︽ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠰᠢᠷᠢᠰ ᠮᠡᠳᠡᠭᠡᠯᠡᠯ ︵ᠳᠣᠯᠤᠭ᠎ᠠ︶
ᠨᠡᠶᠢᠲᠡᠯᠡᠭᠰᠡᠨ ᠴᠠᠭ᠄
2021/11/24
   ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠤᠮᠳᠠ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠠᠵᠢᠯᠯᠠᠭ᠎ᠠ ᠥᠷᠨᠢᠭᠦᠯᠬᠦ ᠲᠤᠬᠠᠶ ᠨᠠᠮ ᠤᠨ ᠲᠥᠪ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠢᠨ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ᠂ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ ᠠᠰᠠᠭᠤᠬᠤ᠂ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ ︽ᠭᠤᠷᠪᠠ ᠶᠢ ᠠᠰᠠᠭᠤᠬᠤ︾ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠨᠡᠶᠢᠭᠡᠮ ᠤᠨ ᠡᠯ᠎ᠡ ᠡᠲᠡᠭᠡᠳ ᠪᠠ ᠥᠷᠭᠡᠨ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠠᠰᠠᠭᠤᠳᠠᠯ ᠤᠨ ᠨᠠᠷᠢᠨ ᠲᠠᠩᠰᠠ ᠶᠢ ᠬᠤᠷᠢᠶᠠᠩᠭᠤᠶᠢᠯᠠᠨ ᠡᠮᠬᠢᠯᠡᠵᠦ᠂ ᠡᠭᠦᠨ ᠤ ᠤᠯᠠᠮ ᠠᠴᠠ ᠣᠯᠠᠨ ᠲᠦᠮᠡᠨ ᠳᠤ ᠪᠣᠳᠠᠲᠠᠶ ᠶᠠᠪᠤᠳᠠᠯ ᠬᠢᠬᠦ ᠶᠢᠨ ︽ᠭᠤᠷᠪᠠ ᠶᠢ ᠠᠰᠠᠭᠤᠬᠤ︾ ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠ ᠶᠢ ᠲᠣᠭᠲᠠᠭᠠᠭᠰᠠᠨ ᠪᠠᠶᠢᠨ᠎ᠠ᠃ ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠣᠳᠣ ᠨᠡᠶᠢᠭᠡᠮ ᠲᠠᠶᠠᠭᠠᠷ ᠲᠤ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠦᠢᠯᠡᠳᠦᠯᠭᠡ ᠶᠢᠨ ᠠᠵᠢᠯᠯᠠᠭ᠎ᠠ ᠶᠢᠨ ᠦᠢᠯᠡᠴᠢᠯᠡᠭᠡᠨ ᠤ ᠵᠦᠢᠯᠡᠰ ᠤᠨ ᠨᠠᠷᠢᠨ ᠳᠠᠩᠰᠠ ᠪᠠ ᠠᠰᠠᠭᠤᠳᠠᠯ ᠢ ᠰᠢᠢᠳᠪᠦᠷᠢᠯᠡᠭᠰᠡᠨ ᠦᠷ᠎ᠡ ᠳ᠋ᠦᠩ ᠢ ᠨᠡᠶᠢᠲᠡᠯᠡᠵᠦ᠂ ᠠᠷᠠᠳ ᠣᠯᠠᠨ ᠤ ᠬᠢᠨᠠᠯᠲᠠ ᠪᠠ ᠦᠨᠡᠯᠡᠯᠲᠡ ᠶᠢ ᠤᠬᠠᠮᠰᠠᠷ ᠠᠴᠠ ᠪᠠᠨ ᠬᠦᠯᠢᠶᠡᠬᠦ ᠪᠤᠯᠤᠨ᠎ᠡ᠃     ︽ᠭᠤᠷᠪᠠ ᠶᠢ ᠠᠰᠠᠭᠤᠬᠤ︾ ᠠᠵᠢᠯᠯᠠᠭ᠎ᠠ ᠶᠢᠨ ᠠᠰᠠᠭᠤᠳᠠᠯ ᠤᠨ ᠨᠠᠷᠢᠨ ᠲᠠᠩᠰᠠ        1. ᠵᠢᠨᠢᠩ ᠲᠣᠭᠤᠷᠢᠭ ᠤᠨ ᠵᠢᠤᠸᠠᠢ ᠱᠢ ᠵᠢᠶᠦ᠋ᠨ ᠤ ᠰᠠᠭᠤᠭᠠᠯᠢ ᠲᠣᠭᠤᠷᠢᠭ᠂ ᠪᠠᠶ ᠸᠠᠩ ᠭᠡᠷ ᠣᠷᠣᠨ ᠤ E ᠲᠣᠭᠤᠷᠢᠭ ᠤᠨ ᠵᠡᠭᠦᠨ ᠡᠮᠦᠨ᠎ᠡ ᠥᠨᠴᠥᠭ ᠤᠨ ᠶᠠᠪᠠᠭᠠᠠ ᠵᠠᠮ ᠲᠡᠭᠡᠷ᠎ᠡ ᠲᠠᠪᠢᠰᠦᠭᠰᠡᠨ ᠲᠣᠭᠤᠰᠬ᠎ᠠ ᠬᠦᠨᠳᠦ ᠨᠣᠴᠢᠲᠠᠶ ᠡᠪᠳᠡᠭᠳᠡᠵᠦ᠂ ᠬᠤᠳᠠ ᠶᠢᠨ ᠠᠷᠠᠳ ᠤᠨ ᠶᠠᠪᠤᠵᠤ ᠰᠠᠭᠤᠬᠤ ᠳᠤ ᠳᠥᠭᠦᠮ ᠦᠭᠡᠢ ᠪᠠᠶᠢᠨ᠎ᠠ᠂ ᠲᠦᠷᠭᠡᠬᠡᠨ ᠰᠡᠯᠪᠢᠨ ᠵᠠᠰᠠᠬᠤ ᠶᠢ ᠬᠦᠰᠡᠵᠦ ᠪᠠᠶᠢᠨ᠎ᠠ᠃     2. ᠤᠯᠠᠭᠠᠨᠴᠠᠪ ᠬᠤᠳᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠡᠮᠦᠨ᠎ᠡ ᠲᠠᠯ᠎ᠠ ᠶᠢᠨ ᠳᠣᠲᠣᠨᠠᠬᠢ ᠵᠠᠮ ᠳᠤ ᠲᠡᠷᠭᠡ ᠵᠣᠭᠰᠣᠭᠠᠬᠤ ᠶᠢ ᠪᠦᠬᠦᠯᠢ ᠡᠳᠦᠷ ᠢᠶᠠᠷ ᠴᠠᠭᠠᠵᠠᠯᠠᠵᠦ ᠪᠠᠶᠢᠨ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠲᠣᠰ ᠭᠡᠰᠡᠭ ᠵᠠᠮ ᠳᠤ ᠬᠠᠤᠯᠢ ᠠᠴᠠ ᠵᠥᠷᠢᠴᠡᠨ ᠲᠡᠷᠭᠡ ᠵᠣᠭᠰᠣᠭᠠᠬᠰᠠᠨ ᠢ ᠵᠠᠪᠳᠤᠨ ᠰᠡᠭᠦᠳᠡᠷᠯᠡᠬᠦ ᠴᠠᠭ ᠲᠤ ᠵᠦᠶ ᠵᠣᠬᠢᠰᠲᠠᠶ ᠪᠠᠶᠢᠷᠢᠯᠠᠭᠤᠯᠤᠯᠳᠠ ᠬᠢᠵᠦ᠂ ᠰᠥᠨᠢ ᠲᠣᠭᠲᠠᠭᠰᠠᠨ ᠴᠠᠭ ᠲᠤ ᠲᠡᠷᠭᠡ ᠵᠣᠭᠰᠣᠭᠠᠬᠤ ᠶᠢ ᠵᠥᠪᠰᠢᠶᠡᠷᠡᠬᠦ ᠶᠢ ᠬᠦᠰᠡᠵᠦ ᠪᠠᠶᠢᠨ᠎ᠠ᠃     3. ᠵᠢᠨᠢᠩ ᠲᠣᠭᠤᠷᠢᠭ ᠤᠨ ᠵᠢᠶᠠᠨ ᠭᠦᠸᠧ ᠭᠤᠷᠪᠠᠳᠤᠭᠠᠷ ᠵᠠᠮ ᠤᠨ ᠲᠦᠩ ᠱᠦᠨ ᠰᠠᠭᠤᠭᠠᠯᠢ ᠲᠣᠭᠤᠷᠢᠭ ᠤᠨ 5 ᠳ᠋ᠤᠭᠠᠷ ᠨᠣᠮᠧᠷᠲᠤ ᠠᠰᠠᠷ᠂ 8 ᠳ᠋ᠤᠭᠠᠷ ᠨᠣᠮᠧᠷᠲᠤ ᠠᠰᠠᠷ ᠲᠤ ᠵᠥᠪᠬᠡᠨ ᠨᠢᠭᠡ ᠯᠡ ᠴᠠᠬᠢᠯᠭᠠᠨ ᠱᠠᠲᠤ ᠶᠢ ᠬᠡᠷᠡᠭᠯᠡᠵᠦ ᠪᠠᠶᠢᠨ᠎ᠠ᠂ ᠰᠠᠭᠤᠭᠠᠯᠢ ᠠᠷᠠᠳ ᠡᠳᠦᠷ ᠪᠦᠷᠢ ᠭᠠᠷᠴᠤ ᠤᠷᠤᠬᠤ ᠳᠤ ᠮᠥᠷᠯᠡᠬᠦ ᠴᠢᠬᠤᠯᠠᠲᠠᠶ᠂ ᠡᠨᠡ ᠨᠢ ᠠᠮᠢᠳᠤᠷᠠᠯ ᠳᠤ ᠲᠦᠢᠯ ᠤᠨ ᠳᠥᠭᠦᠮ ᠦᠭᠡᠢ ᠪᠠᠶᠢᠨ᠎ᠠ᠂ ᠨᠦᠭᠦᠭᠡ ᠨᠢᠭᠡ ᠴᠠᠬᠢᠯᠭᠠᠨ ᠱᠠᠲᠤ ᠶᠢ ᠨᠡᠪᠲᠡᠷᠡᠭᠦᠯᠬᠦ ᠶᠢ ᠬᠦᠰᠡᠵᠦ ᠪᠠᠶᠢᠨ᠎ᠠ᠃     4. ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠠᠯᠲᠤ ᠠᠭᠤᠯᠠ ᠶᠢᠨ ᠦᠵᠡᠮᠵᠢ ᠶᠢᠨ ᠣᠷᠣᠨ ᠳᠤ ᠵᠤᠭᠠᠴᠠᠭᠰᠠᠳ ᠡᠳᠦᠷ ᠢᠷᠡᠬᠦᠶ᠎ᠡ ᠣᠯᠠᠰᠢᠷᠠᠭᠰᠠᠨ ᠠᠴᠠ ᠵᠣᠷᠯᠣᠩ ᠳᠤ ᠤᠷᠤᠬᠤ ᠠᠰᠠᠭᠤᠳᠠᠯ ᠤᠯᠠᠮ ᠢᠶᠠᠷ ᠢᠯᠡ ᠪᠤᠯᠵᠦ ᠪᠠᠶᠢᠨ᠎ᠠ᠂ ᠵᠣᠷᠯᠣᠩ ᠨᠡᠮᠡᠵᠦ ᠰᠡᠯᠪᠢᠨ ᠵᠠᠰᠠᠵᠤ᠂ ᠵᠤᠭᠠᠴᠠᠭᠰᠠᠳ ᠤᠨ ᠵᠣᠷᠯᠣᠩ ᠳᠤ ᠤᠷᠤᠬᠤ ᠠᠰᠠᠭᠤᠳᠠᠯ ᠢ ᠰᠢᠢᠳᠪᠦᠷᠢᠯᠡᠬᠦ ᠶᠢ ᠬᠦᠰᠡᠵᠦ ᠪᠠᠶᠢᠨ᠎ᠠ᠃     5. ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠠᠶᠠᠨᠴᠠᠭᠠᠨ ᠪᠠᠯᠭᠠᠰᠤᠨ ᠤ ᠠᠮᠠᠨ ᠬᠤᠳᠳᠤᠭ ᠭᠠᠴᠠᠭ᠎ᠠ ᠲᠣᠰᠬᠤᠨ ᠳᠤ ᠰᠦᠯᠵᠢᠶ᠎ᠡ ᠶᠢ ᠠᠶᠢᠯ ᠡᠷᠦᠬᠡ ᠳᠤ ᠣᠷᠣᠭᠤᠯᠬᠤ ᠶᠢ ᠪᠡᠶᠡᠯᠡᠭᠦᠯᠦᠭᠡ ᠥᠬᠡᠶ ᠪᠠᠶᠢᠨ᠎ᠠ᠂ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠲᠦᠷᠭᠡᠬᠡᠨ ᠰᠦᠯᠵᠢᠶ᠎ᠡ ᠨᠡᠪᠲᠡᠷᠡᠭᠦᠯᠬᠦ ᠶᠢ ᠬᠦᠰᠡᠵᠦ ᠪᠠᠶᠢᠨ᠎ᠠ᠃     6. ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠡᠮᠦᠷᠲᠡᠶ ᠪᠠᠯᠭᠠᠰᠤᠨ ᠤ ᠬᠢᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠣᠯᠠᠰᠢᠷᠠᠭᠰᠠᠨ ᠠᠴᠠ ᠰᠠᠭᠤᠭᠠᠯᠢ ᠠᠷᠠᠳ ᠤᠨ ᠴᠠᠬᠢᠯᠭᠠᠨ ᠬᠡᠷᠡᠭᠯᠡᠬᠦ ᠶᠢ ᠨᠥᠯᠥᠭᠡᠯᠡᠵᠦ ᠪᠠᠶᠢᠨ᠎ᠠ᠂ ᠴᠠᠬᠢᠯᠭᠠᠨ ᠤ ᠳᠠᠭᠠᠭᠠᠴᠠ ᠬᠦᠷᠦᠯᠴᠡᠬᠦ ᠥᠬᠡᠶ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ ᠬᠦᠰᠡᠵᠦ ᠪᠠᠶᠢᠨ᠎ᠠ᠃     7. ᠵᠦᠸᠧᠽᠢ ᠰᠢᠶᠠᠨ ᠤ ᠳ᠋ᠠᠴᠢᠩ ᠤᠨ ᠬᠤᠶᠢᠲᠤ ᠵᠠᠮ ᠪᠣᠯᠤᠨ ᠪᠡᠭᠡᠵᠢᠩ ᠠᠴᠠ ᠪᠤᠭᠤᠲᠤ ᠬᠦ᠋ᠷᠬᠦ ᠲᠡᠮᠦᠷ ᠵᠠᠮ ᠤᠨ ᠱᠤᠭᠤᠮ ᠤᠨ ᠬᠠᠭᠤᠴᠢᠨ ᠱᠤᠭᠤᠮ ᠤᠨ ᠠᠭᠤᠯᠵᠠᠷ ᠤᠨ ︵ᠭᠠᠵᠠᠷ ᠲᠤᠤᠷᠠᠬᠢ ᠬᠦᠬᠦᠷᠭᠡ︶ ᠠᠰ ᠲᠤᠤᠷ᠎ᠠ ᠲᠠᠯ᠎ᠠ ᠶᠢᠨ ᠵᠠᠮ ᠡᠪᠳᠡᠭᠳᠡᠬᠡᠳ ᠪᠠᠶᠢᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠤᠰ ᠬᠡᠰᠡᠭ ᠵᠠᠮ ᠢ ᠵᠠᠰᠠᠨ ᠰᠡᠯᠪᠢᠵᠦ᠂ ᠣᠯᠠᠨ ᠲᠦᠮᠡᠨ ᠤ ᠶᠠᠪᠤᠵᠤ ᠰᠠᠭᠤᠬᠤ ᠳᠤ ᠳᠥᠭᠦᠮ ᠦᠵᠡᠭᠦᠯᠬᠦ ᠶᠢ ᠬᠦᠰᠡᠵᠦ ᠪᠠᠶᠢᠨ᠎ᠠ᠃     8. ᠵᠦᠸᠧᠽᠢ ᠰᠢᠶᠠᠨ ᠤ ᠴᠢ ᠰᠢᠶᠠ ᠶᠢᠩ ︵ᠵᠢᠱᠢᠶᠠᠨ︶ ᠬᠡᠦᠬᠡᠳ ᠤᠨ ᠴᠡᠴᠡᠷᠯᠢᠭ ᠲᠤ ᠵᠢᠭᠠᠨ ᠰᠤᠷᠭᠠᠯᠲᠠ ᠶᠢᠨ ᠨᠢᠭᠡ ᠴᠣᠭᠴᠠᠲᠤ ᠮᠠᠰᠢᠨ᠂ ᠳᠠᠭᠤ ᠲᠤᠮᠤᠷᠠᠭᠤᠯᠤᠭᠴᠢ᠂ ᠳᠦᠷᠰᠦ ᠰᠢᠩᠭᠡᠭᠡᠬᠦ ᠮᠠᠰᠢᠨ ᠵᠡᠷᠭᠡ ᠳᠣᠲᠣᠭᠠᠳᠤ ᠶᠢᠨ ᠵᠢᠭᠠᠨ ᠰᠤᠷᠭᠠᠯᠲᠠ ᠶᠢᠨ ᠲᠥᠬᠦᠭᠡᠷᠦᠮᠵᠢ ᠳᠤᠲᠠᠭᠳᠠᠵᠤ ᠪᠠᠶᠢᠬᠤ ᠪᠥᠭᠡᠳ ᠬᠦᠳᠡᠯᠭᠡᠭᠡᠨ ᠤ ᠲᠠᠯᠠᠪᠤᠷ ᠤᠨ ᠬᠡᠰᠡᠭ ᠨᠢ ᠡᠪᠳᠡᠷᠡᠵᠦ ᠰᠦᠢᠳᠦᠭᠰᠡᠨ ᠪᠠᠶᠢᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠣᠨᠤᠭ ᠲᠥᠬᠦᠭᠡᠷᠦᠮᠵᠢ ᠨᠥᠬᠦᠪᠥᠷᠢᠯᠡᠵᠦ᠂ ᠬᠦᠳᠡᠯᠭᠡᠭᠡᠨ ᠤ ᠲᠠᠯᠠᠪᠤᠷ ᠢ ᠰᠡᠯᠪᠢᠨ ᠵᠠᠰᠠᠬᠤ ᠶᠢ ᠬᠦᠰᠡᠵᠦ ᠪᠠᠶᠢᠨ᠎ᠠ᠃     9. ᠱᠠᠩᠳᠤ ᠰᠢᠶᠠᠨ ᠤ ᠰᠠᠨ ᠳ᠋ᠠ ᠴᠢᠩ ᠰᠢᠶᠠᠩ ᠤᠨ ᠳ᠋ᠦᠩ ᠵᠢᠶᠠ ᠲᠣᠰᠬᠤᠨ ᠤ ᠵᠤᠭᠠᠴᠠᠯ ᠤᠨ ᠦᠵᠡᠮᠵᠢ ᠶᠢᠨ ᠭᠠᠵᠠᠷ ᠤᠨ ᠨᠣᠭᠤᠭᠠᠷᠠᠭᠤᠯᠤᠯᠲᠠ ᠪᠠᠭ᠎ᠠ᠂ ᠬᠡᠰᠡᠭ ᠲᠥᠬᠦᠭᠡᠷᠦᠮᠵᠢ ᠶᠢ ᠰᠡᠯᠪᠢᠨ ᠵᠠᠰᠠᠬᠤ ᠴᠢᠬᠤᠯᠠᠲᠠᠢ ᠪᠠᠶᠢᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠣᠭᠤᠭᠠᠷᠠᠭᠤᠯᠤᠯᠲᠠ ᠶᠢᠨ ᠲᠠᠯᠠᠪᠠᠢ ᠶᠢ ᠨᠡᠮᠡᠭᠳᠡᠭᠦᠯᠵᠦ᠂ ᠱᠠᠩᠳᠤ ᠰᠢᠶᠠᠨ ᠤ ᠠᠷᠠᠳ ᠠᠴᠠ ᠡᠷᠬᠢᠯᠡᠭᠰᠡᠨ ᠵᠤᠭᠠᠴᠠᠯ ᠤᠨ ᠬᠤᠨᠤᠬ ᠪᠠᠭᠤᠳᠠᠯ ᠤᠨ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ᠃     10. ᠱᠠᠩᠳᠤ ᠰᠢᠶᠠᠨ ᠤ ᠰᠢ ᠵᠢᠩ ᠽᠢ ᠪᠠᠯᠭᠠᠰᠤᠨ ᠤ ᠲᠣᠰᠬᠤᠨ ᠳᠤ ᠨᠡᠪᠲᠡᠷᠡᠬᠦ ᠬᠡᠰᠡᠭ ᠵᠠᠰᠠᠮᠠᠯ ᠵᠠᠮ ᠤᠨ ᠲᠣᠨᠣᠯᠵᠢᠨ ᠵᠠᠮ ᠤᠨ ᠠᠭᠤᠯᠵᠠᠷ ᠲᠤ ᠲᠡᠷᠭᠡ ᠤᠯᠠᠨ ᠪᠥᠭᠡᠳ ᠬᠤᠷᠳᠤᠴᠠ ᠨᠢ ᠲᠦᠷᠭᠡᠨ ᠪᠠᠶᠢᠵᠤ ᠵᠠᠮ ᠬᠠᠷᠢᠯᠴᠠᠭᠠᠨ ᠤ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠨ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠵᠣᠬᠢᠴᠠᠩᠭᠤᠶ ᠠᠷᠭ᠎ᠠ ᠬᠡᠮᠵᠢᠶ᠎ᠡ ᠠᠪᠴᠤ ᠠᠳᠡᠯ ᠭᠠᠷᠬᠤ ᠠᠴᠠ ᠰᠡᠷᠭᠡᠶᠢᠯᠡᠬᠦ ᠶᠢ ᠬᠦᠰᠡᠵᠦ  ᠪᠠᠶᠢᠨ᠎ᠠ᠃     ︽ᠭᠤᠷᠪᠠ ᠶᠢ ᠠᠰᠠᠭᠤᠬᠤ︾ ᠠᠵᠢᠯᠯᠠᠭ᠎ᠠ ᠶᠢᠨ ᠠᠰᠠᠭᠤᠳᠠᠯ ᠤᠨ ᠨᠠᠷᠢᠨ ᠲᠠᠩᠰᠠ ᠶᠢ ᠰᠢᠢᠳᠪᠦᠷᠢᠯᠡᠵᠦ ᠳᠠᠭᠤᠰᠬᠠᠭᠰᠠᠨ ᠪᠠᠶᠢᠳᠠᠯ     1. ᠵᠢᠨᠢᠩ ᠲᠣᠭᠤᠷᠢᠭ ᠤᠨ ᠵᠢᠤᠸᠠᠢ ᠱᠢ ᠵᠢᠶᠦ᠋ᠨ ᠤ ᠰᠠᠭᠤᠭᠠᠯᠢ ᠲᠣᠭᠤᠷᠢᠭ᠂ ᠪᠠᠶ ᠸᠠᠩ ᠵᠢᠶᠠ ᠶᠤᠸᠠᠨ ᠤ E ᠲᠣᠭᠤᠷᠢᠭ ᠤᠨ ᠵᠡᠭᠦᠨ ᠡᠮᠦᠨ᠎ᠡ ᠥᠨᠴᠥᠭ ᠤᠨ ᠶᠠᠪᠠᠭᠠᠨ ᠬᠥᠮᠦᠨ ᠤ ᠵᠠᠮ ᠲᠡᠭᠡᠷ᠎ᠡ ᠲᠠᠪᠢᠰᠦᠭᠰᠡᠨ ᠲᠣᠭᠤᠰᠬ᠎ᠠ ᠬᠦᠨᠳᠦ ᠨᠣᠴᠢᠲᠠᠶ ᠡᠪᠳᠡᠭᠳᠡᠵᠦ᠂ ᠬᠤᠳᠠ ᠶᠢᠨ ᠠᠷᠠᠳ ᠤᠨ ᠶᠠᠪᠤᠵᠤ ᠰᠠᠭᠤᠬᠤ ᠳᠤ ᠳᠥᠭᠦᠮ ᠦᠭᠡᠢ ᠪᠠᠶᠢᠨ᠎ᠠ᠂ ᠲᠦᠷᠭᠡᠬᠡᠨ ᠰᠡᠯᠪᠢᠨ ᠵᠠᠰᠠᠬᠤ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠵᠢᠨᠢᠩ ᠲᠤᠭᠤᠷᠢᠭ ᠤᠨ ᠵᠠᠰᠠᠭ ᠤᠨ ᠤᠷᠳᠤᠨ ᠠᠴᠠ ᠨᠢᠭᠡᠨᠳᠡ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠵᠢᠤᠸᠠᠢ ᠱᠢ ᠵᠢᠶᠦ᠋ᠨ ᠤ ᠰᠠᠭᠤᠭᠠᠯᠢ ᠲᠣᠭᠤᠷᠢᠭ᠂ ᠪᠠᠶ ᠸᠠᠩ ᠵᠢᠶᠠᠨ ᠶᠤᠸᠠᠨ ᠤ E ᠲᠣᠭᠤᠷᠢᠭ ᠤᠨ ᠵᠡᠭᠦᠨ ᠡᠮᠦᠨ᠎ᠡ ᠥᠨᠴᠥᠭ ᠤᠨ ᠶᠠᠪᠠᠭᠠᠨ ᠬᠥᠮᠦᠨ ᠤ ᠵᠠᠮ ᠲᠡᠭᠡᠷ᠎ᠡ ᠲᠠᠪᠢᠰᠦᠭᠰᠡᠨ ᠲᠣᠭᠤᠰᠬ᠎ᠠ ᠶᠢ ᠵᠠᠰᠠᠨ ᠰᠡᠯᠪᠢᠵᠦ᠂ ᠰᠠᠷ᠎ᠠ ᠶᠢᠨ ᠰᠡᠬᠦᠯᠴᠢ ᠠᠴᠠ ᠡᠮᠦᠨ᠎ᠡ ᠵᠠᠰᠠᠵᠦ ᠲᠠᠭᠤᠰᠬᠠᠬᠤ ᠪᠠᠷ ᠲᠠᠭᠠᠭᠠᠯᠭᠠᠵᠠᠢ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶     2. ᠤᠯᠠᠭᠠᠨᠴᠠᠪ ᠬᠤᠳᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠡᠮᠦᠨ᠎ᠡ ᠲᠠᠯ᠎ᠠ ᠶᠢᠨ ᠳᠣᠲᠣᠭᠠᠳᠤ ᠵᠠᠮ ᠳᠤ ᠲᠡᠷᠭᠡ ᠵᠣᠭᠰᠣᠭᠠᠬᠤ ᠶᠢ ᠪᠦᠬᠦᠯᠢ ᠡᠳᠦᠷ ᠢᠶᠠᠷ ᠴᠠᠭᠠᠵᠠᠯᠠᠵᠦ ᠪᠠᠶᠢᠨ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠲᠣᠰ ᠭᠡᠰᠡᠭ ᠵᠠᠮ ᠳᠤ ᠬᠠᠤᠯᠢ ᠠᠴᠠ ᠵᠥᠷᠢᠴᠡᠨ ᠲᠡᠷᠭᠡ ᠵᠣᠭᠰᠣᠭᠠᠬᠰᠠᠨ ᠢ ᠵᠠᠪᠳᠤᠨ ᠰᠡᠭᠦᠳᠡᠷᠯᠡᠬᠦ ᠴᠠᠭ ᠲᠤ ᠵᠦᠶ ᠵᠣᠬᠢᠰᠲᠠᠶ ᠪᠠᠶᠢᠷᠢᠯᠠᠭᠤᠯᠤᠯᠳᠠ ᠬᠢᠵᠦ᠂ ᠰᠥᠨᠢ ᠲᠣᠭᠲᠠᠭᠰᠠᠨ ᠴᠠᠭ ᠲᠤ ᠲᠡᠷᠭᠡ ᠵᠣᠭᠰᠣᠭᠠᠬᠤ ᠶᠢ ᠵᠥᠪᠰᠢᠶᠡᠷᠡᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠶᠢᠨ ᠬᠢᠨ ᠲᠣᠰ ᠬᠡᠰᠡᠭ ᠵᠠᠮ ᠳᠤ ᠲᠦᠷᠢᠮ ᠠᠴᠠ ᠵᠥᠷᠢᠴᠡᠨ ᠲᠡᠷᠭᠡ ᠵᠣᠭᠰᠣᠭᠠᠭᠰᠠᠨ ᠢ ᠵᠠᠪᠳᠤᠨ ᠰᠡᠭᠦᠳᠡᠷᠯᠡᠬᠦ ᠴᠠᠭ ᠢ ᠪᠦᠬᠦᠯᠢ ᠡᠳᠦᠷ ᠤᠨ 24 ᠴᠠᠭ ᠪᠠᠶᠢᠭᠰᠠᠨ ᠢ ᠦᠭᠡᠷᠡᠴᠢᠯᠡᠭᠡᠳ᠂ 8᠄ 00 — 19᠄ 00 ᠪᠣᠯᠭᠠᠨ ᠲᠣᠬᠢᠷᠠᠭᠤᠯᠵᠤ᠂ 7 ᠰᠠᠷ᠎ᠠ ᠶᠢᠨ 5 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶    3. ᠵᠢᠨᠢᠩ ᠲᠣᠭᠤᠷᠢᠭ ᠤᠨ ᠵᠢᠶᠠᠨ ᠭᠦᠸᠧ ᠭᠤᠷᠪᠠᠳᠤᠭᠠᠷ ᠵᠠᠮ ᠤᠨ ᠲᠦᠩ ᠱᠦᠨ ᠰᠠᠭᠤᠭᠠᠯᠢ ᠲᠣᠭᠤᠷᠢᠭ ᠤᠨ 5 ᠳ᠋ᠤᠭᠠᠷ ᠨᠣᠮᠧᠷᠲᠤ ᠠᠰᠠᠷ᠂ 8 ᠳ᠋ᠤᠭᠠᠷ ᠨᠣᠮᠧᠷᠲᠤ ᠠᠰᠠᠷ ᠲᠤ ᠵᠥᠪᠬᠡᠨ ᠨᠢᠭᠡ ᠯᠡ ᠴᠠᠬᠢᠯᠭᠠᠨ ᠱᠠᠲᠤ ᠶᠢ ᠬᠡᠷᠡᠭᠯᠡᠵᠦ ᠪᠠᠶᠢᠨ᠎ᠠ᠂ ᠰᠠᠭᠤᠭᠠᠯᠢ ᠠᠷᠠᠳ ᠡᠳᠦᠷ ᠪᠦᠷᠢ ᠭᠠᠷᠴᠤ ᠤᠷᠤᠬᠤ ᠳᠤ ᠮᠥᠷᠯᠡᠬᠦ ᠴᠢᠬᠤᠯᠠᠲᠠᠶ᠂ ᠡᠨᠡ ᠨᠢ ᠠᠮᠢᠳᠤᠷᠠᠯ ᠳᠤ ᠲᠦᠢᠯ ᠤᠨ ᠳᠥᠭᠦᠮ ᠦᠭᠡᠢ ᠪᠠᠶᠢᠨ᠎ᠠ᠂ ᠨᠦᠭᠦᠭᠡ ᠨᠢᠭᠡ ᠴᠠᠬᠢᠯᠭᠠᠨ ᠱᠠᠲᠤ ᠶᠢ ᠨᠡᠪᠲᠡᠷᠡᠭᠦᠯᠬᠦ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠬᠢᠨᠠᠨ ᠪᠠᠶᠢᠴᠠᠭᠠᠭᠰᠠᠨ ᠢᠶᠠᠷ᠂ ᠲᠦᠩ ᠱᠦᠨ ᠰᠠᠭᠤᠭᠠᠯᠢ ᠲᠣᠭᠤᠷᠢᠭ ᠤᠨ ᠴᠠᠬᠢᠯᠭᠠᠨ ᠱᠠᠲᠤ ᠨᠢ ᠵᠠᠰᠠᠵᠦ ᠬᠠᠮᠠᠭᠠᠯᠠᠬᠤ ᠵᠠᠷᠤᠳᠠᠯ ᠢᠶᠠᠨ ᠲᠤᠰᠢᠶᠠᠭᠰᠠᠨ ᠥᠬᠡᠶ ᠠᠴᠠ ᠪᠣᠯᠵᠣ ᠬᠡᠷᠡᠭᠯᠡᠬᠦ ᠪᠠᠨ ᠵᠣᠭᠰᠣᠪᠠ᠂ ᠵᠢᠨᠢᠩ ᠲᠣᠭᠤᠷᠢᠭ ᠤᠨ ᠵᠠᠰᠠᠭ ᠤᠨ ᠣᠷᠳᠣᠨ ᠠᠴᠠ ᠨᠢᠭᠡᠨᠲᠡ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠺᠣᠮᠫᠠᠨᠢ ᠳᠤ ᠬᠠᠮᠢᠶ᠎ᠠ ᠪᠥᠬᠦᠶ ᠵᠠᠷᠤᠳᠠᠯ ᠢᠶᠠᠨ ᠳᠠᠷᠦ᠋ᠢᠬᠠᠨ ᠲᠤᠰᠢᠶᠠᠵᠤ᠂ ᠰᠠᠷ᠎ᠠ ᠶᠢᠨ ᠰᠡᠭᠦᠯᠴᠢ ᠠᠴᠠ ᠡᠮᠦᠨ᠎ᠡ ᠴᠠᠬᠢᠯᠭᠠᠨ ᠱᠠᠲᠤ ᠶᠢ ᠬᠡᠪ ᠤᠨ ᠶᠣᠰᠣᠭᠠᠷ ᠠᠵᠢᠯᠯᠠᠭᠤᠯᠬᠤ ᠶᠢ ᠳᠠᠭᠠᠭᠠᠯᠭᠠᠵᠠᠶ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶    4. ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠠᠯᠲᠤ ᠠᠭᠤᠯᠠ ᠶᠢᠨ ᠦᠵᠡᠮᠵᠢ ᠶᠢᠨ ᠣᠷᠣᠨ ᠳᠤ ᠵᠤᠭᠠᠴᠠᠭᠰᠠᠳ ᠡᠳᠦᠷ ᠢᠷᠡᠬᠦᠶ᠎ᠡ ᠣᠯᠠᠰᠢᠷᠠᠭᠰᠠᠨ ᠠᠴᠠ ᠵᠣᠷᠯᠣᠩ ᠳᠤ ᠤᠷᠤᠬᠤ ᠠᠰᠠᠭᠤᠳᠠᠯ ᠤᠯᠠᠮ ᠢᠶᠠᠷ ᠲᠤᠪᠤᠶᠢᠮ᠎ᠠ ᠪᠤᠯᠵᠦ ᠪᠠᠶᠢᠨ᠎ᠠ᠂ ᠵᠣᠷᠯᠣᠩ ᠨᠡᠮᠡᠵᠦ ᠰᠡᠯᠪᠢᠨ ᠵᠠᠰᠠᠵᠤ᠂ ᠵᠤᠭᠠᠴᠠᠭᠰᠠᠳ ᠤᠨ ᠵᠣᠷᠯᠣᠩ ᠳᠤ ᠤᠷᠤᠬᠤ ᠠᠰᠠᠭᠤᠳᠠᠯ ᠢ ᠰᠢᠢᠳᠪᠦᠷᠢᠯᠡᠬᠦ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠠᠴᠠ ᠬᠤᠯᠪᠣᠭᠳᠠᠯ ᠪᠦᠭᠦᠢ ᠰᠠᠯᠠᠭ᠎ᠠ ᠮᠥᠴᠢᠷ ᠢ 3᠂ 5᠂ 6 ᠨᠣᠮᠧᠷᠲᠤ ᠭᠠᠯᠲᠤ ᠠᠭᠤᠯᠠᠨ ᠳᠤ ᠵᠣᠷᠯᠣᠩ ᠨᠡᠮᠡᠵᠦ᠂ 4 ᠨᠣᠮᠧᠷᠲᠤ ᠭᠠᠯᠲᠤ ᠠᠭᠤᠯᠠᠨ ᠤ ᠵᠣᠷᠯᠣᠩ ᠢ ᠲᠠᠭᠢᠨ ᠵᠠᠰᠠᠵᠤ᠂ ᠵᠤᠭᠠᠴᠠᠭᠰᠠᠳ ᠤᠨ ᠵᠣᠷᠯᠣᠩ ᠬᠡᠷᠡᠭᠯᠡᠬᠦ ᠳᠤ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠬᠡᠷᠡᠭᠲᠡᠶ ᠭᠡᠵᠦ ᠱᠠᠭᠠᠷᠳᠠᠪᠠ᠃ ︵ᠲᠠᠭᠠᠭᠠᠨ ᠭᠦᠢᠴᠡᠳᠭᠡᠬᠦ ᠨᠢᠭᠡᠴᠢ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ︶    5. ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠠᠶᠠᠨᠴᠠᠭᠠᠨ ᠪᠠᠯᠭᠠᠰᠤᠨ ᠤ ᠠᠮᠠᠨ ᠬᠤᠳᠳᠤᠭ ᠭᠠᠴᠠᠭ᠎ᠠ ᠳᠤ ᠰᠦᠯᠵᠢᠶ᠎ᠡ ᠶᠢ ᠠᠶᠢᠯ ᠡᠷᠦᠬᠡ ᠳᠤ ᠣᠷᠣᠭᠤᠯᠬᠤ ᠶᠢ ᠪᠡᠶᠡᠯᠡᠭᠦᠯᠦᠭᠡ ᠥᠬᠡᠶ ᠪᠠᠶᠢᠨ᠎ᠠ᠂ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠲᠦᠷᠭᠡᠬᠡᠨ ᠰᠦᠯᠵᠢᠶ᠎ᠡ ᠨᠡᠪᠲᠡᠷᠡᠭᠦᠯᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠠᠮᠠᠨ ᠬᠤᠳᠳᠤᠭ ᠭᠠᠴᠠᠭ᠎ᠠ ᠳᠤ ᠰᠦᠯᠵᠢᠶ᠎ᠡ ᠵᠠᠯᠭᠠᠬᠤ ᠶᠢ ᠱᠠᠭᠠᠷᠳᠠᠵᠠᠢ᠃ ᠵᠠᠯᠭᠠᠯᠲᠠ ᠶᠢᠨ ᠳᠣᠬᠢᠶ᠎ᠠ ᠶᠢ ᠨᠢᠭᠡᠨᠲᠡ ᠲᠣᠭᠲᠠᠭᠠᠵᠤ᠂ ᠵᠢᠱᠢᠯᠲᠡ ᠪᠠᠷ 7 ᠰᠠᠷ᠎ᠠ ᠶᠢᠨ ᠡᠬᠢ ᠪᠠᠷ ᠰᠦᠯᠵᠢᠶ᠎ᠡ ᠨᠡᠪᠲᠡᠷᠡᠭᠦᠯᠦᠨ᠎ᠡ᠃ ︵ᠲᠠᠭᠠᠭᠠᠨ ᠭᠦᠢᠴᠡᠳᠭᠡᠬᠦ ᠨᠢᠭᠡᠴᠢ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ︶    6. ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠡᠮᠦᠷᠲᠡᠶ ᠪᠠᠯᠭᠠᠰᠤᠨ ᠤ ᠬᠢᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠣᠯᠠᠰᠢᠷᠠᠭᠰᠠᠨ ᠠᠴᠠ ᠰᠠᠭᠤᠭᠠᠯᠢ ᠠᠷᠠᠳ ᠤᠨ ᠴᠠᠬᠢᠯᠭᠠᠨ ᠬᠡᠷᠡᠭᠯᠡᠬᠦ ᠶᠢ ᠨᠥᠯᠥᠭᠡᠯᠡᠵᠦ ᠪᠠᠶᠢᠨ᠎ᠠ᠂ ᠴᠠᠬᠢᠯᠭᠠᠨ ᠤ ᠳᠠᠭᠠᠭᠠᠴᠠ ᠬᠦᠷᠦᠯᠴᠡᠬᠦ ᠥᠬᠡᠶ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠣᠯᠠᠨ ᠤᠳᠠᠭ᠎ᠠ ᠶᠢᠨ ᠣᠶᠢᠯᠠᠭᠠᠯᠴᠠᠭ᠎ᠠ ᠪᠠᠷ ᠳᠡᠮᠵᠢᠨ᠂ ᠲᠡᠮᠦᠷᠳᠡᠢ ᠶᠢᠨ 110 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠢ ᠨᠢᠭᠡᠨᠲᠡ ᠬᠢᠨᠠᠨ ᠵᠥᠪᠰᠢᠶᠡᠷᠡᠵᠦ᠂ 9 ᠰᠠᠷ᠎ᠠ ᠳᠤ ᠪᠠᠷᠢᠯᠭ᠎ᠠ ᠡᠬᠢᠯᠡᠭᠦᠯᠤᠨ᠎ᠡ ᠃ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠲᠡᠮᠦᠷᠳᠡᠢ ᠶᠢᠨ ᠴᠠᠬᠢᠯᠭᠠᠨ ᠬᠡᠷᠡᠭᠯᠡᠬᠦ ᠠᠰᠠᠭᠤᠳᠠᠯ ᠢ ᠪᠦᠷᠢᠮᠦᠰᠦᠨ ᠰᠢᠢᠳᠪᠦᠷᠢᠯᠡᠬᠦ ᠪᠣᠯᠤᠨ᠎ᠠ᠃ ︵ᠲᠠᠭᠠᠭᠠᠨ ᠭᠦᠢᠴᠡᠳᠭᠡᠬᠦ ᠨᠢᠭᠡᠴᠢ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ︶    7. ᠵᠦᠸᠧᠽᠢ ᠰᠢᠶᠠᠨ ᠤ ᠳ᠋ᠠᠴᠢᠩ ᠬᠤᠶᠢᠲᠤ ᠵᠠᠮ ᠪᠣᠯᠤᠨ ᠪᠡᠭᠡᠵᠢᠩ ᠠᠴᠠ ᠪᠤᠭᠤᠲᠤ ᠬᠦ᠋ᠷᠬᠦ ᠲᠡᠮᠦᠷ ᠵᠠᠮ ᠤᠨ ᠱᠤᠭᠤᠮ ᠤᠨ ᠬᠠᠭᠤᠴᠢᠨ ᠱᠤᠭᠤᠮ ᠤᠨ ᠠᠭᠤᠯᠵᠠᠷ ᠤᠨ ︵ᠭᠠᠵᠠᠷ ᠲᠤᠤᠷᠠᠬᠢ ᠬᠦᠬᠦᠷᠭᠡ︶ ᠠᠰ ᠳᠣᠣᠷ᠎ᠠ ᠲᠠᠯ᠎ᠠ ᠶᠢᠨ ᠵᠠᠮ ᠡᠪᠳᠡᠷᠡᠭᠡᠳ ᠪᠠᠶᠢᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠤᠰ ᠬᠡᠰᠡᠭ ᠵᠠᠮ ᠢ ᠵᠠᠰᠠᠨ ᠰᠡᠯᠪᠢᠵᠦ᠂ ᠣᠯᠠᠨ ᠲᠦᠮᠡᠨ ᠤ ᠶᠠᠪᠤᠵᠤ ᠰᠠᠭᠤᠬᠤ ᠳᠤ ᠳᠥᠭᠦᠮ ᠦᠵᠡᠭᠦᠯᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠵᠦᠸᠧᠽᠢ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠨᠢᠭᠡᠨᠲᠡ ᠡᠩᠬᠦᠯ ᠲᠤᠩᠬᠤᠯ ᠵᠠᠮ ᠢ ᠰᠡᠯᠪᠢᠨ ᠵᠠᠰᠠᠵᠤ᠂ ᠣᠯᠠᠨ ᠲᠦᠮᠡᠨ ᠤ ᠶᠠᠪᠤᠵᠤ ᠰᠠᠭᠤᠬᠤ ᠳᠤ ᠲᠦᠢᠯ ᠤᠨ ᠶᠡᠭᠡ ᠲᠥᠬᠦᠮ ᠦᠵᠡᠭᠦᠯᠤᠨ᠂ ᠰᠠᠭᠤᠭᠠᠯᠢ ᠠᠷᠠᠳ ᠤᠨ ᠵᠣᠯ ᠵᠢᠷᠭᠠᠯ ᠤᠨ ᠲᠥᠷᠥᠭᠳᠡᠯ ᠢ ᠨᠡᠮᠡᠭᠳᠡᠭᠦᠯᠪᠡ᠃ ︵ᠲᠠᠭᠠᠭᠠᠨ ᠭᠦᠢᠴᠡᠳᠭᠡᠬᠦ ᠨᠢᠭᠡᠴᠢ᠄ ᠵᠦᠸᠧᠽᠢ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ︶     8. ᠵᠦᠸᠧᠽᠢ ᠰᠢᠶᠠᠨ ᠤ ᠴᠢ ᠰᠢᠶᠠ ᠶᠢᠩ ︵ᠵᠢᠱᠢᠶᠠᠨ︶ ᠬᠡᠦᠬᠡᠳ ᠤᠨ ᠴᠡᠴᠡᠷᠯᠢᠭ ᠲᠤ ᠵᠢᠭᠠᠨ ᠰᠤᠷᠭᠠᠯᠲᠠ ᠶᠢᠨ ᠨᠢᠭᠡ ᠴᠣᠭᠴᠠᠲᠤ ᠮᠠᠰᠢᠨ᠂ ᠳᠠᠭᠤ ᠲᠤᠮᠤᠷᠠᠭᠤᠯᠤᠭᠴᠢ᠂ ᠳᠦᠷᠰᠦ ᠰᠢᠩᠭᠡᠭᠡᠬᠦ ᠮᠠᠰᠢᠨ ᠵᠡᠷᠭᠡ ᠳᠣᠲᠣᠭᠠᠳᠤ ᠵᠢᠭᠠᠨ ᠰᠤᠷᠭᠠᠯᠲᠠ ᠶᠢᠨ ᠲᠥᠬᠦᠭᠡᠷᠦᠮᠵᠢ ᠳᠤᠲᠠᠭᠳᠠᠵᠤ ᠪᠠᠶᠢᠬᠤ ᠪᠥᠭᠡᠳ ᠬᠦᠳᠡᠯᠭᠡᠭᠡᠨ ᠤ ᠲᠠᠯᠠᠪᠤᠷ ᠤᠨ ᠬᠡᠰᠡᠭ ᠨᠢ ᠡᠪᠳᠡᠷᠡᠵᠦ ᠰᠦᠢᠳᠦᠭᠰᠡᠨ ᠪᠠᠶᠢᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠣᠨᠤᠭ ᠲᠥᠬᠦᠭᠡᠷᠦᠮᠵᠢ ᠨᠥᠬᠦᠪᠥᠷᠢᠯᠡᠵᠦ᠂ ᠬᠦᠳᠡᠯᠭᠡᠭᠡᠨ ᠤ ᠲᠠᠯᠠᠪᠤᠷ ᠢ ᠰᠡᠯᠪᠢᠨ ᠵᠠᠰᠠᠬᠤ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠵᠦᠸᠧᠽᠢ ᠰᠢᠶᠠᠨ ᠤ ᠵᠠᠰᠠᠭ ᠤᠨ ᠣᠷᠳᠣᠨ ᠠᠴᠠ ᠬᠠᠨᠳᠢᠪ ᠬᠦᠷᠭᠡᠬᠦ ᠠᠵᠤ ᠠᠬᠤᠶᠢᠯᠠᠯ - ᠳᠤᠮᠳᠠᠳᠤ ᠤᠯᠤᠰ ᠤᠨ ᠲᠠᠯᠠᠢ ᠶᠢᠨ ᠲᠤᠰᠤᠨ ᠤ ᠪᠦᠯᠦᠭᠯᠡᠯ ᠺᠣᠮᠫᠠᠨᠢ ᠳᠤ ᠬᠡᠷᠡᠭᠰᠡᠬᠦ ᠵᠢᠭᠠᠨ ᠰᠤᠷᠭᠠᠯᠲᠠ ᠶᠢᠨ ᠲᠤᠨᠤᠭ ᠲᠥᠬᠦᠭᠡᠷᠦᠮᠵᠢ ᠶᠢᠨ ᠬᠡᠯᠪᠡᠷᠢ ᠮᠠᠶ᠋ᠢᠭ ᠪᠠ ᠲᠤᠭ᠎ᠠ ᠬᠡᠮᠵᠢᠶ᠎ᠡ ᠶᠢ ᠬᠠᠩᠭᠠᠵᠤ᠂ ᠤᠳᠤ ᠶᠠᠭ ᠬᠤᠯᠪᠣᠭᠳᠠᠯ ᠪᠦᠬᠦᠢ ᠲᠤᠨᠤᠭ ᠲᠥᠬᠦᠭᠡᠷᠦᠮᠵᠢ ᠶᠢ ᠬᠤᠳᠠᠯᠳᠤᠨ ᠠᠪᠴᠤ ᠪᠠᠶᠢᠨ᠎ᠠ᠂ ᠵᠢᠱᠢᠯᠲᠡ ᠪᠠᠷ 8 ᠰᠠᠷ᠎ᠠ ᠶᠢᠨ ᠰᠡᠭᠦᠯᠴᠢ ᠪᠠᠷ ᠠᠰᠢᠭᠯᠠᠯᠲᠠ ᠳᠤ ᠣᠷᠣᠭᠤᠯᠬᠤ ᠪᠣᠯᠤᠨ᠎ᠠ᠃ ︵ᠲᠠᠭᠠᠭᠠᠨ ᠭᠦᠢᠴᠡᠳᠭᠡᠬᠦ ᠨᠢᠭᠡᠴᠢ᠄ ᠵᠦᠸᠧᠽᠢ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ︶     9. ᠱᠠᠩᠳᠤ ᠰᠢᠶᠠᠨ ᠤ ᠰᠠᠨ ᠳ᠋ᠠ ᠴᠢᠩ ᠰᠢᠶᠠᠩ ᠤᠨ ᠳ᠋ᠦᠩ ᠵᠢᠶᠠ ᠲᠣᠰᠬᠤᠨ ᠤ ᠵᠤᠭᠠᠴᠠᠯ ᠤᠨ ᠦᠵᠡᠮᠵᠢ ᠶᠢᠨ ᠭᠠᠵᠠᠷ ᠤᠨ ᠨᠣᠭᠤᠭᠠᠷᠠᠭᠤᠯᠤᠯᠲᠠ ᠴᠥᠭᠡᠨ᠂ ᠬᠡᠰᠡᠭ ᠲᠥᠬᠦᠭᠡᠷᠦᠮᠵᠢ ᠶᠢ ᠰᠡᠯᠪᠢᠨ ᠵᠠᠰᠠᠬᠤ ᠴᠢᠬᠤᠯᠠᠲᠠᠢ ᠪᠠᠶᠢᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠣᠭᠤᠭᠠᠷᠠᠭᠤᠯᠤᠯᠲᠠ ᠶᠢᠨ ᠲᠠᠯᠠᠪᠠᠢ ᠶᠢ ᠨᠡᠮᠡᠭᠳᠡᠭᠦᠯᠵᠦ᠂ ᠱᠠᠩᠳᠤ ᠰᠢᠶᠠᠨ ᠤ ᠠᠷᠠᠳ ᠤᠨ ᠣᠷᠣᠨ ᠰᠠᠭᠤᠴᠠ ᠶᠢᠨ ᠵᠤᠭᠠᠴᠠᠯ ᠤᠨ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠱᠠᠩᠳᠤ ᠰᠢᠶᠠᠨ ᠤ ᠰᠠᠨ ᠳ᠋ᠠ ᠴᠢᠩ ᠰᠢᠶᠠᠩ ᠤᠨ ᠵᠠᠰᠠᠭ ᠤᠨ ᠣᠷᠳᠣᠨ ᠨᠢᠭᠡᠨᠲᠡ ᠦᠵᠡᠮᠵᠢ ᠶᠢᠨ ᠣᠷᠣᠨ ᠤ 7 ᠮᠣᠩᠭᠤᠯ ᠬᠡᠷ ᠢ ᠰᠡᠯᠪᠢᠨ ᠵᠠᠰᠠᠵᠤ᠂ ᠦᠵᠡᠮᠵᠢ ᠶᠢᠨ ᠣᠷᠣᠨ ᠤ ᠬᠡᠷ ᠪᠠᠶᠢᠰᠢᠩ ᠳᠤ ᠤᠰᠤ ᠰᠡᠷᠭᠡᠶᠢᠯᠡᠬᠦ ᠢᠨᠵᠧᠨᠧᠷᠢᠩ ᠪᠠᠶᠢᠭᠤᠯᠵᠠᠢ︔ ᠰᠢᠶᠠᠨ ᠤ ᠤᠢ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠠᠴᠠ ᠦᠵᠡᠮᠵᠢ ᠶᠢᠨ ᠣᠷᠣᠨ ᠳᠤ 180 ᠰᠠᠭᠤᠷᠢ ᠨᠠᠷᠠᠰᠤᠨ ᠮᠣᠳᠣ᠂ 30 ᠰᠠᠭᠤᠷᠢ ᠵᠢᠮᠢᠰ ᠤᠨ ᠮᠣᠳᠣ ᠂ 30 ᠰᠠᠭᠤᠷᠢ ᠤᠯᠠᠭᠠᠨ ᠬᠦᠢᠯᠡᠰᠦᠨ ᠮᠣᠳᠣ ᠲᠠᠷᠢᠵᠦ ᠥᠭᠪᠡ᠃ ︵ᠲᠠᠭᠠᠭᠠᠨ ᠭᠦᠢᠴᠡᠳᠭᠡᠬᠦ ᠨᠢᠭᠡᠴᠢ᠄ ᠱᠠᠩᠳᠤ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ︶     10. ᠱᠠᠩᠳᠤ ᠰᠢᠶᠠᠨ ᠤ ᠰᠢ ᠵᠢᠩ ᠽᠢ ᠪᠠᠯᠭᠠᠰᠤᠨ ᠤ ᠲᠣᠰᠬᠤᠨ ᠳᠤ ᠨᠡᠪᠲᠡᠷᠡᠬᠦ ᠬᠡᠰᠡᠭ ᠵᠠᠰᠠᠮᠠᠯ ᠵᠠᠮ ᠤᠨ ᠲᠣᠨᠣᠯᠵᠢᠨ ᠵᠠᠮ ᠤᠨ ᠠᠭᠤᠯᠵᠠᠷ ᠲᠤ ᠲᠡᠷᠭᠡ ᠤᠯᠠᠨ ᠪᠥᠭᠡᠳ ᠬᠤᠷᠳᠤᠴᠠ ᠨᠢ ᠲᠦᠷᠭᠡᠨ ᠪᠠᠶᠢᠵᠤ ᠵᠠᠮ ᠬᠠᠷᠢᠯᠴᠠᠭᠠᠨ ᠤ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠨ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠵᠣᠬᠢᠴᠠᠩᠭᠤᠶ ᠠᠷᠭ᠎ᠠ ᠬᠡᠮᠵᠢᠶ᠎ᠡ ᠠᠪᠴᠤ ᠠᠳᠡᠯ ᠭᠠᠷᠬᠤ ᠠᠴᠠ ᠰᠡᠷᠭᠡᠶᠢᠯᠡᠬᠦ ᠶᠢ ᠬᠦᠰᠡᠵᠦ  ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠱᠠᠩᠳᠤ ᠰᠢᠶᠠᠨ ᠤ ᠵᠠᠰᠠᠭ ᠤᠨ ᠣᠷᠳᠣᠨ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠰᠢ ᠵᠢᠩ ᠽᠢ ᠪᠠᠯᠭᠠᠰᠤᠨ ᠤ ᠴᠢ ᠳ᠋ᠧᠩ ᠶᠢᠩ ᠲᠣᠰᠬᠤᠨ ᠤ ᠵᠡᠭᠦᠨ ᠪᠠᠷᠠᠭᠤᠨ ᠵᠠᠮ ᠳᠤ ᠬᠤᠷᠳᠤᠴᠠ ᠪᠠᠨ ᠪᠠᠭᠤᠷᠠᠭᠤᠯᠬᠤ ᠪᠦᠰᠡ ᠲᠠᠭᠠᠷᠠᠭᠤᠯᠵᠤ᠂ ᠰᠡᠷᠡᠮᠵᠢ ᠶᠢᠨ ᠫᠠᠶᠢᠰᠠ ᠪᠤᠰᠬᠠᠬᠤ ᠶᠢ ᠳᠠᠭᠠᠭᠠᠯᠭᠠᠪᠠ᠃ ᠵᠢᠱᠢᠯᠲᠡ ᠪᠠᠷ 7 ᠰᠠᠷ᠎ᠠ ᠶᠢᠨ ᠰᠡᠭᠦᠯᠴᠢ ᠪᠠᠷ ᠠᠵᠢᠯ ᠢᠶᠠᠨ ᠳᠠᠭᠤᠰᠬᠠᠨ᠎ᠠ᠃ ︵ᠲᠠᠭᠠᠭᠠᠨ ᠭᠦᠢᠴᠡᠳᠭᠡᠬᠦ ᠨᠢᠭᠡᠴᠢ᠄ ᠱᠠᠩᠳᠤ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ︶
 
ᠢᠷᠡᠯᠲᠡ᠄ ᠤᠯᠠᠭᠠᠨᠴᠠᠪ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2