᠣᠭᠤᠷᠢᠭ ᠢ ᠡᠵᠡᠯᠡᠨ ᠬᠡᠷᠡᠭᠯᠡᠵᠦ᠂ ᠰᠠᠭᠤᠭᠠᠯᠢ ᠠᠷᠠᠳ ᠤᠨ ᠣᠷᠣᠵᠤ ᠭᠠᠷᠬᠤ ᠶᠢ ᠨᠥᠯᠥᠭᠡᠯᠡᠵᠤ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠠᠴᠠ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠴᠡᠭᠴᠡᠯᠡᠨ ᠵᠠᠰᠠᠬᠤ ᠶᠢ ᠳᠠᠭᠠᠭᠠᠯᠭᠠᠵᠤ᠂ ᠣᠳᠣᠬᠠᠨ᠎ᠠ ᠨᠢᠭᠡᠨᠲᠡ ᠪᠦᠬᠦᠨ ᠢ ᠨᠤᠷᠠᠭᠠᠪᠠ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶    3 . ᠵᠢᠨᠢᠩ ᠲᠣᠭᠤᠷᠢᠭ ᠤᠨ ᠬᠤᠸᠠ ᠱᠢ ᠳ᠋ᠠᠢ ᠰᠠᠭᠤᠭᠠᠯᠢ ᠲᠣᠭᠤᠷᠢᠭ ᠤᠨ ᠠᠭᠤᠯᠠᠨ ᠬᠤᠲᠠ ᠶᠢᠨ ᠦᠪᠡᠳᠡᠭᠰᠢ ᠳᠠᠶᠢᠯᠠᠯᠭ᠎ᠠ ᠬᠤᠭᠤᠯᠠᠨ ᠭᠡᠷ ᠤᠨ ᠪᠤᠬᠢᠷ ᠤᠰᠤᠨ ᠤ ᠬᠤᠭᠤᠯᠠᠶ ᠪᠥᠭᠯᠡᠷᠡᠵᠦ᠂ ᠪᠣᠬᠢᠷ ᠤᠰᠤ ᠨᠢ ᠰᠠᠭᠤᠭᠠᠯᠢ ᠠᠷᠠᠳ ᠤᠨ ᠬᠤᠶᠠᠳᠤᠭᠠᠷ ᠳᠠᠪᠬᠤᠷᠯᠢᠭ ᠤᠨ ᠬᠡᠷᠡᠮ ᠠᠴᠠ ᠨᠡᠷᠪᠡᠨ ᠭᠠᠷᠴᠤ᠂ ᠪᠦᠬᠦ᠋ᠢᠯᠡ ᠤᠷᠤᠴᠠ ᠶᠢᠨ ᠲᠣᠭᠤᠭᠠᠨ ᠬᠡᠷ ᠤᠨ ᠬᠢᠨ ᠪᠤᠬᠢᠷ ᠤᠰᠤ ᠪᠠᠨ ᠭᠠᠳᠠᠭᠰᠢᠯᠠᠭᠤᠯᠵᠤ ᠪᠣᠯᠬᠤ ᠥᠬᠡᠶ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠬᠢᠨᠠᠨ ᠨᠤᠳᠠᠯᠠᠭᠰᠠᠨ ᠢᠶᠠᠷ᠂ ᠠᠭᠤᠯᠠᠨ ᠬᠤᠲᠠ ᠶᠢᠨ ᠦᠪᠡᠳᠡᠭᠰᠢ ᠳᠠᠶᠢᠯᠠᠯᠭ᠎ᠠ ᠬᠤᠭᠤᠯᠠᠨ ᠭᠡᠷ ᠤᠰᠤ ᠭᠠᠳᠠᠭᠰᠢᠯᠠᠭᠤᠯᠬᠤ ᠬᠤᠭᠤᠯᠠᠶ ᠪᠠᠨ ᠳᠤᠷ᠎ᠠ ᠪᠠᠷ ᠥᠭᠡᠷᠡᠴᠢᠯᠡᠭᠰᠡᠨ ᠶᠠᠪᠤᠳᠠᠯ ᠥᠬᠡᠶ ᠪᠠᠶᠢᠨ᠎ᠠ᠃ ᠲᠣᠰ ᠠᠰᠠᠭᠤᠳᠠᠯ ᠳᠤ ᠬᠤᠯᠪᠣᠭᠳᠠᠭᠰᠠᠨ 5 ᠡᠷᠦᠬᠡ ᠰᠠᠭᠤᠭᠠᠯᠢ ᠠᠷᠠᠳ ᠥᠪᠡᠰᠦᠪᠡᠨ ᠪᠠᠯᠠ ᠴᠤᠭᠯᠠᠭᠤᠯᠵᠤ ᠠᠳᠠᠯ ᠠᠬᠤᠶ ᠶᠢᠨ ᠺᠣᠮᠫᠠᠨᠢ ᠳᠤ ᠨᠠᠶᠢᠳᠠᠵᠤ ᠰᠠᠭᠤᠭᠠᠯᠢ ᠠᠷᠠᠳ ᠤᠨ ᠤᠰᠤ ᠭᠠᠳᠠᠭᠰᠢᠯᠠᠭᠤᠯᠬᠤ ᠬᠤᠭᠤᠯᠠᠶ ᠶᠢ ᠰᠣᠯᠢᠵᠤ ᠵᠠᠰᠠᠭᠤᠯᠬᠤ ᠪᠠᠷ ᠰᠠᠨᠠᠯ ᠨᠢᠭᠡᠲᠡᠶ ᠵᠥᠪᠰᠢᠶᠡᠷᠡᠪᠡ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶    4 . ᠵᠢᠨᠢᠩ ᠲᠣᠭᠤᠷᠢᠭ ᠤᠨ ᠵᠢᠶᠠᠨ ᠴᠢᠶᠣᠤ ᠵᠠᠮ ᠤᠨ 14 ᠳ᠋ᠤᠭᠡᠷ ᠨᠣᠮᠧᠷᠲᠤ ᠪᠠᠶᠢᠰᠢᠩ ᠬᠡᠷ ᠤᠨ ᠲᠣᠭᠤᠷᠢᠭ ᠤᠨ ᠴᠠᠬᠢᠯᠭᠠᠨ ᠤᠲᠠᠰᠤ ᠨᠢ ᠬᠠᠭᠤᠴᠢᠷᠠᠵᠤ ᠣᠯᠠᠩᠬᠢ ᠠᠶᠢᠯ ᠤᠨ ᠬᠢᠨ ᠦᠷᠭᠦᠯᠵᠢ ᠴᠠᠬᠢᠯᠭᠠᠨ ᠵᠣᠭᠰᠣᠳᠠᠭ᠃    ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ ᠠᠴᠠ ᠨᠢᠭᠡᠨᠲᠡ ᠠᠵᠢᠯᠲᠠᠨ ᠢᠶᠠᠨ ᠳᠣᠭᠢᠷᠠᠭᠤᠯᠤᠨ ᠪᠠᠶᠢᠴᠠᠭᠠᠵᠤ᠂ ᠠᠮᠤᠷ ᠲᠦᠪᠰᠢᠨ ᠤ ᠬᠡᠮ ᠰᠤᠭᠤᠭ ᠲᠠᠢ ᠴᠠᠬᠢᠯᠭᠠᠨ ᠤᠳᠠᠰᠤ ᠶᠢ ᠴᠠᠭ ᠲᠤᠬᠠᠶ ᠳᠤᠨᠢ ᠰᠢᠢᠳᠪᠦᠷᠢᠯᠡᠵᠦ᠂ ᠲᠣᠰ ᠣᠷᠣᠨ ᠲᠤᠭᠤᠷᠢᠭ ᠤᠨ ᠰᠠᠭᠤᠭᠠᠯᠢ ᠠᠷᠠᠳ ᠤᠨ ᠬᠡᠪ ᠤᠨ ᠴᠠᠬᠢᠯᠭᠠᠨ ᠬᠡᠷᠡᠭᠯᠡᠬᠦ ᠶᠢ ᠦᠨᠡᠨᠬᠦ ᠪᠠᠲᠤᠯᠠᠬᠤ ᠪᠤᠯᠤᠨ᠎ᠠ᠂ ᠵᠢᠱᠢᠯᠲᠡ ᠪᠠᠷ 6 ᠳ᠋ᠤᠭᠠᠷ ᠰᠠᠷ᠎ᠠ ᠶᠢᠨ ᠰᠡᠭᠦᠯᠴᠢ ᠪᠠᠷ ᠠᠵᠢᠯ ᠢᠶᠠᠨ ᠳᠠᠭᠤᠰᠬᠠᠨ᠎ᠠ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶     5.  ᠴᠠᠬᠠᠷ ᠪᠠᠷᠠᠭᠤᠨ ᠭᠠᠷᠤᠨ ᠡᠮᠦᠨᠡᠳᠤ ᠬᠤᠰᠢᠭᠤᠨ ᠤ ᠯᠠᠨ ᠼᠦᠢ ᠶᠤᠸᠠᠨ ᠰᠠᠭᠤᠭᠠᠯᠢ ᠲᠤᠭᠤᠷᠢᠭ ᠲᠤ ᠪᠠᠶᠢᠭᠠᠯᠢ ᠶᠢᠨ ᠰᠢᠲᠠᠮᠠᠬᠠᠶ ᠬᠡᠶ ᠨᠡᠪᠲᠡᠷᠡᠭᠡᠳᠦᠶ ᠪᠠᠶᠢᠨ᠎ᠠ᠂ ᠤᠳᠤ ᠪᠠᠰᠠ ᠪᠠᠷᠢᠯᠭ᠎ᠠ ᠶᠢᠨ ᠴᠠᠬᠢᠯᠭᠠᠨ ᠬᠡᠮᠵᠢᠭᠦᠷ ᠢ ᠬᠡᠷᠡᠭᠯᠡᠵᠤ ᠪᠠᠶᠢᠨ᠎ᠠ᠂ ᠴᠠᠬᠢᠯᠭᠠᠨ ᠤ ᠰᠦᠢᠳᠬᠡᠯ ᠢ ᠠᠳᠠᠯ ᠠᠬᠤᠶ ᠶᠢᠨ ᠬᠢᠨ ᠣᠷᠣᠯᠠᠨ ᠬᠤᠷᠢᠶᠠᠵᠤ ︵ᠵᠢᠷᠤᠮᠵᠢᠭᠤᠨ ᠪᠤᠰᠤ︶ ᠪᠤᠢ᠂ ᠲᠦᠭᠡᠭᠡᠯ ᠤᠰᠤᠨ ᠤ ᠲᠠᠷᠤᠯᠳᠠ ᠨᠢ ᠲᠤᠤᠷ᠎ᠠ ᠪᠦᠭᠡᠳ ᠦᠷᠭᠦᠯᠵᠢ ᠤᠰᠤ ᠵᠣᠭᠰᠣᠳᠠᠭ᠂ ᠠᠳᠠᠯ ᠠᠬᠤᠶ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠨᠢ ᠳᠣᠤᠷ᠎ᠠ ᠪᠦᠭᠡᠳ ᠬᠤᠷᠢᠶᠠᠬᠤ ᠰᠦᠢᠳᠬᠡᠯ ᠨᠢ ᠶᠡᠭᠡ ᠵᠡᠷᠭᠡ ᠠᠰᠠᠭᠤᠳᠠᠯ ᠢ ᠰᠢᠢᠳᠪᠤᠷᠢᠯᠡᠬᠦ ᠴᠢᠬᠤᠯᠠᠳᠠᠢ᠃    ᠰᠢᠢᠳᠪᠦᠷᠢᠯᠡᠭᠰᠡᠨ ᠪᠠᠶᠢᠳᠠᠯ᠄ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠠᠭ ᠰᠠᠶᠢᠬᠠᠨ ᠰᠠᠭᠤᠭᠠᠯᠢ ᠲᠣᠭᠤᠷᠢᠭ ᠤᠨ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠶᠢᠨ ᠲᠣᠤᠷ ᠢ ᠰᠢᠯᠭᠠᠨ ᠬᠤᠷᠢᠶᠠᠵᠤ᠂ ᠠᠮᠤᠷ ᠲᠦᠪᠰᠢᠨ ᠤ ᠨᠥᠬᠦᠴᠡᠯ ᠳᠤ ᠭᠦᠷᠦᠭᠰᠡᠨ ᠤᠷᠢᠲᠠᠯ ᠳᠣᠤᠷ᠎ᠠ ᠪᠠᠶᠢᠭᠠᠯᠢ ᠶᠢᠨ ᠰᠢᠲᠠᠮᠠᠬᠠᠶ ᠬᠡᠶ ᠶᠢ ᠵᠠᠯᠭᠠᠨ ᠨᠡᠪᠲᠡᠷᠡᠭᠦᠯᠬᠦ ᠶᠢ ᠦᠨᠡᠨᠬᠦ ᠪᠠᠲᠤᠯᠠᠨ᠎ᠠ︔ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠴᠠᠬᠢᠯᠭᠠᠨ ᠬᠠᠩᠭᠠᠯᠭ᠎ᠠ ᠶᠢᠨ ᠬᠤᠪᠢᠶᠠᠷᠢ ᠲᠣᠪᠴᠢᠶ᠎ᠠ ᠲᠠᠢ ᠬᠠᠮᠵᠢᠯᠴᠠᠨ ᠰᠠᠷ᠎ᠠ ᠶᠢᠨ ᠰᠡᠭᠦᠯᠴᠢ ᠠᠴᠠ ᠡᠮᠦᠨ᠎ᠡ ᠵᠢᠵᠢᠭ ᠲᠣᠭᠤᠷᠢᠭ ᠤᠨ ᠴᠠᠬᠢᠯᠭᠠᠨ ᠬᠡᠮᠵᠢᠭᠦᠷ ᠢ ᠰᠢᠨᠡᠳᠬᠡᠨ ᠤᠭᠰᠠᠷᠠᠵᠤ ᠳᠠᠭᠤᠰᠬᠠᠨ᠎ᠠ︔ ᠴᠠᠬᠢᠯᠭᠠᠨ ᠬᠠᠩᠭᠠᠬᠤ ᠬᠡᠯᠬᠢᠶ᠎ᠡ ᠶᠢ ᠨᠢᠭᠡᠨᠲᠡ ᠬᠤᠣᠰ ᠪᠢᠲᠡᠭᠦᠦ ᠬᠡᠯᠬᠢᠶ᠎ᠡ ᠪᠣᠯᠭᠠᠨ ᠥᠭᠡᠷᠡᠴᠢᠯᠡᠵᠦ᠂ ︽ᠴᠠᠬᠢᠯᠭᠠᠨ ᠵᠣᠭᠰᠣᠬᠤ ᠠᠴᠠ ᠪᠤᠯᠵᠤ ᠬᠡᠪ ᠤᠨ ᠤᠰᠤ ᠬᠠᠩᠭᠠᠯᠭ᠎ᠠ ᠶᠢ ᠨᠥᠯᠥᠭᠡᠯᠡᠬᠦ︾ ᠠᠰᠠᠭᠤᠳᠠᠯ ᠢ  ᠰᠢᠢᠳᠪᠦᠷᠢᠯᠡᠪᠡ︔ ᠡᠭᠦᠨ ᠤ ᠬᠠᠮᠲᠤ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠥᠮᠴᠢᠲᠡᠨ ᠤ ᠵᠥᠪᠯᠡᠯ ᠢ ᠵᠣᠬᠢᠶᠠᠨ ᠪᠠᠶᠢᠭᠤᠯᠵᠤ ᠂ ︽ᠠᠳᠠᠯ ᠠᠬᠤᠶ ᠶᠢᠨ ᠬᠠᠮᠢᠶᠠᠷᠤᠯᠲᠠ ᠶᠢᠨ ᠲᠦᠷᠢᠮ︾ ᠤᠨ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠠᠳᠠᠯ ᠠᠬᠤᠶ ᠶᠢᠨ ᠺᠣᠮᠫᠠᠨᠢ ᠲᠠᠢ ᠬᠠᠮᠲᠤ ᠪᠠᠷ ᠬᠠᠮᠢᠶᠠᠷᠤᠯᠲᠠ ᠦᠢᠯᠡᠴᠢᠯᠡᠭᠡ ᠪᠠ ᠰᠦᠢᠳᠬᠡᠯ ᠬᠤᠷᠢᠶᠠᠬᠤ ᠪᠠᠷᠢᠮᠵᠢᠶ᠎ᠠ ᠶᠢ ᠵᠥᠪᠳᠡᠯᠴᠡᠬᠦ ᠪᠤᠯᠤᠨ᠎ᠠ᠃ ︵ᠲᠠᠭᠠᠭᠠᠨ ᠭᠦᠢᠴᠡᠳᠭᠡᠬᠦ ᠨᠢᠭᠡᠴᠢ᠄ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ︶    6. ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠠᠭᠤᠭᠠᠯᠢ ᠲᠣᠭᠤᠷᠢᠭ ᠤᠨ ᠡᠪᠦᠯ ᠤᠨ ᠤᠯᠠᠷᠢᠯ ᠤᠨ ᠳᠤᠯᠠᠭᠠᠯᠭ᠎ᠠ ᠶᠢᠨ ᠢᠯᠴᠢ ᠬᠦᠷᠦᠯᠴᠡᠬᠦ ᠥᠬᠡᠶ᠂ ᠵᠣᠨ ᠤ ᠤᠯᠠᠷᠢᠯ ᠳᠤ ᠬᠡᠷ ᠤᠨ ᠣᠷᠣᠶ ᠠᠴᠠ ᠨᠢ ᠪᠣᠷᠣᠭᠠᠨ ᠤ ᠤᠰᠤ ᠭᠤᠭᠤᠵᠢᠵᠤ᠂ ᠵᠠᠮ ᠨᠢ ᠬᠦᠨᠳᠦ ᠨᠣᠴᠢᠲᠠᠶ ᠡᠪᠳᠡᠷᠡᠵᠦ ᠰᠦᠢᠳᠦᠭᠰᠡᠨ ᠪᠣᠯᠬᠤᠷ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠰᠢᠢᠳᠪᠦᠷᠢᠯᠡᠵᠦ ᠥᠭᠬᠦ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠬᠢᠨᠠᠨ ᠨᠤᠳᠠᠯᠠᠭᠰᠠᠨ ᠢᠶᠠᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠤᠯᠠᠭᠠᠯᠭ᠎ᠠ ᠶᠢᠨ ᠪᠠᠶᠢᠳᠠᠯ ᠴᠥᠮ ᠤᠯᠤᠰ ᠤᠨ ᠪᠠᠷᠢᠮᠵᠢᠶ᠎ᠠ ᠳᠤ ᠬᠦᠷᠴᠦ᠂ ᠳᠤᠯᠠᠭᠠᠯᠭ᠎ᠠ ᠶᠢᠨ ᠢᠯᠴᠢ ᠬᠦᠷᠦᠯᠴᠡᠬᠦ ᠥᠬᠡᠶ ᠠᠰᠠᠭᠤᠳᠠᠯ ᠣᠷᠣᠰᠢᠬᠤ ᠥᠬᠡᠶ︔ ᠣᠲᠣ ᠶᠠᠭ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠢ ᠢᠳᠡᠪᠬᠢᠲᠡᠶ ᠪᠠᠷ ᠵᠣᠬᠢᠶᠠᠨ ᠪᠠᠶᠢᠭᠤᠯᠵᠤ ᠠᠳᠠᠯ ᠠᠬᠤᠶ ᠶᠢᠨ ᠰᠡᠯᠪᠢᠨ ᠵᠠᠰᠠᠬᠤ ᠰᠠᠭᠤᠷᠢ ᠮᠥᠩᠭᠦ ᠶᠢ ᠲᠤᠰᠢᠶᠠᠵᠤ ᠪᠠᠶᠢᠨ᠎ᠠ᠂ ᠵᠢᠱᠢᠯᠲᠡ ᠪᠠᠷ 8 ᠰᠠᠷ᠎ᠠ ᠶᠢᠨ ᠰᠡᠭᠦᠯᠴᠢ ᠠᠴᠠ ᠡᠮᠦᠨ᠎ᠡ ᠰᠠᠭᠤᠷᠢ ᠮᠥᠩᠭᠦ ᠭᠤᠶᠤᠴᠢᠯᠠᠬᠤ ᠪᠠᠷ ᠳᠡᠮᠵᠢᠨ ᠬᠡᠷ ᠤᠨ ᠣᠷᠣᠶ ᠪᠠᠷ ᠪᠣᠷᠣᠭᠠᠨ ᠤ ᠤᠰᠤ ᠭᠤᠭᠤᠵᠢᠬᠤ ᠠᠰᠠᠭᠤᠳᠠᠯ ᠢ ᠰᠢᠢᠳᠪᠤᠷᠢᠯᠡᠬᠦ ᠪᠤᠯᠤᠨ᠎ᠠ︔ ᠣᠳᠣᠬᠠᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠶ᠋ᠯ ᠲᠠᠢ ᠤᠶᠠᠯᠳᠤᠭᠤᠯᠤᠨ᠂ ᠵᠢᠱᠢᠯᠲᠡ ᠪᠠᠷ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠠᠭᠤᠭᠠᠯᠢ ᠲᠣᠭᠤᠷᠢᠭ ᠤᠨ ᠵᠠᠮ ᠢ ᠰᠡᠯᠪᠢᠨ ᠵᠠᠰᠠᠨ᠎ᠠ᠃ ︵ᠳᠠᠭᠠᠭᠠᠨ ᠭᠦᠢᠴᠡᠳᠬᠡᠬᠦ ᠨᠢᠭᠡᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ︶    7. ᠬᠤᠲᠠ ᠶᠢᠨ ᠠᠷᠠᠳ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠢᠯᠢ ᠰᠢᠶᠠᠩ ᠳᠤ ᠰᠠᠭᠤᠵᠤ ᠪᠠᠶᠢᠳᠠᠭ᠂ ᠡᠳᠦᠷ ᠪᠦᠷᠢ ᠬᠡᠤᠬᠡᠳ ᠢᠶᠠᠨ ᠵᠢᠨᠢᠩ ᠤᠨ ᠰᠤᠷᠭᠠᠭᠤᠯᠢ ᠳᠤ ᠬᠦᠷᠭᠡᠬᠦ ᠳᠤ ᠰᠢᠶᠤᠤ ᠬᠤᠩ ᠱᠠᠨ ᠰᠦᠢᠳᠬᠡᠯ ᠬᠤᠷᠢᠶᠠᠬᠤ ᠥᠷᠲᠡᠭᠡ ᠪᠠᠷ ᠥᠩᠭᠡᠷᠡᠵᠦ᠂ 30 ᠲᠥᠭᠦᠷᠢᠭ ᠤᠨ ᠰᠦᠢᠳᠬᠡᠯ ᠬᠤᠷᠢᠶᠠᠨ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠰᠦᠢᠳᠬᠡᠯ ᠬᠤᠷᠢᠶᠠᠬᠤ ᠥᠬᠡᠶ ᠪᠠᠷ ᠵᠠᠮ ᠦᠩᠭᠡᠷᠡᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠬᠡᠷᠡᠭᠵᠢᠭᠦᠯᠬᠦ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠬᠢᠨᠠᠨ ᠨᠤᠳᠠᠯᠠᠭᠰᠠᠨ ᠢᠶᠠᠷ᠂ ᠲᠣᠰ ᠵᠠᠮ ᠤᠨ ᠬᠡᠰᠡᠭ ᠲᠤ ︽ᠨᠢᠭᠡᠳᠦᠯᠲᠡᠶ  ᠰᠦᠢᠳᠬᠡᠯ ᠬᠤᠷᠢᠶᠠᠬᠤ ᠵᠠᠰᠠᠮᠠᠯ ᠵᠠᠮ ᠤᠨ ᠲᠡᠷᠭᠡᠨ ᠤ ᠬᠡᠯᠪᠡᠷᠢ ᠶᠢᠨ ᠲᠥᠷᠥᠯ ᠠᠩᠭᠢᠯᠠᠯ ᠳᠤ ᠲᠣᠬᠢᠷᠠᠭᠤᠯᠤᠯᠲᠠ ᠬᠢᠬᠦ ᠪᠠ ᠲᠡᠷᠭᠡ ᠬᠥᠰᠬᠡ ᠶᠢᠨ ᠨᠡᠪᠲᠡᠷᠡᠬᠦ  ᠰᠦᠢᠳᠬᠡᠯ ᠤᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠡᠮᠬᠢᠯᠡᠨ ᠨᠡᠶᠢᠯᠡᠭᠦᠯᠬᠦ ᠲᠤᠬᠠᠶ ᠮᠡᠳᠡᠭᠳᠡᠯ︾ ᠤᠨ ᠲᠤᠷᠰᠢᠨ ᠬᠡᠷᠡᠭᠵᠢᠭᠦᠯᠬᠦ ︵ᠥᠪᠥᠷ ᠲᠠᠷᠬᠠᠭᠠᠭᠰᠠᠨ ᠦᠨ᠎ᠡ ᠥᠭᠡᠷᠡᠴᠢᠯᠡᠬᠦ ᠰᠦᠢᠳᠬᠡᠯ ᠥᠰᠥᠭ ︹ 2021 ︺ 816 ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ ᠶᠣᠰᠣᠭᠠᠷ ᠰᠦᠢᠳᠬᠡᠯ ᠬᠤᠷᠢᠶᠠᠨ᠎ᠠ᠃ ᠡᠭᠦᠨ ᠤ ᠬᠠᠮᠲᠤ ᠪᠢᠴᠢᠭ ᠮᠠᠲ᠋ᠧᠷᠢᠶᠠᠯ ᠳᠤ ︽ᠰᠦᠢᠳᠬᠡᠯ ᠬᠤᠷᠢᠶᠠᠬᠤ ᠦᠷᠳᠡᠭᠡᠨ ᠤ ᠡᠷᠬᠢᠨ ᠲᠣᠭᠤᠷᠢᠨ ᠤ ᠲᠣᠰᠬᠤᠨ ᠤ ᠠᠷᠠᠳ ᠤᠨ ᠶᠠᠪᠤᠵᠤ ᠰᠠᠭᠤᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠰᠦᠢᠳᠬᠡᠯ ᠬᠤᠷᠢᠶᠠᠬᠤ ᠦᠷᠳᠡᠭᠡᠨ ᠤ 10 ᠺᠢᠯᠣᠮᠧᠲᠷ ᠤᠨ ᠬᠡᠪᠴᠢᠶᠡᠨ ᠳᠠᠬᠢ ᠲᠣᠰᠬᠤᠨ ᠤ ᠠᠷᠠᠳ ᠤᠨ ᠥᠪᠡᠷ ᠤᠨ ᠵᠢᠵᠢᠭ ᠮᠠᠰᠢᠨ ᠢᠶᠠᠷ ᠦᠩᠭᠡᠷᠡᠬᠦ ᠳᠤ ᠰᠦᠢᠳᠬᠡᠯ ᠬᠤᠷᠢᠶᠠᠬᠤ ᠥᠬᠡᠶ ᠪᠠᠷ ᠨᠡᠪᠲᠡᠷᠡᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠣᠯᠭᠤᠨ᠎ᠠ ︾ ᠭᠡᠵᠦ ᠲᠣᠭᠲᠠᠭᠠᠵᠠᠶ᠂ ᠲᠣᠭᠲᠠᠭᠠᠯ ᠳᠤ ᠨᠡᠶᠢᠴᠡᠭᠰᠡᠨ ᠰᠠᠭᠤᠭᠠᠯᠢ ᠠᠷᠠᠳ ᠬᠠᠮᠢᠶ᠎ᠠ ᠪᠥᠬᠦᠶ ᠮᠠᠲ᠋ᠧᠷᠢᠶᠠᠯ ᠢᠶᠠᠨ ᠰᠢᠶᠤᠤ ᠬᠤᠩ ᠱᠠᠨ ᠰᠦᠢᠳᠬᠡᠯ ᠬᠤᠷᠢᠶᠠᠬᠤ ᠦᠷᠳᠡᠭᠡᠨ ᠳᠤ ᠬᠦᠷᠭᠡᠵᠦ ᠬᠠᠮᠢᠶ᠎ᠠ ᠪᠥᠬᠦᠶ ᠭᠠᠷ ᠭᠦᠢᠴᠡᠳᠬᠡᠯ ᠢ ᠭᠦᠢᠴᠡᠳᠬᠡᠨ᠎ᠡ᠃ ︵ᠲᠠᠭᠠᠭᠠᠨ ᠭᠦᠢᠴᠡᠳᠭᠡᠬᠦ ᠨᠢᠭᠡᠴᠢ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ︶     8 . ᠳᠥᠷᠪᠡᠳ ᠬᠤᠰᠢᠭᠤᠨ ᠤ ᠰᠢᠤᠸᠠᠢ ᠹᠦ᠋ ᠴᠡᠴᠡᠷᠯᠢᠭ ᠰᠠᠭᠤᠭᠠᠯᠢ ᠲᠣᠭᠤᠷᠢᠭ ᠤᠨ 4 ᠳ᠋ᠤᠭᠡᠷ ᠨᠣᠮᠧᠷᠲᠤ ᠠᠰᠠᠷ ᠤᠨ ᠬᠢᠨ 2020 ᠣᠨ ᠤ ᠡᠪᠦᠯ ᠲᠦᠯᠬᠢᠭᠦᠷ ᠢᠶᠠᠨ ᠲᠤᠰᠢᠶᠠᠭᠰᠠᠨ ᠪᠤᠯᠪᠠᠴᠤ ᠤᠳᠤ ᠪᠣᠯᠲᠠᠯ᠎ᠠ ᠤᠰᠤ ᠴᠠᠬᠢᠯᠭᠠᠨ ᠨᠡᠪᠲᠡᠷᠡᠭᠡ ᠦᠭᠡᠢ ᠠᠴᠠ ᠵᠠᠰᠠᠵᠤ ᠴᠢᠮᠡᠭᠯᠡᠬᠦ ᠶᠢᠨ ᠠᠷᠭ᠎ᠠ ᠦᠭᠡᠢ ᠪᠠᠶᠢᠵᠤ᠂ ᠳᠠᠷᠤᠢ ᠲᠦᠷᠭᠡᠨ ᠢᠵᠢ ᠪᠦᠷᠢᠳᠦᠭᠦᠯᠵᠦ ᠥᠮᠴᠢᠲᠡᠨ ᠤ ᠣᠷᠣᠵᠤ ᠰᠠᠭᠤᠬᠤ ᠳᠤ ᠲᠦᠬᠦᠮ ᠦᠵᠡᠭᠦᠯᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠳᠥᠷᠪᠡᠳ ᠬᠤᠰᠢᠭᠤᠨ ᠤ ᠵᠠᠰᠠᠭ ᠤᠨ ᠣᠷᠳᠣᠨ ᠠᠴᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠢ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠲᠠᠢ ᠪᠣᠯᠵᠣᠨ ᠶᠠᠷᠢᠯᠴᠠᠭᠤᠯᠵᠤ᠂ ᠣᠲᠣ ᠨᠢᠭᠡᠨᠲᠡ ᠴᠠᠬᠢᠯᠭᠠᠨ ᠬᠠᠩᠭᠠᠵᠤ ᠤᠰᠤ ᠨᠡᠪᠲᠡᠷᠡᠭᠦᠯᠪᠡ᠂ ᠪᠤᠴᠠᠵᠤ ᠨᠡᠭᠦᠬᠦ ᠡᠷᠦᠬᠡ ᠨᠢ ᠬᠡᠷ ᠢᠶᠠᠨ ᠵᠠᠰᠠᠵᠤ ᠴᠢᠮᠡᠭᠯᠡᠨ ᠰᠠᠭᠤᠵᠤ ᠪᠣᠯᠤᠨ᠎ᠠ᠃ ︵ᠲᠠᠭᠠᠭᠠᠨ ᠭᠦᠢᠴᠡᠳᠭᠡᠬᠦ ᠨᠢᠭᠡᠴᠢ᠄ ᠳᠥᠷᠪᠡᠳ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ︶     9 . ᠰᠢᠩ ᠾᠧ ᠰᠢᠶᠠᠨ ᠤ ᠰᠢᠩ ᠶᠦᠩ ᠴᠧᠩ ᠰᠠᠭᠤᠭᠠᠯᠢ ᠲᠣᠭᠤᠷᠢᠭ ᠤᠨ ᠢᠵᠢ ᠪᠦᠷᠢᠳᠦᠭᠦᠯᠬᠦ ᠲᠥᠬᠦᠭᠡᠷᠦᠮᠵᠢ ᠨᠢ ᠤᠷᠲᠤ ᠬᠤᠭᠤᠴᠠᠭ᠎ᠠ ᠪᠠᠷ ᠲᠡᠭᠦᠯᠳᠡᠷᠵᠢᠭᠡ ᠦᠭᠡᠶ ᠪᠠᠶᠢᠭᠰᠠᠭᠠᠷ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠦᠷᠭᠡᠬᠡᠨ ᠲᠡᠭᠦᠯᠳᠡᠷᠵᠢᠭᠦᠯᠬᠦ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠰᠢᠩ ᠾᠧ ᠰᠢᠶᠠᠨ ᠤ ᠰᠢᠩ ᠶᠦᠩ ᠴᠧᠩ ᠰᠠᠭᠤᠭᠠᠯᠢ ᠲᠣᠭᠤᠷᠢᠭ ᠤᠨ ᠡᠷᠬᠢᠨ ᠲᠣᠭᠤᠷᠢᠨ ᠤ ᠬᠤᠲᠠ ᠶᠢᠨ ᠶᠠᠪᠤᠳᠠᠯ ᠤᠨ ᠢᠵᠢ ᠪᠦᠷᠢᠳᠦᠭᠦᠯᠬᠦ ᠲᠦᠬᠦᠭᠡᠷᠤᠮᠵᠢ ᠶᠢ ᠨᠢᠭᠡᠨᠲᠡ ᠪᠠᠶᠢᠭᠤᠯᠵᠤ ᠳᠠᠭᠤᠰᠬᠠᠪᠠ᠂ ᠰᠠᠭᠤᠭᠠᠯᠢ ᠲᠣᠭᠤᠷᠢᠭ ᠤᠨ ᠠᠵᠢᠯ ᠢᠶᠠᠨ ᠲᠤᠰᠢᠶᠠᠭᠠᠳᠤᠶ ᠤᠴᠢᠷ ᠠᠴᠠ ᠳᠣᠲᠣᠭᠠᠳᠤ ᠳᠠᠬᠢ ᠢᠵᠢ ᠪᠦᠷᠢᠳᠦᠭᠦᠯᠬᠦ ᠲᠦᠬᠦᠭᠡᠷᠤᠮᠵᠢ ᠶᠢ 10 ᠰᠠᠷ᠎ᠠ ᠶᠢᠨ ᠰᠡᠭᠦᠯᠴᠢ ᠪᠠᠷ ᠳᠠᠭᠤᠰᠬᠠᠬᠤ ᠪᠠᠷ ᠵᠢᠱᠢᠵᠦ ᠪᠣᠶ᠃ ︵ᠲᠠᠭᠠᠭᠠᠨ ᠭᠦᠢᠴᠡᠳᠭᠡᠬᠦ ᠨᠢᠭᠡᠴᠢ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ︶    10 . ᠰᠢᠩ ᠾᠧ ᠰᠢᠶᠠᠨ ᠤ ᠶᠡᠭᠡ ᠬᠦᠷᠢᠶ᠎ᠡ ᠰᠢᠶᠠᠩ ᠤᠨ ᠶᠡᠭᠡ ᠬᠦᠷᠢᠶ᠎ᠡ ᠲᠣᠰᠬᠤᠨ ᠳᠤ ᠤᠰᠤ ᠵᠤᠭᠰᠤᠭᠠᠳ 2 ᠰᠠᠷ᠎ᠠ ᠰᠢᠬᠠᠮ ᠪᠤᠯᠵᠤ ᠪᠤᠢ᠂ ᠰᠢᠯᠲᠠᠭᠠᠨ ᠢ ᠨᠢ ᠲᠦᠷᠭᠡᠬᠡᠨ ᠪᠠᠶᠢᠴᠠᠭᠠᠨ ᠳᠣᠲᠣᠯᠠᠵᠤ ᠬᠡᠪ ᠤᠨ ᠤᠰᠤᠨ ᠤ ᠬᠠᠩᠭᠠᠯᠭ᠎ᠠ ᠪᠠᠨ ᠰᠡᠷᠭᠦᠭᠡᠬᠦ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠰᠢᠩ ᠾᠧ ᠰᠢᠶᠠᠨ ᠤ ᠵᠠᠰᠠᠭ ᠤᠨ ᠣᠷᠳᠣᠨ ᠠᠴᠠ ᠬᠤᠯᠪᠣᠭᠳᠠᠯ ᠪᠥᠬᠦᠶ ᠨᠢᠭᠡᠴᠢ ᠶᠢ ᠡᠪᠳᠡᠭᠳᠡᠵᠤ ᠰᠦᠢᠳᠦᠭᠰᠡᠨ ᠭᠤᠤᠷᠰᠤ ᠬᠤᠭᠤᠯᠠᠶ ᠶᠢ ᠰᠡᠯᠪᠢᠨ ᠵᠠᠰᠠᠬᠤ ᠬᠡᠷᠡᠭᠲᠡᠶ ᠭᠡᠵᠦ ᠳᠠᠭᠠᠭᠠᠯᠭᠠᠪᠠ᠂ ᠣᠲᠣ ᠪᠥᠬᠦ ᠲᠣᠰᠬᠤᠨ ᠤ ᠲᠦᠭᠡᠭᠡᠯ ᠤᠰᠤᠨ ᠤ ᠬᠠᠩᠭᠠᠯᠭ᠎ᠠ ᠨᠢᠭᠡᠨᠲᠡ ᠬᠡᠪ ᠤᠨ ᠪᠠᠶᠢᠳᠠᠯ ᠳᠠᠭᠠᠨ ᠣᠷᠣᠪᠠ᠃ ︵ᠲᠠᠭᠠᠭᠠᠨ ᠭᠦᠢᠴᠡᠳᠭᠡᠬᠦ ᠨᠢᠭᠡᠴᠢ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ︶
 
ᠢᠷᠡᠯᠲᠡ᠄ ᠤᠯᠠᠭᠠᠨᠴᠠᠪ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2