| ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ | ᠬᠤᠷᠠᠯᠳᠤᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ | ᠲᠡᠮᠳᠡᠭᠲᠦ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠪᠡᠯᠡ ᠮᠥᠩᠭᠦ ᠶᠢᠨ ᠬᠡᠷᠡᠭᠯᠡᠯᠲᠡ ᠶᠢ ᠰᠢᠯᠢᠳᠡᠭᠵᠢᠭᠦᠯᠵᠦ᠂ | ᠪᠡᠯᠡ ᠮᠥᠩᠭᠦᠨ ᠤ ᠬᠢᠨᠠᠯᠲᠠ ᠬᠠᠮᠢᠶᠠᠷᠤᠯᠲᠠ ᠶᠢ ᠴᠢᠩᠳᠠᠯᠠᠬᠤ ᠠᠵᠢᠯ ᠤᠳ ᠢ ᠪᠠᠶᠢᠷᠢᠯᠠᠭᠤᠯᠪᠠ︔ ᠣᠨᠳᠣᠤ | ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠶᠢ ᠭᠦᠨᠵᠡᠭᠡᠶ ᠠᠬᠢᠭᠤᠯᠬᠤ ᠠᠷᠭ᠎ᠠ ᠬᠡᠮᠵᠢᠶ᠎ᠡ ᠶᠢ | ᠲᠣᠭᠲᠠᠭᠠᠵᠤ᠂ ᠣᠯᠠᠨ ᠲᠦᠮᠡᠨ ᠤ ᠣᠶᠢᠷ᠎ᠠ ᠣᠷᠴᠢᠨ ᠳᠤ ᠪᠠᠨ ᠡᠪᠡᠳᠴᠢᠨ ᠦᠵᠡᠭᠦᠯᠵᠦ ᠡᠮ ᠬᠡᠷᠡᠭᠯᠡᠬᠦ ᠳᠤ ᠤᠯᠠᠮ | ᠨᠢᠭᠡ ᠠᠯᠬᠤᠮ ᠲᠥᠬᠦᠮ ᠦᠵᠡᠭᠦᠯᠪᠡ᠃ | ᠰᠢᠨᠬᠤᠸᠠ ᠬᠤᠷᠢᠶᠠᠨ ᠤ ᠪᠡᠭᠡᠵᠢᠩ ᠤᠨ 11 ᠳ᠋ᠦ᠋ᠭᠡᠷ ᠰᠠᠷ᠎ᠠ ᠶᠢᠨ 24 ᠤ ᠡᠳᠦᠷ ᠤᠨ ᠴᠠᠬᠢᠯᠭᠠᠨ ᠮᠡᠳᠡᠭᠡ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 11 ᠳ᠋ᠦ᠋ᠭᠡᠷ ᠰᠠᠷ᠎ᠠ ᠶᠢᠨ 24 ᠤ | ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠣᠷᠣᠨ | ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠬᠠᠮᠢᠶᠠᠷᠤᠯᠲᠠ ᠶᠢ | ᠲᠡᠭᠦᠯᠳᠡᠷᠵᠢᠭᠦᠯᠵᠦ᠂ ᠪᠡᠯᠡ ᠮᠥᠩᠭᠦ ᠶᠢᠨ ᠬᠡᠷᠡᠭᠯᠡᠯᠲᠡ ᠶᠢ ᠰᠢᠯᠢᠳᠡᠭᠵᠢᠭᠦᠯᠵᠦ᠂ ᠪᠡᠯᠡ ᠮᠥᠩᠭᠦᠨ ᠤ ᠬᠢᠨᠠᠯᠲᠠ | ᠬᠠᠮᠢᠶᠠᠷᠤᠯᠲᠠ ᠶᠢ ᠴᠢᠩᠳᠠᠯᠠᠬᠤ ᠠᠵᠢᠯ ᠤᠳ ᠢ ᠪᠠᠶᠢᠷᠢᠯᠠᠭᠤᠯᠪᠠ︔ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ | ᠰᠢᠭᠤᠳ ᠳ᠋ᠦᠩᠨᠡᠨ ᠪᠤᠳᠤᠬᠤ ᠶᠢ ᠭᠦᠨᠵᠡᠭᠡᠶ ᠠᠬᠢᠭᠤᠯᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠣᠯᠠᠨ ᠲᠦᠮᠡᠨ ᠤ | ᠣᠶᠢᠷ᠎ᠠ ᠣᠷᠴᠢᠨ ᠳᠤ ᠪᠠᠨ ᠡᠪᠡᠳᠴᠢᠨ ᠦᠵᠡᠭᠦᠯᠵᠦ ᠡᠮ ᠬᠡᠷᠡᠭᠯᠡᠬᠦ ᠳᠤ ᠤᠯᠠᠮ ᠨᠢᠭᠡ ᠠᠯᠬᠤᠮ ᠲᠥᠬᠦᠮ | ᠦᠵᠡᠭᠦᠯᠪᠡ᠃ | ᠬᠤᠷᠠᠯ ᠠᠴᠠ ᠵᠢᠭᠠᠭᠰᠠᠨ ᠨᠢ᠂ ᠤᠢᠢᠷ᠎ᠠ ᠶᠢᠨ ᠬᠡᠳᠦᠨ ᠵᠢᠯ ᠳᠤ᠂ ᠨᠠᠮ ᠤᠨ ᠲᠥᠪ ᠬᠤᠷᠢᠶ᠎ᠠ᠂ ᠲᠦᠷᠦ ᠶᠢᠨ | ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠣᠷᠣᠨ ᠨᠤᠲᠤᠭ ᠤᠨ ᠥᠭᠴᠡᠭᠡᠨ ᠤ | ᠶᠠᠪᠤᠳᠠᠯ ᠤᠨ ᠬᠠᠮᠢᠶᠠᠷᠤᠯᠲᠠ ᠢᠳᠡᠪᠬᠢᠲᠡᠢ ᠦᠷ᠎ᠡ ᠪᠦᠲᠦᠮᠵᠢ ᠣᠯᠵᠤ᠂ ᠳᠠᠯᠳᠠ ᠴᠢᠨᠠᠷᠲᠤ ᠥᠭᠴᠡᠭᠡᠨ ᠤ ᠶᠠᠪᠤᠳᠠᠯ | ᠪᠠᠭᠠᠰᠴᠤ᠂ ᠵᠠᠰᠠᠭ ᠤᠨ ᠣᠷᠳᠣᠨ ᠤ ᠶᠡᠷᠦᠩᠬᠡᠢ ᠬᠦᠰᠢᠬᠦᠷᠭᠡ ᠶᠢᠨ ᠨᠤᠷᠮ᠎ᠠ ᠲᠣᠭᠲᠠᠭᠤᠨ ᠤ ᠳᠤᠮᠳᠠ ᠪᠠᠭᠤᠷᠠᠯᠲᠠ | ᠲᠠᠢ ᠪᠣᠯᠪᠠ᠃ ᠡᠨᠡ ᠵᠢᠯ ᠠᠴᠠ ᠨᠠᠭᠠᠰᠢ᠂ ᠡᠯ᠎ᠡ ᠭᠠᠵᠠᠷ ᠤᠨ ᠬᠢᠨ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠥᠪᠰᠢᠶᠡᠷᠡᠭᠰᠡᠨ ᠰᠢᠨ᠎ᠡ ᠪᠠᠷ ᠨᠡᠮᠡᠭᠳᠡᠭᠰᠡᠨ ᠲᠤᠭ᠎ᠠ ᠬᠡᠮᠵᠢᠶ᠎ᠡ ᠶᠣᠰᠣᠭᠠᠷ᠂ | ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠵᠦᠶ ᠵᠣᠬᠢᠰᠲᠠᠶ | ᠲᠠᠷᠬᠠᠭᠠᠨ ᠬᠡᠷᠡᠭᠯᠡᠵᠦ᠂ ᠭᠤᠤᠯᠳᠠᠯᠭ᠎ᠠ ᠲᠠᠢ ᠵᠦᠢᠯᠡᠰ ᠪᠠ ᠠᠷᠠᠳ ᠤᠨ ᠠᠮᠢᠳᠤᠷᠠᠯ ᠤᠨ ᠴᠢᠬᠤᠯᠠ ᠶᠡᠭᠡ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠬᠦᠴᠦᠲᠡᠢ ᠳᠡᠮᠵᠢᠪᠡ᠃ ᠬᠤᠷᠠᠯ ᠠᠴᠠ ᠱᠠᠭᠠᠷᠳᠠᠬᠤ ᠳᠤ ᠪᠠᠨ᠂ | ᠠᠵᠤ ᠠᠬᠤᠢ ᠶᠢᠨ ᠪᠠᠭᠤᠷᠠᠯᠲᠠ ᠶᠢᠨ ᠰᠢᠨ᠎ᠡ ᠳᠠᠷᠤᠯᠲᠠ ᠶᠢᠨ ᠡᠮᠦᠨ᠎ᠡ᠂ ᠦᠶᠡᠯᠡᠯ ᠠᠯᠤᠰᠯᠠᠨ ᠲᠤᠬᠢᠷᠠᠭᠤᠯᠬᠤ ᠶᠢ | ᠴᠢᠩᠭᠠᠳᠬᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠭᠴᠡᠭᠡᠨ ᠤ ᠶᠠᠪᠤᠳᠠᠯ ᠤᠨ ᠬᠠᠮᠢᠶᠠᠷᠤᠯᠲᠠ ᠶᠢ | ᠦᠷᠭᠦᠯᠵᠢᠯᠡᠨ ᠰᠠᠶᠢᠲᠤᠷ ᠬᠢᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢᠨ ᠬᠠᠮᠲᠤ᠂ ᠡᠨᠡ ᠵᠢᠯ ᠪᠠ | ᠢᠷᠡᠬᠦ ᠵᠢᠯ ᠤᠨ ᠲᠤᠰᠬᠠᠢ ᠵᠦᠢᠯ ᠤᠨ ᠥᠭᠴᠡᠭᠡᠨ ᠤ ᠶᠠᠪᠤᠳᠠᠯ ᠤᠨ ᠬᠠᠮᠢᠶᠠᠷᠤᠯᠲᠠ ᠶᠢᠨ ᠲᠦᠷᠦ ᠶᠢᠨ ᠪᠤᠳᠤᠯᠭ᠎ᠠ ᠶᠢ | ᠵᠣᠯᠭᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠲᠤᠰᠬᠠᠢ ᠵᠦᠢᠯ ᠤᠨ ᠥᠭᠴᠡᠭᠡᠨ ᠤ ᠪᠡᠯᠡ | ᠮᠥᠩᠭᠦ ᠶᠢᠨ ᠨᠡᠶᠢᠭᠡᠮ ᠤᠨ ᠪᠡᠯᠡ ᠮᠥᠩᠭᠦ ᠶᠢ ᠳᠠᠶᠢᠴᠢᠯᠠᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ | ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠵᠦ᠂ ᠠᠰᠢᠭ ᠣᠷᠣᠯᠭ᠎ᠠ ᠪᠠᠷ ᠳᠣᠲᠣᠭᠠᠳᠤ ᠶᠢᠨ ᠬᠡᠷᠡᠭᠴᠡᠭᠡ ᠶᠢ | ᠥᠷᠭᠡᠳᠬᠡᠵᠦ᠂ ᠬᠡᠷᠡᠭᠯᠡᠭᠡ ᠶᠢ ᠠᠬᠢᠭᠤᠯᠬᠤ ᠳᠤ ᠠᠰᠢᠭᠲᠠᠢ ᠪᠣᠯᠭᠠᠬᠤ ᠬᠡᠷᠡᠭᠲᠡᠢ᠃ ᠨᠢᠭᠡ ᠳᠤ᠂ ᠡᠨᠡ ᠵᠢᠯ ᠤᠨ | ᠦᠯᠡᠳᠡᠪᠦᠷᠢ ᠲᠤᠭ᠎ᠠ ᠬᠡᠮᠵᠢᠶ᠎ᠡ ᠶᠢ ᠲᠦᠷᠭᠡᠪᠴᠢᠯᠡᠨ ᠲᠠᠷᠬᠠᠭᠠᠵᠤ᠂ ᠪᠡᠯᠡ ᠮᠥᠩᠭᠦ ᠶᠢ ᠰᠢᠯᠵᠢᠭᠦᠯᠦᠨ ᠥᠭᠬᠦ ᠪᠠ | ᠵᠠᠷᠤᠯᠭ᠎ᠠ ᠶᠢᠨ ᠬᠠᠮᠢᠶᠠᠷᠤᠯᠲᠠ ᠶᠢ ᠰᠠᠶᠢᠲᠤᠷ ᠬᠢᠵᠦ᠂ ᠢᠷᠡᠬᠦ ᠵᠢᠯ ᠤᠨ ᠡᠬᠢᠨ ᠳᠤ ᠨᠡᠩ ᠤᠯᠠᠨ ᠪᠣᠳᠠᠲᠤ ᠵᠦᠢᠯ ᠤᠨ | ᠠᠵᠢᠯ ᠤᠨ ᠬᠡᠮᠵᠢᠶ᠎ᠡ ᠶᠢ ᠪᠤᠢ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠬᠤᠶᠠᠷ ᠲᠤ᠂ ︽ᠪᠠᠯᠠ ᠮᠥᠩᠭᠦ ᠶᠢ ᠲᠥᠷᠥᠯ | ᠵᠦᠢᠯ ᠳᠤ ᠳᠠᠭᠠᠯᠳᠤᠭᠤᠯᠬᠤ︾ ᠱᠠᠭᠠᠷᠳᠠᠯᠭ᠎ᠠ ᠶᠣᠰᠣᠭᠠᠷ᠂ ᠢᠷᠡᠬᠦ ᠵᠢᠯ ᠤᠨ ᠲᠤᠰᠬᠠᠶ ᠵᠦᠢᠯ ᠤᠨ ᠵᠢᠭᠡᠯᠡᠯᠭᠡ ᠶᠢᠨ | ᠲᠥᠷᠥᠯ ᠵᠦᠢᠯ ᠪᠠ ᠪᠠᠯᠠ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠡᠮᠬᠢᠯᠡᠨ ᠳᠢᠭᠯᠡᠬᠦ ᠬᠡᠷᠡᠭᠲᠡᠢ᠃ ᠮᠤᠵᠢ ᠶᠢᠨ | ᠱᠠᠲᠤᠨ ᠤ ᠵᠠᠰᠠᠭ ᠤᠨ ᠣᠷᠳᠣᠨ ᠨᠢᠭᠡᠳᠦᠯᠲᠡᠶ ᠲᠥᠯᠥᠪᠵᠢᠭᠦᠯᠬᠦ ᠪᠠᠨ ᠴᠢᠩᠭᠠᠳᠬᠠᠵᠤ᠂ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠬᠡᠷᠡᠭᠴᠡᠭᠡ ᠳᠤ ᠨᠡᠶᠢᠴᠡᠭᠰᠡᠨ ᠵᠦᠢᠯᠡᠰ ᠤᠨ ᠡᠮᠦᠨᠡᠬᠢ ᠬᠤᠭᠤᠴᠠᠭᠠᠨ ᠤ ᠠᠵᠢᠯ ᠪᠠ | ᠨᠥᠭᠡᠴᠡᠯᠡᠯᠲᠡ ᠶᠢ ᠴᠢᠩᠭᠠᠳᠬᠠᠵᠤ᠂ ᠪᠣᠯᠪᠠᠰᠤᠷᠠᠩᠭᠤᠶ ᠲᠥᠷᠥᠯ ᠵᠦᠢᠯ ᠢ ᠡᠬᠢᠯᠡᠭᠦᠯᠬᠦ ᠶᠢ ᠴᠠᠭ ᠲᠤᠬᠠᠢ ᠳᠤ ᠨᠢ | ᠲᠣᠬᠢᠷᠠᠭᠤᠯᠤᠨ ᠠᠬᠢᠭᠤᠯᠬᠤ ᠬᠡᠷᠡᠭᠲᠡᠶ᠃ ᠭᠤᠷᠪᠠ ᠳᠤ᠂ ᠡᠯ᠎ᠡ ᠭᠠᠵᠠᠷ ᠤᠨ ᠪᠣᠳᠠᠲᠤ ᠪᠠᠶᠢᠳᠠᠯ ᠪᠠ ᠣᠷᠣᠨ | ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠱᠠᠭᠠᠷᠳᠠᠯᠭ᠎ᠠ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ | ᠢᠷᠡᠬᠦ ᠵᠢᠯ ᠤᠨ ᠲᠤᠰᠬᠠᠶ ᠵᠦᠢᠯ ᠤᠨ ᠵᠢᠭᠡᠯᠡᠯᠭᠡ ᠶᠢᠨ ᠲᠤᠭ᠎ᠠ ᠬᠡᠮᠵᠢᠶ᠎ᠡ ᠪᠠ ᠬᠤᠪᠢᠶᠠᠷᠢᠯᠠᠬᠤ ᠲᠥᠰᠦᠯ ᠢ ᠵᠦᠢ | ᠵᠣᠬᠢᠰᠲᠠᠶ ᠪᠠᠷ ᠳᠤᠷᠠᠳᠴᠤ᠂ ᠭᠤᠣᠯᠳᠠᠯᠭ᠎ᠠ ᠲᠠᠢ ᠬᠦᠷᠢᠶᠡᠨ ᠤ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠂ ︽ | ᠲᠠᠯ᠎ᠠ ᠳᠦᠭᠦᠷᠡᠩ ᠰᠠᠴᠤᠬᠤ︾ ᠦᠭᠡᠢ ᠪᠠᠶᠢᠵᠤ᠂ ᠬᠠᠤᠯᠢ ᠲᠣᠭᠲᠠᠭᠠᠯ ᠪᠠ ᠠᠯᠬᠤᠮ ᠳᠠᠷᠠᠭᠠᠯᠠᠯ ᠶᠣᠰᠣᠭᠠᠷ ᠬᠡᠰᠡᠭ | ᠪᠡᠯᠡ ᠮᠥᠩᠭᠦ ᠶᠢ ᠤᠷᠢᠳᠴᠢᠯᠠᠨ ᠪᠠᠭᠤᠯᠭᠠᠬᠤ ᠶᠢ ᠰᠤᠳᠤᠯᠬᠤ ᠬᠡᠷᠡᠭᠲᠡᠢ᠃ ᠲᠦᠷᠪᠡ ᠳᠤ᠂ ᠪᠡᠯᠡ ᠮᠥᠩᠭᠦ ᠶᠢ | ᠬᠡᠷᠡᠭᠯᠡᠬᠦ ᠳᠤ ᠪᠠᠨ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠣᠷᠣᠭᠤᠯᠤᠯᠲᠠ ᠶᠢᠨ ᠬᠠᠨᠳᠤᠰᠢ ᠵᠡᠷᠭᠡ ᠶᠢ | ᠬᠢᠨᠠᠨ ᠬᠠᠷᠭᠤᠭᠤᠯᠬᠤ ᠪᠠ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠪᠡᠯᠡ ᠮᠥᠩᠭᠦ ᠶᠢ ᠠᠰᠠᠷ ᠲᠠᠭᠳᠤ ᠲᠠᠩᠬᠢᠮ | ᠪᠠᠭᠤᠳᠠᠯ᠂ ᠨᠢᠭᠤᠷ ᠲᠠᠯ᠎ᠠ ᠶᠢᠨ ᠢᠨᠵᠧᠨᠧᠷᠢᠩ ᠪᠠ ᠴᠢᠬᠤᠯᠠ ᠪᠤᠰᠤ ᠭᠤᠶᠣᠯᠠᠨ ᠭᠤᠸᠠᠵᠢᠭᠤᠯᠬᠤ ᠢᠨᠵᠧᠨᠧᠷᠢᠩ | ᠵᠡᠷᠭᠡ ᠳᠤ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠪᠡᠯᠡ ᠮᠥᠩᠭᠦ ᠶᠢ ᠰᠢᠬᠠᠨ ᠡᠵᠡᠯᠡᠵᠦ ᠨᠡᠭᠦᠯᠭᠡᠨ ᠬᠡᠷᠡᠭᠯᠡᠬᠦ | ᠂ ᠲᠣᠭᠲᠠᠭᠠᠯ ᠠᠴᠠ ᠵᠥᠷᠢᠴᠡᠨ ᠰᠢᠯᠵᠢᠭᠦᠯᠦᠨ ᠥᠭᠬᠦ᠂ ᠤᠷᠳᠤ ᠬᠤᠭᠤᠴᠠᠭ᠎ᠠ ᠪᠠᠷ ᠬᠡᠷᠡᠭᠯᠡᠬᠦ ᠦᠭᠡᠢ ᠲᠠᠯᠪᠢᠬᠤ ᠶᠢ | ᠡᠷᠡᠰ ᠬᠤᠷᠢᠭᠯᠠᠬᠤ ᠬᠡᠷᠡᠭᠲᠡᠢ ᠭᠡᠵᠡᠢ᠃ ᠬᠤᠷᠠᠯ ᠠᠴᠠ ᠴᠢᠬᠤᠯᠠᠴᠢᠯᠠᠬᠤ ᠳᠤ ᠪᠠᠨ᠂ ᠲᠤᠰᠬᠠᠶ ᠵᠦᠢᠯ ᠤᠨ | ᠵᠢᠭᠡᠯᠡᠯᠭᠡ ᠶᠢᠨ ᠪᠠᠯᠠ ᠮᠥᠩᠭᠦ ᠶᠢ ᠬᠢᠨᠠᠨ ᠪᠤᠳᠤᠵᠤ ᠬᠢᠨᠠᠯᠲᠠ ᠲᠠᠯᠪᠢᠬᠤ ᠪᠠ ᠪᠥᠬᠦ ᠲᠠᠯ᠎ᠠ ᠪᠠᠷ ᠬᠠᠷᠭᠤᠭᠤᠯᠤᠨ | ᠪᠠᠶᠢᠴᠠᠭᠠᠬᠤ ᠶᠢ ᠴᠢᠩᠭᠠᠳᠬᠠᠵᠤ᠂ ᠠᠰᠠᠭᠤᠳᠠᠯ ᠢ ᠢᠯᠡᠷᠡᠭᠦᠯᠪᠡᠯ ᠡᠷᠬᠡᠪᠰᠢ ᠴᠢᠩᠭ᠎ᠠ ᠴᠡᠭᠴᠡᠯᠡᠨ ᠰᠠᠶᠢᠵᠢᠷᠠᠭᠤᠯᠵᠤ᠂ | ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠶᠢᠨ ᠬᠠᠮᠲᠤ ᠰᠤᠯᠠ ᠲᠠᠯᠪᠢᠭᠳᠠᠵᠤ ᠪᠠᠶᠢᠭ᠎ᠠ ᠪᠠᠯᠠ ᠮᠥᠩᠭᠦ ᠶᠢ ᠬᠤᠷᠢᠶᠠᠨ | ᠠᠪᠬᠤ᠂ ᠰᠢᠨ᠎ᠡ ᠪᠠᠷ ᠨᠡᠮᠡᠬᠦ ᠬᠢᠵᠠᠭᠠᠷ ᠲᠤᠭ᠎ᠠ ᠶᠢ ᠬᠠᠰᠤᠬᠤ᠂ ᠨᠠᠵᠠᠭᠠᠶ ᠲᠠᠯ᠎ᠠ ᠶᠢᠨ ᠨᠡᠶᠢᠲᠡᠯᠢᠭ ᠵᠢᠱᠢᠶ᠎ᠡ ᠶᠢ ᠵᠠᠷᠯᠠᠨ | ᠮᠡᠳᠡᠭᠡᠯᠡᠬᠦ ᠵᠡᠷᠭᠡ ᠠᠷᠭ᠎ᠠ ᠬᠡᠮᠵᠢᠶ᠎ᠡ ᠪᠠᠷ ᠰᠢᠢᠳᠬᠡᠯ ᠥᠭᠬᠦ ᠬᠡᠷᠡᠭᠲᠡᠶ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠮᠤᠵᠢ ᠠᠯᠤᠰᠯᠠᠨ ᠣᠨᠳᠣᠣ | ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠶᠢ ᠠᠬᠢᠭᠤᠯᠬᠤ ᠪᠣᠯ ᠡᠮᠴᠢᠯᠡᠭᠡ ᠶᠢᠨ | ᠳᠠᠭᠠᠳᠬᠠᠯ ᠤᠨ ᠲᠦᠷᠢᠮ ᠢ ᠲᠡᠭᠦᠯᠳᠡᠷᠵᠢᠭᠦᠯᠬᠦ᠂ ᠠᠷᠠᠳ ᠤᠯᠠᠨ ᠤ ᠠᠩᠬᠠᠷᠴᠤ ᠪᠠᠶᠢᠭ᠎ᠠ ᠠᠰᠠᠭᠤᠳᠠᠯ ᠢ | ᠰᠢᠢᠳᠪᠦᠷᠢᠯᠡᠬᠦ ᠴᠢᠬᠤᠯᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠣᠯᠤᠨ᠎ᠠ᠃ ᠢᠯᠠᠩᠭᠤᠶ᠎ᠠ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠪᠠᠶᠢᠳᠠᠯ ᠳᠣᠣᠷ᠎ᠠ᠂ ᠮᠤᠵᠢ ᠠᠯᠤᠰᠯᠠᠨ ᠣᠨᠳᠣᠣ ᠭᠠᠵᠠᠷ ᠲᠤ ᠠᠵᠢᠯᠯᠠᠵᠤ | ᠪᠠᠶᠢᠭ᠎ᠠ ᠪᠠ ᠣᠷᠣᠰᠢᠨ ᠰᠠᠭᠤᠵᠤ ᠪᠠᠶᠢᠭ᠎ᠠ ᠤᠯᠠᠨ ᠲᠦᠮᠡᠨ ᠤ ᠡᠪᠡᠳᠴᠢᠨ ᠦᠵᠡᠭᠦᠯᠬᠦ ᠪᠠ ᠵᠠᠷᠤᠳᠠᠯ ᠳᠠᠩᠰᠠ ᠪᠠᠨ | ᠲᠠᠶᠢᠯᠬᠤ ᠳᠤ ᠲᠦᠬᠦᠮ ᠦᠵᠡᠭᠦᠯᠪᠡ᠃ ᠡᠨᠡ ᠵᠢᠯ ᠤᠨ ᠡᠮᠦᠨ᠎ᠡ 10 ᠰᠠᠷ᠎ᠠ ᠳᠤ᠂ ᠪᠥᠬᠦ ᠤᠯᠤᠰ ᠤᠨ ᠡᠮᠨᠡᠯᠭᠡ ᠳᠤ | ᠰᠠᠭᠤᠭᠰᠠᠨ ᠪᠠ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠭᠰᠠᠨ ᠨᠢ 1000 | ᠲᠦᠮᠡᠨ ᠬᠥᠮᠦᠨ ᠤᠳᠠᠭ᠎ᠠ ᠶᠢ ᠳᠠᠪᠠᠵᠠᠶ᠃ ᠲᠠᠷᠠᠭᠠᠴᠢ ᠶᠢᠨ ᠠᠯᠬᠤᠮ ᠳᠤ᠂ ᠡᠨᠡ ᠬᠦ ᠠᠷᠠᠳ ᠲᠤ ᠠᠰᠢᠭ ᠬᠦᠷᠲᠡᠭᠡᠬᠦ | ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠥᠷᠭᠡᠳᠬᠡᠵᠦ᠂ ᠪᠣᠳᠠᠲᠠᠶ ᠠᠴᠠ ᠡᠭᠦᠰᠴᠦ᠂ ᠮᠤᠵᠢ ᠠᠯᠤᠰᠯᠠᠨ ᠣᠨᠳᠣᠤ | ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠦᠢᠯᠡᠴᠢᠯᠡᠭᠡ ᠶᠢ ᠨᠠᠩ ᠳᠥᠭᠦᠮ ᠳᠥᠲᠡ᠂ | ᠨᠠᠩ ᠥᠨᠳᠥᠷ ᠪᠦᠲᠦᠮᠵᠢᠲᠡᠶ ᠪᠣᠯᠭᠠᠬᠤ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠶ᠃ ᠨᠢᠭᠡ ᠳᠤ᠂ ᠬᠤᠯᠪᠣᠭᠳᠠᠯ | ᠪᠥᠬᠦᠶ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠭᠠᠷ ᠭᠦᠢᠴᠡᠳᠬᠡᠯ ᠢ ᠳᠥᠭᠦᠮᠴᠢᠯᠡᠨ ᠳᠠᠭᠠᠳᠬᠠᠯ ᠳᠤ | ᠣᠷᠣᠯᠴᠠᠭᠰᠠᠳ ᠤᠨ ᠣᠨᠳᠣᠤ ᠭᠠᠵᠠᠷ ᠲᠤ ᠳᠠᠩᠰᠠᠯᠠᠭᠤᠯᠬᠤ ᠳᠤ ᠲᠥᠬᠦᠮ ᠦᠵᠡᠭᠦᠯᠵᠦ᠂ ᠡᠮᠨᠡᠯᠭᠡ ᠳᠤ ᠰᠠᠭᠤᠭᠰᠠᠨ | ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠨᠣᠷᠮ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠡᠴᠦᠰ ᠲᠤ 70% ᠠᠴᠠ | ᠳᠡᠭᠡᠭᠰᠢ ᠳᠤ ᠬᠦᠷᠦᠭᠦᠯᠬᠦ ᠪᠠᠷ ᠴᠢᠷᠮᠠᠶᠢᠬᠤ ᠬᠡᠷᠡᠭᠲᠡᠢ᠃ ᠬᠤᠶᠠᠷ ᠲᠤ᠂ ᠡᠩ ᠤᠨ ᠡᠭᠦᠳᠡᠨ ᠡᠮᠨᠡᠯᠭᠡ ᠶᠢᠨ ᠵᠠᠷᠤᠳᠠᠯ ᠢ | ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠭᠠᠵᠠᠷ ᠣᠷᠣᠨ ᠤ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠢᠷᠡᠬᠦ | ᠵᠢᠯ ᠳᠤ ᠪᠦᠬᠦ ᠤᠯᠤᠰ ᠤᠨ ᠰᠢᠶᠠᠨ ᠪᠣᠯᠭᠠᠨ ᠳᠤ ᠨᠠᠭᠠᠳᠤ ᠵᠠᠬ᠎ᠠ ᠳᠤ ᠪᠠᠨ ᠨᠢᠭᠡ ᠰᠦᠯᠵᠢᠶᠡᠨ ᠤ ᠴᠡᠭ | ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠭᠠᠷᠭᠠᠵᠤ᠂ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ | ᠰᠢᠭᠤᠳ ᠳ᠋ᠦᠩᠨᠡᠨ ᠪᠤᠳᠤᠬᠤ ᠶᠢ ᠪᠡᠶᠡᠯᠡᠭᠦᠯᠬᠦ ᠬᠡᠷᠡᠭᠲᠡᠢ᠃ ᠭᠤᠷᠪᠠ ᠳᠤ᠂ ᠴᠢᠰᠤᠨ ᠳᠠᠷᠤᠯᠲᠠ ᠥᠨᠳᠥᠷ ᠡᠪᠡᠳᠴᠢᠨ | ᠂ ᠰᠢᠬᠢᠷ ᠰᠢᠵᠢᠩ ᠡᠪᠡᠳᠴᠢᠨ᠂ ᠬᠤᠤᠷᠲᠤ ᠬᠠᠪᠤᠳᠠᠷ ᠤᠨ ᠡᠪᠡᠳᠴᠢᠨ ᠤ ᠡᠭᠦᠳᠡᠨ ᠡᠮᠨᠡᠯᠭᠡ ᠶᠢᠨ ᠰᠠᠴᠤᠷᠠᠭ | ᠬᠢᠮᠢ ᠶᠢᠨ ᠵᠠᠰᠠᠯ᠂ ᠰᠢᠭᠡᠰᠦᠨ ᠬᠤᠤᠷᠳᠠᠯᠭ᠎ᠠ ᠶᠢᠨ ᠡᠪᠡᠳᠴᠢᠨ ᠢ ᠨᠡᠪᠴᠢᠭᠦᠯᠦᠨ ᠢᠯᠭᠠᠷᠠᠭᠤᠯᠬᠤ ᠵᠠᠰᠠᠯ᠂ ᠡᠷᠬᠡᠲᠡᠨ | ᠰᠢᠯᠵᠢᠭᠦᠯᠬᠦ ᠮᠡᠰᠡ ᠵᠠᠰᠠᠯ ᠤᠨ ᠳᠠᠷᠠᠭᠠᠬᠢ ᠣᠨᠳᠣᠣᠰᠢᠯ ᠢ ᠡᠰᠡᠷᠭᠦᠴᠡᠬᠦ ᠵᠠᠰᠠᠯ ᠵᠡᠷᠭᠡ ᠡᠭᠦᠳᠡᠨ ᠡᠮᠨᠡᠯᠭᠡ ᠶᠢᠨ 5 | ᠵᠦᠢᠯ ᠤᠨ ᠤᠳᠠᠭᠠᠨ ᠡᠪᠡᠳᠴᠢᠨ ᠣᠨᠴᠠᠭᠠᠢ ᠡᠪᠡᠳᠴᠢᠨ ᠤ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ | ᠪᠤᠳᠤᠬᠤ ᠲᠤᠷᠰᠢᠯᠲᠠ ᠶᠢ ᠡᠮᠬᠢ ᠵᠢᠷᠤᠮ ᠲᠠᠢ ᠥᠷᠨᠢᠭᠦᠯᠵᠦ᠂ ᠢᠷᠡᠬᠦ ᠵᠢᠯ ᠤᠨ ᠡᠴᠦᠰ ᠠᠴᠠ ᠡᠮᠦᠨ᠎ᠡ ᠪᠣᠶ ᠪᠥᠬᠦᠶ | ᠨᠢᠭᠡᠳᠦᠯᠲᠡᠶ ᠲᠥᠯᠥᠪᠯᠡᠬᠦ ᠭᠠᠵᠠᠷ ᠣᠷᠣᠨ ᠢ ᠬᠠᠮᠤᠷᠤᠭᠤᠯᠬᠤ ᠬᠡᠷᠡᠭᠲᠡᠢ᠃ ᠳᠥᠷᠪᠡ ᠳᠤ᠂ ᠪᠥᠬᠦ ᠤᠯᠤᠰ ᠤᠨ | ᠡᠮᠴᠢᠯᠡᠭᠡᠨ ᠤ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠦ᠂ ᠮᠤᠵᠢ | ᠠᠯᠤᠰᠯᠠᠨ ᠰᠢᠭᠤᠳ ᠳ᠋ᠦᠩᠨᠡᠨ ᠪᠤᠳᠤᠬᠤ ᠲᠦᠷᠢᠮ ᠪᠠ ᠴᠤᠪᠤᠷᠠᠯ ᠢ ᠨᠢᠭᠡᠳᠦᠯᠲᠡᠶ ᠪᠣᠯᠭᠠᠵᠤ᠂ ᠰᠠᠯᠠᠭ᠎ᠠ ᠮᠥᠴᠢᠷ ᠤᠨ | ᠬᠤᠭᠤᠷᠣᠨᠳᠣᠬᠢ ᠲᠤᠭ᠎ᠠ ᠪᠠᠷᠢᠮᠲᠠ ᠶᠢ ᠬᠠᠮᠲᠤ ᠳᠤ ᠪᠠᠨ ᠬᠦᠷᠲᠡᠬᠦ ᠪᠠ ᠣᠷᠣᠨ ᠪᠦᠰᠡ ᠠᠯᠤᠰᠯᠠᠭᠰᠠᠨ | ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠴᠢᠩᠭᠠᠳᠬᠠᠵᠤ᠂ ᠡᠮᠴᠢᠯᠡᠭᠡᠨ ᠤ ᠳᠠᠭᠠᠳᠬᠠᠯ ᠤᠨ ᠲᠠᠩᠰᠠ | ᠲᠠᠶᠢᠯᠬᠤ ᠶᠢ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠴᠥᠮ ᠮᠤᠵᠢ ᠠᠯᠤᠰᠯᠠᠨ ᠨᠡᠶᠢᠳᠡᠮ | ᠭᠦᠢᠴᠡᠳᠬᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠬᠦ ᠬᠡᠷᠡᠭᠲᠡᠢ᠃ ᠲᠠᠪᠤ ᠳᠤ᠂ ᠪᠠᠶᠢᠩᠭᠤᠵᠢᠭᠰᠠᠨ ᠬᠢᠨᠠᠨ | ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠬᠤᠳᠠᠯ ᠬᠠᠭᠤᠷᠮᠠᠭ ᠢᠶᠠᠷ ᠳᠠᠭᠠᠳᠬᠠᠯ ᠮᠡᠬᠡᠯᠡᠬᠦ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠷᠠᠳ ᠤᠯᠠᠨ ᠤ ︽ᠠᠮᠢ ᠠᠪᠤᠷᠠᠬᠤ ᠵᠣᠭᠤᠰ︾ ᠪᠣᠯᠬᠤ | ᠡᠮᠴᠢᠯᠡᠭᠡᠨ ᠤ ᠳᠠᠭᠠᠳᠬᠠᠯ ᠤᠨ ᠪᠡᠯᠡ ᠮᠥᠩᠭᠦ ᠶᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ | |