11 ᠰᠠᠷ᠎ᠠ ᠶᠢᠨ 19 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠰᠦᠶ ᠸᠧᠶ ᠵᠢᠶᠦ᠋ᠨ | ᠪᠦᠯᠬᠦᠮ ᠳᠠᠭᠠᠭᠤᠯᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠪᠡᠶ᠎ᠡ ᠶᠢᠨ | ᠲᠠᠮᠢᠷ ᠤᠨ ᠲᠣᠪᠴᠢᠶ᠎ᠠ ᠳᠤ ᠬᠦᠷᠴᠦ᠂ ᠰᠣᠶᠣᠯ ᠤᠨ ᠲᠠᠯᠠᠪᠠᠶ ᠣᠷᠳᠣᠨ ᠤ ᠪᠥᠲᠥᠭᠡᠨ ᠪᠠᠶᠢᠭᠤᠯᠤᠯᠲᠠ᠂ | ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠥᠲᠥᠭᠡᠨ ᠪᠠᠶᠢᠭᠤᠯᠤᠯᠲᠠ᠂ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠤᠯᠲᠠ ᠶᠢ ᠪᠥᠬᠦ ᠠᠷᠠᠳ ᠤᠨ ᠡᠷᠡᠭᠦᠯ ᠮᠡᠨᠳᠦ ᠲᠠᠢ ᠭᠦᠨᠵᠡᠭᠡᠶ ᠠᠭᠤᠰᠤᠯᠴᠠᠭᠤᠯᠬᠤ ᠵᠡᠷᠭᠡ ᠠᠵᠢᠯ ᠢ | ᠵᠣᠯᠭᠠᠭᠤᠯᠪᠠ᠃ | ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠤᠭᠠᠴᠠᠯ ᠤᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠬᠤ᠋ ᠹᠧᠩ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ | ᠲᠠᠮᠢᠷ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠮᠠᠨ | ᠼᠠᠩ᠂ ᠬᠤᠳᠠ ᠶᠢᠨ ᠤᠳᠤᠷᠢᠳᠤᠯᠭ᠎ᠠ ᠯᠢᠦ ᠭᠦᠸᠧ ᠭᠠᠩ᠂ ᠤᠤ ᠮᠠᠨ ᠪᠢᠨ᠂ ᠹᠠᠩ ᠽᠧ ᠵᠣᠯᠭᠠᠭᠤᠯᠬᠤ | ᠠᠵᠢᠯᠯᠠᠭ᠎ᠠ ᠳᠤ ᠣᠷᠣᠯᠴᠠᠪᠠ᠃ | ᠵᠣᠯᠭᠠᠭᠤᠯᠬᠤ ᠶᠠᠪᠤᠴᠠ ᠳᠤ᠂ ᠰᠦᠢ ᠸᠧᠶ ᠵᠢᠶᠦ᠋ᠨ ᠥᠪᠡᠷᠲᠡᠭᠡᠨ ᠵᠠᠰᠠᠬᠤ ᠣᠷᠣᠨ ᠤ ᠡᠯ᠎ᠡ ᠲᠢᠩᠬᠢᠮ | ᠲᠣᠪᠴᠢᠶ᠎ᠠ ᠶᠢᠨ ᠣᠷᠳᠣ ᠬᠤᠭᠤᠴᠠᠭᠠᠨ ᠤ ᠲᠤᠷᠰᠢ ᠤᠯᠠᠭᠠᠨᠴᠠᠪ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠴᠢᠩ | ᠰᠡᠳᠬᠢᠯ ᠠᠴᠠ ᠪᠠᠨ ᠲᠠᠯᠠᠷᠬᠠᠭᠰᠠᠨ ᠪᠥᠭᠡᠳ ᠤᠯᠠᠭᠠᠨᠴᠠᠪ ᠬᠤᠲᠠ ᠶᠢᠨ ᠬᠠᠮᠢᠶ᠎ᠠ ᠪᠥᠬᠦᠶ ᠠᠵᠢᠯ ᠤᠨ ᠪᠠᠶᠢᠳᠠᠯ ᠢ | ᠲᠥᠬᠦᠮ ᠲᠠᠨᠢᠯᠴᠠᠭᠤᠯᠪᠠ᠃ ᠲᠡᠷᠡ᠂ ᠣᠳᠣᠬᠠᠨ ᠳᠤ ᠤᠯᠠᠭᠠᠨᠴᠠᠪ ᠬᠤᠲᠠ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ︽ᠲᠠᠪᠤᠨ ᠶᠡᠭᠡ ᠠᠵᠤ ᠠᠬᠤᠶ︾ ᠶᠢᠨ ᠲᠣᠭᠤᠷᠢᠨ ᠳᠤ᠂ ︽ᠠᠷᠪᠠᠨ | ᠠᠵᠤ ᠦᠢᠯᠡᠰ ᠤᠨ ᠬᠡᠯᠬᠢᠶ᠎ᠡ︾ ᠶᠢ ᠲᠡᠭᠦᠯᠳᠡᠷᠵᠢᠭᠦᠯᠵᠦ᠂ ︽ᠲᠠᠪᠤᠨ ᠶᠡᠭᠡ ᠠᠵᠤ ᠦᠢᠯᠡᠰ ᠤᠨ ᠪᠦᠯᠦᠭᠯᠡᠯ︾ ᠢ | ᠪᠠᠶᠢᠭᠤᠯᠵᠤ᠂ ᠡᠭᠦᠯᠡᠨ ᠬᠦᠨᠳᠡᠢ ᠤᠯᠠᠭᠠᠨᠴᠠᠪ᠂ ᠵᠠᠮ ᠨᠡᠪᠲᠡᠷᠡᠯᠭᠡ ᠶᠢᠨ ᠤᠯᠠᠭᠠᠨᠴᠠᠪ᠂ ᠡᠷᠡᠭᠦᠯ ᠡᠩᠬᠡ ᠤᠯᠠᠭᠠᠨᠴᠠᠪ᠂ | ᠠᠮᠢ ᠠᠬᠤᠶ ᠶᠢᠨ ᠤᠯᠠᠭᠠᠨᠴᠠᠪ᠂ ᠪᠣᠬᠢᠷᠳᠤᠯ ᠦᠭᠡᠢ ᠡᠨᠧᠷᠭᠢ ᠶᠢᠨ ᠤᠯᠠᠭᠠᠨᠴᠠᠪ ᠢ ᠪᠥᠲᠥᠭᠡᠨ ᠪᠠᠶᠢᠭᠤᠯᠵᠤ᠂ | ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠳᠥᠯᠭᠢᠨ ᠠᠬᠢᠭᠤᠯᠵᠤ᠂ | ᠤᠯᠠᠭᠠᠨᠴᠠᠪ — ᠡᠷᠢᠶᠡᠨ ᠬᠤᠲᠠ ᠶᠢᠨ ᠤᠯᠤᠰ ᠤᠨ ᠪᠠᠷᠠᠭ᠎ᠠ ᠭᠦᠢᠯᠭᠡᠭᠡᠨ ᠤ ᠬᠦᠢᠰᠦ ᠶᠢᠨ ᠪᠥᠲᠥᠭᠡᠨ | ᠪᠠᠶᠢᠭᠤᠯᠤᠯᠲᠠ ᠪᠠ ᠪᠣᠭᠤᠮᠲᠠ ᠶᠢ ᠨᠢᠭᠡ ᠴᠤᠭᠴᠠᠵᠢᠭᠤᠯᠤᠨ ᠬᠥᠭᠵᠢᠭᠦᠯᠵᠦ᠂ ᠠᠵᠤ ᠠᠬᠤᠶ ᠨᠡᠶᠢᠭᠡᠮ ᠤᠨ | ᠬᠥᠭᠵᠢᠯᠲᠡ ᠳᠤ ᠰᠢᠨ᠎ᠡ ᠠᠯᠬᠤᠮ ᠢ ᠠᠯᠬᠤᠵᠤ᠂ ᠰᠢᠨ᠎ᠡ ᠦᠷ᠎ᠡ ᠪᠦᠲᠦᠮᠵᠢ ᠤᠯᠪᠠ᠃ ᠢᠯᠠᠩᠭᠤᠶ᠎ᠠ ᠰᠣᠶᠣᠯ | ᠵᠢᠭᠤᠯᠴᠢᠯᠠᠯ ᠪᠡᠶ᠎ᠡ ᠶᠢᠨ ᠲᠠᠮᠢᠷ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠳᠥᠯᠭᠢᠨ ᠠᠬᠢᠭᠤᠯᠵᠤ᠂ | ᠦᠢᠯᠡᠳᠭᠦᠨ ᠤ ᠬᠠᠩᠭᠠᠯᠭ᠎ᠠ ᠶᠢ ᠦᠷᠭᠦᠯᠵᠢᠯᠡᠨ ᠰᠢᠯᠢᠳᠡᠭᠵᠢᠭᠦᠯᠦᠨ᠂ ᠦᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠵᠦ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠡᠯ᠎ᠡ ᠵᠦᠢᠯ ᠤᠨ ᠠᠵᠢᠯ ᠳᠤ ᠢᠯᠡᠳᠲᠡ ᠦᠷ᠎ᠡ | ᠪᠦᠲᠦᠮᠵᠢ ᠤᠯᠪᠠ᠃ ᠥᠪᠡᠷᠲᠡᠭᠡᠨ ᠵᠠᠰᠠᠬᠤ ᠣᠷᠣᠨ ᠤ ᠡᠯ᠎ᠡ ᠲᠢᠩᠬᠢᠮ ᠲᠣᠪᠴᠢᠶ᠎ᠠ ᠤᠯᠠᠭᠠᠨᠴᠠᠪ ᠤᠨ ᠬᠥᠭᠵᠢᠯᠲᠡ ᠶᠢ | ᠥᠩᠭᠡᠷᠡᠭᠰᠡᠨ ᠲᠠᠢ ᠪᠠᠨ ᠠᠳᠠᠯᠢ ᠪᠠᠷ ᠬᠠᠯᠠᠮᠵᠢᠯᠠᠵᠤ᠂ ᠰᠣᠶᠣᠯ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ | ᠪᠠᠶᠢᠭᠤᠯᠤᠯᠲᠠ᠂ ᠦᠵᠡᠮᠵᠢ ᠶᠢᠨ ᠣᠷᠣᠨ ᠢ ᠥᠭᠡᠷᠡᠴᠢᠯᠡᠨ ᠲᠠᠰ ᠳᠡᠪᠰᠢᠭᠦᠯᠬᠦ᠂ ᠪᠡᠶ᠎ᠡ ᠶᠢᠨ ᠲᠠᠮᠢᠷ ᠤᠨ ᠤᠨᠴᠠᠯᠢᠭᠳᠤ | ᠨᠠᠷᠠᠲᠤ ᠲᠥᠷᠥᠯ ᠲᠡᠮᠳᠡᠭᠲᠦ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠪᠠᠷ ᠵᠢᠯᠣᠭᠤᠳᠣᠯᠭ᠎ᠠ | ᠳᠡᠮᠵᠢᠯᠭᠡ ᠦᠵᠡᠭᠦᠯᠵᠦ᠂ ᠤᠯᠠᠭᠠᠨᠴᠠᠪ ᠤᠨ ᠴᠢᠨᠠᠷ ᠰᠠᠶᠢᠲᠠᠶ ᠬᠥᠭᠵᠢᠯᠲᠡ᠂ ᠣᠳᠣᠬᠢᠴᠢᠯᠠᠯᠲᠠ ᠶᠢᠨ ᠪᠥᠲᠥᠭᠡᠨ | ᠪᠠᠶᠢᠭᠤᠯᠤᠯᠲᠠ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃ ᠮᠠᠨ ᠤ ᠬᠤᠲᠠ ᠡᠯ᠎ᠡ ᠲᠢᠩᠬᠢᠮ | ᠲᠣᠪᠴᠢᠶ᠎ᠠ ᠯᠤᠭ᠎ᠠ ᠶᠢᠨ ᠰᠣᠯᠢᠯᠴᠠᠭ᠎ᠠ ᠬᠠᠷᠢᠯᠴᠠᠭ᠎ᠠ ᠪᠠᠨ ᠤᠯᠠᠮ ᠨᠢᠭᠡ ᠠᠯᠬᠤᠮ ᠨᠢᠭᠲᠠᠷᠠᠭᠤᠯᠵᠤ᠂ ᠡᠯ᠎ᠡ ᠰᠠᠯᠠᠭ᠎ᠠ | ᠮᠥᠴᠢᠷ ᠤᠨ ᠠᠵᠢᠯ ᠢᠶᠠᠨ ᠥᠷᠨᠢᠭᠦᠯᠬᠦ ᠳᠤ ᠰᠢᠯᠢᠳᠡᠭ ᠦᠢᠯᠡᠴᠢᠯᠡᠭᠡ ᠬᠠᠩᠭᠠᠵᠤ᠂ ᠰᠠᠶᠢᠨ ᠰᠠᠶᠢᠬᠠᠨ ᠨᠥᠬᠦᠴᠡᠯ ᠢ | ᠪᠣᠢ ᠪᠣᠯᠭᠠᠬᠤ ᠪᠠᠷ ᠴᠢᠷᠮᠠᠶᠢᠨ᠎ᠠ ᠭᠡᠵᠦ ᠢᠯᠡᠷᠬᠡᠶᠢᠯᠡᠵᠡᠢ᠃ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠲᠢᠩᠬᠢᠮ ᠲᠣᠪᠴᠢᠶ᠎ᠠ ᠶᠢᠨ ᠬᠠᠷᠢᠭᠤᠴᠠᠯᠭᠠᠲᠠᠨ | ᠨᠥᠬᠦᠳ ᠮᠠᠨ ᠤ ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ᠂ ᠠᠵᠤ ᠦᠢᠯᠡᠰ ᠪᠠ ᠬᠤᠲᠠ ᠶᠢ | ᠠᠭᠤᠰᠤᠯᠴᠠᠭᠤᠯᠤᠨ ᠰᠢᠨ᠎ᠡ ᠶᠢ ᠡᠭᠦᠳᠬᠦ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ | ᠵᠡᠷᠭᠡ ᠲᠠᠯ᠎ᠠ ᠪᠠᠷ ᠣᠯᠤᠭᠰᠠᠨ ᠠᠮᠵᠢᠯᠲᠠ ᠪᠦᠲᠦᠮᠵᠢ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠤᠯᠠᠭᠠᠨᠴᠠᠪ ᠤᠨ | ᠬᠤᠶᠢᠰᠢᠳᠠ ᠶᠢᠨ ᠬᠥᠭᠵᠢᠯᠲᠡ ᠶᠢᠨ ᠰᠡᠳᠬᠢᠮᠵᠢ ᠶᠢ ᠭᠦᠢᠴᠡᠳ ᠨᠤᠲᠠᠯᠠᠪᠠ᠃ ᠣᠳᠣᠬᠠᠨ ᠳᠤ ᠤᠯᠠᠭᠠᠨᠴᠠᠪ | ᠬᠤᠲᠠ ᠶᠢᠨ ᠬᠢᠨ ᠠᠵᠠ ᠲᠣᠬᠢᠶᠠᠯ ᠢ ᠵᠠᠪᠳᠤᠨ ᠠᠳᠬᠤᠵᠤ᠂ ᠠᠵᠢᠯ ᠶᠠᠪᠤᠳᠠᠯ ᠬᠢᠵᠦ ᠦᠢᠯᠡᠰ ᠪᠤᠰᠬᠠᠬᠤ ᠠᠭᠤᠷ | ᠠᠮᠢᠰᠬᠤᠯ ᠢᠶᠠᠷ ᠭᠦᠨ ᠵᠤᠵᠠᠭᠠᠨ ᠪᠠᠶᠢᠵᠤ᠂ ᠬᠥᠭᠵᠢᠯᠲᠡ ᠶᠢ ᠳᠠᠪᠠᠭ᠋ᠤ᠂ ᠣᠷᠣᠨ ᠲᠠᠪᠰᠢᠵᠤ ᠲᠡᠰ ᠳᠡᠪᠰᠢᠬᠦ ᠪᠠᠶᠢᠳᠠᠯ | ᠡᠷᠴᠢᠮᠲᠡᠢ ᠪᠠᠶᠢᠵᠤ᠂ ᠤᠯᠠᠭᠠᠨᠴᠠᠪ ᠤᠨ ᠢᠷᠡᠭᠡᠳᠦᠢ ᠶᠢᠨ ᠬᠥᠭᠵᠢᠯᠲᠡ ᠳᠤ ᠢᠲᠡᠭᠡᠯ ᠲᠡᠭᠦᠯᠳᠡᠷ ᠪᠠᠶᠢᠨ᠎ᠠ᠂ ᠡᠭᠦᠷᠭᠡ | ᠴᠢᠳᠠᠪᠬᠢ ᠡᠭᠦᠷᠭᠡ ᠬᠠᠷᠢᠭᠤᠴᠠᠯᠭ᠎ᠠ ᠪᠣᠯᠤᠨ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠲᠠᠢ ᠪᠠᠨ | ᠤᠶᠠᠯᠳᠤᠭᠤᠯᠵᠤ᠂ ᠤᠯᠠᠭᠠᠨᠴᠠᠪ ᠯᠤᠭ᠎ᠠ ᠶᠢᠨ ᠬᠠᠮᠵᠢᠯᠴᠠᠨ ᠬᠠᠮᠲᠤᠷᠠᠯᠴᠠᠬᠤ ᠶᠢ ᠴᠢᠨᠠᠭᠰᠢᠳᠠ ᠴᠢᠩᠭᠠᠳᠬᠠᠵᠤ᠂ | ᠲᠦᠷᠦ ᠶᠢᠨ ᠪᠤᠳᠤᠯᠭ᠎ᠠ᠂ ᠪᠡᠯᠡ ᠮᠥᠩᠭᠦ᠂ ᠲᠦᠷᠦᠯ ᠵᠦᠢᠯ ᠤᠨ ᠲᠠᠯ᠎ᠠ ᠪᠠᠷ ᠳᠡᠮᠵᠢᠯᠭᠡ ᠦᠵᠡᠭᠦᠯᠵᠦ᠂ | ᠤᠯᠠᠭᠠᠨᠴᠠᠪ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠦ ᠰᠠᠨᠠᠯ | ᠨᠢᠭᠡᠲᠡᠢ ᠢᠯᠡᠷᠬᠡᠶᠢᠯᠡᠪᠡ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |