ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠳᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠬᠤᠷᠠᠯ ᠬᠤᠲᠠ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/11/25
    11 ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠬᠤᠷᠠᠯ᠂ ᠬᠤᠲᠠ ᠶᠢᠨ ᠨᠠᠮ ᠤᠨ ᠰᠤᠷᠲᠠᠯ ᠪᠠ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠰᠤᠷᠲᠠᠯ ᠪᠠ ᠴᠢᠬᠡᠴᠢ ᠵᠠᠰᠠᠭ ᠤᠨ ᠪᠠᠶᠢᠭᠤᠯᠤᠯᠲᠠ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠵᠡᠷᠭᠡ ᠤᠴᠢᠷ ᠶᠠᠪᠤᠳᠠᠯ ᠢ ᠰᠤᠳᠤᠯᠤᠨ ᠪᠠᠶᠢᠷᠢᠯᠠᠭᠤᠯᠪᠠ᠃     ᠬᠤᠷᠠᠯ ᠠᠴᠠ᠂ ᠪᠦᠬᠦ ᠬᠤᠳᠠ ᠪᠠᠷ ᠢᠶᠠᠨ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠭᠦᠨᠵᠡᠭᠡᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠤᠯᠤᠰ ᠤᠨ ᠵᠠᠰᠠᠭ ᠤᠨ ᠡᠷᠬᠡ ᠶᠢᠨ ᠠᠮᠤᠷ ᠲᠦᠪᠰᠢᠨ᠂ ᠲᠦᠷᠢᠮ ᠤᠨ ᠠᠮᠤᠷ ᠲᠦᠪᠰᠢᠨ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠡᠷᠡᠰ ᠬᠠᠮᠠᠭᠠᠯᠠᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠵᠤ᠂ ᠠᠶᠤᠯ ᠲᠦᠭᠰᠢᠭᠦᠷᠢ ᠶᠢᠨ ᠳᠠᠯᠳᠠ ᠭᠡᠮ ᠰᠣᠭᠤᠭ ᠢ ᠦᠨᠡᠨ ᠬᠦ ᠡᠬᠢ ᠡᠭᠦᠰᠦᠯ ᠠᠴᠠ ᠨᠢ ᠠᠷᠢᠯᠭᠠᠬᠤ ᠬᠡᠷᠡᠭᠲᠡᠶ᠃ ᠤᠯᠠᠨ ᠨᠡᠶᠢᠲᠡ ᠶᠢᠨ ᠠᠮᠤᠷ ᠲᠦᠪᠰᠢᠨ ᠢ ᠬᠠᠮᠠᠭᠠᠯᠠᠬᠤ ᠦᠢᠯᠡᠳᠦᠯ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠵᠦ᠂ ᠨᠡᠶᠢᠭᠡᠮ ᠤᠨ ᠠᠮᠤᠷ ᠲᠦᠪᠰᠢᠨ ᠤ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠦᠨᠡᠨᠬᠦ ᠪᠠᠲᠤᠯᠠᠬᠤ ᠬᠡᠷᠡᠭᠲᠡᠢ᠃ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠤᠯᠠᠭᠠᠨᠴᠠᠪ ᠢ ᠪᠦᠳᠦᠭᠡᠨ ᠪᠠᠶᠢᠭᠤᠯᠵᠤ᠂ ᠮᠠᠨ ᠤ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠠᠮ ᠤᠨ ᠰᠤᠷᠲᠠᠯ ᠪᠠ ᠴᠢᠬᠡᠴᠢ ᠵᠠᠰᠠᠭ ᠤᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠢᠯᠵᠢᠷᠡᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠶᠢ ᠪᠦᠬᠦ ᠬᠦᠴᠦᠨ ᠢᠶᠠᠷ ᠢᠶᠠᠨ ᠡᠰᠡᠷᠭᠦᠴᠡᠵᠦ᠂ ᠢᠯᠵᠢᠷᠡᠬᠦ ᠠᠴᠠ ᠵᠢᠷᠦᠬᠡᠰᠢᠶᠡᠬᠦ ᠰᠦᠷᠳᠡᠭᠦᠯᠦᠯ ᠢ ᠲᠠᠰᠤᠷᠠᠯᠳᠡ ᠦᠭᠡᠢ ᠴᠢᠩᠭᠠᠳᠬᠠᠬᠤ ᠬᠡᠷᠡᠭᠲᠡᠢ︔ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠳᠤ ᠴᠢᠩᠭ᠎ᠠ ᠬᠢᠨᠠᠯᠲᠠ ᠲᠠᠯᠪᠢᠵᠤ᠂ ᠢᠯᠵᠠᠷᠠᠵᠤ ᠪᠣᠯᠬᠤ ᠦᠭᠡᠢ ᠰᠢᠩᠭᠡᠯᠢᠭ ᠢ ᠪᠠᠲᠤ ᠪᠠᠬᠢᠯᠡᠬᠦ ᠬᠡᠷᠡᠭᠲᠡᠢ︔ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠢᠯᠵᠢᠷᠡᠬᠦ ᠶᠢ ᠪᠤᠳᠤᠬᠤ ᠦᠭᠡᠢ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠤᠯᠠᠭᠠᠨᠴᠠᠪ ᠤᠨ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ  ᠴᠢᠩᠭᠠᠳᠬᠠᠪᠠ᠃     ᠬᠤᠷᠠᠯ ᠠᠴᠠ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠬᠦ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠠᠳᠬᠤᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ ᠭᠦᠨᠵᠡᠭᠡᠢ ᠨᠠᠷᠢᠨ ᠨᠢᠮᠪᠠᠢ ᠪᠠᠶᠢᠴᠠᠭᠠᠵᠤ᠂ ᠡᠯ᠎ᠡ ᠲᠦᠷᠦᠯ ᠤᠨ ᠠᠰᠠᠭᠤᠳᠠᠯ ᠢ ᠡᠷᠲᠡ ᠠᠴᠠ ᠢᠯᠡᠷᠡᠭᠦᠯᠵᠦ᠂ ᠤᠷᠢᠳᠴᠢᠯᠠᠨ ᠰᠢᠢᠳᠪᠦᠷᠢᠯᠡᠵᠦ᠂ ᠪᠠᠭ᠎ᠠ ᠠᠴᠠ ᠨᠢ ᠰᠢᠢᠳᠪᠦᠷᠢᠯᠡᠬᠦ ᠬᠡᠷᠡᠭᠲᠡᠢ᠃ ᠦᠯᠡᠳᠡᠭᠡᠯ ᠡᠬᠢ ᠪᠠᠶᠠᠯᠢᠭ ᠢ ᠴᠢᠯᠥᠭᠡᠲᠡᠶ ᠪᠣᠯᠭᠠᠵᠤ᠂ ᠥᠷᠢ ᠥᠭᠴᠡᠭᠡ ᠶᠢ ᠳᠥᠯᠥᠬᠦ ᠠᠷᠭ᠎ᠠ ᠵᠠᠮ ᠢ ᠥᠷᠭᠡᠳᠬᠡᠨ᠂ ᠦᠯᠡᠳᠡᠭᠡᠯ ᠥᠷᠢ ᠥᠭᠴᠡᠭᠡ ᠶᠢ ᠯᠠᠪᠳᠠᠭᠤᠨ ᠢᠶᠠᠷ ᠰᠢᠢᠳᠪᠦᠷᠢᠯᠡᠬᠦ ᠬᠡᠷᠡᠭᠲᠡᠶ᠃ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠵᠦᠢᠯᠡᠰ ᠤᠨ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ ᠮᠠᠨ ᠤ ᠬᠤᠲᠠ ᠶᠢᠨ ᠡᠬᠢ ᠪᠠᠶᠠᠯᠢᠭ ᠤᠨ ᠳᠠᠪᠠᠭᠤᠯᠢᠭ ᠪᠠ ᠠᠵᠤ ᠦᠢᠯᠡᠰ ᠤᠨ ᠣᠨᠴᠠᠯᠢᠭ ᠲᠤ ᠰᠠᠭᠤᠷᠢᠯᠠᠨ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠠ ᠵᠠᠬ᠎ᠠ ᠳᠡᠯᠭᠡᠭᠦᠷ ᠤᠨ ᠬᠡᠷᠡᠭᠴᠡᠭᠡ ᠶᠢ ᠭᠦᠨᠵᠡᠭᠡᠶ ᠰᠤᠳᠤᠯᠵᠤ᠂ ᠰᠠᠭᠤᠷᠢ ᠲᠠᠯᠪᠢᠬᠤ᠂ ᠠᠯᠤᠰ ᠬᠡᠳᠦ ᠳᠤ ᠠᠰᠢᠭᠲᠠᠶ᠂ ᠳᠤᠲᠠᠭᠤᠳᠠᠯ ᠢ ᠨᠥᠬᠦᠪᠥᠷᠢᠯᠡᠬᠦ‍ ᠨᠢᠭᠡ ᠪᠦᠯᠦᠭ ᠰᠠᠶᠢᠨ ᠲᠥᠷᠥᠯ ᠵᠦᠢᠯ᠂ ᠲᠣᠮᠣ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠯᠡᠵᠦ᠂ ᠨᠠᠷᠢᠯᠢᠭ ᠣᠨᠣᠴᠠᠲᠠᠶ ᠲᠥᠰᠥᠪᠯᠡᠬᠦ ᠬᠡᠷᠡᠭᠲᠡᠶ ᠵᠢᠭᠠᠵᠤ ᠭᠠᠷᠭᠠᠪᠠ᠃     ᠬᠤᠷᠠᠯ ᠠᠴᠠ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ︽ᠬᠤᠶᠠᠷ ᠢ ᠲᠣᠭᠲᠠᠭᠠᠬᠤ︾ ᠳᠤᠮᠳᠠ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠣᠷᠣᠭᠰᠠᠨ ᠢᠶᠠᠨ ᠬᠡᠷᠡᠭᠯᠡᠬᠦ᠂ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠵᠤ ᠪᠣᠳᠠᠲᠠᠢ ᠠᠵᠢᠯᠯᠠᠬᠤ ᠶᠢ ᠪᠠᠷᠢᠮᠲᠠᠯᠠᠵᠤ᠂ ᠬᠠᠷᠢᠴᠠᠯᠠᠰᠢᠭᠦᠢ ᠦᠨᠡᠨᠴᠢ ᠰᠢᠳᠤᠷᠭᠤ ᠤᠯᠤᠰ ᠲᠦᠷᠦ ᠶᠢᠨ ᠤᠤᠷ ᠴᠢᠨᠠᠷ ᠢᠶᠠᠨ ᠡᠭᠦᠷᠢᠳᠡ ᠬᠠᠳᠠᠭᠠᠯᠠᠬᠤ ᠬᠡᠷᠡᠭᠲᠡᠢ᠃ ᠨᠠᠮ ᠠᠴᠠ ᠦᠵᠡᠯ ᠤᠬᠠᠮᠰᠠᠷ ᠤᠨ ᠬᠡᠯᠪᠡᠷᠢ ᠶᠢ ᠬᠠᠮᠢᠶᠠᠷᠬᠤ ᠶᠢ ᠪᠠᠷᠢᠮᠲᠠᠯᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ ᠶᠢ ᠪᠠᠲᠤ ᠡᠵᠡᠮᠳᠡᠬᠦ ᠬᠡᠷᠡᠭᠲᠡᠢ᠃ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠴᠢᠩᠭ᠎ᠠ ᠬᠠᠮᠢᠶᠠᠷᠬᠤ ᠪᠠ ᠬᠠᠯᠠᠮᠵᠢᠯᠠᠬᠤ ᠶᠢ ᠤᠶᠠᠯᠳᠤᠭᠤᠯᠬᠤ᠂ ᠤᠷᠮᠠᠰᠢᠭᠤᠯᠤᠨ ᠵᠣᠷᠢᠭᠵᠢᠭᠤᠯᠬᠤ ᠪᠠ ᠬᠢᠵᠠᠭᠠᠷᠯᠠᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠬᠦ ᠺᠠᠳ᠋ᠷ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠬᠤ ᠬᠡᠷᠡᠭᠲᠡᠢ᠃ ᠦᠨᠳᠦᠰᠦᠨ ᠱᠠᠳᠤ ᠶᠢ ᠶᠡᠬᠡᠪᠡᠷ ᠠᠳᠬᠤᠬᠤ ᠢᠯᠡ ᠲᠣᠳᠣ ᠤᠳᠤᠷᠢᠳᠤᠮᠵᠢ ᠶᠢ ᠪᠤᠢ ᠪᠣᠯᠭᠠᠵᠤ᠂ ᠦᠷᠭᠦᠯᠵᠢᠯᠡᠨ ᠬᠦᠴᠦᠯᠡᠨ ᠴᠢᠷᠮᠠᠶᠢᠵᠤ ᠪᠠᠶᠢᠭᠠᠳ ᠰᠠᠭᠤᠷᠢ ᠶᠢ ᠠᠳᠬᠤᠵᠤ᠂ ᠦᠨᠳᠦᠰᠦ ᠶᠢ ᠪᠠᠲᠤᠳᠬᠠᠨ᠂ ᠳᠤᠲᠠᠭᠤᠳᠠᠯ ᠢ ᠨᠥᠬᠦᠪᠥᠷᠢᠯᠡᠵᠦ᠂ ᠪᠠᠭᠤᠷᠠᠢ ᠲᠠᠯ᠎ᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠬᠦ ᠲᠠᠯ᠎ᠠ ᠪᠠᠷ ᠳᠠᠪᠰᠢᠬᠤ᠂ ᠪᠦᠬᠦ ᠲᠠᠯ᠎ᠠ ᠪᠠᠷ ᠰᠢᠯᠭᠠᠷᠠᠬᠤ ᠶᠢ ᠠᠬᠢᠭᠤᠯᠬᠤ ᠬᠡᠷᠡᠭᠲᠡᠢ᠃ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠶᠡᠭᠡ ᠪᠠᠷ ᠪᠤᠢ ᠪᠣᠯᠭᠠᠵᠤ ᠂ ᠠᠵᠢᠯᠴᠢ ᠬᠢᠴᠢᠶᠡᠩᠭᠦᠶ ᠪᠠᠷ ᠵᠠᠰᠠᠭ ᠪᠠᠷᠢᠵᠤ ᠪᠣᠳᠠᠲᠠᠶ ᠶᠢ ᠡᠷᠬᠢᠮᠯᠡᠬᠦ ᠰᠤᠷᠲᠠᠯ ᠢ ᠶᠡᠭᠡ ᠪᠠᠷ ᠮᠠᠨᠳᠤᠭᠤᠯᠵᠤ᠂ ᠺᠠᠳ᠋ᠷᠴᠤᠳ ᠤᠨ ︽ᠰᠢᠷᠭᠠᠭᠤ ᠵᠢᠳᠬᠦᠯ︾ ᠢᠶᠠᠷ ᠤᠯᠠᠨ ᠲᠦᠮᠡᠨ ᠤ ︽ᠵᠣᠯ ᠵᠢᠷᠭᠠᠯ︾ ᠢ ᠰᠣᠯᠢᠵᠤ ᠠᠪᠴᠢᠷᠠᠬᠤ ᠬᠡᠷᠡᠭᠲᠡᠶ ᠭᠡᠵᠦ ᠴᠢᠩᠭᠠᠳᠬᠠᠪᠠ᠃                                               ᠣᠷᠴᠢᠭᠤᠯᠤᠭᠴᠢ᠄ ᠭᠤᠸ᠎ᠠ                                               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2