ᠰᠦᠶ ᠸᠧᠶ ᠵᠢᠶᠦ᠋ᠨ ᠪᠦᠯᠬᠦᠮ ᠳᠠᠭᠠᠭᠤᠯᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ  ᠪᠡᠶ᠎ᠡ ᠶᠢᠨ ᠲᠠᠮᠢᠷ ᠤᠨ ᠲᠣᠪᠴᠢᠶ᠎ᠠ ᠳᠤ ᠬᠦᠷᠴᠦ ᠠᠵᠢᠯ ᠢ ᠵᠣᠯᠭᠠᠭᠤᠯᠪᠠ
ᠨᠡᠶᠢᠲᠡᠯᠡᠭᠰᠡᠨ ᠴᠠᠭ᠄
2021/11/24
     11 ᠰᠠᠷ᠎ᠠ ᠶᠢᠨ 19 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠰᠦᠶ ᠸᠧᠶ ᠵᠢᠶᠦ᠋ᠨ ᠪᠦᠯᠬᠦᠮ ᠳᠠᠭᠠᠭᠤᠯᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠪᠡᠶ᠎ᠡ ᠶᠢᠨ ᠲᠠᠮᠢᠷ ᠤᠨ ᠲᠣᠪᠴᠢᠶ᠎ᠠ ᠳᠤ ᠬᠦᠷᠴᠦ᠂ ᠰᠣᠶᠣᠯ ᠤᠨ ᠲᠠᠯᠠᠪᠠᠶ ᠣᠷᠳᠣᠨ ᠤ ᠪᠥᠲᠥᠭᠡᠨ ᠪᠠᠶᠢᠭᠤᠯᠤᠯᠲᠠ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠥᠲᠥᠭᠡᠨ ᠪᠠᠶᠢᠭᠤᠯᠤᠯᠲᠠ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢ ᠪᠥᠬᠦ ᠠᠷᠠᠳ ᠤᠨ ᠡᠷᠡᠭᠦᠯ ᠮᠡᠨᠳᠦ ᠲᠠᠢ ᠭᠦᠨᠵᠡᠭᠡᠶ ᠠᠭᠤᠰᠤᠯᠴᠠᠭᠤᠯᠬᠤ ᠵᠡᠷᠭᠡ ᠠᠵᠢᠯ ᠢ ᠵᠣᠯᠭᠠᠭᠤᠯᠪᠠ᠃      ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠤᠭᠠᠴᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠬᠤ᠋ ᠹᠧᠩ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠮᠠᠨ ᠼᠠᠩ᠂ ᠬᠤᠳᠠ ᠶᠢᠨ ᠤᠳᠤᠷᠢᠳᠤᠯᠭ᠎ᠠ ᠯᠢᠦ ᠭᠦᠸᠧ ᠭᠠᠩ᠂ ᠤᠤ ᠮᠠᠨ ᠪᠢᠨ᠂ ᠹᠠᠩ ᠽᠧ ᠵᠣᠯᠭᠠᠭᠤᠯᠬᠤ ᠠᠵᠢᠯᠯᠠᠭ᠎ᠠ ᠳᠤ ᠣᠷᠣᠯᠴᠠᠪᠠ᠃      ᠵᠣᠯᠭᠠᠭᠤᠯᠬᠤ ᠶᠠᠪᠤᠴᠠ ᠳᠤ᠂ ᠰᠦᠢ ᠸᠧᠶ ᠵᠢᠶᠦ᠋ᠨ ᠥᠪᠡᠷᠲᠡᠭᠡᠨ ᠵᠠᠰᠠᠬᠤ ᠣᠷᠣᠨ ᠤ ᠡᠯ᠎ᠡ ᠲᠢᠩᠬᠢᠮ ᠲᠣᠪᠴᠢᠶ᠎ᠠ ᠶᠢᠨ ᠣᠷᠳᠣ ᠬᠤᠭᠤᠴᠠᠭᠠᠨ ᠤ ᠲᠤᠷᠰᠢ ᠤᠯᠠᠭᠠᠨᠴᠠᠪ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠭᠰᠠᠨ ᠪᠥᠭᠡᠳ ᠤᠯᠠᠭᠠᠨᠴᠠᠪ ᠬᠤᠲᠠ ᠶᠢᠨ ᠬᠠᠮᠢᠶ᠎ᠠ ᠪᠥᠬᠦᠶ ᠠᠵᠢᠯ ᠤᠨ ᠪᠠᠶᠢᠳᠠᠯ ᠢ ᠲᠥᠬᠦᠮ ᠲᠠᠨᠢᠯᠴᠠᠭᠤᠯᠪᠠ᠃ ᠲᠡᠷᠡ᠂ ᠣᠳᠣᠬᠠᠨ ᠳᠤ ᠤᠯᠠᠭᠠᠨᠴᠠᠪ ᠬᠤᠲᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ︽ᠲᠠᠪᠤᠨ ᠶᠡᠭᠡ ᠠᠵᠤ ᠠᠬᠤᠶ︾ ᠶᠢᠨ ᠲᠣᠭᠤᠷᠢᠨ ᠳᠤ᠂ ︽ᠠᠷᠪᠠᠨ ᠠᠵᠤ ᠦᠢᠯᠡᠰ ᠤᠨ ᠬᠡᠯᠬᠢᠶ᠎ᠡ︾ ᠶᠢ ᠲᠡᠭᠦᠯᠳᠡᠷᠵᠢᠭᠦᠯᠵᠦ᠂ ︽ᠲᠠᠪᠤᠨ ᠶᠡᠭᠡ ᠠᠵᠤ ᠦᠢᠯᠡᠰ ᠤᠨ ᠪᠦᠯᠦᠭᠯᠡᠯ︾ ᠢ ᠪᠠᠶᠢᠭᠤᠯᠵᠤ᠂ ᠡᠭᠦᠯᠡᠨ ᠬᠦᠨᠳᠡᠢ ᠤᠯᠠᠭᠠᠨᠴᠠᠪ᠂  ᠵᠠᠮ ᠨᠡᠪᠲᠡᠷᠡᠯᠭᠡ ᠶᠢᠨ ᠤᠯᠠᠭᠠᠨᠴᠠᠪ᠂ ᠡᠷᠡᠭᠦᠯ ᠡᠩᠬᠡ ᠤᠯᠠᠭᠠᠨᠴᠠᠪ᠂ ᠠᠮᠢ ᠠᠬᠤᠶ ᠶᠢᠨ ᠤᠯᠠᠭᠠᠨᠴᠠᠪ᠂ ᠪᠣᠬᠢᠷᠳᠤᠯ ᠦᠭᠡᠢ ᠡᠨᠧᠷᠭᠢ ᠶᠢᠨ ᠤᠯᠠᠭᠠᠨᠴᠠᠪ ᠢ ᠪᠥᠲᠥᠭᠡᠨ ᠪᠠᠶᠢᠭᠤᠯᠵᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠳᠥᠯᠭᠢᠨ ᠠᠬᠢᠭᠤᠯᠵᠤ᠂ ᠤᠯᠠᠭᠠᠨᠴᠠᠪ — ᠡᠷᠢᠶᠡᠨ ᠬᠤᠲᠠ ᠶᠢᠨ ᠤᠯᠤᠰ ᠤᠨ ᠪᠠᠷᠠᠭ᠎ᠠ ᠭᠦᠢᠯᠭᠡᠭᠡᠨ ᠤ ᠬᠦᠢᠰᠦ ᠶᠢᠨ ᠪᠥᠲᠥᠭᠡᠨ ᠪᠠᠶᠢᠭᠤᠯᠤᠯᠲᠠ ᠪᠠ ᠪᠣᠭᠤᠮᠲᠠ ᠶᠢ ᠨᠢᠭᠡ ᠴᠤᠭᠴᠠᠵᠢᠭᠤᠯᠤᠨ ᠬᠥᠭᠵᠢᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨ᠎ᠡ ᠠᠯᠬᠤᠮ ᠢ ᠠᠯᠬᠤᠵᠤ᠂ ᠰᠢᠨ᠎ᠡ ᠦᠷ᠎ᠡ ᠪᠦᠲᠦᠮᠵᠢ ᠤᠯᠪᠠ᠃ ᠢᠯᠠᠩᠭᠤᠶ᠎ᠠ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠳᠥᠯᠭᠢᠨ ᠠᠬᠢᠭᠤᠯᠵᠤ᠂ ᠦᠢᠯᠡᠳᠭᠦᠨ ᠤ ᠬᠠᠩᠭᠠᠯᠭ᠎ᠠ ᠶᠢ ᠦᠷᠭᠦᠯᠵᠢᠯᠡᠨ ᠰᠢᠯᠢᠳᠡᠭᠵᠢᠭᠦᠯᠦᠨ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠡᠯ᠎ᠡ ᠵᠦᠢᠯ ᠤᠨ ᠠᠵᠢᠯ ᠳᠤ ᠢᠯᠡᠳᠲᠡ ᠦᠷ᠎ᠡ ᠪᠦᠲᠦᠮᠵᠢ ᠤᠯᠪᠠ᠃ ᠥᠪᠡᠷᠲᠡᠭᠡᠨ ᠵᠠᠰᠠᠬᠤ ᠣᠷᠣᠨ ᠤ ᠡᠯ᠎ᠡ ᠲᠢᠩᠬᠢᠮ ᠲᠣᠪᠴᠢᠶ᠎ᠠ ᠤᠯᠠᠭᠠᠨᠴᠠᠪ ᠤᠨ ᠬᠥᠭᠵᠢᠯᠲᠡ ᠶᠢ ᠥᠩᠭᠡᠷᠡᠭᠰᠡᠨ ᠲᠠᠢ ᠪᠠᠨ ᠠᠳᠠᠯᠢ ᠪᠠᠷ ᠬᠠᠯᠠᠮᠵᠢᠯᠠᠵᠤ᠂ ᠰᠣᠶᠣᠯ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠦᠵᠡᠮᠵᠢ ᠶᠢᠨ ᠣᠷᠣᠨ ᠢ ᠥᠭᠡᠷᠡᠴᠢᠯᠡᠨ ᠲᠠᠰ ᠳᠡᠪᠰᠢᠭᠦᠯᠬᠦ᠂ ᠪᠡᠶ᠎ᠡ ᠶᠢᠨ ᠲᠠᠮᠢᠷ ᠤᠨ ᠤᠨᠴᠠᠯᠢᠭᠳᠤ ᠨᠠᠷᠠᠲᠤ ᠲᠥᠷᠥᠯ ᠲᠡᠮᠳᠡᠭᠲᠦ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠪᠠᠷ ᠵᠢᠯᠣᠭᠤᠳᠣᠯᠭ᠎ᠠ ᠳᠡᠮᠵᠢᠯᠭᠡ ᠦᠵᠡᠭᠦᠯᠵᠦ᠂ ᠤᠯᠠᠭᠠᠨᠴᠠᠪ ᠤᠨ ᠴᠢᠨᠠᠷ ᠰᠠᠶᠢᠲᠠᠶ ᠬᠥᠭᠵᠢᠯᠲᠡ᠂ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃ ᠮᠠᠨ ᠤ ᠬᠤᠲᠠ ᠡᠯ᠎ᠡ ᠲᠢᠩᠬᠢᠮ ᠲᠣᠪᠴᠢᠶ᠎ᠠ ᠯᠤᠭ᠎ᠠ ᠶᠢᠨ ᠰᠣᠯᠢᠯᠴᠠᠭ᠎ᠠ ᠬᠠᠷᠢᠯᠴᠠᠭ᠎ᠠ ᠪᠠᠨ ᠤᠯᠠᠮ ᠨᠢᠭᠡ ᠠᠯᠬᠤᠮ ᠨᠢᠭᠲᠠᠷᠠᠭᠤᠯᠵᠤ᠂ ᠡᠯ᠎ᠡ ᠰᠠᠯᠠᠭ᠎ᠠ ᠮᠥᠴᠢᠷ ᠤᠨ ᠠᠵᠢᠯ ᠢᠶᠠᠨ ᠥᠷᠨᠢᠭᠦᠯᠬᠦ ᠳᠤ ᠰᠢᠯᠢᠳᠡᠭ ᠦᠢᠯᠡᠴᠢᠯᠡᠭᠡ ᠬᠠᠩᠭᠠᠵᠤ᠂ ᠰᠠᠶᠢᠨ ᠰᠠᠶᠢᠬᠠᠨ ᠨᠥᠬᠦᠴᠡᠯ ᠢ ᠪᠣᠢ ᠪᠣᠯᠭᠠᠬᠤ ᠪᠠᠷ ᠴᠢᠷᠮᠠᠶᠢᠨ᠎ᠠ ᠭᠡᠵᠦ ᠢᠯᠡᠷᠬᠡᠶᠢᠯᠡᠵᠡᠢ᠃     ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠲᠢᠩᠬᠢᠮ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠮᠠᠨ ᠤ ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ᠂ ᠠᠵᠤ ᠦᠢᠯᠡᠰ ᠪᠠ ᠬᠤᠲᠠ ᠶᠢ ᠠᠭᠤᠰᠤᠯᠴᠠᠭᠤᠯᠤᠨ ᠰᠢᠨ᠎ᠡ ᠶᠢ ᠡᠭᠦᠳᠬᠦ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ  ᠦᠢᠯᠡᠰ ᠤᠨ ᠬᠥᠭᠵᠢᠯᠲᠡ ᠵᠡᠷᠭᠡ ᠲᠠᠯ᠎ᠠ ᠪᠠᠷ ᠣᠯᠤᠭᠰᠠᠨ ᠠᠮᠵᠢᠯᠲᠠ ᠪᠦᠲᠦᠮᠵᠢ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠤᠯᠠᠭᠠᠨᠴᠠᠪ ᠤᠨ ᠬᠤᠶᠢᠰᠢᠳᠠ ᠶᠢᠨ ᠬᠥᠭᠵᠢᠯᠲᠡ ᠶᠢᠨ ᠰᠡᠳᠬᠢᠮᠵᠢ ᠶᠢ ᠭᠦᠢᠴᠡᠳ ᠨᠤᠲᠠᠯᠠᠪᠠ᠃ ᠣᠳᠣᠬᠠᠨ ᠳᠤ ᠤᠯᠠᠭᠠᠨᠴᠠᠪ ᠬᠤᠲᠠ ᠶᠢᠨ ᠬᠢᠨ ᠠᠵᠠ ᠲᠣᠬᠢᠶᠠᠯ ᠢ ᠵᠠᠪᠳᠤᠨ ᠠᠳᠬᠤᠵᠤ᠂ ᠠᠵᠢᠯ ᠶᠠᠪᠤᠳᠠᠯ ᠬᠢᠵᠦ ᠦᠢᠯᠡᠰ ᠪᠤᠰᠬᠠᠬᠤ ᠠᠭᠤᠷ ᠠᠮᠢᠰᠬᠤᠯ ᠢᠶᠠᠷ ᠭᠦᠨ ᠵᠤᠵᠠᠭᠠᠨ ᠪᠠᠶᠢᠵᠤ᠂ ᠬᠥᠭᠵᠢᠯᠲᠡ ᠶᠢ ᠳᠠᠪᠠᠭ᠋ᠤ᠂ ᠣᠷᠣᠨ ᠲᠠᠪᠰᠢᠵᠤ ᠲᠡᠰ ᠳᠡᠪᠰᠢᠬᠦ ᠪᠠᠶᠢᠳᠠᠯ ᠡᠷᠴᠢᠮᠲᠡᠢ ᠪᠠᠶᠢᠵᠤ᠂ ᠤᠯᠠᠭᠠᠨᠴᠠᠪ ᠤᠨ ᠢᠷᠡᠭᠡᠳᠦᠢ ᠶᠢᠨ ᠬᠥᠭᠵᠢᠯᠲᠡ ᠳᠤ ᠢᠲᠡᠭᠡᠯ ᠲᠡᠭᠦᠯᠳᠡᠷ ᠪᠠᠶᠢᠨ᠎ᠠ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠪᠣᠯᠤᠨ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠲᠠᠢ ᠪᠠᠨ ᠤᠶᠠᠯᠳᠤᠭᠤᠯᠵᠤ᠂ ᠤᠯᠠᠭᠠᠨᠴᠠᠪ ᠯᠤᠭ᠎ᠠ ᠶᠢᠨ ᠬᠠᠮᠵᠢᠯᠴᠠᠨ ᠬᠠᠮᠲᠤᠷᠠᠯᠴᠠᠬᠤ ᠶᠢ ᠴᠢᠨᠠᠭᠰᠢᠳᠠ ᠴᠢᠩᠭᠠᠳᠬᠠᠵᠤ᠂ ᠲᠦᠷᠦ ᠶᠢᠨ ᠪᠤᠳᠤᠯᠭ᠎ᠠ᠂ ᠪᠡᠯᠡ ᠮᠥᠩᠭᠦ᠂ ᠲᠦᠷᠦᠯ ᠵᠦᠢᠯ ᠤᠨ ᠲᠠᠯ᠎ᠠ ᠪᠠᠷ ᠳᠡᠮᠵᠢᠯᠭᠡ ᠦᠵᠡᠭᠦᠯᠵᠦ᠂ ᠤᠯᠠᠭᠠᠨᠴᠠᠪ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠦ ᠰᠠᠨᠠᠯ ᠨᠢᠭᠡᠲᠡᠢ ᠢᠯᠡᠷᠬᠡᠶᠢᠯᠡᠪᠡ᠃                                                ᠣᠷᠴᠢᠭᠤᠯᠤᠭᠴᠢ᠄ ᠭᠤᠸ᠎ᠠ                                                ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2