︽ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠰᠢᠷᠢᠰ ᠮᠡᠳᠡᠭᠡᠯᠡᠯ ︵ᠨᠠᠢᠮᠠ︶
ᠨᠡᠶᠢᠲᠡᠯᠡᠭᠰᠡᠨ ᠴᠠᠭ᠄
2021/11/25
   ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠤᠮᠳᠠ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠠᠵᠢᠯᠯᠠᠭ᠎ᠠ ᠥᠷᠨᠢᠭᠦᠯᠬᠦ ᠲᠤᠬᠠᠶ ᠨᠠᠮ ᠤᠨ ᠲᠥᠪ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠢᠨ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ᠂ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ ᠠᠰᠠᠭᠤᠬᠤ᠂ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ ︽ᠭᠤᠷᠪᠠ ᠶᠢ ᠠᠰᠠᠭᠤᠬᠤ︾ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠨᠡᠶᠢᠭᠡᠮ ᠤᠨ ᠡᠯ᠎ᠡ ᠡᠲᠡᠭᠡᠳ ᠪᠠ ᠥᠷᠭᠡᠨ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠠᠰᠠᠭᠤᠳᠠᠯ ᠤᠨ ᠨᠠᠷᠢᠨ ᠲᠠᠩᠰᠠ ᠶᠢ ᠬᠤᠷᠢᠶᠠᠩᠭᠤᠶᠢᠯᠠᠨ ᠡᠮᠬᠢᠯᠡᠵᠦ᠂ ᠡᠭᠦᠨ ᠤ ᠤᠯᠠᠮ ᠠᠴᠠ ᠣᠯᠠᠨ ᠲᠦᠮᠡᠨ ᠳᠤ ᠪᠣᠳᠠᠲᠠᠶ ᠶᠠᠪᠤᠳᠠᠯ ᠬᠢᠬᠦ ᠶᠢᠨ ︽ᠭᠤᠷᠪᠠ ᠶᠢ ᠠᠰᠠᠭᠤᠬᠤ︾ ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠ ᠶᠢ ᠲᠣᠭᠲᠠᠭᠠᠭᠰᠠᠨ ᠪᠠᠶᠢᠨ᠎ᠠ᠃ ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠣᠳᠣ ᠨᠡᠶᠢᠭᠡᠮ ᠲᠠᠶᠠᠭᠠᠷ ᠲᠤ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠦᠢᠯᠡᠳᠦᠯᠭᠡ ᠶᠢᠨ ᠠᠵᠢᠯᠯᠠᠭ᠎ᠠ ᠶᠢᠨ ᠦᠢᠯᠡᠴᠢᠯᠡᠭᠡᠨ ᠤ ᠵᠦᠢᠯᠡᠰ ᠤᠨ ᠨᠠᠷᠢᠨ ᠳᠠᠩᠰᠠ ᠪᠠ ᠠᠰᠠᠭᠤᠳᠠᠯ ᠢ  ᠰᠢᠢᠳᠪᠦᠷᠢᠯᠡᠭᠰᠡᠨ ᠦᠷ᠎ᠡ ᠳ᠋ᠦᠩ ᠢ ᠨᠡᠶᠢᠲᠡᠯᠡᠵᠦ᠂ ᠠᠷᠠᠳ ᠣᠯᠠᠨ ᠤ ᠬᠢᠨᠠᠯᠲᠠ ᠪᠠ ᠦᠨᠡᠯᠡᠯᠲᠡ ᠶᠢ ᠤᠬᠠᠮᠰᠠᠷ ᠠᠴᠠ ᠪᠠᠨ ᠬᠦᠯᠢᠶᠡᠬᠦ ᠪᠤᠯᠤᠨ᠎ᠡ᠃      ︽ᠭᠤᠷᠪᠠ ᠶᠢ ᠠᠰᠠᠭᠤᠬᠤ︾ ᠠᠵᠢᠯᠯᠠᠭ᠎ᠠ ᠶᠢᠨ ᠠᠰᠠᠭᠤᠳᠠᠯ ᠤᠨ ᠨᠠᠷᠢᠨ ᠲᠠᠩᠰᠠ     1. ᠵᠢᠨᠢᠩ ᠲᠣᠭᠤᠷᠢᠭ ᠤᠨ ᠰᠢᠨ ᠲᠠᠢ ᠰᠠᠭᠤᠭᠠᠯᠢ ᠲᠣᠭᠤᠷᠢᠭ ᠤᠨ ᠰᠠᠭᠤᠭᠠᠯᠢ ᠡᠷᠦᠬᠡ ᠨᠢᠭᠡ ᠯᠡ ᠤᠰᠤᠨ ᠤ ᠬᠡᠮᠵᠢᠭᠦᠷ ᠢ ᠬᠠᠮᠳᠤ ᠬᠡᠷᠡᠭᠯᠡᠵᠦ ᠪᠠᠶᠢᠭ᠎ᠠ ᠪᠣᠯᠬᠤᠷ ᠤᠰᠤ ᠬᠡᠷᠡᠭᠯᠡᠬᠦ ᠳᠤ ᠳᠥᠭᠦᠮ ᠦᠭᠡᠢ ᠪᠠᠶᠢᠨ᠎ᠠ᠃ ᠤᠰᠤᠨ ᠤ ᠬᠡᠮᠵᠢᠭᠦᠷ ᠢ ᠠᠯᠢ ᠲᠦᠷᠭᠡᠨ ᠢᠶᠠᠷ ᠰᠠᠯᠭᠠᠨ ᠤᠭᠰᠠᠷᠠᠵᠤ ᠰᠠᠭᠤᠭᠠᠯᠢ ᠠᠷᠠᠳ ᠤᠨ ᠤᠰᠤ ᠬᠡᠷᠡᠭᠯᠡᠬᠦ ᠬᠦᠴᠢᠷᠳᠡᠯ ᠢ ᠰᠢᠢᠳᠪᠦᠷᠢᠯᠡᠬᠦ ᠶᠢ ᠬᠦᠰᠡᠵᠦ ᠪᠠᠶᠢᠨ᠎ᠠ᠃     2. ᠵᠢᠨᠢᠩ ᠲᠣᠭᠤᠷᠢᠭ ᠤᠨ ᠳ᠋ᠧᠩ ᠰᠢ ᠯᠥ ᠪᠠᠭᠤᠳᠠᠯ ᠣᠶᠢᠷᠠᠯᠴᠠᠭ᠎ᠠ ᠭᠤᠳᠤᠮᠵᠢ ᠶᠢᠨ ᠵᠠᠮ ᠤᠨ ᠳ᠋ᠧᠩ ᠨᠣᠴᠣᠬᠤ ᠥᠬᠡᠶ ᠪᠠᠶᠢᠨ᠎ᠠ᠂ ᠲᠦᠷᠭᠡᠨ ᠵᠠᠰᠠᠬᠤ ᠶᠢ ᠬᠦᠰᠡᠵᠦ ᠪᠠᠶᠢᠨ᠎ᠠ᠃     3. ᠵᠢᠨᠢᠩ ᠲᠣᠭᠤᠷᠢᠭ ᠤᠨ ᠰᠢᠶᠠᠩ ᠾᠧ ᠳ᠋ᠦᠩ ᠹᠠᠩ B ᠲᠣᠭᠤᠷᠢᠭ ᠤᠨ 13 ᠳ᠋ᠤᠭᠠᠷ ᠠᠰᠠᠷ ᠤᠨ ᠭᠠᠵᠠᠷ ᠳᠣᠣᠷᠠᠬᠢ ᠤᠰᠤᠨ ᠤ ᠬᠤᠭᠤᠯᠠᠶ ᠪᠠ ᠲᠦᠭᠡᠭᠡᠯ ᠤᠰᠤᠨ ᠤ ᠬᠤᠭᠤᠯᠠᠶ ᠬᠠᠭᠠᠷᠠᠨ ᠪᠥᠭᠯᠡᠷᠡᠭᠰᠡᠨ ᠪᠠᠶᠢᠨ᠎ᠠ᠃ ᠡᠭᠦᠨ ᠢ ᠲᠠᠷᠤᠢ ᠲᠦᠷᠭᠡᠨ ᠵᠠᠰᠠᠵᠤ ᠰᠡᠯᠪᠢᠨ᠂ ᠰᠠᠭᠤᠭᠠᠯᠢ ᠠᠷᠠᠳ ᠤᠨ ᠠᠮᠢᠳᠤᠷᠠᠯ ᠤᠨ ᠬᠦᠴᠢᠷᠳᠡᠯ ᠢ ᠰᠢᠢᠳᠪᠦᠷᠢᠯᠡᠬᠦ ᠶᠢ ᠬᠦᠰᠡᠵᠦ ᠪᠠᠶᠢᠨ᠎ᠠ᠃     4. ᠵᠢᠨᠢᠩ ᠲᠣᠭᠤᠷᠢᠭ ᠲᠤ ᠲᠤᠬᠢᠷᠠᠭᠤᠯᠤᠭᠰᠠᠨ ᠤᠯᠠᠨ ᠭᠠᠵᠠᠷ ᠲᠠᠬᠢ ᠰᠦᠢᠳᠬᠡᠯ ᠬᠤᠷᠢᠶᠠᠬᠤ ᠲᠡᠷᠭᠡᠨ ᠵᠣᠭᠰᠣᠭᠠᠯ ᠢ ᠬᠢᠨᠠᠨ ᠵᠥᠪᠰᠢᠶᠡᠷᠡᠭᠦᠯᠦᠭᠰᠡᠨ ᠤᠤ ᠦᠭᠡᠢ ᠤᠤ︖ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠣᠭᠲᠠᠭᠠᠯ ᠠᠴᠠ ᠵᠥᠷᠢᠴᠡᠨ ᠲᠡᠷᠭᠡᠨ ᠵᠣᠭᠰᠣᠭᠠᠯ ᠪᠠᠶᠢᠭᠤᠯᠬᠤ ᠶᠢ ᠬᠠᠤᠯᠢ ᠶᠣᠰᠣᠭᠠᠷ ᠴᠠᠭᠠᠵᠠᠯᠠᠬᠤ ᠶᠢ ᠬᠦᠰᠡᠵᠦ ᠪᠠᠶᠢᠨ᠎ᠠ᠃     5. ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠤᠸᠠᠩ ᠮᠢᠩ ᠭᠠᠴᠠᠭᠠᠨ ᠤ ᠠᠷᠠᠳ ᠤᠨ ᠵᠥᠪᠯᠡᠯ ᠤᠨ ᠬᠠᠮᠲᠤ ᠶᠢᠨ ᠠᠵᠤ ᠠᠬᠤᠶ ᠶᠢᠨ ᠠᠮᠤ ᠲᠣᠰᠣ ᠪᠣᠯᠪᠠᠰᠤᠷᠠᠭᠤᠯᠬᠤ ᠲᠥᠷᠥᠯ ᠵᠦᠢᠯ ᠳᠤ ᠭᠤᠷᠪᠠᠨ ᠵᠦᠢᠯ ᠤᠨ ᠬᠥᠳᠡᠯᠭᠡᠬᠦ ᠬᠦᠴᠦᠨ ᠤ ᠴᠠᠬᠢᠯᠭᠠᠨ ᠨᠡᠪᠲᠡᠷᠡᠭᠡ ᠥᠬᠡᠶ ᠠᠴᠠ ᠪᠣᠯᠵᠣ᠂ ᠠᠰᠢᠭᠯᠠᠯᠳᠠ ᠳᠤ ᠣᠷᠤᠭ᠎ᠠ ᠥᠬᠡᠶ ᠪᠠᠶᠢᠭᠰᠠᠭᠠᠷ ᠪᠠᠶᠢᠨ᠎ᠠ᠃ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠳᠠᠷᠤᠶ ᠲᠦᠷᠭᠡᠨ ᠴᠠᠬᠢᠯᠭᠠᠨ ᠨᠡᠪᠲᠡᠷᠡᠭᠦᠯᠬᠦ ᠶᠢ ᠬᠦᠰᠡᠵᠦ ᠪᠠᠶᠢᠨ᠎ᠠ᠃     6. ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠠᠷᠢᠯᠭ᠎ᠠ ᠶᠢᠨ ᠮᠠᠲ᠋ᠧᠷᠢᠶᠠᠯ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠤᠨᠢᠨ ᠲᠠᠯᠠᠢ ᠠᠵᠤ ᠦᠢᠯᠡᠰ ᠤᠨ ᠬᠦᠷᠢᠶᠡᠯᠡᠩ ᠤᠨ ᠡᠷᠬᠢᠨ ᠲᠣᠭᠤᠷᠢᠨ ᠤ ᠠᠶᠢᠯ ᠲᠣᠰᠬᠤᠨ ᠤ ᠤᠰᠤᠨ ᠤ ᠲᠦᠪᠰᠢᠨ ᠳᠣᠷᠣᠭᠰᠢᠯᠠᠵᠤ᠂ ᠤᠰᠤᠨ ᠤ ᠬᠡᠮᠵᠢᠶ᠎ᠡ ᠬᠦᠷᠦᠯᠴᠡᠬᠦ ᠦᠭᠡᠢ ᠠᠴᠠ ᠲᠣᠰᠬᠤᠨ ᠤ ᠠᠷᠠᠳ ᠤᠰᠤ ᠢᠳᠡᠬᠦ ᠳᠤ ᠲᠦᠭᠦᠮ ᠦᠭᠡᠢ ᠪᠠᠶᠢᠨ᠎ᠠ᠃     7. ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳ᠋ᠠ ᠲᠠᠨ ᠰᠢᠶᠠᠩ ᠤᠨ ᠬᠤᠸᠠ ᠭᠧ ᠲᠠᠢ ᠶᠢᠨ ᠬᠡᠰᠡᠭ ᠦᠶᠡᠷ ᠢ ᠰᠡᠷᠭᠡᠶᠢᠯᠡᠬᠦ ᠬᠠᠰᠢᠯᠭ᠎ᠠ ᠨᠢᠳᠤᠨᠤᠨ ᠤ ᠪᠣᠷᠣᠭᠠᠨ ᠤ ᠤᠯᠠᠷᠢᠯ ᠳᠤ ᠦᠶᠡᠷ ᠲᠤ ᠠᠪᠲᠠᠭᠳᠠᠵᠠᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠡᠯᠪᠢᠨ ᠵᠠᠰᠠᠵᠤ ᠪᠠᠬᠢᠯᠡᠨ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢ ᠬᠦᠰᠡᠵᠦ ᠪᠠᠶᠢᠨ᠎ᠠ᠃     8. ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠢᠷᠭᠤᠳᠤᠭᠠᠷ ᠨᠡᠶᠢᠭᠡᠮ ᠲᠣᠭᠤᠷᠢᠭ ᠤᠨ ᠡᠭᠦᠳᠡᠨ ᠡᠮᠦᠨᠡᠬᠢ ᠵᠠᠮ ᠨᠢ ᠢᠪᠴᠤᠤ᠂ ᠲᠡᠷᠭᠡ ᠵᠣᠭᠰᠣᠬᠤ ᠭᠠᠵᠠᠷ ᠥᠬᠡᠶ ᠪᠣᠯᠬᠤᠷ ᠰᠠᠭᠤᠭᠠᠯᠢ ᠠᠷᠠᠳ ᠤᠨ ᠶᠠᠪᠤᠵᠤ ᠰᠠᠭᠤᠬᠤ ᠶᠢ ᠨᠥᠯᠥᠭᠡᠯᠡᠵᠦ ᠪᠠᠶᠢᠨ᠎ᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠵᠠᠰᠠᠮᠠᠯ ᠵᠠᠮ ᠤᠨ ᠬᠦᠪᠡᠭᠡᠨ ᠤ ᠶᠡᠨᠳᠡᠷ ᠢᠶᠠᠨ ᠳᠣᠷᠣᠭᠰᠢᠯᠠᠭᠤᠯᠵᠤ᠂ ᠲᠡᠷᠭᠡ ᠵᠣᠭᠰᠣᠬᠤ ᠭᠠᠵᠠᠷ ᠨᠡᠮᠡᠵᠦ ᠭᠠᠷᠭᠠᠬᠤ ᠶᠢ ᠬᠦᠰᠡᠵᠦ ᠪᠠᠶᠢᠨ᠎ᠠ᠃     9. ᠳᠥᠷᠪᠡᠳ ᠬᠤᠰᠢᠭᠤᠨ ᠤ ᠠᠯᠪᠠᠨ ᠠᠴᠠ ᠪᠠᠶᠢᠭᠤᠯᠤᠭᠰᠠᠨ ᠬᠡᠤᠬᠡᠳ ᠤᠨ ᠴᠡᠴᠡᠷᠯᠢᠭ ᠲᠤ ᠬᠡᠷ ᠤᠨ ᠭᠠᠳᠠᠨᠠᠬᠢ ᠬᠥᠳᠡᠯᠭᠡᠭᠡᠨ ᠤ ᠪᠠᠭᠠᠵᠢ ᠬᠡᠷᠡᠭᠰᠡᠯ᠂ ᠬᠡᠤᠬᠡᠳ ᠤᠨ ᠬᠥᠯ ᠪᠥᠮᠪᠦᠭᠡ ᠶᠢᠨ ᠲᠠᠯᠠᠪᠤᠷ ᠵᠡᠷᠭᠡ ᠲᠥᠬᠦᠭᠡᠷᠦᠮᠵᠢ ᠳᠤᠲᠠᠭᠳᠠᠵᠤ ᠪᠠᠶᠢᠨ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠲᠣᠨᠤᠭ ᠲᠥᠬᠦᠭᠡᠷᠦᠮᠵᠢ ᠪᠠᠨ ᠨᠥᠬᠦᠪᠥᠷᠢᠯᠡᠬᠦ ᠶᠢ ᠬᠦᠰᠡᠵᠦ ᠪᠠᠶᠢᠨ᠎ᠠ᠃     10. ᠳᠥᠷᠪᠡᠳ ᠬᠤᠰᠢᠭᠤᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ ᠲᠤᠨᠤᠭ ᠲᠥᠬᠦᠭᠡᠷᠦᠮᠵᠢ ᠬᠤᠴᠣᠷᠤᠩᠭᠤᠶ ᠪᠦᠭᠡᠳ ᠪᠦᠷᠢᠨ ᠪᠤᠰᠤ᠂ ᠣᠲᠣ ᠪᠠᠶᠢᠭ᠎ᠠ ᠡᠮᠴᠢᠯᠡᠭᠡᠨ ᠤ ᠨᠥᠬᠦᠴᠡᠯ ᠨᠢ ᠣᠯᠠᠨ ᠲᠦᠮᠡᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠬᠦ ᠥᠬᠡᠶ ᠪᠠᠶᠢᠨ᠎ᠠ᠃ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠲᠣᠨᠤᠭ ᠲᠥᠬᠦᠭᠡᠷᠦᠮᠵᠢ ᠪᠠᠨ ᠰᠢᠨᠡᠳᠬᠡᠬᠦ ᠶᠢ ᠬᠦᠰᠡᠵᠦ ᠪᠠᠶᠢᠨ᠎ᠠ᠃     ︽ᠭᠤᠷᠪᠠ ᠶᠢ ᠠᠰᠠᠭᠤᠬᠤ︾ ᠠᠵᠢᠯᠯᠠᠭ᠎ᠠ ᠶᠢᠨ ᠠᠰᠠᠭᠤᠳᠠᠯ ᠤᠨ ᠨᠠᠷᠢᠨ ᠲᠠᠩᠰᠠ ᠶᠢ ᠰᠢᠢᠳᠪᠦᠷᠢᠯᠡᠵᠦ ᠳᠠᠭᠤᠰᠬᠠᠭᠰᠠᠨ ᠪᠠᠶᠢᠳᠠᠯ     1. ᠵᠢᠨᠢᠩ ᠲᠣᠭᠤᠷᠢᠭ ᠤᠨ ᠰᠢᠨ ᠲᠠᠢ ᠰᠠᠭᠤᠭᠠᠯᠢ ᠲᠣᠭᠤᠷᠢᠭ ᠤᠨ ᠰᠠᠭᠤᠭᠠᠯᠢ ᠡᠷᠦᠬᠡ ᠨᠢᠭᠡ ᠯᠡ ᠤᠰᠤᠨ ᠤ ᠬᠡᠮᠵᠢᠭᠦᠷ ᠢ ᠬᠠᠮᠳᠤ ᠬᠡᠷᠡᠭᠯᠡᠵᠦ ᠪᠠᠶᠢᠭ᠎ᠠ ᠪᠣᠯᠬᠤᠷ ᠤᠰᠤ ᠬᠡᠷᠡᠭᠯᠡᠬᠦ ᠳᠤ ᠳᠥᠭᠦᠮ ᠦᠭᠡᠢ ᠪᠠᠶᠢᠨ᠎ᠠ᠃ ᠤᠰᠤᠨ ᠤ ᠬᠡᠮᠵᠢᠭᠦᠷ ᠢ ᠠᠯᠢ ᠲᠦᠷᠭᠡᠨ ᠢᠶᠠᠷ ᠰᠠᠯᠭᠠᠨ ᠤᠭᠰᠠᠷᠠᠵᠤ ᠰᠠᠭᠤᠭᠠᠯᠢ ᠠᠷᠠᠳ ᠤᠨ ᠤᠰᠤ ᠬᠡᠷᠡᠭᠯᠡᠬᠦ ᠬᠦᠴᠢᠷᠳᠡᠯ ᠢ ᠰᠢᠢᠳᠪᠦᠷᠢᠯᠡᠬᠦ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠨᠢᠭᠡᠨᠲᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠲᠣᠰ ᠰᠠᠭᠤᠭᠠᠯᠢ ᠲᠣᠭᠤᠷᠢᠭ ᠤᠨ ᠰᠠᠭᠤᠭᠠᠯᠢ ᠠᠷᠠᠳ ᠲᠤ ᠡᠷᠦᠬᠡ ᠬᠤᠪᠢᠶᠠᠭᠰᠠᠨ ᠤᠰᠤᠨ ᠤ ᠬᠡᠮᠵᠢᠭᠦᠷ ᠤᠭᠰᠠᠷᠠᠬᠤ ᠬᠡᠷᠡᠭᠲᠡᠶ ᠭᠡᠵᠦ ᠳᠠᠭᠠᠭᠠᠯᠭᠠᠵᠠᠶ᠂ ᠣᠲᠣ ᠨᠢᠭᠡᠨᠲᠡ ᠠᠵᠢᠯ ᠢᠶᠠᠨ ᠡᠬᠢᠯᠡᠭᠦᠯᠵᠦ᠂ ᠵᠢᠱᠢᠯᠲᠡ ᠪᠠᠷ 8 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠤᠭᠰᠠᠷᠠᠵᠤ ᠳᠠᠭᠤᠰᠬᠠᠬᠤ ᠪᠣᠯᠤᠨ᠎ᠠ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶     2. ᠵᠢᠨᠢᠩ ᠲᠣᠭᠤᠷᠢᠭ ᠤᠨ ᠳ᠋ᠧᠩ ᠰᠢ ᠵᠠᠮ ᠤᠨ ᠪᠠᠭᠤᠳᠠᠯ ᠤᠨ ᠣᠶᠢᠷᠠᠯᠴᠠᠭ᠎ᠠ ᠭᠤᠳᠤᠮᠵᠢ ᠶᠢᠨ ᠵᠠᠮ ᠤᠨ ᠳ᠋ᠧᠩ ᠨᠣᠴᠣᠬᠤ ᠥᠬᠡᠶ ᠪᠠᠶᠢᠨ᠎ᠠ᠂ ᠲᠦᠷᠭᠡᠨ ᠵᠠᠰᠠᠬᠤ ᠶᠢ ᠬᠦᠰᠡᠵᠦ ᠪᠠᠶᠢᠨ᠎ᠠ᠃     ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠠᠴᠠ ᠨᠢᠭᠡᠨᠲᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠰ ᠭᠠᠵᠠᠷ ᠤᠨ ᠵᠠᠮ ᠤᠨ ᠳ᠋ᠧᠩ ᠢ ᠰᠡᠯᠪᠢᠨ ᠵᠠᠰᠠᠭᠤᠯᠬᠤ ᠪᠠᠷ ᠳᠠᠭᠠᠭᠠᠯᠭᠠᠵᠤ᠂ ᠣᠳᠣ ᠨᠢᠭᠡᠨᠲᠡ ᠭᠡᠷᠡᠯᠲᠦᠭᠦᠯᠭᠡ ᠶᠢ ᠰᠡᠷᠭᠦᠭᠡᠪᠡ᠃ ︵ᠲᠠᠭᠠᠭᠠᠨ ᠭᠦᠢᠴᠡᠳᠭᠡᠬᠦ  ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶     3. ᠵᠢᠨᠢᠩ ᠲᠣᠭᠤᠷᠢᠭ ᠤᠨ ᠰᠢᠶᠠᠩ ᠾᠧ ᠳ᠋ᠦᠩ ᠹᠠᠩ B ᠲᠣᠭᠤᠷᠢᠭ ᠤᠨ 13 ᠳ᠋ᠤᠭᠠᠷ ᠠᠰᠠᠷ ᠤᠨ ᠭᠠᠵᠠᠷ ᠳᠣᠣᠷᠠᠬᠢ ᠤᠰᠤᠨ ᠤ ᠬᠤᠭᠤᠯᠠᠶ ᠪᠠ ᠲᠦᠭᠡᠭᠡᠯ ᠤᠰᠤᠨ ᠤ ᠬᠤᠭᠤᠯᠠᠶ ᠳᠡᠯᠪᠡᠷᠡᠵᠦ ᠬᠠᠭᠠᠷᠠᠨ ᠪᠥᠭᠯᠡᠷᠡᠭᠰᠡᠨ ᠪᠠᠶᠢᠨ᠎ᠠ᠃ ᠡᠭᠦᠨ ᠢ ᠲᠠᠷᠤᠢ ᠲᠦᠷᠭᠡᠨ ᠵᠠᠰᠠᠵᠤ ᠰᠡᠯᠪᠢᠨ᠂ ᠰᠠᠭᠤᠭᠠᠯᠢ ᠠᠷᠠᠳ ᠤᠨ ᠠᠮᠢᠳᠤᠷᠠᠯ ᠤᠨ ᠬᠦᠴᠢᠷᠳᠡᠯ ᠢ ᠰᠢᠢᠳᠪᠦᠷᠢᠯᠡᠬᠦ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠬᠢᠨᠠᠨ ᠪᠠᠶᠢᠴᠠᠭᠠᠭᠰᠠᠨ ᠢᠶᠠᠷ᠂ ᠠᠰᠠᠭᠤᠳᠠᠯ ᠣᠷᠣᠰᠢᠵᠤ ᠪᠠᠶᠢᠭ᠎ᠠ ᠨᠢ ᠲᠣᠰ ᠰᠠᠭᠤᠭᠠᠯᠢ ᠲᠣᠭᠤᠷᠢᠭ ᠤᠨ A ᠲᠣᠭᠤᠷᠢᠭ ᠤᠨ 14 ᠳ᠋ᠤᠭᠡᠷ ᠨᠣᠮᠧᠷᠲᠤ ᠠᠰᠠᠷ ᠤᠨ ᠰᠠᠭᠤᠭᠠᠯᠢ ᠡᠷᠦᠬᠡ ᠪᠣᠯᠤᠨ᠎ᠠ᠂ ᠰᠠᠭᠤᠭᠠᠯᠢ ᠡᠷᠦᠬᠡ ᠶᠢᠨ ᠠᠷᠢᠭᠤᠨ ᠴᠡᠪᠡᠷ ᠤᠨ ᠲᠠᠰᠤᠯᠭ᠎ᠠ ᠶᠢᠨ ᠤᠰᠤ ᠰᠡᠷᠭᠡᠶᠢᠯᠡᠬᠦ ᠳᠠᠪᠬᠤᠷᠭ᠎ᠠ ᠨᠢ ᠡᠪᠳᠡᠭᠳᠡᠭᠰᠡᠨ ᠠᠴᠠ ᠪᠣᠯᠵᠣ ᠨᠡᠪᠴᠢᠵᠦ ᠭᠤᠭᠤᠵᠢᠵᠠᠢ᠃ ᠣᠲᠣ ᠨᠢᠭᠡᠨᠲᠡ ᠪᠠᠶᠢᠴᠠᠭᠠᠨ ᠰᠢᠯᠭᠠᠵᠤ ᠰᠡᠯᠪᠢᠨ ᠵᠠᠰᠠᠵᠤ ᠪᠠᠶᠢᠨ᠎ᠠ᠂ ᠵᠢᠱᠢᠯᠲᠡ ᠪᠠᠷ 7 ᠰᠠᠷ᠎ᠠ ᠶᠢᠨ 15 ᠤ ᠡᠳᠦᠷ ᠰᠡᠯᠪᠢᠨ ᠵᠠᠰᠠᠵᠤ ᠳᠠᠭᠤᠰᠬᠠᠨ᠎ᠠ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶    4 . ᠵᠢᠨᠢᠩ ᠲᠣᠭᠤᠷᠢᠭ ᠲᠤ ᠲᠤᠬᠢᠷᠠᠭᠤᠯᠤᠭᠰᠠᠨ ᠤᠯᠠᠨ ᠭᠠᠵᠠᠷ ᠲᠠᠬᠢ ᠰᠦᠢᠳᠬᠡᠯ ᠬᠤᠷᠢᠶᠠᠬᠤ ᠲᠡᠷᠭᠡᠨ ᠵᠣᠭᠰᠣᠭᠠᠯ ᠢ ᠬᠢᠨᠠᠨ ᠵᠥᠪᠰᠢᠶᠡᠷᠡᠭᠦᠯᠦᠭᠰᠡᠨ ᠤᠤ ᠦᠭᠡᠢ ᠤᠤ︖ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠣᠭᠲᠠᠭᠠᠯ ᠠᠴᠠ ᠵᠥᠷᠢᠴᠡᠨ ᠲᠡᠷᠭᠡ ᠵᠣᠭᠰᠣᠭᠠᠬᠤ ᠲᠠᠯᠠᠪᠠᠶ ᠪᠠᠶᠢᠭᠤᠯᠬᠤ ᠶᠢ ᠬᠠᠤᠯᠢ ᠶᠣᠰᠣᠭᠠᠷ ᠴᠠᠭᠠᠵᠠᠯᠠᠬᠤ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠵᠢᠨᠢᠩ ᠲᠣᠭᠤᠷᠢᠭ ᠲᠤ ᠣᠲᠣ 22 ᠰᠦᠢᠳᠬᠡᠯ ᠬᠤᠷᠢᠶᠠᠬᠤ ᠲᠡᠷᠭᠡᠨ ᠵᠣᠭᠰᠣᠭᠠᠯ ᠲᠠᠢ᠂ 9 ᠨᠢ ᠭᠠᠷᠳᠠᠮ ᠪᠦᠷᠢᠨ ᠭᠦᠢᠴᠡᠳ᠂ 13 ᠨᠢ ᠭᠠᠷᠳᠠᠮ ᠭᠦᠢᠴᠡᠳ ᠪᠤᠰᠤ ᠲᠡᠷᠭᠡᠨ ᠵᠣᠭᠰᠣᠭᠠᠯ ᠢ ᠶᠠᠭ ᠲᠥᠪᠯᠡᠷᠡᠭᠦᠯᠦᠨ ᠴᠡᠭᠴᠡᠯᠡᠨ ᠵᠠᠰᠠᠵᠤ ᠪᠣᠶ᠂ ᠬᠡᠷᠪᠡ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠬᠠᠮᠢᠶ᠎ᠠ ᠪᠥᠬᠦᠶ ᠭᠠᠷᠳᠠᠮ ᠢ ᠲᠡᠭᠦᠯᠳᠡᠷᠵᠢᠭᠦᠯᠵᠦ ᠳᠡᠶᠢᠯᠬᠦ ᠥᠬᠡᠶ ᠪᠤᠶᠤ ᠵᠢᠷᠤᠮᠵᠢᠭᠰᠠᠨ ᠪᠠᠷᠢᠮᠵᠢᠶ᠎ᠠ ᠳᠤ ᠬᠥᠷᠬᠦ ᠥᠬᠡᠶ ᠰᠦᠢᠳᠬᠡᠯ ᠬᠤᠷᠢᠶᠠᠬᠤ ᠲᠡᠷᠭᠡᠨ ᠵᠣᠭᠰᠣᠭᠠᠯ ᠢ ᠪᠦᠬᠦᠨ ᠢ ᠬᠦᠴᠦᠨ ᠥᠬᠡᠶ ᠪᠣᠯᠭᠠᠨ᠎ᠠ᠃ ︵ᠲᠠᠭᠠᠭᠠᠨ ᠭᠦᠢᠴᠡᠳᠭᠡᠬᠦ ᠨᠢᠭᠡᠴᠢ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶     5. ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠤᠸᠠᠩ ᠮᠢᠩ ᠭᠠᠴᠠᠭᠠᠨ ᠤ ᠠᠷᠠᠳ ᠤᠨ ᠵᠥᠪᠯᠡᠯ ᠤᠨ ᠬᠠᠮᠲᠤ ᠶᠢᠨ ᠠᠵᠤ ᠠᠬᠤᠶ ᠶᠢᠨ ᠠᠮᠤ ᠲᠣᠰᠣ ᠪᠣᠯᠪᠠᠰᠤᠷᠠᠭᠤᠯᠬᠤ ᠲᠥᠷᠥᠯ ᠵᠦᠢᠯ ᠳᠤ ᠭᠤᠷᠪᠠᠨ ᠵᠦᠢᠯ ᠤᠨ ᠬᠥᠳᠡᠯᠭᠡᠬᠦ ᠬᠦᠴᠦᠨ ᠤ ᠴᠠᠬᠢᠯᠭᠠᠨ ᠨᠡᠪᠲᠡᠷᠡᠭᠡ ᠥᠬᠡᠶ ᠠᠴᠠ ᠪᠣᠯᠵᠣ᠂ ᠠᠰᠢᠭᠯᠠᠯᠲᠠ ᠳᠤ ᠣᠷᠤᠭ᠎ᠠ ᠥᠬᠡᠶ ᠪᠠᠶᠢᠭᠰᠠᠭᠠᠷ ᠪᠠᠶᠢᠨ᠎ᠠ᠃ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠳᠠᠷᠤᠶ ᠲᠦᠷᠭᠡᠨ ᠴᠠᠬᠢᠯᠭᠠᠨ ᠨᠡᠪᠲᠡᠷᠡᠭᠦᠯᠬᠦ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠠᠴᠠ ᠬᠤᠯᠪᠣᠭᠳᠠᠯ ᠪᠦᠭᠦᠢ ᠰᠠᠯᠠᠭ᠎ᠠ ᠮᠥᠴᠢᠷ ᠢ ᠭᠤᠸᠠᠩ ᠮᠢᠩ ᠭᠠᠴᠠᠭᠠᠨ ᠤ ᠠᠷᠠᠳ ᠤᠨ ᠵᠥᠪᠯᠡᠯ ᠳᠤ ᠢᠵᠢ ᠪᠦᠷᠢᠳᠦᠭᠰᠡᠨ ᠬᠦᠴᠦᠳᠡᠯ ᠥᠭᠡᠷᠡᠴᠢᠯᠡᠭᠴᠢ ᠤᠭᠰᠠᠷᠠᠬᠤ ᠶᠢ ᠱᠠᠭᠠᠷᠳᠠᠵᠤ᠂ ᠣᠲᠤ ᠨᠢᠭᠡᠨᠲᠡ ᠦᠢᠯᠡᠳᠪᠦᠷᠢᠯᠡᠯ ᠢᠶᠠᠨ ᠰᠡᠷᠭᠦᠭᠡᠵᠡᠶ᠃ ︵ᠲᠠᠭᠠᠭᠠᠨ ᠭᠦᠢᠴᠡᠳᠭᠡᠬᠦ ᠨᠢᠭᠡᠴᠢ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ︶     6. ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠠᠷᠢᠯᠭ᠎ᠠ ᠶᠢᠨ ᠮᠠᠲ᠋ᠧᠷᠢᠶᠠᠯ ᠤᠨ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠩ ᠨᠢᠩ ᠳ᠋ᠠ ᠯᠠᠢ ᠶᠢᠨ ᠠᠵᠤ ᠦᠢᠯᠡᠰ ᠤᠨ ᠬᠦᠷᠢᠶᠡᠯᠡᠩ ᠤᠨ ᠡᠷᠬᠢᠨ ᠲᠣᠭᠤᠷᠢᠨ ᠤ ᠠᠶᠢᠯ ᠲᠣᠰᠬᠤᠨ ᠤ ᠤᠰᠤᠨ ᠤ ᠲᠦᠪᠰᠢᠨ ᠳᠣᠷᠣᠭᠰᠢᠯᠠᠵᠤ᠂ ᠤᠰᠤᠨ ᠤ ᠬᠡᠮᠵᠢᠶ᠎ᠡ ᠬᠦᠷᠦᠯᠴᠡᠬᠦ ᠦᠭᠡᠢ ᠠᠴᠠ ᠲᠣᠰᠬᠤᠨ ᠤ ᠠᠷᠠᠳ ᠤᠰᠤ ᠤᠤᠭᠤᠬᠤ ᠳᠤ ᠲᠦᠭᠦᠮ ᠦᠭᠡᠢ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠠᠴᠠ ᠬᠤᠯᠪᠣᠭᠳᠠᠯ ᠪᠦᠭᠦᠢ ᠰᠠᠯᠠᠭ᠎ᠠ ᠮᠥᠴᠢᠷ ᠢ ᠤᠢᠢᠷ᠎ᠠ ᠬᠠᠪᠢ ᠶᠢᠨ ᠠᠭᠤᠯᠠᠨ ᠳᠣᠪᠣᠴᠠᠭ ᠲᠤ ᠥᠨᠳᠥᠷ ᠤᠰᠤᠨ ᠴᠥᠭᠦᠷᠥᠮ ᠪᠠᠶᠢᠭᠤᠯᠵᠤ᠂ ᠲᠣᠰᠬᠤᠨ ᠤ ᠠᠷᠠᠳ ᠤᠨ ᠬᠡᠪ ᠤᠨ ᠶᠣᠰᠣᠭᠠᠷ ᠤᠰᠤ ᠬᠡᠷᠡᠭᠯᠡᠬᠦ ᠶᠢ ᠪᠠᠲᠤᠯᠠᠬᠤ ᠬᠡᠷᠡᠭᠳᠡᠢ ᠭᠡᠵᠦ ᠱᠠᠭᠠᠷᠳᠠᠵᠠᠶ᠃ ︵ᠲᠠᠭᠠᠭᠠᠨ ᠭᠦᠢᠴᠡᠳᠭᠡᠬᠦ ᠨᠢᠭᠡᠴᠢ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ︶    7. ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳ᠋ᠠ ᠲᠠᠨ ᠰᠢᠶᠠᠩ ᠤᠨ ᠬᠤᠸᠠ ᠭᠧ ᠲᠠᠢ ᠶᠢᠨ ᠬᠡᠰᠡᠭ ᠦᠶᠡᠷ ᠢ ᠰᠡᠷᠭᠡᠶᠢᠯᠡᠬᠦ ᠬᠠᠰᠢᠯᠭ᠎ᠠ ᠨᠢᠳᠤᠨᠤᠨ ᠤ ᠪᠣᠷᠣᠭᠠᠨ ᠤ ᠤᠯᠠᠷᠢᠯ ᠳᠤ ᠦᠶᠡᠷ ᠲᠤ ᠠᠪᠲᠠᠭᠳᠠᠵᠠᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠡᠯᠪᠢᠨ ᠵᠠᠰᠠᠵᠤ ᠪᠠᠬᠢᠯᠡᠨ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠨᠢᠭᠡᠨᠲᠡ ᠬᠤᠯᠪᠣᠭᠳᠠᠯ ᠪᠦᠭᠦᠢ ᠰᠠᠯᠠᠭ᠎ᠠ ᠮᠥᠴᠢᠷ ᠲᠤ ᠳᠠᠭᠠᠭᠠᠯᠭᠠᠵᠤ ᠬᠤᠸᠠ ᠭᠧ ᠲᠠᠢ ᠶᠢᠨ ᠵᠠᠰᠠᠭ ᠵᠠᠬᠢᠷᠭᠠᠨ ᠤ ᠲᠣᠰᠬᠤᠨ ᠤ ᠤᠤᠯ ᠤᠨ ᠪᠠᠶᠢᠭᠰᠠᠨ 13.5 ᠮᠧᠲᠷ ᠤᠨ ᠦᠶᠡᠷ ᠢ ᠰᠡᠷᠭᠡᠶᠢᠯᠡᠬᠦ ᠬᠠᠰᠢᠯᠭ᠎ᠠ ᠶᠢ ᠪᠠᠬᠢᠵᠢᠭᠦᠯᠵᠦ᠂ 12 ᠮᠧᠲᠷ ᠤᠨ ᠦᠶᠡᠷ ᠢ ᠰᠡᠷᠭᠡᠶᠢᠯᠡᠬᠦ ᠬᠠᠰᠢᠯᠭ᠎ᠠ ᠶᠢ ᠰᠢᠨ᠎ᠡ ᠪᠠᠷ ᠪᠠᠶᠢᠭᠤᠯᠵᠤ ᠳᠠᠭᠤᠰᠬᠠᠭᠠᠳ᠂ ᠦᠶᠡᠷ ᠢ ᠰᠡᠷᠭᠡᠶᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ︵ᠲᠠᠭᠠᠭᠠᠨ ᠭᠦᠢᠴᠡᠳᠭᠡᠬᠦ ᠨᠢᠭᠡᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ︶    8. ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠢᠷᠭᠤᠳᠤᠭᠠᠷ ᠨᠡᠶᠢᠭᠡᠮ ᠲᠣᠭᠤᠷᠢᠭ ᠤᠨ ᠡᠭᠦᠳᠡᠨ ᠡᠮᠦᠨᠡᠬᠢ ᠵᠠᠮ ᠨᠢ ᠢᠪᠴᠤᠤ᠂ ᠲᠡᠷᠭᠡ ᠵᠣᠭᠰᠣᠬᠤ ᠭᠠᠵᠠᠷ ᠥᠬᠡᠶ ᠪᠣᠯᠬᠤᠷ ᠰᠠᠭᠤᠭᠠᠯᠢ ᠠᠷᠠᠳ ᠤᠨ ᠶᠠᠪᠤᠵᠤ ᠰᠠᠭᠤᠬᠤ ᠶᠢ ᠨᠥᠯᠥᠭᠡᠯᠡᠵᠦ ᠪᠠᠶᠢᠨ᠎ᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠵᠠᠰᠠᠮᠠᠯ ᠵᠠᠮ ᠤᠨ ᠬᠦᠪᠡᠭᠡᠨ ᠤ ᠶᠡᠨᠳᠡᠷ ᠢᠶᠠᠨ ᠳᠣᠷᠣᠭᠰᠢᠯᠠᠭᠤᠯᠵᠤ᠂ ᠲᠡᠷᠭᠡ ᠵᠣᠭᠰᠣᠬᠤ ᠭᠠᠵᠠᠷ ᠨᠡᠮᠡᠵᠦ ᠭᠠᠷᠭᠠᠬᠤ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠵᠢᠷᠭᠤᠳᠤᠭᠠᠷ ᠨᠡᠶᠢᠭᠡᠮ ᠲᠣᠭᠤᠷᠢᠭ ᠤᠨ ᠡᠭᠦᠳᠡᠨ ᠡᠮᠦᠨᠡᠬᠢ ᠵᠠᠮ ᠤᠨ ᠬᠦᠪᠡᠭᠡ ᠶᠢ ᠵᠠᠮ ᠤᠨ ᠭᠠᠳᠠᠷᠭᠤ ᠲᠠᠢ ᠠᠳᠠᠯᠢ ᠲᠡᠭᠰᠢ ᠪᠣᠯᠭᠠᠵᠤ᠂ ᠤᠤᠯ ᠤᠨ ᠪᠠᠶᠢᠭᠰᠠᠨ ᠲᠡᠷᠭᠡᠨ ᠵᠣᠭᠰᠤᠭᠠᠯ ᠤᠨ ᠰᠠᠭᠤᠷᠢᠨ ᠳᠡᠭᠡᠷ᠎ᠡ ᠮᠠᠰᠢᠨᠲᠤ ᠲᠡᠷᠭᠡᠨ ᠤ ᠲᠡᠷᠭᠡ ᠵᠣᠭᠰᠣᠬᠤ ᠭᠠᠵᠠᠷ 8᠂ ᠵᠡᠮᠳᠡᠭᠴᠦᠳ ᠤᠨ ᠲᠡᠷᠭᠡ ᠵᠣᠭᠰᠣᠬᠤ ᠭᠠᠵᠠᠷ 1᠂ ᠮᠠᠰᠢᠨᠲᠤ ᠪᠤᠰᠤ ᠲᠡᠷᠭᠡᠨ ᠤ ᠲᠡᠷᠭᠡ ᠵᠣᠭᠰᠣᠬᠤ ᠭᠠᠵᠠᠷ 2 ᠢ ᠰᠢᠨ᠎ᠡ ᠪᠠᠷ ᠨᠡᠮᠡᠵᠦ᠂ ᠣᠯᠠᠨ ᠲᠦᠮᠡᠨ ᠤ ᠨᠡᠶᠢᠭᠡᠮ ᠲᠣᠭᠤᠷᠢᠭ ᠲᠤ ᠣᠴᠢᠵᠤ ᠠᠵᠢᠯ ᠶᠠᠪᠤᠳᠠᠯ ᠭᠦᠢᠴᠡᠳᠬᠡᠬᠦ ᠳᠤ ᠲᠡᠷᠭᠡ ᠵᠣᠭᠰᠣᠭᠠᠬᠤ ᠳᠤ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠦᠷᠢᠯᠡᠪᠡ᠃ ︵ᠲᠠᠭᠠᠭᠠᠨ ᠭᠦᠢᠴᠡᠳᠭᠡᠬᠦ ᠨᠢᠭᠡᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ︶    9. ᠳᠥᠷᠪᠡᠳ ᠬᠤᠰᠢᠭᠤᠨ ᠤ ᠠᠯᠪᠠᠨ ᠠᠴᠠ ᠪᠠᠶᠢᠭᠤᠯᠤᠭᠰᠠᠨ ᠬᠡᠤᠬᠡᠳ ᠤᠨ ᠴᠡᠴᠡᠷᠯᠢᠭ ᠲᠤ ᠬᠡᠷ ᠤᠨ ᠭᠠᠳᠠᠨᠠᠬᠢ ᠬᠥᠳᠡᠯᠭᠡᠭᠡᠨ ᠤ ᠪᠠᠭᠠᠵᠢ ᠬᠡᠷᠡᠭᠰᠡᠯ᠂ ᠬᠡᠤᠬᠡᠳ ᠤᠨ ᠬᠥᠯ ᠪᠥᠮᠪᠦᠭᠡ ᠶᠢᠨ ᠲᠠᠯᠠᠪᠤᠷ ᠵᠡᠷᠭᠡ ᠲᠥᠬᠦᠭᠡᠷᠦᠮᠵᠢ ᠳᠤᠲᠠᠭᠳᠠᠵᠤ ᠪᠠᠶᠢᠨ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠲᠣᠨᠤᠭ ᠲᠥᠬᠦᠭᠡᠷᠦᠮᠵᠢ ᠪᠠᠨ ᠨᠥᠬᠦᠪᠥᠷᠢᠯᠡᠬᠦ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠪᠡᠭᠡᠵᠢᠩ ᠤᠨ ᠬᠤᠸᠠᠢ ᠷᠸᠦ ᠲᠣᠭᠤᠷᠢᠭ ᠤᠨ ᠰᠤᠷᠭᠠᠨ ᠬᠥᠮᠦᠵᠢᠯ ᠤᠨ ᠵᠥᠪᠯᠡᠯ ᠤᠨ ᠬᠠᠨᠳᠢᠪᠯᠠᠭᠰᠠᠨ ᠬᠡᠷ ᠤᠨ ᠭᠠᠳᠠᠨᠠᠬᠢ ᠬᠢᠴᠢᠶᠡᠯ ᠤᠨ ᠬᠡᠷᠡᠭᠰᠡᠯ ᠢ ᠨᠢᠭᠡᠨᠲᠡ ᠡᠯ᠎ᠡ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠲᠤ ᠬᠤᠪᠢᠶᠠᠷᠢᠯᠠᠨ ᠥᠭᠭᠦᠭᠰᠡᠨ ᠪᠥᠭᠡᠳ ᠤᠭᠰᠠᠷᠠᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ︔ ᠬᠡᠦᠬᠡᠳ ᠤᠨ ᠬᠥᠯ ᠪᠥᠮᠪᠥᠭᠡᠨ ᠤ ᠲᠠᠯᠠᠪᠠᠶ ᠶᠢ 9 ᠰᠠᠷ᠎ᠠ ᠶᠢᠨ ᠡᠬᠢᠨ ᠳᠤ ᠲᠣᠬᠢᠷᠠᠭᠤᠯᠵᠤ ᠲᠠᠭᠤᠰᠤᠨ᠎ᠠ᠃ ︵ᠲᠠᠭᠠᠭᠠᠨ ᠭᠦᠢᠴᠡᠳᠭᠡᠬᠦ ᠨᠢᠭᠡᠴᠢ᠄ ᠳᠥᠷᠪᠡᠳ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ︶    10. ᠳᠥᠷᠪᠡᠳ ᠬᠤᠰᠢᠭᠤᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ ᠲᠤᠨᠤᠭ ᠲᠥᠬᠦᠭᠡᠷᠦᠮᠵᠢ ᠬᠤᠴᠣᠷᠤᠩᠭᠤᠶ ᠪᠦᠭᠡᠳ ᠪᠦᠷᠢᠨ ᠪᠤᠰᠤ᠂ ᠣᠲᠣ ᠶᠢᠨ ᠪᠠᠶᠢᠭ᠎ᠠ ᠡᠮᠴᠢᠯᠡᠭᠡᠨ ᠤ ᠨᠥᠬᠦᠴᠡᠯ ᠨᠢ ᠣᠯᠠᠨ ᠲᠦᠮᠡᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠬᠦ ᠥᠬᠡᠶ ᠪᠠᠶᠢᠨ᠎ᠠ᠃ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠲᠣᠨᠤᠭ ᠲᠥᠬᠦᠭᠡᠷᠦᠮᠵᠢ ᠪᠠᠨ ᠰᠢᠨᠡᠳᠬᠡᠬᠦ ᠶᠢ ᠬᠦᠰᠡᠵᠦ ᠪᠠᠶᠢᠨ᠎ᠠ᠃    ᠰᠢᠢᠳᠪᠦᠷᠢᠯᠡᠭᠰᠡᠨ ᠪᠠᠶᠢᠳᠠᠯ᠄ ᠬᠤᠰᠢᠭᠤᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠲᠣᠨᠤᠭ ᠲᠥᠬᠦᠭᠡᠷᠦᠮᠵᠢ ᠪᠠᠨ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠭᠠᠷ ᠬᠦᠢᠴᠡᠳᠭᠡᠯ ᠢᠶᠠᠨ ᠨᠢᠭᠡᠨᠲᠡ ᠭᠦᠢᠴᠡᠳᠬᠡᠵᠦ᠂ 9 ᠳ᠋ᠤᠭᠡᠷ ᠰᠠᠷ᠎ᠠ ᠳᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠰᠢᠨ᠎ᠡ ᠭᠠᠵᠠᠷ ᠲᠤ ᠨᠡᠭᠦᠭᠰᠡᠨ ᠤ ᠳᠠᠷᠠᠭ᠎ᠠ᠂ ᠰᠢᠨ᠎ᠡ ᠲᠣᠨᠤᠭ ᠲᠥᠬᠦᠭᠡᠷᠦᠮᠵᠢ ᠶᠢ ᠪᠦᠬᠦᠨ ᠢ ᠠᠰᠢᠭᠯᠠᠯᠲᠠ ᠳᠤ ᠣᠷᠣᠭᠤᠯᠬᠤ ᠪᠣᠯᠤᠨ᠎ᠠ᠃ ︵ᠲᠠᠭᠠᠭᠠᠨ ᠭᠦᠢᠴᠡᠳᠭᠡᠬᠦ ᠨᠢᠭᠡᠴᠢ᠄ ᠳᠥᠷᠪᠡᠳ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ︶
 
ᠢᠷᠡᠯᠲᠡ᠄ ᠤᠯᠠᠭᠠᠨᠴᠠᠪ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2