︽ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠰᠢᠷᠢᠰ ᠮᠡᠳᠡᠭᠡᠯᠡᠯ ︵ᠵᠢᠷᠭᠤᠭ᠎ᠠ︶
ᠨᠡᠶᠢᠲᠡᠯᠡᠭᠰᠡᠨ ᠴᠠᠭ᠄
2021/11/23
     ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠤᠮᠳᠠ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠠᠵᠢᠯᠯᠠᠭ᠎ᠠ ᠥᠷᠨᠢᠭᠦᠯᠬᠦ ᠲᠤᠬᠠᠶ ᠨᠠᠮ ᠤᠨ ᠲᠥᠪ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠢᠨ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ᠂ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ ᠠᠰᠠᠭᠤᠬᠤ᠂ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ ︽ᠭᠤᠷᠪᠠ ᠶᠢ ᠠᠰᠠᠭᠤᠬᠤ︾ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠨᠡᠶᠢᠭᠡᠮ ᠤᠨ ᠡᠯ᠎ᠡ ᠡᠲᠡᠭᠡᠳ ᠪᠠ ᠥᠷᠭᠡᠨ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠠᠰᠠᠭᠤᠳᠠᠯ ᠤᠨ ᠨᠠᠷᠢᠨ ᠲᠠᠩᠰᠠ ᠶᠢ ᠬᠤᠷᠢᠶᠠᠩᠭᠤᠶᠢᠯᠠᠨ ᠡᠮᠬᠢᠯᠡᠵᠦ᠂ ᠡᠭᠦᠨ ᠤ ᠤᠯᠠᠮ ᠠᠴᠠ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ ᠶᠢᠨ ︽ᠭᠤᠷᠪᠠ ᠶᠢ ᠠᠰᠠᠭᠤᠬᠤ︾ ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠ ᠶᠢ ᠲᠣᠭᠲᠠᠭᠠᠭᠰᠠᠨ ᠪᠠᠶᠢᠨ᠎ᠠ᠃ ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠣᠲᠣ ᠨᠡᠶᠢᠭᠡᠮ ᠲᠠᠶᠠᠭᠠᠷ ᠲᠤ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠦᠢᠯᠡᠳᠦᠯᠭᠡ ᠶᠢᠨ ᠠᠵᠢᠯᠯᠠᠭ᠎ᠠ ᠶᠢᠨ ᠦᠢᠯᠡᠴᠢᠯᠡᠭᠡᠨ ᠤ  ᠵᠦᠢᠯᠡᠰ ᠤᠨ ᠨᠠᠷᠢᠨ ᠲᠠᠩᠰᠠ ᠪᠠ ᠠᠰᠠᠭᠤᠳᠠᠯ ᠢ ᠰᠢᠢᠳᠪᠦᠷᠢᠯᠡᠭᠰᠡᠨ ᠦᠷ᠎ᠡ ᠳ᠋ᠦᠩ ᠢ ᠨᠡᠶᠢᠲᠡᠯᠡᠵᠦ᠂ ᠠᠷᠠᠳ ᠣᠯᠠᠨ ᠤ ᠬᠢᠨᠠᠯᠲᠠ ᠪᠠ ᠦᠨᠡᠯᠡᠯᠲᠡ ᠶᠢ ᠤᠬᠠᠮᠰᠠᠷ ᠠᠴᠠ ᠪᠠᠨ ᠬᠦᠯᠢᠶᠡᠬᠦ ᠪᠤᠯᠤᠨ᠎ᠠ᠃     ︽ᠭᠤᠷᠪᠠ ᠶᠢ ᠠᠰᠠᠭᠤᠬᠤ︾ ᠠᠵᠢᠯᠯᠠᠭ᠎ᠠ ᠶᠢᠨ ᠠᠰᠠᠭᠤᠳᠠᠯ ᠤᠨ ᠨᠠᠷᠢᠨ ᠲᠠᠩᠰᠠ     1 . ᠵᠢᠨᠢᠩ ᠲᠣᠭᠤᠷᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠡᠷᠭᠡ᠂ ᠤᠰᠤ ᠰᠦᠷᠴᠢᠬᠦ ᠲᠡᠷᠭᠡ ᠬᠦᠮᠦᠰ ᠤᠨ ᠠᠵᠢᠯ ᠳᠤ ᠭᠠᠷᠬᠤ ᠣᠷᠭᠢᠯ ᠤᠨ ᠬᠤᠭᠤᠴᠠᠭᠠᠨ ᠳᠤ ᠠᠵᠢᠯᠯᠠᠳᠠᠭ ᠠᠴᠠ ᠲᠡᠷᠭᠡ ᠬᠥᠰᠬᠡ ᠲᠦᠭᠵᠢᠷᠡᠳᠡᠭ ᠪᠠᠶᠢᠨ᠎ᠠ᠂ ᠠᠵᠢᠯ ᠳᠤ ᠭᠠᠷᠬᠤ ᠣᠷᠭᠢᠯ ᠤᠨ ᠬᠤᠭᠤᠴᠠᠭ᠎ᠠ ᠲᠠᠢ ᠴᠠᠭ ᠰᠤᠯᠢᠪᠴᠠᠭᠤᠯᠤᠨ ᠠᠵᠢᠯᠯᠠᠵᠤ᠂ ᠭᠤᠤᠯ ᠵᠠᠮ ᠢᠶᠠᠷ ᠰᠠᠭᠠᠳ ᠥᠬᠡᠶ ᠨᠡᠪᠲᠡᠷᠡᠬᠦᠯᠬᠦ ᠶᠢ ᠬᠦᠰᠡᠵᠦ ᠪᠠᠶᠢᠨ᠎ᠠ᠃     2 . ᠵᠢᠨᠢᠩ ᠲᠣᠭᠤᠷᠢᠭ ᠤᠨ ᠭᠤᠷᠪᠠᠳᠤᠭᠠᠷ ᠵᠠᠮ ᠤᠨ ᠴᠤᠤᠶᠠᠩ ᠰᠢᠨ᠎ᠡ ᠲᠣᠰᠬᠤᠨ ᠰᠠᠭᠤᠭᠠᠯᠢ ᠠᠷᠠᠳ ᠤᠨ ᠲᠣᠭᠤᠷᠢᠭ᠂ ᠷᠦᠢ ᠰᠢᠨ ᠶᠤᠸᠠᠨ ᠰᠠᠭᠤᠭᠠᠯᠢ ᠲᠣᠭᠤᠷᠢᠭ ᠤᠨ ᠬᠡᠷ ᠪᠠᠶᠢᠰᠢᠩ ᠤᠨ ᠦᠨᠡᠮᠯᠡᠯ ᠢ ᠬᠡᠵᠢᠶ᠎ᠡ ᠭᠦᠢᠴᠡᠳᠬᠡᠵᠦ ᠪᠣᠯᠬᠤ ᠪᠣᠶ︖ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠰᠢᠪᠠᠳᠠᠨ ᠰᠢᠢᠳᠪᠦᠷᠢᠯᠡᠭᠦᠯᠵᠦ᠂ ᠤᠷᠤᠨ ᠰᠠᠭᠤᠴᠠ ᠭᠠᠵᠠᠷ ᠬᠥᠷᠥᠩᠭᠡ ᠶᠢᠨ ᠦᠯᠡᠳᠡᠭᠳᠡᠯ ᠠᠰᠠᠭᠤᠳᠠᠯ ᠢ ᠲᠦᠷᠭᠡᠬᠡᠨ  ᠰᠢᠢᠳᠪᠦᠷᠢᠯᠡᠬᠦ ᠶᠢ ᠬᠦᠰᠡᠵᠦ ᠪᠠᠶᠢᠨ᠎ᠠ᠃     3 . ᠵᠢᠨᠢᠩ ᠲᠣᠭᠤᠷᠢᠭ ᠤᠨ ᠵᠢᠶᠠ ᠾᠧ ᠰᠢᠨ ᠶᠤᠸᠠᠨ ᠰᠠᠭᠤᠭᠠᠯᠢ ᠲᠣᠭᠤᠷᠢᠭ ᠤᠨ ᠨᠡᠶᠢᠲᠡ ᠶᠢᠨ ᠲᠦᠷᠢᠶᠡᠰᠦᠨ ᠬᠡᠷ ᠪᠠᠶᠢᠰᠢᠩ ᠤᠨ ᠬᠠᠮᠢᠶᠠᠷᠤᠯᠲᠠ ᠶᠢᠨ ᠥᠷᠲᠡᠭᠡ ᠶᠢᠨ ᠲᠠᠷᠬᠠᠭᠠᠭᠰᠠᠨ ᠨᠣᠮᠧᠷ ᠨᠢ ᠴᠥᠭᠡᠨ ᠪᠤᠯᠤᠭᠰᠠᠨ ᠠᠴᠠ ᠰᠦᠢᠳᠬᠡᠯ ᠲᠤᠰᠢᠶᠠᠬᠤ ᠳᠤ ᠬᠦᠴᠢᠷᠲᠡᠶ ᠪᠣᠯᠵᠣ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠃     4 . ᠵᠢᠨᠢᠩ ᠲᠣᠭᠤᠷᠢᠭ ᠤᠨ ᠾᠧ ᠱᠦᠨ ᠰᠠᠭᠤᠭᠠᠯᠢ ᠲᠣᠭᠤᠷᠢᠭ ᠤᠨ ᠪᠠᠷᠠᠭᠤᠨ ᠡᠭᠦᠳᠡᠨ ᠳᠠᠬᠢ ᠮᠠᠰᠢᠨᠲᠤ ᠲᠡᠷᠭᠡᠨ ᠤ ᠵᠠᠮ ᠪᠠ ᠮᠠᠰᠢᠨᠲᠤ ᠪᠤᠰᠤ ᠲᠡᠷᠭᠡᠨ ᠤ ᠵᠠᠮ ᠳᠤᠮᠳᠠᠬᠢ ᠨᠣᠭᠤᠭᠠᠷᠠᠭᠤᠯᠤᠯᠲᠠ ᠶᠢᠨ ᠮᠣᠳᠣ ᠨᠢ ᠥᠨᠳᠥᠷ ᠠᠴᠠ ᠬᠠᠷᠠᠭ᠎ᠠ ᠶᠢ ᠬᠠᠯᠬᠠᠯᠠᠳᠠᠭ᠂ ᠰᠠᠭᠤᠭᠠᠯᠢ ᠲᠤᠭᠤᠷᠢᠭ ᠲᠤ ᠣᠷᠣᠬᠤ ᠵᠠᠮ ᠨᠢ ᠢᠪᠴᠤᠤ ᠠᠴᠠ ᠵᠠᠮ ᠬᠠᠷᠢᠯᠴᠠᠭᠠᠨ ᠤ ᠠᠳᠡᠯ ᠭᠠᠷᠴᠤ ᠮᠡᠳᠡᠨ᠎ᠠ᠂ ᠰᠢᠢᠳᠪᠦᠷᠢᠯᠡᠵᠦ ᠥᠭᠬᠦ ᠪᠣᠯᠪᠠᠤ᠃     5 . ᠵᠢᠨᠢᠩ ᠲᠣᠭᠤᠷᠢᠭ ᠤᠨ ᠠᠷᠠᠳ ᠤᠨ ᠴᠡᠴᠡᠷᠯᠢᠭ ᠤᠨ ᠪᠡᠶ᠎ᠡ ᠴᠢᠭᠢᠷᠠᠭᠵᠢᠭᠤᠯᠬᠤ ᠪᠠᠭᠠᠵᠢ ᠲᠦᠬᠦᠭᠡᠷᠤᠮᠵᠢ ᠬᠦᠨᠳᠦ ᠨᠣᠴᠢᠲᠠᠶ ᠡᠪᠳᠡᠭᠳᠡᠵᠤ  ᠰᠦᠢᠳᠦᠭᠰᠡᠨ ᠪᠣᠯᠬᠤᠷ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠬᠠᠪᠰᠤᠷᠤᠨ ᠰᠡᠯᠪᠢᠨ ᠵᠠᠰᠠᠵᠤ᠂ ᠨᠦᠬᠦᠪᠦᠷᠢᠯᠡᠨ ᠪᠦᠷᠢᠳᠦᠭᠦᠯᠬᠦ ᠶᠢ ᠬᠦᠰᠡᠵᠦ ᠪᠠᠶᠢᠨ᠎ᠠ᠃     6 . ᠹᠧᠩᠵᠧᠨ ᠬᠤᠲᠠ ᠶᠢᠨ ᠭᠤᠸᠠᠨ ᠳᠦᠨ ᠪᠦᠦ ᠰᠢᠶᠠᠩ ᠤᠨ ᠬᠡᠰᠡᠭ ᠲᠣᠰᠬᠤᠨ ᠤ ᠨᠡᠶᠢᠲᠡ ᠶᠢᠨ ᠵᠣᠷᠯᠣᠩ ᠳᠤ ᠭᠡᠷᠡᠯᠲᠦᠭᠦᠯᠭᠡ ᠶᠢᠨ ᠴᠠᠬᠢᠯᠭᠠᠨ ᠡᠭᠦᠰᠭᠡᠭᠴᠢ ᠪᠠ ᠭᠡᠷᠡᠯᠲᠦᠭᠦᠯᠭᠡ ᠶᠢᠨ ᠲᠥᠬᠦᠭᠡᠷᠦᠮᠵᠢ ᠪᠠᠶᠢᠬᠤ ᠥᠬᠡᠶ ᠪᠣᠯᠬᠤᠷ ᠣᠯᠠᠨ ᠲᠦᠮᠡᠨ ᠰᠥᠨᠢ ᠳᠡᠭᠡᠨ ᠵᠣᠷᠯᠣᠩ ᠳᠤ ᠤᠷᠤᠬᠤ ᠳᠤ ᠳᠥᠭᠦᠮ ᠦᠭᠡᠢ ᠪᠠᠶᠢᠨ᠎ᠠ᠃     7 . ᠹᠧᠩᠵᠧᠨ ᠬᠤᠲᠠ ᠶᠢᠨ ᠬᠥᠳᠡᠭᠡ ᠲᠣᠰᠬᠤᠨ ᠤ ᠪᠠᠶᠢᠷᠢᠨ ᠳᠤ ᠰᠠᠭᠤᠬᠤ ᠳᠦᠷᠢᠮᠲᠦ ᠰᠤᠷᠤᠭᠴᠢᠳ ᠤᠨ ᠰᠢᠮ᠎ᠡ ᠲᠡᠵᠢᠭᠡᠯ ᠨᠢ ᠳᠠᠭᠠᠵᠤ ᠠᠮᠵᠢᠬᠤ ᠦᠭᠡᠶ ᠪᠣᠯᠬᠤᠷ ᠰᠤᠷᠤᠭᠴᠢᠳ ᠤᠨ ᠡᠳᠦᠷ ᠪᠦᠷᠢ ᠶᠢᠨ ᠥᠷᠯᠥᠭᠡ ᠶᠢᠨ ᠬᠤᠭᠤᠯᠠᠨ ᠳᠤ ᠲᠠᠬᠢᠶᠠᠨ ᠥᠨᠳᠡᠭᠡ ᠨᠡᠮᠡᠵᠦ ᠥᠭᠬᠦ ᠶᠢ ᠬᠦᠰᠡᠵᠦ ᠪᠠᠶᠢᠨ᠎ᠠ᠃     8 . ᠯᠢᠶᠠᠩᠴᠧᠩ ᠰᠢᠶᠠᠨ ᠤ ᠮᠠᠩᠬᠠᠨ ᠪᠠᠯᠭᠠᠰᠤᠨ ᠤ ᠼᠠᠢ ᠶᠤᠸᠠᠨ ᠽᠢ ᠵᠠᠰᠠᠭ ᠵᠠᠬᠢᠷᠭᠠᠨ ᠤ ᠲᠣᠰᠬᠤᠨ ᠳᠤ ᠵᠢᠯ ᠪᠦᠷᠢ ᠶᠢᠨ ᠬᠠᠪᠤᠷ ᠭᠠᠵᠠᠷ ᠳᠣᠤᠷᠠᠬᠢ ᠤᠰᠤᠨ ᠤ ᠲᠦᠪᠰᠢᠨ ᠳᠣᠷᠣᠭᠰᠢᠯᠠᠬᠤ ᠠᠴᠠ ᠪᠣᠯᠵᠣ ᠬᠥᠮᠦᠨ ᠮᠠᠯ ᠲᠦᠭᠡᠭᠡᠯ ᠤᠰᠤ ᠶᠢ ᠬᠡᠪ ᠤᠨ ᠪᠠᠶᠢᠳᠠᠯ ᠢᠶᠠᠷ ᠬᠡᠷᠡᠭᠯᠡᠵᠤ ᠳᠡᠶᠢᠯᠬᠦ ᠥᠬᠡᠶ ᠪᠠᠶᠢᠳᠠᠭ᠂ ᠡᠭᠦᠨ ᠢ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠰᠢᠢᠳᠪᠦᠷᠢᠯᠡᠵᠦ ᠦᠭᠬᠦ ᠶᠢ ᠬᠦᠰᠡᠵᠦ ᠪᠠᠶᠢᠨ᠎ᠠ᠃     9 . ᠯᠢᠶᠠᠩᠴᠧᠩ ᠰᠢᠶᠠᠨ ᠤ ᠬᠤᠩ ᠮᠤᠤ ᠪᠠᠯᠭᠠᠰᠤᠨ ᠤ ᠵᠢᠩ ᠭᠸᠤ ᠲᠤᠰᠬᠤᠨ ᠤ ᠲᠦᠭᠡᠭᠡᠯ ᠤᠰᠤᠨ ᠤ ᠪᠤᠷᠳᠤᠭᠤ ᠶᠢ ᠤᠳᠠᠭᠠᠨ ᠵᠢᠯ ᠦᠯᠦ ᠵᠠᠰᠠᠨ᠂ ᠬᠦᠨᠳᠦ ᠨᠣᠴᠢᠲᠠᠶ ᠢᠳᠡᠭᠳᠡᠵᠤ ᠦᠷᠭᠦᠯᠵᠢ ᠤᠰᠤ ᠵᠣᠭᠰᠣᠳᠠᠭ᠂ ᠡᠨᠡᠬᠦ ᠪᠠᠶᠢᠳᠠᠯ ᠨᠢᠭᠡᠨᠲᠡ 3 ᠵᠢᠯ ᠦᠷᠭᠦᠯᠵᠢᠯᠡᠵᠦ᠂ ᠪᠦᠬᠦ ᠲᠣᠰᠬᠤᠨ ᠤ 400 ᠡᠷᠦᠬᠡ ᠶᠢᠨ 1000 ᠭᠠᠷᠤᠶ ᠠᠷᠠᠳ ᠤᠨ ᠤᠰᠤ ᠤᠮᠳᠠ ᠶᠢᠨ ᠠᠮᠤᠷ ᠲᠦᠪᠰᠢᠨ ᠢ ᠨᠥᠯᠥᠭᠡᠯᠡᠵᠤ ᠪᠠᠶᠢᠨ᠎ᠠ᠃     10 . ᠱᠠᠩᠳᠤ ᠰᠢᠶᠠᠨ ᠤ ᠫᠢᠩ ᠠᠨ ᠪᠠᠭ᠎ᠠ ᠰᠤᠷᠭᠠᠭᠤᠯᠢ ᠶᠢᠨ 2021 ᠣᠨ ᠤ ᠪᠠᠶᠢᠷᠢ ᠳᠤ ᠰᠠᠭᠤᠬᠤ ᠰᠤᠷᠤᠭᠴᠢᠳ ᠤᠨ ᠨᠥᠬᠦᠪᠥᠷᠢ ᠶᠢ ᠰᠤᠷᠤᠭᠴᠢᠳ ᠲᠤ ᠣᠯᠭᠤᠭ᠎ᠠ ᠦᠭᠡᠶ ᠪᠠᠶᠢᠨ᠎ᠠ᠂ ᠵᠠᠰᠠᠭ ᠤᠨ ᠣᠷᠳᠣᠨ ᠠᠴᠠ ᠠᠯᠢ ᠲᠦᠷᠭᠡᠨ ᠢᠶᠠᠷ ᠣᠯᠭᠤᠬᠤ ᠶᠢ ᠬᠦᠰᠡᠵᠦ ᠪᠠᠶᠢᠨ᠎ᠠ᠃     ︽ᠭᠤᠷᠪᠠ ᠶᠢ ᠠᠰᠠᠭᠤᠬᠤ︾ ᠠᠵᠢᠯᠯᠠᠭ᠎ᠠ ᠶᠢᠨ ᠠᠰᠠᠭᠤᠳᠠᠯ ᠤᠨ ᠨᠠᠷᠢᠨ ᠲᠠᠩᠰᠠ ᠶᠢ ᠰᠢᠢᠳᠪᠦᠷᠢᠯᠡᠵᠦ ᠳᠠᠭᠤᠰᠬᠠᠭᠰᠠᠨ ᠪᠠᠶᠢᠳᠠᠯ    1. ᠵᠢᠨᠢᠩ ᠲᠣᠭᠤᠷᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠡᠷᠭᠡ᠂ ᠤᠰᠤ ᠰᠦᠷᠴᠢᠬᠦ ᠲᠡᠷᠭᠡ ᠬᠦᠮᠦᠰ ᠤᠨ ᠠᠵᠢᠯ ᠳᠤ ᠭᠠᠷᠬᠤ ᠣᠷᠭᠢᠯ ᠤᠨ ᠬᠤᠭᠤᠴᠠᠭᠠᠨ ᠳᠤ ᠠᠵᠢᠯᠯᠠᠳᠠᠭ ᠠᠴᠠ ᠲᠡᠷᠭᠡ ᠬᠥᠰᠬᠡ ᠲᠦᠭᠵᠢᠷᠡᠳᠡᠭ ᠪᠠᠶᠢᠨ᠎ᠠ᠂ ᠠᠵᠢᠯ ᠳᠤ ᠭᠠᠷᠬᠤ ᠣᠷᠭᠢᠯ ᠤᠨ ᠬᠤᠭᠤᠴᠠᠭ᠎ᠠ ᠲᠠᠢ ᠴᠠᠭ ᠰᠤᠯᠢᠪᠴᠠᠭᠤᠯᠤᠨ ᠠᠵᠢᠯᠯᠠᠵᠤ᠂ ᠭᠤᠤᠯ ᠵᠠᠮ ᠢᠶᠠᠷ ᠰᠠᠭᠠᠳ ᠥᠬᠡᠶ ᠨᠡᠪᠲᠡᠷᠡᠬᠦᠯᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠬᠢᠨ ᠨᠢᠭᠡᠨᠲᠡ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠡᠷᠭᠡ᠂ ᠤᠰᠤ ᠰᠦᠷᠴᠢᠬᠦ ᠲᠡᠷᠭᠡ ᠶᠢᠨ ᠠᠵᠢᠯᠯᠠᠬᠤ ᠴᠠᠭ ᠲᠤ ᠲᠣᠬᠢᠷᠠᠭᠤᠯᠤᠯᠲᠠ ᠬᠢᠵᠦ᠂ 8᠄ 00 — 9᠄ 00᠂ 17᠄ 30 — 19᠄ 00 ᠵᠡᠷᠭᠡ ᠣᠷᠭᠢᠯ ᠤᠨ ᠬᠤᠭᠤᠴᠠᠭᠠᠨ ᠳᠤ ᠳᠠᠭᠢᠵᠤ ᠠᠵᠢᠯᠯᠠᠬᠤ ᠥᠬᠡᠶ ᠪᠠᠶᠢᠵᠤ᠂ ᠭᠤᠤᠯ ᠵᠠᠮ ᠤᠨ ᠰᠠᠭᠠᠳ ᠥᠬᠡᠶ ᠨᠡᠪᠲᠡᠷᠡᠬᠦ ᠶᠢ ᠪᠠᠲᠤᠯᠠᠪᠠ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶      2. ᠵᠢᠨᠢᠩ ᠲᠣᠭᠤᠷᠢᠭ ᠤᠨ ᠭᠤᠷᠪᠠᠳᠤᠭᠠᠷ ᠵᠠᠮ ᠤᠨ ᠴᠤᠤᠶᠠᠩ ᠰᠢᠨ᠎ᠡ ᠲᠣᠰᠬᠤᠨ ᠰᠠᠭᠤᠭᠠᠯᠢ ᠠᠷᠠᠳ ᠤᠨ ᠲᠣᠭᠤᠷᠢᠭ᠂ ᠷᠦᠢ ᠰᠢᠨ ᠶᠤᠸᠠᠨ ᠰᠠᠭᠤᠭᠠᠯᠢ ᠲᠣᠭᠤᠷᠢᠭ ᠤᠨ ᠬᠡᠷ ᠪᠠᠶᠢᠰᠢᠩ ᠤᠨ ᠦᠨᠡᠮᠯᠡᠯ ᠢ ᠬᠡᠵᠢᠶ᠎ᠡ ᠭᠦᠢᠴᠡᠳᠬᠡᠵᠦ ᠪᠣᠯᠬᠤ ᠪᠣᠶ᠂ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠱᠠᠯᠠᠪᠳᠠᠨ ᠰᠢᠢᠳᠪᠦᠷᠢᠯᠡᠭᠦᠯᠵᠦ᠂ ᠤᠷᠤᠨ ᠰᠠᠭᠤᠴᠠ ᠭᠠᠵᠠᠷ ᠬᠥᠷᠥᠩᠭᠡ ᠶᠢᠨ ᠦᠯᠡᠳᠡᠭᠳᠡᠯ ᠠᠰᠠᠭᠤᠳᠠᠯ ᠢ ᠲᠦᠷᠭᠡᠬᠡᠨ  ᠰᠢᠢᠳᠪᠦᠷᠢᠯᠡᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠴᠤᠤᠶᠠᠩ ᠰᠢᠨ᠎ᠡ ᠲᠣᠰᠬᠤᠨ ᠰᠠᠭᠤᠭᠠᠯᠢ ᠲᠣᠭᠤᠷᠢᠭ ᠲᠤ ᠵᠢᠱᠢᠯᠲᠡ ᠪᠠᠷ 7 ᠰᠠᠷ᠎ᠠ ᠶᠢᠨ ᠳᠤᠮᠳᠠᠴᠢ ᠪᠠᠷ ᠥᠯᠥ ᠬᠥᠳᠡᠯᠬᠦ ᠬᠥᠷᠥᠩᠭᠡ ᠶᠢᠨ ᠠᠩᠬᠠᠨ ᠤ ᠳᠡᠩᠰᠡᠯᠡᠯᠲᠡ ᠶᠢ ᠪᠡᠶᠡᠯᠡᠭᠦᠯᠵᠦ᠂ ᠲᠤᠬᠠᠶ ᠶᠢᠨ ᠦᠶ᠎ᠡ ᠳᠤ ᠬᠥᠮᠦᠰ ᠬᠠᠮᠢᠶ᠎ᠠ ᠪᠥᠬᠦᠶ ᠮᠠᠲ᠋ᠧᠷᠢᠶᠠᠯ ᠢᠶᠠᠨ ᠠᠪᠴᠤ ᠥᠯᠥ ᠬᠥᠳᠡᠯᠬᠦ ᠬᠥᠷᠥᠩᠭᠡ ᠶᠢᠨ ᠦᠨᠡᠮᠯᠡᠯ ᠠᠪᠴᠤ ᠪᠣᠯᠤᠨ᠎ᠠ︔ ᠷᠦᠢ ᠰᠢᠨ ᠶᠤᠸᠠᠨ ᠰᠠᠭᠤᠭᠠᠯᠢ ᠲᠣᠭᠤᠷᠢᠭ ᠨᠢ ᠲᠡᠮᠦᠷ ᠵᠠᠮ ᠤᠨ ᠥᠪᠡᠰᠦᠪᠡᠨ ᠪᠠᠶᠢᠭᠤᠯᠤᠭᠰᠠᠨ ᠰᠠᠭᠤᠭᠠᠯᠢ ᠲᠣᠭᠤᠷᠢᠭ ᠲᠤ ᠬᠠᠷᠢᠶᠠᠯᠠᠭᠳᠠᠨ᠎ᠠ᠂ ᠲᠡᠮᠦᠷ ᠵᠠᠮ ᠤᠨ ᠬᠡᠷ ᠪᠠᠶᠢᠰᠢᠩ ᠤᠨ ᠬᠠᠮᠢᠶᠠᠷᠤᠯᠲᠠ ᠶᠢᠨ ᠲᠣᠪᠴᠢᠶ᠎ᠠ ᠠᠴᠠ ᠲᠣᠰ ᠰᠠᠭᠤᠭᠠᠯᠢ ᠲᠣᠭᠤᠷᠢᠭ ᠲᠤ ᠥᠯᠥ ᠬᠥᠳᠡᠯᠬᠦ ᠬᠥᠷᠥᠩᠭᠡ ᠶᠢᠨ ᠠᠩᠬᠠᠨ ᠤ ᠳᠡᠩᠰᠡᠯᠡᠯᠲᠡ ᠶᠢ ᠪᠡᠶᠡᠯᠡᠭᠦᠯᠵᠦ᠂ ᠬᠥᠮᠦᠰ ᠨᠢ ᠬᠤᠯᠪᠣᠭᠳᠠᠯ ᠪᠥᠬᠦᠶ ᠮᠠᠲ᠋ᠧᠷᠢᠶᠠᠯ ᠢᠶᠠᠨ ᠠᠪᠴᠤ ᠥᠯᠥ ᠬᠥᠳᠡᠯᠬᠦ ᠬᠥᠷᠥᠩᠭᠡ ᠶᠢᠨ ᠦᠨᠡᠮᠯᠡᠯ ᠠᠪᠴᠤ ᠪᠣᠯᠤᠨ᠎ᠠ᠃ ︵ᠲᠠᠭᠠᠭᠠᠨ ᠭᠦᠢᠴᠡᠳᠭᠡᠬᠦ  ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶    3. ᠵᠢᠨᠢᠩ ᠲᠣᠭᠤᠷᠢᠭ ᠤᠨ ᠵᠢᠶᠠ ᠾᠧ ᠰᠢᠨ ᠶᠤᠸᠠᠨ ᠰᠠᠭᠤᠭᠠᠯᠢ ᠲᠣᠭᠤᠷᠢᠭ ᠤᠨ ᠨᠡᠶᠢᠲᠡ ᠶᠢᠨ ᠲᠦᠷᠢᠶᠡᠰᠦᠨ ᠬᠡᠷ ᠪᠠᠶᠢᠰᠢᠩ ᠤᠨ ᠬᠠᠮᠢᠶᠠᠷᠤᠯᠲᠠ ᠶᠢᠨ ᠥᠷᠲᠡᠭᠡ ᠶᠢᠨ ᠲᠠᠷᠬᠠᠭᠠᠭᠰᠠᠨ ᠨᠣᠮᠧᠷ ᠨᠢ ᠴᠥᠭᠡᠨ ᠪᠤᠯᠤᠭᠰᠠᠨ ᠠᠴᠠ ᠰᠦᠢᠳᠬᠡᠯ ᠲᠤᠰᠢᠶᠠᠬᠤ ᠳᠤ ᠬᠦᠴᠢᠷᠲᠡᠶ ᠪᠣᠯᠵᠣ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠬᠢᠨᠠᠨ ᠪᠠᠶᠢᠴᠠᠭᠠᠭᠰᠠᠨ ᠢᠶᠠᠷ᠂ ᠰᠢᠨ᠎ᠡ ᠲᠣᠭᠤᠷᠢᠭ ᠲᠤ ᠵᠥᠪᠬᠡᠨ ᠾᠧ ᠱᠦᠨ ᠰᠠᠭᠤᠭᠠᠯᠢ ᠲᠣᠭᠤᠷᠢᠭ ᠤᠨ ᠨᠡᠶᠢᠲᠡ ᠶᠢᠨ ᠲᠦᠷᠢᠶᠡᠰᠦᠨ ᠬᠡᠷ ᠪᠠᠶᠢᠰᠢᠩ ᠤᠨ ᠬᠠᠮᠢᠶᠠᠷᠤᠯᠲᠠ ᠶᠢᠨ ᠥᠷᠲᠡᠭᠡ ᠯᠡ ᠰᠦᠢᠳᠬᠡᠯ ᠦᠷᠭᠦᠯᠵᠢᠯᠡᠨ ᠲᠤᠰᠢᠶᠠᠬᠤ ᠠᠵᠢᠯ ᠢ  ᠭᠦᠢᠴᠡᠳᠬᠡᠵᠦ ᠪᠣᠯᠤᠨ᠎ᠠ᠂ ᠪᠠᠲᠤᠯᠠᠭ᠎ᠠ ᠶᠢᠨ ᠡᠷᠦᠬᠡ ᠶᠢᠨ ᠦᠷᠭᠦᠯᠵᠢᠯᠡᠨ ᠰᠦᠢᠳᠬᠡᠯ ᠲᠤᠰᠢᠶᠠᠬᠤ ᠳᠤ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠵᠢᠨᠢᠩ ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠲᠥᠪ ᠨᠢ ᠵᠢᠶᠠ ᠾᠧ ᠰᠢᠨ ᠶᠤᠸᠠᠨ ᠰᠠᠭᠤᠭᠠᠯᠢ ᠲᠣᠭᠤᠷᠢᠭ ᠤᠨ ᠡᠮᠦᠨ᠎ᠡ ᠡᠭᠦᠳᠡᠨ ᠳᠤ ᠬᠠᠮᠢᠶᠠᠷᠤᠯᠲᠠ ᠶᠢᠨ ᠥᠷᠲᠡᠭᠡ ᠪᠠᠶᠢᠭᠤᠯᠵᠤ᠂ ᠵᠢᠱᠢᠯᠲᠡ ᠪᠠᠷ 6 ᠰᠠᠷ᠎ᠠ ᠶᠢᠨ ᠰᠡᠭᠦᠯᠴᠢ ᠠᠴᠠ ᠡᠬᠢᠯᠡᠵᠦ ᠬᠡᠷᠡᠭᠯᠡᠬᠦ ᠪᠠᠷ ᠪᠠᠶᠢᠨ᠎ᠠ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶     4. ᠵᠢᠨᠢᠩ ᠲᠣᠭᠤᠷᠢᠭ ᠤᠨ ᠾᠧ ᠱᠦᠨ ᠰᠠᠭᠤᠭᠠᠯᠢ ᠲᠣᠭᠤᠷᠢᠭ ᠤᠨ ᠪᠠᠷᠠᠭᠤᠨ ᠡᠭᠦᠳᠡᠨ ᠳᠠᠬᠢ ᠮᠠᠰᠢᠨᠲᠤ ᠲᠡᠷᠭᠡᠨ ᠤ ᠵᠠᠮ ᠪᠠ ᠮᠠᠰᠢᠨᠲᠤ ᠪᠤᠰᠤ ᠲᠡᠷᠭᠡᠨ ᠤ ᠵᠠᠮ ᠳᠤᠮᠳᠠᠬᠢ ᠨᠣᠭᠤᠭᠠᠷᠠᠭᠤᠯᠤᠯᠲᠠ ᠶᠢᠨ ᠮᠣᠳᠣ ᠨᠢ ᠨᠡᠯᠢᠶᠡᠳ ᠥᠨᠳᠥᠷ ᠠᠴᠠ ᠬᠠᠷᠠᠭ᠎ᠠ ᠶᠢ ᠬᠠᠯᠬᠠᠯᠠᠳᠠᠭ᠂ ᠰᠠᠭᠤᠭᠠᠯᠢ ᠲᠤᠭᠤᠷᠢᠭ ᠲᠤ ᠤᠷᠤᠬᠤ ᠵᠠᠮ ᠨᠢ ᠢᠪᠴᠤᠤ ᠠᠴᠠ ᠵᠠᠮ ᠬᠠᠷᠢᠯᠴᠠᠭᠠᠨ ᠤ ᠠᠳᠡᠯ ᠭᠠᠷᠴᠤ ᠮᠡᠳᠡᠨ᠎ᠡ᠂ ᠰᠢᠢᠳᠪᠦᠷᠢᠯᠡᠵᠦ ᠥᠭᠬᠦ ᠪᠣᠯᠪᠠᠤ᠃    ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠬᠢᠨ ᠨᠢᠭᠡᠨᠲᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠲᠣᠰ ᠣᠷᠣᠨ ᠪᠦᠰᠡ ᠶᠢᠨ ᠲᠤᠰᠠᠭᠠᠷᠯᠠᠬᠤ ᠪᠦᠰᠡ ᠶᠢᠨ ᠳᠣᠲᠣᠷᠠᠬᠢ ᠨᠢᠯᠬ᠎ᠠ ᠮᠣᠳᠣ ᠶᠢ ᠵᠠᠰᠠᠨ ᠰᠡᠯᠪᠢᠵᠦ᠂ ᠨᠡᠪᠲᠡᠷᠬᠡᠢ ᠴᠢᠨᠠᠷ ᠢ ᠨᠡᠮᠡᠭᠳᠡᠭᠦᠯᠦᠨ᠂ ᠮᠠᠰᠢᠨᠲᠤ ᠲᠡᠷᠭᠡᠨ ᠤ ᠵᠠᠮ ᠪᠣᠯᠤᠨ ᠮᠠᠰᠢᠨᠲᠤ ᠪᠤᠰᠤ ᠲᠡᠷᠭᠡᠨ ᠤ ᠵᠠᠮ ᠤᠨ ᠬᠠᠷᠠᠭᠠᠨ ᠱᠤᠭᠤᠮ ᠤᠨ ᠥᠷᠭᠡᠵᠢᠯ ᠢ ᠦᠨᠡᠨᠬᠦ ᠪᠠᠲᠤᠯᠠᠬᠤ ᠬᠡᠷᠡᠭᠲᠡᠶ ᠭᠡᠵᠦ ᠳᠠᠭᠠᠭᠠᠯᠭᠠᠵᠠᠶ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶     5. ᠵᠢᠨᠢᠩ ᠲᠣᠭᠤᠷᠢᠭ ᠤᠨ ᠠᠷᠠᠳ ᠤᠨ ᠴᠡᠴᠡᠷᠯᠢᠭ ᠤᠨ ᠪᠡᠶ᠎ᠡ ᠴᠢᠭᠢᠷᠠᠭᠵᠢᠭᠤᠯᠬᠤ ᠪᠠᠭᠠᠵᠢ ᠲᠦᠬᠦᠭᠡᠷᠦᠮᠵᠢ ᠬᠦᠨᠳᠦ ᠨᠣᠴᠢᠲᠠᠶ ᠡᠪᠳᠡᠭᠳᠡᠵᠦ  ᠰᠦᠢᠳᠦᠭᠰᠡᠨ ᠪᠣᠯᠬᠤᠷ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠬᠠᠪᠰᠤᠷᠤᠨ ᠰᠡᠯᠪᠢᠨ ᠵᠠᠰᠠᠵᠤ᠂ ᠨᠥᠬᠦᠪᠥᠷᠢᠯᠡᠨ ᠪᠦᠷᠢᠳᠦᠭᠦᠯᠬᠦ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠬᠢᠨ ᠨᠢᠭᠡᠨᠲᠡ 20 ᠢᠵᠢ ᠪᠡᠶ᠎ᠡ ᠴᠢᠭᠢᠷᠠᠭᠵᠢᠭᠤᠯᠬᠤ ᠲᠥᠬᠦᠭᠡᠷᠦᠮᠵᠢ ᠬᠤᠳᠠᠯᠳᠤᠨ ᠠᠪᠴᠤ ᠡᠪᠳᠡᠷᠡᠵᠦ ᠰᠦᠢᠳᠦᠭᠰᠡᠨ ᠪᠠᠭᠠᠵᠢ ᠬᠡᠷᠡᠭᠰᠡᠯ ᠢ ᠰᠣᠯᠢᠬᠤ ᠪᠠᠷ ᠭᠤᠶᠤᠴᠢᠯᠠᠵᠠᠢ᠂ ᠵᠢᠱᠢᠯᠲᠡ ᠪᠠᠷ 7 ᠰᠠᠷ᠎ᠠ ᠶᠢᠨ ᠰᠡᠭᠦᠯᠴᠢ ᠪᠠᠷ ᠠᠰᠢᠭᠯᠠᠯᠲᠠ ᠳᠤ ᠣᠷᠣᠭᠤᠯᠤᠨ᠎ᠠ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶     6. ᠹᠧᠩᠵᠧᠨ ᠬᠤᠲᠠ ᠶᠢᠨ ᠭᠤᠸᠠᠨ ᠳᠦᠨ ᠪᠦᠦ ᠰᠢᠶᠠᠩ ᠤᠨ ᠬᠡᠰᠡᠭ ᠲᠣᠰᠬᠤᠨ ᠤ ᠨᠡᠶᠢᠲᠡ ᠶᠢᠨ ᠵᠣᠷᠯᠣᠩ ᠳᠤ ᠭᠡᠷᠡᠯᠲᠦᠭᠦᠯᠭᠡ ᠶᠢᠨ ᠴᠠᠬᠢᠯᠭᠠᠨ ᠡᠭᠦᠰᠭᠡᠭᠴᠢ ᠪᠠ ᠭᠡᠷᠡᠯᠲᠦᠭᠦᠯᠭᠡ ᠶᠢᠨ ᠲᠥᠬᠦᠭᠡᠷᠦᠮᠵᠢ ᠪᠠᠶᠢᠬᠤ ᠥᠬᠡᠶ ᠪᠣᠯᠬᠤᠷ ᠣᠯᠠᠨ ᠲᠦᠮᠡᠨ ᠰᠥᠨᠢ ᠳᠡᠭᠡᠨ ᠵᠣᠷᠯᠣᠩ ᠳᠤ ᠤᠷᠤᠬᠤ ᠳᠤ ᠳᠥᠭᠦᠮ ᠦᠭᠡᠢ ᠪᠠᠶᠢᠨ᠎ᠡ᠃     ᠰᠢᠢᠳᠪᠦᠷᠢᠯᠡᠭᠰᠡᠨ ᠪᠠᠶᠢᠳᠠᠯ᠄ ᠹᠧᠩᠵᠧᠨ ᠬᠤᠲᠠ ᠨᠢᠭᠡᠨᠲᠡ ᠭᠤᠸᠠᠨ ᠳᠦᠨ ᠪᠦᠦ ᠰᠢᠶᠠᠩ ᠤᠨ 11 ᠰᠠᠭᠤᠷᠢ ᠲᠣᠰᠬᠤᠨ ᠤ ᠨᠡᠶᠢᠲᠡ ᠶᠢᠨ ᠵᠣᠷᠯᠣᠩ ᠳᠤ 22 ᠢᠵᠢ ᠨᠡᠷᠡᠨ ᠡᠨᠧᠷᠭᠢ ᠶᠢᠨ ᠭᠡᠷᠡᠯᠲᠦᠭᠦᠯᠭᠡ ᠶᠢᠨ ᠲᠥᠬᠦᠭᠡᠷᠦᠮᠵᠢ ᠤᠭᠰᠠᠷᠠᠵᠤ᠂ ᠣᠯᠠᠨ ᠲᠦᠮᠡᠨ ᠤ ᠰᠥᠨᠢ ᠳᠡᠭᠡᠨ ᠵᠣᠷᠯᠣᠩ ᠳᠤ ᠤᠷᠤᠬᠤ ᠳᠤ ᠳᠥᠭᠦᠮ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠪᠡ᠃ ︵ᠳᠠᠭᠠᠭᠠᠨ ᠭᠦᠢᠴᠡᠳᠬᠡᠬᠦ ᠨᠢᠭᠡᠴᠢ᠄ ᠹᠧᠩᠵᠧᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ︶     7. ᠹᠧᠩᠵᠧᠨ ᠬᠤᠲᠠ ᠶᠢᠨ ᠬᠥᠳᠡᠭᠡ ᠲᠣᠰᠬᠤᠨ ᠤ ᠪᠠᠶᠢᠷᠢᠨ ᠳᠤ ᠰᠠᠭᠤᠬᠤ ᠳᠦᠷᠢᠮᠲᠦ ᠰᠤᠷᠤᠭᠴᠢᠳ ᠤᠨ ᠰᠢᠮ᠎ᠡ ᠲᠡᠵᠢᠭᠡᠯ ᠨᠢ ᠳᠠᠭᠠᠵᠤ ᠠᠮᠵᠢᠬᠤ ᠦᠭᠡᠶ ᠪᠣᠯᠬᠤᠷ ᠰᠤᠷᠤᠭᠴᠢᠳ ᠤᠨ ᠡᠳᠦᠷ ᠪᠦᠷᠢ ᠶᠢᠨ ᠥᠷᠯᠥᠭᠡ ᠶᠢᠨ ᠬᠤᠭᠤᠯᠠᠨ ᠳᠤ ᠲᠠᠬᠢᠶᠠᠨ ᠥᠨᠳᠡᠭᠡ ᠨᠡᠮᠡᠵᠦ ᠥᠭᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠣᠳᠣᠬᠠᠨ ᠳᠤ᠂ ᠹᠧᠩᠵᠧᠨ ᠬᠤᠲᠠ ᠶᠢᠨ 118 ᠨᠡᠷᠡᠰ ᠬᠥᠳᠡᠭᠡ ᠲᠣᠰᠬᠤᠨ ᠤ ᠪᠠᠶᠢᠷᠢᠨ ᠳᠤ ᠰᠠᠭᠤᠬᠤ ᠳᠦᠷᠢᠮᠲᠦ ᠰᠣᠷᠣᠭᠴᠢ ᠶᠢᠨ ᠡᠳᠦᠷ ᠪᠦᠷᠢ ᠶᠢᠨ ᠥᠷᠯᠥᠭᠡ ᠶᠢᠨ ᠬᠤᠭᠤᠯᠠᠨ ᠳᠤ ᠲᠠᠬᠢᠶᠠᠨ ᠥᠨᠳᠡᠭᠡ ᠨᠡᠮᠡᠵᠦ᠂ ᠰᠣᠷᠣᠭᠴᠢ ᠶᠢᠨ ᠰᠢᠮ᠎ᠡ ᠲᠡᠵᠢᠭᠡᠯ ᠤᠨ ᠪᠠᠶᠢᠳᠠᠯ ᠢ ᠰᠠᠶᠢᠵᠢᠷᠠᠭᠤᠯᠵᠠᠶ᠃ ︵ᠳᠠᠭᠠᠭᠠᠨ ᠭᠦᠢᠴᠡᠳᠬᠡᠬᠦ ᠨᠢᠭᠡᠴᠢ᠄ ᠹᠧᠩᠵᠧᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ︶     8. ᠯᠢᠶᠠᠩᠴᠧᠩ ᠰᠢᠶᠠᠨ ᠤ ᠮᠠᠩᠬᠠᠨ ᠪᠠᠯᠭᠠᠰᠤᠨ ᠤ ᠼᠠᠢ ᠶᠤᠸᠠᠨ ᠽᠢ ᠵᠠᠰᠠᠭ ᠵᠠᠬᠢᠷᠭᠠᠨ ᠤ ᠲᠣᠰᠬᠤᠨ ᠳᠤ ᠵᠢᠯ ᠪᠦᠷᠢ ᠶᠢᠨ ᠬᠠᠪᠤᠷ ᠭᠠᠵᠠᠷ ᠳᠣᠤᠷᠠᠬᠢ ᠤᠰᠤᠨ ᠤ ᠲᠦᠪᠰᠢᠨ ᠳᠣᠷᠣᠭᠰᠢᠯᠠᠬᠤ ᠠᠴᠠ ᠪᠣᠯᠵᠣ ᠬᠥᠮᠦᠨ ᠮᠠᠯ ᠤᠨ ᠲᠦᠭᠡᠭᠡᠯ ᠤᠰᠤ ᠶᠢ ᠬᠡᠪ ᠤᠨ ᠪᠠᠶᠢᠳᠠᠯ ᠢᠶᠠᠷ ᠬᠡᠷᠡᠭᠯᠡᠵᠦ ᠳᠡᠶᠢᠯᠬᠦ ᠥᠬᠡᠶ ᠪᠠᠶᠢᠳᠠᠭ᠂ ᠡᠭᠦᠨ ᠢ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠰᠢᠢᠳᠪᠦᠷᠢᠯᠡᠵᠦ ᠦᠭᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠯᠢᠶᠠᠩᠴᠧᠩ ᠰᠢᠶᠠᠨ ᠨᠢᠭᠡᠨᠲᠡ ᠢᠳᠡᠰᠢᠨ ᠨᠣᠭᠤᠭ᠎ᠠ ᠶᠢᠨ ᠬᠦᠷᠢᠶᠡᠯᠡᠩ ᠤᠨ ᠵᠠᠰᠠᠭ ᠵᠠᠬᠢᠷᠭᠠᠨ ᠤ ᠲᠣᠰᠬᠤᠨ ᠳᠤ ᠤᠰᠤ ᠲᠠᠲᠠᠬᠤ ᠬᠥᠭᠡᠷᠭᠡ ᠤᠭᠰᠠᠷᠠᠵᠤ᠂ ᠵᠢᠱᠢᠯᠲᠡ ᠪᠠᠷ 6 ᠰᠠᠷ᠎ᠠ ᠶᠢᠨ ᠰᠡᠭᠦᠯᠴᠢ ᠪᠠᠷ ᠵᠢᠩᠬᠢᠨᠢ ᠪᠠᠷ ᠬᠡᠷᠡᠭᠯᠡᠬᠦ ᠪᠣᠯᠤᠨ᠎ᠠ᠂ ᠲᠤᠬᠠᠶ ᠶᠢᠨ ᠦᠶ᠎ᠡ ᠳᠤ ᠬᠥᠮᠦᠨ ᠮᠠᠯ ᠤᠨ ᠲᠦᠭᠡᠭᠡᠯ ᠤᠰᠤ ᠶᠢ ᠬᠡᠪ ᠤᠨ ᠪᠠᠶᠢᠳᠠᠯ ᠢᠶᠠᠷ ᠬᠡᠷᠡᠭᠯᠡᠵᠦ ᠳᠡᠶᠢᠯᠬᠦ ᠥᠬᠡᠶ ᠪᠠᠶᠢᠬᠤ ᠠᠰᠠᠭᠤᠳᠠᠯ ᠢ ᠰᠢᠢᠳᠪᠦᠷᠢᠯᠡᠬᠦ ᠪᠣᠯᠤᠨ᠎ᠠ᠃ ︵ᠳᠠᠭᠠᠭᠠᠨ ᠭᠦᠢᠴᠡᠳᠬᠡᠬᠦ ᠨᠢᠭᠡᠴᠢ᠄ ᠯᠢᠶᠠᠩᠴᠧᠩ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠬᠡᠷ     9. ᠯᠢᠶᠠᠩᠴᠧᠩ ᠰᠢᠶᠠᠨ ᠤ ᠬᠤᠩ ᠮᠤᠤ ᠪᠠᠯᠭᠠᠰᠤᠨ ᠤ ᠵᠢᠩ ᠭᠸᠤ ᠲᠤᠰᠬᠤᠨ ᠤ ᠲᠦᠭᠡᠭᠡᠯ ᠤᠰᠤᠨ ᠤ ᠪᠤᠷᠳᠤᠭᠤ ᠶᠢ ᠤᠳᠠᠭᠠᠨ ᠵᠢᠯ ᠦᠯᠦ ᠵᠠᠰᠠᠨ᠂ ᠬᠦᠨᠳᠦ ᠨᠣᠴᠢᠲᠠᠶ ᠢᠳᠡᠭᠳᠡᠵᠦ ᠦᠷᠭᠦᠯᠵᠢ ᠤᠰᠤ ᠵᠣᠭᠰᠣᠳᠠᠭ᠂ ᠡᠨᠡᠬᠦ ᠪᠠᠶᠢᠳᠠᠯ ᠨᠢᠭᠡᠨᠲᠡ 3 ᠵᠢᠯ ᠦᠷᠭᠦᠯᠵᠢᠯᠡᠵᠦ᠂ ᠪᠦᠬᠦ ᠲᠣᠰᠬᠤᠨ ᠤ 400 ᠡᠷᠦᠬᠡ ᠶᠢᠨ 1000 ᠭᠠᠷᠤᠶ ᠠᠷᠠᠳ ᠤᠨ ᠤᠰᠤ ᠤᠮᠳᠠ ᠶᠢᠨ ᠠᠮᠤᠷ ᠲᠦᠪᠰᠢᠨ ᠢ ᠨᠥᠯᠥᠭᠡᠯᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠯᠢᠶᠠᠩᠴᠧᠩ ᠰᠢᠶᠠᠨ ᠠᠴᠠ ᠨᠢᠭᠡᠨᠲᠡ ᠵᠢᠩ ᠭᠸᠤ ᠽᠢ ᠵᠠᠰᠠᠭ ᠵᠠᠬᠢᠷᠭᠠᠨ ᠤ ᠲᠣᠰᠬᠤᠨ ᠳᠤ 5 ᠲᠣᠨ ᠰᠦᠷᠴᠢᠨ ᠨᠠᠯᠠᠷᠠᠭᠤᠯᠬᠤ ᠨᠡᠭᠦᠷᠡᠰᠦᠨ ᠪᠣᠯᠣᠳ ᠤᠨ ᠤᠰᠤᠨ ᠬᠤᠭᠤᠯᠠᠶ ᠳᠣᠭᠢᠷᠠᠭᠤᠯᠵᠤ᠂ ᠨᠢᠭᠡᠨᠲᠡ ᠠᠰᠢᠭᠯᠠᠯᠲᠠ ᠳᠤ ᠣᠷᠣᠭᠤᠯᠤᠨ᠂ ᠪᠥᠬᠦ ᠲᠣᠰᠬᠤᠨ ᠤ ᠠᠷᠠᠳ ᠤᠨ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠪᠡ᠃ ︵ᠳᠠᠭᠠᠭᠠᠨ ᠭᠦᠢᠴᠡᠳᠬᠡᠬᠦ ᠨᠢᠭᠡᠴᠢ᠄ ᠯᠢᠶᠠᠩᠴᠧᠩ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠬᠡᠷ︶     10. ᠱᠠᠩᠳᠤ ᠰᠢᠶᠠᠨ ᠤ ᠫᠢᠩ ᠠᠨ ᠪᠠᠭ᠎ᠠ ᠰᠤᠷᠭᠠᠭᠤᠯᠢ ᠶᠢᠨ 2021 ᠣᠨ ᠤ ᠪᠠᠶᠢᠷᠢ ᠳᠤ ᠰᠠᠭᠤᠬᠤ ᠰᠤᠷᠤᠭᠴᠢᠳ ᠤᠨ ᠨᠥᠬᠦᠪᠥᠷᠢ ᠶᠢ ᠰᠤᠷᠤᠭᠴᠢᠳ ᠲᠤ ᠣᠯᠭᠤᠭ᠎ᠠ ᠦᠭᠡᠶ ᠪᠠᠶᠢᠨ᠎ᠠ᠂ ᠵᠠᠰᠠᠭ ᠤᠨ ᠣᠷᠳᠣᠨ ᠠᠴᠠ ᠠᠯᠢ ᠲᠦᠷᠭᠡᠨ ᠢᠶᠠᠷ ᠣᠯᠭᠤᠬᠤ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠬᠠᠷᠭᠤᠭᠤᠯᠤᠨ ᠪᠠᠶᠢᠴᠠᠭᠠᠭᠰᠠᠨ ᠢᠶᠠᠷ᠂ ᠫᠢᠩ ᠠᠨ ᠪᠠᠭ᠎ᠠ ᠰᠤᠷᠭᠠᠭᠤᠯᠢ ᠳᠤ ᠣᠳᠣᠬᠠᠨ ᠳᠤ ᠭᠤᠷᠪᠠᠭ᠋ᠠᠨ ᠰᠣᠷᠣᠭᠴᠢ ᠮᠡᠳᠡᠭᠡ ᠵᠠᠩᠭᠢ ᠨᠢ ᠪᠤᠷᠤᠭᠤᠳᠠᠭᠰᠠᠨ ᠠᠴᠠ ᠪᠣᠯᠵᠣ ᠬᠤᠪᠢ ᠪᠠᠷ ᠢᠶᠠᠨ ᠺᠠᠷᠲ ᠰᠣᠯᠢᠭᠠᠳ ᠬᠤᠨᠤᠭ ᠤᠨ ᠨᠥᠬᠦᠪᠥᠷᠢ ᠪᠠᠨ ᠣᠯᠤᠭᠰᠠᠨ ᠥᠬᠡᠶ᠂ ᠵᠢᠱᠢᠯᠲᠡ ᠪᠠᠷ ᠵᠢᠷᠭᠤᠭᠠᠨ ᠰᠠᠷ᠎ᠠ ᠶᠢᠨ ᠰᠡᠭᠦᠯᠴᠢ ᠠᠴᠠ ᠡᠮᠦᠨ᠎ᠡ ᠰᠣᠷᠣᠭᠴᠢ ᠶᠢᠨ ᠬᠤᠨᠤᠭ ᠤᠨ ᠨᠥᠬᠦᠪᠥᠷᠢ ᠶᠢ ᠣᠯᠭᠤᠬᠤ ᠪᠣᠯᠤᠨ᠎ᠠ᠃  ︵ᠲᠠᠭᠠᠭᠠᠨ ᠭᠦᠢᠴᠡᠳᠭᠡᠬᠦ ᠨᠢᠭᠡᠴᠢ᠄ ᠱᠠᠩᠳᠤ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ︶
 
ᠢᠷᠡᠯᠲᠡ᠄ ᠤᠯᠠᠭᠠᠨᠴᠠᠪ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2